ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠰᠢ ᠵᠢᠨ ᠫᠢᠩ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠶᠠᠷᠢᠭᠰᠠᠨ᠎ᠨᠢ》 ᠭᠡᠬᠦ ᠨᠣᠮ᠎ᠤᠨ ᠳᠥᠷᠪᠡᠳᠦᠭᠡᠷ ᠪᠣᠳᠢ ᠵᠢᠨ 5 ᠵᠦᠢ᠍ᠯ᠎ᠤᠨ ᠦᠨᠳᠦᠰᠦᠲᠡᠨ᠎ᠤ ᠦᠰᠦᠭ ᠪᠢᠴᠢᠭ᠎ᠤᠨ ᠬᠡᠪᠯᠡᠯ᠎ᠢ ᠬᠡᠪᠯᠡᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2024-02-26

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 2 ᠰᠠᠷ᠎ᠠ ᠵᠢᠨ 23᠎ᠤ ᠴᠠᠭᠢᠯᠭ᠋ᠠᠨ ᠮᠡᠳᠡᠭᠡ 《ᠰᠢ ᠵᠢᠨ ᠫᠢᠩ ᠲᠥᠷᠥ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠶᠠᠷᠢᠭᠰᠠᠨ᠎ᠨᠢ》 ᠭᠡᠬᠦ ᠨᠣᠮ᠎ᠤᠨ ᠳᠥᠷᠪᠡᠳᠦᠭᠡᠷ ᠪᠣᠳᠢ ᠵᠢᠨ ᠮᠣᠩᠭᠤᠯ ᠭᠡᠯᠡ᠂ ᠲᠥᠪᠡᠳ ᠭᠡᠯᠡ᠂ ᠤᠶ᠋ᠢᠭᠤᠷ ᠭᠡᠯᠡ᠂ ᠬᠠᠰᠠᠭ ᠭᠡᠯᠡ᠂ ᠰᠣᠯᠣᠩᠭᠤᠰ ᠭᠡᠯᠡ ᠵᠡᠷᠭᠡ 5 ᠵᠦᠢ᠍ᠯ᠎ᠤᠨ ᠦᠨᠳᠦᠰᠦᠲᠡᠨ᠎ᠤ ᠬᠡᠯᠡᠨ᠎ᠤ ᠬᠡᠪᠯᠡᠯ᠎ᠢ ᠣᠶ᠋ᠢᠷ᠎ᠠ᠎ᠳᠤ ᠳᠤᠮᠳᠠᠳᠤ ᠤᠯᠤᠰ᠎ᠤᠨ ᠦᠨᠳᠦᠰᠦᠲᠡᠨ᠎ᠤ ᠬᠡᠯᠡᠨ᠎ᠤ ᠣᠷᠴᠢᠭᠤᠯᠭ᠎ᠠ ᠵᠢᠨ ᠲᠣᠪᠴᠢᠶ᠎ᠠ᠎ᠠᠴᠠ ᠣᠷᠴᠢᠭᠤᠯᠵᠤ᠂ ᠦᠨᠳᠦᠰᠦᠲᠡᠨ᠎ᠤ ᠬᠡᠪᠯᠡᠯ᠎ᠤᠨ ᠬᠤᠷᠢᠶ᠎ᠠ᠎ᠠᠴᠠ ᠬᠡᠪᠯᠡᠭᠦᠯᠵᠦ᠂ ᠪᠦᠭᠦ ᠤᠯᠤᠰ᠎ᠲᠤ ᠲᠠᠷᠬᠠᠭ᠋ᠠᠪᠠ᠃
      《ᠰᠢ ᠵᠢᠨ ᠫᠢᠩ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠶᠠᠷᠢᠭᠰᠠᠨ᠎ᠨᠢ》 ᠭᠡᠬᠦ ᠨᠣᠮ᠎ᠤᠨ ᠳᠥᠷᠪᠡᠳᠦᠭᠡᠷ ᠪᠣᠳᠢ ᠵᠢ ᠲᠥᠪ᠎ᠤᠨ ᠤᠬᠠᠭᠤᠯᠬᠤ ᠬᠡᠯᠲᠡᠰ (ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠣᠨᠢᠨ ᠮᠡᠳᠡᠭᠡᠨ᠎ᠤ ᠠᠯᠪᠠᠨ ᠭᠡᠷ)᠎ᠠᠴᠠ ᠲᠥᠪ᠎ᠤᠨ ᠨᠠᠮ᠎ᠤᠨ ᠲᠡᠦᠬᠡ ᠪᠠ ᠲᠤᠯᠭᠤᠷ ᠪᠢᠴᠢᠭ᠎ᠤᠨ ᠰᠤᠳᠤᠯᠭ᠋ᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠭᠠᠳᠠᠭ᠋ᠠᠳᠤ ᠬᠡᠯᠡᠨ᠎ᠤ ᠬᠡᠪᠯᠡᠨ ᠲᠠᠷᠬᠠᠭ᠋ᠠᠬᠤ ᠦᠢ᠍ᠯᠡᠰ᠎ᠤᠨ ᠲᠣᠪᠴᠢᠶ᠎ᠠ᠎ᠲᠠᠢ ᠬᠠᠮᠲᠤᠷᠠᠨ ᠨᠠᠶ᠋ᠢᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ 2020 ᠣᠨ᠎ᠤ 2 ᠰᠠᠷ᠎ᠠ ᠵᠢᠨ 3᠎ᠤ ᠡᠳᠦᠷ᠎ᠠᠴᠠ 2022 ᠣᠨ᠎ᠤ 5 ᠰᠠᠷ᠎ᠠ ᠵᠢᠨ 10᠎ᠤ ᠡᠳᠦᠷ ᠪᠤᠯᠲᠠᠯᠠᠭᠢ ᠬᠤᠭᠤᠴᠠᠭ᠋ᠠᠨ᠎ᠳᠠᠬᠢ ᠴᠢᠬᠤᠯᠠ ᠶᠠᠷᠢᠶ᠎ᠠ᠂ ᠶᠠᠷᠢᠯᠴᠠᠭ᠎ᠠ᠂ ᠶᠠᠷᠢᠶ᠎ᠠ ᠢᠯᠡᠳᠬᠡᠯ᠂ ᠪᠠᠶᠠᠷ᠎ᠤᠨ ᠦᠭᠡ᠂ ᠵᠢᠭ᠋ᠠᠪᠤᠷᠢ᠂ ᠪᠠᠶᠠᠷ᠎ᠤᠨ ᠵᠠᠬᠢᠳᠠᠯ ᠵᠡᠷᠭᠡ 109 ᠵᠣᠬᠢᠶᠠᠯ᠎ᠢ ᠣᠷᠣᠭᠤᠯᠵᠤ᠂ ᠪᠠᠰᠠ ᠶᠡᠷᠦᠩᠬᠡᠢ ᠱᠦᠵᠢ ᠰᠢ ᠵᠢᠨ ᠫᠢᠩ᠎ᠤᠨ 2020 ᠣᠨ᠎ᠤ 1 ᠰᠠᠷ᠎ᠠ᠎ᠠᠴᠠ ᠨᠠᠭ᠋ᠠᠰᠢᠬᠢ 45 ᠭᠡᠷᠡᠯ ᠵᠢᠷᠤᠭ᠎ᠢ ᠣᠷᠣᠭᠤᠯᠪᠠ᠃ ᠪᠦᠭᠦ ᠨᠣᠮ᠎ᠢ 21 ᠲᠤᠰᠬᠠᠢ ᠰᠡᠳᠦᠪ ᠬᠤᠪᠢᠶᠠᠵᠤ᠂ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠵᠢᠨ ᠵᠠᠭᠤᠨ ᠵᠢᠯ᠎ᠤᠨ ᠬᠤᠪᠢᠰᠤᠯᠲᠠ ᠪᠣᠯᠣᠨ ᠡᠷᠢᠨ ᠵᠠᠭᠤᠨ᠎ᠤ ᠬᠢᠵᠢᠭ᠎ᠤᠨ ᠪᠠᠶ᠋ᠢᠳᠠᠯ ᠬᠠᠷᠢᠯᠴᠠᠨ ᠳᠠᠪᠬᠤᠴᠠᠭᠰᠠᠨ ᠪᠤᠳᠤᠯᠢᠶᠠᠨᠲᠠᠢ ᠪᠠᠶ᠋ᠢᠳᠠᠯ᠎ᠤᠨ ᠡᠮᠦᠨ᠎ᠡ᠂ ᠳᠡᠯᠡᠬᠡᠢ ᠳ᠋ᠠᠬᠢᠨ᠎ᠳᠤ ᠬᠤᠪᠣᠷ᠂ ᠲᠡᠦᠬᠡᠨ᠎ᠳᠤ ᠬᠤᠪᠣᠷ ᠲᠣᠬᠢᠶᠠᠯᠳᠤᠬᠤ ᠠᠶᠤᠯ ᠲᠦᠭᠰᠢᠭᠦᠷᠢ ᠥᠷᠢᠰᠦᠯᠳᠦᠭᠡᠨ᠎ᠤ ᠡᠮᠦᠨ᠎ᠡ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠶᠠᠷ ᠶᠡᠭᠡ ᠲᠠᠯ᠎ᠠ ᠵᠢ ᠨᠢᠭᠡᠳᠦᠯᠲᠡᠢ ᠲᠥᠯᠥᠪᠵᠢᠭᠦᠯᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠪᠦᠭᠦ ᠨᠠᠮ ᠪᠦᠭᠦ ᠤᠯᠤᠰ᠎ᠤᠨ ᠦᠨᠳᠦᠰᠦᠲᠡᠨ᠎ᠨᠦᠭᠦᠳ ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠳᠤᠮᠳᠠᠳᠤ ᠵᠢᠨ ᠡᠬᠡ ᠭᠠᠵᠠᠷ ᠳᠡᠭᠡᠷ᠎ᠡ ᠴᠢᠨᠡᠭᠡᠯᠢᠭ ᠨᠡᠶ᠋ᠢᠭᠡᠮ᠎ᠢ ᠪᠦᠭᠦ ᠲᠠᠯ᠎ᠠ᠎ᠪᠠᠷ ᠪᠡᠶᠡᠯᠡᠭᠦᠯᠵᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠦᠭᠰᠡᠨ ᠠᠭᠤᠤ ᠶᠡᠭᠡ ᠦᠢ᠍ᠯᠡᠳᠦᠯᠭᠡ ᠵᠢ ᠠᠮᠢᠳᠤᠯᠢᠭ ᠲᠡᠮᠳᠡᠭᠯᠡᠵᠦ᠂ ᠮᠠᠷᠺᠰ᠎ᠤᠨ ᠦᠵᠡᠯ᠎ᠤᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠬᠠᠮᠤᠭ᠎ᠤᠨ ᠰᠢᠨ᠎ᠡ ᠦᠷ᠎ᠡ ᠪᠦᠲᠦᠭᠡᠯ᠎ᠢ ᠲᠥᠪᠯᠡᠷᠡᠭᠦᠯᠦᠨ ᠢᠯᠡᠷᠡᠭᠦᠯᠵᠦ᠂ ᠮᠠᠨ᠎ᠤ ᠨᠠᠮ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠂ ᠰᠠᠶ᠋ᠢᠨ ᠰᠠᠶ᠋ᠢᠬᠠᠨ ᠳᠡᠯᠡᠬᠡᠢ ᠶᠢᠷᠲᠢᠨᠴᠦ ᠵᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠵᠢᠨ ᠲᠥᠯᠥᠭᠡ ᠦᠵᠡᠭᠦᠯᠦᠭᠰᠡᠨ ᠬᠠᠮᠤᠭ᠎ᠤᠨ ᠰᠢᠨ᠎ᠡ ᠬᠤᠪᠢ ᠨᠡᠮᠡᠷᠢ ᠵᠢ ᠭᠦᠢ᠍ᠴᠡᠳ ᠢᠯᠡᠷᠡᠭᠦᠯᠪᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠨ᠎ᠡ ᠠᠬᠤᠢ ᠪᠠᠶ᠋ᠢᠳᠠᠯ᠎ᠢ ᠡᠭᠦᠳᠴᠦ᠂ ᠰᠢᠨ᠎ᠡ ᠦᠰᠦᠷᠦᠯᠲᠡ ᠵᠢ ᠪᠡᠶᠡᠯᠡᠭᠦᠯᠦᠭᠰᠡᠨ᠎ᠢ ᠪᠦᠭᠦ ᠲᠠᠯ᠎ᠠ᠎ᠪᠠᠷ ᠰᠢᠰᠲ᠋ᠧᠮ᠎ᠲᠠᠢ ᠲᠤᠰᠬᠠᠭᠰᠠᠨ ᠡᠷᠬᠡ ᠰᠦᠷᠲᠦ ᠵᠣᠬᠢᠶᠠᠯ ᠪᠦᠲᠦᠭᠡᠯ ᠪᠣᠯᠣᠨ᠎ᠠ᠃
      ᠴᠥᠭᠡᠨ ᠲᠣᠭ᠋ᠠᠲᠤ ᠦᠨᠳᠦᠰᠦᠲᠡᠨ᠎ᠤ ᠥᠷᠭᠡᠨ ᠣᠯᠠᠨ ᠺᠠᠳ᠋ᠷ ᠣᠯᠠᠨ ᠲᠦᠮᠡᠨ᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠬᠠᠮᠤᠭ᠎ᠤᠨ ᠰᠢᠨ᠎ᠡ ᠬᠥᠭᠵᠢᠯᠲᠡ ᠵᠢ ᠭᠦᠨᠵᠡᠭᠡᠢ ᠣᠶ᠋ᠢᠯᠠᠭ᠋ᠠᠭᠤᠯᠬᠤ ᠵᠢᠨ ᠲᠥᠯᠥᠭᠡ᠂ ᠨᠠᠮ᠎ᠤᠨ ᠲᠥᠪ ᠬᠤᠷᠢᠶ᠎ᠠ ᠵᠢᠨ ᠤᠬᠠᠭᠤᠯᠬᠤ ᠬᠡᠯᠲᠡᠰ᠂ ᠤᠯᠤᠰ᠎ᠤᠨ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ ᠳᠤᠮᠳᠠᠳᠤ ᠤᠯᠤᠰ᠎ᠤᠨ ᠦᠨᠳᠦᠰᠦᠲᠡᠨ᠎ᠤ ᠬᠡᠯᠡᠨ᠎ᠤ ᠣᠷᠴᠢᠭᠤᠯᠭ᠎ᠠ ᠵᠢᠨ ᠲᠣᠪᠴᠢᠶ᠎ᠠ ᠪᠠ ᠦᠨᠳᠦᠰᠦᠲᠡᠨ᠎ᠤ ᠬᠡᠪᠯᠡᠯ᠎ᠤᠨ ᠬᠤᠷᠢᠶ᠎ᠠ ᠵᠢ ᠵᠣᠬᠢᠶᠠᠨ ᠪᠠᠶ᠋ᠢᠭᠤᠯᠵᠤ᠂ ᠤᠯᠤᠰ᠎ᠤᠨ ᠳᠣᠲᠣᠭ᠋ᠠᠳᠤ ᠵᠢᠨ ᠦᠨᠳᠦᠰᠦᠲᠡᠨ᠎ᠤ ᠥᠰᠥᠭ ᠪᠢᠴᠢᠭ᠎ᠤᠨ ᠲᠡᠷᠢᠭᠦᠨ᠎ᠤ ᠲᠤᠰᠬᠠᠢ ᠮᠡᠷᠭᠡᠵᠢᠯᠲᠡᠨ᠎ᠤ ᠪᠦᠯᠭᠦᠮ᠎ᠢ ᠵᠣᠬᠢᠶᠠᠨ ᠪᠠᠶ᠋ᠢᠭᠤᠯᠵᠤ᠂ 《ᠰᠢ ᠵᠢᠨ ᠫᠢᠩ ᠲᠥᠷᠥ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠶᠠᠷᠢᠭᠰᠠᠨ᠎ᠨᠢ》 ᠭᠡᠬᠦ ᠨᠣᠮ᠎ᠤᠨ ᠳᠥᠷᠪᠡᠳᠦᠭᠡᠷ ᠪᠣᠳᠢ ᠵᠢᠨ ᠦᠨᠳᠦᠰᠦᠲᠡᠨ᠎ᠤ ᠥᠰᠥᠭ ᠪᠢᠴᠢᠭ᠎ᠤᠨ ᠬᠡᠪᠯᠡᠯ᠎ᠤᠨ ᠣᠷᠴᠢᠭᠤᠯᠤᠨ ᠬᠡᠪᠯᠡᠭᠦᠯᠬᠦ ᠠᠵᠢᠯ᠎ᠢ ᠪᠡᠶᠡᠯᠡᠭᠦᠯᠪᠡ᠃
      《ᠰᠢ ᠵᠢᠨ ᠫᠢᠩ ᠲᠥᠷᠥ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠶᠠᠷᠢᠭᠰᠠᠨ᠎ᠨᠢ》 ᠭᠡᠬᠦ ᠨᠣᠮ᠎ᠤᠨ ᠳᠥᠷᠪᠡᠳᠦᠭᠡᠷ ᠪᠣᠳᠢ ᠵᠢᠨ ᠦᠨᠳᠦᠰᠦᠲᠡᠨ᠎ᠤ ᠬᠡᠯᠡᠨ᠎ᠤ ᠬᠡᠪᠯᠡᠯ᠎ᠢ ᠬᠡᠪᠯᠡᠨ ᠲᠠᠷᠬᠠᠭ᠋ᠠᠭᠰᠠᠨ᠎ᠨᠢ ᠴᠥᠭᠡᠨ ᠲᠣᠭ᠋ᠠᠲᠤ ᠦᠨᠳᠦᠰᠦᠲᠡᠨ᠎ᠤ ᠥᠷᠭᠡᠨ ᠣᠯᠠᠨ ᠺᠠᠳ᠋ᠷ ᠣᠯᠠᠨ ᠲᠦᠮᠡᠨ᠎ᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢ ᠤᠯᠠᠮ ᠠᠬᠢᠭᠤᠯᠵᠤ᠂ 《ᠬᠤᠶᠠᠷ᠎ᠢ ᠲᠣᠭᠲᠠᠭ᠋ᠠᠭᠰᠠᠨ》᠎ᠢ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠤᠯᠤᠰ ᠲᠦᠷᠦ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠤᠣᠯ ᠰᠢᠵᠢᠮ᠎ᠢ ᠪᠠᠲᠤ ᠡᠵᠡᠮᠳᠡᠵᠦ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠪᠦᠯᠬᠦᠮᠳᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠭᠡᠷᠡᠯ ᠰᠠᠴᠤᠷᠠᠩᠭᠤᠢ ᠬᠠᠭᠤᠳᠠᠰᠤ ᠵᠢ ᠬᠠᠮᠲᠤ᠎ᠪᠠᠷ ᠪᠢᠴᠢᠭᠯᠡᠬᠦ ᠪᠣᠯᠣᠨ᠎ᠠ᠃


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ ᠱᠦᠵᠢ ᠨᠠᠷ᠎ᠤᠨ ᠭᠠᠵᠠᠷ᠎ᠤᠨ ᠱᠦᠵᠢ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠲᠦᠷᠦ ᠵᠢᠨ ᠶᠠᠪᠤᠳᠠᠯ᠎ᠤᠨ ᠬᠤᠷᠢᠶ᠎ᠠ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ ᠠᠷᠠᠳ᠎ᠤᠨ ᠳᠡᠭᠡᠳᠦ ᠰᠢᠭᠦᠬᠦ ᠬᠤᠷᠢᠶ᠎ᠠ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠨᠠᠮ᠎ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠳᠤ ᠲᠤᠰᠢᠶᠠᠯ᠎ᠤᠨ ᠮᠡᠳᠡᠭᠦᠯᠦᠯᠲᠡ ᠬᠢᠪᠡ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠶᠠᠷᠢᠯᠴᠠᠪᠠ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠠᠢ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ᠎ᠤᠨ ᠵᠥᠪᠯᠡᠬᠦ ᠵᠦᠢ᠍ᠯᠡᠰ
ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠬᠤᠶᠠᠳᠤᠭ᠋ᠠᠷ ᠬᠤᠷᠠᠯ ᠪᠡᠭᠡᠵᠢᠩ᠎ᠳᠤ ᠡᠬᠢᠯᠡᠪᠡ
ᠰᠢ ᠵᠢᠨ ᠫᠢᠩ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ ᠴᠢᠬᠤᠯᠠᠴᠢᠯᠠᠭᠰᠠᠨ᠎ᠨᠢ — ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ
 
             蒙ICP备05000248号