ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠲᠥᠯᠥᠭᠡᠯᠡᠭᠴᠢᠳ᠎ᠤᠨ ᠪᠦᠯᠬᠦᠮ᠎ᠤᠨ ᠪᠦᠭᠦᠳᠡ ᠬᠤᠷᠠᠯ᠎ᠳᠤ ᠣᠷᠣᠯᠴᠠᠬᠤ᠎ᠳᠠᠭᠠᠨ ᠴᠢᠬᠤᠯᠠᠴᠢᠯᠠᠭᠰᠠᠨ᠎ᠨᠢ ᠡᠭᠦᠷᠭᠡ ᠬᠠᠷᠢᠭᠤᠴᠠᠯᠭ᠎ᠠ ᠴᠢᠩᠭ᠋ᠠᠳᠬᠠᠵᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠵᠦ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠎ᠳᠠᠬᠢ ᠪᠠᠶ᠋ᠢᠯᠳᠤᠬᠤ ᠪᠣᠳᠣᠯᠭ᠎ᠠ ᠵᠢᠨ ᠴᠢᠳᠠᠪᠤᠷᠢ᠎ᠪᠠᠨ ᠪᠥᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ
ᠨᠡᠶ᠋ᠢᠲᠡᠯᠡᠭᠰᠡᠨ ᠴᠠᠭ᠄ 2024-03-11

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 7᠎ᠤ ᠴᠠᠬᠢᠯᠭ᠋ᠠᠨ ᠮᠡᠳᠡᠭᠡ  ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 7᠎ᠤ ᠦᠳᠡ ᠵᠢᠨ ᠬᠤᠶ᠋ᠢᠨ᠎ᠠ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ᠎ᠤᠨ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠲᠥᠯᠥᠭᠡᠯᠡᠭᠴᠢᠳ᠎ᠤᠨ ᠪᠦᠯᠬᠦᠮ᠎ᠤᠨ ᠪᠦᠭᠦᠳᠡ ᠬᠤᠷᠠᠯ᠎ᠳᠤ ᠣᠷᠣᠯᠴᠠᠬᠤ᠎ᠳᠠᠭᠠᠨ᠂ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠎ᠳᠠᠬᠢ ᠪᠠᠶ᠋ᠢᠯᠳᠤᠬᠤ ᠪᠣᠳᠣᠯᠭ᠎ᠠ ᠵᠢᠨ ᠴᠢᠳᠠᠪᠤᠷᠢ ᠪᠣᠯ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠰᠢᠰᠲ᠋ᠧᠮ ᠪᠣᠯᠣᠨ ᠴᠢᠳᠠᠪᠤᠷᠢ ᠵᠢᠨ ᠴᠢᠬᠤᠯᠠ ᠪᠦᠷᠢᠯᠳᠦᠬᠦᠨ ᠬᠡᠰᠡᠭ ᠮᠥᠨ᠂ ᠮᠠᠨ᠎ᠤ ᠤᠯᠤᠰ᠎ᠤᠨ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠬᠤᠯᠪᠣᠭᠳᠠᠵᠤ᠂ ᠤᠯᠤᠰ᠎ᠤᠨ ᠠᠮᠤᠷ ᠲᠦᠪᠰᠢᠨ ᠪᠣᠯᠣᠨ ᠴᠡᠷᠢᠭ᠎ᠤᠨ ᠶᠠᠪᠤᠳᠠᠯ᠎ᠤᠨ ᠲᠡᠮᠡᠴᠡᠯ᠎ᠤᠨ ᠰᠠᠨᠠᠭ᠋ᠠᠴᠢᠯᠠᠭ᠋ᠠᠲᠤ ᠡᠷᠬᠡ᠎ᠳᠤ ᠬᠤᠯᠪᠣᠭᠳᠠᠵᠤ ᠪᠠᠶ᠋ᠢᠳᠠᠭ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠥᠬᠦ ᠲᠠᠯ᠎ᠠ᠎ᠪᠠᠷ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠵᠦ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠎ᠳᠠᠬᠢ ᠪᠠᠶ᠋ᠢᠯᠳᠤᠬᠤ ᠪᠣᠳᠣᠯᠭ᠎ᠠ ᠵᠢᠨ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠳᠡᠭᠡᠷ᠎ᠡ᠂ ᠳᠠᠯᠠᠢ ᠵᠢᠨ ᠴᠡᠷᠢᠭ᠎ᠤᠨ ᠠᠢ ᠶᠢᠩ ᠴᠦᠨ ᠲᠥᠯᠥᠭᠡᠯᠡᠭᠴᠢ᠂ ᠪᠠᠶ᠋ᠢᠯᠳᠤᠬᠤ ᠪᠣᠳᠣᠯᠭ᠎ᠠ ᠵᠢᠨ ᠲᠤᠰᠠᠯᠠᠬᠤ ᠴᠡᠷᠢᠭ ᠠᠩᠭᠢ ᠵᠢᠨ ᠡᠦ ᠱᠧᠩ ᠶᠠᠨ ᠲᠥᠯᠥᠭᠡᠯᠡᠭᠴᠢ᠂ ᠡᠮᠦᠨᠡᠳᠦ ᠬᠡᠰᠡᠭ᠎ᠤᠨ ᠪᠠᠶ᠋ᠢᠯᠳᠤᠭ᠋ᠠᠨ᠎ᠤ ᠲᠣᠭᠤᠷᠢᠭ᠎ᠤᠨ ᠴᠢᠶᠣᠣ ᠱᠠ ᠱᠠ ᠲᠥᠯᠥᠭᠡᠯᠡᠭᠴᠢ᠂ ᠪᠠᠶ᠋ᠢᠯᠳᠤᠬᠤ ᠪᠣᠳᠣᠯᠭ᠎ᠠ ᠵᠢᠨ ᠲᠤᠰᠠᠯᠠᠬᠤ ᠴᠡᠷᠢᠭ ᠠᠩᠭᠢ ᠵᠢᠨ ᠾᠧ ᠢᠦᠢ ᠹᠠᠨ ᠲᠥᠯᠥᠭᠡᠯᠡᠭᠴᠢ᠂ ᠴᠡᠷᠢᠭ᠎ᠤᠨ ᠶᠠᠪᠤᠳᠠᠯ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠶᠣᠣ ᠳ᠋ᠠᠩ ᠨᠠᠢ ᠲᠥᠯᠥᠭᠡᠯᠡᠭᠴᠢ᠂ ᠬᠠᠭᠤᠷᠠᠢ ᠵᠠᠮ᠎ᠤᠨ ᠴᠡᠷᠢᠭ᠎ᠤᠨ ᠵᠧᠩ ᠵᠢᠨ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠳᠠᠯᠠᠢ ᠲᠠᠩᠭᠢᠰ᠎ᠤᠨ ᠪᠠᠶ᠋ᠢᠳᠠᠯ᠎ᠢ ᠰᠡᠷᠡᠨ ᠮᠡᠳᠡᠷᠡᠬᠦᠢ ᠴᠢᠳᠠᠪᠤᠷᠢ ᠵᠢᠨ ᠪᠠᠶ᠋ᠢᠭᠤᠯᠤᠯᠲᠠ ᠵᠢ ᠠᠬᠢᠭᠤᠯᠬᠤ᠂ ᠰᠦᠯᠵᠢᠶᠡᠨ᠎ᠤ ᠣᠷᠣᠨ ᠵᠠᠢ ᠵᠢᠨ ᠰᠡᠷᠭᠡᠶ᠋ᠢᠯᠡᠯᠲᠡ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠵᠣᠬᠢᠶᠠᠮᠠᠯ ᠣᠶᠣᠨ ᠴᠢᠳᠠᠪᠤᠷᠢ ᠵᠢᠨ ᠬᠡᠷᠡᠭᠯᠡᠯᠲᠡ ᠵᠢ ᠠᠬᠢᠭᠤᠯᠬᠤ᠂ ᠰᠠᠨᠰᠠᠷ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠴᠤ ᠬᠡᠷᠡᠭᠯᠡᠬᠦ ᠵᠢ ᠴᠢᠩᠭ᠋ᠠᠳᠬᠠᠬᠤ᠂ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠎ᠳᠠᠬᠢ ᠪᠠᠷᠢᠮᠵᠢᠶᠠᠲᠤ ᠨᠡᠶ᠋ᠢᠳᠡᠮ ᠬᠡᠷᠡᠭᠯᠡᠬᠦ ᠪᠠᠶ᠋ᠢᠭᠤᠯᠤᠯᠲᠠ ᠵᠢ ᠴᠢᠩᠭ᠋ᠠᠳᠬᠠᠬᠤ᠂ ᠬᠥᠮᠥᠨ ᠦᠭᠡᠢ ᠪᠠᠶ᠋ᠢᠯᠳᠤᠬᠤ ᠬᠦᠴᠦᠨ᠎ᠤ ᠪᠠᠶ᠋ᠢᠭᠤᠯᠤᠯᠲᠠ ᠪᠠ ᠬᠡᠷᠡᠭᠯᠡᠯᠲᠡ ᠵᠢᠨ ᠰᠢᠨ᠎ᠡ ᠵᠢ ᠡᠭᠦᠳᠬᠦ ᠵᠡᠷᠭᠡ ᠲᠠᠯ᠎ᠠ ᠵᠢᠨ ᠠᠰᠠᠭᠤᠳᠠᠯ᠎ᠤᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃


6384548911566924276177486.jpg


      3 ᠰᠠᠷ᠎ᠠ ᠵᠢᠨ 7᠎ᠤ ᠦᠳᠡ ᠵᠢᠨ ᠬᠤᠶ᠋ᠢᠨ᠎ᠠ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ᠎ᠤᠨ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠲᠥᠯᠥᠭᠡᠯᠡᠭᠴᠢᠳ᠎ᠤᠨ ᠪᠦᠯᠬᠦᠮ᠎ᠤᠨ ᠪᠦᠭᠦᠳᠡ ᠬᠤᠷᠠᠯ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃
      ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ᠃


      ᠰᠢ ᠵᠢᠨ ᠫᠢᠩ ᠲᠥᠯᠥᠭᠡᠯᠡᠭᠴᠢ ᠨᠢᠭᠡ ᠪᠦᠷᠢ ᠵᠢᠨ ᠬᠡᠯᠡᠬᠦ ᠵᠢ ᠨᠠᠷᠢᠨ ᠬᠢᠨᠠᠮᠠᠭ᠋ᠠᠢ ᠰᠣᠨᠣᠰᠬᠤ ᠵᠢᠨ ᠳᠠᠭ᠋ᠠᠤ ᠲᠡᠳᠡᠨ᠎ᠲᠠᠢ ᠶᠠᠷᠢᠯᠴᠠᠨ ᠰᠠᠨᠠᠯ ᠵᠶ᠋ᠠᠨ ᠰᠣᠯᠢᠯᠴᠠᠪᠠ᠃ 6 ᠲᠥᠯᠥᠭᠡᠯᠡᠭᠴᠢ ᠦᠭᠡ ᠬᠡᠯᠡᠭᠰᠡᠨ᠎ᠤ ᠳᠠᠷᠠᠭ᠎ᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠭᠤᠣᠯᠳᠠᠭᠤ ᠰᠢᠨ᠎ᠡ ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠎ᠳᠠᠬᠢ ᠪᠠᠶ᠋ᠢᠯᠳᠤᠬᠤ ᠪᠣᠳᠣᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠣᠭᠤᠷᠢᠨ᠎ᠳᠤ ᠱᠠᠭ᠋ᠠᠷᠳᠠᠯᠭ᠎ᠠ ᠳᠤᠷᠠᠳᠪᠠ᠃ ᠲᠡᠷᠡ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠪᠢᠳᠡ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠪᠣᠯᠣᠨ ᠰᠢᠨ᠎ᠡ ᠬᠡᠯᠪᠡᠷᠢ ᠵᠢᠨ ᠪᠠᠶ᠋ᠢᠯᠳᠤᠬᠤ ᠬᠦᠴᠦᠨ᠎ᠤ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠯᠢ ᠣᠯᠠᠨ ᠴᠢᠬᠤᠯᠠ ᠶᠡᠭᠡ ᠦᠷ᠎ᠡ ᠪᠦᠲᠦᠭᠡᠯ ᠣᠯᠪᠠ᠃ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠳᠠᠷᠠᠭ᠎ᠠ᠂ ᠨᠠᠮ᠎ᠤᠨ ᠲᠥᠪ ᠬᠤᠷᠢᠶ᠎ᠠ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠥᠬᠦ ᠲᠠᠯ᠎ᠠ᠎ᠠᠴᠠ ᠡᠭᠦᠰᠴᠦ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠬᠦ ᠵᠢ ᠲᠣᠳᠣᠷᠬᠠᠢ ᠳᠤᠷᠠᠳᠴᠠᠢ᠃ ᠡᠨᠡ᠎ᠨᠢ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠎ᠳᠠᠬᠢ ᠪᠠᠶ᠋ᠢᠯᠳᠤᠬᠤ ᠪᠣᠳᠣᠯᠭ᠎ᠠ ᠵᠢᠨ ᠴᠢᠳᠠᠪᠤᠷᠢ ᠵᠢᠨ ᠪᠠᠶ᠋ᠢᠭᠤᠯᠤᠯᠲᠠ᠎ᠳᠤ ᠣᠯᠳᠠᠬᠤᠶ᠎ᠠ ᠪᠡᠷᠬᠡ ᠠᠵᠠ ᠲᠣᠬᠢᠶᠠᠯ ᠬᠠᠩᠭ᠋ᠠᠪᠠ᠃ ᠢᠯᠠᠯᠲᠠ ᠵᠢᠨ ᠡᠷᠴᠢᠨ ᠳᠡᠭᠡᠷ᠎ᠡ᠎ᠪᠠᠨ ᠤᠷᠤᠭᠰᠢᠯᠠᠵᠤ᠂ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠎ᠳᠠᠬᠢ ᠬᠥᠭᠵᠢᠯᠲᠡ ᠵᠢᠨ ᠣᠨᠴᠠᠯᠢᠭ ᠵᠢᠮ᠎ᠡ ᠶᠣᠰᠣ ᠵᠢ ᠡᠵᠡᠮᠳᠡᠵᠦ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ ᠪᠣᠯᠣᠨ ᠰᠢᠨ᠎ᠡ ᠴᠢᠨᠠᠷ ᠪᠦᠬᠦᠢ ᠳᠠᠶ᠋ᠢᠴᠢᠨ ᠬᠦᠴᠦᠨ᠎ᠢ ᠥᠨᠳᠥᠷ ᠪᠦᠲᠦᠮᠵᠢᠲᠡᠢ ᠠᠭᠤᠰᠤᠯᠴᠠᠭᠤᠯᠬᠤ᠂ ᠬᠤᠣᠰ ᠴᠢᠭᠯᠡᠯ ᠵᠶ᠋ᠠᠷ ᠬᠦᠴᠦᠯᠡᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠬᠥᠭᠵᠢᠯᠲᠡ ᠵᠢᠨ ᠭᠤᠣᠯᠳᠠᠯᠭ᠎ᠠ ᠵᠢ ᠳᠣᠪᠣᠶ᠋ᠢᠯᠭ᠋ᠠᠵᠤ᠂ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠎ᠳᠠᠬᠢ ᠪᠠᠶ᠋ᠢᠯᠳᠤᠬᠤ ᠪᠣᠳᠣᠯᠭ᠎ᠠ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢᠨ ᠬᠤᠯᠪᠣᠭᠳᠠᠯ ᠪᠦᠬᠦᠢ ᠪᠠᠶ᠋ᠢᠯᠳᠤᠬᠤ ᠪᠣᠳᠣᠯᠭ᠎ᠠ ᠪᠣᠯᠣᠨ ᠲᠥᠯᠥᠪᠵᠢᠭᠦᠯᠭᠡ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ ᠬᠡᠷᠡᠭᠲᠡᠢ᠃ ᠳᠠᠯᠠᠢ ᠳᠡᠭᠡᠷᠡᠬᠢ ᠴᠡᠷᠢᠭ᠎ᠤᠨ ᠶᠠᠪᠤᠳᠠᠯ᠎ᠤᠨ ᠲᠡᠮᠡᠴᠡᠯ᠎ᠤᠨ ᠪᠡᠯᠡᠳᠬᠡᠯ᠂ ᠳᠠᠯᠠᠢ ᠲᠠᠩᠭᠢᠰ᠎ᠤᠨ ᠡᠷᠬᠡ ᠠᠰᠢᠭ᠎ᠢ ᠬᠠᠮᠠᠭ᠋ᠠᠯᠠᠬᠤ ᠪᠠ ᠳᠠᠯᠠᠢ ᠳᠠᠩᠭᠢᠰ᠎ᠤᠨ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃ ᠰᠠᠨᠰᠠᠷ᠎ᠤᠨ ᠠᠶᠠᠯᠠᠯ᠎ᠤᠨ ᠪᠠᠶ᠋ᠢᠷᠢᠰᠢᠯ᠎ᠢ ᠰᠢᠯᠢᠳᠡᠭᠵᠢᠭᠦᠯᠵᠦ᠂ ᠮᠠᠨ᠎ᠤ ᠤᠯᠤᠰ᠎ᠤᠨ ᠰᠠᠨᠰᠠᠷ᠎ᠤᠨ ᠠᠶᠠᠯᠠᠯ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ᠃ ᠰᠦᠯᠵᠢᠶᠡᠨ᠎ᠤ ᠣᠷᠣᠨ ᠵᠠᠢ ᠵᠢᠨ ᠰᠡᠷᠭᠡᠶ᠋ᠢᠯᠡᠯᠲᠡ ᠵᠢᠨ ᠰᠢᠰᠲ᠋ᠧᠮ᠎ᠢ ᠪᠠᠶ᠋ᠢᠭᠤᠯᠵᠤ᠂ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠢ ᠬᠠᠮᠠᠭ᠋ᠠᠯᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ ᠣᠶᠤᠨᠴᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠬᠤᠯᠠ ᠶᠡᠭᠡ ᠲᠥᠷᠥᠯ ᠵᠦᠢ᠍ᠯ᠎ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠬᠦ ᠵᠢ ᠴᠢᠩᠭ᠋ᠠᠳᠬᠠᠵᠤ᠂ ᠲᠡᠷᠢᠭᠦᠨ᠎ᠤ ᠦᠷ᠎ᠡ ᠪᠦᠲᠦᠭᠡᠯ᠎ᠢ ᠬᠡᠷᠡᠭᠯᠡᠬᠦ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠎ᠳᠠᠬᠢ ᠬᠥᠭᠵᠢᠯᠲᠡ ᠵᠢ ᠦᠨᠳᠦᠰᠦᠨ᠎ᠠᠴᠠ᠎ᠨᠢ ᠠᠪᠴᠤ ᠬᠡᠯᠡᠪᠡᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠬᠡᠷᠡᠭᠯᠡᠭᠡᠨ᠎ᠠᠴᠠ ᠢᠷᠡᠯᠲᠡ᠎ᠲᠠᠢ ᠶᠤᠮ᠃ ᠰᠢᠨ᠎ᠡ ᠵᠢ ᠡᠭᠦᠳᠬᠦ ᠢᠲᠡᠭᠡᠯ ᠵᠶ᠋ᠠᠨ ᠴᠢᠩᠭ᠋ᠠᠳᠬᠠᠵᠤ᠂ ᠥᠪᠡᠷ᠎ᠤᠨ ᠪᠡᠶ᠎ᠡ᠎ᠪᠠᠷ ᠵᠶ᠋ᠠᠨ ᠭᠤᠣᠯ ᠪᠣᠯᠭ᠋ᠠᠵᠤ᠂ ᠪᠣᠳᠠᠲᠠᠢ᠎ᠠᠴᠠ ᠡᠭᠦᠰᠬᠦ ᠵᠢ ᠪᠠᠷᠢᠮᠲᠠᠯᠠᠵᠤ᠂ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ᠂ ᠠᠩᠬᠠᠨ᠎ᠤ ᠰᠢᠨ᠎ᠡ ᠡᠭᠦᠳᠦᠯᠲᠡ ᠵᠢ ᠶᠡᠭᠡ᠎ᠪᠠᠷ ᠠᠬᠢᠭᠤᠯᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ ᠪᠣᠯᠣᠨ ᠰᠢᠨ᠎ᠡ ᠴᠢᠨᠠᠷ ᠪᠦᠬᠦᠢ ᠳᠠᠶ᠋ᠢᠴᠢᠨ ᠬᠦᠴᠦᠨ᠎ᠤ ᠨᠡᠮᠡᠭᠳᠡᠯ᠎ᠤᠨ ᠲᠤᠶ᠋ᠢᠯ᠎ᠢ ᠡᠭᠦᠳᠬᠦ ᠬᠡᠷᠡᠭᠲᠡᠢ᠃ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠎ᠳᠠᠬᠢ ᠰᠣᠯᠪᠢᠴᠠᠨ ᠠᠭᠤᠰᠤᠯᠴᠠᠨ ᠬᠥᠭᠵᠢᠬᠦ ᠣᠨᠴᠠᠯᠢᠭ᠎ᠢ ᠡᠵᠡᠮᠳᠡᠵᠦ᠂ ᠬᠤᠷᠠᠮᠠᠯ ᠰᠢᠨ᠎ᠡ ᠡᠭᠦᠳᠦᠯᠲᠡ ᠪᠠ ᠶᠡᠷᠦᠩᠬᠡᠶ᠋ᠢᠯᠡᠭᠰᠡᠨ ᠬᠡᠷᠡᠭᠯᠡᠭᠡ ᠵᠢ ᠴᠢᠩᠭ᠋ᠠᠳᠬᠠᠵᠤ᠂ ᠣᠯᠠᠨ ᠲᠠᠯ᠎ᠠ᠎ᠪᠠᠷ ᠰᠢᠪᠲᠤᠯᠤᠯᠲᠠ ᠭᠠᠷᠭ᠋ᠠᠬᠤ᠂ ᠬᠠᠮᠲᠤ᠎ᠪᠠᠷ ᠬᠥᠭᠵᠢᠨ ᠪᠠᠳᠠᠷᠠᠭᠰᠠᠨ ᠠᠮᠢᠳᠤᠯᠢᠭ ᠪᠠᠶ᠋ᠢᠳᠠᠯ᠎ᠢ ᠪᠣᠢ ᠪᠣᠯᠭ᠋ᠠᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠎ᠳᠠᠬᠢ ᠥᠭᠡᠷᠡᠴᠢᠯᠡᠯᠲᠡ ᠵᠢ ᠴᠢᠨᠠᠭᠰᠢᠳᠠ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠭᠤᠣᠯᠳᠠᠯᠭ᠎ᠠ ᠪᠣᠯᠭ᠋ᠠᠨ ᠲᠣᠪᠣᠶ᠋ᠢᠯᠭ᠋ᠠᠵᠤ᠂ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ᠂ ᠨᠡᠭᠡᠭᠡᠯᠲᠡ ᠬᠢᠵᠦ ᠠᠭᠤᠰᠤᠯᠴᠠᠬᠤ᠂ ᠠᠮᠢᠵᠢᠷᠠᠯ᠎ᠤᠨ ᠬᠦᠴᠦᠨ ᠵᠶ᠋ᠠᠷ ᠪᠢᠯᠬᠠᠭᠰᠠᠨ ᠰᠢᠨ᠎ᠡ ᠵᠢ ᠡᠭᠦᠳᠬᠦ ᠠᠮᠢ ᠠᠬᠤᠢ ᠵᠢ ᠪᠠᠶ᠋ᠢᠭᠤᠯᠵᠤ᠂ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠎ᠳᠠᠬᠢ ᠪᠠᠶ᠋ᠢᠯᠳᠤᠬᠤ ᠪᠣᠳᠣᠯᠭ᠎ᠠ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠨᠡᠩ ᠰᠠᠶ᠋ᠢᠲᠤᠷ ᠠᠬᠢᠭᠤᠯᠬᠤ ᠬᠡᠷᠡᠭᠲᠡᠢ᠃ ᠬᠡᠷᠡᠭᠴᠡᠭᠡ ᠵᠢ ᠵᠣᠯᠭ᠋ᠠᠭᠤᠯᠬᠤ᠂ ᠲᠥᠯᠥᠪᠵᠢᠭᠦᠯᠭᠡ ᠵᠢ ᠵᠣᠯᠭ᠋ᠠᠭᠤᠯᠬᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠡᠷᠭᠡ ᠲᠠᠯ᠎ᠠ ᠵᠢᠨ ᠳᠦᠷᠢᠮ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠷᠢᠮᠵᠢᠶ᠎ᠠ ᠵᠢ ᠨᠡᠶ᠋ᠢᠳᠡᠮ ᠬᠡᠷᠡᠭᠯᠡᠬᠦ ᠵᠠᠮ ᠵᠶ᠋ᠠᠷ ᠰᠠᠶ᠋ᠢᠲᠤᠷ ᠵᠠᠮᠨᠠᠵᠤ᠂ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠎ᠳᠠᠬᠢ ᠬᠥᠭᠵᠢᠯᠲᠡ ᠵᠢᠨ ᠪᠦᠬᠦᠯᠢ ᠴᠣᠭᠴᠠ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠴᠢᠨᠠᠷ ᠪᠦᠬᠦᠢ ᠳᠠᠶ᠋ᠢᠴᠢᠨ ᠬᠦᠴᠦᠨ᠎ᠤ ᠬᠠᠩᠭ᠋ᠠᠯᠭ᠎ᠠ ᠵᠢ ᠲᠦᠷᠭᠡᠳᠬᠡᠬᠦ᠎ᠪᠠᠷ ᠬᠦᠲᠦᠯᠦᠮᠵᠢ ᠪᠣᠯᠭ᠋ᠠᠵᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠦᠢ᠍ᠯᠡᠳᠪᠦᠷᠢ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠦᠢ᠍ᠯᠡᠳᠪᠦᠷᠢ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠲᠡᠷᠢᠭᠦᠨ᠎ᠤ ᠮᠡᠷᠭᠡᠵᠢᠯ᠎ᠤᠨ ᠬᠤᠷᠴᠠ ᠱᠠᠯᠠᠮᠠᠭ᠋ᠠᠢ᠎ᠪᠠᠷ ᠴᠤᠤᠷᠢᠶᠠᠲᠤᠬᠤ᠂ ᠲᠦᠷᠭᠡᠨ ᠣᠨᠳᠣᠣᠰᠢᠭᠤᠯᠬᠤ ᠲᠣᠭᠲᠠᠴᠠ ᠵᠢ ᠪᠦᠷᠢᠨᠰᠢᠭᠦᠯᠵᠦ᠂ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠎ᠳᠠᠬᠢ ᠬᠥᠭᠵᠢᠯᠲᠡ᠎ᠲᠠᠢ ᠵᠣᠬᠢᠴᠠᠭᠰᠠᠨ ᠰᠢᠨ᠎ᠡ ᠵᠢ ᠡᠭᠦᠳᠬᠦ ᠬᠡᠯᠬᠢᠶ᠎ᠡ᠂ ᠠᠵᠤ ᠦᠢ᠍ᠯᠡᠰ᠎ᠤᠨ ᠬᠡᠯᠬᠢᠶ᠎ᠡ᠂ ᠥᠷᠲᠡᠭ᠎ᠤᠨ ᠬᠡᠯᠬᠢᠶ᠎ᠡ ᠵᠢ ᠪᠠᠶ᠋ᠢᠭᠤᠯᠬᠤ ᠬᠡᠷᠡᠭᠲᠡᠢ᠃ ᠦᠵᠡᠯ ᠰᠠᠨᠠᠭ᠎ᠠ ᠣᠶ᠋ᠢᠯᠠᠭ᠋ᠠᠭᠳᠠᠬᠤᠨ ᠵᠶ᠋ᠠᠨ ᠰᠢᠨᠡᠳᠬᠡᠵᠦ᠂ ᠰᠢᠨ᠎ᠡ ᠬᠡᠯᠪᠡᠷᠢ ᠵᠢᠨ ᠪᠠᠶ᠋ᠢᠯᠳᠤᠬᠤ ᠬᠦᠴᠦᠨ᠎ᠤ ᠪᠠᠶ᠋ᠢᠭᠤᠯᠤᠯᠲᠠ ᠪᠠ ᠬᠡᠷᠡᠭᠯᠡᠭᠡᠨ᠎ᠤ ᠵᠠᠭᠪᠤᠷ᠎ᠢ ᠵᠣᠷᠢᠭᠲᠠᠢ᠎ᠪᠠᠷ ᠰᠢᠨ᠎ᠡ ᠵᠢ ᠡᠭᠦᠳᠦᠨ ᠰᠦᠪᠡᠭᠴᠢᠯᠡᠵᠦ᠂ ᠰᠢᠨ᠎ᠡ ᠴᠢᠨᠠᠷ ᠪᠦᠬᠦᠢ ᠳᠠᠶ᠋ᠢᠴᠢᠨ ᠬᠦᠴᠦᠨ᠎ᠢ ᠭᠦᠢ᠍ᠴᠡᠳ ᠴᠢᠯᠦᠭᠡᠯᠡᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠬᠤᠷᠠᠯ᠎ᠢ ᠡᠷᠬᠢᠯᠡᠵᠦ᠂ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠳᠡᠳ᠋ ᠲᠡᠷᠢᠭᠦᠯᠡᠭᠴᠢ ᠾᠧ ᠸᠧᠢ ᠳ᠋ᠦᠩ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠭᠡᠰᠢᠭᠦᠨ ᠯᠢᠦ ᠵᠧᠨ ᠯᠢ᠂ ᠵᠠᠩ ᠱᠧᠩ ᠮᠢᠨ ᠬᠤᠷᠠᠯ᠎ᠳᠤ ᠣᠷᠣᠯᠴᠠᠪᠠ᠃


 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠦᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠬᠤᠶᠠᠳᠤᠭ᠋ᠠᠷ ᠬᠤᠷᠠᠯ ᠲᠡᠭᠦᠰᠪᠡ ᠰᠢ ᠵᠢᠨ ᠫᠢᠩ ᠯᠢ ᠴᠢᠶᠠᠩ ᠵᠣᠣ ᠯᠧ ᠵᠢᠢ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠪᠠ ᠸᠠᠩ ᠬᠤ᠌ ᠨᠢᠩ ᠶᠠᠷᠢᠶ᠎ᠠ ᠲᠠᠯᠪᠢᠵᠠᠢ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ 《ᠲᠥᠷᠥ ᠵᠢᠨ ᠶᠠᠪᠤᠳᠠᠯ᠎ᠤᠨ ᠬᠤᠷᠢᠶᠠᠨ᠎ᠤ 2024 ᠣᠨ᠎ᠤ ᠭᠤᠣᠯᠳᠠᠯᠭ᠎ᠠ᠎ᠲᠠᠢ ᠠᠵᠢᠯ᠎ᠤᠨ ᠬᠤᠪᠢᠶᠠᠷᠢᠯᠠᠯ᠎ᠤᠨ ᠲᠥᠰᠥᠯ》 ᠵᠡᠷᠭᠡ ᠵᠢ ᠶᠠᠷᠢᠯᠴᠠᠨ ᠪᠠᠲᠤᠯᠠᠪᠠ
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠰᠢ ᠵᠢᠨ ᠫᠢᠩ ᠴᠠᠭᠢᠯᠭ᠋ᠠᠨ ᠴᠢᠮᠡᠭᠡ ᠶᠠᠪᠤᠭᠤᠯᠵᠤ ᠫᠦᠲ᠋ᠢᠨ᠎ᠤ ᠤᠷᠤᠰ᠎ᠤᠨ ᠶᠡᠷᠦᠩᠬᠡᠶ᠋ᠢᠯᠡᠭᠴᠢ᠎ᠪᠠᠷ ᠦᠷᠭᠦᠯᠵᠢᠯᠡᠨ ᠰᠣᠩᠭᠤᠭᠳᠠᠭᠰᠠᠨ᠎ᠳᠤ ᠪᠠᠶᠠᠷ ᠬᠦᠷᠭᠡᠪᠡ
ᠰᠢ ᠵᠢᠨ ᠫᠢᠩ ᠰᠢᠨ᠎ᠡ ᠴᠠᠭ ᠦᠶ᠎ᠡ ᠵᠢᠨ ᠳᠤᠮᠳᠠ ᠣᠷᠣᠨ᠎ᠤ ᠬᠥᠭᠵᠢᠯ ᠮᠠᠨᠳᠤᠯ᠎ᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠨᠡᠩ ᠥᠨᠳᠥᠷ ᠭᠠᠷᠤᠭ᠎ᠠ᠎ᠠᠴᠠ ᠳᠤᠮᠳᠠ ᠣᠷᠣᠨ᠎ᠤ ᠬᠥᠭᠵᠢᠯ ᠮᠠᠨᠳᠤᠯ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
 
             蒙ICP备05000248号