ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠲᠥᠷᠥ ᠵᠢᠨ ᠶᠠᠪᠤᠳᠠᠯ᠎ᠤᠨ ᠬᠤᠷᠢᠶ᠎ᠠ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠴᠢᠨᠠᠭᠰᠢᠳᠠ ᠤᠯᠠᠮ ᠰᠢᠯᠢᠳᠡᠭᠵᠢᠭᠦᠯᠵᠦ ᠵᠠᠰᠠᠭ ᠵᠠᠬᠢᠷᠭ᠋ᠠᠨ᠎ᠤ ᠦᠢ᠍ᠯᠡᠳᠦᠯ ᠴᠢᠳᠠᠮᠵᠢ ᠵᠢ ᠳᠡᠭᠡᠭᠰᠢᠯᠡᠭᠦᠯᠦᠨ 〈ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ〉 ᠵᠢ ᠠᠬᠢᠭᠤᠯᠬᠤ ᠲᠤᠬᠠᠢ ᠵᠢᠯᠤᠭᠤᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2024-01-19

      ᠰᠢᠨᠬᠤᠸᠠ ᠬᠤᠷᠢᠶᠠᠨ᠎ᠤ ᠪᠡᠭᠡᠵᠢᠩ᠎ᠤᠨ 1 ᠳ᠋ᠦ᠍ᠭᠡᠷ ᠰᠠᠷ᠎ᠠ ᠵᠢᠨ 16᠎ᠤ ᠡᠳᠦᠷ᠎ᠤᠨ ᠴᠠᠬᠢᠯᠭ᠋ᠠᠨ ᠮᠡᠳᠡᠭᠡ ᠲᠦᠷᠦᠭᠦᠬᠡᠨ᠂ ᠲᠥᠷᠥ ᠵᠢᠨ ᠶᠠᠪᠤᠳᠠᠯ᠎ᠤᠨ ᠬᠤᠷᠢᠶ᠎ᠠ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠴᠢᠨᠠᠭᠰᠢᠳᠠ ᠤᠯᠠᠮ ᠰᠢᠯᠢᠳᠡᠭᠵᠢᠭᠦᠯᠵᠦ ᠵᠠᠰᠠᠭ ᠵᠠᠬᠢᠷᠭ᠋ᠠᠨ᠎ᠤ ᠦᠢ᠍ᠯᠡᠳᠦᠯ ᠴᠢᠳᠠᠮᠵᠢ ᠵᠢ ᠳᠡᠭᠡᠭᠰᠢᠯᠡᠭᠦᠯᠦᠨ 〈ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ〉 ᠵᠢ ᠠᠬᠢᠭᠤᠯᠬᠤ ᠲᠤᠬᠠᠢ ᠵᠢᠯᠤᠭᠤᠳᠬᠤ                 ᠰᠠᠨᠠᠯ》 (ᠳᠣᠷᠣᠭᠰᠢ 《ᠵᠢᠯᠤᠭᠤᠳᠬᠤ ᠰᠠᠨᠠᠯ》 ᠭᠡᠵᠦ ᠲᠣᠪᠴᠢᠯᠠᠪᠠ)᠎ᠢ ᠳᠠᠷᠤᠮᠠᠯᠯᠠᠨ ᠲᠠᠷᠬᠠᠭ᠋ᠠᠭ᠋ᠠᠳ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠨᠠᠷ᠎ᠢ ᠳᠡᠭᠡᠭᠰᠢᠯᠡᠭᠦᠯᠦᠨ ᠠᠰᠢᠭ᠎ᠢ ᠨᠡᠮᠡᠭᠳᠡᠭᠦᠯᠬᠦ ᠵᠢ ᠭᠦᠨᠵᠡᠭᠡᠢ ᠠᠬᠢᠭᠤᠯᠵᠤ᠂ ᠨᠠᠩ ᠣᠯᠠᠨ ᠬᠦᠷᠢᠶ᠎ᠡ ᠨᠠᠩ ᠶᠡᠭᠡ ᠬᠡᠪᠴᠢᠶᠡᠨ᠎ᠳᠤ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ》 ᠵᠢ ᠪᠡᠶᠡᠯᠡᠭᠦᠯᠬᠦ ᠲᠤᠬᠠᠢ ᠪᠠᠶ᠋ᠢᠷᠢᠯᠠᠭᠤᠯᠤᠭᠰᠠᠨ ᠪᠠᠶ᠋ᠢᠨ᠎ᠠ᠃
      《ᠵᠢᠯᠤᠭᠤᠳᠬᠤ ᠰᠠᠨᠠᠯ》᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠨ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ》 ᠵᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠵᠠᠰᠠᠭ ᠵᠠᠬᠢᠷᠭ᠋ᠠᠨ᠎ᠤ ᠦᠢ᠍ᠯᠡᠳᠦᠯ ᠴᠢᠳᠠᠮᠵᠢ ᠵᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭ᠋ᠠᠨ᠂ ᠪᠦᠬᠦᠯᠢ ᠴᠣᠭᠴᠠᠲᠤ ᠲᠥᠯᠥᠪᠯᠡᠭᠡ ᠵᠢ ᠴᠢᠩᠭ᠋ᠠᠳᠬᠠᠵᠤ᠂ ᠵᠠᠭᠪᠤᠷ᠎ᠤᠨ ᠰᠢᠨᠡᠴᠢᠯᠡᠯᠲᠡ ᠵᠢ ᠠᠬᠢᠭᠤᠯᠵᠤ᠂ ᠥᠭᠡᠷᠡᠴᠢᠯᠡᠯᠲᠡ᠎ᠪᠠᠷ ᠬᠥᠲᠥᠯᠥᠨ ᠳᠠᠭ᠋ᠠᠭᠤᠯᠬᠤ ᠪᠠ ᠲᠣᠭ᠋ᠠᠴᠢᠯᠠᠯᠲᠠ᠎ᠪᠠᠷ ᠬᠦᠴᠦᠨ ᠴᠢᠳᠠᠮᠵᠢ ᠣᠯᠭᠤᠬᠤ ᠬᠤᠶᠠᠷ ᠬᠦᠷᠳᠦᠲᠦ ᠬᠥᠳᠡᠯᠭᠡᠭᠦᠷ᠎ᠢ ᠴᠢᠬᠤᠯᠠᠴᠢᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ  ᠵᠢ ᠤᠶᠠᠯᠳᠤᠭᠤᠯᠤᠨ ᠬᠥᠭᠵᠢᠭᠦᠯᠬᠦ ᠵᠢ ᠠᠬᠢᠭᠤᠯᠵᠤ᠂ ᠠᠵᠢᠯ ᠶᠠᠪᠤᠳᠠᠯ ᠭᠦᠢ᠍ᠴᠡᠳᠬᠡᠬᠦ ᠠᠷᠭ᠎ᠠ ᠮᠠᠶᠢᠭ ᠣᠯᠠᠨ ᠡᠰᠢᠲᠦ᠂ ᠴᠤᠪᠤᠷᠠᠯ ᠬᠠᠮᠤᠭ ᠰᠢᠯᠢᠳᠡᠭ᠂ ᠮᠠᠲ᠋ᠧᠷᠢᠶᠠᠯ ᠬᠠᠮᠤᠭ ᠳᠦᠬᠦᠮ᠂ ᠥᠪᠡᠷ᠎ᠤᠨ ᠥᠷᠲᠡᠭ ᠬᠠᠮᠤᠭ ᠳᠣᠣᠷ᠎ᠠ ᠪᠣᠯᠭ᠋ᠠᠬᠤ ᠵᠢ ᠪᠡᠶᠡᠯᠡᠭᠦᠯᠵᠦ᠂ ᠬᠠᠮᠤᠭ᠎ᠤᠨ ᠶᠡᠭᠡ ᠬᠡᠮᠵᠢᠶ᠎ᠡ᠎ᠪᠠᠷ ᠠᠵᠤ ᠠᠬᠤᠶ᠋ᠢᠯᠠᠯ᠎ᠳᠤ ᠠᠰᠢᠭ ᠬᠦᠷᠲᠡᠭᠡᠨ ᠠᠷᠠᠳ᠎ᠲᠤ ᠲᠥᠬᠦᠮ ᠦᠵᠡᠭᠦᠯᠵᠦ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠬᠦ ᠬᠡᠷᠡᠭᠲᠡᠢ ᠭᠡᠵᠦ ᠵᠢᠭ᠋ᠠᠨ ᠭᠠᠷᠭ᠋ᠠᠵᠠᠢ᠃
      《ᠵᠢᠯᠤᠭᠤᠳᠬᠤ ᠰᠠᠨᠠᠯ》᠎ᠳᠤ ᠬᠤᠶᠠᠷ ᠱᠠᠲᠤᠨ᠎ᠤ ᠠᠵᠢᠯ᠎ᠤᠨ ᠬᠠᠷᠠᠯᠲᠠ ᠵᠢ ᠲᠤᠷᠠᠳᠪᠠ᠃ 2024 ᠣᠨ᠎ᠳᠤ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ》 ᠭᠤᠣᠯᠳᠠᠯᠭ᠎ᠠ᠎ᠲᠠᠢ ᠵᠦᠢ᠍ᠯᠡᠰ᠎ᠤᠨ ᠨᠠᠷᠢᠨ ᠲᠠᠩᠰᠠ ᠵᠢᠨ ᠬᠠᠮᠢᠶᠠᠷᠤᠯᠲᠠ ᠵᠢᠨ ᠲᠣᠭᠲᠠᠴᠠ ᠪᠠ ᠪᠠᠶ᠋ᠢᠩᠭᠤᠰᠢᠭᠤᠯᠤᠨ ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠨᠢᠭᠡᠳᠦᠭᠡᠷ ᠪᠦᠯᠦᠭ ᠥᠨᠳᠥᠷ ᠳᠠᠪᠲᠠᠮᠵᠢ᠎ᠲᠠᠢ᠂ ᠥᠷᠭᠡᠨ ᠬᠡᠪᠴᠢᠶ᠎ᠡ᠎ᠲᠠᠢ᠂ ᠦᠯᠡᠮᠵᠢ ᠠᠰᠠᠭᠤᠳᠠᠯ᠎ᠲᠠᠢ 《ᠨᠢᠭᠡ ᠠᠵᠢᠯ ᠶᠠᠪᠤᠳᠠᠯ》᠎ᠢ ᠥᠨᠳᠥᠷ ᠪᠦᠲᠦᠮᠵᠢᠲᠡᠶ᠎ᠪᠠᠷ ᠭᠦᠢ᠍ᠴᠡᠳᠬᠡᠬᠦ ᠵᠢ                 ᠪᠡᠶᠡᠯᠡᠭᠦᠯᠦᠨ᠎ᠡ᠃ 2027 ᠣᠨ ᠪᠣᠯᠬᠤ ᠎ᠳᠤ᠂ ᠨᠡᠶ᠋ᠢᠳᠡᠮ ᠬᠦᠷᠲᠡᠬᠦᠶ᠋ᠢᠴᠡ᠂ ᠣᠶᠤᠨᠯᠢᠭ ᠳᠥᠭᠦᠮ ᠳᠥᠲᠡ᠂ ᠡᠷᠬᠡ ᠲᠡᠭᠰᠢ ᠲᠦᠭᠡᠮᠡᠯ ᠬᠦᠷᠲᠡᠭᠡᠮᠵᠢᠲᠦ ᠥᠨᠳᠥᠷ ᠪᠦᠲᠦᠮᠵᠢᠲᠡᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠦᠨᠳᠦᠰᠦᠨ᠎ᠳᠤ᠎ᠨᠢ ᠪᠦᠷᠢᠯᠳᠦᠭᠦᠯᠦᠨ᠂ ᠠᠵᠤ ᠠᠬᠤᠶ᠋ᠢᠯᠠᠯ ᠪᠠ ᠬᠤᠪᠢ ᠬᠥᠮᠥᠨ᠎ᠤ ᠬᠤᠶᠠᠷ ᠪᠦᠬᠦᠯᠢ ᠠᠮᠢ ᠨᠠᠰᠤᠨ᠎ᠤ ᠦᠶᠡᠯᠡᠯ᠎ᠤᠨ ᠴᠢᠬᠤᠯᠠ ᠱᠠᠲᠤᠨ᠎ᠳᠤ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ》 ᠭᠤᠣᠯᠳᠠᠯᠭ᠎ᠠ᠎ᠲᠠᠢ ᠵᠦᠢ᠍ᠯᠡᠰ᠎ᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠵᠤ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠬᠠᠨᠤᠮᠵᠢᠲᠠᠶ ᠪᠠᠶ᠋ᠢᠬᠤ ᠬᠡᠮᠵᠢᠶ᠎ᠡ᠂ ᠬᠦᠷᠲᠡᠮᠵᠢ ᠵᠢᠨ ᠲᠥᠷᠥᠭᠳᠡᠯ᠎ᠢ ᠶᠡᠭᠡ᠎ᠪᠠᠷ ᠳᠡᠭᠡᠭᠰᠢᠯᠡᠭᠦᠯᠦᠨ᠎ᠡ᠃
      《ᠵᠢᠯᠤᠭᠤᠳᠬᠤ ᠰᠠᠨᠠᠯ》᠎ᠳᠤ 5 ᠲᠠᠯ᠎ᠠ ᠵᠢᠨ ᠭᠤᠣᠯᠳᠠᠯᠭ᠎ᠠ᠎ᠲᠠᠢ ᠡᠭᠦᠷᠭᠡ ᠵᠢ ᠳᠤᠷᠠᠳᠴᠠᠢ᠃ ᠨᠢᠭᠡ᠎ᠳᠤ᠂ ᠠᠷᠭ᠎ᠠ ᠵᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠰᠦᠯᠵᠢᠶᠡᠨ᠎ᠠᠴᠠ ᠭᠠᠳᠠᠭᠤᠷ ᠠᠵᠢᠯ ᠶᠠᠪᠤᠳᠠᠯ ᠭᠦᠢ᠍ᠴᠡᠳᠬᠡᠬᠦ᠎ᠳᠤ 《ᠭᠠᠭᠴᠠᠬᠠᠨ ᠡᠭᠦᠳᠡ᠎ᠪᠠᠷ ᠣᠷᠣᠬᠤ》᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢ᠍ᠴᠡᠳᠬᠡᠬᠦ᠎ᠳᠤ 《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠬᠡᠬᠦ》᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ 《ᠨᠢᠭᠡ ᠯᠠ ᠤᠲᠠᠰᠤ᠎ᠪᠠᠷ ᠬᠠᠷᠢᠭᠤᠯᠬᠤ》 ᠵᠢ ᠠᠬᠢᠭᠤᠯᠤᠨ᠎ᠠ᠃ ᠬᠤᠶᠠᠷ᠎ᠲᠤ᠂ ᠵᠠᠭᠪᠤᠷ᠎ᠤᠨ ᠰᠢᠨᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠤᠯᠪᠣᠭᠳᠠᠬᠤ ᠵᠦᠢ᠍ᠯᠡᠰ᠎ᠢ ᠲᠥᠪᠯᠡᠷᠡᠭᠦᠯᠦᠨ ᠭᠦᠢ᠍ᠴᠡᠳᠬᠡᠬᠦ᠂ ᠲᠤᠲᠠᠭᠳᠠᠬᠤ ᠵᠦᠢ᠍ᠯᠡᠰ᠎ᠢ ᠠᠮᠠᠯᠠᠨ ᠭᠦᠢ᠍ᠴᠡᠳᠬᠡᠬᠦ᠂ ᠣᠨᠳᠣᠣ ᠭᠠᠵᠠᠷ᠎ᠤᠨ ᠵᠦᠢ᠍ᠯᠡᠰ᠎ᠢ ᠣᠷᠣᠨ ᠪᠦᠰᠡ ᠠᠯᠤᠰᠯᠠᠨ ᠭᠦᠢ᠍ᠴᠡᠳᠬᠡᠬᠦ᠂ ᠲᠦᠷᠦ ᠵᠢᠨ ᠪᠣᠳᠣᠯᠭ᠎ᠠ ᠵᠢᠨ ᠦᠢ᠍ᠯᠡᠴᠢᠯᠡᠭᠡ ᠵᠢ ᠭᠤᠶᠤᠴᠢᠯᠠᠬᠤ᠎ᠠᠴᠠ ᠬᠡᠯᠲᠦᠷᠢᠭᠦᠯᠦᠨ ᠭᠦᠢ᠍ᠴᠡᠳᠬᠡᠬᠦ ᠵᠢ ᠠᠬᠢᠭᠤᠯᠤᠨ᠎ᠠ᠃ ᠭᠤᠷᠪᠠ᠎ᠳᠤ᠂ ᠲᠣᠭ᠋ᠠᠴᠢᠯᠠᠯᠲᠠ᠎ᠪᠠᠷ ᠬᠦᠴᠦᠨ ᠴᠢᠳᠠᠮᠵᠢ ᠣᠯᠭᠤᠬᠤ ᠵᠢ ᠴᠢᠩᠭ᠋ᠠᠳᠬᠠᠵᠤ᠂ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ ᠵᠠᠰᠠᠭ᠎ᠤᠨ ᠶᠠᠪᠤᠳᠠᠯ ᠎ᠤᠨ ᠦᠢ᠍ᠯᠡᠴᠢᠯᠡᠭᠡᠨ᠎ᠤ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠶᠡᠷᠦᠩᠬᠡᠢ ᠬᠦᠢ᠍ᠰᠦ ᠵᠢ ᠪᠠᠶ᠋ᠢᠭᠤᠯᠵᠤ᠂ ᠵᠠᠰᠠᠭ᠎ᠤᠨ ᠶᠠᠪᠤᠳᠠᠯ᠎ᠤᠨ ᠳ᠋ᠠᠶ᠋ᠢᠲ᠋ᠠ ᠵᠢ ᠬᠤᠪᠢᠶᠠᠯᠴᠠᠬᠤ ᠪᠣᠳᠠᠲᠤ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠵᠦ᠂ ᠪᠦᠬᠦ ᠶᠠᠪᠤᠴᠠ᠎ᠳᠤ ᠰᠢᠨ᠎ᠡ ᠮᠡᠷᠭᠡᠵᠢᠯ ᠬᠡᠷᠡᠭᠯᠡᠬᠦ ᠵᠢ ᠦᠷᠭᠦᠯᠵᠢᠯᠡᠨ           ᠴᠢᠩᠭ᠋ᠠᠳᠬᠠᠨ᠎ᠠ᠃ ᠳᠥᠷᠪᠡ᠎ᠳᠤ᠂ ᠬᠡᠪᠴᠢᠶ᠎ᠡ ᠵᠢ ᠥᠷᠭᠡᠳᠬᠡᠨ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠂ ᠬᠠᠪᠰᠤᠷᠤᠨ ᠭᠦᠢ᠍ᠴᠡᠳᠬᠡᠬᠦ ᠪᠠ ᠣᠷᠣᠯᠠᠨ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠵᠦ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠪᠠᠶᠠᠯᠢᠭᠵᠢᠭᠤᠯᠵᠤ᠂ ᠦᠷᠳᠡᠭ ᠨᠡᠮᠡᠭᠳᠡᠯ᠎ᠤᠨ ᠦᠢ᠍ᠯᠡᠴᠢᠯᠡᠭᠡᠨ᠎ᠤ ᠠᠭᠤᠯᠭ᠎ᠠ ᠵᠢ ᠥᠷᠭᠡᠳᠬᠡᠨ᠎ᠡ᠃ ᠲᠠᠪᠤ᠎ᠳᠤ᠂ ᠠᠵᠢᠯ᠎ᠤᠨ ᠰᠠᠭᠤᠷᠢ ᠵᠢ ᠪᠠᠬᠢᠵᠢᠭᠦᠯᠦᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠨ᠎ᠤ ᠲᠣᠭᠲᠠᠯᠴᠠᠭ᠎ᠠ ᠬᠢᠭᠡᠳ ᠠᠵᠢᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠳᠦᠷᠢᠮ᠎ᠤᠨ ᠬᠠᠩᠭ᠋ᠠᠯᠭ᠎ᠠ ᠵᠢ ᠡᠷᠴᠢᠮᠯᠡᠨ᠎ᠡ᠃
      《ᠵᠢᠯᠤᠭᠤᠳᠬᠤ ᠰᠠᠨᠠᠯ》᠎ᠳᠤ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ》 ᠨᠢᠭᠡᠳᠦᠭᠡᠷ ᠪᠦᠯᠦᠭ᠎ᠤᠨ 13 ᠭᠤᠣᠯᠳᠠᠯᠭ᠎ᠠ᠎ᠲᠠᠢ ᠵᠦᠢ᠍ᠯᠡᠰ᠎ᠤᠨ ᠨᠠᠷᠢᠨ ᠲᠠᠩᠰᠠ ᠵᠢ ᠲᠣᠳᠤᠷᠬᠠᠶ᠋ᠢᠯᠠᠵᠠᠢ᠃ ᠡᠭᠦᠨ᠎ᠳᠤ᠂ ᠡᠵᠡᠩᠨᠡᠬᠦ ᠭᠤᠣᠯ ᠴᠣᠭᠴᠠ ᠵᠢᠨ ᠠᠵᠢᠯ ᠶᠠᠪᠤᠳᠠᠯ ᠭᠦᠢ᠍ᠴᠡᠳᠬᠡᠬᠦ᠎ᠳᠤ ᠬᠠᠷᠢᠶᠠᠯᠠᠭᠳᠠᠬᠤ᠎ᠨᠢ 8 ᠵᠦᠢ᠍ᠯ ᠪᠣᠶ᠂ ᠳᠠᠷᠤᠢ ᠲᠡᠭᠡᠭᠡᠪᠦᠷᠢ ᠵᠢᠨ ᠠᠵᠤ ᠠᠬᠤᠶ᠋ᠢᠯᠠᠯ ᠡᠷᠭᠢᠯᠡᠬᠦ᠂ ᠤᠰᠤ ᠴᠠᠬᠢᠯᠭ᠋ᠠᠨ ᠬᠡᠢ ᠰᠦᠯᠵᠢᠶ᠎ᠡ ᠵᠢ ᠬᠠᠮᠲᠤᠷᠠᠭᠤᠯᠤᠨ ᠤᠭᠰᠠᠷᠠᠬᠤ᠂ ᠢᠲᠡᠭᠡᠮᠵᠢ᠎ᠪᠠᠨ ᠰᠡᠷᠭᠦᠭᠡᠬᠦ᠂ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠬᠠᠤᠯᠢ ᠶᠣᠰᠣᠨ᠎ᠤ ᠲᠣᠭᠲᠠᠭ᠋ᠠᠯ᠎ᠳᠤ ᠨᠡᠶ᠋ᠢᠴᠡᠭᠰᠡᠨ ᠮᠡᠳᠡᠭᠡ ᠵᠠᠩᠭᠢ ᠵᠢ ᠬᠠᠷᠭᠤᠭᠤᠯᠤᠨ ᠪᠠᠶ᠋ᠢᠴᠠᠭ᠋ᠠᠬᠤ᠂ ᠠᠵᠤ ᠠᠬᠤᠶ᠋ᠢᠯᠠᠯ᠎ᠤᠨ ᠳᠠᠩᠰᠠᠯᠠᠯᠲᠠ ᠵᠢ ᠴᠣᠴᠠᠯᠬᠤ ᠵᠡᠷᠭᠡ ᠵᠢ ᠪᠠᠭᠲᠠᠭ᠋ᠠᠨ᠎ᠠ᠃ ᠬᠤᠪᠢ ᠬᠦᠮᠦᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠬᠠᠷᠢᠶᠠᠯᠠᠭᠳᠠᠬᠤ᠎ᠨᠢ 5 ᠵᠦᠢ᠍ᠯ ᠪᠣᠶ᠂ ᠳᠠᠷᠤᠢ ᠰᠤᠷᠭ᠋ᠠᠭᠤᠯᠢ᠎ᠳᠤ ᠣᠷᠣᠬᠤ᠂ ᠰᠠᠭᠤᠭ᠋ᠠᠯᠢ ᠠᠷᠠᠳ᠎ᠤᠨ ᠨᠡᠶ᠋ᠢᠭᠡᠮ᠎ᠤᠨ ᠪᠠᠲᠤᠯᠠᠭ᠋ᠠᠨ᠎ᠤ ᠺᠠᠷᠲ᠎ᠤᠨ ᠦᠢ᠍ᠯᠡᠴᠢᠯᠡᠭᠡ᠂ ᠵᠡᠮᠳᠡᠭᠴᠦᠳ᠎ᠲᠠᠬᠢ ᠦᠢ᠍ᠯᠡᠴᠢᠯᠡᠭᠡ ᠵᠡᠷᠭᠡ ᠵᠢ ᠪᠠᠭᠲᠠᠭ᠋ᠠᠨ᠎ᠠ᠃
      《ᠵᠢᠯᠤᠭᠤᠳᠬᠤ ᠰᠠᠨᠠᠯ》᠎ᠳᠤ᠂ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ》᠎ᠪᠠᠷ ᠭᠤᠣᠯᠳᠠᠭᠤᠯᠵᠤ ᠬᠦᠴᠦ᠎ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠪᠠ ᠤᠬᠠᠭᠤᠯᠤᠨ ᠳᠡᠯᠭᠡᠷᠡᠭᠦᠯᠬᠦ᠎ᠪᠠᠨ ᠡᠷᠴᠢᠮᠯᠡᠵᠦ᠂ ᠡᠯ᠎ᠡ ᠱᠠᠲᠤᠨ᠎ᠤ ᠣᠷᠣᠨ ᠨᠤᠲᠤᠭ᠎ᠤᠨ ᠵᠠᠰᠠᠭ᠎ᠤᠨ ᠣᠷᠳᠣᠨ ᠪᠠ ᠬᠤᠯᠪᠣᠭᠳᠠᠯ ᠪᠦᠬᠦᠢ ᠲᠠᠯ᠎ᠠ ᠵᠢᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠂ ᠡᠯᠪᠡᠨ ᠬᠠᠮᠵᠢᠯᠴᠠᠬᠤ᠎ᠪᠠᠨ ᠴᠢᠩᠭ᠋ᠠᠳᠬᠠᠵᠤ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠬᠡᠷᠡᠭᠲᠡᠢ᠃ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠲᠤᠷᠰᠢᠵᠤ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠵᠦ᠂ ᠥᠭᠡᠷᠡᠴᠢᠯᠡᠯᠲᠡ ᠰᠢᠨᠡᠴᠢᠯᠡᠯᠲᠡ ᠬᠢᠬᠦ᠂ ᠵᠣᠷᠢᠭᠲᠠᠢ᠎ᠪᠠᠷ ᠬᠠᠶ᠋ᠢᠨ ᠰᠦᠪᠡᠭᠴᠢᠯᠡᠬᠦ ᠵᠢ ᠵᠣᠷᠢᠭᠵᠢᠭᠤᠯᠵᠤ᠂ ᠨᠢᠭᠡ ᠪᠦᠯᠦᠭ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢ᠍ᠴᠡᠳᠬᠡᠬᠦ》 ᠭᠤᠤᠳᠠᠯᠭ᠎ᠠ᠎ᠲᠠᠢ ᠵᠦᠢ᠍ᠯᠡᠰ᠎ᠢ ᠵᠢᠯ ᠳᠠᠷᠠᠭ᠋ᠠᠯᠠᠨ ᠭᠠᠷᠭ᠋ᠠᠵᠤ᠂ ᠪᠣᠳᠠᠲᠤ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠦ ᠲᠠᠯ᠎ᠠ᠎ᠪᠠᠷ ᠠᠬᠢᠭᠤᠯᠬᠤ ᠬᠠᠮᠢᠶ᠎ᠠ ᠪᠥᠬᠦᠶ ᠠᠷᠭ᠎ᠠ ᠬᠡᠮᠵᠢᠶ᠎ᠡ ᠵᠡᠷᠭᠡ ᠵᠢ ᠰᠤᠳᠤᠯᠪᠠ
ᠰᠢ ᠵᠢᠨ ᠫᠢᠩ ᠵᠢᠶᠠᠩᠰᠢ ᠵᠢᠨ ᠰᠢᠨ ᠢᠦᠢ ᠬᠤᠲᠠ ᠵᠢᠨ ᠢᠦᠢ ᠱᠦᠢ ᠲᠣᠭᠤᠷᠢᠭ᠎ᠤᠨ ᠵᠡᠭᠡᠯᠢ ᠳᠠᠭ᠋ᠠᠤ ᠵᠢᠨ ᠨᠢᠭᠡᠨ ᠳᠡᠯᠭᠡᠭᠦᠷ᠎ᠲᠤ ᠭᠠᠯ᠎ᠤᠨ ᠭᠠᠮᠰᠢᠭ᠎ᠤᠨ ᠠᠳᠡᠯ ᠡᠭᠦᠰᠥᠭᠰᠡᠨ ᠲᠤᠬᠠᠢ ᠴᠢᠬᠤᠯᠠ ᠵᠢᠭ᠋ᠠᠪᠤᠷᠢ ᠥᠭᠴᠦ ᠱᠠᠭ᠋ᠠᠷᠳᠠᠭᠰᠠᠨ᠎ᠨᠢ ᠡᠯ᠎ᠡ ᠲᠥᠷᠥᠯ᠎ᠤᠨ ᠠᠮᠤᠷ ᠲᠦᠪᠰᠢᠨ᠎ᠤ ᠠᠳᠡᠯ ᠣᠯᠠᠨ ᠡᠭᠦᠰᠬᠦ ᠦᠷᠭᠦᠯᠵᠢᠯᠡᠨ ᠡᠭᠦᠰᠬᠦ ᠬᠠᠨᠳᠤᠰᠢ ᠵᠢ ᠡᠷᠡᠰ ᠬᠤᠷᠢᠭᠯᠠᠵᠤ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ᠎ᠢ ᠪᠠᠲᠤᠯᠠᠬᠤ ᠬᠡᠷᠡᠭᠲᠡᠢ ᠯᠢ ᠴᠢᠶᠠᠩ ᠴᠣᠬᠤᠯᠠᠪᠤᠷᠢ ᠥᠭᠴᠡᠢ
ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠪᠡᠭᠡᠵᠢᠩ᠎ᠳᠤ ᠰᠠᠭᠤᠭ᠎ᠠ ᠴᠡᠷᠢᠭ ᠠᠩᠭᠢ ᠵᠢᠨ ᠠᠬᠠᠮᠠᠳ ᠺᠠᠳ᠋ᠷᠴᠤᠳ᠎ᠢ ᠲᠣᠬᠤᠨᠢᠭᠤᠯᠬᠤ ᠴᠠᠭ᠋ᠠᠨ ᠰᠠᠷ᠎ᠠ ᠵᠢᠨ ᠤᠷᠠᠨ ᠰᠠᠶ᠋ᠢᠬᠠᠨ᠎ᠤ ᠲᠣᠬᠯᠠᠯᠲᠠ ᠭᠠᠷᠭ᠋ᠠᠵᠠᠢ  ᠰᠢ ᠵᠢᠨ ᠫᠢᠩ ᠪᠦᠭᠦ ᠴᠡᠷᠢᠭ᠎ᠤᠨ ᠠᠬᠠᠮᠠᠳ ᠨᠥᠬᠦᠳ᠎ᠲᠤ ᠴᠠᠭ᠋ᠠᠨ ᠰᠠᠷ᠎ᠠ ᠵᠢᠨ ᠮᠡᠨᠳᠦᠴᠢᠯᠡᠯ ᠬᠦᠷᠭᠡᠪᠡ
ᠰᠢ ᠵᠢᠨ ᠫᠢᠩ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠠᠷᠪᠠᠨ ᠨᠢᠭᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠵᠦ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠳ᠋ᠦᠩᠨᠡᠯᠲᠡ ᠵᠢᠨ ᠬᠤᠷᠠᠯ ᠪᠡᠭᠡᠵᠢᠩ᠎ᠳᠤ ᠬᠤᠷᠠᠯᠳᠤᠪᠠ
 
             蒙ICP备05000248号