ᠰᠢᠨᠬᠤᠸᠠ ᠬᠤᠷᠢᠶ᠎ᠠ ᠵᠢᠨ ᠪᠡᠭᠡᠵᠢᠩᠤᠨ 2 ᠰᠠᠷ᠎ᠠ ᠵᠢᠨ 4ᠤ ᠴᠠᠭᠢᠯᠭ᠋ᠠᠨ ᠮᠡᠳᠡᠭᠡ ᠲᠥᠷᠥ ᠵᠢᠨ ᠶᠠᠪᠤᠳᠠᠯᠤᠨ ᠬᠤᠷᠢᠶ᠎ᠠ ᠵᠢᠨ ᠶᠡᠷᠦᠩᠬᠡᠢ ᠰᠠᠶ᠋ᠢᠳ ᠯᠢ ᠴᠢᠶᠠᠩ ᠲᠦᠷᠦᠭᠦᠬᠡᠨ ᠲᠥᠷᠥ ᠵᠢᠨ ᠶᠠᠪᠤᠳᠠᠯᠤᠨ ᠬᠤᠷᠢᠶ᠎ᠠ ᠵᠢᠨ ᠵᠠᠷᠯᠢᠭᠲᠤ ᠭᠠᠷᠤᠨ ᠥᠰᠥᠭ ᠵᠢᠷᠤᠵᠤ᠂ 《ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨ᠎ᠠ)ᠢ ᠨᠡᠶ᠋ᠢᠲᠡᠯᠡᠵᠦ᠂ 2024 ᠣᠨᠤ 5 ᠰᠠᠷ᠎ᠠ ᠵᠢᠨ 1ᠤ ᠡᠳᠦᠷᠠᠴᠠ ᠡᠬᠢᠯᠡᠵᠦ ᠬᠡᠷᠡᠭᠵᠢᠭᠦᠯᠦᠨ᠎ᠡ᠃
ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠪᠣᠯ ᠵᠠᠬ᠎ᠠ ᠳᠡᠯᠭᠡᠭᠦᠷᠤᠨ ᠲᠣᠭᠲᠠᠴᠠᠪᠠᠷ ᠳᠠᠮᠵᠢᠭᠤᠯᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠵᠡᠷᠭᠡ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠬᠢᠵᠠᠭ᠋ᠠᠷᠯᠠᠨ ᠪᠠᠭ᠋ᠠᠰᠬᠠᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠢᠳᠡᠪᠬᠢᠲᠡᠢ ᠪᠥᠭᠡᠳ ᠯᠠᠪᠳᠠᠭᠤᠨ ᠵᠶ᠋ᠠᠷ ᠠᠬᠢᠭᠤᠯᠬᠤᠳᠤ ᠬᠦᠴᠦᠨ ᠨᠡᠮᠡᠷᠢᠯᠡᠬᠦ ᠴᠢᠬᠤᠯᠠ ᠲᠦᠷᠦ ᠵᠢᠨ ᠪᠣᠳᠣᠯᠭ᠎ᠠ ᠵᠢᠨ ᠪᠠᠭ᠋ᠠᠵᠢ ᠮᠥᠨ᠃ ᠲᠤᠰᠬᠠᠢ ᠵᠠᠰᠠᠭ ᠵᠠᠬᠢᠷᠭ᠋ᠠᠨᠤ ᠬᠠᠤᠯᠢ ᠲᠣᠭᠲᠠᠭ᠋ᠠᠯᠢ ᠲᠣᠭᠲᠠᠭ᠋ᠠᠬᠤᠪᠠᠷ ᠳᠠᠮᠵᠢᠭᠤᠯᠤᠨ ᠪᠦᠭᠦ ᠤᠯᠤᠰᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨᠤ ᠵᠠᠬ᠎ᠠ ᠳᠡᠯᠭᠡᠭᠦᠷᠤᠨ ᠠᠵᠢᠯᠯᠠᠭ᠋ᠠᠨᠤ ᠬᠠᠮᠢᠶᠠᠷᠤᠯᠲᠠᠳᠤ ᠲᠣᠳᠣᠷᠬᠠᠢ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ ᠬᠠᠩᠭ᠋ᠠᠵᠤ᠂ ᠲᠡᠭᠦᠨᠤ ᠡᠷᠡᠭᠦᠯ ᠵᠶ᠋ᠠᠷ ᠬᠥᠭᠵᠢᠬᠦ ᠵᠢ ᠪᠠᠲᠤᠯᠠᠨ ᠠᠬᠢᠭᠤᠯᠬᠤᠳᠤ ᠴᠢᠬᠤᠯᠠ ᠠᠴᠢ ᠬᠤᠯᠪᠣᠭᠳᠠᠯᠲᠠᠢ ᠶᠤᠮ᠃ 《ᠳᠦᠷᠢᠮ》ᠨᠢ ᠦᠢ᠍ᠯᠡᠳᠦᠯᠭᠡ ᠵᠢᠨ ᠲᠤᠷᠰᠢᠯᠭᠠᠪᠠᠨ ᠳ᠋ᠦᠩᠨᠡᠵᠦ᠂ ᠪᠦᠭᠦ ᠶᠠᠪᠤᠴᠠ ᠵᠢᠨ ᠬᠠᠮᠢᠶᠠᠷᠤᠯᠲᠠ ᠵᠢ ᠪᠠᠷᠢᠮᠲᠠᠯᠠᠨ᠂ ᠦᠨᠳᠦᠰᠦᠨ ᠳᠦᠷᠢᠮᠤᠨ ᠪᠣᠷᠣ ᠲᠥᠯᠥᠪᠢ ᠪᠠᠶ᠋ᠢᠭᠤᠯᠬᠤᠪᠠᠷ ᠭᠤᠣᠯᠳᠠᠯᠭ᠎ᠠ ᠪᠤᠯᠭ᠋ᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨᠤ ᠲᠥᠷᠥ ᠵᠢᠨ ᠪᠣᠳᠣᠯᠭ᠎ᠠ ᠵᠢᠨ ᠴᠢᠳᠠᠮᠵᠢ ᠵᠢ ᠪᠠᠳᠠᠷᠠᠭᠤᠯᠬᠤ ᠵᠢ ᠪᠠᠲᠤᠯᠠᠪᠠ᠃ 《ᠳᠦᠷᠢᠮ》ᠨᠢ ᠨᠡᠶ᠋ᠢᠲᠡ 33 ᠵᠦᠢ᠍ᠯ ᠪᠠᠶ᠋ᠢᠵᠤ᠂ ᠭᠤᠣᠯᠳᠠᠭᠤ ᠳᠣᠣᠷᠠᠬᠢ ᠠᠭᠤᠯᠭ᠎ᠠ ᠵᠢ ᠪᠠᠭᠲᠠᠭ᠋ᠠᠨᠠ᠃
ᠨᠢᠭᠡᠳᠤ᠂ ᠨᠠᠮᠤᠨ ᠤᠳᠤᠷᠢᠳᠤᠯᠭ᠎ᠠ ᠵᠢ ᠪᠠᠷᠢᠮᠲᠠᠯᠠᠬᠤ ᠬᠡᠷᠡᠭᠲᠡᠢ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠠᠵᠢᠯᠯᠠᠭ᠎ᠠ ᠵᠢᠨ ᠬᠠᠮᠢᠶᠠᠷᠤᠯᠲᠠ ᠵᠢ ᠲᠣᠳᠣᠷᠬᠠᠶ᠋ᠢᠯᠠᠬᠤᠳᠤ᠂ ᠳᠤᠮᠳᠠᠳᠤ ᠤᠯᠤᠰᠤᠨ ᠡᠪ ᠬᠠᠮᠲᠤ ᠨᠠᠮᠤᠨ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ ᠪᠠ ᠤᠯᠤᠰᠤᠨ ᠱᠤᠭᠤᠮ ᠴᠢᠭᠯᠡᠯᠲᠡ ᠲᠦᠷᠦ ᠵᠢᠨ ᠪᠣᠳᠣᠯᠭ᠎ᠠ ᠪᠠ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠬᠤ ᠬᠡᠷᠡᠭᠲᠡᠢ᠃
ᠬᠤᠶᠠᠷᠲᠤ᠂ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠲᠣᠳᠣᠷᠬᠠᠶ᠋ᠢᠯᠠᠪᠠ᠃ ᠲᠦᠷᠦ ᠵᠢᠨ ᠶᠠᠪᠤᠳᠠᠯᠤᠨ ᠬᠤᠷᠢᠶ᠎ᠠ ᠵᠢᠨ ᠠᠮᠢ ᠠᠬᠤᠢ ᠣᠷᠴᠢᠨ ᠲᠣᠭᠤᠷᠢᠨᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷᠠᠴᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠠᠵᠢᠯᠯᠠᠭ᠎ᠠ ᠵᠢ ᠬᠢᠨᠠᠨ ᠬᠠᠮᠢᠶᠠᠷᠬᠤ ᠠᠵᠢᠯᠢ ᠬᠠᠷᠢᠭᠤᠴᠠᠵᠤ᠂ ᠲᠦᠷᠦ ᠵᠢᠨ ᠶᠠᠪᠤᠳᠠᠯᠤᠨ ᠬᠤᠷᠢᠶ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷᠠᠴᠠ ᠲᠤᠰᠢᠶᠠᠯ ᠬᠠᠷᠢᠭᠤᠴᠠᠯᠭ᠎ᠠ ᠵᠢᠨ ᠠᠵᠢᠯᠤᠨ ᠬᠤᠪᠢᠶᠠᠷᠢᠯᠠᠯ ᠶᠣᠰᠣᠭ᠋ᠠᠷ ᠬᠤᠯᠪᠣᠭᠳᠠᠯ ᠪᠦᠬᠦᠢ ᠬᠢᠨᠠᠨ ᠬᠠᠮᠢᠶᠠᠷᠬᠤ ᠠᠵᠢᠯᠢ ᠬᠠᠷᠢᠭᠤᠴᠠᠬᠤᠪᠠᠷ ᠲᠣᠭᠲᠠᠭ᠋ᠠᠪᠠ᠃
ᠭᠤᠷᠪᠠᠳᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨᠤ ᠬᠠᠮᠢᠶᠠᠷᠤᠯᠲᠠ ᠵᠢᠨ ᠦᠨᠳᠦᠰᠦᠨ ᠳᠦᠷᠢᠮᠤᠨ ᠪᠣᠷᠣ ᠲᠥᠯᠥᠪᠢ ᠪᠠᠶ᠋ᠢᠭᠤᠯᠪᠠ᠃ ᠪᠦᠭᠦ ᠤᠯᠤᠰᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢ ᠳᠠᠩᠰᠠᠯᠠᠬᠤ ᠪᠠᠶ᠋ᠢᠭᠤᠯᠤᠮᠵᠢ ᠪᠠ ᠠᠷᠠᠯᠵᠢᠶᠠᠨᠤ ᠪᠠᠶ᠋ᠢᠭᠤᠯᠤᠮᠵᠢ ᠵᠢᠨ ᠬᠠᠤᠯᠢ ᠴᠠᠭ᠋ᠠᠵᠠ ᠵᠢᠨ ᠪᠠᠶ᠋ᠢᠷᠢ ᠰᠠᠭᠤᠷᠢ ᠪᠠ ᠡᠭᠦᠷᠭᠡ ᠬᠠᠷᠢᠭᠤᠴᠠᠯᠭ᠎ᠠ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢᠨ ᠬᠠᠮᠤᠷᠬᠤ ᠬᠡᠪᠴᠢᠶ᠎ᠡ ᠵᠢᠴᠢ ᠠᠷᠠᠯᠵᠢᠶᠠᠯᠠᠬᠤ ᠦᠢ᠍ᠯᠡᠳᠬᠦᠨ᠂ ᠠᠷᠠᠯᠵᠢᠶᠠᠯᠠᠬᠤ ᠭᠤᠣᠯ ᠴᠣᠭᠴᠠ ᠪᠠ ᠠᠷᠠᠯᠵᠢᠶᠠᠯᠠᠬᠤ ᠠᠷᠭ᠎ᠠ ᠮᠠᠶᠢᠭᠢ ᠲᠣᠳᠣᠷᠬᠠᠶ᠋ᠢᠯᠠᠵᠤ᠂ ᠭᠤᠣᠯᠳᠠᠯᠭᠠᠲᠠᠢ ᠭᠠᠳᠠᠭᠰᠢᠯᠠᠭᠤᠯᠬᠤ ᠨᠢᠭᠡᠴᠢ ᠵᠢ ᠲᠣᠭᠲᠠᠭ᠋ᠠᠬᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠬᠤᠪᠢᠶᠠᠷᠢᠯᠠᠬᠤ᠂ ᠣᠨᠤ ᠬᠦᠯᠡᠮᠵᠢ ᠵᠢᠨ ᠬᠡᠢ ᠪᠡᠶᠡᠲᠦ ᠭᠠᠳᠠᠭᠰᠢᠯᠠᠭᠤᠯᠬᠤ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠬᠤ ᠪᠠ ᠬᠠᠷᠭᠤᠭᠤᠯᠤᠨ ᠪᠠᠶ᠋ᠢᠴᠠᠭ᠋ᠠᠬᠤ ᠵᠢᠴᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢᠨ ᠬᠤᠪᠢᠶᠠᠷᠢᠯᠠᠬᠤ ᠲᠤᠭ᠎ᠠ ᠵᠢ ᠢᠯᠭ᠋ᠠᠷᠠᠭᠤᠯᠤᠨ ᠲᠤᠰᠢᠶᠠᠬᠤ ᠪᠠ ᠵᠠᠬ᠎ᠠ ᠳᠡᠯᠭᠡᠭᠦᠷᠤᠨ ᠠᠷᠠᠯᠵᠢᠶ᠎ᠠ ᠵᠡᠷᠭᠡ ᠵᠦᠢ᠍ᠯᠢ ᠲᠣᠳᠣᠷᠬᠠᠶ᠋ᠢᠯᠠᠪᠠ᠃
ᠳᠥᠷᠪᠡᠳᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠤᠭ᠎ᠠ ᠪᠠᠷᠢᠮᠲᠠ ᠵᠢ ᠬᠠᠭᠤᠷᠮᠠᠭᠯᠠᠨ ᠵᠣᠬᠢᠶᠠᠬᠤ ᠦᠢ᠍ᠯᠡ ᠠᠵᠢᠯᠯᠠᠭ᠎ᠠ ᠵᠢ ᠰᠡᠷᠭᠡᠶ᠋ᠢᠯᠡᠬᠦ ᠪᠠ ᠵᠠᠯᠬᠠᠭ᠋ᠠᠨ ᠰᠢᠢ᠍ᠳᠬᠡᠨᠡ᠃ ᠭᠤᠣᠯᠳᠠᠭᠤ ᠭᠤᠣᠯᠳᠠᠯᠭᠠᠲᠠᠢ ᠭᠠᠳᠠᠭᠰᠢᠯᠠᠭᠤᠯᠬᠤ ᠨᠢᠭᠡᠴᠢ ᠵᠢᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠷᠠᠭᠤᠯᠬᠤ᠂ ᠮᠡᠷᠭᠡᠵᠢᠯᠤᠨ ᠦᠢ᠍ᠯᠡᠴᠢᠯᠡᠭᠡᠨᠤ ᠪᠠᠶ᠋ᠢᠭᠤᠯᠤᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠬᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠷᠠᠭᠤᠯᠬᠤ᠂ ᠰᠢᠢ᠍ᠳᠬᠡᠨ ᠲᠣᠷᠭ᠋ᠠᠬᠤ ᠡᠷᠴᠢᠮᠢ ᠨᠡᠮᠡᠭᠳᠡᠭᠦᠯᠬᠦ ᠵᠡᠷᠭᠡ ᠲᠠᠯᠠᠪᠠᠷ ᠲᠣᠳᠣᠷᠬᠠᠢ ᠲᠣᠭᠲᠠᠭ᠋ᠠᠯ ᠭᠠᠷᠭ᠋ᠠᠪᠠ᠃