ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠶᠠᠷᠢᠯᠴᠠᠪᠠ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠠᠢ
ᠨᠡᠶ᠋ᠢᠲᠡᠯᠡᠭᠰᠡᠨ ᠴᠠᠭ᠄ 2024-03-01

      ᠰᠢᠨᠬᠤᠸᠠ ᠬᠤᠷᠢᠶ᠎ᠠ ᠵᠢᠨ  ᠪᠡᠭᠡᠵᠢᠩ᠎ᠤᠨ 2 ᠰᠠᠷ᠎ᠠ ᠵᠢᠨ 29᠎ᠤ ᠴᠠᠭᠢᠯᠭ᠋ᠠᠨ ᠮᠡᠳᠡᠭᠡ  ᠨᠠᠮ᠎ᠤᠨ ᠲᠥᠪ ᠬᠤᠷᠢᠶ᠎ᠠ ᠵᠢᠨ  ᠤᠯᠤᠰ ᠲᠦᠷᠦ ᠵᠢᠨ  ᠲᠣᠪᠴᠢᠶ᠎ᠠ 2 ᠰᠠᠷ᠎ᠠ ᠵᠢᠨ 29᠎ᠤ ᠡᠳᠦᠷ ᠬᠤᠷᠠᠯ ᠬᠤᠷᠠᠯᠳᠤᠭᠤᠯᠵᠤ ᠂  ᠲᠦᠷᠦ ᠵᠢᠨ  ᠶᠠᠪᠤᠳᠠᠯ᠎ᠤᠨ  ᠬᠤᠷᠢᠶ᠎ᠠ ᠵᠢᠨ  ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ  ᠠᠷᠠᠳ᠎ᠤᠨ  ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ᠎ᠳᠤ  ᠳᠡᠪᠰᠢᠭᠦᠯᠵᠦ ᠬᠢᠨᠠᠨ ᠵᠥᠪᠯᠡᠭᠦᠯᠬᠦ᠎ᠪᠠᠷ  ᠪᠠᠶ᠋ᠢᠭ᠎ᠠ 《  ᠵᠠᠰᠠᠭ᠎ᠤᠨ  ᠣᠷᠳᠣᠨ᠎ᠤ  ᠠᠵᠢᠯ᠎ᠤᠨ  ᠢᠯᠡᠳᠬᠡᠯ 》᠎ᠤᠨ  ᠨᠣᠣᠷᠠᠭ᠎ᠢ  ᠶᠠᠷᠢᠯᠴᠠᠪᠠ ᠃  ᠨᠠᠮ᠎ᠤᠨ ᠲᠥᠪ ᠬᠤᠷᠢᠶ᠎ᠠ ᠵᠢᠨ  ᠶᠡᠷᠦᠩᠬᠡᠢ ᠱᠦᠵᠢ  ᠰᠢ ᠵᠢᠨ ᠫᠢᠩ  ᠬᠤᠷᠠᠯ᠎ᠢ ᠡᠷᠭᠢᠯᠡᠵᠠᠢ ᠃
      ᠬᠤᠷᠠᠯ᠎ᠠᠴᠠ ᠂  ᠥᠩᠭᠡᠷᠡᠭᠰᠡᠨ ᠨᠢᠭᠡ ᠵᠢᠯ᠎ᠳᠤ ᠂  ᠲᠤᠶ᠋ᠢᠯ᠎ᠤᠨ ᠨᠠᠷᠢᠨ ᠪᠤᠳᠤᠯᠢᠶᠠᠨᠲᠠᠢ ᠣᠯᠠᠨ ᠤᠯᠤᠰ᠎ᠤᠨ ᠣᠷᠴᠢᠨ ᠲᠣᠭᠤᠷᠢᠨ ᠪᠠ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶ᠋ᠢᠳᠠᠯ᠎ᠤᠨ ᠬᠠᠲᠠᠭᠤ ᠪᠡᠷᠬᠡ ᠨᠦᠰᠡᠷ ᠬᠦᠨᠳᠦ ᠡᠭᠦᠷᠭᠡ ᠵᠢᠨ ᠡᠮᠦᠨ᠎ᠡ ᠂ ᠰᠢ ᠵᠢᠨ ᠫᠢᠩ  ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠂  ᠭᠠᠳᠠᠭ᠋ᠠᠳᠤ ᠵᠢᠨ ᠳᠠᠷᠤᠯᠲᠠ ᠵᠢ ᠲᠤᠯᠵᠤ ᠂  ᠳᠣᠲᠣᠭ᠋ᠠᠳᠤ ᠵᠢᠨ ᠬᠦᠴᠢᠷᠳᠡᠯ᠎ᠢ ᠢᠯᠠᠨ ᠳᠠᠪᠠᠵᠤ ᠂  ᠰᠢᠷᠭ᠋ᠠᠭᠤ ᠴᠢᠷᠮᠠᠶ᠋ᠢᠯᠭ᠎ᠠ ᠭᠠᠷᠭ᠋ᠠᠵᠤ ᠂  ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ  ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠲᠣᠭᠲᠠᠭᠤᠨ ᠵᠶ᠋ᠠᠷ ᠱᠠᠲᠤ ᠦᠶ᠎ᠡ ᠰᠢᠯᠵᠢᠭᠦᠯᠵᠦ ᠂  ᠠᠵᠤ ᠠᠬᠤᠢ ᠵᠢ ᠳᠠᠭᠢᠨ ᠳᠡᠭᠡᠭᠰᠢᠯᠡᠭᠦᠯᠵᠦ ᠰᠠᠶ᠋ᠢᠵᠢᠷᠠᠭᠤᠯᠤᠨ ᠂  ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠬᠦᠴᠦᠲᠡᠢ ᠪᠥᠭᠡᠳ ᠪᠦᠲᠦᠮᠵᠢᠲᠡᠶ ᠪᠠᠶ᠋ᠢᠯᠭ᠋ᠠᠵᠤ ᠂  ᠪᠦᠭᠦ ᠵᠢᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠬᠠᠷᠠᠯᠲᠠ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ ᠂  ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠵᠶ᠋ᠠᠷ ᠠᠬᠢᠭᠤᠯᠤᠨ ᠂  ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠯᠠᠪᠳᠠᠭᠤᠨ ᠪᠠᠲᠤᠲᠠᠢ ᠠᠯᠬᠤᠮ᠎ᠢ ᠠᠯᠬᠤᠵᠠᠢ ᠭᠡᠵᠦ ᠦᠵᠡᠪᠡ ᠃
      ᠬᠤᠷᠠᠯ᠎ᠠᠴᠠ ᠂  ᠡᠨᠡ ᠵᠢᠯ ᠪᠣᠯ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 75 ᠵᠢᠯ᠎ᠤᠨ ᠣᠶ ᠮᠥᠨ ᠂ 《  ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ 》 ᠵᠢᠨ  ᠬᠠᠷᠠᠯᠲᠠ ᠡᠭᠦᠷᠭᠡ ᠵᠢ  ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠮᠥᠨ ᠃  ᠵᠠᠰᠠᠭ᠎ᠤᠨ ᠣᠷᠳᠣᠨ᠎ᠤ ᠠᠵᠢᠯ᠎ᠢ ᠰᠠᠶ᠋ᠢᠲᠤᠷ ᠬᠢᠬᠦ᠎ᠳᠤ᠂ ᠰᠢ ᠵᠢᠨ ᠫᠢᠩ  ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠵᠢᠨ  ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ  ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠵᠤ᠂  ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ  ᠬᠤᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂  ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂  ᠲᠣᠭᠲᠠᠭᠤᠨ ᠎ᠤ  ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂  ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂  ᠵᠥᠪ ᠣᠨᠣᠪᠴᠢᠲᠠᠶ᠂  ᠪᠦᠭᠦ ᠲᠠᠯ᠎ᠠ᠎ᠪᠠᠷ  ᠲᠤᠭᠤᠰᠢᠯᠠᠭᠤᠯᠵᠤ᠂  ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠵᠤ᠂  ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠵᠤ ᠂  ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ ᠂  ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠬᠦ ᠵᠢ ᠠᠬᠢᠭᠤᠯᠵᠤ ᠂  ᠬᠤᠷᠸ᠎ᠠ ᠲᠣᠬᠢᠷᠠᠭᠤᠯᠭ᠎ᠠ ᠡᠵᠡᠮᠳᠡᠯ᠎ᠤᠨ ᠡᠷᠴᠢᠮ᠎ᠢ ᠴᠢᠩᠭ᠋ᠠᠷᠠᠭᠤᠯᠵᠤ ᠂  ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢ  ᠨᠢᠭᠡᠳᠦᠯᠲᠡᠢ ᠲᠥᠯᠥᠪᠵᠢᠭᠦᠯᠵᠦ ᠂  ᠰᠢᠨ᠎ᠡ ᠮᠠᠶᠢᠭ᠎ᠤᠨ ᠬᠤᠲᠠ ᠪᠠᠯᠭ᠋ᠠᠰᠤᠵᠢᠯᠲᠠ ᠪᠠ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ  ᠨᠢᠭᠡᠳᠦᠯᠲᠡᠢ ᠲᠥᠯᠥᠪᠵᠢᠭᠦᠯᠵᠦ ᠂  ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ ᠂  ᠦᠨᠡᠨ ᠬᠦ᠌ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠴᠢᠩᠭ᠋ᠠᠷᠠᠭᠤᠯᠵᠤ ᠂  ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠵᠤ ᠂  ᠨᠡᠶ᠋ᠢᠭᠡᠮ᠎ᠤᠨ ᠵᠢᠱ᠌ᠢᠯᠲᠡ ᠵᠢ ᠰᠠᠶ᠋ᠢᠵᠢᠷᠠᠭᠤᠯᠤᠨ ᠂  ᠠᠵᠤ ᠠᠬᠤᠢ ᠵᠢᠨ ᠰᠡᠷᠭᠦᠨ ᠰᠠᠶ᠋ᠢᠵᠢᠷᠠᠬᠤ ᠬᠠᠨᠳᠤᠰᠢ ᠵᠢ ᠪᠠᠬᠢᠵᠢᠭᠦᠯᠦᠨ ᠴᠢᠩᠭ᠋ᠠᠳᠬᠠᠵᠤ ᠂  ᠠᠵᠤ ᠠᠬᠤᠢ ᠵᠢᠨ ᠴᠢᠨᠠᠷ ᠴᠢᠨᠰᠠᠭ᠎ᠠ ᠵᠢᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ᠎ᠤ ᠵᠦᠢ ᠵᠣᠬᠢᠰᠲᠠᠢ ᠨᠡᠮᠡᠭᠳᠡᠯ᠎ᠢ ᠪᠡᠶᠡᠯᠡᠭᠦᠯᠬᠦ ᠵᠢ ᠦᠷᠭᠦᠯᠵᠢᠯᠡᠨ ᠠᠬᠢᠭᠤᠯᠵᠤ᠂  ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠦᠨ᠂  ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠪᠠᠲᠤᠯᠠᠵᠤ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ  ᠵᠶ᠋ᠠᠨ  ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂  ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ ᠂  ᠡᠨᠡ ᠵᠢᠯ᠎ᠤᠨ ᠠᠵᠢᠯ᠎ᠳᠤ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠂  ᠤᠷᠤᠭᠰᠢᠯᠠᠨ ᠲᠠᠪᠰᠢᠬᠤ᠎ᠪᠠᠷ ᠲᠣᠭᠲᠠᠭᠤᠨ᠎ᠢ ᠠᠬᠢᠭᠤᠯᠵᠤ ᠂  ᠤᠷᠢᠳ ᠵᠶ᠋ᠠᠷ  ᠪᠠᠶ᠋ᠢᠭᠤᠯᠵᠤ ᠳᠠᠷᠠᠭ᠎ᠠ᠎ᠨᠢ  ᠰᠢᠪᠲᠤᠯᠬᠤ ᠵᠢ ᠪᠠᠷᠢᠮᠲᠠᠯᠠᠬᠤ ᠬᠡᠷᠡᠭᠲᠡᠢ ᠃  ᠢᠳᠡᠪᠬᠢᠲᠡᠢ ᠡᠳ᠋᠎ᠤᠨ ᠵᠠᠰᠠᠭ᠎ᠤᠨ ᠲᠦᠷᠦ ᠵᠢᠨ ᠪᠣᠳᠣᠯᠭ᠎ᠠ ᠵᠢᠨ ᠲᠠᠯ᠎ᠠ᠎ᠪᠠᠷ ᠵᠣᠬᠢᠰᠲᠠᠢ ᠬᠦᠴᠦᠯᠡᠵᠦ ᠂  ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠵᠦ᠂  ᠲᠣᠭᠲᠠᠭᠤᠨ ᠵᠣᠭᠤᠰᠤᠨ᠎ᠤ ᠲᠦᠷᠦ ᠵᠢᠨ ᠪᠣᠳᠣᠯᠭ᠎ᠠ ᠵᠢ ᠠᠮᠢᠳᠤᠯᠢᠭ ᠪᠥᠭᠡᠳ ᠲᠣᠬᠢᠷᠠᠮᠵᠢᠲᠠᠢ᠂  ᠣᠨᠣᠴᠠᠲᠠᠢ ᠪᠥᠭᠡᠳ ᠪᠦᠲᠦᠮᠵᠢᠲᠡᠶ ᠪᠠᠶ᠋ᠢᠯᠭ᠋ᠠᠵᠤ᠂  ᠬᠤᠷᠸ᠎ᠠ ᠲᠦᠷᠦ ᠵᠢᠨ ᠪᠣᠳᠣᠯᠭ᠎ᠠ ᠵᠢᠨ ᠬᠠᠨᠳᠤᠰᠢ ᠵᠢᠨ ᠨᠢᠭᠡᠳᠦᠯᠲᠦ ᠴᠢᠨᠠᠷ᠎ᠢ ᠴᠢᠩᠭ᠋ᠠᠳᠬᠠᠵᠤ᠂  ᠲᠣᠭᠲᠠᠭᠤᠨ ᠪᠥᠭᠡᠳ ᠢᠯᠡ ᠲᠣᠳᠣᠷᠬᠠᠢ ᠵᠢᠱ᠌ᠢᠵᠦ ᠪᠣᠯᠬᠤᠶ᠋ᠢᠴᠠ ᠲᠦᠷᠦ ᠵᠢᠨ ᠪᠣᠳᠣᠯᠭ᠎ᠠ ᠵᠢᠨ ᠣᠷᠴᠢᠨ ᠨᠥᠬᠦᠴᠡᠯ᠎ᠢ ᠪᠤᠢ ᠪᠤᠯᠭ᠋ᠠᠬᠤ ᠬᠡᠷᠡᠭᠲᠡᠢ ᠃  ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠶᠡᠭᠡ᠎ᠪᠠᠷ  ᠠᠬᠢᠭᠤᠯᠵᠤ ᠂  ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠬᠦ ᠬᠡᠷᠡᠭᠲᠡᠢ ᠃  ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠠᠷ ᠤᠯᠤᠰ ᠣᠷᠣᠨ ᠵᠶ᠋ᠠᠨ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ ᠂  ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠬᠦᠴᠦᠯᠡᠨ ᠥᠷᠭᠡᠳᠬᠡᠵᠦ ᠂  ᠥᠭᠡᠷᠡᠴᠢᠯᠡᠯᠲᠡ ᠵᠢ ᠡᠷᠡᠰ ᠭᠤᠶ᠋ᠢᠪᠢᠰᠢ ᠦᠭᠡᠢ᠎ᠪᠠᠷ ᠭᠦᠨᠵᠡᠭᠡᠶ᠋ᠢᠷᠡᠭᠦᠯᠦᠨ ᠂  ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠬᠡᠵᠦ ᠂  ᠭᠤᠣᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭᠰᠢᠭᠦᠷᠢ ᠵᠢ ᠪᠦᠲᠦᠮᠵᠢᠲᠡᠶ ᠰᠡᠷᠭᠡᠶ᠋ᠢᠯᠡᠨ ᠠᠷᠢᠯᠭ᠋ᠠᠬᠤ ᠬᠡᠷᠡᠭᠲᠡᠢ ᠃ 《  ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ 》᠎ᠤ  ᠠᠵᠢᠯ᠎ᠢ ᠴᠥᠬᠦᠷᠡᠰᠢ ᠦᠭᠡᠢ ᠰᠠᠶ᠋ᠢᠲᠤᠷ ᠠᠳᠬᠤᠵᠤ᠂  ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ ᠂  ᠬᠤᠳᠠ ᠬᠥᠳᠡᠭᠡ ᠵᠢᠨ ᠠᠭᠤᠰᠤᠯᠴᠠᠯ ᠪᠣᠯᠣᠨ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠬᠤ ᠬᠡᠷᠡᠭᠲᠡᠢ ᠃  ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ ᠂  ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠠᠬᠢᠭᠤᠯᠬᠤ ᠬᠡᠷᠡᠭᠲᠡᠢ ᠃  ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠶ᠋ᠢᠵᠢᠷᠠᠭᠤᠯᠵᠤ᠂  ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠵᠤ ᠰᠢᠨ᠎ᠡ ᠵᠢ ᠡᠭᠦᠳᠬᠦ ᠬᠡᠷᠡᠭᠲᠡᠢ ᠃  ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ ᠂  ᠬᠡᠯᠪᠡᠷᠢᠴᠢ ᠦᠵᠡᠯ ᠂  ᠨᠣᠶᠠᠨᠴᠢ ᠰᠤᠷᠲᠠᠯ᠎ᠢ ᠡᠷᠡᠰ ᠵᠠᠯᠠᠷᠠᠭᠤᠯᠤᠨ ᠵᠠᠰᠠᠵᠤ᠂  ᠦᠨᠡᠨ ᠬᠦ᠌ ᠠᠳᠬᠤᠨ ᠪᠣᠳᠠᠲᠠᠢ ᠠᠵᠢᠯᠯᠠᠵᠤ᠂  ᠰᠢᠷᠭ᠋ᠠᠭᠤ ᠬᠠᠲᠠᠭᠤᠵᠢᠯᠲᠠᠢ ᠠᠵᠢᠯᠯᠠᠵᠤ᠂  ᠴᠢᠳᠠᠮᠠᠭ᠋ᠠᠢ᠎ᠪᠠᠷ ᠬᠢᠵᠦ ᠴᠢᠳᠠᠮᠠᠭ᠋ᠠᠢ᠎ᠪᠠᠷ ᠪᠦᠲᠦᠭᠡᠵᠦ ᠂  ᠪᠦᠭᠦ ᠵᠢᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ ᠡᠭᠦᠷᠭᠡ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ᠎ᠤᠨ ᠵᠥᠪᠯᠡᠬᠦ ᠵᠦᠢ᠍ᠯᠡᠰ
ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠬᠤᠶᠠᠳᠤᠭ᠋ᠠᠷ ᠬᠤᠷᠠᠯ ᠪᠡᠭᠡᠵᠢᠩ᠎ᠳᠤ ᠡᠬᠢᠯᠡᠪᠡ
ᠰᠢ ᠵᠢᠨ ᠫᠢᠩ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ ᠴᠢᠬᠤᠯᠠᠴᠢᠯᠠᠭᠰᠠᠨ᠎ᠨᠢ — ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ ᠪᠡᠭᠡᠵᠢᠩ᠎ᠳᠤ ᠡᠬᠢᠯᠡᠪᠡ ᠰᠢ ᠵᠢᠨ ᠫᠢᠩ ᠸᠠᠩ ᠬᠤ᠌ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ ᠲᠡᠷᠢᠭᠦᠯᠡᠭᠴᠢᠳ᠎ᠤᠨ ᠲᠠᠶ᠋ᠢᠰᠠᠨ᠎ᠳᠤ ᠰᠠᠭ᠋ᠠᠲᠠᠵᠠᠢ ᠯᠢ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠬᠢᠪᠡ ᠵᠣᠣ ᠯᠧ ᠵᠢᠢ ᠬᠤᠷᠠᠯ᠎ᠢ ᠡᠷᠭᠢᠯᠡᠪᠡ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠥᠯ᠎ᠤᠨ ᠲᠤᠬᠠᠢ ᠲᠣᠳᠣᠷᠬᠠᠶ᠋ᠢᠯᠠᠯᠲᠠ ᠵᠡᠷᠭᠡ ᠵᠢ ᠰᠣᠨᠣᠰᠪᠠ
ᠾᠧ ᠯᠢ ᠹᠧᠩ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠪᠠ
 
             蒙ICP备05000248号