ᠰᠢᠨᠬᠤᠸᠠ ᠬᠤᠷᠢᠶ᠎ᠠ ᠵᠢᠨ ᠪᠡᠭᠡᠵᠢᠩ᠎ᠤᠨ 2 ᠰᠠᠷ᠎ᠠ ᠵᠢᠨ 23᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠡᠷᠭᠢᠯᠡᠭᠴᠢ ᠰᠢ ᠵᠢᠨ ᠫᠢᠩ 2 ᠰᠠᠷ᠎ᠠ ᠵᠢᠨ 23᠎ᠤ ᠦᠳᠡ ᠵᠢᠨ ᠬᠤᠶ᠋ᠢᠨ᠎ᠠ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠰᠠᠭᠤᠳᠠᠯ᠎ᠢ ᠰᠤᠳᠤᠯᠵᠤ᠂ ᠪᠦᠭᠦ ᠨᠡᠶ᠋ᠢᠭᠡᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠦᠷᠳᠡᠭ᠎ᠢ ᠪᠦᠳᠦᠮᠵᠢᠳᠠᠢ ᠪᠠᠭᠤᠷᠠᠭᠤᠯᠬᠤ ᠠᠰᠠᠭᠤᠳᠠᠯ᠎ᠢ ᠰᠤᠳᠤᠯᠪᠠ᠃ ᠰᠢ ᠵᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠬᠤ᠎ᠳᠠᠭᠠᠨ᠂ ᠦᠢ᠍ᠯᠡᠳᠬᠦᠨ᠎ᠤ ᠰᠢᠨᠡᠳᠦᠨ ᠰᠣᠯᠢᠭᠳᠠᠬᠤ ᠵᠢ ᠲᠦᠷᠭᠡᠳᠬᠡᠬᠦ ᠪᠣᠯ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠰᠢᠨ᠎ᠡ ᠨᠢᠭᠡ ᠡᠭᠡᠯᠵᠢ ᠵᠢᠨ ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠣᠯᠣᠨ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠵᠣᠷᠢᠭᠵᠢᠭᠤᠯᠤᠨ ᠬᠥᠲᠥᠯᠥᠨ ᠵᠢᠯᠤᠭᠤᠳᠬᠤ ᠬᠡᠷᠡᠭᠲᠡᠢ᠃ ᠪᠠᠷᠠᠭ᠋ᠠᠨ᠎ᠤ ᠭᠦᠢ᠍ᠯᠭᠡᠭᠡ ᠪᠣᠯ ᠪᠣᠳᠠᠲᠤ ᠴᠣᠭᠴᠠ ᠵᠢᠨ ᠠᠵᠤ ᠠᠬᠤᠢ ᠵᠢᠨ 《ᠰᠤᠳᠠᠰᠤ》 ᠮᠥᠨ᠂ ᠦᠢ᠍ᠯᠡᠳᠪᠦᠷᠢᠯᠡᠯ ᠪᠠ ᠬᠡᠷᠡᠭᠯᠡᠭᠡ᠂ ᠳᠣᠲᠣᠭ᠋ᠠᠳᠤ ᠠᠷᠠᠯᠵᠢᠶ᠎ᠠ ᠪᠠ ᠭᠠᠳᠠᠭ᠋ᠠᠳᠤ ᠠᠷᠠᠯᠵᠢᠶ᠎ᠠ ᠵᠢ ᠬᠤᠯᠪᠣᠬᠤ ᠳᠤ ᠡᠷᠬᠡᠪᠰᠢ ᠪᠦᠭᠦ ᠨᠡᠶ᠋ᠢᠭᠡᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠦᠷᠳᠡᠭ᠎ᠢ ᠪᠦᠲᠦᠮᠵᠢᠲᠡᠶ ᠪᠠᠭᠤᠷᠠᠭᠤᠯᠵᠤ᠂ ᠠᠵᠤ ᠦᠢ᠍ᠯᠡᠰ᠎ᠤᠨ ᠭᠤᠣᠯᠯᠠᠬᠤ ᠥᠷᠢᠰᠦᠯᠳᠦᠬᠦ ᠬᠦᠴᠦᠨ᠎ᠢ ᠴᠢᠩᠭ᠋ᠠᠳᠬᠠᠵᠤ᠂ ᠠᠵᠤ ᠠᠬᠤᠢ ᠵᠢᠨ ᠠᠵᠢᠯᠯᠠᠭ᠋ᠠᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠶ᠋ᠢᠳ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠳᠡᠳ᠋ ᠡᠷᠭᠢᠯᠡᠭᠴᠢ ᠯᠢ ᠴᠢᠶᠠᠩ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠭᠡᠰᠢᠭᠦᠨ ᠼᠠᠢ ᠴᠢ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠶ᠋ᠢᠳ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠭᠡᠰᠢᠭᠦᠨ ᠳ᠋ᠢᠩ ᠰᠢᠤᠸᠠᠢ ᠰᠢᠶᠠᠩ ᠬᠤᠷᠠᠯ᠎ᠳᠤ ᠣᠷᠣᠯᠴᠠᠵᠠᠢ᠃
ᠬᠤᠷᠠᠯ᠎ᠠᠴᠠ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠪᠦᠭᠦ ᠨᠡᠶ᠋ᠢᠭᠡᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠦᠷᠳᠡᠭ᠎ᠢ ᠪᠦᠲᠦᠮᠵᠢᠲᠡᠢ ᠪᠠᠭᠤᠷᠠᠭᠤᠯᠬᠤ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠠᠢ᠃ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ᠂ ᠤᠯᠤᠰ᠎ᠤᠨ ᠲᠡᠮᠦᠷ ᠵᠠᠮ᠎ᠤᠨ ᠪᠦᠯᠦᠭᠯᠡᠯ ᠪᠢᠴᠢᠭ᠎ᠤᠨ ᠭᠡᠯᠪᠡᠷᠢ᠎ᠪᠠᠷ ᠬᠠᠷᠢᠭᠤ ᠮᠡᠳᠡᠭᠦᠯᠦᠯᠲᠡ ᠬᠢᠵᠡᠢ᠃
ᠬᠤᠷᠠᠯ᠎ᠠᠴᠠ᠂ ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠡᠷᠡᠭᠵᠢᠭᠦᠯᠬᠦ᠎ᠨᠢ ᠪᠡᠯᠡ ᠣᠷᠣᠭᠤᠯᠤᠯᠲᠠ ᠪᠣᠯᠣᠨ ᠬᠡᠷᠡᠭᠯᠡᠭᠡ ᠵᠢ ᠬᠦᠴᠦᠲᠡᠢ ᠠᠬᠢᠭᠤᠯᠵᠤ᠂ ᠣᠳᠣᠬᠠᠨ᠎ᠳᠤ ᠠᠰᠢᠭᠲᠠᠢ᠂ ᠠᠯᠤᠰ ᠭᠡᠳᠤ᠎ᠳᠤ ᠨᠡᠩ ᠠᠰᠢᠭᠲᠠᠢ ᠶᠤᠮ᠃ ᠲᠥᠷᠥ ᠵᠢᠨ ᠪᠣᠳᠣᠯᠭ᠎ᠠ ᠵᠢᠨ ᠬᠠᠮ ᠠᠷᠭ᠎ᠠ ᠬᠡᠮᠵᠢᠶ᠎ᠡ ᠵᠢ ᠰᠠᠶ᠋ᠢᠲᠤᠷ ᠬᠡᠷᠡᠭᠵᠢᠭᠦᠯᠵᠦ᠂ ᠲᠡᠷᠢᠭᠦᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢᠨ ᠬᠠᠷᠢᠴᠠᠯ᠎ᠤᠨ ᠦᠷᠭᠦᠯᠵᠢᠯᠡᠨ ᠳᠡᠭᠡᠭᠰᠢᠯᠡᠬᠦ ᠵᠢ ᠠᠬᠢᠭᠤᠯᠵᠤ᠂ ᠴᠢᠨᠠᠷ ᠰᠠᠶ᠋ᠢᠲᠠᠢ ᠪᠥᠬᠡᠯᠢᠭ ᠬᠡᠷᠡᠭᠯᠡᠭᠡ ᠵᠢᠨ ᠵᠦᠢ᠍ᠯ᠎ᠢ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠨᠠᠩ ᠣᠯᠠᠨ ᠣᠷᠣᠭᠤᠯᠵᠤ᠂ ᠬᠠᠶᠠᠭᠳᠠᠮᠠᠯ ᠬᠠᠭᠤᠴᠢᠨ ᠡᠬᠢ ᠪᠠᠶᠠᠯᠢᠭ᠎ᠢ ᠡᠷᠭᠢᠯᠳᠦᠭᠦᠯᠦᠨ ᠠᠰᠢᠭᠯᠠᠵᠤ᠂ ᠤᠯᠤᠰ ᠠᠷᠠᠳ᠎ᠤᠨ ᠠᠵᠤ ᠠᠬᠤᠢ ᠵᠢᠨ ᠡᠷᠭᠢᠯᠲᠡ ᠵᠢᠨ ᠴᠢᠨᠠᠷ ᠪᠣᠯᠣᠨ ᠲᠦᠪᠰᠢᠨ᠎ᠢ ᠶᠡᠭᠡ᠎ᠪᠠᠷ ᠳᠡᠭᠡᠭᠰᠢᠯᠡᠭᠦᠯᠭᠦ ᠬᠡᠷᠡᠭᠲᠡᠢ᠃ ᠵᠠᠬ᠎ᠠ ᠳᠡᠯᠭᠡᠭᠦᠷ ᠵᠶ᠋ᠠᠷ ᠭᠤᠣᠯ ᠪᠤᠯᠭ᠋ᠠᠵᠤ ᠵᠠᠰᠠᠭ᠎ᠤᠨ ᠣᠷᠳᠣᠨ᠎ᠤ ᠬᠥᠲᠥᠯᠥᠨ ᠵᠢᠯᠤᠭᠤᠳᠬᠤ ᠵᠢ ᠪᠠᠷᠢᠮᠲᠠᠯᠠᠵᠤ᠂ ᠲᠡᠷᠢᠭᠦᠨ᠎ᠤ᠎ᠬᠢ ᠵᠢ ᠵᠣᠷᠢᠭᠵᠢᠭᠤᠯᠵᠤ ᠬᠤᠴᠤᠷᠤᠩᠭᠤᠢ ᠵᠢ ᠰᠢᠭᠰᠢᠭᠳᠡᠭᠦᠯᠬᠦ ᠵᠢ ᠪᠠᠷᠢᠮᠲᠠᠯᠠᠵᠤ᠂ ᠪᠠᠷᠢᠮᠵᠢᠶ᠎ᠠ᠎ᠪᠠᠷ ᠬᠥᠲᠥᠯᠥᠨ ᠳᠠᠭ᠋ᠠᠭᠤᠯᠵᠤ ᠡᠮᠬᠢ ᠵᠢᠷᠤᠮ᠎ᠲᠠᠢ ᠳᠡᠭᠡᠭᠰᠢᠯᠡᠭᠦᠯᠭᠦ ᠵᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠡᠯ᠎ᠡ ᠲᠦᠷᠦᠯ᠎ᠤᠨ ᠦᠢ᠍ᠯᠡᠳᠪᠦᠷᠢᠯᠡᠯ᠎ᠤᠨ ᠲᠥᠬᠦᠭᠡᠷᠦᠮᠵᠢ᠂ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠰᠢᠨᠡᠴᠢᠯᠡᠯᠲᠡ ᠪᠣᠯᠣᠨ ᠮᠡᠷᠭᠡᠵᠢᠯ᠎ᠤᠨ ᠥᠭᠡᠷᠡᠴᠢᠯᠡᠯᠲᠡ ᠵᠢ ᠠᠬᠢᠭᠤᠯᠵᠤ᠂ ᠮᠠᠰᠢᠨ ᠲᠡᠷᠭᠡ᠂ ᠭᠡᠷ᠎ᠤᠨ ᠴᠠᠭᠢᠯᠭ᠋ᠠᠨ ᠬᠡᠷᠡᠭᠰᠡᠯ ᠵᠡᠷᠭᠡ ᠤᠯᠠᠮᠵᠢᠯᠠᠯᠲᠤ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠵᠣᠷᠢᠭᠵᠢᠭᠤᠯᠵᠤ᠂ ᠪᠥᠬᠡᠯᠢᠭ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠬᠡᠷᠡᠭᠲᠡᠢ᠃ ᠶᠡᠭᠡ ᠬᠡᠪᠴᠢᠶ᠎ᠡ᠎ᠪᠠᠷ ᠬᠤᠷᠢᠶᠠᠨ ᠠᠪᠴᠤ ᠡᠷᠭᠢᠯᠳᠦᠭᠦᠯᠦᠨ ᠠᠰᠢᠭᠯᠠᠬᠤ ᠵᠢ ᠠᠬᠢᠭᠤᠯᠵᠤ᠂ 《ᠰᠢᠨ᠎ᠡ ᠵᠢ ᠰᠣᠯᠢᠬᠤ + ᠬᠤᠷᠢᠶᠠᠨ ᠠᠪᠬᠤ》 ᠪᠠᠷᠠᠭ᠋ᠠᠨ᠎ᠤ ᠭᠦᠢ᠍ᠯᠭᠡᠭᠡᠨ᠎ᠤ ᠰᠢᠰᠲ᠋ᠧᠮ ᠪᠠ ᠰᠢᠨ᠎ᠡ ᠵᠠᠭᠪᠤᠷ᠎ᠤᠨ ᠬᠥᠭᠵᠢᠯᠲᠡ ᠵᠢ ᠴᠢᠩᠭ᠋ᠠᠳᠬᠠᠬᠤ ᠬᠡᠷᠡᠭᠲᠡᠢ᠃ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠳᠤ᠂ ᠲᠥᠪ᠎ᠤᠨ ᠡᠳ᠋᠎ᠤᠨ ᠵᠠᠰᠠᠭ ᠪᠣᠯᠣᠨ ᠣᠷᠣᠨ ᠨᠤᠲᠤᠭ᠎ᠤᠨ ᠵᠠᠰᠠᠭ᠎ᠤᠨ ᠣᠷᠳᠣᠨ ᠬᠤᠯᠪᠤᠭ᠋ᠠᠯᠠᠨ ᠬᠥᠳᠡᠯᠦᠯᠴᠡᠬᠦ ᠵᠢ ᠪᠠᠷᠢᠮᠲᠠᠯᠠᠵᠤ᠂ ᠪᠦᠭᠦ ᠬᠡᠯᠬᠢᠶᠡᠨ᠎ᠤ ᠡᠯ᠎ᠡ ᠭᠤᠭᠴᠤᠭ᠎ᠠ ᠵᠢ ᠨᠢᠭᠡᠳᠦᠯᠲᠡᠢ ᠲᠥᠯᠥᠪᠵᠢᠭᠦᠯᠦᠨ ᠳᠡᠮᠵᠢᠵᠦ᠂ ᠬᠡᠷᠡᠭᠯᠡᠭᠴᠢᠳ᠎ᠲᠤ ᠨᠡᠩ ᠤᠯᠠᠨ ᠠᠰᠢᠭ ᠬᠦᠷᠲᠡᠭᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠪᠦᠭᠦ ᠨᠡᠶ᠋ᠢᠭᠡᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠬᠤ ᠪᠣᠯ ᠠᠵᠤ ᠠᠬᠤᠢ ᠵᠢᠨ ᠠᠵᠢᠯᠯᠠᠭ᠋ᠠᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠭᠦ ᠴᠢᠬᠤᠯᠠ ᠠᠷᠭ᠎ᠠ ᠬᠡᠮᠵᠢᠶ᠎ᠡ ᠮᠥᠨ᠃ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠬᠤ ᠵᠢᠨ ᠵᠣᠷᠢᠯᠲᠠ ᠪᠣᠯᠣᠨ ᠲᠤᠰᠤᠯᠲᠠ ᠪᠣᠯ ᠪᠣᠳᠠᠲᠤ ᠴᠣᠭᠴᠠ ᠵᠢᠨ ᠠᠵᠤ ᠠᠬᠤᠢ ᠪᠠ ᠠᠷᠠᠳ ᠣᠯᠠᠨ᠎ᠳᠤ ᠦᠢ᠍ᠯᠡᠴᠢᠯᠡᠬᠦ ᠶᠠᠪᠤᠳᠠᠯ ᠪᠣᠯᠣᠨ᠎ᠠ᠂ ᠦᠨᠳᠦᠰᠦᠨ ᠤᠷᠢᠲᠠᠯ ᠪᠣᠯ ᠦᠢ᠍ᠯᠡᠳᠬᠦ ᠦᠢ᠍ᠯᠡᠰ᠎ᠤᠨ ᠬᠠᠷᠢᠴᠠᠯ᠎ᠢ ᠦᠨᠳᠦᠰᠦᠨ᠎ᠳᠡᠭᠡᠨ ᠲᠣᠭᠲᠠᠭᠤᠨ ᠪᠠᠶ᠋ᠢᠯᠭ᠋ᠠᠬᠤ ᠵᠢ ᠪᠠᠲᠤᠯᠠᠵᠤ᠂ ᠭᠤᠣᠯ ᠠᠷᠭ᠎ᠠ ᠵᠠᠮ ᠪᠣᠯ ᠪᠦᠲᠦᠴᠡ ᠵᠢ ᠲᠣᠬᠢᠷᠠᠭᠤᠯᠬᠤ᠂ ᠥᠭᠡᠷᠡᠴᠢᠯᠡᠯᠲᠡ ᠵᠢ ᠠᠬᠢᠭᠤᠯᠬᠤ ᠶᠠᠪᠤᠳᠠᠯ ᠮᠥᠨ᠂ ᠲᠡᠭᠡᠭᠡᠪᠦᠷᠢ ᠵᠢᠨ ᠥᠪᠡᠷ᠎ᠤᠨ ᠥᠷᠲᠡᠭ᠂ ᠬᠥᠮᠥᠷᠭᠡᠯᠡᠨ ᠬᠠᠳᠠᠭ᠋ᠠᠯᠠᠬᠤ ᠥᠪᠡᠷ᠎ᠤᠨ ᠥᠷᠲᠡᠭ᠂ ᠬᠠᠮᠢᠶᠠᠷᠤᠯᠲᠠ ᠵᠢᠨ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠬᠤ ᠬᠡᠷᠡᠭᠲᠡᠢ᠃ ᠲᠡᠭᠡᠭᠡᠪᠦᠷᠢ ᠵᠢᠨ ᠪᠦᠲᠦᠴᠡ ᠵᠢ ᠰᠢᠯᠢᠳᠡᠭᠵᠢᠭᠦᠯᠦᠨ᠂ 《ᠵᠠᠰᠠᠮᠠᠯ ᠵᠠᠮ ᠵᠶ᠋ᠠᠷ ᠲᠡᠭᠡᠭᠡᠪᠦᠷᠢᠯᠡᠬᠦ ᠵᠢ ᠲᠡᠮᠦᠷ ᠵᠠᠮ ᠵᠶ᠋ᠠᠷ ᠲᠡᠭᠡᠭᠡᠪᠦᠷᠢᠯᠡᠬᠦ ᠪᠣᠯᠭ᠋ᠠᠨ ᠬᠤᠪᠢᠷᠠᠭᠤᠯᠬᠤ》᠂ 《ᠵᠠᠰᠠᠮᠠᠯ ᠵᠠᠮ ᠵᠶ᠋ᠠᠷ ᠲᠡᠭᠡᠭᠡᠪᠦᠷᠢᠯᠡᠬᠦ ᠵᠢ ᠤᠰᠤᠨ ᠵᠠᠮ ᠵᠶ᠋ᠠᠷ ᠲᠡᠭᠡᠭᠡᠪᠦᠷᠢᠯᠡᠬᠦ ᠪᠣᠯᠭ᠋ᠠᠨ ᠬᠤᠪᠢᠷᠠᠭᠤᠯᠬᠤ》 ᠵᠢ ᠴᠢᠩᠭ᠋ᠠᠳᠬᠠᠵᠤ᠂ ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠰᠲ᠋ᠧᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠨᠢᠭᠡᠳᠦᠯᠲᠡᠢ ᠥᠨᠳᠥᠷ ᠦᠷ᠎ᠡ ᠪᠦᠲᠦᠮᠵᠢᠲᠡᠶ᠂ ᠥᠷᠢᠰᠦᠯᠳᠦᠭᠡᠨ ᠲᠠᠢ ᠪᠥᠭᠡᠳ ᠡᠮᠬᠢ ᠵᠢᠷᠤᠮ᠎ᠲᠠᠢ ᠪᠠᠷᠠᠭ᠋ᠠᠨ᠎ᠤ ᠭᠦᠢ᠍ᠯᠭᠡᠭᠡᠨ᠎ᠤ ᠵᠠᠬ᠎ᠠ ᠳᠡᠯᠭᠡᠭᠦᠷ᠎ᠢ ᠪᠤᠢ ᠪᠤᠯᠭ᠋ᠠᠬᠤ ᠬᠡᠷᠡᠭᠲᠡᠢ᠃ ᠭᠤᠣᠯ ᠱᠤᠭᠤᠮ ᠶᠡᠭᠡ ᠵᠠᠮ᠎ᠢ ᠰᠢᠯᠢᠳᠡᠭᠵᠢᠭᠦᠯᠵᠦ᠂ ᠲᠦᠭᠵᠢᠷᠡᠯ ᠬᠤᠷᠢᠭ᠎ᠠ ᠴᠡᠭ᠎ᠢ ᠨᠠᠪᠲᠠᠷᠡᠭᠦᠯᠵᠦ᠂ ᠤᠳᠤ ᠦᠶ᠎ᠡ ᠵᠢᠨ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠲᠠᠪᠴᠠᠩ᠎ᠳᠤ ᠠᠵᠤ ᠠᠬᠤᠢ᠂ ᠳᠣᠣᠷ᠎ᠠ ᠠᠭ᠋ᠠᠷ᠎ᠤᠨ ᠠᠵᠤ ᠠᠬᠤᠢ᠂ ᠵᠢᠯᠣᠭᠤᠴᠢ ᠦᠭᠡᠢ ᠲᠡᠷᠭᠡ ᠵᠡᠷᠭᠡ᠎ᠲᠠᠢ ᠤᠶᠠᠯᠳᠤᠭᠰᠠᠨ ᠪᠠᠷᠠᠭ᠋ᠠᠨ᠎ᠤ ᠭᠦᠢ᠍ᠯᠭᠡᠭᠡᠨ᠎ᠤ ᠰᠢᠨ᠎ᠡ ᠵᠠᠭᠪᠤᠷ᠎ᠢ ᠬᠥᠭᠵᠢᠭᠦᠯᠬᠦ ᠵᠢ ᠵᠣᠷᠢᠭᠵᠢᠭᠤᠯᠬᠤ ᠬᠡᠷᠡᠭᠲᠡᠢ᠃ ᠪᠠᠷᠠᠭ᠋ᠠᠨ᠎ᠤ ᠭᠦᠢ᠍ᠯᠭᠡᠭᠡᠨ᠎ᠤ ᠵᠠᠩᠭᠢᠯᠠᠭ᠎ᠠ ᠵᠢ ᠨᠢᠭᠡᠳᠦᠯᠲᠡᠢ ᠲᠥᠯᠥᠪᠵᠢᠭᠦᠯᠵᠦ᠂ ᠵᠠᠮ ᠬᠠᠷᠢᠯᠴᠠᠭ᠋ᠠᠨ᠎ᠤ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠪᠣᠯᠣᠨ ᠴᠢᠬᠤᠯᠠ ᠶᠡᠭᠡ ᠦᠢ᠍ᠯᠡᠳᠪᠦᠷᠢᠯᠡᠯ᠎ᠤᠨ ᠬᠦᠴᠦᠨ᠎ᠤ ᠪᠠᠶ᠋ᠢᠷᠢᠰᠢᠯ ᠢ ᠰᠢᠯᠢᠳᠡᠭᠵᠢᠭᠦᠯᠵᠦ᠂ ᠠᠭ᠋ᠠᠷ᠎ᠤᠨ ᠦᠢ᠍ᠯᠡᠰ᠎ᠤᠨ ᠠᠵᠤ ᠠᠬᠤᠢ᠂ ᠭᠠᠷᠠᠮ ᠳᠠᠭ᠋ᠠᠤ ᠵᠢᠨ ᠠᠵᠤ ᠠᠬᠤᠢ ᠵᠢ ᠶᠡᠬᠡᠪᠡᠷ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠭᠡᠰᠢᠭᠦᠳ ᠬᠤᠷᠠᠯ᠎ᠳᠤ ᠣᠷᠣᠯᠴᠠᠵᠤ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠰᠤᠯᠠ ᠣᠷᠣᠯᠴᠠᠵᠠᠢ᠃