ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 10᠎ᠤ ᠴᠠᠬᠢᠯᠭ᠋ᠠᠨ ᠮᠡᠳᠡᠭᠡ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠬᠤᠷᠢᠶ᠎ᠠ ᠵᠢᠨ ᠬᠤᠶᠠᠳᠤᠭ᠋ᠠᠷ ᠬᠤᠷᠠᠯ ᠡᠯ᠎ᠡ ᠵᠥᠪᠯᠡᠬᠦ ᠵᠦᠢ᠍ᠯᠡᠰ ᠵᠶ᠋ᠠᠨ ᠲᠡᠭᠦᠰ ᠠᠮᠵᠢᠯᠲᠠ᠎ᠲᠠᠢ ᠳᠠᠭᠤᠰᠬᠠᠭ᠋ᠠᠳ 10᠎ᠤ ᠦᠳᠡ ᠵᠢᠨ ᠡᠮᠦᠨ᠎ᠡ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠲᠡᠭᠦᠰᠪᠡ᠃ ᠬᠤᠷᠠᠯ᠎ᠠᠴᠠ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠡᠯ᠎ᠡ ᠣᠷᠣᠯᠴᠠᠭᠰᠠᠨ ᠨᠢᠭᠡᠴᠢ᠂ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ ᠪᠠ ᠥᠷᠭᠡᠨ ᠣᠯᠠᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠲᠣᠭᠤᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠨᠢᠭᠡ ᠰᠡᠳᠬᠢᠯ ᠨᠢᠭᠡ ᠵᠣᠷᠢᠭ ᠵᠶ᠋ᠠᠷ᠂ ᠣᠯᠠᠨ᠎ᠤ ᠤᠬᠠᠭ᠋ᠠᠨ ᠬᠠᠮᠲᠤ ᠵᠢᠨ ᠬᠦᠴᠦᠨ ᠵᠶ᠋ᠠᠷ ᠰᠢᠨ᠎ᠡ ᠴᠠᠭ ᠦᠶ᠎ᠡ ᠵᠢᠨ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠠᠵᠢᠯ᠎ᠤᠨ ᠰᠢᠨ᠎ᠡ ᠪᠠᠶ᠋ᠢᠳᠠᠯ᠎ᠢ ᠲᠠᠰᠤᠷᠠᠯᠲᠠ ᠦᠭᠡᠢ ᠡᠭᠦᠳᠰᠦᠭᠡᠢ ᠭᠡᠵᠦ ᠤᠷᠢᠶᠠᠯᠠᠵᠠᠢ᠃

3 ᠰᠠᠷ᠎ᠠ ᠵᠢᠨ 10᠎ᠤ ᠡᠳᠦᠷ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠬᠤᠶᠠᠳᠤᠭ᠋ᠠᠷ ᠬᠤᠷᠠᠯ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠲᠡᠭᠦᠰᠪᠡ᠃ ᠰᠢ ᠵᠢᠨ ᠫᠢᠩ᠂ ᠯᠢ ᠴᠢᠶᠠᠩ᠂ ᠵᠤᠤ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠲᠡᠷᠢᠭᠦᠯᠡᠭᠴᠢ ᠵᠢᠨ ᠲᠠᠶ᠋ᠢᠰᠠᠨ᠎ᠳᠤ ᠰᠠᠭ᠋ᠠᠲᠠᠵᠠᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠬᠤᠸᠠᠩ ᠵᠢᠩ ᠸᠧᠨ ᠰᠡᠭᠦᠳᠡᠷᠯᠡᠪᠡ
ᠬᠤᠷᠠᠯ᠎ᠢ ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠸᠠᠩ ᠬᠤ᠌ ᠨᠢᠩ ᠡᠷᠬᠢᠯᠡᠪᠡ᠃ ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠱ᠌ᠢ᠎ᠲᠠᠢ ᠹᠧᠩ᠂ ᠬᠤ᠌ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ · ᠭᠧᠯᠧᠭᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭ᠋ᠠᠲᠤᠷ᠂ ᠰᠦ᠍ ᠬᠤᠢ᠂ ᠱᠣᠣ ᠬᠤᠩ᠂ ᠭᠤᠣ ᠶᠦᠨ ᠯᠦᠩ᠂ ᠴᠧᠨ ᠡᠦ᠂ ᠮᠦ᠍ ᠬᠤᠩ᠂ ᠰᠢᠶᠠᠨ ᠬᠤᠢ᠂ ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠣᠣ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ᠍ ᠶᠦᠩ ᠰᠢᠨ᠂ ᠶᠠᠩ ᠵᠧᠨ ᠲᠡᠷᠢᠭᠦᠯᠡᠭᠴᠢ ᠵᠢᠨ ᠲᠠᠶ᠋ᠢᠰᠠᠨ᠎ᠤ ᠡᠮᠦᠨ᠎ᠡ ᠮᠦᠷ᠎ᠲᠤ ᠰᠠᠭ᠋ᠠᠲᠠᠪᠠ᠃

3 ᠰᠠᠷ᠎ᠠ ᠵᠢᠨ 10᠎ᠤ ᠡᠳᠦᠷ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠬᠤᠶᠠᠳᠤᠭ᠋ᠠᠷ ᠬᠤᠷᠠᠯ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠲᠡᠭᠦᠰᠪᠡ᠃ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠸᠠᠩ ᠬᠤ᠌ ᠨᠢᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠵᠢᠦᠢ ᠫᠧᠩ ᠰᠡᠭᠦᠳᠡᠷᠯᠡᠪᠡ
ᠰᠢ ᠵᠢᠨ ᠫᠢᠩ᠂ ᠯᠢ ᠴᠢᠶᠠᠩ᠂ ᠵᠣᠣ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠲᠡᠷᠢᠭᠦᠯᠡᠭᠴᠢ ᠵᠢᠨ ᠲᠠᠶ᠋ᠢᠰᠠᠨ᠎ᠳᠤ ᠰᠠᠭ᠋ᠠᠲᠠᠵᠠᠢ᠃
ᠦᠳᠡ ᠵᠢᠨ ᠡᠮᠦᠨᠡᠬᠢ 9 ᠴᠠᠭ᠎ᠲᠤ ᠲᠡᠭᠦᠰᠬᠦ ᠬᠤᠷᠠᠯ ᠡᠬᠢᠯᠡᠪᠡ᠃ ᠸᠠᠩ ᠬᠤ᠌ ᠨᠢᠩ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠦᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠬᠤᠷᠢᠶ᠎ᠠ ᠵᠢᠨ ᠬᠤᠶᠠᠳᠤᠭ᠋ᠠᠷ ᠬᠤᠷᠠᠯ᠎ᠳᠤ ᠣᠷᠣᠯᠴᠠᠬᠤ ᠵᠣᠬᠢᠰᠲᠠᠢ ᠭᠡᠰᠢᠭᠦᠨ 2162 ᠬᠦᠮᠦᠨ ᠪᠤᠢ᠂ ᠪᠤᠲᠠᠲᠠᠢ ᠣᠷᠣᠯᠴᠠᠭᠰᠠᠨ᠎ᠨᠢ 2085 ᠬᠦᠮᠦᠨ ᠪᠠᠶ᠋ᠢᠵᠤ᠂ ᠲᠣᠭᠲᠠᠭᠰᠠᠨ ᠬᠦᠮᠦᠨ᠎ᠤ ᠲᠤᠭᠠᠳᠤ ᠨᠡᠶ᠋ᠢᠴᠡᠨ᠎ᠡ ᠭᠡᠵᠦ ᠨᠡᠶ᠋ᠢᠲᠡᠯᠡᠪᠡ᠃
ᠬᠤᠷᠠᠯ᠎ᠠᠴᠠ ᠪᠠᠶ᠋ᠢᠩᠭᠤ ᠵᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢᠨ ᠲᠤᠬᠠᠢ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠬᠤᠶᠠᠳᠤᠭ᠋ᠠᠷ ᠬᠤᠷᠠᠯ᠎ᠤᠨ ᠰᠢᠢ᠍ᠳᠪᠦᠷᠢ᠂ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠠᠩᠬᠠᠳᠤᠭ᠋ᠠᠷ ᠬᠤᠷᠠᠯ᠎ᠠᠴᠠ ᠨᠠᠭ᠋ᠠᠰᠢᠬᠢ ᠰᠠᠨᠠᠯ ᠳᠤᠷᠠᠳᠤᠯᠭ᠎ᠠ ᠵᠢᠨ ᠠᠵᠢᠯ᠎ᠤᠨ ᠪᠠᠶ᠋ᠢᠳᠠᠯ᠎ᠤᠨ ᠮᠡᠳᠡᠭᠦᠯᠦᠯᠲᠡ ᠵᠢᠨ ᠲᠤᠬᠠᠢ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠬᠤᠶᠠᠳᠤᠭ᠋ᠠᠷ ᠬᠤᠷᠠᠯ᠎ᠤᠨ ᠰᠢᠢ᠍ᠳᠪᠦᠷᠢ᠂ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠬᠤᠶᠠᠳᠤᠭ᠋ᠠᠷ ᠬᠤᠷᠠᠯ᠎ᠤᠨ ᠰᠠᠨᠠᠯ ᠳᠤᠷᠠᠳᠤᠯᠭ᠎ᠠ ᠵᠢ ᠬᠢᠨᠠᠨ ᠪᠠᠶ᠋ᠢᠴᠠᠭ᠋ᠠᠭᠰᠠᠨ ᠪᠠᠶ᠋ᠢᠳᠠᠯ᠎ᠤᠨ ᠲᠤᠬᠠᠢ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠰᠠᠨᠠᠯ ᠳᠤᠷᠠᠳᠤᠯᠭ᠎ᠠ ᠵᠢᠨ ᠵᠥᠪᠯᠡᠯ᠎ᠤᠨ ᠮᠡᠳᠡᠭᠦᠯᠦᠯᠲᠡ᠂ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠬᠤᠶᠠᠳᠤᠭ᠋ᠠᠷ ᠬᠤᠷᠠᠯ᠎ᠤᠨ ᠤᠯᠤᠰ ᠲᠥᠷᠥ ᠵᠢᠨ ᠰᠢᠢ᠍ᠳᠪᠦᠷᠢ ᠵᠢ ᠪᠠᠲᠤᠯᠠᠪᠠ᠃
ᠸᠠᠩ ᠬᠤ᠌ ᠨᠢᠩ ᠶᠠᠷᠢᠶᠠᠨ᠎ᠳᠠᠭᠠᠨ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠬᠤᠶᠠᠳᠤᠭ᠋ᠠᠷ ᠬᠤᠷᠠᠯ ᠪᠣᠯ ᠨᠢᠭᠡ ᠤᠳᠠᠭ᠎ᠠ ᠵᠢᠨ ᠲᠤᠭ᠎ᠢ ᠥᠨᠳᠥᠷ ᠮᠠᠨᠳᠤᠭᠤᠯᠤᠭᠰᠠᠨ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠣᠨ᠎ᠠ᠂ ᠢᠳᠡᠪᠬᠢ ᠬᠦᠴᠦᠨ᠎ᠢ ᠨᠢᠭᠲᠠᠷᠠᠭᠤᠯᠵᠤ᠂ ᠴᠤᠭ ᠰᠦᠯᠳᠡ ᠵᠢ ᠬᠥᠪᠴᠢᠯᠡᠵᠡᠢ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠵᠡᠷᠭᠡ ᠨᠠᠮ ᠪᠣᠯᠣᠨ ᠲᠦᠷᠦ ᠵᠢᠨ ᠤᠳᠤᠷᠢᠳᠬᠤ ᠨᠥᠬᠦᠳ ᠶᠡᠭᠡ ᠬᠤᠷᠠᠯ᠎ᠤᠨ ᠡᠭᠢᠯᠡᠯᠲᠡ ᠵᠢᠨ ᠬᠤᠷᠠᠯ ᠪᠣᠯᠣᠨ ᠲᠡᠭᠦᠰᠬᠦ ᠬᠤᠷᠠᠯ᠎ᠳᠤ ᠣᠷᠣᠯᠴᠠᠵᠤ᠂ ᠭᠡᠰᠢᠭᠦᠳ᠎ᠢ ᠡᠷᠭᠢᠨ ᠦᠵᠡᠭᠰᠡᠨ ᠪᠥᠭᠡᠳ ᠳᠤᠭᠤᠶ᠋ᠢᠯᠠᠩ ᠬᠠᠮᠲᠤᠷᠠᠭᠰᠠᠨ ᠶᠠᠷᠢᠯᠴᠠᠭ᠎ᠠ᠎ᠳᠤ ᠣᠷᠣᠯᠴᠠᠵᠤ᠂ ᠭᠡᠰᠢᠭᠦᠳ ᠲᠠᠢ ᠬᠠᠮᠲᠤ᠎ᠪᠠᠷ ᠤᠯᠤᠰ᠎ᠤᠨ ᠶᠡᠭᠡ ᠶᠠᠪᠤᠳᠠᠯ᠎ᠢ ᠵᠥᠪᠯᠡᠪᠡ᠃ ᠪᠦᠭᠦ ᠭᠡᠰᠢᠭᠦᠳ ᠶᠡᠷᠦᠩᠬᠡᠢ ᠱᠦᠵᠢ ᠰᠢ ᠵᠢᠨ ᠫᠢᠩ᠎ᠤᠨ ᠭᠤᠮᠢᠨᠳᠠᠩ᠎ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ᠎ᠤᠨ ᠡᠲᠡᠭᠡᠳ᠎ᠤᠨ ᠭᠡᠰᠢᠭᠦᠳ᠎ᠤᠨ ᠳᠤᠭᠤᠶ᠋ᠢᠯᠠᠩ ᠬᠠᠮᠲᠤᠷᠠᠭᠰᠠᠨ ᠬᠤᠷᠠᠯ ᠵᠡᠷᠭᠡ᠎ᠳᠤ ᠣᠷᠣᠯᠴᠠᠬᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠪᠣᠯᠣᠨ ᠪᠤᠰᠤᠳ ᠮᠡᠳᠡᠭᠦᠯᠦᠯᠲᠡ ᠵᠢ ᠭᠦᠨᠵᠡᠭᠡᠢ ᠶᠠᠷᠢᠯᠴᠠᠵᠤ᠂ ᠤᠯᠤᠰ ᠲᠦᠷᠦ ᠵᠢᠨ ᠵᠥᠪᠯᠡᠯᠭᠡᠨ᠎ᠤ ᠪᠠᠶ᠋ᠢᠩᠭᠤ ᠵᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ ᠵᠢᠨ ᠠᠵᠢᠯ᠎ᠤᠨ ᠪᠠᠶ᠋ᠢᠳᠠᠯ᠎ᠤᠨ ᠮᠡᠳᠡᠭᠦᠯᠦᠯᠲᠡ ᠵᠡᠷᠭᠡ ᠪᠢᠴᠢᠭ ᠮᠠᠲ᠋ᠧᠷᠢᠶᠠᠯ᠎ᠢ ᠨᠠᠷᠢᠨ ᠬᠢᠨᠠᠮᠠᠭ᠋ᠠᠢ ᠬᠢᠨᠠᠨ ᠵᠥᠪᠯᠡᠵᠦ᠂ ᠢᠳᠡᠪᠬᠢᠲᠡᠢ᠎ᠪᠠᠷ ᠰᠠᠨᠠᠯ ᠰᠠᠨᠠᠭᠤᠯᠭ᠎ᠠ ᠳᠤᠷᠠᠳᠤᠨ ᠵᠠᠰᠠᠭ᠎ᠲᠤ ᠲᠤᠰᠠᠯᠠᠵᠤ᠂ ᠬᠠᠮᠲᠤ ᠵᠢᠨ ᠲᠠᠨᠢᠯᠲᠠ ᠵᠢ ᠥᠷᠭᠡᠨ ᠵᠶ᠋ᠠᠷ ᠨᠢᠭᠲᠠᠷᠠᠭᠤᠯᠵᠤ᠂ ᠲᠦᠷᠦ ᠵᠢᠨ ᠶᠠᠪᠤᠳᠠᠯ᠎ᠢ ᠵᠥᠪᠯᠡᠭᠰᠡᠨ ᠡᠯᠪᠡᠭ ᠦᠷ᠎ᠡ ᠪᠦᠲᠦᠭᠡᠯ ᠣᠯᠪᠠ᠃ ᠪᠦᠭᠦ ᠭᠡᠰᠢᠭᠦᠳ ᠥᠩᠭᠡᠷᠡᠭᠰᠡᠨ ᠨᠢᠭᠡ ᠵᠢᠯ᠎ᠳᠤ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠡᠷᠡᠯᠬᠡᠭᠯᠡᠨ ᠲᠡᠮᠡᠴᠡᠵᠦ᠂ ᠡᠷᠡᠮᠡᠬᠡᠶ᠋ᠢᠯᠡᠨ ᠤᠷᠤᠭᠰᠢᠯᠠᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠵᠢᠱ᠌ᠢᠭᠰᠡᠨ ᠬᠠᠷᠠᠯᠲᠠ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ 《ᠳᠤᠮᠳᠠᠳᠤ ᠤᠯᠤᠰ ᠨᠡᠷᠡᠮᠵᠢᠲᠦ》 ᠲᠣᠮᠣ ᠬᠥᠯᠭᠡ ᠣᠩᠭᠤᠴᠠ ᠵᠢ ᠵᠢᠯᠣᠭᠤᠳᠤᠨ ᠳᠠᠪᠠᠯᠭ᠋ᠠᠨ᠎ᠢ ᠵᠦᠰᠦᠨ ᠡᠷᠡᠯᠬᠡᠭᠯᠡᠨ ᠤᠷᠤᠭᠰᠢᠯᠠᠭᠰᠠᠨᠢ ᠳᠡᠭᠡᠳᠦ ᠬᠡᠮᠵᠢᠶ᠎ᠡ᠎ᠪᠠᠷ ᠦᠨᠡᠯᠡᠪᠡ᠃ 《ᠬᠤᠶᠠᠷ᠎ᠢ ᠲᠣᠭᠲᠠᠭ᠋ᠠᠭᠰᠠᠨ》᠎ᠨᠢ ᠪᠢᠳᠡᠨ᠎ᠤ ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭ᠋ᠠᠴᠠᠭ᠋ᠠᠬᠤ᠂ ᠨᠠᠮ ᠪᠣᠯᠣᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠳᠤ ᠰᠢᠢ᠍ᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ᠎ᠲᠠᠢ ᠭᠡᠳᠡᠭ᠎ᠢ ᠪᠦᠭᠦ ᠭᠡᠰᠢᠭᠦᠳ ᠨᠡᠩ ᠭᠦᠨᠵᠡᠭᠡᠢ ᠣᠶ᠋ᠢᠯᠠᠭ᠋ᠠᠪᠠ ᠭᠡᠵᠡᠢ᠃
ᠸᠠᠩ ᠬᠤ᠌ ᠨᠢᠩ᠂ ᠡᠨᠡ ᠵᠢᠯ ᠪᠣᠯ ᠪᠦᠭᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 75 ᠵᠢᠯ᠎ᠤᠨ ᠤᠢ ᠪᠤᠯᠬᠤ ᠪᠥᠭᠡᠳ ᠠᠷᠠᠳ᠎ᠤᠨ ᠤᠯᠤᠰ ᠲᠦᠷᠦ ᠵᠢᠨ ᠵᠥᠪᠯᠡᠯᠭᠡᠨ ᠪᠠᠶ᠋ᠢᠭᠤᠯᠤᠭᠳᠠᠭᠰᠠᠨ 75 ᠵᠢᠯ᠎ᠤᠨ ᠤᠢ ᠪᠣᠯᠣᠨ᠎ᠠ᠃ 75 ᠵᠢᠯ᠎ᠤᠨ ᠲᠤᠷᠰᠢ᠂ ᠨᠠᠮ᠎ᠤᠨ ᠤᠳᠤᠷᠢᠳᠤᠯᠭ᠎ᠠ ᠳᠣᠣᠷ᠎ᠠ᠂ ᠠᠷᠠᠳ᠎ᠤᠨ ᠤᠯᠤᠰ ᠲᠦᠷᠦ ᠵᠢᠨ ᠵᠥᠪᠯᠡᠯᠭᠡᠨ ᠰᠢᠨ᠎ᠡ ᠳᠤᠮᠳᠠᠳᠤ ᠤᠯᠤᠰ᠎ᠢ ᠪᠠᠶ᠋ᠢᠭᠤᠯᠬᠤ᠂ ᠰᠢᠨ᠎ᠡ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠂ ᠥᠭᠡᠷᠡᠴᠢᠯᠡᠯᠲᠡ ᠵᠢᠨ ᠵᠠᠮ᠎ᠢ ᠰᠦᠪᠡᠭᠴᠢᠯᠡᠬᠦ᠂ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠠᠭᠤᠤ ᠶᠡᠭᠡ ᠦᠢ᠍ᠯᠡᠳᠦᠯᠭᠡ᠎ᠳᠤ ᠢᠳᠡᠪᠬᠢᠲᠡᠢ ᠣᠷᠣᠯᠴᠠᠵᠤ᠂ ᠭᠡᠷᠡᠯ ᠰᠠᠴᠤᠷᠠᠩᠭᠤᠢ ᠲᠡᠦᠬᠡᠨ ᠶᠠᠪᠤᠴᠠ ᠵᠢ ᠥᠩᠭᠡᠷᠡᠭᠦᠯᠪᠡ᠃ ᠠᠷᠠᠳ᠎ᠤᠨ ᠤᠯᠤᠰ ᠲᠦᠷᠦ ᠵᠢᠨ ᠵᠥᠪᠯᠡᠯᠭᠡᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶ᠋ᠢᠯᠠᠭ᠋ᠠᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ᠎ᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠪᠠᠷᠢᠮᠲᠠᠯᠠᠵᠤ᠂ ᠪᠦᠯᠬᠦᠮᠳᠡᠯ ᠪᠠ ᠠᠷᠠᠳᠴᠢᠯᠠᠯ᠎ᠤᠨ ᠬᠤᠶᠠᠷ ᠶᠡᠭᠡ ᠭᠤᠣᠯ ᠰᠡᠳᠦᠪ᠎ᠢ ᠪᠠᠷᠢᠮᠲᠠᠯᠠᠵᠤ᠂ ᠰᠢᠯᠢᠳᠡᠭ ᠤᠯᠠᠮᠵᠢᠯᠠᠯ ᠵᠶ᠋ᠠᠨ ᠪᠠᠳᠠᠷᠠᠭᠤᠯᠵᠤ᠂ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠤᠯᠤᠰ ᠲᠥᠷᠥ ᠵᠢᠨ ᠵᠥᠪᠯᠡᠯᠭᠡ᠂ ᠠᠷᠠᠳᠴᠢᠯᠠᠯ ᠵᠶ᠋ᠠᠷ ᠬᠢᠨᠠᠯᠲᠠ ᠲᠠᠯᠪᠢᠬᠤ᠂ ᠲᠦᠷᠦ ᠵᠢᠨ ᠶᠠᠪᠤᠳᠠᠯ᠎ᠳᠤ ᠣᠷᠣᠯᠴᠠᠨ ᠲᠦᠷᠦ ᠵᠢᠨ ᠶᠠᠪᠤᠳᠠᠯ᠎ᠢ ᠵᠥᠪᠯᠡᠬᠦ ᠲᠦᠪᠰᠢᠨ ᠵᠶ᠋ᠠᠨ ᠲᠡᠭᠡᠭᠰᠢᠯᠡᠭᠦᠯᠵᠦ᠂ ᠢᠮᠠᠭᠲᠠ ᠨᠠᠮ ᠪᠠ ᠤᠯᠤᠰ᠎ᠤᠨ ᠠᠵᠢᠯ ᠦᠢ᠍ᠯᠡᠰ᠎ᠤᠨ ᠶᠡᠭᠡ ᠲᠠᠯ᠎ᠠ ᠵᠢ ᠪᠣᠳᠣᠯᠬᠢᠯᠠᠨ ᠠᠵᠢᠯ ᠵᠶ᠋ᠠᠨ ᠥᠷᠨᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠲᠠᠢ ᠨᠢᠭᠲᠠ ᠤᠶᠠᠯᠳᠤᠭᠤᠯᠤᠨ ᠡᠭᠦᠷᠭᠡ ᠴᠢᠳᠠᠪᠬᠢ᠎ᠪᠠᠨ ᠭᠦᠢ᠍ᠴᠡᠳᠬᠡᠵᠦ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠬᠤ ᠬᠡᠷᠡᠭᠲᠡᠢ᠃ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠵᠢ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠤᠨ ᠳᠤᠮᠳᠠ ᠨᠠᠶ᠋ᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠳᠡᠭᠡᠷ᠎ᠡ᠎ᠪᠠᠨ ᠢᠯᠡᠷᠡᠭᠦᠯᠵᠦ᠂ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠳᠤ ᠣᠷᠣᠯᠴᠠᠬᠰᠠᠨ ᠡᠯ᠎ᠡ ᠨᠠᠮ ᠪᠦᠯᠦᠭ ᠪᠦᠯᠭᠦᠮ᠂ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠬᠥᠮᠥᠰ᠎ᠤᠨ ᠨᠠᠮ᠎ᠤᠨ ᠦᠭᠡ ᠵᠢ ᠡᠷᠡᠰ ᠪᠠᠲᠤ ᠰᠣᠨᠣᠰᠴᠤ᠂ ᠨᠠᠮ ᠵᠶ᠋ᠠᠨ ᠳᠠᠭ᠋ᠠᠬᠤ ᠵᠢ ᠪᠦᠯᠬᠦᠮᠳᠡᠭᠦᠯᠦᠨ ᠵᠢᠯᠤᠭᠤᠳᠬᠤ ᠬᠡᠷᠡᠭᠲᠡᠢ᠃ ᠭᠤᠣᠯᠳᠠᠯᠭ᠎ᠠ᠎ᠲᠠᠢ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠢᠨᠠᠷ ᠰᠠᠶ᠋ᠢᠲᠠᠢ ᠰᠠᠨᠠᠯ ᠰᠠᠨᠠᠭᠤᠯᠭ᠎ᠠ ᠳᠤᠷᠠᠳᠬᠤ᠎ᠪᠠᠷ ᠳᠤᠮᠳᠠᠳᠤ ᠤᠯᠤᠰ ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠬᠡᠷᠡᠭᠲᠡᠢ᠃ ᠶᠡᠭᠡ ᠪᠦᠯᠬᠦᠮᠳᠡᠯ ᠶᠡᠭᠡ ᠬᠤᠯᠪᠣᠭ᠋ᠠᠯᠠᠯ ᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠥᠷᠭᠡᠨ ᠳᠡᠯᠭᠡᠷ ᠵᠶ᠋ᠠᠷ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠬᠤ ᠬᠡᠷᠡᠭᠲᠡᠢ ᠭᠡᠵᠦ ᠢᠯᠡᠳᠬᠡᠪᠡ᠃
ᠸᠠᠩ ᠬᠤ᠌ ᠨᠢᠩ᠂ ᠪᠢᠳᠠ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠵᠢᠨ ᠲᠣᠭᠤᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠪᠣᠳᠠᠲᠠᠢ ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠬᠦ ᠵᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠠᠶᠠᠨ᠎ᠳᠤ ᠪᠢᠴᠢᠭᠯᠡᠵᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠢᠯᠡᠳᠬᠡᠪᠡ᠃
ᠲᠡᠭᠦᠰᠬᠦ ᠬᠤᠷᠠᠯ᠎ᠳᠤ ᠣᠷᠣᠯᠴᠠᠬᠰᠠᠨ ᠤᠳᠤᠷᠢᠳᠬᠤ ᠨᠥᠬᠦᠳ᠎ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ ᠯᠢᠦ ᠭᠦᠸᠧ ᠵᠦᠩ᠂ ᠯᠢ ᠭᠠᠨ ᠵᠢᠶᠧ᠂ ᠯᠢ ᠱᠤ᠌ ᠯᠧᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠵᠠᠩ ᠶᠢᠤ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠵᠢᠨ ᠭᠦᠸᠧ᠂ ᠸᠠᠩ ᠰᠢᠶᠣᠣ ᠬᠤᠩ᠂ ᠸᠠᠩ ᠳ᠋ᠦᠩ ᠮᠢᠩ᠂ ᠰᠢᠶᠣᠣ ᠵᠢᠶᠧ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠣᠪᠰᠠᠩᠵᠠᠯᠰᠠᠨ᠂ ᠰᠢᠤᠸᠠᠶ᠋ᠢᠺᠧᠯᠠᠶ᠋ᠢᠲ᠋ᠢ·ᠵᠠᠺᠧᠯ᠂ ᠦ᠋ ᠵᠧᠩ ᠯᠦᠩ᠂ ᠱᠧᠨ ᠢ ᠴᠢᠨ᠂ ᠵᠠᠩ ᠵᠢᠶᠦ᠋ᠨ᠂ ᠶᠢᠩ ᠶᠦᠩ ᠨᠠᠷ ᠪᠠᠶ᠋ᠢᠨ᠎ᠠ᠃
ᠨᠠᠮ᠎ᠤᠨ ᠲᠥᠪ ᠬᠤᠷᠢᠶ᠎ᠠ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠲᠡᠭᠦᠰᠬᠦ ᠬᠤᠷᠠᠯ᠎ᠳᠤ ᠰᠤᠯᠠ ᠣᠷᠣᠯᠴᠠᠵᠠᠢ᠃ ᠳᠤᠮᠳᠠᠳᠤ ᠤᠯᠤᠰ᠎ᠲᠤ ᠰᠠᠭᠤᠭ᠎ᠠ ᠭᠠᠳᠠᠭ᠋ᠠᠳᠤ ᠵᠢᠨ ᠡᠯᠴᠢᠨ ᠰᠠᠶ᠋ᠢᠳ᠂ ᠭᠠᠳᠠᠭ᠋ᠠᠳᠤ᠎ᠳᠤ ᠰᠠᠭᠤᠭ᠎ᠠ ᠳᠤᠮᠳᠠᠳᠤ ᠵᠢᠨ ᠬᠠᠷᠢᠶᠠᠲᠤ ᠨᠠᠷ ᠤᠷᠢᠯᠭ᠎ᠠ᠎ᠪᠠᠷ ᠲᠡᠭᠦᠰᠬᠦ ᠬᠤᠷᠠᠯ᠎ᠳᠤ ᠣᠷᠣᠯᠴᠠᠪᠠ᠃
ᠶᠡᠭᠡ ᠬᠤᠷᠠᠯ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ ᠵᠢᠨ ᠳᠤᠮᠳᠠ ᠲᠡᠭᠦᠰᠪᠡ᠃