ᠰᠢᠨᠬᠤᠸᠠ ᠬᠤᠷᠢᠶ᠎ᠠ ᠵᠢᠨ ᠪᠡᠭᠡᠵᠢᠩ᠎ᠤᠨ 2 ᠰᠠᠷ᠎ᠠ ᠵᠢᠨ 17᠎ᠤ ᠡᠳᠦᠷ ᠴᠠᠬᠢᠯᠭ᠋ᠠᠨ ᠮᠡᠳᠡᠭᠡ ᠤᠯᠤᠰ᠎ᠤᠨ ᠲᠡᠷᠢᠭᠦᠯᠡᠭᠴᠢ ᠰᠢ ᠵᠢᠨ ᠫᠢᠩ 17᠎ᠤ ᠡᠳᠦᠷ ᠴᠠᠬᠢᠯᠭ᠋ᠠᠨ ᠮᠡᠳᠡᠭᠡ ᠶᠠᠪᠤᠭᠤᠯᠵᠤ 37 ᠳ᠋ᠤᠭ᠋ᠠᠷ ᠬᠤᠭᠤᠴᠠᠭ᠋ᠠᠨ᠎ᠤ ᠠᠹᠷᠢᠺᠠ ᠲᠢᠪ᠎ᠤᠨ ᠤᠯᠤᠰ᠎ᠤᠳ᠎ᠤᠨ ᠬᠤᠯᠪᠤᠭ᠎ᠠ ᠵᠢᠨ ᠲᠥᠷᠦᠭᠦᠴᠦᠳᠤᠨ ᠬᠤᠷᠠᠯ ᠬᠤᠷᠠᠯᠳᠤᠭᠰᠠᠨ᠎ᠳᠤ ᠪᠠᠶᠠᠷ ᠬᠦᠷᠭᠡᠪᠡ᠃
ᠰᠢ ᠵᠢᠨ ᠫᠢᠩ᠂ ᠣᠳᠣᠬᠠᠨ᠎ᠳᠤ ᠳᠡᠯᠡᠬᠡᠢ ᠶᠢᠷᠲᠢᠨᠴᠦ ᠵᠠᠭᠤᠨ ᠵᠢᠯ᠎ᠳᠤ ᠳᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠳᠤ ᠳᠤᠯᠠᠭ᠋ᠠᠷᠠᠵᠤ᠂ ᠳᠤᠮᠳᠠᠳᠤ ᠤᠯᠤᠰ ᠪᠣᠯᠣᠨ ᠠᠹᠷᠢᠺᠠ ᠲᠢᠪ ᠵᠶ᠋ᠠᠷ ᠲᠥᠯᠥᠭᠡᠯᠡᠭᠦᠯᠦᠭᠰᠡᠨ ᠪᠦᠬᠦ ᠪᠦᠮᠪᠦᠷᠴᠡᠭ᠎ᠤᠨ ᠬᠦᠭᠵᠢᠵᠦ ᠪᠠᠶ᠋ᠢᠭ᠎ᠠ ᠤᠯᠤᠰ᠎ᠤᠳ ᠥᠷᠨᠢᠭᠦᠨ ᠬᠦᠭᠵᠢᠵᠦ᠂ ᠳᠡᠯᠡᠬᠡᠢ ᠵᠢᠨ ᠲᠡᠦᠬᠡᠨ ᠠᠬᠢᠴᠠ ᠵᠢ ᠭᠦᠨᠵᠡᠭᠡᠢ ᠨᠥᠯᠦᠭᠡᠯᠡᠵᠦ ᠪᠠᠶ᠋ᠢᠨ᠎ᠠ᠃ ᠠᠹᠷᠢᠺᠠ ᠲᠢᠪ᠎ᠤᠨ ᠤᠯᠤᠰ᠎ᠤᠳ᠎ᠤᠨ ᠬᠤᠯᠪᠤᠭ᠎ᠠ ᠠᠹᠷᠢᠺᠠ ᠲᠢᠪ᠎ᠤᠨ ᠤᠯᠤᠰ᠎ᠤᠳ᠎ᠲᠠᠢ ᠪᠦᠯᠬᠦᠮᠳᠡᠨ ᠬᠤᠯᠪᠤᠭ᠋ᠠᠯᠠᠨ ᠥᠪᠡᠷ᠎ᠢ᠎ᠪᠠᠨ ᠬᠦᠴᠦᠷᠬᠡᠭᠵᠢᠭᠦᠯᠵᠦ᠂ ᠨᠢᠭᠡ ᠴᠣᠭᠴᠠᠵᠢᠯᠲᠠ ᠪᠣᠯᠣᠨ ᠴᠢᠯᠦᠭᠡᠲᠦ ᠠᠷᠠᠯᠵᠢᠶᠠᠨ᠎ᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠶᠡᠭᠡ᠎ᠪᠠᠷ ᠠᠬᠢᠭᠤᠯᠪᠠ᠃ ᠠᠹᠷᠢᠺᠠ ᠲᠢᠪ᠎ᠤᠨ ᠤᠯᠤᠰ᠎ᠤᠳ᠎ᠤᠨ ᠬᠤᠯᠪᠤᠭ᠎ᠠ ᠬᠤᠷᠢᠨ ᠤᠯᠤᠰ᠎ᠤᠨ ᠪᠦᠯᠦᠭᠯᠡᠯ᠎ᠳᠤ ᠠᠮᠵᠢᠯᠲᠠ᠎ᠲᠠᠢ ᠣᠷᠣᠯᠴᠠᠵᠤ᠂ ᠠᠹᠷᠢᠺᠠ ᠲᠢᠪ᠎ᠤᠨ ᠪᠦᠬᠦ ᠪᠦᠮᠪᠦᠷᠴᠡᠭ᠎ᠤᠨ ᠵᠠᠰᠠᠯᠲᠠ ᠳᠤᠮᠳᠠᠬᠢ ᠲᠥᠯᠥᠭᠡᠯᠡᠬᠦ ᠴᠢᠨᠠᠷ ᠪᠣᠯᠣᠨ ᠦᠭᠡ ᠬᠡᠯᠡᠬᠦ ᠡᠷᠬᠡ ᠵᠢ ᠴᠢᠨᠠᠭᠰᠢᠳᠠ ᠳᠡᠭᠡᠭᠰᠢᠯᠡᠭᠦᠯᠪᠡ᠃ ᠳᠤᠮᠳᠠᠳᠤ ᠤᠯᠤᠰ ᠡᠭᠦᠨ᠎ᠳᠤ ᠴᠢᠩ ᠰᠡᠳᠬᠢᠯ᠎ᠠᠴᠠ᠎ᠪᠠᠨ ᠪᠠᠶᠠᠷ ᠬᠦᠷᠭᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠥᠩᠭᠡᠷᠡᠭᠰᠡᠨ ᠨᠢᠭᠡ ᠵᠢᠯ᠎ᠳᠤ ᠳᠤᠮᠳᠠᠳᠤ ᠤᠯᠤᠰ ᠪᠣᠯᠣᠨ ᠠᠹᠷᠢᠺᠠ ᠲᠢᠪ᠎ᠤᠨ ᠬᠠᠷᠢᠯᠴᠠᠭ᠎ᠠ ᠦᠷᠭᠦᠯᠵᠢᠯᠡᠨ ᠭᠦᠨᠵᠡᠭᠡᠶ᠋ᠢᠷᠡᠨ ᠬᠦᠭᠵᠢᠵᠦ᠂ ᠳᠤᠮᠳᠠᠳᠤ ᠠᠹᠷᠢᠺᠠ ᠵᠢᠨ ᠤᠳᠤᠷᠢᠳᠬᠤ ᠬᠦᠮᠦᠰ᠎ᠤᠨ ᠶᠠᠷᠢᠯᠴᠠᠭ᠋ᠠᠨ᠎ᠤ ᠬᠤᠷᠠᠯ ᠠᠮᠵᠢᠯᠲᠠ᠎ᠲᠠᠢ ᠬᠤᠷᠠᠯᠳᠤᠵᠤ᠂ ᠬᠤᠶᠠᠷ ᠲᠠᠯ᠎ᠠ᠎ᠪᠠᠷ ᠵᠶ᠋ᠠᠨ ᠲᠤᠰ ᠲᠤᠰ᠎ᠤᠨ ᠣᠳᠣᠬᠢᠴᠢᠯᠠᠯᠲᠠ ᠵᠢᠨ ᠵᠠᠮ ᠵᠶ᠋ᠠᠨ ᠰᠦᠪᠡᠭᠴᠢᠯᠡᠬᠦ ᠵᠢ ᠬᠠᠷᠢᠯᠴᠠᠨ ᠳᠡᠮᠵᠢᠵᠤ᠂ ᠬᠦᠭᠵᠢᠯᠲᠡ ᠵᠢᠨ ᠢᠷᠡᠭᠡᠳᠦᠢ ᠵᠢ ᠪᠡᠶᠡᠯᠡᠭᠦᠯᠬᠦ᠎ᠳᠤ ᠰᠠᠶ᠋ᠢᠨ ᠰᠠᠶ᠋ᠢᠬᠠᠨ ᠣᠷᠴᠢᠨ ᠲᠣᠭᠤᠷᠢᠨ᠎ᠢ ᠬᠠᠮᠲᠤ᠎ᠪᠠᠷ ᠪᠤᠢ ᠪᠣᠯᠭ᠋ᠠᠬᠤ᠎ᠪᠠᠷ ᠳᠣᠭᠲᠠᠪᠠ᠃ 2024 ᠣᠨ᠎ᠳᠤ ᠳᠤᠮᠳᠠᠳᠤ ᠠᠹᠷᠢᠺᠠ ᠵᠢᠨ ᠬᠠᠮᠲᠤᠷᠠᠯᠴᠠᠭ᠋ᠠᠨ᠎ᠤ ᠶᠠᠷᠢᠶᠠᠨ᠎ᠤ ᠲᠠᠪᠴᠠᠩ᠎ᠤᠨ ᠰᠢᠨ᠎ᠡ ᠨᠢᠭᠡ ᠬᠤᠭᠤᠴᠠᠭ᠋ᠠᠨ᠎ᠤ ᠬᠤᠷᠠᠯ᠎ᠢ ᠬᠤᠷᠠᠯᠳᠤᠭᠤᠯᠬᠤ ᠪᠣᠯᠣᠨ᠎ᠠ᠂ ᠪᠢ ᠳᠤᠷᠠᠲᠠᠶ᠎ᠠ ᠠᠹᠷᠢᠺᠠ ᠲᠢᠪ᠎ᠤᠨ ᠤᠯᠤᠰ᠎ᠤᠳ᠎ᠤᠨ ᠤᠳᠤᠷᠢᠳᠬᠤ ᠬᠦᠮᠦᠰ᠎ᠲᠠᠢ ᠬᠠᠮᠲᠤ᠎ᠪᠠᠷ᠂ ᠬᠤᠶᠠᠷ ᠲᠠᠯ᠎ᠠ ᠵᠢᠨ ᠠᠷᠠᠳ ᠲᠦᠮᠡᠨ᠎ᠳᠤ ᠪᠤᠶᠠᠨ ᠦᠢ᠍ᠯᠡᠳᠬᠦ᠎ᠳᠤ ᠠᠩᠬᠠᠷᠤᠯ ᠵᠶ᠋ᠠᠨ ᠬᠠᠨᠳᠤᠭᠤᠯᠵᠤ᠂ ᠳᠤᠮᠳᠠᠳᠤ ᠠᠹᠷᠢᠺᠠ ᠵᠢᠨ ᠬᠠᠮᠲᠤᠷᠠᠯᠴᠠᠭ᠋ᠠᠨ᠎ᠤ ᠰᠢᠨ᠎ᠡ ᠠᠯᠤᠰ᠎ᠤᠨ ᠵᠢᠷᠤᠭ ᠲᠦᠰᠦᠪ᠎ᠢ ᠨᠠᠷᠢᠨ ᠨᠢᠮᠪᠠᠢ ᠲᠥᠯᠥᠪᠵᠢᠭᠦᠯᠵᠦ᠂ ᠦᠨᠳᠦᠷ ᠲᠦᠪᠰᠢᠨ ᠪᠦᠬᠦᠢ ᠳᠤᠮᠳᠠᠳᠤ ᠠᠹᠷᠢᠺᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠬᠠᠮᠲᠤ᠎ᠪᠠᠷ ᠪᠠᠶ᠋ᠢᠭᠤᠯᠬᠤ ᠵᠢ ᠠᠬᠢᠭᠤᠯᠤᠨ᠎ᠠ ᠭᠡᠵᠦ ᠴᠢᠬᠤᠯᠠᠴᠢᠯᠠᠪᠠ᠃