ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠦ ᠲᠠᠯ᠎ᠠ᠎ᠪᠠᠷ ᠠᠬᠢᠭᠤᠯᠬᠤ ᠬᠠᠮᠢᠶ᠎ᠠ ᠪᠥᠬᠦᠶ ᠠᠷᠭ᠎ᠠ ᠬᠡᠮᠵᠢᠶ᠎ᠡ ᠵᠡᠷᠭᠡ ᠵᠢ ᠰᠤᠳᠤᠯᠪᠠ
ᠨᠡᠶ᠋ᠢᠲᠡᠯᠡᠭᠰᠡᠨ ᠴᠠᠭ᠄ 2024-01-24

      ᠰᠢᠨᠬᠤᠸᠠ ᠬᠤᠷᠢᠶᠠᠨ᠎ᠤ ᠪᠡᠭᠡᠵᠢᠩ᠎ᠤᠨ 1 ᠳ᠋ᠦ᠍ᠭᠡᠷ ᠰᠠᠷ᠎ᠠ ᠵᠢᠨ 22᠎ᠤ ᠡᠳᠦᠷ᠎ᠤᠨ ᠴᠠᠬᠢᠯᠭ᠋ᠠᠨ ᠮᠡᠳᠡᠭᠡ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ 1 ᠳ᠋ᠦ᠍ᠭᠡᠷ ᠰᠠᠷ᠎ᠠ ᠵᠢᠨ 22᠎ᠤ ᠡᠳᠦᠷ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠵᠢ ᠰᠤᠳᠤᠯᠵᠤ᠂ 《ᠳᠠᠷᠤᠢ ᠲᠦᠷᠭᠡᠨ ᠬᠦᠷᠭᠡᠬᠦ ᠠᠵᠢᠯ ᠲᠦᠷᠦᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠬᠠᠢ ᠵᠢᠯᠣᠭᠤᠳᠬᠤ ᠰᠠᠨᠠᠯ》᠎ᠢ ᠬᠢᠨᠠᠨ ᠵᠥᠪᠯᠡᠵᠦ ᠪᠠᠲᠤᠯᠠᠨ᠂ ᠬᠢᠮᠡᠯ ᠤᠶᠤᠨ ᠵᠶ᠋ᠠᠷ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠎ᠳᠤ ᠬᠦᠴᠦᠨ ᠣᠯᠭᠣᠬᠤ ᠬᠠᠮᠢᠶ᠎ᠠ ᠪᠦᠬᠦᠢ ᠠᠵᠢᠯ᠎ᠢ ᠰᠤᠳᠤᠯᠤᠨ ᠪᠠᠶ᠋ᠢᠷᠢᠯᠠᠭᠤᠯᠵᠤ᠂ ᠬᠦᠷᠦᠩᠭᠡ ᠵᠢᠨ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠪᠠᠶ᠋ᠢᠳᠠᠯ ᠵᠢᠴᠢ ᠠᠵᠢᠯ᠎ᠤᠨ ᠪᠣᠳᠣᠯᠬᠢᠯᠠᠯ᠎ᠤᠨ ᠮᠡᠳᠡᠭᠦᠯᠦᠯᠲᠡ ᠵᠢ ᠰᠣᠨᠣᠰᠴᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠲ᠋ᠣᠮ᠎ᠤᠨ ᠡᠨᠧᠷᠭᠢ ᠵᠢᠨ ᠬᠠᠤᠯᠢ (ᠲᠥᠰᠦᠯ)》 ᠪᠣᠯᠤᠨ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠣᠭᠣᠰ ᠤᠬᠢᠶᠠᠬᠤ ᠵᠢ ᠡᠰᠡᠷᠭᠦᠴᠡᠬᠦ ᠬᠠᠤᠯᠢ (ᠵᠠᠰᠠᠪᠤᠷᠢ ᠣᠷᠣᠭᠤᠯᠤᠭᠰᠠᠨ ᠲᠥᠰᠦᠯ)》 ᠵᠢ ᠶᠠᠷᠢᠯᠴᠠᠪᠠ᠃
      ᠬᠤᠷᠠᠯ᠎ᠳᠤ ᠴᠢᠬᠤᠯᠠᠴᠢᠯᠠᠭᠰᠠᠨ᠎ᠨᠢ᠂ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ᠎ᠤ 《ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠶᠡᠷᠦᠩᠬᠡᠢ ᠭᠠᠷᠳᠠᠴᠠ ᠪᠣᠯᠤᠨ᠎ᠠ᠃ ᠲᠠᠷᠢᠶᠠᠯᠠᠩ᠎ᠤᠨ ᠬᠦᠴᠦᠷᠬᠡᠭ ᠤᠯᠤᠰ᠎ᠢ           ᠪᠦᠳᠦᠭᠡᠨ ᠪᠠᠶ᠋ᠢᠭᠤᠯᠬᠤ ᠬᠠᠷᠠᠯᠲᠠ ᠵᠢ ᠲᠣᠭᠲᠠᠭ᠋ᠠᠵᠤ᠂ 《ᠮᠢᠩᠭ᠎ᠠ ᠲᠦᠮᠡᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ᠂ ᠲᠠᠷᠢᠶᠠᠯᠠᠩ ᠬᠥᠳᠡᠭᠡ ᠲᠣᠰᠬᠤᠨ᠎ᠤ ᠣᠳᠣᠬᠢᠴᠢᠯᠠᠯᠲᠠ ᠵᠢ ᠲᠦᠷᠭᠡᠳᠬᠡᠬᠦ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢ ᠨᠡᠩ ᠰᠠᠶ᠋ᠢᠲᠤᠷ ᠠᠬᠢᠭᠤᠯᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠤᠳᠤ ᠦᠶ᠎ᠡ ᠵᠢᠨ ᠲᠠᠷᠢᠶᠠᠯᠠᠩ᠎ᠤᠨ ᠪᠦᠳᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠦᠬᠦ ᠲᠠᠯ᠎ᠠ᠎ᠪᠠᠷ ᠪᠠᠬᠢᠵᠢᠭᠦᠯᠵᠦ᠂ ᠤᠯᠠᠨ ᠠᠷᠭ᠎ᠠ ᠵᠠᠮ ᠵᠶ᠋ᠠᠷ ᠲᠠᠷᠢᠶᠠᠴᠢᠳ᠎ᠤᠨ ᠣᠷᠣᠯᠭ᠎ᠠ ᠵᠢᠨ ᠨᠡᠯᠢᠶᠡᠳ ᠲᠦᠷᠭᠡᠨ ᠨᠡᠮᠡᠭᠳᠡᠯ᠎ᠢ ᠠᠬᠢᠭᠤᠯᠬᠤ ᠬᠡᠷᠡᠭᠲᠡᠢ᠃ ᠲᠠᠷᠢᠶᠠᠴᠢᠳ᠎ᠤᠨ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠪᠠᠷᠢᠮᠲᠠᠯᠠᠵᠤ᠂ ᠬᠥᠳᠡᠭᠡ ᠲᠣᠰᠬᠤᠨ᠎ᠤ ᠴᠢᠳᠠᠪᠤᠷᠢᠲᠠᠨ᠎ᠢ ᠶᠡᠬᠡ᠎ᠪᠠᠷ ᠬᠥᠮᠦᠵᠢᠭᠦᠯᠵᠦ᠂ ᠡᠯ᠎ᠡ ᠲᠦᠷᠦᠯ᠎ᠤᠨ ᠴᠢᠳᠠᠪᠤᠷᠢᠲᠠᠨ᠎ᠢ ᠲᠠᠲᠠᠵᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠣᠷᠣᠯᠴᠠᠭᠤᠯᠬᠤ ᠬᠡᠷᠡᠭᠲᠡᠢ᠃ ᠬᠥᠳᠡᠭᠡ ᠲᠣᠰᠬᠤᠨ᠎ᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠬᠥᠭᠵᠢᠯᠲᠡ ᠵᠢᠨ ᠠᠷᠭ᠎ᠠ ᠬᠡᠯᠪᠡᠷᠢ ᠵᠢ ᠪᠣᠬᠢᠷᠲᠤᠯ ᠦᠭᠡᠢ᠎ᠪᠠᠷ ᠬᠤᠪᠢᠷᠠᠭᠤᠯᠬᠤ ᠵᠢ ᠲᠦᠷᠭᠡᠳᠬᠡᠵᠦ᠂ ᠠᠮᠢᠳᠤᠷᠠᠵᠤ ᠠᠵᠢᠯᠯᠠᠬᠤ᠎ᠳᠤ ᠲᠣᠬᠢᠷᠠᠮᠵᠢᠲᠠᠢ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠢ ᠪᠦᠳᠦᠭᠡᠨ ᠪᠠᠶ᠋ᠢᠭᠤᠯᠬᠤ ᠬᠡᠷᠡᠭᠲᠡᠢ ᠭᠡᠵᠡᠢ᠃
      ᠬᠤᠷᠠᠯ᠎ᠳᠤ ᠵᠢᠭ᠋ᠠᠵᠤ ᠭᠠᠷᠭ᠋ᠠᠭᠰᠠᠨ᠎ᠨᠢ᠂ ᠣᠶ᠋ᠢᠷ᠎ᠠ ᠵᠢᠨ ᠵᠢᠯ ᠎ᠤᠳ᠎ᠲᠤ ᠳᠠᠷᠤᠢ ᠲᠦᠷᠭᠡᠨ ᠬᠦᠷᠭᠡᠬᠦ ᠠᠵᠢᠯ ᠲᠥᠷᠥᠯ ᠲᠦᠷᠭᠡᠨ ᠬᠥᠭᠵᠢᠵᠦ᠂ ᠬᠡᠷᠡᠭᠯᠡᠭᠡ ᠵᠢ ᠠᠬᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠵᠢᠯ ᠣᠯᠬᠤ ᠵᠢ ᠥᠷᠭᠡᠳᠬᠡᠬᠦ ᠵᠡᠷᠭᠡ ᠲᠠᠯ᠎ᠠ᠎ᠪᠠᠷ ᠤᠯᠠᠮ᠎ᠠᠴᠠ ᠤᠯᠠᠮ ᠴᠢᠬᠤᠯᠠ ᠦᠢ᠍ᠯᠡᠳᠦᠯ ᠦᠵᠡᠭᠦᠯᠵᠦ           ᠪᠠᠶ᠋ᠢᠨ᠎ᠠ᠃ ᠵᠣᠷᠢᠭᠵᠢᠭᠤᠯᠤᠨ ᠬᠥᠲᠥᠯᠥᠨ ᠵᠢᠯᠣᠭᠤᠳᠬᠤ᠎ᠪᠠᠨ ᠴᠢᠩᠭ᠋ᠠᠳᠬᠠᠵᠤ᠂ ᠬᠤᠳᠠᠯᠳᠤᠭ᠋ᠠᠨ᠎ᠤ ᠰᠠᠶ᠋ᠢᠨ ᠰᠠᠶ᠋ᠢᠬᠠᠨ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠪᠣᠶ ᠪᠣᠯᠭ᠋ᠠᠵᠤ᠂ ᠠᠵᠢᠯ ᠲᠥᠷᠥᠯ᠎ᠤᠨ ᠬᠥᠭᠵᠢᠯᠲᠡ ᠵᠢᠨ ᠲᠦᠪᠰᠢᠨ ᠪᠠ ᠲᠤᠰᠠᠯᠠᠨ ᠳᠠᠶ᠋ᠢᠴᠢᠯᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃ ᠠᠵᠤ ᠠᠬᠤᠶ᠋ᠢᠯᠠᠯ᠎ᠤᠨ ᠢᠳᠡᠭᠡᠨ᠎ᠤ ᠠᠮᠤᠷ ᠲᠦᠪᠰᠢᠨ᠂ ᠳᠠᠷᠤᠢ ᠲᠦᠷᠭᠡᠨ ᠬᠦᠷᠭᠡᠬᠦ ᠠᠮᠤᠷ ᠲᠦᠪᠰᠢᠨ ᠵᠡᠷᠭᠡ ᠬᠤᠷᠢᠭ᠎ᠠ ᠱᠤᠭᠤᠮ᠎ᠢ ᠰᠠᠶ᠋ᠢᠲᠤᠷ ᠰᠠᠬᠢᠬᠤ ᠵᠢ ᠰᠢᠮᠳᠠᠭᠤᠯᠵᠤ᠂ ᠬᠥᠳᠡᠯᠮᠦᠷᠢᠴᠢᠳ᠎ᠤᠨ ᠡᠷᠬᠡ ᠠᠰᠢᠭ᠎ᠤᠨ ᠪᠠᠲᠤᠯᠠᠭ᠎ᠠ ᠵᠢ ᠴᠢᠩᠭ᠋ᠠᠳᠬᠠᠨ᠂ ᠠᠵᠤ ᠠᠬᠤᠶ᠋ᠢᠯᠠᠯ᠎ᠤᠨ ᠲᠣᠭᠲᠠᠭ᠋ᠠᠯ᠎ᠳᠤ ᠨᠡᠶ᠋ᠢᠴᠡᠭᠰᠡᠨ ᠡᠵᠡᠩᠨᠡᠯᠲᠡ  ᠵᠢᠨ ᠥᠪᠡᠷ᠎ᠤᠨ ᠥᠷᠲᠡᠭ᠎ᠢ ᠪᠠᠭᠤᠷᠠᠭᠤᠯᠬᠤ ᠵᠢ ᠠᠬᠢᠭᠤᠯᠬᠤ ᠬᠡᠷᠡᠭᠲᠡᠶ ᠭᠡᠵᠡᠢ᠃
      ᠬᠤᠷᠠᠯ᠎ᠳᠤ ᠴᠢᠬᠤᠯᠠᠴᠢᠯᠠᠭᠰᠠᠨ᠎ᠨᠢ᠂ ᠴᠢᠨᠠᠷ ᠰᠠᠶ᠋ᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠵᠦ᠂ ᠬᠢᠮᠡᠯ ᠤᠶᠤᠨ ᠪᠣᠯᠤᠨ ᠦᠢ᠍ᠯᠡᠳᠬᠦ ᠦᠢ᠍ᠯᠡᠰ᠎ᠤᠨ ᠭᠦᠨᠵᠡᠭᠡᠢ ᠠᠭᠤᠰᠤᠯᠴᠠᠬᠤ᠎ᠪᠠᠷ ᠭᠤᠣᠯ ᠰᠢᠵᠢᠮ ᠪᠣᠯᠭ᠋ᠠᠵᠤ᠂ ᠣᠶᠤᠨᠴᠢ ᠦᠢ᠍ᠯᠡᠳᠬᠡᠯ ᠵᠶ᠋ᠠᠷ ᠭᠤᠣᠯ ᠬᠦᠴᠦᠯᠡᠬᠦ ᠴᠢᠭᠯᠡᠯ ᠪᠣᠯᠭ᠋ᠠᠵᠤ᠂ ᠠᠬᠤᠢ ᠲᠠᠯᠠᠪᠠᠢ ᠵᠢᠨ ᠬᠡᠷᠡᠭᠯᠡᠯᠲᠡ ᠎ᠪᠠᠷ ᠬᠥᠲᠥᠯᠦᠮᠵᠢ ᠪᠣᠯᠭ᠋ᠠᠵᠤ᠂ ᠭᠤᠣᠯᠳᠠᠯᠭ᠎ᠠ᠎ᠲᠠᠢ ᠠᠵᠢᠯ ᠲᠦᠷᠦᠯ᠎ᠤᠨ ᠣᠶᠤᠨᠴᠢ ᠲᠡᠰ ᠳᠡᠪᠰᠢᠯᠲᠡ ᠵᠢ ᠲᠦᠷᠭᠡᠳᠬᠡᠵᠦ᠂ ᠣᠶᠤᠨᠴᠢ ᠦᠢ᠍ᠯᠡᠳᠬᠦᠨ᠎ᠢ ᠶᠡᠬᠡ᠎ᠪᠠᠷ ᠬᠥᠭᠵᠢᠭᠦᠯᠵᠦ᠂ ᠠᠵᠤ ᠦᠢ᠍ᠯᠡᠳᠪᠦᠷᠢ  ᠵᠢᠨ ᠦᠢ᠍ᠯᠡᠳᠬᠦ ᠲᠣᠭᠲᠠᠯᠴᠠᠭ᠎ᠠ᠎ᠳᠤ ᠥᠨᠳᠥᠷ ᠲᠦᠪᠰᠢᠨ᠎ᠲᠠᠢ ᠬᠦᠴᠦᠨ ᠣᠯᠭᠤᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠨ ᠪᠦᠷᠢᠯᠳᠦᠭᠦᠯᠵᠦ᠂ ᠦᠢ᠍ᠯᠡᠳᠬᠦ ᠦᠢ᠍ᠯᠡᠰ᠎ᠤᠨ ᠬᠦᠴᠦᠷᠬᠡᠭ ᠤᠯᠤᠰ᠂ ᠰᠦᠯᠵᠢᠶᠡᠨ᠎ᠤ ᠬᠦᠴᠦᠷᠬᠡᠭ ᠤᠯᠤᠰ ᠪᠣᠯᠤᠨ ᠲᠣᠭ᠋ᠠᠴᠢᠯᠠᠭᠰᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ᠎ᠳᠤ ᠬᠦᠴᠦᠲᠡᠢ ᠲᠤᠰᠠᠯᠠᠮᠵᠢ ᠬᠠᠩᠭ᠋ᠠᠬᠤ ᠬᠡᠷᠡᠭᠲᠡᠢ ᠭᠡᠵᠡᠢ᠃
      ᠬᠤᠷᠠᠯ᠎ᠳᠤ ᠴᠢᠬᠤᠯᠠᠴᠢᠯᠠᠭᠰᠠᠨ᠎ᠨᠢ᠂ ᠬᠦᠷᠦᠩᠭᠡ ᠵᠢᠨ ᠵᠠᠬ᠎ᠠ ᠳᠡᠯᠭᠡᠭᠦᠷ᠎ᠤᠨ ᠰᠠᠭᠤᠷᠢ ᠲᠦᠷᠢᠮ᠎ᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠡᠯᠡ ᠣᠷᠣᠭᠤᠯᠵᠤ ᠪᠡᠯᠡ ᠴᠤᠭᠯᠠᠭᠤᠯᠬᠤ ᠵᠢᠨ ᠬᠥᠳᠡᠯᠦᠩᠭᠦᠢ ᠲᠡᠩᠴᠡᠭᠦᠷᠢ ᠵᠢ ᠨᠡᠩ ᠴᠢᠬᠤᠯᠠᠴᠢᠯᠠᠵᠤ᠂ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠶᠠᠰᠤ ᠴᠢᠨᠠᠷ ᠪᠣᠯᠤᠨ ᠪᠡᠯᠡ ᠣᠷᠣᠭᠤᠯᠤᠯᠲᠠ ᠵᠢᠨ ᠦᠷᠳᠡᠭ ᠎ᠢ ᠶᠡᠭᠡ᠎ᠪᠠᠷ ᠳᠡᠭᠡᠭᠰᠢᠯᠡᠭᠦᠯᠵᠦ᠂ ᠳᠤᠮᠳᠠ ᠤᠷᠳᠤ ᠬᠤᠭᠤᠴᠠᠭ᠋ᠠᠨ᠎ᠤ ᠪᠡᠯᠡ ᠮᠥᠩᠭᠦ ᠵᠢᠨ ᠵᠠᠬ᠎ᠠ ᠳᠡᠯᠭᠡᠭᠦᠷ᠎ᠲᠤ ᠣᠷᠣᠬᠤ ᠵᠢ ᠡᠷᠴᠢᠮᠵᠢᠭᠦᠯᠵᠦ᠂ ᠵᠠᠬ᠎ᠠ ᠳᠡᠯᠭᠡᠭᠦᠷ᠎ᠤᠨ ᠳᠣᠲᠣᠭ᠋ᠠᠳᠤ ᠵᠢᠨ ᠲᠣᠭᠲᠠᠭᠤᠨ ᠴᠢᠨᠠᠷ᠎ᠢ ᠴᠢᠩᠭ᠋ᠠᠳᠬᠠᠬᠤ ᠬᠡᠷᠡᠭᠲᠡᠢ᠃ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ 《ᠥᠴᠦᠬᠡᠨ ᠴᠦ᠍ ᠠᠭᠤᠴᠢᠯᠠᠬᠤ ᠥᠬᠡᠶ》 ᠪᠠᠶ᠋ᠢᠵᠤ᠂ ᠵᠢᠷᠤᠮᠵᠢᠭᠰᠠᠨ ᠢᠯᠡ ᠲᠣᠳᠣ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠪᠣᠶ ᠪᠣᠯᠭ᠋ᠠᠬᠤ ᠬᠡᠷᠡᠭᠲᠡᠶ᠃ ᠨᠡᠩ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠵᠤ᠂ ᠢᠲᠡᠭᠡᠯ ᠵᠣᠷᠢᠭ᠎ᠢ ᠪᠠᠲᠤᠳᠬᠠᠬᠤ᠎ᠳᠤ ᠬᠦᠴᠦᠯᠡᠬᠦ ᠬᠡᠷᠡᠭᠲᠡᠢ᠃ ᠬᠤᠷᠸ᠎ᠠ ᠲᠥᠷᠥ ᠵᠢᠨ ᠪᠣᠳᠣᠯᠭ᠎ᠠ ᠵᠢᠨ ᠬᠠᠨᠳᠤᠰᠢ ᠵᠢᠨ ᠨᠢᠭᠡᠳᠦᠯᠲᠦ ᠴᠢᠨᠠᠷ᠎ᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢᠨ ᠰᠢᠨ᠎ᠡ ᠵᠢ ᠡᠭᠦᠳᠬᠦ ᠪᠠ ᠵᠣᠬᠢᠴᠠᠭᠤᠯᠤᠨ ᠬᠠᠮᠵᠢᠯᠴᠠᠬᠤ ᠵᠢ ᠴᠢᠩᠭ᠋ᠠᠳᠬᠠᠵᠤ᠂ ᠠᠵᠤ ᠠᠬᠤᠶ ᠵᠢᠨ ᠳᠡᠭᠡᠭᠰᠢᠯᠡᠨ ᠰᠠᠶ᠋ᠢᠵᠢᠷᠠᠬᠤ ᠪᠠᠶ᠋ᠢᠳᠠᠯ᠎ᠢ ᠪᠠᠬᠢᠵᠢᠭᠦᠯᠦᠨ ᠴᠢᠩᠭ᠋ᠠᠳᠬᠠᠵᠤ᠂ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠬᠡᠷᠡᠭᠲᠡᠶ ᠭᠡᠵᠡᠢ᠃
      ᠬᠤᠷᠠᠯ᠎ᠳᠤ 《ᠪᠤᠢ᠍ᠭᠦᠲᠠ ᠨᠠᠢ᠍ᠢ᠍ᠷᠠᠮᠲᠠᠬᠤ ᠳᠣᠮᠲᠠᠲᠤ ᠠᠷᠠᠣᠠ ᠤᠯᠤᠰ᠎ᠤᠨ ᠠᠲ᠋ᠣᠮ᠎ᠤᠨ ᠡᠨᠧᠷᠭᠢ ᠵᠢᠨ ᠬᠠᠣᠯᠢ (ᠳᠣᠢ᠍ᠰᠣᠯ)》 ᠪᠠ 《ᠪᠦᠭᠦᠳᠡ ᠨᠠᠢ᠍ᠷᠠᠮᠳᠠᠬᠤ ᠳᠤᠮᠳᠠᠳᠤ ᠠᠷᠠᠳ ᠤᠯᠤᠰ᠎ᠤᠨ ᠵᠣᠭᠣᠰ ᠤᠬᠢᠶᠠᠬᠤ ᠵᠢ ᠡᠰᠡᠷᠭᠦᠴᠡᠬᠦ ᠬᠠᠤᠯᠢ (ᠵᠠᠰᠠᠪᠤᠷᠢ ᠣᠷᠣᠭᠤᠯᠤᠭᠰᠠᠨ ᠲᠥᠰᠥᠯ)》 ᠵᠢ ᠪᠤᠢ᠍ᠭᠦ ᠤᠯᠤᠰ᠎ᠤᠨ ᠠᠷᠠᠣᠠ᠎ᠤᠨ ᠲᠦᠯᠦᠭᠡᠯᠡᠭᠴᠢᠳ᠎ᠤᠨ ᠶᠠᠭᠡ ᠬᠣᠷᠠᠯ᠎ᠤᠨ ᠪᠠᠢ᠌ᠩᠭᠤ ᠵᠢᠨ ᠬᠣᠷᠢᠶᠠᠨ᠎ᠳᠤ ᠲᠠᠪᠰᠢᠭᠦᠯᠵᠤ ᠬᠢᠨᠠᠨ ᠶᠠᠷᠢᠯᠴᠠᠭᠣᠯᠬᠤ᠎ᠪᠠᠷ ᠳᠣᠬᠲᠠᠪᠠ᠃



ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠵᠢᠶᠠᠩᠰᠢ ᠵᠢᠨ ᠰᠢᠨ ᠢᠦᠢ ᠬᠤᠲᠠ ᠵᠢᠨ ᠢᠦᠢ ᠱᠦᠢ ᠲᠣᠭᠤᠷᠢᠭ᠎ᠤᠨ ᠵᠡᠭᠡᠯᠢ ᠳᠠᠭ᠋ᠠᠤ ᠵᠢᠨ ᠨᠢᠭᠡᠨ ᠳᠡᠯᠭᠡᠭᠦᠷ᠎ᠲᠤ ᠭᠠᠯ᠎ᠤᠨ ᠭᠠᠮᠰᠢᠭ᠎ᠤᠨ ᠠᠳᠡᠯ ᠡᠭᠦᠰᠥᠭᠰᠡᠨ ᠲᠤᠬᠠᠢ ᠴᠢᠬᠤᠯᠠ ᠵᠢᠭ᠋ᠠᠪᠤᠷᠢ ᠥᠭᠴᠦ ᠱᠠᠭ᠋ᠠᠷᠳᠠᠭᠰᠠᠨ᠎ᠨᠢ ᠡᠯ᠎ᠡ ᠲᠥᠷᠥᠯ᠎ᠤᠨ ᠠᠮᠤᠷ ᠲᠦᠪᠰᠢᠨ᠎ᠤ ᠠᠳᠡᠯ ᠣᠯᠠᠨ ᠡᠭᠦᠰᠬᠦ ᠦᠷᠭᠦᠯᠵᠢᠯᠡᠨ ᠡᠭᠦᠰᠬᠦ ᠬᠠᠨᠳᠤᠰᠢ ᠵᠢ ᠡᠷᠡᠰ ᠬᠤᠷᠢᠭᠯᠠᠵᠤ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ᠎ᠢ ᠪᠠᠲᠤᠯᠠᠬᠤ ᠬᠡᠷᠡᠭᠲᠡᠢ ᠯᠢ ᠴᠢᠶᠠᠩ ᠴᠣᠬᠤᠯᠠᠪᠤᠷᠢ ᠥᠭᠴᠡᠢ
ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠪᠡᠭᠡᠵᠢᠩ᠎ᠳᠤ ᠰᠠᠭᠤᠭ᠎ᠠ ᠴᠡᠷᠢᠭ ᠠᠩᠭᠢ ᠵᠢᠨ ᠠᠬᠠᠮᠠᠳ ᠺᠠᠳ᠋ᠷᠴᠤᠳ᠎ᠢ ᠲᠣᠬᠤᠨᠢᠭᠤᠯᠬᠤ ᠴᠠᠭ᠋ᠠᠨ ᠰᠠᠷ᠎ᠠ ᠵᠢᠨ ᠤᠷᠠᠨ ᠰᠠᠶ᠋ᠢᠬᠠᠨ᠎ᠤ ᠲᠣᠬᠯᠠᠯᠲᠠ ᠭᠠᠷᠭ᠋ᠠᠵᠠᠢ  ᠰᠢ ᠵᠢᠨ ᠫᠢᠩ ᠪᠦᠭᠦ ᠴᠡᠷᠢᠭ᠎ᠤᠨ ᠠᠬᠠᠮᠠᠳ ᠨᠥᠬᠦᠳ᠎ᠲᠤ ᠴᠠᠭ᠋ᠠᠨ ᠰᠠᠷ᠎ᠠ ᠵᠢᠨ ᠮᠡᠨᠳᠦᠴᠢᠯᠡᠯ ᠬᠦᠷᠭᠡᠪᠡ
ᠰᠢ ᠵᠢᠨ ᠫᠢᠩ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠠᠷᠪᠠᠨ ᠨᠢᠭᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠵᠦ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠳ᠋ᠦᠩᠨᠡᠯᠲᠡ ᠵᠢᠨ ᠬᠤᠷᠠᠯ ᠪᠡᠭᠡᠵᠢᠩ᠎ᠳᠤ ᠬᠤᠷᠠᠯᠳᠤᠪᠠ
ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠵᠠᠷᠯᠢᠭ᠎ᠲᠤ ᠭᠠᠷ᠎ᠤᠨ ᠦᠰᠦᠭ ᠵᠢᠷᠤᠵᠤ 《ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ》᠎ᠢ ᠨᠡᠶ᠋ᠢᠲᠡᠯᠡᠪᠡ
 
             蒙ICP备05000248号