ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠭᠠᠵᠠᠷ ᠰᠢᠷᠣᠢ ᠵᠢᠨ ᠡᠯᠧᠮᠧᠨ᠋ᠲ᠎ᠤᠨ ᠳᠠᠪᠠᠭᠤᠯᠢᠭ ᠭᠠᠵᠠᠷ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠪᠠᠲᠤᠯᠠᠬᠤ ᠴᠢᠳᠠᠪᠤᠷᠢ ᠵᠢ ᠴᠢᠩᠭ᠋ᠠᠳᠬᠠᠵᠤ ᠦᠨᠳᠦᠰᠦᠨ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠴᠢᠳᠠᠪᠤᠷᠢ ᠵᠢ ᠴᠢᠨᠠᠭᠰᠢᠳᠠ ᠳᠡᠭᠡᠭᠰᠢᠯᠡᠭᠦᠯᠭᠦ ᠬᠡᠷᠡᠭᠲᠡᠢ
ᠨᠡᠶ᠋ᠢᠲᠡᠯᠡᠭᠰᠡᠨ ᠴᠠᠭ᠄ 2024-02-20

      ᠯᠢ ᠴᠢᠶᠠᠩ ᠸᠠᠩ ᠬᠤ᠌ ᠨᠢᠩ ᠼᠠᠢ ᠴᠢ ᠣᠷᠣᠯᠴᠠᠵᠠᠢ
      ᠰᠢᠨᠬᠤᠸᠠ ᠬᠤᠷᠢᠶ᠎ᠠ ᠵᠢᠨ ᠪᠡᠭᠡᠵᠢᠩ᠎ᠤᠨ 2 ᠰᠠᠷ᠎ᠠ ᠵᠢᠨ 19᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ᠂ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠡᠷᠭᠢᠯᠡᠭᠴᠢ ᠰᠢ ᠵᠢᠨ ᠫᠢᠩ 2 ᠰᠠᠷ᠎ᠠ ᠵᠢᠨ 19᠎ᠤ ᠦᠳᠡ ᠵᠢᠨ ᠬᠤᠶ᠋ᠢᠨ᠎ᠠ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠭᠠᠵᠠᠷ ᠰᠢᠷᠣᠢ ᠵᠢᠨ ᠬᠠᠮᠢᠶᠠᠷᠤᠯᠲᠠ ᠵᠢᠨ ᠳᠦᠷᠢᠮ᠎ᠳᠤ ᠥᠭᠡᠷᠡᠴᠢᠯᠡᠯᠲᠡ ᠬᠢᠵᠦ ᠳᠠᠪᠠᠭᠤᠯᠢᠭ ᠭᠠᠵᠠᠷ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠪᠠᠲᠤᠯᠠᠬᠤ ᠴᠢᠳᠠᠪᠤᠷᠢ ᠵᠢ ᠴᠢᠩᠭ᠋ᠠᠳᠬᠠᠬᠤ ᠲᠤᠬᠠᠢ ᠰᠠᠨᠠᠯ》᠂ 《ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠲᠤᠬᠠᠢ ᠰᠠᠨᠠᠯ》᠂ 《ᠦᠨᠳᠦᠰᠦᠨ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠴᠢᠳᠠᠪᠤᠷᠢ ᠵᠢ ᠴᠢᠨᠠᠭᠰᠢᠳᠠ ᠳᠡᠭᠡᠭᠰᠢᠯᠡᠭᠦᠯᠭᠦ ᠲᠤᠬᠠᠢ ᠰᠠᠨᠠᠯ》᠂ 《ᠪᠦᠭᠦ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠰᠠᠭᠤᠷᠢ ᠳᠦᠷᠢᠮ ᠎ᠢ ᠲᠦᠷᠭᠡᠳᠬᠡᠨ ᠪᠦᠷᠢᠯᠳᠦᠭᠦᠯᠬᠦ ᠲᠤᠬᠠᠢ ᠰᠠᠨᠠᠯ》᠂ 《ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ 2023 ᠣᠨ᠎ᠤ ᠠᠵᠢᠯ᠎ᠤᠨ ᠳ᠋ᠦᠩᠨᠡᠯᠲᠡ ᠵᠢᠨ ᠮᠡᠳᠡᠭᠦᠯᠦᠯᠲᠡ》᠂ 《ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ 2024 ᠣᠨ᠎ᠤ ᠠᠵᠢᠯ᠎ᠤᠨ           ᠭᠤᠣᠯᠳᠠᠯᠭ᠎ᠠ》 ᠵᠢ ᠬᠢᠨᠠᠨ ᠵᠥᠪᠯᠡᠵᠦ ᠪᠠᠲᠤᠯᠠᠵᠠᠢ᠃
      ᠰᠢ ᠵᠢᠨ ᠫᠢᠩ ᠬᠤᠷᠠᠯ᠎ᠢ ᠡᠷᠭᠢᠯᠡᠭᠦ᠎ᠳᠡᠭᠡᠨ᠂ ᠬᠤᠷᠸ᠎ᠠ ᠲᠦᠷᠦ ᠵᠢᠨ ᠪᠣᠳᠣᠯᠭ᠎ᠠ᠂ ᠣᠷᠣᠨ ᠪᠦᠰᠡ ᠵᠢᠨ ᠬᠥᠭᠵᠢᠯᠲᠡ᠎ᠯᠦᠭᠡ ᠨᠡᠩ ᠥᠨᠳᠥᠷ ᠪᠦᠲᠦᠮᠵᠢᠲᠡᠢ ᠵᠣᠯᠭ᠋ᠠᠯᠴᠠᠬᠤ ᠭᠠᠵᠠᠷ ᠰᠢᠷᠣᠢ ᠵᠢᠨ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠭᠠᠵᠠᠷ ᠰᠢᠷᠣᠢ ᠵᠢᠨ ᠡᠯᠧᠮᠧᠨ᠋ᠲ᠎ᠢ ᠲᠣᠬᠢᠷᠠᠭᠤᠯᠬᠤ ᠵᠢᠨ ᠣᠨᠣᠪᠴᠢᠲᠤ ᠴᠢᠨᠠᠷ ᠪᠠ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠭᠤᠣᠯ ᠴᠣᠭᠴᠠ ᠵᠢᠨ ᠴᠢᠳᠠᠮᠵᠢ ᠵᠢᠨ ᠬᠢᠵᠠᠭ᠋ᠠᠷᠯᠠᠯ ᠪᠦᠲᠦᠮᠵᠢᠲᠡᠢ᠂ ᠤᠯᠤᠰ᠎ᠤᠨ ᠨᠤᠲᠤᠭ ᠳᠡᠪᠢᠰᠬᠡᠷ᠎ᠤᠨ ᠨᠡᠭᠡᠭᠡᠨ ᠬᠥᠭᠵᠢᠭᠦᠯᠦᠯᠲᠡ ᠵᠢ ᠵᠣᠬᠢᠴᠠᠩᠭᠤᠢ ᠡᠮᠬᠢ ᠵᠢᠷᠤᠮ᠎ᠲᠠᠢ ᠪᠤᠯᠭ᠋ᠠᠬᠤ ᠣᠷᠣᠨ ᠵᠠᠢ ᠵᠢᠨ ᠬᠥᠭᠵᠢᠯᠲᠡ ᠵᠢᠨ ᠪᠠᠶ᠋ᠢᠷᠢᠰᠢᠯ᠎ᠢ ᠪᠦᠷᠢᠯᠳᠦᠭᠦᠯᠬᠦ ᠵᠢ ᠠᠬᠢᠭᠤᠯᠵᠤ᠂ ᠭᠠᠵᠠᠷ ᠰᠢᠷᠣᠢ ᠵᠢᠨ ᠡᠯᠧᠮᠧᠨ᠋ᠲ᠎ᠤᠨ ᠳᠠᠪᠠᠭᠤᠯᠢᠭ ᠭᠠᠵᠠᠷ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠪᠠᠲᠤᠯᠠᠬᠤ ᠴᠢᠳᠠᠪᠤᠷᠢ ᠵᠢ ᠴᠢᠩᠭ᠋ᠠᠳᠬᠠᠬᠤ ᠬᠡᠷᠡᠭᠲᠡᠢ᠃ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠪᠣᠯ ᠡᠬᠢ ᠪᠠᠶᠠᠯᠢᠭ ᠣᠷᠴᠢᠨ ᠲᠣᠭᠤᠷᠢᠨ ᠠᠮᠢ ᠠᠬᠤᠢ ᠵᠢᠨ ᠠᠰᠠᠭᠤᠳᠠᠯ᠎ᠢ ᠰᠢᠢ᠍ᠳᠪᠦᠷᠢᠯᠡᠬᠦ ᠰᠠᠭᠤᠷᠢ ᠪᠤᠯᠬᠤ ᠠᠷᠭ᠎ᠠ ᠪᠣᠳᠣᠯᠭ᠎ᠠ ᠪᠣᠯᠣᠨ᠎ᠠ᠂ ᠪᠦᠭᠦ ᠲᠠᠯ᠎ᠠ᠎ᠪᠠᠷ ᠭᠡᠯᠪᠡᠷᠢ᠎ᠪᠠᠨ ᠬᠤᠪᠢᠷᠠᠭᠤᠯᠬᠤ᠂ ᠬᠠᠮᠵᠢᠯᠴᠠᠨ ᠭᠡᠯᠪᠡᠷᠢ᠎ᠪᠠᠨ ᠬᠤᠪᠢᠷᠠᠭᠤᠯᠬᠤ᠂ ᠰᠢᠨ᠎ᠡ ᠵᠢ ᠡᠭᠦᠳᠦᠨ ᠭᠡᠯᠪᠡᠷᠢ᠎ᠪᠠᠨ ᠬᠤᠪᠢᠷᠠᠭᠤᠯᠬᠤ᠂ ᠠᠮᠤᠷ ᠲᠦᠪᠰᠢᠨ ᠵᠶ᠋ᠠᠷ ᠭᠡᠯᠪᠡᠷᠢ᠎ᠪᠠᠨ ᠬᠤᠪᠢᠷᠠᠭᠤᠯᠬᠤ ᠵᠢ ᠪᠠᠷᠢᠮᠲᠠᠯᠠᠵᠤ᠂ 《ᠬᠤᠣᠰ ᠨᠡᠭᠦᠷᠡᠰᠦᠲᠥ᠋ᠷᠥᠭᠴᠢ》 ᠵᠢᠨ ᠠᠵᠢᠯ ᠵᠶ᠋ᠠᠷ ᠵᠢᠯᠣᠭᠤᠳᠤᠮᠵᠢ ᠪᠤᠯᠭ᠋ᠠᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ᠂ ᠪᠣᠬᠢᠷᠳᠤᠯ᠎ᠢ ᠪᠠᠭ᠋ᠠᠰᠬᠠᠬᠤ᠂ ᠨᠣᠭᠤᠭ᠋ᠠᠷᠠᠭᠤᠯᠤᠯᠲᠠ ᠵᠢ ᠥᠷᠭᠡᠳᠬᠡᠬᠦ᠂ ᠥᠰᠦᠯᠲᠡ ᠵᠢ ᠨᠡᠮᠡᠭᠳᠡᠭᠦᠯᠬᠦ ᠵᠢ ᠬᠠᠮᠵᠢᠯᠴᠠᠨ ᠠᠬᠢᠭᠤᠯᠵᠤ᠂ ᠪᠣᠬᠢᠷᠳᠤᠯ ᠦᠭᠡᠢ ᠬᠥᠭᠵᠢᠯᠲᠡ ᠵᠢᠨ ᠣᠶ᠋ᠢᠯᠠᠭ᠋ᠠᠭᠳᠠᠬᠤᠨ            ᠎ᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠭᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠬᠤ           ᠬᠡᠷᠡᠭᠲᠡᠢ᠃ ᠦᠨᠳᠦᠰᠦᠨ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠴᠢᠳᠠᠪᠤᠷᠢ ᠵᠢ ᠴᠢᠨᠠᠭᠰᠢᠳᠠ ᠳᠡᠭᠡᠭᠰᠢᠯᠡᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠠᠵᠢᠯ᠎ᠤᠨ ᠬᠦᠴᠦᠨ᠎ᠢ ᠳᠣᠷᠣᠭᠰᠢ ᠪᠠᠭᠤᠯᠭ᠋ᠠᠬᠤ᠂ ᠪᠠᠲᠤᠯᠠᠭ᠎ᠠ ᠵᠢ ᠳᠣᠷᠣᠭᠰᠢ ᠬᠡᠯᠪᠡᠶ᠋ᠢᠯᠭᠡᠬᠦ᠂ ᠪᠣᠭᠤᠮᠲᠠ ᠵᠢ ᠤᠷᠤᠭᠰᠢ ᠰᠢᠯᠵᠢᠭᠦᠯᠬᠦ ᠵᠢ ᠠᠬᠢᠭᠤᠯᠵᠤ᠂ ᠬᠦᠨᠳᠦ ᠶᠡᠭᠡ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠶ᠋ᠢᠯᠡᠨ ᠠᠷᠢᠯᠭ᠋ᠠᠵᠤ᠂ ᠡᠯ᠎ᠡ ᠲᠦᠷᠦᠯ᠎ᠤᠨ ᠭᠠᠮᠰᠢᠭ ᠠᠳᠡᠯ᠎ᠢ ᠴᠠᠭ ᠲᠤᠬᠠᠢ᠎ᠳᠤᠨᠢ ᠬᠦᠴᠦᠲᠡᠢ ᠪᠦᠲᠦᠮᠵᠢᠲᠡᠢ ᠰᠢᠢ᠍ᠳᠪᠦᠷᠢᠯᠡᠵᠦ᠂ ᠠᠮᠤᠷ ᠲᠦᠪᠰᠢᠨ᠎ᠤ ᠰᠠᠭᠤᠷᠢ ᠵᠢ ᠪᠠᠬᠢᠵᠢᠭᠦᠯᠵᠦ᠂ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠪᠠᠲᠤ ᠰᠠᠬᠢᠬᠤ           ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠣᠯᠣᠨ ᠠᠵᠤ ᠠᠬᠤᠢ ᠵᠢᠨ ᠭᠦᠨᠵᠡᠭᠡᠢ ᠠᠭᠤᠰᠤᠯᠴᠠᠯ᠎ᠢ ᠬᠦᠯᠢᠶᠡᠰᠦᠯᠡᠵᠦ ᠪᠠᠶ᠋ᠢᠭ᠎ᠠ ᠲᠣᠪᠣᠶ᠋ᠢᠮ᠎ᠠ ᠠᠰᠠᠭᠤᠳᠠᠯ᠎ᠲᠠᠢ ᠨᠢᠭᠲᠠ ᠤᠶᠠᠯᠳᠤᠭᠤᠯᠵᠤ᠂ ᠰᠢᠨ᠎ᠡ ᠵᠢ ᠡᠭᠦᠳᠬᠦ᠎ᠳᠤ ᠶᠠᠭᠤ ᠬᠢᠬᠦ᠂ ᠬᠡᠨ ᠰᠢᠨ᠎ᠡ ᠵᠢ ᠡᠭᠦᠳᠬᠦ ᠵᠢ ᠵᠣᠬᠢᠶᠠᠨ ᠪᠠᠶ᠋ᠢᠭᠤᠯᠬᠤ᠂ ᠰᠢᠨ᠎ᠡ ᠵᠢ ᠡᠭᠦᠳᠬᠦ ᠵᠢ ᠬᠡᠷᠬᠢᠨ ᠳᠡᠮᠵᠢᠨ ᠵᠣᠷᠢᠭᠵᠢᠭᠤᠯᠵᠤ ᠬᠠᠮᠠᠭ᠋ᠠᠯᠠᠬᠤ ᠵᠢᠨ ᠲᠣᠭᠤᠷᠢᠨ᠎ᠳᠤ᠂ ᠥᠭᠡᠷᠡᠴᠢᠯᠡᠯᠲᠡ ᠵᠢᠨ ᠪᠣᠭᠤᠮᠲᠠ ᠰᠢᠪᠲᠤᠯᠬᠤ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠪᠦᠭᠦ ᠲᠠᠯ᠎ᠠ᠎ᠪᠠᠷ ᠰᠢᠨ᠎ᠡ ᠵᠢ ᠡᠭᠦᠳᠬᠦ ᠰᠠᠭᠤᠷᠢ ᠳᠦᠷᠢᠮ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
      ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠌ ᠨᠢᠩ᠂ ᠼᠠᠢ ᠴᠢ ᠬᠤᠷᠠᠯ᠎ᠳᠤ ᠣᠷᠣᠯᠴᠠᠪᠠ᠃
      ᠬᠤᠷᠠᠯ᠎ᠠᠴᠠ᠂ ᠣᠷᠣᠨ ᠪᠦᠰᠡ ᠵᠢᠨ ᠠᠵᠤ ᠠᠬᠤᠢ ᠵᠢᠨ ᠪᠠᠶ᠋ᠢᠷᠢᠰᠢᠭᠤᠯᠤᠯᠲᠠ ᠪᠣᠯᠣᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠠᠰᠢᠭᠯᠠᠯᠲᠠ ᠵᠢ ᠰᠠᠶ᠋ᠢᠲᠤᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠭᠠᠵᠠᠷ᠎ᠤᠨ ᠦᠢ᠍ᠯᠡᠳᠦᠯ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠪᠣᠯᠣᠨ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠵᠤ᠂ ᠭᠠᠵᠠᠷ ᠰᠢᠷᠣᠢ ᠵᠢᠨ ᠬᠠᠮᠢᠶᠠᠷᠤᠯᠲᠠ ᠵᠢᠨ ᠲᠦᠷᠦ ᠵᠢᠨ ᠪᠣᠳᠣᠯᠭ᠎ᠠ ᠵᠢᠨ ᠨᠢᠭᠡᠴᠢ ᠵᠢ ᠨᠠᠷᠢᠯᠢᠭᠵᠢᠭᠤᠯᠵᠤ᠂ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠦᠪᠰᠢᠨ᠎ᠢ ᠳᠡᠭᠡᠭᠰᠢᠯᠡᠭᠦᠯᠵᠦ᠂ ᠳᠠᠪᠠᠭᠤᠯᠢᠭ ᠭᠠᠵᠠᠷ ᠣᠷᠣᠨ᠎ᠤ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠬᠤ ᠬᠡᠷᠡᠭᠲᠡᠢ᠃ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢ ᠬᠠᠮᠢᠶᠠᠷᠤᠨ ᠡᠵᠡᠮᠳᠡᠬᠦ ᠵᠠᠭ᠋ᠠᠭ ᠬᠢᠵᠠᠭ᠋ᠠᠷ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠬᠤᠳᠠ ᠪᠠᠯᠭ᠋ᠠᠰᠤᠨ᠎ᠤ ᠨᠡᠭᠡᠭᠡᠨ ᠬᠥᠭᠵᠢᠭᠦᠯᠬᠦ ᠵᠠᠭ᠋ᠠᠭ ᠬᠢᠵᠠᠭ᠋ᠠᠷ ᠵᠡᠷᠭᠡ ᠭᠤᠷᠪᠠᠨ ᠬᠢᠵᠠᠭ᠋ᠠᠷᠯᠠᠬᠤ ᠱᠤᠭᠤᠮ᠎ᠢ ᠴᠢᠩᠭ᠎ᠠ ᠰᠠᠬᠢᠵᠤ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠰᠦᠪᠡᠭᠴᠢᠯᠡᠯᠲᠡ ᠵᠢᠨ ᠴᠢᠨᠠᠷᠲᠠᠢ ᠪᠥᠭᠡᠳ ᠲᠤᠶ᠋ᠢᠯ᠎ᠤᠨ ᠪᠠᠴᠢᠮ ᠲᠤᠯᠭ᠋ᠠᠮ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠭᠦᠨᠵᠡᠭᠡᠢ ᠰᠤᠳᠤᠯᠵᠤ᠂ ᠯᠠᠪᠳᠠᠭᠤᠨ ᠪᠣᠯᠭᠤᠮᠵᠢᠲᠠᠢ᠎ᠪᠠᠷ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠦᠭᠦ ᠲᠠᠯ᠎ᠠ᠎ᠪᠠᠷ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ᠎ᠳᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶ᠋ᠢᠲᠠᠢ ᠬᠥᠭᠵᠢᠯᠲᠡ ᠵᠢᠨ ᠣᠷᠣᠨ ᠵᠠᠢ ᠵᠢᠨ ᠪᠠᠶ᠋ᠢᠷᠢᠰᠢᠯ᠎ᠢ ᠪᠠᠶ᠋ᠢᠭᠤᠯᠵᠤ᠂ ᠠᠵᠤ ᠦᠢ᠍ᠯᠡᠰ᠎ᠤᠨ ᠪᠦᠲᠦᠴᠡ᠂ ᠡᠨᠧᠷᠭᠢ ᠵᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠪᠦᠲᠦᠴᠡ᠂ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠬᠥᠭᠵᠢᠯᠲᠡ ᠵᠢᠨ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠤᠷᠢᠨ᠎ᠢ ᠬᠠᠮᠠᠭ᠋ᠠᠯᠠᠬᠤ ᠦᠢ᠍ᠯᠡᠳᠪᠦᠷᠢᠯᠡᠯ᠎ᠤᠨ ᠠᠷᠭ᠎ᠠ ᠭᠡᠯᠪᠡᠷᠢ ᠪᠣᠯᠣᠨ ᠠᠮᠢᠳᠤᠷᠠᠯ᠎ᠤᠨ ᠠᠷᠭ᠎ᠠ ᠭᠡᠯᠪᠡᠷᠢ ᠵᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠵᠠᠩᠭᠢᠯᠠᠭ᠎ᠠ ᠵᠢᠨ ᠭᠤᠭᠴᠤᠭ᠎ᠠ ᠵᠢ ᠠᠳᠬᠤᠵᠤ᠂ ᠪᠦᠭᠦ ᠲᠠᠯ᠎ᠠ᠎ᠪᠠᠷ ᠠᠷᠪᠢᠯᠠᠨ ᠭᠠᠮᠨᠠᠬᠤ ᠵᠢ ᠠᠬᠢᠭᠤᠯᠵᠤ᠂ ᠬᠡᠷᠡᠭᠯᠡᠭᠡ ᠵᠢᠨ ᠭᠡᠯᠪᠡᠷᠢ ᠵᠢ ᠬᠤᠪᠢᠷᠠᠭᠤᠯᠬᠤ ᠵᠢ ᠲᠦᠷᠭᠡᠳᠬᠡᠵᠦ᠂ ᠪᠣᠬᠢᠷᠳᠤᠯ ᠦᠭᠡᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠲᠡᠷᠢᠭᠦᠨ᠎ᠤ ᠪᠣᠬᠢᠷᠳᠤᠯ ᠦᠭᠡᠢ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ ᠵᠢ ᠴᠢᠩᠭ᠋ᠠᠳᠬᠠᠬᠤ           ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠳᠡᠮᠵᠢᠬᠦ ᠡᠳ᠋᠎ᠤᠨ ᠵᠠᠰᠠᠭ ᠭᠠᠶ᠋ᠢᠯᠢ᠂ ᠮᠥᠩᠭᠦᠨ ᠭᠦᠢ᠍ᠯᠭᠡᠭᠡᠨ᠂ ᠪᠡᠯᠡ ᠣᠷᠣᠭᠤᠯᠤᠯᠲᠠ᠂ ᠦᠨ᠎ᠡ ᠬᠠᠩᠰᠢ  ᠵᠢᠨ ᠲᠦᠷᠦ ᠵᠢᠨ ᠪᠣᠳᠣᠯᠭ᠎ᠠ ᠪᠣᠯᠣᠨ ᠬᠤᠯᠪᠣᠭᠳᠠᠯ ᠪᠦᠬᠦᠢ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠵᠢ ᠪᠦᠷᠢᠨᠰᠢᠭᠦᠯᠵᠦ᠂ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ᠎ᠳᠤ ᠲᠦᠷᠦ ᠵᠢᠨ ᠪᠣᠳᠣᠯᠭ᠎ᠠ ᠵᠢᠨ ᠳᠡᠮᠵᠢᠯᠭᠡ ᠪᠣᠯᠣᠨ ᠳᠦᠷᠢᠮ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠰᠢᠯᠤᠭᠤᠳᠬᠠᠵᠤ᠂ ᠨᠠᠮ᠎ᠤᠨ ᠦᠨᠳᠦᠰᠦᠨ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠠᠵᠢᠯ᠎ᠳᠠᠬᠢ ᠤᠳᠤᠷᠢᠳᠤᠯᠭ᠎ᠠ ᠵᠢ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠶᠡᠷᠦᠩᠬᠡᠶ᠋ᠢᠯᠡᠭᠰᠡᠨ ᠳᠠᠪᠠᠭᠤᠯᠢᠭ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠲᠠᠯ᠎ᠠ ᠵᠢᠨ ᠲᠤᠰᠬᠠᠢ ᠮᠡᠷᠭᠡᠵᠢᠯ᠎ᠤᠨ ᠳᠠᠪᠠᠭᠤᠯᠢᠭ᠎ᠢ ᠪᠠᠳᠠᠷᠠᠭᠤᠯᠵᠤ᠂ 《ᠰᠡᠷᠭᠡᠶ᠋ᠢᠯᠡᠬᠦ》 ᠪᠠ 《ᠠᠪᠤᠷᠠᠬᠤ》 ᠬᠠᠷᠢᠭᠤᠴᠠᠯᠭ᠎ᠠ ᠵᠢᠨ ᠬᠡᠯᠬᠢᠶ᠎ᠡ ᠵᠢ ᠰᠠᠶ᠋ᠢᠲᠤᠷ ᠵᠣᠯᠭ᠋ᠠᠭᠤᠯᠵᠤ᠂ ᠶᠡᠭᠡ ᠠᠮᠤᠷ ᠲᠦᠪᠰᠢᠨ ᠶᠡᠭᠡ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠣᠷᠣ ᠲᠥᠯᠥᠪ ᠎ᠢ ᠪᠦᠷᠢᠨᠰᠢᠭᠦᠯᠬᠦ ᠬᠡᠷᠡᠭᠲᠡᠢ᠃ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠵᠦ᠂ ᠭᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠬᠤ᠂ ᠠᠶᠤᠯ ᠲᠦᠭᠰᠢᠭᠦᠷᠢ ᠵᠢ ᠢᠯᠭ᠋ᠠᠨ ᠲᠠᠨᠢᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠴᠠᠭ ᠲᠤᠬᠠᠢ᠎ᠳᠤᠨᠢ ᠰᠢᠢ᠍ᠳᠪᠦᠷᠢᠯᠡᠬᠦ ᠪᠢᠲᠡᠭᠦᠮᠵᠢᠯᠡᠭᠰᠡᠨ ᠬᠠᠮᠢᠶᠠᠷᠤᠯᠲᠠ ᠵᠢᠨ ᠪᠦᠷᠢᠯᠳᠦᠬᠦ ᠵᠢ ᠠᠬᠢᠭᠤᠯᠵᠤ᠂ ᠤᠷᠢᠳᠴᠢᠯᠠᠨ ᠰᠡᠷᠭᠡᠶ᠋ᠢᠯᠡᠬᠦ᠂ ᠡᠷᠲᠡ᠎ᠠᠴᠠ ᠢᠯᠡᠷᠡᠭᠦᠯᠬᠦ᠂ ᠪᠠᠭ᠎ᠠ ᠳᠡᠭᠡᠷ᠎ᠡ᠎ᠨᠢ ᠰᠢᠢ᠍ᠳᠪᠦᠷᠢᠯᠡᠬᠦ ᠵᠢ ᠪᠡᠶᠡᠯᠡᠭᠦᠯᠬᠦ ᠬᠡᠷᠡᠭᠲᠡᠢ᠃ ᠪᠠᠲᠤᠯᠠᠭ᠎ᠠ ᠵᠢᠨ ᠲᠣᠭᠲᠠᠴᠠ ᠵᠢ ᠪᠦᠷᠢᠨᠰᠢᠭᠦᠯᠵᠦ᠂ ᠰᠠᠭᠤᠷᠢᠯᠠᠬᠤ ᠴᠢᠨᠠᠷᠲᠠᠢ ᠣᠷᠣᠭᠤᠯᠤᠯᠲᠠ ᠵᠢ ᠨᠡᠮᠡᠭᠳᠡᠭᠦᠯᠦᠨ᠂ ᠭᠠᠵᠠᠷ ᠣᠷᠣᠨ᠎ᠤ ᠬᠥᠮᠥᠨ ᠠᠮᠠ ᠵᠢᠨ ᠲᠤᠭ᠎ᠠ ᠬᠡᠮᠵᠢᠶ᠎ᠡ᠂ ᠠᠵᠤ ᠠᠬᠤᠢ ᠵᠢᠨ ᠬᠡᠪᠴᠢᠶ᠎ᠡ᠂ ᠭᠠᠮᠰᠢᠭ᠎ᠤᠨ ᠠᠳᠡᠯ᠎ᠤᠨ ᠣᠨᠴᠠᠯᠢᠭ᠂ ᠠᠮᠤᠷ ᠲᠦᠪᠰᠢᠨ᠎ᠤ ᠲᠦᠭᠰᠢᠭᠦᠷᠢ ᠵᠢᠨ ᠬᠡᠮᠵᠢᠶ᠎ᠡ ᠵᠡᠷᠭᠡ ᠬᠦᠴᠦᠨ ᠵᠦᠢ᠍ᠯ᠎ᠢ ᠦᠨᠳᠦᠰᠦᠯᠡᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠪᠦᠷᠢᠨ ᠭᠦᠢ᠍ᠴᠡᠳ ᠬᠦᠴᠦᠷᠬᠡᠭ ᠬᠦᠴᠦᠨ᠎ᠢ ᠲᠣᠬᠢᠷᠠᠭᠤᠯᠬᠤ           ᠬᠡᠷᠡᠭᠲᠡᠢ᠃ ᠦᠨᠳᠦᠰᠦᠨ ᠱᠠᠲᠤᠨ ᠎ᠤ ᠺᠠᠳ᠋ᠷ᠎ᠤᠨ ᠬᠥᠮᠦᠵᠢᠯ ᠪᠣᠯᠪᠠᠰᠤᠷᠠᠯ᠎ᠢ ᠴᠢᠩᠭ᠋ᠠᠳᠬᠠᠵᠤ᠂ ᠨᠡᠶ᠋ᠢᠭᠡᠮ᠎ᠤᠨ ᠤᠯᠠᠨ ᠨᠡᠶ᠋ᠢᠲᠡ ᠵᠢᠨ ᠠᠶᠤᠯ ᠲᠦᠭᠰᠢᠭᠦᠷᠢ ᠵᠢ ᠰᠡᠷᠭᠡᠶ᠋ᠢᠯᠡᠬᠦ ᠤᠬᠠᠮᠰᠠᠷ ᠪᠣᠯᠣᠨ ᠥᠪᠡᠷ᠎ᠢ᠎ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠪᠦᠭᠦ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠰᠠᠭᠤᠷᠢ ᠳᠦᠷᠢᠮ᠎ᠢ ᠲᠦᠷᠭᠡᠳᠬᠡᠨ ᠪᠦᠷᠢᠯᠳᠦᠭᠦᠯᠬᠦ ᠪᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠵᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠳᠠᠬᠢ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢᠨ ᠪᠠᠶ᠋ᠢᠭᠤᠯᠤᠮᠵᠢ ᠵᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠵᠢᠨ ᠤᠯᠤᠰ ᠳᠠᠶᠠᠭ᠋ᠠᠷ᠎ᠤᠨ ᠪᠠᠶ᠋ᠢᠭᠤᠯᠤᠮᠵᠢ ᠵᠢ ᠪᠦᠷᠢᠨᠰᠢᠭᠦᠯᠵᠦ᠂ ᠭᠤᠣᠯ ᠴᠣᠭᠴᠠ ᠵᠢᠨ ᠬᠠᠮᠵᠢᠯᠴᠠᠭ᠎ᠠ᠂ ᠴᠢᠬᠤᠯᠠ ᠡᠯᠧᠮᠧᠨ᠋ᠲ᠎ᠤᠨ ᠲᠣᠬᠢᠷᠠᠭᠤᠯᠤᠯᠲᠠ᠂ ᠤᠷᠮᠠᠰᠢᠭᠤᠯᠵᠤ ᠬᠢᠵᠠᠭ᠋ᠠᠷᠯᠠᠬᠤ᠂ ᠨᠡᠭᠡᠭᠡᠯᠲᠡᠲᠤ ᠠᠮᠤᠷ ᠲᠦᠪᠰᠢᠨ ᠵᠡᠷᠭᠡ ᠲᠠᠯ᠎ᠠ ᠵᠢᠨ ᠲᠣᠪᠣᠶ᠋ᠢᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠦᠷᠢᠮ᠎ᠤᠨ ᠳᠤᠲᠠᠭᠤᠳᠠᠯ᠎ᠢ ᠨᠥᠬᠦᠪᠦᠷᠢᠯᠡᠬᠦ           ᠬᠡᠷᠡᠭᠲᠡᠢ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠮᠡᠷᠭᠡᠵᠢᠯ᠎ᠤᠨ ᠨᠡᠭᠡᠭᠡᠨ ᠬᠥᠭᠵᠢᠭᠦᠯᠦᠯᠲᠡ᠂ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠠᠳᠠᠯᠢ ᠪᠤᠰᠤ ᠵᠢᠮ᠎ᠡ ᠶᠣᠰᠣ ᠵᠢ ᠦᠨᠳᠦᠰᠦᠯᠡᠨ᠂ ᠳᠦᠷᠢᠮ᠎ᠤᠨ ᠵᠢᠷᠤᠭ ᠲᠥᠯᠥᠪᠯᠡᠭᠡ ᠵᠢ ᠲᠥᠷᠥᠯ ᠬᠤᠪᠢᠶᠠᠨ ᠴᠢᠩᠭ᠋ᠠᠳᠬᠠᠵᠤ᠂ ᠴᠢᠬᠤᠯᠠ ᠶᠡᠭᠡ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠤᠷᠢᠳ ᠵᠶ᠋ᠠᠷ ᠬᠢᠬᠦ ᠬᠡᠷᠡᠭᠲᠡᠢ᠃ ᠰᠢᠰᠲ᠋ᠧᠮ᠎ᠤᠨ ᠬᠤᠷᠠᠮᠠᠯ᠎ᠢ ᠴᠢᠩᠭ᠋ᠠᠳᠬᠠᠵᠤ᠂ ᠰᠢᠨ᠎ᠡ᠎ᠪᠠᠷ ᠨᠡᠶ᠋ᠢᠲᠡᠯᠡᠭᠰᠡᠨ ᠠᠷᠭ᠎ᠠ ᠬᠡᠮᠵᠢᠶ᠎ᠡ᠂ ᠰᠢᠨ᠎ᠡ᠎ᠪᠠᠷ ᠲᠣᠭᠲᠠᠭ᠋ᠠᠭᠰᠠᠨ ᠳᠦᠷᠢᠮ᠎ᠳᠤ ᠲᠥᠷᠥ ᠵᠢᠨ ᠪᠣᠳᠣᠯᠭ᠎ᠠ ᠵᠢᠨ ᠬᠠᠨᠳᠤᠰᠢ ᠵᠢᠨ ᠨᠢᠭᠡᠳᠦᠯᠲᠦ ᠴᠢᠨᠠᠷᠲᠠᠢ᠎ᠳᠤ ᠦᠨᠡᠯᠡᠯᠲᠡ ᠬᠢᠵᠦ᠂ ᠠᠳᠠᠯᠢ ᠴᠢᠭᠯᠡᠯ  ᠵᠶ᠋ᠠᠷ ᠬᠦᠴᠦᠯᠡᠵᠦ᠂ ᠬᠠᠮᠲᠤᠷᠠᠯ ᠬᠦᠴᠦᠨ᠎ᠢ ᠪᠦᠷᠢᠯᠳᠦᠭᠦᠯᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠥᠩᠭᠡᠷᠡᠭᠰᠡᠨ ᠨᠢᠭᠡ ᠵᠢᠯ᠎ᠳᠤ᠂ ᠪᠢᠳᠡ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠶᠠᠪᠤᠴᠠ᠎ᠳᠤ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠳᠤ ᠳᠤᠷᠠᠳᠤᠭᠰᠠᠨ ᠰᠢᠨ᠎ᠡ ᠱᠠᠭ᠋ᠠᠷᠳᠠᠯᠭ᠎ᠠ ᠵᠢ ᠭᠦᠨᠵᠡᠭᠡᠢ ᠡᠵᠡᠮᠳᠡᠵᠦ᠂ ᠰᠢᠨ᠎ᠡ ᠭᠠᠷᠤᠭ᠎ᠠ ᠳᠡᠭᠡᠷ᠎ᠡ᠎ᠠᠴᠠ ᠥᠭᠡᠷᠡᠴᠢᠯᠡᠯᠲᠡ ᠵᠢᠨ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠣᠨᠢᠨ ᠳᠡᠭᠡᠷ᠎ᠡ᠎ᠨᠢ ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠰᠢᠨ᠎ᠡ ᠠᠶᠠᠨ᠎ᠢ ᠡᠬᠢᠯᠡᠭᠦᠯᠬᠦ᠎ᠳᠤ ᠬᠥᠳᠡᠯᠭᠡᠬᠦ ᠬᠦᠴᠦᠨ ᠠᠮᠢᠵᠢᠷᠠᠯ᠎ᠤᠨ ᠬᠦᠴᠦᠨ ᠬᠠᠩᠭ᠋ᠠᠪᠠ᠃ ᠨᠠᠮ᠎ᠤᠨ ᠬᠤᠷᠢᠳᠤᠭ᠋ᠠᠷ ᠶᠡᠭᠡ ᠬᠤᠷᠠᠯ᠎ᠠᠴᠠ ᠪᠠᠶ᠋ᠢᠷᠢᠯᠠᠭᠤᠯᠤᠭᠰᠠᠨ ᠥᠭᠡᠷᠡᠴᠢᠯᠡᠯᠲᠡ ᠵᠢᠨ ᠡᠭᠦᠷᠭᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠨᠢᠭᠡ ᠪᠦᠯᠦᠭ ᠴᠢᠬᠤᠯᠠ ᠥᠭᠡᠷᠡᠴᠢᠯᠡᠯᠲᠡ ᠵᠢᠨ ᠪᠢᠴᠢᠭ ᠮᠠᠲ᠋ᠧᠷᠢᠶᠠᠯ᠎ᠢ ᠰᠤᠳᠤᠯᠤᠨ ᠪᠠᠲᠤᠯᠠᠵᠤ᠂ ᠬᠦᠴᠦᠨ ᠵᠶ᠋ᠠᠨ ᠲᠥᠪᠯᠡᠷᠡᠭᠦᠯᠦᠨ ᠴᠢᠨᠠᠷ ᠰᠠᠶ᠋ᠢᠲᠠᠢ ᠬᠥᠭᠵᠢᠯᠲᠡ᠎ᠳᠤ ᠪᠠᠴᠢᠮ ᠱᠠᠭ᠋ᠠᠷᠳᠠᠭᠳᠠᠵᠤ ᠪᠠᠶ᠋ᠢᠭ᠎ᠠ᠂ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶ᠋ᠢᠭ᠎ᠠ ᠲᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠪᠡ᠃ ᠨᠠᠮ ᠪᠠ ᠲᠥᠷᠥ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠨᠠᠮ᠎ᠤᠨ ᠤᠳᠤᠷᠢᠳᠬᠤ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠮᠥᠩᠭᠦᠨ ᠭᠦᠢ᠍ᠯᠭᠡᠭᠡᠨ ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠠᠬᠢ ᠪᠠᠶ᠋ᠢᠭᠤᠯᠤᠮᠵᠢ ᠵᠢᠨ ᠲᠤᠰᠢᠶᠠᠯ ᠬᠠᠷᠢᠭᠤᠴᠠᠯᠭ᠎ᠠ ᠵᠢᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠲᠥᠪ᠎ᠤᠨ ᠳᠠᠪᠬᠤᠷᠭ᠎ᠠ ᠵᠢᠨ ᠥᠭᠡᠷᠡᠴᠢᠯᠡᠯᠲᠡ ᠵᠢᠨ ᠡᠭᠦᠷᠭᠡ ᠵᠢ ᠦᠨᠳᠦᠰᠦᠨ᠎ᠳᠡᠭᠡᠨ                  ᠪᠡᠶᠡᠯᠡᠭᠦᠯᠪᠡ᠃ ᠭᠤᠣᠯᠳᠠᠯᠭ᠎ᠠ᠎ᠲᠠᠢ ᠥᠭᠡᠷᠡᠴᠢᠯᠡᠯᠲᠡ ᠵᠢᠨ ᠡᠭᠦᠷᠭᠡ ᠵᠢ ᠵᠣᠬᠢᠴᠠᠭᠤᠯᠤᠨ ᠠᠬᠢᠭᠤᠯᠬᠤ᠂ ᠱᠠᠯᠠᠪᠳᠠᠭᠤᠯᠤᠨ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠵᠤ᠂ ᠥᠭᠡᠷᠡᠴᠢᠯᠡᠯᠲᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠳᠦᠮᠵᠢ ᠭᠠᠷᠭ᠋ᠠᠬᠤ ᠵᠢ ᠠᠬᠢᠭᠤᠯᠪᠠ᠃
      ᠡᠨᠡ ᠵᠢᠯ ᠪᠣᠯ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠪᠠᠰᠠ ᠨᠢᠭᠡᠨ ᠴᠢᠬᠤᠯᠠ ᠵᠢᠯ ᠮᠥᠨ᠂ ᠡᠨᠡ ᠵᠢᠯ᠎ᠤᠨ ᠭᠤᠣᠯ ᠡᠭᠦᠷᠭᠡ ᠪᠣᠯ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠶᠠᠪᠤᠳᠠᠯ᠎ᠢ ᠲᠥᠯᠥᠪᠯᠡᠬᠦ ᠶᠠᠪᠤᠳᠠᠯ ᠪᠣᠯᠣᠨ᠎ᠠ᠂ ᠡᠨᠡ ᠪᠣᠯ ᠨᠠᠮ ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠠᠴᠠ ᠨᠠᠭ᠋ᠠᠰᠢᠬᠢ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠦᠢ᠍ᠯᠡᠳᠦᠯᠭᠡ ᠵᠢᠨ ᠦᠷᠭᠦᠯᠵᠢᠯᠡᠯ ᠮᠥᠨ ᠪᠥᠭᠡᠳ ᠪᠠᠰᠠ ᠴᠤ᠌ ᠰᠢᠨ᠎ᠡ ᠠᠶᠠᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠴᠠᠭ ᠦᠶ᠎ᠡ ᠵᠢᠨ ᠰᠢᠨ᠎ᠡ ᠬᠠᠭᠤᠳᠠᠰᠤ           ᠮᠥᠨ᠃ ᠥᠭᠡᠷᠡᠴᠢᠯᠡᠯᠲᠡ ᠨᠡᠭᠡᠭᠡᠯᠲᠡ ᠭᠡᠬᠦ ᠡᠨᠡ ᠬᠦ᠌ ᠵᠠᠩᠭᠢᠯᠠᠭ᠎ᠠ ᠵᠢᠨ ᠠᠷᠭ᠎ᠠ᠎ᠪᠠᠷ ᠬᠥᠭᠵᠢᠯᠲᠡ ᠵᠢᠨ ᠳᠤᠮᠳᠠᠬᠢ ᠠᠰᠠᠭᠤᠳᠠᠯ᠎ᠢ ᠰᠢᠢ᠍ᠳᠪᠦᠷᠢᠯᠡᠬᠦ᠂ ᠤᠷᠤᠭᠰᠢᠯᠠᠯᠲᠠ ᠵᠢᠨ ᠵᠠᠮ ᠳᠡᠭᠡᠷᠡᠬᠢ ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭ᠋ᠠᠴᠠᠭ᠋ᠠᠬᠤ ᠵᠢ ᠪᠠᠷᠢᠮᠲᠠᠯᠠᠬᠤ ᠬᠡᠷᠡᠭᠲᠡᠢ᠃ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ᠂ ᠪᠦᠲᠦᠴᠡ ᠵᠢ ᠰᠢᠯᠢᠳᠡᠭᠵᠢᠭᠦᠯᠬᠦ᠂ ᠢᠲᠡᠭᠡᠯ ᠵᠣᠷᠢᠭ᠎ᠢ ᠬᠥᠪᠴᠢᠯᠡᠬᠦ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠎ᠳᠤ ᠠᠰᠢᠭᠲᠠᠢ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠬᠠᠮᠤᠭ᠎ᠤᠨ ᠵᠠᠩᠭᠢᠯᠠᠭ᠎ᠠ ᠵᠢᠨ᠂ ᠬᠠᠮᠤᠭ᠎ᠤᠨ ᠲᠤᠯᠭ᠋ᠠᠮ ᠠᠰᠠᠭᠤᠳᠠᠯ᠎ᠢ ᠲᠥᠪᠯᠡᠷᠡᠭᠦᠯᠦᠨ ᠰᠢᠢ᠍ᠳᠪᠦᠷᠢᠯᠡᠬᠦ ᠬᠡᠷᠡᠭᠲᠡᠢ᠃ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠳᠤᠮᠳᠠᠳᠤ ᠤᠯᠤᠰ ᠎ᠤᠨ ᠮᠠᠶᠢᠭ᠎ᠤᠨ ᠣᠳᠣᠬᠢᠴᠢᠯᠠᠯᠲᠠ ᠵᠢᠨ ᠤᠷᠤᠭᠰᠢᠲᠠᠢ ᠠᠭᠢᠬᠤ ᠵᠢ ᠬᠠᠷᠰᠢᠯᠠᠵᠤ ᠪᠠᠶ᠋ᠢᠭ᠎ᠠ ᠪᠠᠶ᠋ᠢᠭᠤᠯᠤᠮᠵᠢ ᠲᠣᠭᠲᠠᠴᠠ ᠵᠢᠨ ᠬᠠᠷᠰᠢ ᠰᠠᠭ᠋ᠠᠳ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠥᠭᠡᠷᠡᠴᠢᠯᠡᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠭᠤᠣᠯᠳᠠᠯᠭ᠎ᠠ᠂ ᠤᠷᠢᠳ ᠵᠶ᠋ᠠᠷ ᠬᠢᠬᠦ ᠲᠡᠰ ᠳᠠᠷᠠᠭ᠋ᠠᠯᠠᠯ᠂ ᠭᠤᠣᠯ ᠰᠢᠪᠲᠤᠯᠬᠤ ᠴᠢᠭᠯᠡᠯ᠂ ᠠᠬᠢᠭᠤᠯᠬᠤ ᠠᠷᠭ᠎ᠠ ᠭᠡᠯᠪᠡᠷᠢ ᠵᠢ ᠲᠣᠳᠣᠷᠬᠠᠶ᠋ᠢᠯᠠᠵᠤ᠂ ᠥᠭᠡᠷᠡᠴᠢᠯᠡᠯᠲᠡ ᠵᠢᠨ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠲᠤᠪᠤᠶ᠋ᠢᠯᠭ᠋ᠠᠵᠤ᠂           ᠡᠯ᠎ᠡ ᠬᠦᠷᠢᠶᠡᠨ᠎ᠳᠠᠬᠢ ᠭᠤᠣᠯᠳᠠᠯᠭ᠎ᠠ᠎ᠲᠠᠢ ᠥᠭᠡᠷᠡᠴᠢᠯᠡᠯᠲᠡ ᠵᠢᠨ ᠡᠭᠦᠷᠭᠡ ᠵᠢ ᠲᠤᠪᠤᠶ᠋ᠢᠯᠭ᠋ᠠᠬᠤ               ᠬᠡᠷᠡᠭᠲᠡᠢ᠃ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠎ᠳᠤ ᠢᠯᠡ ᠲᠣᠳᠣ ᠬᠠᠨᠳᠤᠯᠭ᠋ᠠᠲᠤ ᠴᠢᠨᠠᠷ᠎ᠲᠠᠢ ᠪᠠᠶ᠋ᠢᠵᠤ᠂ ᠬᠠᠮᠤᠭ᠎ᠤᠨ ᠲᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠬᠦ᠎ᠪᠠᠷ ᠰᠢᠭᠤᠳ ᠬᠦᠴᠦᠯᠡᠵᠦ᠂ ᠥᠭᠡᠷᠡᠴᠢᠯᠡᠯᠲᠡ ᠵᠢᠨ ᠦᠨᠦᠷ ᠠᠮᠲᠠ ᠥᠳᠬᠡᠨ᠂ ᠶᠠᠰᠤ ᠴᠢᠨᠠᠷ ᠰᠠᠶ᠋ᠢᠨ ᠪᠠᠶ᠋ᠢᠬᠤ ᠬᠡᠷᠡᠭᠲᠡᠢ᠃ ᠡᠯ᠎ᠡ ᠲᠠᠯ᠎ᠠ ᠵᠢᠨ ᠥᠭᠡᠷᠡᠴᠢᠯᠡᠯᠲᠡ ᠵᠢᠨ ᠢᠳᠡᠪᠬᠢᠵᠢᠯ᠎ᠢ ᠭᠦᠢ᠍ᠴᠡᠳ ᠲᠠᠶ᠋ᠢᠴᠢᠯᠠᠵᠤ᠂ ᠥᠭᠡᠷᠡᠴᠢᠯᠡᠯᠲᠡ ᠵᠢᠨ ᠬᠠᠮᠲᠤ ᠵᠢᠨ ᠲᠠᠨᠢᠯᠲᠠ ᠵᠢ ᠴᠢᠨᠠᠭᠰᠢᠳᠠ ᠨᠢᠭᠲᠠᠷᠠᠭᠤᠯᠵᠤ᠂ ᠪᠦᠭᠦ ᠨᠠᠮ ᠪᠦᠭᠦ ᠤᠯᠤᠰ᠎ᠤᠨ ᠬᠦᠴᠦᠨ᠎ᠢ ᠲᠠᠶ᠋ᠢᠴᠢᠯᠠᠨ ᠴᠢᠬᠤᠯᠠ ᠶᠡᠭᠡ ᠥᠭᠡᠷᠡᠴᠢᠯᠡᠯᠲᠡ ᠵᠢᠨ ᠡᠭᠦᠷᠭᠡ ᠵᠢ ᠠᠬᠢᠭᠤᠯᠬᠤ ᠪᠠ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠡᠯ᠎ᠡ ᠲᠠᠯ᠎ᠠ ᠵᠢᠨ ᠰᠠᠨᠠᠯ ᠰᠠᠨᠠᠭᠤᠯᠭ᠎ᠠ ᠵᠢ ᠥᠷᠭᠡᠨ ᠵᠶ᠋ᠠᠷ ᠰᠣᠨᠣᠰᠴᠤ᠂ ᠦᠨᠳᠦᠰᠦᠨ ᠱᠠᠲᠤ ᠪᠣᠯᠣᠨ ᠤᠯᠠᠨ ᠲᠦᠮᠡᠨ᠎ᠤ ᠡᠭᠦᠳᠦᠨ ᠪᠦᠲᠦᠭᠡᠭᠰᠡᠨ ᠰᠢᠨ᠎ᠡ ᠲᠤᠷᠰᠢᠯᠭ᠎ᠠ ᠵᠢ ᠴᠠᠭ ᠲᠤᠬᠠᠢ᠎ᠳᠤᠨᠢ ᠳ᠋ᠦᠩᠨᠡᠵᠦ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠵᠣᠷᠢᠭᠵᠢᠭᠤᠯᠵᠤ᠂ ᠵᠣᠷᠢᠭᠲᠠᠢ᠎ᠪᠠᠷ ᠰᠢᠨ᠎ᠡ ᠵᠢ ᠡᠭᠦᠳᠬᠦ᠂ ᠦᠨᠡᠨ ᠬᠦ᠌ ᠠᠳᠬᠤᠨ ᠪᠣᠳᠠᠲᠠᠢ ᠠᠵᠢᠯᠯᠠᠬᠤ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠬᠤ ᠭᠦᠨ ᠵᠤᠵᠠᠭ᠋ᠠᠨ ᠥᠭᠡᠷᠡᠴᠢᠯᠡᠯᠲᠡ ᠵᠢᠨ ᠠᠭᠤᠷ ᠠᠮᠢᠰᠬᠤᠯ᠎ᠢ ᠪᠤᠢ ᠪᠤᠯᠭ᠋ᠠᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
      ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠭᠡᠰᠢᠭᠦᠳ ᠬᠤᠷᠠᠯ᠎ᠳᠤ ᠣᠷᠣᠯᠴᠠᠵᠤ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠰᠤᠯᠠ ᠣᠷᠣᠯᠴᠠᠪᠠ᠃


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠰᠢᠨ᠎ᠡ ᠨᠢᠭᠡ ᠡᠭᠡᠯᠵᠢ ᠵᠢᠨ ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠵᠤ ᠪᠦᠭᠦ ᠨᠡᠶ᠋ᠢᠭᠡᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠦᠷᠳᠡᠭ᠎ᠢ ᠪᠦᠳᠦᠮᠵᠢᠳᠠᠢ ᠪᠠᠭᠤᠷᠠᠭᠤᠯᠬᠤ ᠬᠡᠷᠡᠭᠲᠡᠢ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
《ᠰᠢ ᠵᠢᠨ ᠫᠢᠩ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠶᠠᠷᠢᠭᠰᠠᠨ᠎ᠨᠢ》 ᠭᠡᠬᠦ ᠨᠣᠮ᠎ᠤᠨ ᠳᠥᠷᠪᠡᠳᠦᠭᠡᠷ ᠪᠣᠳᠢ ᠵᠢᠨ 5 ᠵᠦᠢ᠍ᠯ᠎ᠤᠨ ᠦᠨᠳᠦᠰᠦᠲᠡᠨ᠎ᠤ ᠦᠰᠦᠭ ᠪᠢᠴᠢᠭ᠎ᠤᠨ ᠬᠡᠪᠯᠡᠯ᠎ᠢ ᠬᠡᠪᠯᠡᠨ ᠲᠠᠷᠬᠠᠭ᠋ᠠᠪᠠ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ ᠱᠦᠵᠢ ᠨᠠᠷ᠎ᠤᠨ ᠭᠠᠵᠠᠷ᠎ᠤᠨ ᠱᠦᠵᠢ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠲᠦᠷᠦ ᠵᠢᠨ ᠶᠠᠪᠤᠳᠠᠯ᠎ᠤᠨ ᠬᠤᠷᠢᠶ᠎ᠠ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ ᠠᠷᠠᠳ᠎ᠤᠨ ᠳᠡᠭᠡᠳᠦ ᠰᠢᠭᠦᠬᠦ ᠬᠤᠷᠢᠶ᠎ᠠ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠨᠠᠮ᠎ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠳᠤ ᠲᠤᠰᠢᠶᠠᠯ᠎ᠤᠨ ᠮᠡᠳᠡᠭᠦᠯᠦᠯᠲᠡ ᠬᠢᠪᠡ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠶᠠᠷᠢᠯᠴᠠᠪᠠ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠠᠢ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ᠎ᠤᠨ ᠵᠥᠪᠯᠡᠬᠦ ᠵᠦᠢ᠍ᠯᠡᠰ
 
             蒙ICP备05000248号