ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠵᠢᠶᠠᠩᠰᠢ ᠵᠢᠨ ᠰᠢᠨ ᠢᠦᠢ ᠬᠤᠲᠠ ᠵᠢᠨ ᠢᠦᠢ ᠱᠦᠢ ᠲᠣᠭᠤᠷᠢᠭ᠎ᠤᠨ ᠵᠡᠭᠡᠯᠢ ᠳᠠᠭ᠋ᠠᠤ ᠵᠢᠨ ᠨᠢᠭᠡᠨ ᠳᠡᠯᠭᠡᠭᠦᠷ᠎ᠲᠤ ᠭᠠᠯ᠎ᠤᠨ ᠭᠠᠮᠰᠢᠭ᠎ᠤᠨ ᠠᠳᠡᠯ ᠡᠭᠦᠰᠥᠭᠰᠡᠨ ᠲᠤᠬᠠᠢ ᠴᠢᠬᠤᠯᠠ ᠵᠢᠭ᠋ᠠᠪᠤᠷᠢ ᠥᠭᠴᠦ ᠱᠠᠭ᠋ᠠᠷᠳᠠᠭᠰᠠᠨ᠎ᠨᠢ ᠡᠯ᠎ᠡ ᠲᠥᠷᠥᠯ᠎ᠤᠨ ᠠᠮᠤᠷ ᠲᠦᠪᠰᠢᠨ᠎ᠤ ᠠᠳᠡᠯ ᠣᠯᠠᠨ ᠡᠭᠦᠰᠬᠦ ᠦᠷᠭᠦᠯᠵᠢᠯᠡᠨ ᠡᠭᠦᠰᠬᠦ ᠬᠠᠨᠳᠤᠰᠢ ᠵᠢ ᠡᠷᠡᠰ ᠬᠤᠷᠢᠭᠯᠠᠵᠤ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ᠎ᠢ ᠪᠠᠲᠤᠯᠠᠬᠤ ᠬᠡᠷᠡᠭᠲᠡᠢ ᠯᠢ ᠴᠢᠶᠠᠩ ᠴᠣᠬᠤᠯᠠᠪᠤᠷᠢ ᠥᠭᠴᠡᠢ
ᠨᠡᠶ᠋ᠢᠲᠡᠯᠡᠭᠰᠡᠨ ᠴᠠᠭ᠄ 2024-01-26

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 1 ᠰᠠᠷ᠎ᠠ ᠵᠢᠨ 24᠎ᠤ ᠴᠠᠭᠢᠯᠭ᠋ᠠᠨ ᠮᠡᠳᠡᠭᠡ 1 ᠰᠠᠷ᠎ᠠ ᠵᠢᠨ 24᠎ᠤ ᠡᠳᠦᠷ᠎ᠤᠨ 15 ᠴᠠᠭ 30 ᠮᠢᠨᠦ᠋ᠲ᠎ᠤᠨ ᠦᠶ᠎ᠡ᠎ᠪᠠᠷ ᠵᠢᠶᠠᠩᠰᠢ ᠵᠢᠨ ᠰᠢᠨ ᠢᠦᠢ ᠬᠤᠲᠠ ᠵᠢᠨ ᠢᠦᠢ ᠱᠦᠢ ᠲᠣᠭᠤᠷᠢᠭ᠎ᠤᠨ ᠵᠡᠭᠡᠯᠢ ᠳᠠᠭ᠋ᠠᠤ ᠵᠢᠨ ᠨᠢᠭᠡᠨ ᠳᠡᠯᠭᠡᠭᠦᠷ ᠎ᠲᠤ ᠭᠠᠯ᠎ᠤᠨ ᠭᠠᠮᠰᠢᠭ ᠭᠠᠷᠴᠠᠢ᠃ ᠣᠳᠣᠬᠠᠨ ᠪᠤᠯᠲᠠᠯ᠎ᠠ 39 ᠬᠥᠮᠥᠨ ᠠᠳᠡᠵᠦ᠂ 9 ᠬᠥᠮᠥᠨ ᠰᠢᠷᠬᠠᠲᠤᠵᠤ᠂ ᠪᠠᠰᠠ ᠬᠥᠮᠥᠨ ᠬᠠᠷ᠎ᠠ ᠬᠠᠰᠢᠭᠳᠠᠵᠤ ᠪᠠᠶ᠋ᠢᠨ᠎ᠠ᠃
      ᠠᠳᠡᠯ ᠡᠭᠦᠰᠦᠭᠰᠡᠨ᠎ᠤ ᠳᠠᠷᠠᠭ᠎ᠠ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠨ ᠪᠥᠭᠡᠳ ᠴᠢᠬᠤᠯᠠ ᠵᠢᠭ᠋ᠠᠪᠤᠷᠢ ᠥᠭᠴᠦ᠂ ᠵᠢᠶᠠᠩᠰᠢ ᠵᠢᠨ ᠰᠢᠨ ᠢᠦᠢ ᠬᠤᠲᠠ ᠵᠢᠨ ᠢᠦᠢ ᠱᠦᠢ ᠲᠣᠭᠤᠷᠢᠭ᠎ᠤᠨ ᠵᠡᠭᠡᠯᠢ ᠳᠠᠭ᠋ᠠᠤ ᠵᠢᠨ ᠨᠢᠭᠡᠨ ᠳᠡᠯᠭᠡᠭᠦᠷ᠎ᠲᠤ ᠭᠠᠯ᠎ᠤᠨ ᠭᠠᠮᠰᠢᠭ ᠭᠠᠷᠴᠤ᠂ ᠬᠥᠮᠥᠨ ᠬᠠᠷ᠎ᠠ ᠬᠦᠨᠳᠦ ᠨᠣᠴᠢᠲᠠᠢ ᠠᠳᠡᠵᠦ ᠰᠢᠷᠬᠠᠲᠤᠵᠠᠢ᠃ ᠰᠢᠷᠬᠠᠲᠤᠭᠰᠠᠳ᠎ᠢ ᠪᠦᠭᠦ ᠬᠦᠴᠦ᠎ᠪᠠᠷ ᠵᠶ᠋ᠠᠨ ᠠᠪᠤᠷᠠᠨ ᠡᠮᠨᠡᠵᠦ᠂ ᠠᠳᠡᠭᠰᠡᠳ᠎ᠤᠨ ᠭᠡᠷ ᠪᠦᠯᠢ ᠵᠢᠨ᠎ᠬᠢᠨ᠎ᠢ ᠲᠣᠬᠤᠨᠢᠭᠤᠯᠬᠤ ᠵᠡᠷᠭᠡ ᠠᠵᠢᠯ᠎ᠢ ᠲᠣᠬᠢᠲᠠᠢ ᠰᠠᠶ᠋ᠢᠲᠤᠷ ᠬᠢᠬᠦ ᠬᠡᠷᠡᠭᠲᠡᠢ᠃ ᠡᠨᠡ ᠪᠣᠯ ᠣᠶ᠋ᠢᠷ᠎ᠠ ᠵᠢᠨ ᠬᠤᠭᠤᠴᠠᠭ᠋ᠠᠨ᠎ᠳᠤ ᠭᠠᠷᠤᠭᠰᠠᠨ ᠠᠶᠤᠯᠭᠦᠢ ᠦᠢ᠍ᠯᠡᠳᠪᠦᠷᠢᠯᠡᠯ᠎ᠤᠨ ᠪᠠᠰᠠ ᠨᠢᠭᠡᠨ ᠬᠦᠨᠳᠦ ᠶᠡᠭᠡ ᠠᠳᠡᠯ ᠪᠣᠯᠣᠨ᠎ᠠ᠂ ᠰᠢᠯᠲᠠᠭ᠋ᠠᠨ᠎ᠢ᠎ᠨᠢ ᠲᠦᠷᠭᠡᠬᠡᠨ ᠪᠠᠶ᠋ᠢᠴᠠᠭ᠋ᠠᠨ ᠲᠣᠳᠣᠯᠠᠵᠤ᠂ ᠬᠠᠤᠯᠢ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠭᠦᠨᠵᠡᠭᠡᠢ ᠲᠤᠩᠭ᠋ᠠᠨ ᠪᠣᠳᠣᠯᠬᠢᠯᠠᠬᠤ ᠬᠡᠷᠡᠭᠲᠡᠢ ᠭᠡᠪᠡ᠃ ᠰᠢ ᠵᠢᠨ ᠫᠢᠩ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠭᠦᠨᠵᠡᠭᠡᠢ ᠰᠤᠷᠭ᠋ᠠᠮᠵᠢ ᠠᠪᠴᠤ᠂ ᠲᠠᠶ᠋ᠢᠪᠤᠰᠢᠷᠠᠬᠤ ᠪᠤᠳᠤᠯ ᠪᠣᠯᠣᠨ ᠬᠠᠭᠤᠳᠠᠮᠴᠢ ᠰᠡᠳᠬᠢᠴᠡ ᠵᠢ ᠲᠡᠪᠴᠢᠵᠦ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠴᠢᠨᠠᠭᠰᠢᠳᠠ ᠪᠣᠳᠠᠲᠠᠶ᠋ᠢᠵᠢᠭᠤᠯᠵᠤ᠂ ᠭᠡᠮ ᠰᠣᠭᠤᠭ᠎ᠢ ᠨᠠᠷᠢᠨ ᠬᠢᠨᠠᠮᠠᠭ᠋ᠠᠢ ᠵᠢᠭᠰᠠᠭ᠋ᠠᠨ ᠪᠠᠶ᠋ᠢᠴᠠᠭ᠋ᠠᠵᠤ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠡᠯ᠎ᠡ ᠲᠦᠷᠦᠯ᠎ᠤᠨ ᠠᠮᠤᠷ ᠲᠦᠪᠰᠢᠨ᠎ᠤ ᠠᠳᠡᠯ ᠤᠯᠠᠨ ᠡᠭᠦᠰᠬᠦ ᠦᠷᠭᠦᠯᠵᠢᠯᠡᠨ ᠡᠭᠦᠰᠬᠦ ᠬᠠᠨᠳᠤᠰᠢ ᠵᠢ ᠡᠷᠡᠰ ᠬᠤᠷᠢᠭᠯᠠᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠣᠯᠣᠨ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ᠎ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠶ᠋ᠢᠳ ᠯᠢ ᠴᠢᠶᠠᠩ ᠴᠣᠬᠤᠯᠠᠪᠤᠷᠢ ᠥᠭᠴᠦ᠂ ᠬᠦᠴᠦᠨ ᠵᠶ᠋ᠠᠨ ᠵᠣᠬᠢᠶᠠᠨ ᠪᠠᠶ᠋ᠢᠭᠤᠯᠵᠤ ᠬᠠᠰᠢᠭᠳᠠᠭᠰᠠᠨ ᠬᠥᠮᠥᠰ᠎ᠢ ᠲᠦᠷᠭᠡᠨ ᠡᠷᠢᠨ ᠠᠪᠤᠷᠠᠵᠤ᠂ ᠰᠢᠷᠬᠠᠲᠤᠭᠰᠠᠳ᠎ᠢ ᠪᠦᠭᠦ ᠬᠦᠴᠦ᠎ᠪᠠᠷ ᠵᠶ᠋ᠠᠨ ᠠᠪᠤᠷᠠᠨ ᠡᠮᠨᠡᠵᠦ᠂ ᠠᠲᠡᠯ ᠰᠢᠷᠬᠠᠲᠤᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭ᠋ᠠᠰᠬᠠᠵᠤ᠂ ᠭᠡᠷ ᠪᠦᠯᠢ ᠵᠢᠨ᠎ᠬᠢᠨ᠎ᠢ ᠲᠣᠬᠤᠨᠢᠭᠤᠯᠬᠤ ᠵᠡᠷᠭᠡ ᠬᠤᠶ᠋ᠢᠲᠤᠬᠢ ᠶᠠᠪᠤᠳᠠᠯ᠎ᠢ ᠰᠠᠶ᠋ᠢᠲᠤᠷ ᠬᠢᠬᠦ ᠬᠡᠷᠡᠭᠲᠡᠢ ᠪᠥᠭᠡᠳ ᠠᠳᠡᠯ᠎ᠤᠨ ᠰᠢᠯᠲᠠᠭ᠋ᠠᠨ᠎ᠢ ᠲᠦᠷᠭᠡᠨ ᠪᠠᠶ᠋ᠢᠴᠠᠭ᠋ᠠᠨ ᠲᠣᠳᠣᠯᠠᠵᠤ᠂ ᠬᠠᠤᠯᠢ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠣᠶ᠋ᠢᠷ᠎ᠠ ᠵᠢᠨ ᠬᠤᠭᠤᠴᠠᠭ᠋ᠠᠨ᠎ᠳᠤ ᠣᠯᠠᠨ ᠭᠠᠵᠠᠷ᠎ᠲᠤ ᠭᠠᠯ᠎ᠤᠨ ᠭᠠᠮᠰᠢᠭ᠎ᠤᠨ ᠠᠳᠡᠯ ᠵᠠᠯᠭ᠋ᠠᠭ᠎ᠠ᠎ᠪᠠᠷ ᠡᠭᠦᠰᠴᠦ᠂ ᠬᠥᠮᠥᠨ ᠬᠠᠷ᠎ᠠ ᠬᠦᠨᠳᠦ ᠨᠣᠴᠢᠲᠠᠢ ᠠᠳᠡᠵᠦ ᠰᠢᠷᠠᠭᠲᠤᠨ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠠᠴᠠ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠲᠠᠯ᠎ᠠ ᠵᠢᠨ᠎ᠬᠢᠨ᠎ᠢ ᠱᠠᠯᠠᠪᠳᠠᠨ ᠠᠮᠤᠷ ᠲᠦᠪᠰᠢᠨ᠎ᠤ ᠬᠠᠷᠢᠭᠤᠴᠠᠯᠭ᠎ᠠ ᠪᠣᠯᠣᠨ ᠠᠷᠭ᠎ᠠ ᠬᠡᠮᠵᠢᠶ᠎ᠡ ᠵᠢᠨ ᠨᠠᠶ᠋ᠢᠳᠠᠪᠤᠷᠢᠵᠢᠭᠤᠯᠤᠯᠲᠠ ᠵᠢ ᠬᠦᠴᠦᠲᠡᠢ ᠠᠳᠬᠤᠵᠤ᠂ ᠭᠤᠣᠯᠳᠠᠯᠭ᠎ᠠ᠎ᠲᠠᠢ ᠬᠦᠷᠢᠶ᠎ᠡ᠂ ᠪᠠᠭᠤᠷᠠᠢ ᠭᠤᠭᠴᠤᠭ᠎ᠠ ᠵᠢᠨ ᠠᠮᠤᠷ ᠲᠦᠪᠰᠢᠨ᠎ᠤ ᠭᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠴᠢᠩᠭ᠋ᠠᠳᠬᠠᠨ᠂ ᠳᠠᠯᠳᠠ ᠭᠠᠵᠠᠷ᠂ ᠪᠠᠯᠠᠢ ᠣᠷᠣᠨ ᠦᠯᠡᠳᠡᠭᠡᠬᠦ ᠦᠭᠡᠢ ᠪᠠᠶ᠋ᠢᠬᠤ ᠬᠡᠷᠡᠭᠲᠡᠢ ᠭᠡᠵᠦ ᠱᠠᠭ᠋ᠠᠷᠳᠠᠪᠠ᠃
      ᠰᠢ ᠵᠢᠨ ᠫᠢᠩ᠎ᠤᠨ ᠵᠢᠭ᠋ᠠᠪᠤᠷᠢ ᠪᠣᠯᠣᠨ ᠯᠢ ᠴᠢᠶᠠᠩ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠶ᠋ᠢᠳ ᠵᠠᠩ ᠭᠦᠸᠧ ᠴᠢᠩ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠢ ᠳᠠᠭ᠋ᠠᠭᠤᠯᠤᠨ ᠲᠤᠬᠠᠢ ᠵᠢᠨ ᠲᠠᠯᠠᠪᠠᠢ᠎ᠳᠤ ᠬᠦᠷᠴᠦ ᠠᠳᠡᠯ᠎ᠢ ᠰᠢᠢ᠍ᠳᠪᠦᠷᠢᠯᠡᠬᠦ ᠠᠵᠢᠯ᠎ᠢ ᠵᠢᠯᠣᠭᠤᠳᠪᠠ᠃ ᠵᠢᠶᠠᠩᠰᠢ ᠮᠤᠵᠢ᠂ ᠰᠢᠨ ᠢᠦᠢ ᠬᠤᠲᠠ ᠨᠢᠭᠡᠨᠲᠡ ᠬᠦᠴᠦᠨ ᠵᠶ᠋ᠠᠨ ᠵᠣᠬᠢᠶᠠᠨ ᠪᠠᠶ᠋ᠢᠭᠤᠯᠵᠤ ᠠᠪᠤᠷᠠᠨ ᠲᠤᠰᠠᠯᠠᠬᠤ ᠪᠠ ᠬᠤᠶ᠋ᠢᠲᠤᠬᠢ ᠠᠵᠢᠯ᠎ᠢ ᠪᠦᠭᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ ᠪᠠᠶ᠋ᠢᠨ᠎ᠠ᠃ ᠣᠳᠣᠬᠠᠨ᠎ᠳᠤ᠂ ᠬᠤᠯᠪᠣᠭᠳᠠᠯ ᠪᠦᠬᠦᠢ ᠠᠵᠢᠯ ᠶᠠᠭ ᠶᠠᠪᠤᠭᠳᠠᠵᠤ ᠪᠠᠶ᠋ᠢᠨ᠎ᠠ᠃


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠪᠡᠭᠡᠵᠢᠩ᠎ᠳᠤ ᠰᠠᠭᠤᠭ᠎ᠠ ᠴᠡᠷᠢᠭ ᠠᠩᠭᠢ ᠵᠢᠨ ᠠᠬᠠᠮᠠᠳ ᠺᠠᠳ᠋ᠷᠴᠤᠳ᠎ᠢ ᠲᠣᠬᠤᠨᠢᠭᠤᠯᠬᠤ ᠴᠠᠭ᠋ᠠᠨ ᠰᠠᠷ᠎ᠠ ᠵᠢᠨ ᠤᠷᠠᠨ ᠰᠠᠶ᠋ᠢᠬᠠᠨ᠎ᠤ ᠲᠣᠬᠯᠠᠯᠲᠠ ᠭᠠᠷᠭ᠋ᠠᠵᠠᠢ  ᠰᠢ ᠵᠢᠨ ᠫᠢᠩ ᠪᠦᠭᠦ ᠴᠡᠷᠢᠭ᠎ᠤᠨ ᠠᠬᠠᠮᠠᠳ ᠨᠥᠬᠦᠳ᠎ᠲᠤ ᠴᠠᠭ᠋ᠠᠨ ᠰᠠᠷ᠎ᠠ ᠵᠢᠨ ᠮᠡᠨᠳᠦᠴᠢᠯᠡᠯ ᠬᠦᠷᠭᠡᠪᠡ
ᠰᠢ ᠵᠢᠨ ᠫᠢᠩ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠠᠷᠪᠠᠨ ᠨᠢᠭᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠵᠦ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠳ᠋ᠦᠩᠨᠡᠯᠲᠡ ᠵᠢᠨ ᠬᠤᠷᠠᠯ ᠪᠡᠭᠡᠵᠢᠩ᠎ᠳᠤ ᠬᠤᠷᠠᠯᠳᠤᠪᠠ
ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠵᠠᠷᠯᠢᠭ᠎ᠲᠤ ᠭᠠᠷ᠎ᠤᠨ ᠦᠰᠦᠭ ᠵᠢᠷᠤᠵᠤ 《ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ》᠎ᠢ ᠨᠡᠶ᠋ᠢᠲᠡᠯᠡᠪᠡ
ᠰᠢ ᠵᠢᠨ ᠫᠢᠩ 37 ᠳ᠋ᠤᠭ᠋ᠠᠷ ᠬᠤᠭᠤᠴᠠᠭ᠋ᠠᠨ᠎ᠤ ᠠᠹᠷᠢᠺᠠ ᠲᠢᠪ᠎ᠤᠨ ᠤᠯᠤᠰ᠎ᠤᠳ᠎ᠤᠨ ᠬᠤᠯᠪᠤᠭ᠎ᠠ ᠵᠢᠨ ᠲᠥᠷᠥᠭᠦᠴᠦᠳ᠎ᠤᠨ ᠬᠤᠷᠠᠯ᠎ᠳᠤ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠪᠠ
 
             蒙ICP备05000248号