ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ ᠱᠦᠵᠢ ᠨᠠᠷ᠎ᠤᠨ ᠭᠠᠵᠠᠷ᠎ᠤᠨ ᠱᠦᠵᠢ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠲᠦᠷᠦ ᠵᠢᠨ ᠶᠠᠪᠤᠳᠠᠯ᠎ᠤᠨ ᠬᠤᠷᠢᠶ᠎ᠠ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ ᠠᠷᠠᠳ᠎ᠤᠨ ᠳᠡᠭᠡᠳᠦ ᠰᠢᠭᠦᠬᠦ ᠬᠤᠷᠢᠶ᠎ᠠ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠨᠠᠮ᠎ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠳᠤ ᠲᠤᠰᠢᠶᠠᠯ᠎ᠤᠨ ᠮᠡᠳᠡᠭᠦᠯᠦᠯᠲᠡ ᠬᠢᠪᠡ
ᠨᠡᠶ᠋ᠢᠲᠡᠯᠡᠭᠰᠡᠨ ᠴᠠᠭ᠄ 2024-02-28

      ᠰᠢ ᠵᠢᠨ ᠫᠢᠩ ᠲᠤᠰᠢᠶᠠᠯ᠎ᠤᠨ ᠮᠡᠳᠡᠭᠦᠯᠦᠯᠲᠡ ᠵᠢ ᠨᠠᠷᠢᠨ ᠬᠢᠨᠠᠮᠠᠭ᠋ᠠᠢ ᠬᠢᠨᠠᠨ ᠦᠵᠡᠬᠦ ᠵᠢᠨ ᠬᠠᠮᠲᠤ ᠴᠢᠬᠤᠯᠠ ᠱᠠᠭ᠋ᠠᠷᠳᠠᠯᠭ᠎ᠠ ᠳᠤᠷᠠᠳᠴᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠲᠠᠢ ᠨᠢᠭᠲᠠ ᠤᠶᠠᠯᠳᠤᠭᠤᠯᠤᠨ ᠲᠤᠰ ᠪᠡᠶ᠎ᠡ ᠵᠢᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ ᠤᠯᠤᠰ ᠲᠦᠷᠦ ᠵᠢᠨ ᠡᠭᠦᠷᠭᠡᠯᠡᠯ ᠵᠶ᠋ᠠᠨ ᠴᠢᠩᠭ᠋ᠠᠳᠬᠠᠵᠤ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠠᠬᠢᠭᠤᠯᠬᠤ ᠵᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ
      ᠰᠢᠨᠬᠤᠸᠠ ᠬᠤᠷᠢᠶ᠎ᠠ ᠵᠢᠨ ᠪᠡᠭᠡᠵᠢᠩ᠎ᠤᠨ 2 ᠰᠠᠷ᠎ᠠ ᠵᠢᠨ 26᠎ᠤ ᠴᠠᠭᠢᠯᠭ᠋ᠠᠨ ᠮᠡᠳᠡᠭᠡ  ᠨᠠᠮ᠎ᠤᠨ ᠲᠥᠪ ᠬᠤᠷᠢᠶ᠎ᠠ ᠵᠢᠨ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ᠂ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠭᠡᠰᠢᠭᠦᠨ᠂ ᠱᠦᠵᠢ ᠨᠠᠷ᠎ᠤᠨ ᠭᠠᠵᠠᠷ᠎ᠤᠨ ᠱᠦᠵᠢ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠂ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠠᠷᠠᠳ᠎ᠤᠨ ᠳᠡᠭᠡᠳᠦ ᠰᠢᠭᠦᠬᠦ ᠬᠤᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠵᠢᠯ ᠪᠦᠷᠢ ᠨᠠᠮ᠎ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠳᠤ ᠪᠢᠴᠢᠭ᠎ᠤᠨ ᠭᠡᠯᠪᠡᠷᠢ᠎ᠪᠠᠷ ᠲᠤᠰᠢᠶᠠᠯ᠎ᠤᠨ ᠮᠡᠳᠡᠭᠦᠯᠦᠯᠲᠡ ᠬᠢᠳᠡᠭ᠃ ᠣᠶ᠋ᠢᠷ᠎ᠠ ᠵᠢᠨ ᠬᠤᠭᠤᠴᠠᠭ᠋ᠠᠨ᠎ᠳᠤ᠂ ᠬᠤᠯᠪᠣᠭᠳᠠᠯ ᠪᠦᠬᠦᠢ ᠨᠥᠬᠦᠳ ᠲᠣᠭᠲᠠᠭ᠋ᠠᠯ ᠶᠣᠰᠣᠭ᠋ᠠᠷ ᠨᠠᠮ᠎ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠳᠤ ᠪᠢᠴᠢᠭ᠎ᠤᠨ ᠭᠡᠯᠪᠡᠷᠢ᠎ᠪᠠᠷ ᠲᠤᠰᠢᠶᠠᠯ᠎ᠤᠨ ᠮᠡᠳᠡᠭᠦᠯᠦᠯᠲᠡ ᠬᠢᠪᠡ᠃
      ᠰᠢ ᠵᠢᠨ ᠫᠢᠩ ᠲᠤᠰᠢᠶᠠᠯ᠎ᠤᠨ ᠮᠡᠳᠡᠭᠦᠯᠦᠯᠲᠡ ᠵᠢ ᠨᠠᠷᠢᠨ ᠬᠢᠨᠠᠮᠠᠭ᠋ᠠᠢ ᠬᠢᠨᠠᠨ ᠦᠵᠡᠭᠰᠡᠨ ᠪᠥᠭᠡᠳ ᠴᠢᠬᠤᠯᠠ ᠱᠠᠭ᠋ᠠᠷᠳᠠᠯᠭ᠎ᠠ ᠳᠤᠷᠠᠳᠴᠤ᠂ ᠡᠨᠡ ᠵᠢᠯ ᠪᠣᠯ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 75 ᠵᠢᠯ᠎ᠤᠨ ᠣᠶ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠣᠨ᠎ᠠ᠃ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠤᠬᠠᠮᠰᠠᠷ᠎ᠠᠴᠠ᠎ᠪᠠᠨ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《  ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠲᠦᠷᠦᠭᠦᠯᠡᠨ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠲᠠᠢ ᠨᠢᠭᠲᠠ ᠤᠶᠠᠯᠳᠤᠭᠤᠯᠤᠨ᠂ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠪᠣᠯᠣᠨ ᠡᠯ᠎ᠡ ᠵᠦᠢ᠍ᠯ᠎ᠤᠨ ᠡᠭᠦᠷᠭᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠢ᠃ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ᠎ᠪᠠᠷ ᠲᠣᠭᠲᠠᠭᠤᠨ᠎ᠢ ᠠᠬᠢᠭᠤᠯᠬᠤ᠂ ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠡᠪᠳᠡᠬᠦ ᠱᠠᠭ᠋ᠠᠷᠳᠠᠯᠭ᠎ᠠ ᠵᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠤᠯᠠᠮ ᠭᠦᠨᠵᠡᠭᠡᠶ᠋ᠢᠷᠡᠭᠦᠯᠵᠦ᠂ ᠠᠵᠤ ᠠᠬᠤᠢ ᠵᠢᠨ ᠰᠡᠷᠭᠦᠨ ᠰᠠᠶ᠋ᠢᠵᠢᠷᠠᠬᠤ ᠬᠠᠨᠳᠤᠰᠢ ᠵᠢ ᠪᠠᠬᠢᠵᠢᠭᠦᠯᠦᠨ ᠴᠢᠩᠭ᠋ᠠᠳᠬᠠᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠠᠷᠠᠳ ᠲᠦᠮᠡᠨ᠎ᠳᠤ ᠪᠤᠶᠠᠨ ᠦᠢ᠍ᠯᠡᠳᠬᠦ ᠵᠠᠰᠠᠭ᠎ᠤᠨ ᠠᠵᠢᠯ᠎ᠤᠨ ᠪᠦᠳᠦᠮᠵᠢ ᠵᠢᠨ ᠦᠵᠡᠯᠲᠡ ᠵᠢ ᠪᠠᠲᠤ ᠪᠤᠢ ᠪᠤᠯᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠤᠯᠠᠨ ᠲᠦᠮᠡᠨᠴᠢ ᠱᠤᠭᠤᠮ ᠵᠶ᠋ᠠᠷ ᠲᠦᠷᠦᠭᠦᠯᠡᠨ ᠰᠠᠶ᠋ᠢᠲᠤᠷ ᠵᠠᠮᠨᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠷᠬᠠᠭ ᠭᠡᠮ᠎ᠢ ᠵᠠᠯᠠᠷᠠᠭᠤᠯᠤᠨ ᠵᠠᠰᠠᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠵᠦ᠂ ᠰᠤᠷᠲᠠᠯ᠎ᠤᠨ ᠬᠤᠪᠢᠷᠠᠯᠲᠠ᠎ᠪᠠᠷ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ ᠬᠡᠷᠡᠭᠲᠡᠢ᠃ ᠥᠪᠡᠷ ᠪᠡᠶ᠎ᠡ ᠵᠢᠨ ᠬᠤᠪᠢᠰᠬᠠᠯ ᠬᠢᠬᠦ ᠵᠣᠷᠢᠭ ᠰᠠᠨᠠᠭ᠎ᠠ ᠵᠢ ᠪᠠᠲᠤᠯᠠᠵᠤ᠂ ᠪᠡᠶ᠎ᠡ᠎ᠪᠠᠨ ᠠᠷᠢᠭᠤᠨ ᠰᠢᠳᠤᠷᠭᠤ ᠠᠪᠴᠤ ᠶᠠᠪᠤᠬᠤ᠂ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠳᠡᠭᠡᠷ᠎ᠡ ᠬᠡᠪ ᠳᠠᠭᠤᠷᠢᠶᠠᠯ ᠦᠵᠡᠭᠦᠯᠵᠦ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ᠃ ᠲᠤᠰ ᠪᠡᠶ᠎ᠡ ᠵᠢᠨ ᠲᠤᠰᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠤᠯᠤᠰ ᠲᠦᠷᠦ ᠵᠢᠨ ᠡᠭᠦᠷᠭᠡᠯᠡᠯ ᠵᠶ᠋ᠠᠨ ᠴᠢᠩᠭ᠋ᠠᠳᠬᠠᠵᠤ᠂ ᠭᠤᠣᠯᠳᠠᠯᠭ᠎ᠠ᠎ᠪᠠᠨ ᠲᠣᠪᠤᠶ᠋ᠢᠯᠭ᠋ᠠᠨ᠂ ᠵᠠᠩᠭᠢᠯᠠᠭ᠎ᠠ  ᠵᠢ ᠡᠵᠡᠮᠳᠡᠵᠦ᠂ ᠵᠣᠷᠢᠭᠲᠠᠢ ᠤᠷᠤᠭᠰᠢᠯᠠᠨ ᠲᠠᠪᠰᠢᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠤᠯᠠᠮ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠠᠬᠢᠭᠤᠯᠬᠤ ᠵᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃


ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠶᠠᠷᠢᠯᠴᠠᠪᠠ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠠᠢ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ᠎ᠤᠨ ᠵᠥᠪᠯᠡᠬᠦ ᠵᠦᠢ᠍ᠯᠡᠰ
ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠬᠤᠶᠠᠳᠤᠭ᠋ᠠᠷ ᠬᠤᠷᠠᠯ ᠪᠡᠭᠡᠵᠢᠩ᠎ᠳᠤ ᠡᠬᠢᠯᠡᠪᠡ
ᠰᠢ ᠵᠢᠨ ᠫᠢᠩ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ ᠴᠢᠬᠤᠯᠠᠴᠢᠯᠠᠭᠰᠠᠨ᠎ᠨᠢ — ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ ᠪᠡᠭᠡᠵᠢᠩ᠎ᠳᠤ ᠡᠬᠢᠯᠡᠪᠡ ᠰᠢ ᠵᠢᠨ ᠫᠢᠩ ᠸᠠᠩ ᠬᠤ᠌ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ ᠲᠡᠷᠢᠭᠦᠯᠡᠭᠴᠢᠳ᠎ᠤᠨ ᠲᠠᠶ᠋ᠢᠰᠠᠨ᠎ᠳᠤ ᠰᠠᠭ᠋ᠠᠲᠠᠵᠠᠢ ᠯᠢ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠬᠢᠪᠡ ᠵᠣᠣ ᠯᠧ ᠵᠢᠢ ᠬᠤᠷᠠᠯ᠎ᠢ ᠡᠷᠭᠢᠯᠡᠪᠡ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠥᠯ᠎ᠤᠨ ᠲᠤᠬᠠᠢ ᠲᠣᠳᠣᠷᠬᠠᠶ᠋ᠢᠯᠠᠯᠲᠠ ᠵᠡᠷᠭᠡ ᠵᠢ ᠰᠣᠨᠣᠰᠪᠠ
 
             蒙ICP备05000248号