ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 18᠎ᠤ ᠴᠠᠭᠢᠯᠭ᠋ᠠᠨ ᠮᠡᠳᠡᠭᠡ 3 ᠰᠠᠷ᠎ᠠ ᠵᠢᠨ 18᠎ᠤ ᠡᠳᠦᠷ ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠫᠦᠲ᠋ᠢᠨ᠎ᠳᠤ ᠴᠠᠭᠢᠯᠭ᠋ᠠᠨ ᠴᠢᠮᠡᠭᠡ ᠶᠠᠪᠤᠭᠤᠯᠵᠤ ᠂ ᠲᠡᠭᠦᠨ᠎ᠤ ᠣᠷᠣᠰ᠎ᠤᠨ ᠬᠤᠯᠪᠣᠭ᠋ᠠᠨ᠎ᠤ ᠶᠡᠷᠦᠩᠬᠡᠶ᠋ᠢᠯᠡᠭᠴᠢ᠎ᠪᠠᠷ ᠦᠷᠭᠦᠯᠵᠢᠯᠡᠨ ᠰᠣᠩᠭᠤᠭᠳᠠᠭᠰᠠᠨ᠎ᠳᠤ ᠪᠠᠶᠠᠷ ᠬᠦᠷᠭᠡᠪᠡ ᠃
ᠰᠢ ᠵᠢᠨ ᠫᠢᠩ᠂ ᠣᠶ᠋ᠢᠷ᠎ᠠ ᠵᠢᠨ ᠵᠢᠯ᠎ᠳᠤ᠂ ᠤᠷᠤᠰ᠎ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠥᠷᠢᠰᠦᠯᠳᠦᠭᠡᠨ᠎ᠢ ᠢᠯᠠᠨ ᠳᠠᠪᠠᠵᠤ᠂ ᠤᠯᠤᠰ᠎ᠤᠨ ᠬᠥᠭᠵᠢᠯ ᠮᠠᠨᠳᠤᠯ᠎ᠤᠨ ᠵᠠᠮ ᠳᠡᠭᠡᠷ᠎ᠡ ᠯᠠᠪᠳᠠᠭᠤᠨ ᠵᠶ᠋ᠠᠷ ᠤᠷᠤᠭᠰᠢᠯᠠᠵᠤ ᠪᠠᠶ᠋ᠢᠨ᠎ᠠ᠃ ᠲᠠ ᠳᠠᠬᠢᠨᠲᠠ ᠰᠣᠩᠭᠤᠭᠳᠠᠭᠰᠠᠨ᠎ᠨᠢ ᠣᠷᠣᠰ᠎ᠤᠨ ᠠᠷᠠᠳ ᠲᠦᠮᠡᠨ ᠲᠠᠨ᠎ᠢ ᠳᠠᠮᠵᠢᠵᠤ ᠪᠠᠶ᠋ᠢᠬᠤ ᠵᠢ ᠭᠦᠢ᠍ᠴᠡᠳ ᠬᠠᠷᠠᠭᠤᠯᠪᠠ᠃ ᠲᠠᠨ᠎ᠤ ᠤᠳᠤᠷᠢᠳᠤᠯᠭ᠎ᠠ ᠳᠣᠣᠷ᠎ᠠ᠂ ᠣᠷᠣᠰ ᠯᠠᠪᠲᠠᠢ ᠤᠯᠤᠰ᠎ᠤᠨ ᠬᠥᠭᠵᠢᠯᠲᠡ ᠪᠦᠲᠦᠭᠡᠨ ᠪᠠᠶ᠋ᠢᠭᠤᠯᠤᠯᠲᠠ ᠵᠢᠨ ᠨᠠᠩ ᠶᠡᠭᠡ ᠠᠮᠵᠢᠯᠲᠠ ᠵᠢ ᠣᠯᠵᠤ ᠴᠢᠳᠠᠬᠤ ᠵᠢ ᠢᠲᠡᠭᠡᠵᠦ ᠪᠠᠶ᠋ᠢᠨ᠎ᠠ᠃ ᠳᠤᠮᠳᠠᠳᠤ ᠤᠯᠤᠰ ᠳᠤᠮᠳᠠᠳᠤ ᠤᠷᠤᠰ᠎ᠤᠨ ᠬᠠᠷᠢᠯᠴᠠᠭ᠎ᠠ ᠵᠢᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠳᠤᠷᠠᠲᠠᠶ᠎ᠠ ᠤᠷᠤᠰ᠎ᠤᠨ᠎ᠬᠢᠨ᠎ᠲᠠᠢ ᠨᠢᠭᠲᠠ ᠣᠯᠣᠯᠴᠠᠭ᠎ᠠ᠎ᠪᠠᠨ ᠪᠠᠲᠤᠯᠠᠵᠤ᠂ ᠳᠤᠮᠳᠠᠳᠤ ᠤᠷᠤᠰ᠎ᠤᠨ ᠰᠢᠨ᠎ᠡ ᠴᠠᠭ ᠦᠶ᠎ᠡ ᠵᠢᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢᠨ ᠦᠷᠭᠦᠯᠵᠢᠯᠡᠨ ᠡᠷᠡᠭᠦᠯ ᠲᠣᠭᠲᠠᠭᠤᠨ ᠵᠶ᠋ᠠᠷ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠵᠤ᠂ ᠬᠤᠶᠠᠷ ᠤᠯᠤᠰ ᠪᠣᠯᠣᠨ ᠬᠤᠶᠠᠷ ᠤᠯᠤᠰ᠎ᠤᠨ ᠠᠷᠠᠳ ᠲᠦᠮᠡᠨ᠎ᠳᠤ ᠪᠤᠶᠠᠨ ᠦᠢ᠍ᠯᠡᠳᠦᠨ᠎ᠡ ᠭᠡᠵᠦ ᠵᠢᠭ᠋ᠠᠵᠤ ᠭᠠᠷᠭ᠋ᠠᠪᠠ᠃