ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠳ᠋ᠦᠩᠨᠡᠯᠲᠡ ᠵᠢᠨ ᠬᠤᠷᠠᠯ ᠪᠡᠭᠡᠵᠢᠩ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2024-02-06

      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠳ᠋ᠦᠩᠨᠡᠯᠲᠡ ᠵᠢᠨ ᠬᠤᠷᠠᠯ ᠪᠡᠭᠡᠵᠢᠩ᠎ᠳᠤ ᠬᠤᠷᠠᠯᠳᠤᠪᠠ
      ᠬᠤᠷᠠᠯ᠎ᠠᠴᠠ ᠰᠢ ᠵᠢᠨ ᠫᠢᠩ᠎ᠤᠨ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ ᠎ᠢ ᠪᠡᠬᠢᠵᠢᠭᠦᠯᠦᠨ ᠥᠷᠭᠡᠳᠬᠡᠬᠦ ᠲᠤᠬᠠᠢ ᠴᠢᠬᠤᠯᠠ ᠶᠠᠷᠢᠶ᠎ᠠ ᠵᠢ ᠤᠯᠠᠮᠵᠢᠯᠠᠵᠤ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠢ ᠪᠠᠢ᠌ᠷᠢᠯᠠᠭᠤᠯᠤᠯᠲᠠ ᠬᠢᠵᠡᠢ
      ᠼᠠᠢ ᠴᠢ ᠳ᠋ᠦᠩᠨᠡᠯᠲᠡ ᠵᠢᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ

      ᠰᠢᠨᠬᠤᠸᠠ ᠬᠣᠷᠢᠶ᠎ᠠ ᠵᠢᠨ ᠪᠡᠭᠡᠵᠢᠩ᠎ᠤᠨ 2 ᠰᠠᠷ᠎ᠠ ᠵᠢᠨ 4᠎ᠤ ᠴᠠᠭᠢᠯᠭ᠋ᠠᠨ ᠮᠡᠳᠡᠭᠡ   ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠳ᠋ᠦᠩᠨᠡᠯᠲᠡ ᠵᠢᠨ ᠬᠤᠷᠠᠯ 4᠎ᠤ ᠡᠳᠦᠷ ᠪᠡᠭᠡᠵᠢᠩ᠎ᠳᠤ ᠬᠤᠷᠠᠯᠳᠤᠪᠠ᠃
      ᠲᠦᠷᠦᠭᠦᠬᠡᠨ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠬᠤᠷᠠᠯ᠎ᠢ ᠡᠷᠭᠢᠯᠡᠨ ᠭᠣᠣᠯ ᠰᠡᠳᠦᠪᠲᠦ ᠬᠥᠮᠦᠵᠢᠯ᠎ᠤᠨ ᠳ᠋ᠦᠩᠨᠡᠯᠲᠡ ᠵᠢᠨ ᠮᠡᠳᠡᠭᠦᠯᠦᠯᠲᠡ ᠪᠣᠯᠣᠨ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠲᠤᠬᠠᠢ ᠰᠠᠨᠠᠯ᠎ᠢ ᠬᠢᠨᠠᠨ ᠵᠥᠪᠯᠡᠬᠦ᠎ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠭᠣᠣᠯ ᠰᠡᠳᠦᠪᠲᠦ ᠬᠥᠮᠦᠵᠢᠯ᠎ᠢ ᠡᠬᠢᠯᠡᠭᠦᠯᠦᠭᠰᠡᠨ᠎ᠠᠴᠠ ᠨᠠᠭ᠋ᠠᠰᠢ᠂ ᠪᠦᠭᠦ ᠨᠠᠮ ᠵᠶ᠋ᠠᠷ ᠵᠶ᠋ᠠᠨ 《ᠦᠵᠡᠯ ᠰᠠᠨᠠᠭ᠎ᠠ ᠵᠢ ᠰᠤᠷᠤᠯᠴᠠᠬᠤ᠂ ᠨᠠᠮᠴᠢ ᠴᠢᠨᠠᠷ᠎ᠢ ᠴᠢᠩᠭ᠋ᠠᠳᠬᠠᠬᠤ᠂ ᠦᠢ᠍ᠯᠡᠳᠦᠯᠭᠡ ᠵᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠢ᠌ᠭᠤᠯᠬᠤ》 ᠶᠡᠷᠦᠩᠬᠡᠢ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠤᠨ᠂ ᠭᠣᠣᠯ ᠰᠡᠳᠦᠪ ᠭᠣᠣᠯ ᠱᠤᠭᠤᠮ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠷᠠᠯᠲᠠ ᠡᠭᠦᠷᠭᠡ᠎ᠪᠠᠨ ᠲᠣᠳᠣᠷᠬᠠᠢ᠌ᠯᠠᠵᠤ᠂ ᠰᠤᠷᠤᠯᠴᠠᠯᠭ᠎ᠠ᠎ᠪᠠᠷ ᠰᠦᠭ ᠰᠦᠨᠡᠰᠦ ᠵᠢ ᠱᠤᠭᠤᠬᠤ᠂ ᠰᠤᠷᠤᠯᠴᠠᠯᠭ᠎ᠠ᠎ᠪᠠᠷ ᠤᠶᠤᠨ ᠤᠬᠠᠭ᠋ᠠᠨ᠎ᠢ ᠨᠡᠮᠡᠭᠳᠡᠭᠦᠯᠬᠦ᠂ ᠰᠤᠷᠤᠯᠴᠠᠯᠭ᠎ᠠ᠎ᠪᠠᠷ ᠰᠤᠷᠲᠠᠯ᠎ᠢ ᠲᠥᠪ ᠪᠤᠯᠭ᠋ᠠᠬᠤ᠂ ᠰᠤᠷᠤᠯᠴᠠᠯᠭ᠎ᠠ᠎ᠪᠠᠷ ᠠᠵᠢᠯ᠎ᠢ ᠠᠬᠢᠭᠤᠯᠬᠤ ᠵᠢ ᠡᠭᠢᠯᠡᠯᠲᠡ ᠵᠢᠨ ᠵᠢᠯ᠎ᠤᠨ ᠠᠵᠢᠯ᠎ᠢ ᠰᠠᠢ᠌ᠲᠤᠷ ᠬᠢᠬᠦ᠎ᠲᠠᠢ ᠨᠢᠭᠲᠠ ᠤᠶᠠᠯᠳᠤᠭᠤᠯᠬᠤ ᠵᠢ ᠲᠤᠪᠤᠢ᠌ᠯᠭ᠋ᠠᠵᠥ᠂ ᠢᠯᠠᠩᠭᠤᠶ᠎ᠠ ᠴᠢᠨᠠᠷ ᠰᠠᠢ᠌ᠲᠠᠢ ᠬᠥᠭᠵᠢᠯᠲᠡ ᠵᠢ ᠬᠦᠯᠢᠶᠡᠰᠦᠯᠡᠵᠦ ᠪᠠᠢ᠌ᠭ᠎ᠠ ᠠᠰᠠᠭᠤᠳᠠᠯ᠂ ᠤᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠭ᠎ᠠ ᠠᠰᠠᠭᠤᠳᠠᠯ᠂ ᠨᠠᠮ᠎ᠤᠨ ᠪᠠᠢ᠌ᠭᠤᠯᠤᠯᠲᠠ ᠵᠢᠨ ᠲᠣᠪᠣᠢ᠌ᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠵᠢᠱ᠌ᠢᠭᠰᠡᠨ ᠬᠠᠷᠠᠯᠲᠠ᠎ᠳᠠᠭᠠᠨ ᠬᠦᠷᠴᠦ᠂ ᠢᠯᠡᠳᠲᠡ ᠦᠷ᠎ᠡ ᠪᠦᠲᠦᠮᠵᠢ ᠣᠯᠪᠠ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠰᠠᠨᠠᠯ᠎ᠤᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠵᠤ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠯᠳᠦᠭᠦᠯᠬᠦ ᠬᠡᠷᠡᠭᠲᠡᠢ᠃ ᠤᠨᠤᠯ ᠵᠶ᠋ᠠᠷ ᠵᠡᠪᠰᠡᠭᠯᠡᠬᠦ ᠵᠢ ᠦᠷᠭᠦᠯᠵᠢᠯᠡᠨ ᠴᠢᠩᠭ᠋ᠠᠳᠬᠠᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠨᠠᠮ᠎ᠤᠨ ᠰᠢᠨ᠎ᠡ ᠵᠢ ᠡᠭᠦᠳᠦᠭᠰᠡᠨ ᠤᠨᠤᠯ᠎ᠢ ᠰᠤᠷᠤᠯᠴᠠᠬᠤ ᠵᠢ ᠪᠠᠷᠢᠮᠲᠠᠯᠠᠬᠤ᠎ᠪᠠᠷ ᠲᠠᠮᠵᠢᠨ᠂ ᠵᠢᠮ᠎ᠡ ᠶᠣᠰᠣ ᠵᠢ ᠣᠢ᠌ᠯᠠᠭ᠋ᠠᠵᠤ᠂ ᠴᠢᠭᠯᠡᠯ ᠵᠶ᠋ᠡᠨ ᠲᠣᠳᠣᠷᠬᠠᠢ᠌ᠯᠠᠵᠤ᠂ ᠠᠷᠭ᠎ᠠ ᠵᠢ ᠰᠤᠷᠤᠯᠴᠠᠵᠤ᠂ ᠤᠶᠤᠨ ᠤᠬᠠᠭ᠋ᠠᠨ ᠵᠶ᠋ᠠᠨ ᠨᠡᠮᠡᠭᠳᠡᠭᠦᠯᠵᠦ᠂ ᠦᠨᠳᠦᠰᠦ ᠰᠠᠭᠤᠷᠢ᠎ᠪᠠᠨ ᠪᠡᠬᠢᠵᠢᠭᠦᠯᠵᠦ᠂ ᠰᠡᠳᠬᠢᠯ ᠵᠶ᠋ᠡᠨ ᠨᠢᠭᠡᠳᠬᠡᠨ ᠰᠦᠭ ᠰᠦᠨᠡᠰᠦ ᠵᠢ ᠱᠤᠭᠤᠬᠤ ᠵᠢ ᠬᠥᠮᠥᠵᠢᠭᠦᠯᠦᠨ ᠵᠢᠯᠤᠭᠣᠳᠴᠤ᠂ ᠨᠠᠮ᠎ᠤᠨ ᠪᠦᠯᠬᠦᠮᠳᠡᠯ ᠨᠢᠭᠡᠳᠦᠯ᠎ᠤᠨ ᠦᠵᠡᠯ ᠰᠠᠨᠠᠭ᠋ᠠᠨ᠎ᠤ ᠰᠠᠭᠤᠷᠢ ᠵᠢ ᠤᠯᠠᠮ ᠴᠢᠨᠠᠭᠰᠢᠳᠠ ᠪᠡᠬᠢᠵᠢᠭᠦᠯᠬᠦ ᠬᠡᠷᠡᠭᠲᠡᠢ᠃ ᠠᠰᠠᠭᠤᠳᠠᠯ᠎ᠢ ᠰᠢᠢ᠍ᠳᠪᠦᠷᠢᠯᠡᠬᠦ ᠵᠢ ᠦᠷᠭᠦᠯᠵᠢᠯᠡᠨ ᠠᠬᠢᠭᠤᠯᠵᠤ᠂ ᠴᠡᠭᠴᠡᠯᠡᠨ ᠰᠠᠢ᠌ᠵᠢᠷᠠᠭᠤᠯᠵᠤ ᠴᠡᠭᠴᠡᠯᠡᠨ ᠵᠠᠰᠠᠬᠤ ᠵᠢ ᠦᠷᠭᠦᠯᠵᠢᠯᠡᠨ ᠰᠠᠢ᠌ᠲᠤᠷ ᠠᠳᠬᠤᠵᠤ᠂ ᠳᠦᠷᠢᠮ ᠲᠣᠭᠲᠠᠭ᠋ᠠᠯ ᠲᠣᠭᠲᠠᠭ᠋ᠠᠵᠤ᠂ ᠠᠷᠠᠳ ᠤᠯᠠᠨ᠎ᠳᠤ ᠠᠰᠠᠭᠤᠳᠠᠯ᠎ᠢ ᠰᠢᠢ᠍ᠳᠪᠦᠷᠢᠯᠡᠭᠰᠡᠨ ᠪᠣᠳᠠᠲᠠᠢ ᠦᠷ᠎ᠡ ᠪᠦᠲᠦᠮᠵᠢ ᠵᠢ ᠦᠨᠡᠨ ᠬᠦ᠌ ᠮᠡᠳᠡᠷᠡᠭᠦᠯᠵᠦ᠂ ᠠᠷᠠᠳ ᠤᠯᠠᠨ᠎ᠳᠤ ᠬᠦᠷᠲᠡᠮᠵᠢ ᠵᠢᠨ ᠲᠥᠷᠥᠭᠳᠡᠯ ᠣᠯᠭᠣᠬᠤ ᠬᠡᠷᠡᠭᠲᠡᠢ᠃ ᠰᠤᠷᠲᠠᠯ ᠵᠶ᠋ᠠᠨ ᠦᠷᠭᠦᠯᠵᠢᠯᠡᠨ ᠰᠠᠢ᠌ᠵᠢᠷᠠᠭᠤᠯᠵᠤ᠂ 《ᠳᠥᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》 ᠵᠢ ᠨᠠᠢ᠌ᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠰᠢᠨ᠎ᠡ ᠴᠠᠭ ᠦᠶ᠎ᠡ ᠵᠢᠨ ᠤᠯᠠᠨ ᠲᠦᠮᠡᠨᠴᠢ ᠱᠤᠭᠤᠮ ᠵᠶ᠋ᠠᠷ ᠰᠠᠢ᠌ᠲᠤᠷ ᠵᠠᠮᠨᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠵᠠᠯᠠᠷᠠᠭᠤᠯᠤᠨ ᠵᠠᠰᠠᠵᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠠᠵᠢᠯ᠎ᠢ ᠦᠨᠡᠨ ᠬᠦ᠌ ᠰᠠᠢ᠌ᠲᠤᠷ ᠠᠳᠬᠤᠬᠤ           ᠬᠡᠷᠡᠭᠲᠡᠢ᠃ ᠪᠣᠳᠠᠲᠠᠢ ᠵᠢ ᠡᠷᠭᠢᠮᠯᠡᠭᠦ ᠰᠤᠷᠲᠠᠯ᠂ ᠠᠷᠢᠭᠤᠨ ᠴᠢᠬᠡᠴᠢ ᠰᠤᠷᠲᠠᠯ᠂ ᠠᠷᠪᠢᠴᠢ ᠪᠣᠷᠣᠭᠵᠢᠭᠤᠨ ᠰᠤᠷᠲᠠᠯ᠎ᠢ ᠶᠡᠬᠡ᠎ᠪᠠᠷ ᠪᠠᠳᠠᠷᠠᠭᠤᠯᠵᠤ᠂ ᠥᠪᠡᠷ ᠪᠡᠶ᠎ᠡ ᠵᠢᠨ ᠬᠤᠪᠢᠰᠬᠠᠯ ᠬᠢᠬᠦ ᠵᠣᠷᠢᠭ ᠰᠠᠨᠠᠭ᠎ᠠ ᠵᠢ ᠪᠠᠳᠠᠷᠠᠭᠤᠯᠵᠤ᠂ ᠪᠦᠭᠦ ᠨᠠᠮ᠎ᠤᠨ ᠳᠣᠲᠣᠷ᠎ᠠ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠵᠢᠨ ᠬᠥᠮᠦᠵᠢᠯ᠎ᠢ ᠰᠠᠢ᠌ᠲᠤᠷ ᠵᠣᠬᠢᠶᠠᠨ ᠪᠠᠢ᠌ᠭᠤᠯᠵᠤ ᠥᠷᠨᠢᠭᠦᠯᠬᠦ ᠬᠡᠷᠡᠭᠲᠡᠢ᠃ ᠦᠨᠳᠦᠰᠦᠨ ᠱᠠᠲᠤᠨ᠎ᠤ ᠰᠠᠭᠤᠷᠢ ᠵᠢ ᠦᠷᠭᠦᠯᠵᠢᠯᠡᠨ ᠪᠡᠬᠢᠵᠢᠭᠦᠯᠵᠦ᠂ ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢ ᠬᠥᠲᠥᠯᠥᠨ ᠳᠠᠭ᠋ᠠᠭᠤᠯᠬᠤ ᠵᠢ ᠠᠬᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠳᠠᠢ᠌ᠴᠢᠨ ᠪᠡᠬᠢᠯᠡᠯᠲᠡ ᠵᠢᠨ ᠦᠢ᠍ᠯᠡᠳᠦᠯ ᠪᠣᠯᠣᠨ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ           ᠬᠡᠷᠡᠭᠲᠡᠢ᠃ ᠨᠠᠢ᠌ᠳᠠᠪᠤᠷᠢᠵᠢᠭᠤᠯᠤᠯᠲᠠ ᠵᠢ ᠦᠷᠭᠦᠯᠵᠢᠯᠡᠨ ᠰᠠᠢ᠌ᠲᠤᠷ ᠠᠳᠬᠤᠵᠤ᠂ ᠠᠵᠢᠯ᠎ᠤᠨ ᠪᠦᠲᠦᠮᠵᠢ ᠵᠢᠨ ᠲᠤᠬᠠᠢ ᠵᠥᠪ ᠦᠵᠡᠯᠲᠡ ᠵᠢ ᠪᠠᠲᠤ ᠪᠤᠢ ᠪᠤᠯᠭ᠋ᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠨ᠂ ᠦᠨᠡᠨ᠎ᠠᠴᠠ ᠵᠥᠪ᠎ᠢ ᠡᠷᠢᠵᠦ᠂ ᠭᠠᠵᠠᠷ ᠣᠷᠣᠨ ᠎ᠤ ᠪᠠᠢ᠌ᠳᠠᠯ᠎ᠳᠠᠭᠠᠨ ᠲᠣᠬᠢᠷᠠᠭᠤᠯᠤᠨ᠂ ᠪᠣᠳᠠᠲᠠᠢ ᠠᠵᠢᠯᠯᠠᠬᠤ ᠵᠢ ᠴᠢᠬᠤᠯᠠᠴᠢᠯᠠᠵᠤ᠂ ᠪᠣᠳᠠᠲᠠᠢ᠎ᠪᠠᠷ ᠬᠢᠵᠦ᠂ ᠪᠣᠳᠠᠲᠤ ᠦᠷ᠎ᠡ ᠪᠦᠲᠦᠮᠵᠢ ᠭᠠᠷᠭ᠋ᠠᠬᠤ ᠵᠢ ᠡᠷᠬᠢᠮᠯᠡᠵᠦ᠂ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠪᠤᠯᠭ᠋ᠠᠵᠤ᠂ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠨᠠᠢ᠌ᠳᠠᠪᠤᠷᠢᠵᠢᠭᠤᠯᠤᠯᠲᠠ ᠵᠢ ᠲᠡᠷᠡ ᠶᠣᠰᠣᠭ᠋ᠠᠷ᠎ᠨᠢ ᠰᠠᠢ᠌ᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ ᠰᠢ ᠵᠢᠨ ᠫᠢᠩ᠎ᠤᠨ ᠲᠥᠪ᠎ᠤᠨ ᠤᠯᠤᠰ ᠲᠦᠷᠦ ᠵᠢᠨ ᠲᠣᠪᠴᠢᠶ᠎ᠠ ᠵᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠤᠯᠠᠮᠵᠢᠯᠠᠪᠠ᠃
      ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ᠂ ᠲᠥᠪ᠎ᠤᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠼᠠᠢ ᠴᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠭᠣᠣᠯ ᠰᠡᠳᠦᠪᠲᠦ ᠬᠥᠮᠦᠵᠢᠯ᠎ᠤᠨ ᠣᠯᠣᠭᠰᠠᠨ ᠢᠯᠡᠳᠲᠡ ᠦᠷ᠎ᠡ ᠪᠦᠲᠦᠮᠵᠢ ᠵᠢ ᠭᠦᠢ᠍ᠴᠡᠳ ᠨᠤᠲᠠᠯᠠᠵᠤ᠂ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠎ᠳᠤ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃ ᠪᠢᠳᠡ ᠭᠦᠨᠵᠡᠭᠡᠢ ᠣᠢ᠌ᠯᠠᠭ᠋ᠠᠵᠤ᠂ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠼᠠᠢ ᠴᠢ᠂ ᠡᠨᠡ ᠤᠳᠠᠭ᠎ᠠ ᠵᠢᠨ ᠭᠣᠣᠯ ᠰᠡᠳᠦᠪᠲᠦ ᠬᠥᠮᠦᠵᠢᠯ ᠢᠯᠡᠳᠲᠡ ᠦᠷ᠎ᠡ ᠪᠦᠲᠦᠮᠵᠢ ᠣᠯᠣᠭᠰᠠᠨ᠎ᠤ ᠦᠨᠳᠦᠰᠦᠨ ᠰᠢᠯᠲᠠᠭ᠋ᠠᠨ᠎ᠨᠢ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ᠂ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠠᠷ ᠵᠶ᠋ᠡᠨ ᠲᠥᠯᠥᠪᠵᠢᠭᠦᠯᠵᠦ᠂ ᠰᠢᠭᠤᠳ ᠤᠳᠤᠷᠢᠳᠴᠤ᠂ ᠪᠦᠭᠦ ᠶᠠᠪᠤᠴᠠ᠎ᠪᠠᠷ ᠵᠢᠭ᠋ᠠᠨ ᠵᠢᠯᠤᠭᠣᠳᠴᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠤᠭᠰᠠᠨ᠎ᠳᠤ ᠪᠠᠢ᠌ᠨ᠎ᠠ᠃ ᠶᠡᠷᠦᠩᠬᠡᠢ ᠱᠦᠵᠢ ᠰᠢ ᠵᠢᠨ ᠫᠢᠩ ᠭᠣᠣᠯ ᠰᠡᠳᠦᠪᠲᠦ ᠬᠥᠮᠦᠵᠢᠯ᠎ᠤᠨ ᠠᠵᠢᠯ᠎ᠤᠨ ᠬᠤᠷᠠᠯ᠎ᠳᠤ ᠣᠷᠤᠯᠴᠠᠬᠤ ᠵᠢᠨ ᠬᠠᠮᠲᠤ ᠳᠠᠢ᠌ᠴᠢᠯᠠᠯᠲᠠ ᠪᠠᠢ᠌ᠷᠢᠯᠠᠭᠤᠯᠤᠯᠲᠠ ᠬᠢᠵᠦ᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠬᠤᠷᠠᠯ᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠬᠢᠨᠠᠨ ᠵᠥᠪᠯᠡᠵᠦ᠂ ᠭᠣᠣᠯ ᠰᠡᠳᠦᠪᠲᠦ ᠬᠥᠮᠦᠵᠢᠯ᠎ᠤᠨ ᠲᠣᠭᠣᠷᠢᠨ᠎ᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠬᠠᠮᠲᠤ ᠵᠢᠨ ᠰᠤᠷᠤᠯᠴᠠᠯᠭ᠎ᠠ ᠪᠣᠯᠣᠨ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠡᠷᠭᠢᠯᠡᠭᠦ ᠵᠢᠨ ᠬᠠᠮᠲᠤ ᠤᠯᠠᠨ ᠤᠳᠠᠭ᠎ᠠ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠵᠤ ᠪᠠᠢ᠌ᠴᠠᠭ᠋ᠠᠨ ᠰᠤᠳᠤᠯᠤᠯᠲᠠ ᠬᠢᠵᠦ᠂ ᠭᠣᠣᠯ ᠰᠡᠳᠦᠪᠲᠦ ᠬᠥᠮᠦᠵᠢᠯ᠎ᠳᠤ ᠱᠠᠭ᠋ᠠᠷᠳᠠᠯᠭ᠎ᠠ ᠳᠤᠷᠠᠳᠴᠤ᠂ ᠠᠯᠢ ᠤᠯᠠᠨ ᠴᠢᠬᠤᠯᠠ ᠥᠭᠦᠯᠡᠯᠲᠡ ᠬᠢᠵᠦ᠂ ᠭᠣᠣᠯ ᠰᠡᠳᠦᠪᠲᠦ ᠬᠥᠮᠦᠵᠢᠯ᠎ᠢ ᠴᠢᠨᠠᠷ ᠰᠠᠢ᠌ᠲᠠᠢ ᠥᠷᠨᠢᠭᠦᠯᠬᠦ᠎ᠳᠤ ᠴᠢᠭᠯᠡᠯ᠎ᠢ ᠵᠢᠭ᠋ᠠᠵᠤ᠂ ᠴᠢᠬᠤᠯᠠ ᠵᠢᠷᠤᠮᠯᠠᠯ ᠬᠠᠩᠭ᠋ᠠᠪᠠ ᠭᠡᠵᠦ ᠵᠢᠭ᠋ᠠᠵᠤ ᠭᠠᠷᠭ᠋ᠠᠪᠠ᠃
      ᠼᠠᠢ ᠴᠢ᠂ ᠡᠨᠡ ᠤᠳᠠᠭ᠎ᠠ ᠵᠢᠨ ᠭᠣᠣᠯ ᠰᠡᠳᠦᠪᠲᠦ ᠬᠥᠮᠦᠵᠢᠯ᠎ᠨᠢ ᠰᠢᠨ᠎ᠡ ᠴᠠᠭ ᠦᠶ᠎ᠡ ᠎ᠳᠤ ᠨᠠᠮ᠎ᠤᠨ ᠳᠣᠲᠣᠭ᠋ᠠᠳᠤ᠎ᠳᠤ ᠲᠥᠪᠯᠡᠷᠡᠩᠭᠦᠢ ᠬᠥᠮᠦᠵᠢᠯ ᠥᠷᠨᠢᠭᠦᠯᠬᠦ᠎ᠳᠤ ᠰᠢᠨ᠎ᠡ ᠲᠤᠷᠰᠢᠯᠭ᠎ᠠ ᠬᠤᠷᠠᠮᠳᠤᠭᠤᠯᠵᠠᠢ᠂ ᠭᠣᠣᠯᠳᠠᠭᠤ᠄ ᠤᠨᠤᠯ᠎ᠤᠨ ᠰᠤᠷᠤᠯᠴᠠᠯᠭ᠎ᠠ ᠵᠢ ᠢᠮᠠᠭᠲᠠ ᠲᠤᠭᠤᠰᠢᠯᠠᠭᠤᠯᠬᠤ ᠵᠢ ᠪᠠᠷᠢᠮᠲᠠᠯᠠᠬᠤ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠳᠤᠪᠤᠢ᠌ᠯᠭ᠋ᠠᠬᠤ᠂ ᠭᠣᠣᠯ ᠡᠭᠦᠷᠭᠡ᠎ᠳᠤ ᠦᠢ᠍ᠯᠡᠴᠢᠯᠡᠬᠦ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠬᠦ᠂ ᠳᠡᠭᠡᠷ᠎ᠡ ᠱᠠᠲᠤ᠎ᠨᠢ ᠳᠣᠣᠷ᠎ᠠ ᠱᠠᠲᠤᠨ᠎ᠳᠠᠭᠠᠨ ᠳᠠᠭᠤᠷᠢᠶᠠᠯ ᠪᠣᠯᠵᠤ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠵᠡᠷᠭᠡ ᠵᠢ ᠪᠠᠭᠲᠠᠭ᠋ᠠᠨ᠎ᠠ᠂ ᠰᠠᠢ᠌ᠲᠤᠷ ᠳ᠋ᠦᠩᠨᠡᠵᠦ᠂ ᠰᠠᠢ᠌ᠲᠤᠷ ᠬᠡᠷᠡᠭᠯᠡᠬᠦ ᠵᠢ ᠠᠩᠬᠠᠷᠬᠤ ᠬᠡᠷᠡᠭᠲᠡᠢ ᠭᠡᠵᠦ ᠴᠢᠬᠤᠯᠠᠴᠢᠯᠠᠪᠠ᠃
      ᠼᠠᠢ ᠴᠢ᠂ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠬᠡᠵᠦ᠂ ᠡᠷᠡᠰ ᠭᠤᠢ᠌ᠪᠢᠰᠢ ᠦᠭᠡᠢ᠎ᠪᠠᠷ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠵᠤ᠂ ᠨᠠᠮ᠎ᠤᠨ ᠥᠪᠡᠷ᠎ᠢ᠎ᠪᠠᠨ ᠴᠡᠪᠡᠷᠰᠢᠭᠦᠯᠬᠦ᠂ ᠥᠪᠡᠷ᠎ᠢ᠎ᠪᠠᠨ ᠲᠡᠭᠦᠯᠳᠡᠷᠵᠢᠭᠦᠯᠬᠦ᠂ ᠥᠪᠡᠷ᠎ᠢ᠎ᠪᠠᠨ ᠰᠢᠨᠡᠴᠢᠯᠡᠬᠦ᠂ ᠥᠪᠡᠷ᠎ᠢ᠎ᠪᠠᠨ ᠳᠡᠭᠡᠭᠰᠢᠯᠡᠭᠦᠯᠭᠦ ᠵᠢ ᠪᠦᠭᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠪᠦᠭᠦ ᠨᠠᠮ᠎ᠤᠨ ᠪᠦᠯᠬᠦᠮᠳᠡᠯ ᠨᠢᠭᠡᠳᠦᠯ᠎ᠤᠨ ᠦᠵᠡᠯ ᠰᠠᠨᠠᠭ᠋ᠠᠨ᠎ᠤ ᠰᠠᠭᠤᠷᠢ ᠵᠢ ᠪᠡᠬᠢᠵᠢᠭᠦᠯᠵᠦ᠂ ᠨᠠᠮ᠎ᠤᠨ ᠰᠢᠨ᠎ᠡ ᠵᠢ ᠡᠭᠦᠳᠦᠭᠰᠡᠨ ᠤᠨᠤᠯ ᠵᠶ᠋ᠠᠷ ᠵᠡᠪᠰᠡᠭᠯᠡᠬᠦ ᠵᠢ ᠴᠥᠬᠥᠷᠡᠰᠢ ᠦᠭᠡᠢ ᠰᠠᠢ᠌ᠲᠤᠷ ᠠᠳᠬᠤᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ᠎ᠤᠨ ᠮᠠᠷᠺᠰ᠎ᠤᠨ ᠦᠵᠡᠯ᠎ᠤᠨ ᠴᠢᠬᠤᠯᠠ ᠠᠭᠤᠯᠭ᠎ᠠ ᠵᠢ ᠦᠨᠡᠨ ᠬᠦ᠌ ᠰᠤᠷᠤᠯᠴᠠᠵᠤ ᠮᠡᠳᠡᠬᠦ ᠵᠢ ᠠᠬᠢᠭᠤᠯᠬᠤ ᠬᠡᠷᠡᠭᠲᠡᠢ᠃ ᠪᠦᠭᠦ ᠨᠠᠮ᠎ᠤᠨ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠪᠦᠭᠦ ᠨᠠᠮ᠎ᠤᠨ ᠤᠶᠤᠨ ᠤᠬᠠᠭ᠋ᠠᠨ ᠪᠠ ᠬᠦᠴᠦᠨ ᠴᠢᠳᠠᠯ᠎ᠢ ᠰᠢᠨ᠎ᠡ ᠴᠠᠭ ᠦᠶ᠎ᠡ ᠰᠢᠨ᠎ᠡ ᠠᠶᠠᠨ ᠎ᠳᠠᠬᠢ ᠨᠠᠮ᠎ᠤᠨ ᠭᠣᠣᠯ ᠡᠭᠦᠷᠭᠡ ᠳᠡᠭᠡᠷ᠎ᠡ ᠨᠢᠭᠲᠠᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ  ᠵᠢᠨ ᠣᠯᠠᠨ ᠲᠦᠮᠡᠨᠴᠢ ᠱᠤᠭᠤᠮ ᠵᠶ᠋ᠠᠷ ᠰᠠᠢ᠌ᠲᠤᠷ ᠵᠠᠮᠨᠠᠵᠤ᠂ 《ᠳᠥᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》 ᠲᠤᠷᠰᠢᠯᠭ᠎ᠠ ᠵᠢ ᠰᠠᠢ᠌ᠲᠤᠷ ᠬᠡᠷᠡᠭᠯᠡᠵᠦ᠂ ᠮᠠᠨ᠎ᠤ ᠨᠠᠮ᠎ᠤᠨ ᠣᠯᠠᠨ ᠲᠦᠮᠡᠨ᠎ᠲᠠᠢ ᠨᠢᠭᠲᠠ ᠬᠠᠷᠢᠯᠴᠠᠬᠤ ᠰᠢᠯᠢᠳᠡᠭ ᠰᠤᠷᠲᠠᠯ᠎ᠢ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢ ᠴᠢᠩᠳᠠᠯᠠᠵᠤ᠂ ᠪᠦᠭᠦ ᠨᠠᠮ᠎ᠤᠨ ᠳᠣᠲᠣᠷ᠎ᠠ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠵᠢᠨ ᠬᠥᠮᠦᠵᠢᠯ᠎ᠢ ᠥᠷᠨᠢᠭᠦᠯᠵᠦ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ᠎ᠤᠨ ᠤᠬᠠᠮᠰᠠᠷ᠎ᠠᠴᠠ᠎ᠪᠠᠨ ᠲᠡᠮᠦᠷ ᠮᠡᠲᠦ ᠰᠠᠬᠢᠯᠭ᠎ᠠ ᠪᠠᠲᠤ ᠵᠢ ᠡᠳᠦᠷ ᠲᠤᠳᠤᠮ᠎ᠤᠨ ᠳᠠᠳᠬᠠᠯ ᠪᠠ ᠠᠵᠢᠯᠯᠠᠭ᠋ᠠᠨ᠎ᠤ ᠪᠠᠷᠢᠮᠵᠢᠶ᠎ᠠ ᠪᠤᠯᠭ᠋ᠠᠬᠤ ᠵᠢ ᠠᠬᠢᠭᠤᠯᠬᠤ ᠬᠡᠷᠡᠭᠲᠡᠢ᠃ ᠳᠦᠷᠢᠮ ᠵᠶ᠋ᠡᠷ ᠨᠠᠮ᠎ᠢ ᠵᠠᠰᠠᠬᠤ᠂ ᠲᠣᠭᠲᠠᠭ᠋ᠠᠯ ᠶᠣᠰᠣᠭ᠋ᠠᠷ ᠨᠠᠮ᠎ᠢ ᠵᠠᠰᠠᠬᠤ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠡᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠴᠥᠬᠥᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠯᠢ ᠭᠠᠨ ᠵᠢᠶᠧ ᠬᠤᠷᠠᠯ᠎ᠢ ᠡᠷᠭᠢᠯᠡᠵᠦ᠂ ᠯᠢ ᠱᠥ᠍ ᠯᠧᠢ᠂ ᠵᠢᠶᠠᠩ ᠰᠢᠨ ᡁᠢ ᠪᠣᠯᠣᠨ ᠮᠢᠶᠣᠣ ᠬᠤᠸᠠ ᠬᠤᠷᠠᠯ᠎ᠳᠤ ᠣᠷᠣᠯᠴᠠᠪᠠ᠃
      ᠲᠥᠪ᠎ᠤᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠵᠢᠴᠢ ᠠᠯᠪᠠᠨ ᠭᠡᠷ᠎ᠤᠨ ᠬᠠᠷᠢᠭᠤᠴᠠᠯᠭ᠋ᠠᠲᠠᠨ ᠨᠥᠬᠥᠳ᠂ ᠡᠯ᠎ᠡ ᠮᠤᠵᠢ ᠣᠷᠣᠨ ᠬᠣᠲᠠ ᠪᠣᠯᠣᠨ ᠳᠡᠳ᠋ ᠮᠤᠵᠢ ᠵᠢᠨ ᠲᠠᠰ᠎ᠤᠨ ᠬᠣᠲᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠎ᠤᠨ ᠳᠠᠷᠤᠭ᠎ᠠ᠂ ᠲᠥᠪ᠎ᠤᠨ ᠪᠠ ᠲᠥᠷᠥ ᠵᠢᠨ ᠪᠠᠢ᠌ᠭᠤᠯᠭ᠎ᠠ ᠵᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ᠎ᠤᠨ ᠪᠦᠯᠭᠦᠮ᠂ ᠲᠥᠪ᠎ᠠᠴᠠ ᠬᠠᠮᠢᠶᠠᠷᠴᠤ ᠪᠠᠢ᠌ᠭ᠎ᠠ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠂ ᠬᠡᠰᠡᠭ ᠠᠵᠤ ᠠᠬᠤᠢ᠌ᠯᠠᠯ ᠪᠣᠯᠣᠨ ᠶᠡᠬᠡ ᠳᠡᠭᠡᠳᠦ ᠰᠤᠷᠭ᠋ᠠᠭᠤᠯᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ᠂ ᠲᠥᠪ᠎ᠤᠨ ᠲᠣᠭᠣᠷᠢᠨ ᠵᠢᠯᠤᠭᠣᠳᠬᠤ ᠳᠤᠭᠤᠢ᠌ᠯᠠᠩ ᠪᠣᠯᠣᠨ ᠮᠤᠵᠢ ᠵᠢᠨ ᠲᠠᠰ᠎ᠤᠨ ᠲᠣᠭᠣᠷᠢᠨ ᠱᠠᠯᠠᠪᠳᠠᠭᠤᠯᠤᠨ ᠵᠢᠯᠤᠭᠣᠳᠬᠤ ᠳᠤᠭᠤᠢ᠌ᠯᠠᠩ᠎ᠤᠨ ᠳᠠᠷᠤᠭ᠎ᠠ᠂ ᠳᠡᠳ᠋ ᠳᠠᠷᠤᠭ᠎ᠠ ᠨᠠᠷ ᠬᠤᠷᠠᠯ᠎ᠳᠤ ᠣᠷᠣᠯᠴᠠᠪᠠ᠃ ᠬᠤᠷᠠᠯ᠎ᠨᠢ ᠲᠧᠯᠸᠢᠰ ᠤᠲᠠᠰᠤ ᠬᠤᠷᠠᠯ᠎ᠤᠨ ᠭᠡᠯᠪᠡᠷᠢ᠎ᠪᠠᠷ ᠬᠤᠷᠠᠯᠳᠤᠵᠤ᠂ ᠡᠯ᠎ᠡ ᠮᠤᠵᠢ ᠣᠷᠣᠨ ᠬᠤᠳᠠ ᠪᠣᠯᠣᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ  ᠵᠢᠨ ᠪᠢᠩᠲ᠋ᠤᠸᠠᠨ᠎ᠳᠤ ᠬᠤᠪᠢᠶᠠᠷᠢ ᠬᠤᠷᠠᠯ᠎ᠤᠨ ᠲᠠᠯᠠᠪᠠᠢ ᠲᠣᠬᠢᠷᠠᠭᠤᠯᠪᠠ᠃
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠨᠢᠳᠤᠨᠤᠨ᠎ᠤ 4 ᠰᠠᠷ᠎ᠠ᠎ᠠᠴᠠ ᠡᠬᠢᠯᠡᠭᠦᠯᠦᠨ᠂ ᠳᠡᠭᠡᠷ᠎ᠡ᠎ᠠᠴᠠ ᠳᠣᠷᠣᠭᠰᠢ ᠬᠣᠶᠠᠷ ᠪᠦᠯᠦᠭ ᠬᠤᠪᠢᠶᠠᠨ ᠶᠠᠪᠤᠭᠳᠠᠭᠤᠯᠵᠤ᠂ ᠣᠳᠣᠬᠠᠨ᠎ᠳᠤ ᠦᠨᠳᠦᠰᠦᠨ᠎ᠳᠡᠭᠡᠨ ᠳᠠᠭᠤᠰᠴᠠᠢ᠃


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠵᠠᠷᠯᠢᠭ᠎ᠲᠤ ᠭᠠᠷ᠎ᠤᠨ ᠦᠰᠦᠭ ᠵᠢᠷᠤᠵᠤ 《ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ》᠎ᠢ ᠨᠡᠶ᠋ᠢᠲᠡᠯᠡᠪᠡ
ᠰᠢ ᠵᠢᠨ ᠫᠢᠩ 37 ᠳ᠋ᠤᠭ᠋ᠠᠷ ᠬᠤᠭᠤᠴᠠᠭ᠋ᠠᠨ᠎ᠤ ᠠᠹᠷᠢᠺᠠ ᠲᠢᠪ᠎ᠤᠨ ᠤᠯᠤᠰ᠎ᠤᠳ᠎ᠤᠨ ᠬᠤᠯᠪᠤᠭ᠎ᠠ ᠵᠢᠨ ᠲᠥᠷᠥᠭᠦᠴᠦᠳ᠎ᠤᠨ ᠬᠤᠷᠠᠯ᠎ᠳᠤ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠪᠠ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠭᠠᠵᠠᠷ ᠰᠢᠷᠣᠢ ᠵᠢᠨ ᠡᠯᠧᠮᠧᠨ᠋ᠲ᠎ᠤᠨ ᠳᠠᠪᠠᠭᠤᠯᠢᠭ ᠭᠠᠵᠠᠷ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠪᠠᠲᠤᠯᠠᠬᠤ ᠴᠢᠳᠠᠪᠤᠷᠢ ᠵᠢ ᠴᠢᠩᠭ᠋ᠠᠳᠬᠠᠵᠤ ᠦᠨᠳᠦᠰᠦᠨ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠴᠢᠳᠠᠪᠤᠷᠢ ᠵᠢ ᠴᠢᠨᠠᠭᠰᠢᠳᠠ ᠳᠡᠭᠡᠭᠰᠢᠯᠡᠭᠦᠯᠭᠦ ᠬᠡᠷᠡᠭᠲᠡᠢ
ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠤᠷᠢᠶ᠎ᠠ ᠵᠢᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠰᠢᠨ᠎ᠡ ᠨᠢᠭᠡ ᠡᠭᠡᠯᠵᠢ ᠵᠢᠨ ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠵᠤ ᠪᠦᠭᠦ ᠨᠡᠶ᠋ᠢᠭᠡᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠦᠷᠳᠡᠭ᠎ᠢ ᠪᠦᠳᠦᠮᠵᠢᠳᠠᠢ ᠪᠠᠭᠤᠷᠠᠭᠤᠯᠬᠤ ᠬᠡᠷᠡᠭᠲᠡᠢ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
《ᠰᠢ ᠵᠢᠨ ᠫᠢᠩ ᠲᠦᠷᠦ ᠵᠢ ᠵᠠᠰᠠᠵᠤ ᠵᠠᠰᠠᠭ᠎ᠢ ᠡᠷᠭᠢᠯᠡᠭᠦ ᠲᠤᠬᠠᠢ ᠶᠠᠷᠢᠭᠰᠠᠨ᠎ᠨᠢ》 ᠭᠡᠬᠦ ᠨᠣᠮ᠎ᠤᠨ ᠳᠥᠷᠪᠡᠳᠦᠭᠡᠷ ᠪᠣᠳᠢ ᠵᠢᠨ 5 ᠵᠦᠢ᠍ᠯ᠎ᠤᠨ ᠦᠨᠳᠦᠰᠦᠲᠡᠨ᠎ᠤ ᠦᠰᠦᠭ ᠪᠢᠴᠢᠭ᠎ᠤᠨ ᠬᠡᠪᠯᠡᠯ᠎ᠢ ᠬᠡᠪᠯᠡᠨ ᠲᠠᠷᠬᠠᠭ᠋ᠠᠪᠠ
 
             蒙ICP备05000248号