ᠵᠤᠤ ᠯᠧ ᠵᠢᠢ ᠸᠠᠩ ᠬᠤ᠌ ᠨᠢᠩ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠵᠤ ᠼᠠᠢ ᠴᠢ ᠬᠤᠷᠠᠯ᠎ᠢ ᠡᠷᠬᠢᠯᠡᠵᠡᠢ
ᠰᠢᠨᠬᠤᠸᠠ ᠬᠤᠷᠢᠶ᠎ᠠ ᠵᠢᠨ ᠪᠡᠭᠡᠵᠢᠩ᠎ᠤᠨ 1 ᠰᠠᠷ᠎ᠠ ᠵᠢᠨ 16᠎ᠤ ᠴᠠᠬᠢᠯᠭ᠋ᠠᠨ ᠮᠡᠳᠡᠭᠡ ᠮᠤᠵᠢ ᠶᠠᠮᠤᠨ᠎ᠤ ᠲᠠᠰ᠎ᠤᠨ ᠭᠤᠣᠯ ᠤᠳᠤᠷᠢᠳᠬᠤ ᠺᠠᠳ᠋ᠷᠴᠤᠳ᠎ᠤᠨ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ 16᠎ᠤ ᠡᠳᠦᠷ᠎ᠤᠨ ᠦᠳᠡ ᠵᠢᠨ ᠡᠮᠦᠨ᠎ᠡ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠎ᠳᠤ ᠰᠤᠷᠤᠯᠭ᠎ᠠ ᠡᠬᠢᠯᠡᠪᠡ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢᠨ ᠵᠠᠮ᠎ᠨᠢ ᠣᠳᠣ ᠦᠶ᠎ᠡ ᠵᠢᠨ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢᠨ ᠪᠤᠰᠤᠳᠴᠢ ᠵᠢᠮ᠎ᠡ ᠶᠣᠰᠣ ᠵᠢ ᠵᠢᠷᠤᠮᠯᠠᠳᠠᠭ ᠪᠥᠭᠡᠳ ᠨᠡᠩ ᠴᠦ᠍ ᠮᠠᠨ᠎ᠤ ᠤᠯᠤᠰ᠎ᠤᠨ ᠪᠠᠶ᠋ᠢᠳᠠᠯ᠎ᠳᠤ ᠲᠣᠬᠢᠷᠠᠭᠰᠠᠨ ᠢᠯᠡ ᠲᠣᠳᠣ ᠣᠨᠴᠠᠯᠢᠭ᠎ᠲᠠᠢ ᠪᠠᠶ᠋ᠢᠵᠤ᠂ ᠥᠷᠥᠨᠡᠳᠠᠬᠢᠨ᠎ᠤ ᠮᠥᠩᠭᠦᠨ ᠭᠦᠢ᠍ᠯᠭᠡᠭᠡᠨ᠎ᠤ ᠵᠠᠭᠪᠤᠷ᠎ᠲᠠᠢ ᠮᠥᠨ ᠴᠢᠨᠠᠷ᠎ᠤᠨ ᠢᠯᠭ᠋ᠠᠭ᠎ᠠ᠎ᠲᠠᠢ ᠪᠠᠶ᠋ᠢᠳᠠᠭ᠃ ᠪᠢᠳᠡ ᠢᠲᠡᠭᠡᠯ ᠵᠣᠷᠢᠭ ᠵᠶ᠋ᠠᠨ ᠪᠠᠲᠤᠳᠬᠠᠵᠤ᠂ ᠦᠢ᠍ᠯᠡᠳᠦᠯᠭᠡ ᠵᠢᠨ ᠳᠤᠮᠳᠠ ᠦᠷᠭᠦᠯᠵᠢᠯᠡᠨ ᠰᠦᠪᠡᠭᠴᠢᠯᠡᠨ ᠲᠡᠭᠦᠯᠳᠡᠷᠵᠢᠭᠦᠯᠵᠦ᠂ ᠡᠨᠡ ᠬᠦ᠌ ᠵᠠᠮ᠎ᠢ ᠶᠠᠪᠤᠬᠤ ᠲᠤᠳᠤᠮ ᠥᠷᠭᠡᠨ ᠳᠠᠷᠳᠠᠩ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ ᠵᠣᠣ ᠯᠧ ᠵᠢᠢ᠂ ᠸᠠᠩ ᠬᠤ᠌ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ᠎ᠤᠨ ᠳᠡᠳ᠋ ᠲᠡᠷᠢᠭᠦᠯᠡᠭᠴᠢ ᠬᠠᠨ ᠵᠧᠩ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶᠠᠨ ᠤ ᠪᠠᠶ᠋ᠢᠩᠭᠤ ᠵᠢᠨ ᠭᠡᠰᠢᠭᠦᠨ ᠼᠠᠢ ᠴᠢ ᠰᠤᠷᠤᠯᠭ᠎ᠠ ᠡᠬᠢᠯᠡᠬᠦ ᠶᠣᠰᠣᠯᠠᠯ᠎ᠢ ᠡᠷᠭᠢᠯᠡᠪᠡ᠃

1 ᠰᠠᠷ᠎ᠠ ᠵᠢᠨ 16᠎ᠤ ᠡᠳᠦᠷ᠂ ᠮᠤᠵᠢ ᠶᠠᠮᠤᠨ᠎ᠤ ᠲᠠᠰ᠎ᠤᠨ ᠭᠤᠣᠯ ᠤᠳᠤᠷᠢᠳᠬᠤ ᠺᠠᠳ᠋ᠷᠴᠤᠳ᠎ᠤᠨ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠎ᠳᠤ ᠰᠤᠷᠤᠯᠭ᠎ᠠ ᠡᠬᠢᠯᠡᠪᠡ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ
ᠰᠢ ᠵᠢᠨ ᠫᠢᠩ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ ᠪᠢᠳᠡ ᠰᠢᠨ᠎ᠡ ᠴᠠᠭ ᠦᠶ᠎ᠡ ᠵᠢᠨ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢᠨ ᠵᠢᠮ᠎ᠡ ᠶᠣᠰᠣ ᠵᠢ ᠢᠳᠡᠪᠬᠢᠲᠡᠢ ᠬᠠᠶ᠋ᠢᠨ ᠰᠦᠪᠡᠭᠴᠢᠯᠡᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠮᠥᠩᠭᠦᠨ ᠭᠦᠢ᠍ᠯᠭᠡᠭᠡᠨ᠎ᠤ ᠮᠥᠨ ᠴᠢᠨᠠᠷ᠎ᠤᠨ ᠲᠤᠬᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠮᠥᠩᠭᠦᠨ ᠭᠦᠢ᠍ᠯᠭᠡᠭᠡᠨ᠎ᠤ ᠦᠢ᠍ᠯᠡᠳᠦᠯᠭᠡ ᠵᠢᠨ ᠰᠢᠨ᠎ᠡ ᠡᠭᠦᠳᠦᠯᠲᠡ᠂ ᠣᠨᠣᠯ᠎ᠤᠨ ᠰᠢᠨ᠎ᠡ ᠡᠭᠦᠳᠦᠯᠲᠡ᠂ ᠳᠦᠷᠢᠮ᠎ᠤᠨ ᠰᠢᠨ᠎ᠡ ᠡᠭᠦᠳᠦᠯᠲᠡ ᠵᠢ ᠲᠠᠰᠤᠷᠠᠯᠲᠠ ᠦᠭᠡᠢ ᠠᠬᠢᠭᠤᠯᠵᠤ᠂ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢᠨ ᠵᠠᠮ ᠵᠶ᠋ᠠᠷ ᠠᠯᠭᠤᠷ ᠵᠠᠮᠨᠠᠪᠠ᠂ ᠡᠨᠡ᠎ᠨᠢ ᠳᠠᠷᠤᠢ᠄ ᠮᠥᠩᠭᠦᠨ ᠭᠦᠢ᠍ᠯᠭᠡᠭᠡᠨ᠎ᠤ ᠠᠵᠢᠯ᠎ᠳᠠᠬᠢ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠵᠤ᠂ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠥᠷᠲᠡᠭ᠎ᠤᠨ ᠬᠠᠨᠳᠤᠯᠭ᠎ᠠ ᠵᠢ ᠪᠠᠷᠢᠮᠲᠠᠯᠠᠵᠤ᠂ ᠮᠥᠩᠭᠦᠨ ᠭᠦᠢ᠍ᠯᠭᠡᠭᠡᠨ᠎ᠤ ᠪᠣᠳᠠᠲᠤ ᠴᠣᠭᠴᠠ ᠵᠢᠨ ᠠᠵᠤ ᠠᠬᠤᠢ ᠳᠤ ᠦᠢ᠍ᠯᠡᠴᠢᠯᠡᠬᠦ᠎ᠪᠠᠷ ᠦᠨᠳᠦᠰᠦᠨ ᠵᠣᠷᠢᠯᠲᠠ᠎ᠪᠠᠨ ᠪᠣᠯᠭ᠋ᠠᠬᠤ ᠵᠢ ᠪᠠᠷᠢᠮᠲᠠᠯᠠᠵᠤ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ᠎ᠪᠠᠷ ᠮᠥᠩᠭᠦᠨ ᠭᠦᠢ᠍ᠯᠭᠡᠭᠡᠨ᠎ᠤ ᠠᠵᠢᠯ᠎ᠤᠨ ᠮᠥᠩᠬᠡ ᠵᠢᠨ ᠭᠤᠣᠯ ᠰᠡᠳᠦᠪ ᠪᠣᠯᠭ᠋ᠠᠬᠤ ᠵᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠯᠲᠡ ᠬᠠᠤᠯᠢᠵᠢᠯᠲᠠ ᠵᠢᠨ ᠵᠠᠮ ᠵᠶ᠋ᠠᠷ ᠮᠥᠩᠭᠦᠨ ᠭᠦᠢ᠍ᠯᠭᠡᠭᠡᠨ᠎ᠤ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠬᠤ ᠵᠢ ᠪᠠᠷᠢᠮᠲᠠᠯᠠᠵᠤ᠂ ᠮᠥᠩᠭᠦᠨ ᠭᠦᠢ᠍ᠯᠭᠡᠭᠡᠨ᠎ᠤ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢ ᠪᠠᠷᠢᠮᠲᠠᠯᠠᠵᠤ᠂ ᠮᠥᠩᠭᠦᠨ ᠭᠦᠢ᠍ᠯᠭᠡᠭᠡᠨ᠎ᠤ ᠨᠡᠭᠡᠭᠡᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ ᠵᠢ ᠪᠠᠷᠢᠮᠲᠠᠯᠠᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠨ᠎ᠠ᠃ ᠡᠨᠡ ᠬᠡᠳᠦᠨ ᠵᠤᠷᠪᠤᠰ᠎ᠨᠢ ᠰᠢᠨ᠎ᠡ ᠴᠠᠭ ᠦᠶ᠎ᠡ ᠰᠢᠨ᠎ᠡ ᠠᠶᠠᠨ᠎ᠳᠤ ᠮᠥᠩᠭᠦᠨ ᠭᠦᠢ᠍ᠯᠭᠡᠭᠡᠨ᠎ᠤ ᠠᠵᠢᠯ᠎ᠢ ᠬᠡᠷᠬᠢᠨ ᠦᠵᠡᠬᠦ᠂ ᠬᠡᠷᠬᠢᠨ ᠬᠢᠬᠦ ᠵᠢ ᠲᠣᠳᠣᠷᠬᠠᠶ᠋ᠢᠯᠠᠵᠤ᠂ ᠡᠨᠡ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢᠨ ᠵᠠᠮ᠎ᠤᠨ ᠦᠨᠳᠦᠰᠦᠨ ᠵᠣᠭᠰᠣᠯᠲᠠ᠂ ᠦᠵᠡᠯᠲᠡ᠂ ᠠᠷᠭ᠎ᠠ ᠵᠢ ᠢᠯᠡᠷᠡᠭᠦᠯᠦᠭᠰᠡᠨ ᠣᠷᠭ᠋ᠠᠨᠢᠭ ᠪᠦᠬᠦᠯᠢ ᠴᠣᠭᠴᠠ ᠪᠣᠯᠣᠨ᠎ᠠ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠮᠥᠩᠭᠦᠨ ᠭᠦᠢ᠍ᠯᠭᠡᠭᠡᠨ᠎ᠤ ᠬᠦᠴᠦᠷᠬᠡᠭ ᠤᠯᠤᠰ᠎ᠨᠢ ᠬᠦᠴᠦᠷᠬᠡᠭ ᠶᠡᠭᠡ ᠠᠵᠤ ᠠᠬᠤᠢ ᠵᠢᠨ ᠰᠠᠭᠤᠷᠢ᠎ᠳᠤ ᠰᠠᠭᠤᠷᠢᠯᠠᠵᠤ᠂ ᠳᠡᠯᠡᠬᠡᠢ ᠵᠢᠨ ᠲᠡᠷᠢᠭᠦᠨ᠎ᠤ ᠠᠵᠤ ᠠᠬᠤᠢ ᠵᠢᠨ ᠪᠣᠳᠠᠲᠤ ᠬᠦᠴᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠳᠠᠲᠤ ᠬᠦᠴᠦᠨ ᠪᠠ ᠶᠡᠷᠦᠩᠬᠡᠶ᠋ᠢᠯᠡᠭᠰᠡᠨ ᠤᠯᠤᠰ᠎ᠤᠨ ᠬᠦᠴᠦᠨ᠎ᠲᠠᠢ ᠪᠠᠶ᠋ᠢᠬᠤ ᠪᠥᠭᠡᠳ ᠠᠯᠢ ᠣᠯᠠᠨ ᠵᠠᠩᠭᠢᠯᠠᠭ᠎ᠠ ᠵᠢᠨ ᠭᠤᠣᠯ ᠪᠣᠯᠬᠤ ᠮᠥᠩᠭᠦᠨ ᠭᠦᠢ᠍ᠯᠭᠡᠭᠡᠨ᠎ᠤ ᠬᠦᠴᠦᠨ ᠵᠦᠢ᠍ᠯ᠎ᠢ ᠪᠦᠷᠢᠯᠳᠦᠭᠦᠯᠬᠦ ᠬᠡᠷᠡᠭᠲᠡᠢ᠂ ᠲᠤᠬᠠᠶ᠋ᠢᠯᠠᠪᠠᠯ᠄ ᠬᠦᠴᠦᠷᠬᠡᠭ ᠶᠡᠭᠡ ᠵᠣᠭᠤᠰ᠂ ᠬᠦᠴᠦᠷᠬᠡᠭ ᠶᠡᠭᠡ ᠲᠥᠪ ᠪᠠᠩᠬᠢ᠂ ᠬᠦᠴᠦᠷᠬᠡᠭ ᠶᠡᠭᠡ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠬᠦᠴᠦᠷᠬᠡᠭ ᠶᠡᠭᠡ ᠤᠯᠠᠨ ᠤᠯᠤᠰ᠎ᠤᠨ ᠮᠥᠩᠭᠦᠨ ᠭᠦᠢ᠍ᠯᠭᠡᠭᠡᠨ᠎ᠤ ᠲᠥᠪ᠂ ᠬᠦᠴᠦᠷᠬᠡᠭ ᠶᠡᠭᠡ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ᠂ ᠬᠦᠴᠦᠷᠬᠡᠭ ᠶᠡᠭᠡ ᠮᠥᠩᠭᠦᠨ ᠭᠦᠢ᠍ᠯᠭᠡᠭᠡᠨ᠎ᠤ ᠴᠢᠳᠠᠪᠤᠷᠢᠲᠠᠨ᠎ᠤ ᠡᠩᠨᠡᠭᠡ ᠪᠣᠯᠣᠨ᠎ᠠ᠃ ᠮᠥᠩᠭᠦᠨ ᠭᠦᠢ᠍ᠯᠭᠡᠭᠡᠨ᠎ᠤ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠤᠷᠳᠤ ᠬᠤᠭᠤᠴᠠᠭ᠎ᠠ᠎ᠪᠠᠷ ᠴᠢᠷᠮᠠᠶ᠋ᠢᠵᠤ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠯ ᠴᠢᠷᠮᠠᠶ᠋ᠢᠯᠭ᠎ᠠ ᠭᠠᠷᠭ᠋ᠠᠬᠤ ᠬᠡᠷᠡᠭᠲᠡᠢ᠃ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠎ᠲᠠᠢ ᠤᠳᠤ ᠦᠶ᠎ᠡ ᠵᠢᠨ ᠮᠥᠩᠭᠦᠨ ᠭᠦᠢ᠍ᠯᠭᠡᠭᠡᠨ᠎ᠤ ᠰᠢᠰᠲ᠋ᠧᠮ ᠢ ᠲᠦᠷᠭᠡᠪᠴᠢᠯᠡᠨ ᠪᠠᠶ᠋ᠢᠭᠤᠯᠵᠤ᠂ ᠰᠢᠨᠵᠢᠯᠡᠬᠦ ᠤᠬᠠᠭ᠋ᠠᠨᠴᠢ ᠪᠥᠭᠡᠳ ᠯᠠᠪᠳᠠᠭᠤᠨ ᠲᠣᠭᠲᠠᠭᠤᠨ ᠮᠥᠩᠭᠦᠨ ᠭᠦᠢ᠍ᠯᠭᠡᠭᠡᠨ᠎ᠤ ᠡᠵᠡᠮᠳᠡᠯ ᠲᠣᠬᠢᠷᠠᠭᠤᠯᠭ᠎ᠠ ᠵᠢᠨ ᠰᠢᠰᠲ᠋ᠧᠮ᠂ ᠪᠦᠲᠦᠴᠡ᠎ᠨᠢ ᠵᠦᠢ ᠵᠣᠬᠢᠰᠲᠠᠢ ᠮᠥᠩᠭᠦᠨ ᠭᠦᠢ᠍ᠯᠭᠡᠭᠡᠨ᠎ᠤ ᠵᠠᠬ᠎ᠠ ᠳᠡᠯᠭᠡᠭᠦᠷ᠎ᠤᠨ ᠰᠢᠰᠲ᠋ᠧᠮ᠂ ᠠᠵᠢᠯ ᠬᠤᠪᠢᠶᠠᠷᠢᠯᠠᠨ ᠬᠠᠮᠵᠢᠯᠴᠠᠭᠰᠠᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠰᠢᠰᠲ᠋ᠧᠮ᠂ ᠪᠦᠷᠢᠨ ᠲᠡᠭᠦᠯᠳᠡᠷ ᠪᠦᠲᠦᠮᠵᠢᠲᠡᠶ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠂ ᠤᠯᠠᠨ ᠶᠠᠩᠵᠤᠲᠤ ᠲᠤᠰᠬᠠᠢ ᠮᠡᠷᠭᠡᠵᠢᠯ᠎ᠤᠨ ᠴᠢᠨᠠᠷᠲᠠᠢ ᠮᠥᠩᠭᠦᠨ ᠭᠦᠢ᠍ᠯᠭᠡᠭᠡᠨ᠎ᠤ ᠦᠢ᠍ᠯᠡᠳᠬᠦᠨ ᠪᠠ ᠦᠢ᠍ᠯᠡᠴᠢᠯᠡᠭᠡᠨ᠎ᠤ ᠰᠢᠰᠲ᠋ᠧᠮ᠂ ᠪᠡᠶ᠎ᠡ᠎ᠪᠠᠨ ᠳᠠᠭ᠋ᠠᠭ᠋ᠠᠵᠤ ᠡᠵᠡᠮᠳᠡᠵᠦ ᠪᠣᠯᠬᠤ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠮᠥᠩᠭᠦᠨ ᠭᠦᠢ᠍ᠯᠭᠡᠭᠡᠨ᠎ᠤ ᠰᠠᠭᠤᠷᠢ ᠲᠥᠬᠦᠭᠡᠷᠦᠮᠵᠢ ᠵᠢᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠢᠯᠠᠩᠭᠤᠶ᠎ᠠ ᠰᠢᠰᠲ᠋ᠧᠮ᠎ᠤᠨ ᠴᠢᠨᠠᠷᠲᠠᠢ ᠠᠶᠤᠯ ᠲᠦᠭᠰᠢᠭᠦᠷᠢ ᠵᠢ ᠬᠦᠴᠦᠯᠡᠨ ᠰᠡᠷᠭᠡᠶ᠋ᠢᠯᠡᠨ ᠠᠷᠢᠯᠭ᠋ᠠᠬᠤ ᠬᠡᠷᠡᠭᠲᠡᠢ᠃ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ 《ᠥᠷᠭᠡᠰᠦ ᠰᠢᠪᠦᠭᠡ᠎ᠲᠠᠢ》᠂ ᠥᠨᠴᠥᠭ ᠪᠤᠯᠤᠩ᠎ᠲᠠᠢ ᠪᠠᠶ᠋ᠢᠬᠤ ᠵᠢᠨ ᠵᠠᠩᠭᠢᠯᠠᠭ᠎ᠠ᠎ᠨᠢ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠣᠨ ᠠᠵᠢᠯ ᠲᠦᠷᠦᠯ᠎ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨ ᠬᠠᠷᠢᠭᠤᠴᠠᠯᠭ᠎ᠠ᠎ᠪᠠᠨ ᠲᠣᠳᠣᠷᠬᠠᠶ᠋ᠢᠯᠠᠵᠤ᠂ ᠬᠠᠮᠵᠢᠯᠴᠠᠭ᠎ᠠ᠎ᠪᠠᠨ ᠴᠢᠩᠭ᠋ᠠᠳᠬᠠᠬᠤ᠎ᠳᠤ ᠪᠠᠶ᠋ᠢᠨ᠎ᠠ᠃ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ᠂ ᠬᠢᠨᠠᠭᠤᠷ ᠪᠣᠯᠭᠤᠮᠵᠢᠲᠠᠢ᠎ᠪᠠᠷ ᠬᠢᠨᠠᠨ ᠬᠠᠮᠢᠶᠠᠷᠬᠤ᠂ ᠦᠢ᠍ᠯᠡ ᠠᠵᠢᠯᠯᠠᠭ᠎ᠠ ᠵᠢ ᠬᠢᠨᠠᠨ ᠬᠠᠮᠢᠶᠠᠷᠬᠤ ᠵᠡᠷᠭᠡ ᠡᠯ᠎ᠡ ᠭᠤᠭᠴᠤᠭ᠎ᠠ᠎ᠳᠤ ᠴᠥᠮ ᠬᠠᠤᠯᠢ ᠵᠢ ᠴᠢᠩᠭ᠎ᠠ ᠬᠡᠷᠡᠭᠵᠢᠭᠦᠯᠵᠦ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢ ᠬᠥᠨᠳᠡᠯᠡᠨ᠎ᠠᠴᠠ ᠬᠥᠪᠡᠭᠡ ᠬᠢᠵᠠᠭ᠋ᠠᠷ ᠬᠦᠷᠲᠡᠯ᠎ᠡ᠂ ᠭᠤᠯᠳᠤ᠎ᠠᠴᠠ ᠡᠴᠦᠰ᠎ᠲᠤᠨᠢ ᠲᠤᠯᠲᠠᠯ᠎ᠠ ᠬᠢᠬᠦ ᠵᠢ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ᠎ᠤᠨ᠎ᠬᠢᠨ ᠨᠢᠭᠡ ᠣᠷᠣᠨ ᠪᠦᠰᠡ᠎ᠳᠤ ᠰᠠᠭᠤᠷᠢᠯᠠᠨ ᠪᠦᠬᠦ ᠲᠠᠯ᠎ᠠ ᠵᠢ ᠪᠣᠳᠣᠯᠬᠢᠯᠠᠵᠤ᠂ ᠬᠠᠷᠢᠶ᠎ᠠ ᠣᠷᠣᠨ᠎ᠤ ᠠᠶᠤᠯ ᠲᠦᠭᠰᠢᠭᠦᠷᠢ ᠵᠢ ᠰᠢᠢ᠍ᠳᠪᠦᠷᠢᠯᠡᠬᠦ ᠪᠠ ᠲᠣᠭᠲᠠᠭᠤᠨ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠢ᠃ ᠲᠦᠭᠰᠢᠭᠦᠷᠢ ᠵᠢ ᠰᠢᠢ᠍ᠳᠪᠦᠷᠢᠯᠡᠬᠦ ᠶᠠᠪᠤᠴᠠ᠎ᠳᠤ ᠢᠯᠵᠠᠷᠠᠯ᠎ᠢ ᠡᠷᠡᠰ ᠵᠠᠯᠬᠠᠭ᠋ᠠᠨ ᠰᠢᠢ᠍ᠳᠭᠡᠵᠦ᠂ ᠶᠣᠰᠣ ᠮᠣᠷᠠᠯ᠎ᠤᠨ ᠲᠦᠭᠰᠢᠭᠦᠷᠢ ᠵᠢ ᠴᠢᠩᠭ᠎ᠠ ᠰᠡᠷᠭᠡᠶ᠋ᠢᠯᠡᠬᠦ ᠬᠡᠷᠡᠭᠲᠡᠢ᠃ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠪᠣᠯ ᠰᠢᠰᠲ᠋ᠧᠮᠲᠦ ᠢᠨᠵᠧᠨᠧᠷᠢᠩ ᠮᠥᠨ᠂ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠪᠠ ᠬᠤᠷᠸ᠎ᠠ ᠡᠵᠡᠮᠳᠡᠯ ᠲᠣᠬᠢᠷᠠᠭᠤᠯᠭ᠎ᠠ ᠵᠢᠨ ᠰᠠᠯᠠᠭ᠎ᠠ ᠮᠥᠴᠢᠷ᠂ ᠠᠵᠢᠯ ᠲᠦᠷᠦᠯ᠎ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠡᠷᠭᠡ᠎ᠳᠤ ᠴᠥᠮ ᠬᠠᠷᠠᠭ᠋ᠠᠯᠵᠠᠭᠰᠠᠨ ᠡᠭᠦᠷᠭᠡ ᠬᠠᠷᠢᠭᠤᠴᠠᠯᠭ᠎ᠠ᠎ᠲᠠᠢ᠂ ᠬᠢᠨᠠᠯᠲᠠ ᠬᠠᠮᠢᠶᠠᠷᠤᠯᠲᠠ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠡᠷᠬᠡ ᠬᠠᠷᠢᠭᠤᠴᠠᠯᠭ᠎ᠠ ᠨᠢᠭᠡᠳᠦᠯᠲᠡᠢ ᠪᠠᠶ᠋ᠢᠬᠤ ᠲᠦᠭᠰᠢᠭᠦᠷᠢ ᠵᠢ ᠰᠢᠢ᠍ᠳᠪᠦᠷᠢᠯᠡᠬᠦ ᠬᠠᠷᠢᠭᠤᠴᠠᠯᠭ᠎ᠠ ᠵᠢᠨ ᠲᠣᠭᠲᠠᠴᠠ ᠵᠢ ᠪᠦᠷᠢᠨᠰᠢᠭᠦᠯᠬᠦ ᠬᠡᠷᠡᠭᠲᠡᠢ᠃ ᠮᠥᠩᠭᠦᠨ ᠭᠦᠢ᠍ᠯᠭᠡᠭᠡᠨ᠎ᠤ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠭᠠᠳᠠᠭᠰᠢ ᠨᠡᠭᠡᠭᠡᠯᠲᠡ ᠵᠢ ᠥᠷᠭᠡᠳᠬᠡᠬᠦ᠎ᠪᠠᠷ ᠳᠠᠮᠵᠢᠨ᠂ ᠮᠠᠨ᠎ᠤ ᠤᠯᠤᠰ᠎ᠤᠨ ᠮᠥᠩᠭᠦᠨ ᠭᠦᠢ᠍ᠯᠭᠡᠭᠡᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠦᠷ᠎ᠡ ᠪᠦᠲᠦᠮᠵᠢ ᠪᠣᠯᠣᠨ ᠴᠢᠳᠠᠪᠤᠷᠢ ᠵᠢ ᠳᠡᠭᠡᠭᠰᠢᠯᠡᠭᠦᠯᠵᠦ᠂ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠪᠣᠯᠣᠨ ᠳᠦᠷᠢᠮ᠎ᠤᠨ ᠨᠥᠯᠥᠭᠡᠯᠡᠬᠦ ᠬᠦᠴᠦᠨ᠎ᠢ ᠴᠢᠩᠭ᠋ᠠᠳᠬᠠᠵᠤ᠂ ᠠᠶ᠋ᠢᠵᠠᠮ ᠪᠠ ᠡᠷᠴᠢᠮ᠎ᠢ ᠯᠠᠪᠳᠠᠭᠤᠨ ᠪᠣᠯᠭᠤᠮᠵᠢᠲᠠᠢ ᠡᠵᠡᠮᠳᠡᠬᠦ ᠬᠡᠷᠡᠭᠲᠡᠢ᠃ ᠳᠦᠷᠢᠮ᠎ᠤᠨ ᠬᠡᠯᠪᠡᠷᠢ ᠵᠢᠨ ᠨᠡᠭᠡᠭᠡᠯᠲᠡ᠎ᠪᠠᠷ ᠭᠤᠣᠯᠳᠠᠯᠭ᠎ᠠ ᠪᠣᠯᠭ᠋ᠠᠨ ᠮᠥᠩᠭᠦᠨ ᠭᠦᠢ᠍ᠯᠭᠡᠭᠡᠨ᠎ᠤ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠵᠤ᠂ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ᠎ᠠᠴᠠ ᠡᠮᠦᠨᠡᠬᠢ ᠤᠯᠤᠰ ᠠᠷᠠᠳ᠎ᠤᠨ ᠬᠠᠷᠠᠭ᠋ᠠᠯᠵᠠᠯ ᠪᠣᠯᠣᠨ ᠨᠠᠵᠠᠭ᠋ᠠᠢ ᠲᠠᠯ᠎ᠠ ᠵᠢᠨ ᠨᠠᠷᠢᠨ ᠳᠠᠩᠰᠠ ᠵᠢᠨ ᠬᠠᠮᠢᠶᠠᠷᠤᠯᠲᠠ ᠵᠢᠨ ᠳᠦᠷᠢᠮ᠎ᠢ ᠨᠠᠶ᠋ᠢᠳᠠᠪᠤᠷᠢᠵᠢᠭᠤᠯᠵᠤ᠂ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠵᠥᠪᠯᠡᠯᠴᠡᠭᠡᠷᠲᠠᠬᠢ ᠮᠥᠩᠭᠦᠨ ᠭᠦᠢ᠍ᠯᠭᠡᠭᠡᠨ᠎ᠤ ᠬᠦᠷᠢᠶᠡᠨ᠎ᠤ ᠬᠤᠯᠪᠣᠭᠳᠠᠯ ᠪᠦᠬᠦᠢ ᠳᠦᠷᠢᠮ᠎ᠢ ᠪᠠᠷᠢᠮᠵᠢᠶᠠᠯᠠᠨ᠂ ᠬᠢᠵᠠᠭ᠋ᠠᠷᠯᠠᠬᠤ ᠴᠢᠨᠠᠷᠲᠠᠢ ᠠᠷᠭ᠎ᠠ ᠬᠡᠮᠵᠢᠶ᠎ᠡ ᠵᠢ ᠴᠣᠮᠬᠠᠳᠬᠠᠵᠤ᠂ ᠨᠡᠭᠡᠭᠡᠯᠲᠡᠲᠦ ᠲᠦᠷᠦ ᠵᠢᠨ ᠪᠣᠳᠣᠯᠭ᠎ᠠ ᠵᠢᠨ ᠢᠯᠡᠴᠡ ᠵᠢᠨ ᠬᠡᠮᠵᠢᠶ᠎ᠡ᠂ ᠲᠣᠭᠲᠠᠪᠤᠷᠢᠲᠤ ᠴᠢᠨᠠᠷ ᠪᠠ ᠵᠢᠱ᠌ᠢᠵᠦ ᠪᠣᠯᠬᠤᠶ᠋ᠢᠴᠠ ᠴᠢᠨᠠᠷ᠎ᠢ ᠴᠢᠩᠭ᠋ᠠᠳᠬᠠᠵᠤ᠂ ᠬᠢᠯᠢ ᠵᠢᠨ ᠭᠠᠳᠠᠨ᠎ᠠ ᠪᠡᠯᠡ ᠣᠷᠣᠭᠤᠯᠵᠤ ᠪᠡᠯᠡ ᠬᠤᠷᠠᠯᠳᠤᠭᠤᠯᠬᠤ ᠠᠵᠢᠯᠯᠠᠭ᠎ᠠ ᠵᠢ ᠵᠢᠷᠤᠮᠵᠢᠭᠤᠯᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠮᠥᠩᠭᠦᠨ ᠭᠦᠢ᠍ᠯᠭᠡᠭᠡᠨ᠎ᠤ ᠳᠡᠮᠵᠢᠯᠭᠡ ᠦᠵᠡᠭᠦᠯᠬᠦ ᠵᠢ ᠲᠡᠭᠦᠯᠳᠡᠷᠵᠢᠭᠦᠯᠬᠦ ᠬᠡᠷᠡᠭᠲᠡᠢ᠃ ᠬᠢᠯᠢ ᠵᠢᠨ ᠳᠣᠲᠣᠨ᠎ᠠ ᠭᠠᠳᠠᠨᠠᠬᠢ ᠮᠥᠩᠭᠦᠨ ᠭᠦᠢ᠍ᠯᠭᠡᠭᠡᠨ᠎ᠤ ᠵᠠᠬ᠎ᠠ ᠳᠡᠯᠭᠡᠭᠦᠷ᠎ᠤᠨ ᠬᠤᠯᠪᠣᠯᠳᠤᠨ ᠨᠡᠪᠲᠡᠷᠡᠯᠴᠡᠬᠦ ᠵᠢ ᠴᠢᠩᠭ᠋ᠠᠳᠬᠠᠵᠤ᠂ ᠬᠢᠯᠢ ᠠᠯᠤᠰᠯᠠᠭᠰᠠᠨ ᠪᠡᠯᠡ ᠣᠷᠣᠭᠤᠯᠵᠤ ᠪᠡᠯᠡ ᠬᠤᠷᠠᠯᠳᠤᠭᠤᠯᠬᠤ ᠳᠥᠭᠦᠮᠴᠢᠯᠡᠯᠲᠡ ᠵᠢᠨ ᠲᠦᠪᠰᠢᠨ᠎ᠢ ᠳᠡᠭᠡᠭᠰᠢᠯᠡᠭᠦᠯᠵᠦ᠂ ᠤᠯᠠᠨ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠥᠭᠡᠷᠡᠴᠢᠯᠡᠯᠲᠡ᠎ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠨᠡᠭᠡᠭᠡᠯᠲᠡ ᠬᠢᠬᠦ ᠨᠥᠬᠦᠴᠡᠯ ᠳᠣᠣᠷᠠᠬᠢ ᠮᠥᠩᠭᠦᠨ ᠭᠦᠢ᠍ᠯᠭᠡᠭᠡᠨ᠎ᠤ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠮᠥᠩᠭᠦᠨ ᠭᠦᠢ᠍ᠯᠭᠡᠭᠡᠨ᠎ᠤ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ᠂ ᠬᠠᠤᠯᠢᠵᠢᠯ ᠪᠣᠯᠣᠨ ᠶᠣᠰᠣ ᠰᠤᠷᠲᠠᠬᠤᠨ ᠵᠶ᠋ᠠᠷ ᠵᠠᠰᠠᠬᠤ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠮᠥᠩᠭᠦᠨ ᠭᠦᠢ᠍ᠯᠭᠡᠭᠡᠨ᠎ᠤ ᠰᠣᠶᠣᠯ᠎ᠢ ᠢᠳᠡᠪᠬᠢᠲᠡᠢ᠎ᠪᠠᠷ ᠪᠣᠶ᠋ᠢᠵᠢᠭᠤᠯᠵᠤ᠂ ᠦᠨᠡᠨᠴᠢ ᠢᠲᠡᠭᠡᠮᠵᠢᠲᠡᠢ ᠪᠠᠶ᠋ᠢᠵᠤ᠂ ᠬᠤᠷᠢᠭ᠎ᠠ ᠱᠤᠭᠤᠮ᠎ᠢ ᠳᠠᠪᠠᠭ᠍ᠤ ᠦᠭᠡᠢ ᠪᠠᠶ᠋ᠢᠬᠤ ᠵᠢ ᠪᠡᠶᠡᠯᠡᠭᠦᠯᠬᠦ ᠬᠡᠷᠡᠭᠲᠡᠢ; ᠠᠰᠢᠭ ᠬᠤᠨᠵᠢᠪᠤᠷᠢ ᠵᠢ ᠲᠥᠪ ᠰᠢᠳᠤᠷᠭᠤ᠎ᠪᠠᠷ ᠣᠯᠵᠤ᠂ ᠠᠰᠢᠭ ᠬᠤᠨᠵᠢᠪᠤᠷᠢᠳᠤ ᠰᠢᠨᠤᠵᠤ ᠪᠣᠯᠬᠤ ᠦᠭᠡᠢ; ᠯᠠᠪᠳᠠᠭᠤᠨ ᠪᠣᠯᠭᠤᠮᠵᠢᠲᠠᠢ ᠪᠠᠶ᠋ᠢᠵᠤ᠂ ᠨᠡᠷ᠎ᠡ ᠭᠠᠪᠢᠶ᠎ᠠ ᠵᠢ ᠶᠠᠭ᠋ᠠᠷᠠᠨ ᠬᠥᠭᠡᠭᠡᠴᠡᠯᠳᠦᠵᠦ ᠪᠣᠯᠬᠤ ᠦᠭᠡᠢ; ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠪᠣᠳᠠᠲᠠᠢ ᠪᠠᠶ᠋ᠢᠳᠠᠯ᠎ᠠᠴᠠ ᠰᠠᠯᠵᠤ ᠬᠡᠶ᠋ᠢᠰᠪᠦᠷᠢ ᠵᠦᠢ᠍ᠯ᠎ᠢ ᠬᠥᠭᠡᠭᠡᠴᠡᠯᠳᠦᠵᠦ ᠪᠣᠯᠬᠤ ᠦᠭᠡᠢ; ᠬᠠᠤᠯᠢ ᠲᠣᠭᠲᠠᠭ᠋ᠠᠯ ᠶᠣᠰᠣᠭ᠋ᠠᠷ ᠭᠦᠢ᠍ᠴᠡᠳᠬᠡᠵᠦ᠂ ᠰᠠᠨᠠᠭ᠎ᠠ᠎ᠪᠠᠷ ᠵᠶ᠋ᠠᠨ ᠰᠠᠪᠠᠵᠤ ᠵᠢᠯᠣᠭᠤ᠎ᠪᠠᠷ ᠵᠶ᠋ᠠᠨ ᠵᠣᠳᠣᠵᠤ ᠪᠣᠯᠬᠤ ᠦᠭᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ ᠬᠠᠮᠤᠭ ᠡᠴᠦᠰ᠎ᠲᠤ᠂ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠮᠥᠩᠭᠦᠨ ᠭᠦᠢ᠍ᠯᠭᠡᠭᠡᠨ᠎ᠤ ᠰᠡᠳᠬᠢᠬᠦᠢ ᠪᠣᠯᠣᠨ ᠮᠥᠩᠭᠦᠨ ᠭᠦᠢ᠍ᠯᠭᠡᠭᠡᠨ᠎ᠤ ᠠᠵᠢᠯ᠎ᠤᠨ ᠴᠢᠳᠠᠪᠤᠷᠢ᠎ᠪᠠᠨ ᠴᠢᠩᠭ᠋ᠠᠳᠬᠠᠵᠤ᠂ ᠠᠵᠤ ᠠᠬᠤᠢ ᠪᠣᠯᠣᠨ ᠮᠥᠩᠭᠦᠨ ᠭᠦᠢ᠍ᠯᠭᠡᠭᠡ ᠵᠢ ᠨᠢᠭᠡ ᠬᠥᠯᠭᠡ ᠰᠢᠲᠠᠷ᠎ᠠ ᠪᠣᠯᠭ᠋ᠠᠬᠤ ᠦᠵᠡᠯ ᠰᠠᠨᠠᠭ᠎ᠠ ᠵᠢ ᠪᠠᠷᠢᠮᠲᠠᠯᠠᠵᠤ᠂ ᠲᠥᠪ᠎ᠤᠨ ᠮᠥᠩᠭᠦᠨ ᠭᠦᠢ᠍ᠯᠭᠡᠭᠡᠨ᠎ᠤ ᠠᠵᠢᠯ᠎ᠤᠨ ᠬᠤᠷᠠᠯ᠎ᠤᠨ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠠᠵᠤ ᠠᠬᠤᠢ ᠪᠣᠯᠣᠨ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠼᠠᠢ ᠴᠢ ᠰᠤᠷᠤᠯᠭ᠎ᠠ ᠡᠬᠢᠯᠡᠬᠦ ᠶᠣᠰᠣᠯᠠᠯ᠎ᠢ ᠡᠷᠭᠢᠯᠡᠬᠦ᠎ᠳᠡᠭᠡᠨ᠂ ᠶᠡᠷᠦᠩᠬᠡᠢ ᠱᠦᠵᠢ ᠰᠢ ᠵᠢᠨ᠎ᠤᠨ ᠴᠢᠬᠤᠯᠠ ᠶᠠᠷᠢᠶ᠎ᠠ᠎ᠨᠢ ᠦᠵᠡᠯ ᠰᠠᠨᠠᠭ᠎ᠠ᠎ᠨᠢ ᠭᠦᠨ ᠭᠦᠨᠵᠡᠭᠡᠢ᠂ ᠬᠠᠷᠠᠭ᠋ᠠᠰᠤ ᠥᠷᠭᠡᠨ᠂ ᠥᠭᠦᠯᠡᠯᠲᠡ ᠨᠡᠪᠲᠡᠷᠬᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶ᠋ᠢᠵᠤ᠂ ᠮᠠᠰᠢ ᠴᠢᠩᠭ᠎ᠠ ᠤᠯᠤᠰ ᠲᠥᠷᠥ ᠵᠢᠨ ᠴᠢᠨᠠᠷ᠂ ᠣᠨᠣᠯ᠎ᠤᠨ ᠴᠢᠨᠠᠷ᠂ ᠴᠢᠭᠯᠡᠭᠦᠯᠦᠯᠲᠦ ᠴᠢᠨᠠᠷ᠂ ᠵᠢᠯᠤᠭᠤᠳᠬᠤ ᠴᠢᠨᠠᠷᠲᠠᠢ ᠶᠤᠮ᠂ ᠪᠦᠬᠦ ᠨᠠᠮ ᠢᠯᠠᠩᠭᠤᠶ᠎ᠠ ᠳᠡᠭᠡᠳᠦ ᠵᠡᠷᠭᠡ ᠵᠢᠨ ᠺᠠᠳ᠋ᠷ᠎ᠤᠨ ᠮᠠᠨ᠎ᠤ ᠤᠯᠤᠰ᠎ᠤᠨ ᠮᠥᠩᠭᠦᠨ ᠭᠦᠢ᠍ᠯᠭᠡᠭᠡᠨ᠎ᠤ ᠬᠥᠭᠵᠢᠯᠲᠡ᠎ᠳᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ ᠡᠭᠦᠷᠭᠡ ᠵᠢ ᠵᠥᠪ ᠲᠠᠨᠢᠬᠤ᠂ ᠮᠥᠩᠭᠦᠨ ᠭᠦᠢ᠍ᠯᠭᠡᠭᠡᠨ᠎ᠤ ᠠᠵᠢᠯ᠎ᠤᠨ ᠮᠥᠨ ᠴᠢᠨᠠᠷ᠎ᠤᠨ ᠵᠢᠮ᠎ᠡ ᠶᠣᠰᠣ ᠪᠣᠯᠣᠨ ᠬᠥᠭᠵᠢᠯᠲᠡ ᠵᠢᠨ ᠵᠠᠮ᠎ᠤᠨ ᠲᠤᠬᠠᠢ ᠲᠠᠨᠢᠯᠲᠠ᠎ᠪᠠᠨ ᠭᠦᠨᠵᠡᠭᠡᠶ᠋ᠢᠷᠡᠭᠦᠯᠬᠦ᠂ ᠮᠥᠩᠭᠦᠨ ᠭᠦᠢ᠍ᠯᠭᠡᠭᠡᠨ᠎ᠤ ᠠᠵᠢᠯ ᠤᠨ ᠴᠢᠳᠠᠪᠤᠷᠢ ᠪᠣᠯᠣᠨ ᠠᠶᠤᠯ ᠲᠦᠭᠰᠢᠭᠦᠷᠢ ᠵᠢ ᠠᠷᠭ᠋ᠠᠴᠠᠭ᠋ᠠᠬᠤ ᠴᠢᠳᠠᠪᠤᠷᠢ᠎ᠪᠠᠨ ᠪᠦᠬᠦ ᠲᠠᠯ᠎ᠠ᠎ᠪᠠᠷ ᠴᠢᠩᠭ᠋ᠠᠳᠬᠠᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢᠨ ᠵᠠᠮ ᠵᠶ᠋ᠠᠷ ᠭᠤᠶ᠋ᠢᠪᠢᠰᠢ ᠦᠭᠡᠢ ᠵᠠᠮᠨᠠᠬᠤ᠎ᠳᠤ ᠲᠤᠶ᠋ᠢᠯ᠎ᠤᠨ ᠴᠢᠬᠤᠯᠠ ᠠᠴᠢ ᠬᠤᠯᠪᠣᠭᠳᠠᠯ᠎ᠲᠠᠢ ᠶᠤᠮ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠪᠠᠶᠠᠯᠢᠭ ᠠᠭᠤᠯᠤᠭᠳᠠᠬᠤᠨ᠂ ᠭᠤᠣᠯ ᠴᠢᠮᠦᠭᠡ ᠴᠢᠬᠤᠯᠠ ᠠᠭᠤᠯᠭ᠎ᠠ ᠪᠣᠯᠣᠨ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠣᠶ᠋ᠢᠯᠠᠭ᠋ᠠᠨ ᠡᠵᠡᠮᠰᠢᠵᠦ᠂ 《ᠬᠤᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠨ ᠡᠵᠡᠮᠰᠢᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠨᠠᠮ᠎ᠤᠨ ᠭᠡᠰᠢᠭᠦᠨ ᠳᠡᠳ᠋ ᠬᠤᠷᠢᠶᠠᠨ ᠳᠠᠷᠤᠭ᠎ᠠ᠂ ᠲᠦᠷᠦ ᠵᠢᠨ ᠶᠠᠪᠤᠳᠠᠯ᠎ᠤᠨ ᠭᠡᠰᠢᠭᠦᠨ᠂ ᠠᠷᠠᠳ᠎ᠤᠨ ᠳᠡᠭᠡᠳᠦ ᠰᠢᠭᠦᠬᠦ ᠬᠤᠷᠢᠶ᠎ᠠ ᠵᠢᠨ ᠳᠠᠷᠤᠭ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠴᠠᠭ᠋ᠠᠬᠤ ᠳᠠᠷᠤᠭ᠎ᠠ᠂ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠨᠠᠮ᠎ᠤᠨ ᠭᠡᠰᠢᠭᠦᠨ ᠳᠡᠳ᠋ ᠲᠡᠷᠢᠭᠦᠯᠡᠭᠴᠢ ᠵᠢᠴᠢ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠭᠡᠰᠢᠭᠦᠨ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠪᠠ᠃
ᠡᠯ᠎ᠡ ᠮᠤᠵᠢ ᠣᠷᠣᠨ ᠬᠤᠳᠠ ᠪᠣᠯᠣᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ᠎ᠤᠨ ᠪᠦᠯᠬᠦᠮ᠂ ᠲᠥᠪ᠎ᠠᠴᠠ ᠬᠠᠮᠢᠶᠠᠷᠴᠤ ᠪᠠᠶ᠋ᠢᠭ᠎ᠠ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠠᠵᠤ ᠠᠬᠤᠶ᠋ᠢᠯᠠᠯ᠂ ᠶᠡᠭᠡ ᠳᠡᠭᠡᠳᠦ ᠰᠤᠷᠭ᠋ᠠᠭᠤᠯᠢ᠂ ᠴᠢᠯᠦᠭᠡᠯᠡᠬᠦ ᠴᠡᠷᠢᠭ᠎ᠤᠨ ᠡᠯ᠎ᠡ ᠨᠢᠭᠡᠴᠢ ᠪᠣᠯᠣᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠭᠤᠣᠯ ᠬᠠᠷᠢᠭᠤᠴᠠᠯᠭ᠋ᠠᠲᠠᠨ ᠨᠥᠬᠦᠳ ᠰᠤᠳᠤᠯᠤᠨ ᠶᠠᠷᠢᠯᠴᠠᠬᠤ ᠠᠩᠭᠢ᠎ᠳᠤ ᠣᠷᠣᠯᠴᠠᠪᠠ᠃ ᠡᠯ᠎ᠡ ᠠᠷᠠᠳᠴᠢᠯᠠᠭᠰᠠᠨ ᠨᠠᠮ ᠪᠦᠯᠦᠭ᠎ᠤᠨ ᠲᠥᠪ ᠬᠤᠷᠢᠶ᠎ᠠ᠂ ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ ᠵᠢᠴᠢ ᠬᠤᠯᠪᠣᠭᠳᠠᠯ ᠪᠦᠬᠦᠢ ᠲᠠᠯ᠎ᠠ ᠵᠢᠨ ᠬᠠᠷᠢᠭᠤᠴᠠᠯᠭ᠋ᠠᠲᠠᠨ ᠨᠥᠬᠦᠳ ᠰᠤᠷᠤᠯᠭ᠎ᠠ ᠡᠬᠢᠯᠡᠬᠦ ᠶᠣᠰᠣᠯᠠᠯ᠎ᠳᠤ ᠰᠤᠯᠠ ᠣᠷᠣᠯᠴᠠᠪᠠ᠃