ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ 《ᠲᠥᠷᠥ ᠵᠢᠨ ᠶᠠᠪᠤᠳᠠᠯ᠎ᠤᠨ ᠬᠤᠷᠢᠶᠠᠨ᠎ᠤ 2024 ᠣᠨ᠎ᠤ ᠭᠤᠣᠯᠳᠠᠯᠭ᠎ᠠ᠎ᠲᠠᠢ ᠠᠵᠢᠯ᠎ᠤᠨ ᠬᠤᠪᠢᠶᠠᠷᠢᠯᠠᠯ᠎ᠤᠨ ᠲᠥᠰᠥᠯ》 ᠵᠡᠷᠭᠡ ᠵᠢ ᠶᠠᠷᠢᠯᠴᠠᠨ ᠪᠠᠲᠤᠯᠠᠪᠠ
ᠨᠡᠶ᠋ᠢᠲᠡᠯᠡᠭᠰᠡᠨ ᠴᠠᠭ᠄ 2024-03-14

      ᠰᠢᠨᠬᠤᠸᠠ ᠬᠤᠷᠢᠶᠠᠨ᠎ᠤ ᠪᠡᠭᠡᠵᠢᠩ᠎ᠤᠨ 3  ᠳ᠋ᠤᠭ᠋ᠠᠷ  ᠰᠠᠷ᠎ᠠ ᠵᠢᠨ 12᠎ᠤᠨ ᠡᠳᠦᠷ᠎ᠤᠨ ᠴᠠᠬᠢᠯᠭ᠋ᠠᠨ           ᠮᠡᠳᠡᠭᠡ  ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ 3  ᠳ᠋ᠤᠭ᠋ᠠᠷ  ᠰᠠᠷ᠎ᠠ ᠵᠢᠨ 12᠎ᠤᠨ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ  ᠬᠤᠷᠠᠯᠳᠤᠭᠤᠯᠤᠭ᠋ᠠᠳ᠂ 《ᠲᠥᠷᠥ ᠵᠢᠨ ᠶᠠᠪᠤᠳᠠᠯ᠎ᠤᠨ ᠬᠤᠷᠢᠶᠠᠨ᠎ᠤ 2024 ᠣᠨ᠎ᠤ ᠭᠤᠣᠯᠳᠠᠯᠭ᠎ᠠ᠎ᠲᠠᠢ ᠠᠵᠢᠯ᠎ᠤᠨ ᠬᠤᠪᠢᠶᠠᠷᠢᠯᠠᠯ᠎ᠤᠨ ᠲᠥᠰᠥᠯ》᠂ 《ᠮᠢᠩᠭ᠋ᠠᠨ ᠳ᠋ᠦᠩᠰᠢᠭᠤᠷ ᠵᠢᠩ ᠠᠮᠤ ᠪᠤᠳᠠᠭ᠎ᠠ ᠦᠢ᠍ᠯᠡᠳᠪᠦᠷᠢᠯᠡᠬᠦ ᠴᠢᠳᠠᠮᠵᠢ ᠵᠢ ᠳᠡᠭᠡᠭᠰᠢᠯᠡᠭᠦᠯᠬᠦ ᠰᠢᠨ᠎ᠡ  ᠨᠢᠭᠡᠨ ᠡᠭᠡᠯᠵᠢᠨ᠎ᠤ  ᠠᠵᠢᠯᠯᠠᠭ᠎ᠠ ᠵᠢᠨ ᠲᠥᠰᠥᠯ (2024 — 2030 ᠣᠨ)》 ᠪᠠ 《ᠪᠠᠷᠢᠮᠵᠢᠶ᠎ᠠ ᠵᠢ  ᠢᠭᠳᠤᠷᠢᠭᠤᠯᠬᠤ᠎ᠪᠠᠷ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠠᠵᠢᠯ᠎ᠤᠨ ᠲᠥᠰᠥᠯ》᠎ᠢ ᠶᠠᠷᠢᠯᠴᠠᠨ ᠪᠠᠲᠤᠯᠠᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠢ  ᠪᠥᠭᠡᠳ  ᠲᠡᠩᠴᠡᠭᠦᠷᠢᠲᠡᠢ ᠬᠥᠭᠵᠢᠯᠲᠡ ᠵᠢ ᠠᠬᠢᠭᠤᠯᠬᠤ ᠬᠤᠯᠪᠣᠭᠳᠠᠯ ᠪᠦᠬᠦᠢ ᠠᠷᠭ᠎ᠠ  ᠪᠠᠷᠢᠯ᠎ᠤᠨ  ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ 《  ᠴᠡᠷᠢᠭ᠎ᠤᠨ  ᠠᠰᠠᠷᠠᠮᠵᠢ ᠬᠠᠷᠠᠭ᠋ᠠᠯᠵᠠᠯ᠎ᠤᠨ ᠳᠦᠷᠢᠮ (ᠵᠠᠰᠠᠪᠤᠷᠢ ᠣᠷᠣᠭᠤᠯᠤᠭᠰᠠᠨ ᠲᠥᠰᠥᠯ)》᠎ᠢ ᠬᠢᠨᠠᠨ  ᠵᠥᠪᠯᠡᠵᠦ  ᠪᠠᠲᠤᠯᠠᠪᠠ᠃
      ᠬᠤᠷᠠᠯ  ᠳᠡᠭᠡᠷ᠎ᠡ᠂ ᠰᠠᠶᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ  ᠠᠷᠠᠳ᠎ᠤᠨ  ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ  ᠬᠤᠷᠠᠯ ᠳᠡᠭᠡᠷ᠎ᠡ  ᠬᠢᠨᠠᠨ  ᠵᠥᠪᠯᠡᠵᠦ  ᠪᠠᠲᠤᠯᠠᠭᠰᠠᠨ 《  ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ ᠪᠦᠬᠦ ᠵᠢᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ  ᠬᠠᠷᠠᠯᠲᠠ ᠡᠭᠦᠷᠭᠡ ᠵᠢ  ᠲᠣᠳᠤᠷᠬᠠᠶ᠋ᠢᠯᠠᠵᠠᠢ ᠃ ᠡᠯ᠎ᠡ ᠰᠠᠯᠠᠭ᠎ᠠ ᠮᠥᠴᠢᠷ᠂ ᠡᠯ᠎ᠡ  ᠨᠢᠭᠡᠴᠢ 《  ᠴᠠᠭ ᠢᠮᠠᠭᠲᠠ ᠰᠠᠨᠠᠭ᠎ᠠ ᠠᠮᠤᠷ ᠦᠭᠡᠢ ᠪᠠᠶ᠋ᠢᠬᠤ》 ᠬᠠᠷᠢᠭᠤᠴᠠᠯᠭ᠋ᠠᠲᠤ ᠰᠡᠳᠬᠢᠯᠭᠡ᠎ᠪᠠᠨ  ᠴᠢᠩᠭ᠋ᠠᠳᠬᠠᠨ ᠂ ᠦᠨᠡᠨ ᠬᠦ᠌ 《ᠠᠵᠢᠯ  ᠶᠠᠪᠤᠳᠠᠯ  ᠪᠦᠬᠦᠨ᠎ᠢ  ᠳᠣᠲᠣᠷ᠎ᠠ᠎ᠪᠠᠨ ᠲᠤᠭ᠎ᠠ᠎ᠲᠠᠢ ᠪᠠᠶ᠋ᠢᠬᠤ》 ᠠᠵᠢᠯᠯᠠᠭ᠋ᠠᠨ᠎ᠤ ᠬᠦᠴᠦᠨ ᠪᠣᠯᠭ᠋ᠠᠨ ᠬᠤᠪᠢᠷᠠᠭᠤᠯᠵᠤ᠂ ᠡᠯ᠎ᠡ ᠲᠠᠯ᠎ᠠ ᠵᠢᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠂ ᠠᠵᠢᠯ ᠬᠢᠵᠦ ᠦᠢ᠍ᠯᠡᠰ  ᠪᠣᠰᠬᠠᠬᠤ  ᠴᠤᠭ ᠰᠦᠯᠳᠡ᠎ᠪᠠᠨ ᠤᠯᠠᠮ ᠪᠠᠳᠠᠷᠠᠭᠤᠯᠵᠤ᠂ ᠡᠯ᠎ᠡ ᠵᠦᠢ᠍ᠯ᠎ᠤᠨ ᠠᠵᠢᠯ᠎ᠢ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃ ᠬᠡᠷᠡᠭᠵᠢᠭᠦᠯᠬᠦ ᠠᠷᠭ᠎ᠠ  ᠪᠠᠷᠢᠯ ᠵᠶ᠋ᠠᠨ ᠨᠠᠷᠢᠯᠢᠭᠵᠢᠭᠤᠯᠤᠨ᠂ ᠡᠯ᠎ᠡ ᠵᠦᠢ᠍ᠯ᠎ᠤᠨ ᠭᠤᠣᠯᠳᠠᠯᠭ᠎ᠠ᠎ᠲᠠᠢ ᠠᠵᠢᠯ  ᠬᠢᠭᠡᠳ  ᠡᠯ᠎ᠡ ᠰᠠᠯᠠᠭ᠎ᠠ ᠮᠥᠴᠢᠷ᠎ᠤᠳ᠎ᠤᠨ ᠬᠠᠷᠢᠭᠤᠴᠠᠯᠭ᠎ᠠ ᠵᠢ ᠬᠡᠷᠡᠭᠵᠢᠭᠦᠯᠬᠦ ᠪᠣᠳᠠᠲᠠᠢ ᠠᠷᠭ᠎ᠠ  ᠪᠠ  ᠲᠦᠷᠦ ᠵᠢᠨ ᠪᠣᠳᠣᠯᠭ᠎ᠠ ᠵᠢᠨ  ᠠᠷᠭ᠎ᠠ  ᠪᠠᠷᠢᠯ  ᠳᠡᠭᠡᠷ᠎ᠡ ᠨᠠᠶ᠋ᠢᠳᠠᠪᠤᠷᠢᠵᠢᠭᠤᠯᠬᠤ ᠬᠡᠷᠡᠭᠲᠡᠢ ᠃  ᠡᠯᠪᠡᠨ  ᠬᠠᠮᠵᠢᠯᠴᠠᠬᠤ ᠎ᠪᠠᠨ  ᠴᠢᠩᠭ᠋ᠠᠳᠬᠠᠨ ᠂ ᠲᠦᠷᠦᠭᠦᠯᠡᠨ ᠬᠢᠬᠦ ᠰᠠᠯᠠᠭ᠎ᠠ ᠮᠥᠴᠢᠷ᠎ᠤᠳ ᠰᠠᠨᠠᠭ᠋ᠠᠴᠢᠯᠠᠭ᠎ᠠ᠎ᠠᠴᠠ᠎ᠪᠠᠨ  ᠣᠶ᠋ᠢᠯᠠᠭ᠋ᠠᠯᠴᠠᠨ  ᠵᠣᠬᠢᠴᠠᠭᠤᠯᠵᠤ᠂ ᠣᠷᠣᠯᠴᠠᠭᠰᠠᠨ ᠰᠠᠯᠠᠭ᠎ᠠ ᠮᠥᠴᠢᠷ᠎ᠤᠳ ᠨᠢᠭᠲᠠ ᠬᠠᠮᠵᠢᠯᠴᠠᠨ ᠳᠡᠮᠵᠢᠵᠦ᠂ ᠠᠳᠠᠯᠢ ᠴᠢᠭᠯᠡᠯ ᠵᠶ᠋ᠠᠷ ᠬᠦᠴᠦᠯᠡᠬᠦ᠂ ᠨᠡᠶ᠋ᠢᠯᠡᠮᠡᠯ ᠬᠦᠴᠦᠨ᠎ᠢ ᠪᠣᠶ ᠪᠣᠯᠭ᠋ᠠᠬᠤ ᠵᠢ  ᠪᠠᠲᠤᠯᠠᠬᠤ  ᠬᠡᠷᠡᠭᠲᠡᠢ᠃ ᠰᠢᠮᠳᠠᠭᠤᠯᠤᠨ ᠪᠠᠶ᠋ᠢᠴᠠᠭ᠋ᠠᠬᠤ ᠵᠢ ᠰᠠᠶ᠋ᠢᠲᠤᠷ ᠬᠢᠵᠦ᠂ ᠡᠳᠦᠷ ᠲᠤᠲᠤᠮ᠎ᠤᠨ ᠲᠣᠬᠢᠷᠠᠭᠤᠯᠤᠯᠲᠠ ᠵᠢ ᠴᠢᠩᠭ᠋ᠠᠳᠬᠠᠨ᠂ ᠰᠢᠮᠳᠠᠭᠤᠯᠤᠨ ᠪᠠᠶ᠋ᠢᠴᠠᠭ᠋ᠠᠬᠤ ᠠᠷᠭ᠎ᠠ ᠮᠠᠶᠢᠭ ᠵᠶ᠋ᠠᠨ  ᠲᠡᠭᠦᠯᠳᠡᠷᠵᠢᠭᠦᠯᠵᠦ᠂ ᠰᠢᠮᠳᠠᠭᠤᠯᠤᠨ ᠪᠠᠶ᠋ᠢᠴᠠᠭ᠋ᠠᠬᠤ ᠦᠷ᠎ᠡ ᠪᠦᠲᠦᠮᠵᠢ᠎ᠪᠠᠨ  ᠳᠡᠭᠡᠭᠰᠢᠯᠡᠭᠦᠯᠦᠨ᠂ ᠱᠠᠲᠤ ᠱᠠᠲᠤ᠎ᠪᠠᠷ ᠨᠠᠶ᠋ᠢᠳᠠᠪᠤᠷᠢᠵᠢᠭᠤᠯᠤᠯᠲᠠ ᠵᠢ ᠠᠳᠬᠤᠬᠤ  ᠰᠠᠶ᠋ᠢᠨ ᠰᠠᠶ᠋ᠢᠬᠠᠨ ᠪᠠᠶ᠋ᠢᠳᠠᠯ᠎ᠢ ᠪᠣᠶ ᠪᠣᠯᠭ᠋ᠠᠬᠤ  ᠵᠢ ᠠᠬᠢᠭᠤᠯᠬᠤ ᠬᠡᠷᠡᠭᠲᠡᠢ  ᠭᠡᠵᠦ ᠵᠢᠭ᠋ᠠᠨ ᠭᠠᠷᠭ᠋ᠠᠵᠠᠢ ᠃
      ᠬᠤᠷᠠᠯ  ᠳᠡᠭᠡᠷ᠎ᠡ ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠪᠣᠯ ᠲᠡᠷᠢᠭᠦᠨ ᠴᠢᠬᠤᠯᠠ ᠶᠠᠪᠤᠳᠠᠯ ᠮᠥᠨ᠃ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠶᠣᠰᠣᠭ᠋ᠠᠷ ᠂ ᠮᠢᠩᠭ᠋ᠠᠨ ᠳ᠋ᠦᠩᠰᠢᠭᠤᠷ ᠵᠢᠩ ᠠᠮᠤ  ᠪᠤᠳᠠᠭ᠎ᠠ ᠦᠢ᠍ᠯᠡᠳᠪᠦᠷᠢᠯᠡᠬᠦ ᠴᠢᠳᠠᠮᠵᠢ  ᠵᠢ ᠳᠡᠭᠡᠭᠰᠢᠯᠡᠭᠦᠯᠬᠦ ᠰᠢᠨ᠎ᠡ  ᠨᠢᠭᠡᠨ ᠡᠭᠡᠯᠵᠢᠨ᠎ᠤ  ᠠᠵᠢᠯᠯᠠᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ ᠂  ᠲᠠᠷᠢᠶᠠᠨ  ᠭᠠᠵᠠᠷ  ᠪᠠ  ᠮᠡᠷᠭᠡᠵᠢᠯ᠎ᠳᠤ  ᠲᠦᠰᠢᠭᠯᠡᠨ  ᠠᠮᠤ ᠪᠤᠳᠠᠭ᠎ᠠ ᠵᠢ  ᠬᠠᠳᠠᠭ᠋ᠠᠯᠠᠬᠤ ᠵᠢ ᠯᠠᠪᠳᠠᠭᠤᠨ ᠪᠠᠲᠤᠲᠠᠢ ᠠᠬᠢᠭᠤᠯᠵᠤ ᠂  ᠦᠷ᠎ᠡ ᠡᠭᠦᠯᠳᠡᠷ  ᠬᠤᠪᠢᠶᠠᠨ ᠤᠨᠠᠯᠲᠠ ᠵᠢ ᠨᠡᠮᠡᠭᠳᠡᠭᠦᠯᠬᠦ ᠡᠭᠦᠷᠭᠡ  ᠬᠢᠭᠡᠳ  ᠣᠷᠣᠨ ᠪᠦᠰᠡ ᠬᠤᠪᠢᠶᠠᠨ ᠤᠨᠠᠯᠲᠠ ᠵᠢ ᠨᠡᠮᠡᠭᠳᠡᠭᠦᠯᠬᠦ ᠪᠠᠶ᠋ᠢᠷᠢᠰᠢᠭᠤᠯᠤᠯᠲᠠ ᠵᠢ ᠨᠠᠶ᠋ᠢᠳᠠᠪᠤᠷᠢᠵᠢᠭᠤᠯᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠂ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠡᠷᠭᠡ ᠲᠤᠯᠭ᠋ᠠᠭᠤᠷᠢᠯᠠᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ᠎ᠤᠳ᠎ᠢ  ᠲᠥᠯᠥᠪᠯᠡᠨ  ᠬᠡᠷᠡᠭᠵᠢᠭᠦᠯᠵᠦ ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠨᠠᠭ᠋ᠠᠴᠢᠯᠠᠭ᠋ᠠᠲᠤ ᠡᠷᠬᠡ ᠵᠢ ᠪᠠᠲᠤ ᠡᠵᠡᠮᠳᠡᠬᠦ ᠬᠡᠷᠡᠭᠲᠡᠢ  ᠭᠡᠵᠦ ᠵᠢᠭ᠋ᠠᠨ ᠭᠠᠷᠭ᠋ᠠᠵᠠᠢ᠃
      ᠬᠤᠷᠠᠯ  ᠳᠡᠭᠡᠷ᠎ᠡ᠂ ᠪᠠᠷᠢᠮᠵᠢᠶ᠎ᠠ ᠵᠢ  ᠢᠭᠳᠤᠷᠢᠭᠤᠯᠬᠤ ᠵᠢ ᠠᠬᠢᠭᠤᠯᠬᠤ᠎ᠨᠢ  ᠤᠯᠠᠨ ᠲᠦᠮᠡᠨ᠎ᠤ ᠬᠡᠷᠡᠭᠴᠡᠭᠡ ᠵᠢ ᠨᠡᠩ ᠰᠠᠶ᠋ᠢᠨ ᠬᠠᠩᠭ᠋ᠠᠬᠤ ᠂ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠬᠤ᠎ᠳᠤ ᠬᠦᠴᠦᠨ ᠨᠡᠮᠡᠷᠢᠯᠡᠬᠦ ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ ᠃ ᠪᠠᠷᠢᠮᠵᠢᠶ᠎ᠠ ᠵᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ ᠠᠵᠢᠯ᠎ᠢ ᠲᠦᠷᠭᠡᠳᠬᠡᠨ ᠠᠬᠢᠭᠤᠯᠵᠤ᠂ ᠠᠵᠤ ᠠᠬᠤᠶ᠋ᠢᠯᠠᠯ  ᠪᠠ ᠬᠡᠷᠡᠭᠯᠡᠭᠴᠢ  ᠵᠡᠷᠭᠡ  ᠬᠤᠯᠪᠤᠭᠳᠠᠯ  ᠪᠦᠬᠦᠢ ᠲᠠᠯ᠎ᠠ ᠵᠢᠨ  ᠰᠠᠨᠠᠯ᠎ᠤᠳ᠎ᠢ ᠭᠦᠢ᠍ᠴᠡᠳ ᠬᠤᠷᠢᠶᠠᠵᠤ᠂ ᠪᠠᠴᠢᠮ ᠬᠡᠷᠡᠭᠯᠡᠭᠡ ᠵᠢ  ᠤᠷᠢᠳ ᠵᠶ᠋ᠠᠷ  ᠬᠡᠷᠡᠭᠵᠢᠭᠦᠯᠬᠦ ᠵᠢ ᠪᠠᠷᠢᠮᠲᠠᠯᠠᠨ᠂ ᠨᠢᠭᠡ ᠵᠦᠢ᠍ᠯ᠎ᠤᠨ  ᠪᠠᠷᠢᠮᠵᠢᠶ᠎ᠠ᠎ᠨᠢ  ᠪᠣᠯᠪᠠᠰᠤᠷᠠᠩᠭᠤᠢ ᠪᠣᠯᠪᠠᠯ  ᠲᠡᠭᠦᠨ᠎ᠢ  ᠴᠠᠭ ᠲᠤᠬᠠᠢ᠎ᠳᠤ᠎ᠨᠢ  ᠨᠡᠶ᠋ᠢᠲᠡᠯᠡᠬᠦ ᠬᠡᠷᠡᠭᠲᠡᠢ᠃ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠢᠵᠢ  ᠪᠦᠷᠢᠨ  ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠡᠯ᠎ᠡ ᠵᠦᠢ᠍ᠯ᠎ᠤᠨ ᠪᠠᠷᠢᠮᠵᠢᠶ᠎ᠠ ᠵᠢ  ᠪᠣᠲᠠᠲᠠᠶ᠋ᠢᠵᠢᠭᠤᠯᠤᠨ  ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ  ᠭᠡᠵᠦ ᠵᠢᠭ᠋ᠠᠨ ᠭᠠᠷᠭ᠋ᠠᠪᠠ ᠃
      ᠬᠤᠷᠠᠯ  ᠳᠡᠭᠡᠷ᠎ᠡ᠂ ᠰᠤᠷᠭ᠋ᠠᠭᠤᠯᠢ ᠡᠷᠬᠢᠯᠡᠬᠦ ᠨᠥᠬᠦᠴᠡᠯ ᠂ ᠰᠤᠷᠭ᠋ᠠᠨ ᠬᠥᠮᠦᠵᠢᠯ᠎ᠤᠨ ᠴᠢᠨᠠᠷ  ᠪᠠ  ᠠᠷᠠᠳ ᠤᠯᠠᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠬᠦ᠎ᠪᠠᠷ ᠠᠵᠢᠯ᠎ᠤᠨ ᠭᠤᠣᠯᠳᠠᠯᠭ᠎ᠠ᠎ᠪᠠᠨ ᠪᠣᠯᠭ᠋ᠠᠵᠤ ᠂ ᠣᠷᠣᠨ ᠪᠦᠰᠡ ᠂ ᠬᠤᠳᠠ ᠬᠥᠳᠡᠭᠡ ᠂ ᠰᠤᠷᠭ᠋ᠠᠭᠤᠯᠢ ᠂ ᠤᠯᠠᠨ ᠲᠦᠮᠡᠨ᠎ᠤ  ᠬᠤᠭᠤᠷᠤᠨᠳᠤᠬᠢ  ᠰᠤᠷᠭ᠋ᠠᠨ ᠬᠥᠮᠦᠵᠢᠯ᠎ᠤᠨ ᠵᠥᠷᠢᠶ᠎ᠡ ᠵᠢ ᠲᠠᠰᠤᠷᠠᠯᠲᠠ ᠦᠭᠡᠢ ᠪᠠᠭ᠋ᠠᠰᠬᠠᠵᠤ ᠂ ᠨᠡᠩ ᠡᠷᠬᠡ ᠲᠡᠭᠰᠢ ᠨᠡᠩ ᠴᠢᠨᠠᠷ ᠰᠠᠶ᠋ᠢᠲᠠᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ ᠬᠡᠷᠡᠭᠲᠡᠢ ᠃ ᠬᠥᠮᠥᠨ ᠠᠮᠠ ᠵᠢᠨ ᠬᠤᠪᠢᠷᠠᠯᠲᠠ ᠪᠠ ᠰᠢᠨ᠎ᠡ ᠮᠠᠶᠢᠭ᠎ᠤᠨ ᠬᠤᠲᠠ ᠪᠠᠯᠭ᠋ᠠᠰᠤᠵᠢᠯᠲᠠ ᠵᠢᠨ ᠠᠬᠢᠴᠠ᠎ᠳᠤ ᠵᠣᠬᠢᠴᠠᠭᠤᠯᠤᠨ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠬᠤᠪᠢᠷᠠᠯᠲᠠ ᠵᠢ ᠤᠷᠢᠳᠴᠢᠯᠠᠨ ᠰᠤᠳᠤᠯᠤᠨ ᠮᠠᠭ᠋ᠠᠳᠯᠠᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠠᠮᠢᠳᠤᠯᠢᠭ ᠴᠢᠨᠠᠷ ᠪᠠ ᠵᠣᠬᠢᠴᠠᠬᠤ ᠴᠢᠨᠠᠷ᠎ᠢ ᠴᠢᠩᠭ᠋ᠠᠷᠠᠭᠤᠯᠤᠨ᠂ ᠡᠳ᠋᠎ᠤᠨ ᠵᠠᠰᠠᠭ᠎ᠤᠨ ᠴᠢᠨᠠᠷᠲᠠᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠢ ᠪᠠᠭᠤᠷᠠᠢ ᠭᠤᠭᠴᠤᠭ᠎ᠠ  ᠲᠡᠶ᠋ᠢᠰᠢ  ᠬᠡᠯᠪᠡᠶ᠋ᠢᠯᠭᠡᠬᠦ᠎ᠪᠠᠨ  ᠡᠷᠴᠢᠮᠵᠢᠭᠦᠯᠵᠦ ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ  ᠳᠤᠲᠠᠭᠳᠠᠯ᠎ᠢ ᠬᠦᠴᠦᠯᠡᠨ ᠨᠥᠬᠦᠪᠦᠷᠢᠯᠡᠬᠦ ᠬᠡᠷᠡᠭᠲᠡᠢ  ᠭᠡᠵᠦ ᠴᠢᠬᠤᠯᠠᠴᠢᠯᠠᠵᠠᠢ᠃
      ᠬᠤᠷᠠᠯ᠎ᠳᠤ᠂ ᠴᠡᠷᠢᠭ᠎ᠤᠨ ᠠᠰᠠᠷᠠᠮᠵᠢ ᠬᠠᠷᠠᠭ᠋ᠠᠯᠵᠠᠯ᠎ᠤᠨ ᠠᠵᠢᠯ᠎ᠢ ᠰᠠᠶ᠋ᠢᠲᠤᠷ ᠬᠢᠬᠦ᠎ᠨᠢ  ᠤᠯᠤᠰ᠎ᠢ ᠬᠦᠴᠦᠷᠬᠡᠭᠵᠢᠭᠦᠯᠬᠦ ᠴᠡᠷᠢᠭ  ᠠᠩᠭᠢ᠎ᠢ ᠬᠦᠴᠦᠷᠬᠡᠭᠵᠢᠭᠦᠯᠬᠦ  ᠦᠢ᠍ᠯᠡᠰ᠎ᠲᠠᠢ  ᠬᠤᠯᠪᠤᠭᠳᠠᠳᠠᠭ ᠭᠡᠵᠦ ᠵᠢᠭ᠋ᠠᠨ           ᠭᠠᠷᠭ᠋ᠠᠪᠠ᠃  ᠬᠤᠷᠠᠯ᠎ᠳᠤ 《ᠴᠡᠷᠢᠭ᠎ᠤᠨ  ᠠᠰᠠᠷᠠᠮᠵᠢ ᠬᠠᠷᠠᠭ᠋ᠠᠯᠵᠠᠯ᠎ᠤᠨ ᠳᠦᠷᠢᠮ (ᠵᠠᠰᠠᠪᠤᠷᠢ ᠣᠷᠣᠭᠤᠯᠤᠭᠰᠠᠨ           ᠲᠥᠰᠥᠯ)》᠎ᠢ ᠬᠢᠨᠠᠨ  ᠵᠥᠪᠯᠡᠵᠦ  ᠪᠠᠲᠤᠯᠠᠭ᠋ᠠᠳ᠂ ᠲᠣᠭᠲᠠᠭ᠋ᠠᠭᠰᠠᠨ ᠱᠠᠭ᠋ᠠᠷᠳᠠᠯᠭ᠎ᠠ ᠪᠠ ᠪᠠᠷᠢᠮᠵᠢᠶ᠎ᠠ ᠵᠢ  ᠴᠢᠩᠭ᠎ᠠ ᠵᠢᠷᠤᠮᠯᠠᠨ ᠡᠯ᠎ᠡ ᠵᠦᠢ᠍ᠯ᠎ᠤᠨ ᠠᠰᠠᠷᠠᠮᠵᠢ ᠬᠠᠷᠠᠭ᠋ᠠᠯᠵᠠᠯ᠎ᠤᠨ ᠲᠥᠷᠥ ᠵᠢᠨ  ᠪᠣᠳᠣᠯᠭ᠎ᠠ ᠵᠢ  ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ  ᠴᠢᠬᠤᠯᠠᠴᠢᠯᠠᠪᠠ᠃



ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠰᠢ ᠵᠢᠨ ᠫᠢᠩ ᠴᠠᠭᠢᠯᠭ᠋ᠠᠨ ᠴᠢᠮᠡᠭᠡ ᠶᠠᠪᠤᠭᠤᠯᠵᠤ ᠫᠦᠲ᠋ᠢᠨ᠎ᠤ ᠤᠷᠤᠰ᠎ᠤᠨ ᠶᠡᠷᠦᠩᠬᠡᠶ᠋ᠢᠯᠡᠭᠴᠢ᠎ᠪᠠᠷ ᠦᠷᠭᠦᠯᠵᠢᠯᠡᠨ ᠰᠣᠩᠭᠤᠭᠳᠠᠭᠰᠠᠨ᠎ᠳᠤ ᠪᠠᠶᠠᠷ ᠬᠦᠷᠭᠡᠪᠡ
ᠰᠢ ᠵᠢᠨ ᠫᠢᠩ ᠰᠢᠨ᠎ᠡ ᠴᠠᠭ ᠦᠶ᠎ᠡ ᠵᠢᠨ ᠳᠤᠮᠳᠠ ᠣᠷᠣᠨ᠎ᠤ ᠬᠥᠭᠵᠢᠯ ᠮᠠᠨᠳᠤᠯ᠎ᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠨᠡᠩ ᠥᠨᠳᠥᠷ ᠭᠠᠷᠤᠭ᠎ᠠ᠎ᠠᠴᠠ ᠳᠤᠮᠳᠠ ᠣᠷᠣᠨ᠎ᠤ ᠬᠥᠭᠵᠢᠯ ᠮᠠᠨᠳᠤᠯ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠰᠢ ᠵᠢᠨ ᠫᠢᠩ ᠬᠤᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠦᠨᠡᠨ᠎ᠢ ᠪᠠᠷᠢᠮᠲᠠᠯᠠᠨ ᠪᠣᠳᠠᠲᠠᠢ ᠵᠢ ᠡᠷᠭᠢᠮᠯᠡᠭᠦ ᠵᠢ ᠪᠠᠷᠢᠮᠲᠠᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠤᠨᠠᠨ᠎ᠤ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ
ᠰᠢ ᠵᠢᠨ ᠫᠢᠩ ᠠᠮᠧᠷᠢᠺᠠ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ ᠪᠣᠯᠣᠨ ᠪᠠᠶ᠋ᠢᠯᠳᠤᠬᠤ ᠪᠣᠳᠣᠯᠭ᠎ᠠ ᠵᠢᠨ ᠡᠷᠳᠡᠮ ᠰᠢᠨᠵᠢᠯᠡᠭᠡᠨ᠎ᠤ ᠡᠲᠡᠭᠡᠳ᠎ᠤᠨ ᠲᠥᠯᠥᠭᠡᠯᠡᠭᠴᠢᠳ᠎ᠲᠠᠢ ᠠᠭᠤᠯᠵᠠᠪᠠ
 
             蒙ICP备05000248号