ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠰᠢᠨ᠎ᠡ ᠴᠠᠭ ᠦᠶ᠎ᠡ ᠵᠢᠨ ᠳᠤᠮᠳᠠ ᠣᠷᠣᠨ᠎ᠤ ᠬᠥᠭᠵᠢᠯ ᠮᠠᠨᠳᠤᠯ᠎ᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠨᠡᠩ ᠥᠨᠳᠥᠷ ᠭᠠᠷᠤᠭ᠎ᠠ᠎ᠠᠴᠠ ᠳᠤᠮᠳᠠ ᠣᠷᠣᠨ᠎ᠤ ᠬᠥᠭᠵᠢᠯ ᠮᠠᠨᠳᠤᠯ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2024-03-21

      ᠯᠢ ᠴᠢᠶᠠᠩ  ᠼᠠᠢ ᠴᠢ ᠳ᠋ᠢᠩ ᠰᠢᠤᠸᠠᠢ ᠰᠢᠶᠠᠩ ᠣᠷᠣᠯᠴᠠᠪᠠ
      ᠰᠢᠨᠬᠤᠸᠠ ᠬᠤᠷᠢᠶ᠎ᠠ ᠵᠢᠨ ᠴᠠᠩᠱ᠌ᠠ ᠵᠢᠨ 3 ᠰᠠᠷ᠎ᠠ ᠵᠢᠨ 20᠎ᠤ ᠴᠠᠭᠢᠯᠭ᠋ᠠᠨ ᠮᠡᠳᠡᠭᠡ  ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 20᠎ᠤ ᠦᠳᠡ ᠵᠢᠨ ᠬᠤᠶ᠋ᠢᠨ᠎ᠠ ᠬᠤᠨᠠᠨ ᠮᠤᠵᠢ ᠵᠢᠨ ᠴᠠᠩᠱ᠌ᠠ ᠬᠤᠲᠠ᠎ᠳᠤ ᠰᠢᠨ᠎ᠡ ᠴᠠᠭ ᠦᠶ᠎ᠡ ᠵᠢᠨ ᠳᠤᠮᠳᠠ ᠣᠷᠣᠨ᠎ᠤ ᠬᠥᠭᠵᠢᠯ ᠮᠠᠨᠳᠤᠯ᠎ᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ ᠵᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠ ᠣᠷᠣᠨ ᠪᠣᠯ ᠮᠠᠨ᠎ᠤ ᠤᠯᠤᠰ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠬᠤᠯᠠ ᠰᠠᠭᠤᠷᠢᠨ᠂ ᠡᠨᠧᠷᠭᠢ ᠵᠢᠨ ᠲᠦᠭᠦᠬᠡᠢ ᠮᠠᠲ᠋ᠧᠷᠢᠶᠠᠯ᠎ᠤᠨ ᠰᠠᠭᠤᠷᠢᠨ᠂ ᠤᠳᠤ ᠦᠶ᠎ᠡ ᠵᠢᠨ ᠲᠣᠨᠣᠭᠯᠠᠯ ᠦᠢ᠍ᠯᠡᠳᠬᠦ ᠵᠢᠴᠢ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠰᠠᠭᠤᠷᠢᠨ ᠪᠣᠯᠣᠨ ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠢ᠍ᠰᠦ ᠪᠠᠶ᠋ᠢᠵᠤ᠂ ᠪᠦᠭᠦ ᠤᠯᠤᠰ᠎ᠲᠤ ᠮᠠᠰᠢ ᠴᠢᠬᠤᠯᠠ ᠪᠠᠶ᠋ᠢᠷᠢ ᠰᠠᠭᠤᠷᠢ᠎ᠲᠠᠢ ᠶᠤᠮ᠃ ᠨᠠᠮ᠎ᠤᠨ ᠲᠥᠪ ᠬᠤᠷᠢᠶ᠎ᠠ ᠵᠢᠨ ᠳᠤᠮᠳᠠ ᠣᠷᠣᠨ᠎ᠤ ᠬᠥᠭᠵᠢᠯ ᠮᠠᠨᠳᠤᠯ᠎ᠢ ᠠᠬᠢᠭᠤᠯᠬᠤ ᠠᠯᠢ ᠤᠯᠠᠨ ᠲᠦᠷᠦ  ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠢᠮᠠᠭᠲᠠ ᠰᠠᠶ᠋ᠢᠲᠤᠷ ᠠᠳᠬᠤᠵᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠠᠬᠢ ᠳᠤᠮᠳᠠ ᠣᠷᠣᠨ᠎ᠤ ᠬᠥᠭᠵᠢᠯ ᠮᠠᠨᠳᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃


6384661283783614135859141.jpg


      3 ᠰᠠᠷ᠎ᠠ ᠵᠢᠨ 20᠎ᠤ ᠦᠳᠡ ᠵᠢᠨ ᠬᠤᠶ᠋ᠢᠨ᠎ᠠ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠬᠤᠨᠠᠨ ᠮᠤᠵᠢ ᠵᠢᠨ ᠴᠠᠩᠱ᠌ᠠ ᠬᠤᠲᠠ᠎ᠳᠤ ᠰᠢᠨ᠎ᠡ ᠴᠠᠭ ᠦᠶ᠎ᠡ ᠵᠢᠨ ᠳᠤᠮᠳᠠ ᠣᠷᠣᠨ᠎ᠤ ᠬᠥᠭᠵᠢᠯ ᠮᠠᠨᠳᠤᠯ᠎ᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ ᠵᠢᠨ ᠬᠠᠮᠲᠤ ᠴᠢᠬᠤᠯᠠ ᠶᠠᠷᠢᠶ᠎ᠠ ᠲᠠᠯᠪᠢᠪᠠ᠃
      ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠸᠠᠩ ᠶᠧ ᠰᠡᠭᠦᠳᠡᠷᠯᠡᠪᠡ


      ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠶ᠋ᠢᠳ ᠯᠢ ᠴᠢᠶᠠᠩ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠶ᠋ᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ᠎ᠳᠤ ᠣᠷᠣᠯᠴᠠᠪᠠ᠃
      ᠶᠠᠷᠢᠯᠴᠠᠬᠤ ᠬᠤᠷᠠᠯ ᠳᠡᠭᠡᠷ᠎ᠡ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠷᠭᠢᠯᠡᠭᠴᠢ ᠵᠧᠩ ᠱᠠᠨ ᠵᠢᠶᠧ᠂ ᠱᠠᠨ ᠰᠢ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠲᠠᠩ ᠳ᠋ᠧᠩ ᠵᠢᠶᠧ᠂ ᠠᠨᠾᠦ᠋ᠢ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠬᠠᠨ ᠵᠢᠶᠦ᠋ᠨ᠂ ᠵᠢᠶᠠᠩᠰᠢ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠶᠢᠨ ᠬᠤᠩ᠂ ᠾᠧᠨᠠᠨ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠯᠧᠦ ᠶᠠᠩ ᠱᠧᠩ᠂ ᠬᠤᠪᠧᠢ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠸᠠᠩ ᠮᠧᠩ ᠬᠤᠢ᠂ ᠬᠤᠨᠠᠨ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠱᠧᠨ ᠰᠢᠶᠣᠣ ᠮᠢᠩ ᠤᠷᠢᠳ ᠬᠤᠵᠢᠳ ᠦᠭᠡ ᠬᠡᠯᠡᠵᠦ᠂ ᠳᠤᠮᠳᠠ ᠣᠷᠣᠨ᠎ᠤ ᠬᠥᠭᠵᠢᠯ ᠮᠠᠨᠳᠤᠯ᠎ᠢ ᠠᠬᠢᠭᠤᠯᠬᠤ ᠲᠤᠬᠠᠢ ᠠᠵᠢᠯ᠎ᠤᠨ ᠪᠠᠶ᠋ᠢᠳᠠᠯ ᠵᠶ᠋ᠠᠨ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ           ᠳᠤᠷᠠᠳᠪᠠ᠃
      ᠤᠯᠠᠨ᠎ᠤ ᠬᠡᠯᠡᠬᠦ ᠵᠢ ᠰᠣᠨᠣᠰᠤᠭᠰᠠᠨ᠎ᠤ ᠳᠠᠷᠠᠭ᠎ᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠡᠭᠡᠷ᠎ᠡ ᠤᠳᠠᠭ᠎ᠠ ᠵᠢᠨ ᠳᠤᠮᠳᠠ ᠣᠷᠣᠨ᠎ᠤ ᠬᠥᠭᠵᠢᠯ ᠮᠠᠨᠳᠤᠯ᠎ᠢ ᠠᠬᠢᠭᠤᠯᠬᠤ ᠶᠠᠷᠢᠯᠴᠠᠬᠤ ᠬᠤᠷᠠᠯ᠎ᠢ ᠬᠤᠷᠠᠯᠳᠤᠭᠤᠯᠤᠭᠰᠠᠨ᠎ᠠᠴᠠ ᠨᠠᠭ᠋ᠠᠰᠢᠬᠢ 5 ᠵᠢᠯ᠎ᠤᠨ ᠲᠤᠷᠰᠢ᠂ ᠳᠤᠮᠳᠠ ᠣᠷᠣᠨ᠎ᠤ ᠠᠵᠤ ᠠᠬᠤᠢ ᠶᠡᠷᠦᠩᠬᠡᠢ᠎ᠳᠡᠭᠡᠨ ᠲᠣᠭᠲᠠᠭᠤᠨ ᠪᠠᠶ᠋ᠢᠵᠤ᠂ ᠰᠢᠨ᠎ᠡ ᠵᠢ ᠡᠭᠦᠳᠬᠦ ᠬᠥᠭᠵᠢᠯᠲᠡ ᠵᠢᠨ ᠬᠥᠳᠡᠯᠭᠡᠬᠦ ᠴᠢᠳᠠᠪᠤᠷᠢ ᠲᠠᠰᠤᠷᠠᠯᠲᠠ ᠦᠭᠡᠢ ᠴᠢᠩᠭ᠋ᠠᠷᠠᠵᠤ᠂ ᠠᠵᠤ ᠦᠢ᠍ᠯᠡᠰ᠎ᠤᠨ ᠰᠠᠭᠤᠷᠢ ᠢᠯᠡᠳᠲᠡ ᠰᠠᠶ᠋ᠢᠵᠢᠷᠠᠵᠤ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ᠎ᠢ ᠠᠯᠬᠤᠵᠤ᠂ ᠨᠡᠶ᠋ᠢᠭᠡᠮ᠎ᠤᠨ ᠦᠢ᠍ᠯᠡᠰ ᠪᠦᠭᠦ ᠲᠠᠯ᠎ᠠ᠎ᠪᠠᠷ ᠬᠥᠭᠵᠢᠵᠦ᠂ ᠠᠷᠠᠳ᠎ᠤᠨ ᠠᠮᠢᠳᠤᠷᠠᠯ᠎ᠤᠨ ᠲᠦᠪᠰᠢᠨ ᠦᠷᠭᠦᠯᠵᠢᠯᠡᠨ ᠳᠡᠭᠡᠭᠰᠢᠯᠡᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠠᠯᠬᠤᠮ ᠲᠦᠷᠭᠡᠳᠴᠦ᠂ ᠳᠤᠮᠳᠠ ᠣᠷᠣᠨ᠎ᠤ ᠬᠥᠭᠵᠢᠯᠲᠡ ᠨᠠᠩ ᠥᠨᠳᠥᠷ ᠭᠠᠷᠤᠭ᠎ᠠ ᠳᠡᠭᠡᠷ᠎ᠡ ᠵᠣᠭᠰᠣᠪᠠ᠃ ᠡᠭᠦᠨ᠎ᠤ ᠬᠠᠮᠲᠤ ᠳᠤᠮᠳᠠ ᠣᠷᠣᠨ᠎ᠤ ᠭᠠᠵᠠᠷ ᠣᠷᠣᠨ᠎ᠤ ᠬᠥᠭᠵᠢᠯ ᠮᠠᠨᠳᠤᠯ᠎ᠢ ᠠᠬᠢᠭᠤᠯᠬᠤ᠎ᠳᠤ ᠮᠥᠨ ᠯᠡ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ᠎ᠳᠤ ᠲᠤᠯᠭ᠋ᠠᠷᠠᠵᠤ᠂ ᠦᠨᠡᠨ ᠬᠦ᠌ ᠰᠤᠳᠤᠯᠤᠨ ᠰᠢᠢ᠍ᠳᠪᠦᠷᠢᠯᠡᠬᠦ ᠬᠡᠷᠡᠭᠲᠡᠢ ᠭᠡᠳᠡᠭ᠎ᠢ ᠣᠯᠵᠤ ᠬᠠᠷᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠬᠥᠲᠥᠯᠥᠨ ᠳᠠᠭ᠋ᠠᠭᠤᠯᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠢᠳᠡᠪᠬᠢᠲᠡᠢ ᠪᠣᠶ᠋ᠢᠵᠢᠭᠤᠯᠤᠨ ᠬᠥᠭᠵᠢᠭᠦᠯᠬᠦ ᠬᠡᠷᠡᠭᠲᠡᠢ᠃ ᠪᠣᠳᠠᠲᠤ ᠴᠣᠭᠴᠠ ᠵᠢᠨ ᠠᠵᠤ ᠠᠬᠤᠢ ᠭᠡᠬᠦ ᠡᠨᠡ ᠬᠦ᠌ ᠰᠠᠭᠤᠷᠢ᠎ᠳᠤ ᠰᠠᠭᠤᠷᠢᠯᠠᠨ᠂ ᠲᠡᠷᠢᠭᠦᠨ᠎ᠤ ᠦᠢ᠍ᠯᠡᠳᠬᠦ ᠦᠢ᠍ᠯᠡᠰ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠭᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠢᠳᠡᠪᠬᠢᠲᠡᠢ ᠠᠬᠢᠭᠤᠯᠤᠨ᠂ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠢᠷᠡᠭᠡᠳᠦᠢ ᠵᠢᠨ ᠠᠵᠤ ᠦᠢ᠍ᠯᠡᠰ᠎ᠢ ᠤᠷᠢᠳᠴᠢᠯᠠᠨ ᠪᠠᠶ᠋ᠢᠷᠢᠰᠢᠭᠤᠯᠵᠤ ᠪᠦᠲᠦᠭᠡᠨ ᠪᠠᠶ᠋ᠢᠭᠤᠯᠵᠤ᠂ ᠲᠡᠷᠢᠭᠦᠨ᠎ᠤ ᠦᠢ᠍ᠯᠡᠳᠬᠦ ᠦᠢ᠍ᠯᠡᠰ ᠵᠶ᠋ᠠᠷ ᠲᠤᠯᠭ᠋ᠠᠭᠤᠷᠢᠯᠠᠯ ᠪᠤᠯᠭ᠋ᠠᠬᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠨᠡᠩ ᠴᠢᠬᠤᠯᠠᠴᠢᠯᠠᠵᠤ᠂ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠤᠮᠲᠠ ᠰᠢᠪᠲᠤᠯᠬᠤ ᠵᠢ ᠴᠢᠩᠭ᠋ᠠᠳᠬᠠᠵᠤ᠂ ᠠᠵᠤ ᠦᠢ᠍ᠯᠡᠰ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠮᠡᠷᠭᠡᠵᠢᠯ᠎ᠤᠨ ᠲᠤᠯᠭ᠋ᠠᠭᠤᠷᠢᠯᠠᠬᠤ ᠴᠢᠳᠠᠪᠤᠷᠢ ᠵᠢ ᠨᠡᠮᠡᠭᠳᠡᠭᠦᠯᠬᠦ           ᠬᠡᠷᠡᠭᠲᠡᠢ᠃ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠳᠬᠠᠵᠤ᠂ ᠡᠬᠢᠨ᠎ᠤ ᠪᠠ ᠡᠴᠦᠰ᠎ᠤᠨ ᠠᠵᠤ ᠦᠢ᠍ᠯᠡᠰ ᠨᠢᠭᠲᠠ ᠬᠠᠮᠲᠤᠷᠠᠯᠴᠠᠭᠰᠠᠨ ᠰᠢᠨ᠎ᠡ ᠵᠢ ᠡᠭᠦᠳᠬᠦ ᠬᠤᠯᠪᠣᠭ᠋ᠠᠲᠤ ᠴᠣᠭᠴᠠ ᠵᠢ ᠪᠠᠶ᠋ᠢᠭᠤᠯᠵᠤ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠤ ᠠᠭᠤᠰᠤᠯᠴᠠᠨ ᠨᠡᠪᠲᠡᠷᠡᠯᠴᠡᠵᠦ ᠰᠢᠨ᠎ᠡ ᠵᠢ ᠡᠭᠦᠳᠬᠦ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠣᠨᠳᠣᠣᠰᠢᠭᠤᠯᠬᠤ ᠵᠢ ᠲᠦᠷᠭᠡᠳᠬᠡᠬᠦ ᠬᠡᠷᠡᠭᠲᠡᠢ᠃ ᠦᠢ᠍ᠯᠡᠳᠬᠦ ᠦᠢ᠍ᠯᠡᠰ᠎ᠤᠨ ᠴᠢᠬᠤᠯᠠ ᠶᠡᠭᠡ ᠮᠡᠷᠭᠡᠵᠢᠯ᠎ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠪᠠ ᠶᠡᠭᠡ ᠬᠡᠪᠴᠢᠶᠡᠨ᠎ᠤ ᠲᠤᠨᠤᠭ ᠲᠥᠬᠦᠭᠡᠷᠦᠮᠵᠢ ᠵᠢ ᠰᠢᠨᠡᠳᠬᠡᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠦᠢ᠍ᠯᠡᠳᠬᠦ ᠦᠢ᠍ᠯᠡᠰ᠎ᠢ ᠳᠡᠭᠡᠳᠦ ᠲᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠶ᠋ᠢᠵᠢᠭᠦᠯᠦᠨ ᠬᠥᠭᠵᠢᠭᠦᠯᠬᠦ ᠵᠢ ᠠᠬᠢᠭᠤᠯᠵᠤ᠂ ᠤᠯᠠᠮᠵᠢᠯᠠᠯᠲᠤ ᠠᠵᠤ ᠦᠢ᠍ᠯᠡᠰ᠎ᠢ ᠰᠢᠨ᠎ᠡ ᠠᠮᠢᠵᠢᠷᠠᠯ᠎ᠤᠨ ᠬᠦᠴᠦᠨ᠎ᠲᠠᠢ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠵᠠᠢ᠃
      ᠰᠢ ᠵᠢᠨ ᠫᠢᠩ᠂ ᠪᠤᠰᠤᠳ ᠴᠢᠬᠤᠯᠠ ᠶᠡᠭᠡ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠯᠤᠭ᠎ᠠ ᠵᠤᠯᠭ᠋ᠠᠯᠴᠠᠭᠤᠯᠬᠤ ᠵᠢ ᠴᠢᠩᠭ᠋ᠠᠳᠬᠠᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠨᠡᠩ ᠰᠠᠶ᠋ᠢᠲᠤᠷ ᠠᠭᠤᠰᠤᠯᠴᠠᠨ ᠲᠤᠯᠭ᠋ᠠᠭᠤᠷᠢᠯᠠᠬᠤ ᠬᠡᠷᠡᠭᠲᠡᠢ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠎ᠯᠤᠭ᠎ᠠ ᠵᠢᠨ ᠭᠦᠨᠵᠡᠭᠡᠢ ᠵᠣᠯᠭ᠋ᠠᠯᠴᠠᠭ᠎ᠠ ᠵᠢ ᠴᠢᠩᠭ᠋ᠠᠳᠬᠠᠵᠤ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠬᠥᠭᠵᠢᠯᠲᠡ᠂ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷ ᠰᠠᠶ᠋ᠢᠲᠠᠢ ᠬᠥᠭᠵᠢᠯᠲᠡ᠎ᠯᠦᠭᠡ ᠵᠢᠨ ᠠᠭᠤᠰᠤᠯᠴᠠᠨ ᠬᠤᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠬᠤ ᠬᠡᠷᠡᠭᠲᠡᠢ᠃ ᠠᠵᠤ ᠦᠢ᠍ᠯᠡᠰ᠎ᠢ ᠱᠠᠲᠤᠯᠢᠭ ᠰᠢᠯᠵᠢᠭᠦᠯᠬᠦ ᠵᠢ ᠡᠮᠬᠢ ᠵᠢᠷᠤᠮ᠎ᠲᠠᠢ᠎ᠪᠠᠷ ᠭᠥᠯᠢᠶᠡᠨ ᠠᠪᠴᠤ᠂ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ           ᠬᠡᠷᠡᠭᠲᠡᠢ᠃ ᠣᠳᠣᠬᠢᠴᠢᠯᠠᠭᠰᠠᠨ ᠵᠠᠮ ᠬᠠᠷᠢᠯᠴᠠᠭ᠋ᠠᠨ᠎ᠤ ᠰᠠᠭᠤᠷᠢ ᠲᠥᠬᠦᠭᠡᠷᠦᠮᠵᠢ ᠵᠢᠨ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠳᠤᠮᠳᠠ ᠣᠷᠣᠨ᠎ᠤ ᠶᠡᠭᠡ ᠨᠡᠪᠲᠡᠷᠡᠬᠦ ᠵᠠᠮ᠎ᠤᠨ ᠪᠠᠶ᠋ᠢᠷᠢᠰᠢᠯ᠎ᠢ ᠴᠢᠩᠭ᠋ᠠᠳᠬᠠᠬᠤ ᠬᠡᠷᠡᠭᠲᠡᠢ᠃ ᠣᠷᠣᠨ ᠪᠦᠰᠡ ᠵᠢᠨ ᠳᠣᠲᠣᠷᠠᠬᠢ ᠮᠤᠵᠢ ᠵᠢᠨ ᠬᠤᠭᠤᠷᠣᠨᠳᠣᠭᠢ ᠬᠠᠮᠲᠤᠷᠠᠯᠴᠠᠭ᠋ᠠᠨ᠎ᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠵᠢᠨ ᠬᠠᠮᠵᠢᠯᠴᠠᠨ ᠬᠥᠭᠵᠢᠬᠦ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠬᠥᠬᠡᠮᠥ᠋ᠷᠡᠨ᠎ᠤ ᠳᠤᠮᠳᠠ ᠤᠷᠤᠰᠬᠠᠯ᠎ᠤᠨ ᠬᠤᠳᠠ ᠵᠢᠨ ᠪᠦᠯᠦᠭᠵᠢᠯ ᠪᠠ ᠳᠤᠮᠳᠠᠳᠤ ᠣᠷᠣᠨ᠎ᠤ ᠬᠤᠳᠠ ᠵᠢᠨ ᠪᠦᠯᠦᠭᠵᠢᠯ᠎ᠤᠨ ᠬᠥᠭᠵᠢᠯᠲᠡ ᠵᠢ ᠶᠡᠭᠡ᠎ᠪᠠᠷ ᠠᠬᠢᠭᠤᠯᠵᠤ᠂ ᠬᠤᠳᠠ ᠵᠢᠨ ᠬᠦᠷᠢᠶᠡᠨ᠎ᠤ ᠬᠤᠭᠤᠷᠣᠨᠳᠣᠭᠢ ᠵᠣᠬᠢᠴᠠᠯᠳᠤᠨ ᠬᠤᠯᠪᠣᠯᠳᠤᠬᠤ ᠵᠢ ᠴᠢᠩᠭ᠋ᠠᠳᠬᠠᠵᠤ᠂ ᠡᠷᠭᠢᠨ ᠲᠣᠭᠤᠷᠢᠨ᠎ᠤ ᠭᠠᠵᠠᠷ ᠣᠷᠣᠨ᠎ᠤ ᠬᠥᠭᠵᠢᠯᠲᠡ ᠵᠢ ᠨᠡᠩ ᠰᠠᠶ᠋ᠢᠲᠤᠷ ᠳᠠᠭ᠋ᠠᠭᠤᠯᠤᠨ ᠳᠠᠶ᠋ᠢᠴᠢᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠭᠦᠨ ᠳᠠᠪᠬᠤᠷᠭ᠎ᠠ ᠵᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠩ ᠥᠷᠢᠰᠦᠯᠳᠦᠬᠦ ᠬᠦᠴᠦᠨ᠎ᠲᠠᠢ ᠳᠣᠲᠣᠭ᠋ᠠᠳᠤ ᠬᠠᠭᠤᠷᠠᠢ ᠵᠢᠨ ᠨᠡᠭᠡᠭᠡᠯᠲᠡ ᠵᠢᠨ ᠥᠨᠳᠦᠷᠯᠢᠭ᠎ᠢ ᠦᠷᠭᠦᠯᠵᠢᠯᠡᠨ ᠴᠣᠭᠴᠠᠯᠠᠬᠤ ᠬᠡᠷᠡᠭᠲᠡᠢ᠃ ᠡᠯᠧᠮᠧᠨ᠋ᠲ᠎ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠰᠠᠭᠤᠷᠢ ᠳᠦᠷᠢᠮ᠎ᠢ ᠲᠡᠭᠦᠯᠳᠡᠷᠵᠢᠭᠦᠯᠦᠨ᠂ ᠣᠷᠣᠨ ᠨᠤᠲᠤᠭ᠎ᠤᠨ ᠬᠠᠮᠠᠭ᠋ᠠᠯᠠᠯᠲᠠ ᠵᠢᠨ ᠦᠢ᠍ᠯᠡ ᠠᠵᠢᠯᠯᠠᠭ᠎ᠠ ᠵᠢ ᠪᠦᠭᠦ ᠲᠠᠯ᠎ᠠ᠎ᠪᠠᠷ ᠢᠯᠭ᠋ᠠᠷᠠᠭᠤᠯᠤᠨ ᠵᠠᠯᠠᠷᠠᠭᠤᠯᠵᠤ᠂ ᠡᠯ᠎ᠡ ᠵᠦᠢ᠍ᠯ᠎ᠤᠨ ᠦᠢ᠍ᠯᠡᠳᠪᠦᠷᠢᠯᠡᠯ᠎ᠤᠨ ᠬᠦᠴᠦᠨ᠎ᠤ ᠡᠯᠧᠮᠧᠨ᠋ᠲ᠎ᠤᠨ ᠣᠷᠣᠨ ᠪᠦᠰᠡ ᠠᠯᠤᠰᠯᠠᠨ ᠵᠦᠢ ᠵᠣᠬᠢᠰᠲᠠᠢ᠎ᠪᠠᠷ ᠰᠢᠯᠵᠢᠭᠦ ᠪᠠ ᠰᠢᠯᠢᠳᠡᠭᠵᠢᠭᠦᠯᠦᠨ ᠲᠣᠬᠢᠷᠠᠭᠤᠯᠬᠤ ᠵᠢ ᠠᠬᠢᠭᠤᠯᠵᠤ᠂ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ᠎ᠳᠤ ᠨᠡᠩ ᠰᠠᠶ᠋ᠢᠨ ᠣᠷᠤᠯᠴᠠᠬᠤ           ᠬᠡᠷᠡᠭᠲᠡᠢ᠃ ᠳᠦᠷᠢᠮ᠎ᠤᠨ ᠭᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠵᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠭᠦᠨᠵᠡᠭᠡᠢ ᠠᠭᠤᠰᠤᠯᠴᠠᠵᠤ᠂ ᠰᠢᠨ᠎ᠡ ᠠᠽᠢᠶ᠎ᠠ ᠡᠸᠦ᠋ᠷᠦᠫᠡ ᠵᠢᠨ ᠡᠬᠡ ᠬᠠᠭᠤᠷᠠᠢ ᠵᠢᠨ ᠬᠥᠭᠦᠷᠭᠡ᠂ ᠪᠠᠷᠠᠭᠤᠨ ᠬᠡᠰᠡᠭ᠎ᠤᠨ ᠡᠬᠡ ᠬᠠᠭᠤᠷᠠᠢ ᠪᠠ ᠲᠡᠯᠡᠶ ᠵᠢᠨ ᠰᠢᠨ᠎ᠡ ᠨᠡᠪᠲᠡᠷᠡᠬᠦ ᠵᠠᠮ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠶ᠋ᠢᠭᠤᠯᠵᠤ᠂ ᠨᠠᠩ ᠣᠯᠠᠨ ᠥᠨᠳᠥᠷ ᠴᠢᠳᠠᠮᠵᠢᠲᠤ ᠭᠠᠳᠠᠭ᠋ᠠᠳᠤ ᠨᠡᠭᠡᠭᠡᠯᠲᠡ ᠵᠢᠨ ᠬᠠᠮᠲᠤᠷᠠᠯᠴᠠᠭ᠋ᠠᠨ᠎ᠤ ᠲᠠᠪᠴᠠᠩ᠎ᠢ ᠪᠠᠶ᠋ᠢᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠣᠰ ᠣᠷᠴᠢᠯ᠎ᠢ ᠬᠤᠯᠪᠣᠨ ᠨᠡᠪᠲᠡᠷᠡᠭᠦᠯᠬᠦ ᠲᠠᠯ᠎ᠠ᠎ᠪᠠᠷ ᠨᠠᠩ ᠶᠡᠭᠡ ᠦᠢ᠍ᠯᠡᠳᠦᠯ ᠦᠵᠡᠭᠦᠯᠭᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶ᠋ᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠡᠯᠧᠮᠧᠨ᠋ᠲ᠎ᠤᠨ ᠡᠬᠢ ᠪᠠᠶᠠᠯᠢᠭ᠎ᠲᠠᠬᠢ ᠲᠠᠲᠠᠬᠤ ᠬᠦᠴᠦᠨ᠎ᠢ ᠴᠢᠩᠭ᠋ᠠᠷᠠᠭᠤᠯᠬᠤ ᠬᠡᠷᠡᠭᠲᠡᠢ᠃ 《ᠬᠤᠶᠠᠷ ᠤᠬᠳᠤ ᠭᠤᠶ᠋ᠢᠪᠢᠰᠢ ᠦᠭᠡᠢ ᠪᠠᠶ᠋ᠢᠬᠤ》 ᠵᠢ ᠪᠠᠷᠢᠮᠲᠠᠯᠠᠵᠤ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠬᠦᠴᠦᠷᠬᠡᠭᠵᠢᠨ ᠰᠢᠯᠢᠳᠡᠭᠵᠢᠵᠦ ᠪᠤᠵᠠᠭ᠋ᠠᠶ᠋ᠢᠷᠠᠬᠤ ᠵᠢ ᠲᠡᠮᠵᠢᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠥᠭᠵᠢᠯᠲᠡ ᠵᠢᠨ ᠣᠷᠴᠢᠨ ᠨᠥᠬᠦᠴᠡᠯ᠎ᠢ ᠴᠢᠨᠠᠭᠰᠢᠳᠠ ᠰᠢᠯᠢᠳᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃
      ᠰᠢ ᠵᠢᠨ ᠫᠢᠩ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠬᠠᠮᠵᠢᠯᠴᠠᠨ ᠠᠬᠢᠭᠤᠯᠵᠤ᠂ ᠦᠵᠡᠰᠬᠦᠯᠡᠩᠲᠦ ᠰᠠᠶ᠋ᠢᠬᠠᠨ ᠳᠤᠮᠳᠠ ᠣᠷᠣᠨ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠬᠡᠷᠡᠭᠲᠡᠢ᠃ ᠪᠣᠬᠢᠷᠳᠤᠯ᠎ᠢ ᠰᠡᠷᠭᠡᠶ᠋ᠢᠯᠡᠨ ᠵᠠᠰᠠᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠦᠷᠭᠦᠯᠵᠢᠯᠡᠨ ᠭᠦᠨᠵᠡᠭᠡᠢ ᠰᠠᠶ᠋ᠢᠲᠤᠷ ᠬᠢᠵᠦ᠂ ᠶᠡᠭᠡ ᠭᠤᠣᠯ ᠮᠥᠷᠡᠨ ᠪᠠ ᠴᠢᠬᠤᠯᠠ ᠨᠠᠭᠤᠷ ᠴᠥᠭᠦᠷᠥᠮ᠎ᠤᠨ ᠠᠮᠢ ᠠᠬᠤᠢ ᠣᠷᠴᠢᠨ ᠲᠣᠭᠤᠷᠢᠨ᠎ᠢ ᠰᠢᠰᠲ᠋ᠧᠮ᠎ᠲᠠᠢ ᠵᠠᠰᠠᠬᠤ᠂ ᠶᠡᠷᠦᠩᠬᠡᠶ᠋ᠢᠯᠡᠨ ᠵᠠᠰᠠᠬᠤ᠂ ᠬᠠᠮᠵᠢᠯᠴᠠᠨ ᠵᠠᠰᠠᠬᠤ ᠵᠢ ᠴᠢᠩᠭ᠋ᠠᠳᠬᠠᠵᠤ᠂ ᠬᠤᠳᠠ ᠪᠠᠯᠭ᠋ᠠᠰᠤᠨ᠎ᠤ ᠠᠮᠢᠳᠤᠷᠠᠯ᠎ᠤᠨ ᠪᠣᠬᠢᠷ ᠤᠰᠤ ᠵᠢ ᠴᠤᠭᠯᠠᠭᠤᠯᠬᠤ ᠪᠠ ᠰᠢᠢ᠍ᠳᠪᠦᠷᠢᠯᠡᠬᠦ ᠲᠥᠬᠦᠭᠡᠷᠦᠮᠵᠢ ᠵᠢᠨ ᠳᠤᠲᠠᠭᠤᠳᠠᠯ᠎ᠢ ᠲᠦᠷᠭᠡᠨ ᠨᠥᠬᠦᠪᠦᠷᠢᠯᠡᠬᠦ ᠬᠡᠷᠡᠭᠲᠡᠢ᠃ ᠠᠵᠤ ᠦᠢ᠍ᠯᠡᠰ᠂ ᠡᠨᠧᠷᠭᠢ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠪᠦᠲᠦᠴᠡ ᠵᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢ᠍ᠯᠡᠰ᠎ᠢ ᠲᠦᠷᠭᠡᠳᠬᠡᠨ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠡᠬᠢ ᠪᠠᠶᠠᠯᠢᠭ᠎ᠢ ᠠᠷᠪᠢᠯᠠᠬᠤ ᠡᠷᠴᠢᠮᠵᠢᠭᠦᠯᠬᠦ ᠡᠷᠭᠢᠯᠳᠦᠭᠦᠯᠦᠨ ᠠᠰᠢᠭᠯᠠᠬᠤ ᠵᠢ ᠴᠢᠩᠭ᠋ᠠᠳᠬᠠᠬᠤ ᠬᠡᠷᠡᠭᠲᠡᠢ᠃ ᠰᠠᠪᠠ ᠭᠠᠵᠠᠷ᠎ᠤᠨ ᠬᠥᠨᠳᠡᠯᠡᠨ ᠴᠢᠭᠯᠡᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠵᠢᠨ ᠲᠣᠭᠲᠠᠴᠠ ᠪᠠ ᠠᠮᠢ ᠠᠬᠤᠢ ᠵᠢᠨ ᠦᠢ᠍ᠯᠡᠳᠬᠦᠨ᠎ᠤ ᠦᠷᠳᠡᠭ᠎ᠢ ᠪᠡᠶᠡᠯᠡᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠠᠵᠤ ᠦᠢ᠍ᠯᠡᠰ᠎ᠢ ᠠᠮᠢ ᠠᠬᠤᠶ᠋ᠢᠵᠢᠭᠤᠯᠬᠤ ᠪᠠ ᠠᠮᠢ ᠠᠬᠤᠢ ᠵᠢ ᠠᠵᠤ ᠦᠢ᠍ᠯᠡᠰᠵᠢᠭᠦᠯᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠵᠤ᠂ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ           ᠬᠡᠷᠡᠭᠲᠡᠢ᠃ ᠰᠢᠶᠠᠨ᠎ᠤ ᠬᠤᠳᠠ᠎ᠪᠠᠷ ᠴᠢᠬᠤᠯᠠ ᠠᠴᠢᠶᠠᠯᠠᠪᠤᠷᠢ ᠪᠤᠯᠭ᠋ᠠᠬᠰᠠᠨ ᠰᠢᠨ᠎ᠡ ᠭᠡᠯᠪᠡᠷᠢ ᠵᠢᠨ ᠬᠤᠳᠠ ᠪᠠᠯᠭ᠋ᠠᠰᠤᠵᠢᠯᠲᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠤᠳᠠ ᠬᠥᠳᠡᠭᠡ ᠵᠢᠨ ᠬᠤᠭᠤᠷᠣᠨᠳᠣᠭᠢ ᠤᠯᠠᠨ ᠨᠡᠶ᠋ᠢᠲᠡ ᠵᠢᠨ ᠡᠬᠢ ᠪᠠᠶᠠᠯᠢᠭ᠎ᠢ ᠲᠡᠩᠴᠡᠭᠦᠷᠢᠲᠡᠢ ᠲᠣᠬᠢᠷᠠᠭᠤᠯᠬᠤ ᠪᠠ ᠦᠢ᠍ᠯᠡᠳᠪᠦᠷᠢᠯᠡᠯ᠎ᠤᠨ ᠡᠯᠧᠮᠧᠨ᠋ᠲ᠎ᠢ ᠴᠢᠯᠦᠭᠡᠲᠡᠢ ᠰᠢᠯᠵᠢᠭᠦᠯᠬᠦ ᠵᠢ ᠠᠬᠢᠭᠤᠯᠵᠤ᠂ ᠬᠤᠳᠠ ᠵᠢᠨ ᠰᠠᠭᠤᠷᠢ ᠲᠥᠬᠦᠭᠡᠷᠦᠮᠵᠢ ᠪᠠ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠥᠳᠡᠭᠡ ᠲᠣᠰᠬᠤᠨ ᠲᠡᠶ᠋ᠢᠰᠢ ᠤᠷᠲᠤᠳᠬᠠᠬᠤ ᠵᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ᠎ᠤ ᠰᠠᠭᠤᠷᠢ ᠲᠥᠬᠦᠭᠡᠷᠦᠮᠵᠢ ᠵᠢ ᠤᠯᠠᠮ ᠴᠢᠨᠠᠭᠰᠢᠳᠠ ᠰᠠᠶ᠋ᠢᠵᠢᠷᠠᠭᠤᠯᠵᠤ᠂ ᠬᠥᠳᠡᠭᠡ ᠲᠣᠰᠬᠤᠨ᠎ᠤ ᠣᠷᠴᠢᠨ ᠲᠣᠭᠤᠷᠢᠨ᠎ᠤ ᠴᠡᠭᠴᠡᠯᠡᠨ ᠵᠠᠰᠠᠯᠲᠠ ᠵᠢ ᠴᠢᠩᠭ᠋ᠠᠳᠬᠠᠵᠤ᠂ ᠲᠠᠷᠢᠶᠠᠯᠠᠩ᠎ᠤᠨ ᠵᠣᠬᠢᠰᠲᠠᠢ ᠭᠡᠪᠴᠢᠶᠡᠵᠢᠯᠳᠤ ᠡᠵᠡᠩᠨᠡᠯᠲᠡ ᠵᠢ ᠠᠬᠢᠭᠤᠯᠵᠤ᠂ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠬᠤ           ᠬᠡᠷᠡᠭᠲᠡᠢ᠃ ᠬᠥᠳᠡᠭᠡ ᠲᠣᠰᠬᠤᠨ᠎ᠤ ᠥᠭᠡᠷᠡᠴᠢᠯᠡᠯᠲᠡ ᠵᠢ ᠤᠯᠠᠮ ᠴᠢᠨᠠᠭᠰᠢᠳᠠ ᠭᠦᠨᠵᠡᠭᠡᠶ᠋ᠢᠷᠡᠭᠦᠯᠵᠦ᠂ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠵᠦ ᠠᠷᠠᠳ᠎ᠢ ᠪᠠᠶᠠᠵᠢᠭᠤᠯᠬᠤ ᠵᠢ ᠳᠡᠮᠵᠢᠬᠦ ᠳᠦᠷᠢᠮ᠎ᠢ ᠲᠡᠭᠦᠯᠳᠡᠷᠵᠢᠭᠦᠯᠦᠨ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠬᠥᠭᠵᠢᠯᠲᠡ ᠵᠢᠨ ᠠᠮᠢᠳᠤᠯᠢᠭ ᠬᠦᠴᠦᠨ᠎ᠢ ᠭᠦᠢ᠍ᠴᠡᠳ ᠬᠥᠭᠵᠢᠭᠡᠬᠦ ᠬᠡᠷᠡᠭᠲᠡᠢ᠃ ᠬᠤᠰᠢᠭᠤ ᠰᠢᠶᠠᠨ᠎ᠤ ᠠᠵᠤ ᠠᠬᠤᠢ ᠵᠢ ᠶᠡᠭᠡ᠎ᠪᠠᠷ ᠬᠥᠭᠵᠢᠭᠦᠯᠵᠦ᠂ ᠰᠢᠨ᠎ᠡ ᠨᠡᠮᠡᠭᠳᠡᠯ᠎ᠤᠨ ᠴᠡᠭ᠎ᠢ ᠪᠤᠶ ᠪᠤᠯᠭ᠋ᠠᠬᠤ ᠬᠡᠷᠡᠭᠲᠡᠢ᠃ ᠬᠤᠪᠢᠰᠬᠠᠯ᠎ᠤᠨ ᠡᠷᠲᠡ ᠴᠢᠯᠦᠭᠡᠯᠡᠭᠳᠡᠭᠰᠡᠨ ᠣᠷᠣᠨ ᠪᠣᠯᠣᠨ ᠬᠥᠭᠵᠢᠭᠡᠳᠦᠢ ᠰᠢᠶᠠᠨ (ᠬᠤᠲᠠ᠂ ᠲᠣᠭᠤᠷᠢᠭ)᠎ᠢ ᠬᠥᠭᠵᠢᠭᠦᠯᠦᠨ ᠮᠠᠨᠳᠤᠭᠤᠯᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠳᠤᠲᠠᠭᠤᠳᠠᠯ᠎ᠢ ᠨᠥᠬᠦᠪᠦᠷᠢᠯᠡᠨ᠂ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠦᠨ ᠪᠤᠵᠠᠭ᠋ᠠᠶ᠋ᠢᠷᠠᠭᠤᠯᠵᠤ᠂ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠴᠢᠩᠭ᠋ᠠᠷᠠᠭᠤᠯᠬᠤ ᠬᠡᠷᠡᠭᠲᠡᠢ᠃ ᠲᠠᠭᠢᠨ ᠶᠠᠳᠠᠭᠤᠷᠠᠬᠤ ᠵᠢ ᠰᠡᠷᠭᠡᠶ᠋ᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠵᠢ ᠪᠦᠷᠢᠨᠰᠢᠭᠦᠯᠵᠦ᠂ ᠬᠡᠪᠴᠢᠶᠡᠵᠢᠯ᠎ᠤᠨ ᠴᠢᠨᠠᠷᠲᠠᠢ ᠲᠠᠭᠢᠨ ᠶᠠᠳᠠᠭᠤᠷᠠᠬᠤ ᠵᠢ ᠰᠡᠷᠭᠡᠶ᠋ᠢᠯᠡᠬᠦ           ᠬᠡᠷᠡᠭᠲᠡᠢ᠃ ᠬᠥᠳᠡᠭᠡ ᠲᠣᠰᠬᠤᠨ᠎ᠤ ᠰᠣᠶᠣᠯ᠎ᠢ ᠬᠥᠭᠵᠢᠭᠦᠯᠦᠨ ᠮᠠᠨᠳᠤᠭᠤᠯᠬᠤ ᠵᠢ ᠶᠡᠭᠡ᠎ᠪᠠᠷ ᠠᠬᠢᠭᠤᠯᠵᠤ᠂ ᠬᠡᠪ ᠵᠠᠩᠰᠢᠯ᠎ᠢ ᠥᠭᠡᠷᠡᠴᠢᠯᠡᠬᠦ ᠵᠢ ᠠᠬᠢᠭᠤᠯᠬᠤ ᠬᠡᠷᠡᠭᠲᠡᠢ᠃ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠮᠣᠷᠠᠯ ᠵᠶ᠋ᠠᠷ ᠵᠠᠰᠠᠬᠤ ᠵᠢ ᠤᠶᠠᠯᠳᠤᠭᠤᠯᠤᠭᠰᠠᠨ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ᠎ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠵᠢ ᠪᠠᠶ᠋ᠢᠩᠭᠤᠵᠢᠭᠤᠯᠬᠤ ᠵᠢ ᠪᠡᠶᠡᠯᠡᠭᠦᠯᠵᠦ᠂ ᠢᠳᠡᠪᠬᠢᠲᠡᠢ ᠪᠥᠭᠡᠳ ᠡᠷᠡᠭᠦᠯ ᠨᠡᠶ᠋ᠢᠭᠡᠮ᠎ᠤᠨ ᠠᠮᠢ ᠠᠬᠤᠢ ᠵᠢ ᠪᠤᠶ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠴᠢᠨᠠᠷ ᠰᠠᠶ᠋ᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠬᠠᠷᠢᠯᠴᠠᠨ ᠠᠬᠢᠭᠤᠯᠬᠤ ᠵᠢ ᠪᠠᠷᠢᠮᠲᠠᠯᠠᠵᠤ᠂ ᠠᠮᠤ ᠪᠤᠳᠠᠭ᠎ᠠ ᠡᠨᠧᠷᠭᠢ ᠵᠢᠨ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ᠎ᠪᠠᠨ ᠴᠢᠷᠮᠠᠶ᠋ᠢᠨ ᠳᠡᠭᠡᠭᠰᠢᠯᠡᠭᠦᠯᠭᠦ ᠬᠡᠷᠡᠭᠲᠡᠢ᠃ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠮᠵᠢᠲᠤ ᠣᠷᠣᠨ᠂ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠬᠠᠮᠠᠭ᠋ᠠᠯᠠᠯᠲᠠ ᠵᠢᠨ ᠣᠷᠣᠨ ᠪᠠ ᠣᠨᠴᠠᠯᠢᠭᠲᠤ ᠬᠥᠳᠡᠭᠡ ᠠᠵᠤ ᠠᠬᠤᠢ ᠵᠢᠨ ᠪᠦᠲᠦᠭᠡᠭᠳᠡᠬᠦᠨ᠎ᠤ ᠳᠠᠪᠠᠭᠤᠯᠢᠭ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠢ ᠠᠬᠢᠭᠤᠯᠵᠤ᠂ ᠨᠢᠭᠡ ᠪᠦᠯᠦᠭ ᠪᠣᠬᠢᠷᠳᠤᠯ ᠦᠭᠡᠢ ᠬᠥᠳᠡᠭᠡ ᠠᠵᠤ ᠠᠬᠤᠢ ᠵᠢᠨ ᠪᠦᠲᠦᠭᠡᠭᠳᠡᠬᠦᠨ᠎ᠢ ᠦᠢ᠍ᠯᠡᠳᠪᠦᠷᠢᠯᠡᠬᠦ ᠪᠤᠯᠪᠠᠰᠤᠷᠠᠭᠤᠯᠬᠤ ᠬᠠᠩᠭ᠋ᠠᠬᠤ ᠰᠠᠭᠤᠷᠢᠨ᠎ᠢ ᠪᠤᠢ ᠪᠤᠯᠭ᠋ᠠᠵᠤ᠂ ᠠᠮᠤ ᠪᠤᠳᠠᠭ᠎ᠠ ᠵᠡᠷᠭᠡ ᠴᠢᠬᠤᠯᠠ ᠬᠥᠳᠡᠭᠡ ᠠᠵᠤ ᠠᠬᠤᠢ ᠵᠢᠨ ᠪᠦᠲᠦᠭᠡᠭᠳᠡᠬᠦᠨ᠎ᠤ ᠲᠣᠭᠲᠠᠭᠤᠨ ᠪᠥᠭᠡᠳ ᠠᠮᠤᠷ ᠲᠦᠪᠰᠢᠨ ᠬᠠᠩᠭ᠋ᠠᠯᠭ᠎ᠠ ᠵᠢ ᠦᠨᠡᠨ ᠬᠦ᠌ ᠪᠠᠲᠤᠯᠠᠬᠤ ᠬᠡᠷᠡᠭᠲᠡᠢ᠃ ᠨᠡᠭᠦᠷᠡᠰᠦ᠂ ᠬᠤᠪᠣᠷ ᠰᠢᠷᠣᠢ ᠵᠡᠷᠭᠡ ᠡᠬᠢ ᠪᠠᠶᠠᠯᠢᠭ᠎ᠢ ᠨᠡᠭᠡᠭᠡᠨ ᠠᠰᠢᠭᠯᠠᠬᠤ ᠬᠢᠷᠢ ᠲᠦᠪᠰᠢᠨ᠎ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠡᠭᠦᠷᠡᠰᠦ ᠵᠡᠷᠭᠡ ᠴᠢᠯᠠᠭᠤᠵᠢᠮᠠᠯ ᠡᠨᠧᠷᠭᠢ ᠵᠢᠨ ᠦᠨᠳᠦᠰᠦᠨ ᠵᠦᠢ᠍ᠯ᠎ᠢ ᠪᠠᠲᠤᠯᠠᠬᠤ ᠴᠢᠳᠠᠪᠤᠷᠢ ᠵᠢ ᠴᠢᠩᠭ᠋ᠠᠷᠠᠭᠤᠯᠤᠨ᠂ ᠰᠢᠨ᠎ᠡ ᠮᠠᠶᠢᠭ᠎ᠤᠨ ᠡᠨᠧᠷᠭᠢ ᠵᠢᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠤᠯᠠᠮᠵᠢᠯᠠᠯᠲᠤ ᠡᠨᠧᠷᠭᠢ ᠬᠢᠭᠡᠳ ᠰᠢᠨ᠎ᠡ ᠡᠨᠧᠷᠭᠢ ᠵᠢᠨ ᠣᠯᠠᠨ ᠡᠨᠧᠷᠭᠢ ᠬᠠᠷᠢᠯᠴᠠᠨ ᠨᠥᠬᠦᠪᠦᠷᠢᠯᠡᠬᠦ᠂ ᠭᠦᠨᠵᠡᠭᠡᠢ ᠠᠭᠤᠰᠤᠯᠴᠠᠭᠤᠯᠬᠤ ᠵᠢ ᠴᠢᠬᠤᠯᠠᠴᠢᠯᠠᠬᠤ ᠬᠡᠷᠡᠭᠲᠡᠢ ᠭᠡᠵᠦ ᠵᠢᠭ᠋ᠠᠵᠤ           ᠭᠠᠷᠭ᠋ᠠᠪᠠ᠃
      ᠰᠢ ᠵᠢᠨ ᠫᠢᠩ ᠬᠠᠮᠤᠭ᠎ᠤᠨ ᠰᠡᠭᠦᠯ᠎ᠳᠤ᠂ ᠲᠥᠪ᠎ᠤᠨ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠤᠳᠤᠷᠢᠳᠬᠤ ᠳᠤᠭᠤᠶ᠋ᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠤᠳᠬᠤ᠎ᠪᠠᠨ ᠴᠢᠩᠭ᠋ᠠᠳᠬᠠᠵᠤ᠂ ᠲᠥᠪ᠎ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠢᠨ᠎ᠡ ᠴᠠᠭ ᠦᠶ᠎ᠡ ᠵᠢᠨ ᠳᠤᠮᠳᠠ ᠣᠷᠣᠨ᠎ᠤ ᠬᠥᠭᠵᠢᠨ ᠮᠠᠨᠳᠤᠬᠤ ᠵᠢ ᠠᠬᠢᠭᠤᠯᠬᠤ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠳᠤᠷᠠᠳᠬᠤ ᠬᠡᠷᠡᠭᠲᠡᠢ᠃ ᠣᠷᠣᠨ ᠨᠤᠲᠤᠭ᠎ᠤᠨ ᠨᠠᠮ᠎ᠤᠨ ᠬᠤᠷᠢᠶ᠎ᠠ ᠪᠣᠯᠣᠨ ᠵᠠᠰᠠᠭ᠎ᠤᠨ ᠣᠷᠳᠣᠨ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠵᠤ᠂ ᠭᠤᠣᠯᠳᠠᠯᠭ᠎ᠠ᠎ᠲᠠᠢ ᠠᠵᠢᠯ᠎ᠤᠨ ᠡᠭᠦᠷᠭᠡ᠂ ᠴᠢᠬᠤᠯᠠ ᠶᠡᠭᠡ ᠥᠭᠡᠷᠡᠴᠢᠯᠡᠯᠲᠡ ᠵᠢᠨ ᠵᠦᠢ᠍ᠯᠡᠰ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ᠎ᠲᠠᠢ ᠲᠤᠰᠬᠠᠶ᠋ᠢᠵᠢᠭᠰᠠᠨ ᠺᠠᠳ᠋ᠷ᠎ᠤᠨ ᠡᠩᠨᠡᠭᠡ ᠵᠢ ᠬᠦᠴᠦᠯᠡᠨ ᠪᠠᠶ᠋ᠢᠭᠤᠯᠵᠤ᠂ ᠬᠢᠨᠠᠨ ᠰᠢᠯᠭ᠋ᠠᠵᠤ ᠤᠷᠮᠠᠰᠢᠭᠤᠯᠬᠤ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠺᠠᠳ᠋ᠷ᠎ᠤᠨ ᠵᠣᠷᠢᠭᠲᠠᠢ᠎ᠪᠠᠷ ᠵᠠᠮ ᠨᠡᠭᠡᠭᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠯᠢ ᠴᠢᠶᠠᠩ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠶ᠋ᠢᠯᠠᠭ᠋ᠠᠵᠤ᠂ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠ ᠣᠷᠣᠨ᠎ᠤ ᠭᠠᠵᠠᠷ ᠣᠷᠣᠨ᠎ᠢ ᠪᠦᠭᠦᠶ᠋ᠢᠯᠡ ᠤᠯᠤᠰ᠎ᠤᠨ ᠨᠤᠲᠤᠭ ᠳᠡᠪᠢᠰᠬᠡᠷ ᠳᠤᠮᠳᠠ ᠲᠠᠯᠪᠢᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠵᠢ ᠲᠤᠯᠭ᠋ᠠᠭᠤᠷᠢᠯᠠᠬᠤ ᠳᠤᠮᠳᠠ ᠪᠠᠶ᠋ᠢᠷᠢ ᠲᠣᠭᠲᠠᠭ᠋ᠠᠨ ᠪᠣᠳᠣᠯᠬᠢᠯᠠᠵᠤ᠂ ᠣᠷᠣᠨ ᠪᠠᠶ᠋ᠢᠷᠢ ᠵᠢᠨ ᠳᠠᠪᠠᠭᠤᠯᠢᠭ᠂ ᠡᠬᠢ ᠪᠠᠶᠠᠯᠢᠭ᠎ᠤᠨ ᠳᠠᠪᠠᠭᠤᠯᠢᠭ᠎ᠢ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠬᠤ᠎ᠪᠠᠷ ᠴᠢᠷᠮᠠᠶ᠋ᠢᠬᠤ ᠬᠡᠷᠡᠭᠲᠡᠢ᠃ ᠳᠤᠮᠳᠠ ᠣᠷᠣᠨ᠎ᠤ ᠭᠠᠵᠠᠷ ᠣᠷᠣᠨ᠎ᠤ᠎ᠬᠢᠨ ᠪᠤᠰᠤᠳ ᠣᠷᠣᠨ ᠪᠦᠰᠡ ᠵᠢᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠤᠯᠭ᠋ᠠᠯᠴᠠᠵᠤ᠂ ᠵᠡᠭᠦᠨ ᠣᠷᠣᠨ᠎ᠤ ᠭᠠᠵᠠᠷ ᠣᠷᠣᠨ᠎ᠤ ᠠᠵᠤ ᠦᠢ᠍ᠯᠡᠰ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠢᠳᠡᠪᠬᠢᠲᠡᠢ᠎ᠪᠠᠷ ᠣᠷᠣᠭᠤᠯᠤᠨ ᠠᠪᠴᠢᠷᠠᠵᠤ᠂ ᠪᠠᠷᠠᠭᠤᠨ ᠣᠷᠣᠨ᠎ᠤ ᠭᠠᠵᠠᠷ ᠣᠷᠣᠨ᠎ᠢ ᠨᠥᠯᠥᠭᠡᠯᠡᠨ ᠳᠠᠶ᠋ᠢᠴᠢᠯᠠᠬᠤ ᠦᠢ᠍ᠯᠡᠳᠦᠯ ᠵᠶ᠋ᠠᠨ ᠴᠢᠩᠭ᠋ᠠᠳᠬᠠᠨ᠂ ᠭᠠᠳᠠᠭ᠋ᠠᠳᠤ ᠨᠡᠭᠡᠭᠡᠯᠲᠡ ᠵᠢᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠭᠦ ᠬᠡᠷᠡᠭᠲᠡᠢ᠃ ᠳᠠᠪᠠᠭᠤᠯᠢᠭ ᠲᠠᠯ᠎ᠠ᠎ᠪᠠᠨ ᠳᠠᠪᠲᠠᠨ ᠪᠤᠯᠪᠠᠰᠤᠷᠠᠭᠤᠯᠵᠤ ᠳᠤᠲᠠᠭᠤᠳᠠᠯ ᠵᠶ᠋ᠠᠨ ᠨᠥᠬᠦᠪᠦᠷᠢᠯᠡᠵᠦ᠂ ᠰᠢᠨ᠎ᠡ ᠭᠡᠯᠪᠡᠷᠢ ᠵᠢᠨ ᠬᠤᠲᠠ ᠪᠠᠯᠭ᠋ᠠᠰᠤᠵᠢᠯᠲᠠ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠡᠷᠭᠡ ᠲᠠᠯ᠎ᠠ᠎ᠪᠠᠷ ᠳᠠᠪᠠᠭᠤᠯᠢᠭ ᠵᠶ᠋ᠠᠨ ᠪᠠᠳᠠᠷᠠᠭᠤᠯᠵᠤ᠂ ᠳᠠᠯᠳᠠ ᠴᠢᠳᠠᠪᠤᠷᠢ᠎ᠪᠠᠨ ᠪᠠᠳᠠᠷᠠᠭᠤᠯᠵᠤ᠂ ᠣᠷᠣᠨ ᠪᠦᠰᠡ ᠵᠢᠨ ᠳᠣᠲᠣᠭ᠋ᠠᠳᠤ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠬᠤ᠂ ᠪᠦᠬᠦᠯᠢ ᠴᠣᠭᠴᠠ᠎ᠪᠠᠷ ᠬᠤᠯᠪᠤᠭ᠋ᠠᠯᠠᠨ ᠬᠥᠳᠡᠯᠦᠯᠴᠡᠬᠦ ᠵᠢ ᠠᠬᠢᠭᠤᠯᠵᠤ᠂ ᠳᠤᠮᠳᠠ ᠣᠷᠣᠨ᠎ᠤ ᠪᠦᠬᠦᠯᠢ ᠴᠣᠭᠴᠠ ᠵᠢᠨ ᠪᠣᠳᠠᠲᠤ ᠬᠦᠴᠦᠨ ᠪᠠ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠭᠦ ᠬᠡᠷᠡᠭᠲᠡᠢ ᠭᠡᠵᠦ ᠢᠯᠡᠳᠬᠡᠪᠡ᠃
      ᠳ᠋ᠢᠩ ᠰᠢᠤᠸᠠᠢ ᠰᠢᠶᠠᠩ ᠶᠠᠷᠢᠶᠠᠨ᠎ᠳᠠᠭᠠᠨ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠱᠠᠭ᠋ᠠᠷᠳᠠᠯᠭ᠎ᠠ ᠵᠢ ᠴᠢᠩᠭ᠎ᠠ ᠡᠵᠡᠮᠳᠡᠵᠦ᠂ ᠳᠤᠮᠳᠠ           ᠣᠷᠣᠨ᠎ᠤ ᠬᠥᠭᠵᠢᠯ ᠮᠠᠨᠳᠤᠯ᠎ᠤᠨ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠬᠤ           ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠴᠢᠩᠭ᠋ᠠᠳᠬᠠᠵᠤ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠠᠮᠤ ᠪᠤᠳᠠᠭ᠎ᠠ᠂ ᠡᠨᠧᠷᠭᠢ ᠵᠢᠨ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠶᠡᠭᠡ᠎ᠪᠠᠷ ᠳᠡᠭᠡᠭᠰᠢᠯᠡᠭᠦᠯᠵᠦ᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠤ ᠰᠠᠶ᠋ᠢᠨ ᠬᠤᠷᠰᠢᠯ᠎ᠢ ᠪᠡᠶᠡᠯᠡᠭᠦᠯᠬᠦ           ᠬᠡᠷᠡᠭᠲᠡᠢ᠃ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠪᠠ ᠥᠨᠳᠥᠷ ᠲᠦᠪᠰᠢᠨ ᠪᠦᠬᠦᠢ ᠨᠡᠭᠡᠭᠡᠯᠲᠡᠲᠤ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠴᠢᠩᠭ᠋ᠠᠷᠠᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠴᠥᠬᠦᠷᠡᠰᠢ ᠦᠭᠡᠢ ᠰᠠᠶ᠋ᠢᠲᠤᠷ ᠠᠳᠬᠤᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠪᠣᠬᠢᠷᠳᠤᠯ ᠦᠭᠡᠢ ᠳᠡᠪᠢᠰᠬᠡᠷ ᠥᠩᠭᠡ ᠵᠢ ᠵᠤᠵᠠᠭ᠋ᠠᠳᠬᠠᠬᠤ ᠬᠡᠷᠡᠭᠲᠡᠢ ᠭᠡᠵᠦ ᠢᠯᠡᠳᠬᠡᠪᠡ᠃
      ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ᠍ ᠬᠤᠩ ᠶᠠᠷᠢᠯᠴᠠᠬᠤ ᠬᠤᠷᠠᠯ᠎ᠳᠤ ᠣᠷᠣᠯᠴᠠᠵᠤ᠂ ᠲᠥᠪ᠎ᠤᠨ ᠪᠠ ᠲᠥᠷᠥ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠨᠥᠬᠦᠳ ᠶᠠᠷᠢᠯᠴᠠᠬᠤ ᠬᠤᠷᠠᠯ᠎ᠳᠤ ᠣᠷᠣᠯᠴᠠᠪᠠ᠃


 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠬᠤᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠦᠨᠡᠨ᠎ᠢ ᠪᠠᠷᠢᠮᠲᠠᠯᠠᠨ ᠪᠣᠳᠠᠲᠠᠢ ᠵᠢ ᠡᠷᠭᠢᠮᠯᠡᠭᠦ ᠵᠢ ᠪᠠᠷᠢᠮᠲᠠᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠤᠨᠠᠨ᠎ᠤ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ
ᠰᠢ ᠵᠢᠨ ᠫᠢᠩ ᠠᠮᠧᠷᠢᠺᠠ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ ᠪᠣᠯᠣᠨ ᠪᠠᠶ᠋ᠢᠯᠳᠤᠬᠤ ᠪᠣᠳᠣᠯᠭ᠎ᠠ ᠵᠢᠨ ᠡᠷᠳᠡᠮ ᠰᠢᠨᠵᠢᠯᠡᠭᠡᠨ᠎ᠤ ᠡᠲᠡᠭᠡᠳ᠎ᠤᠨ ᠲᠥᠯᠥᠭᠡᠯᠡᠭᠴᠢᠳ᠎ᠲᠠᠢ ᠠᠭᠤᠯᠵᠠᠪᠠ
ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ᠎ᠳᠤ ᠳᠡᠪᠰᠢᠭᠦᠯᠬᠦ ᠶᠣᠰᠣᠯᠠᠯ ᠶᠠᠪᠤᠭᠤᠯᠪᠠ ᠰᠢ ᠵᠢᠨ ᠫᠢᠩ ᠵᠠᠷᠯᠢᠭ᠎ᠤᠨ ᠪᠢᠴᠢᠭ ᠭᠠᠷᠳᠠᠭᠤᠯᠤᠭᠰᠠᠨ ᠪᠥᠭᠡᠳ ᠴᠣᠯᠠ᠎ᠳᠤ ᠳᠡᠪᠰᠢᠭᠰᠡᠨ ᠣᠹᠢᠼᠧᠷ᠎ᠲᠤ ᠪᠠᠶᠠᠷ ᠬᠦᠷᠭᠡᠵᠡᠢ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠠᠷᠠᠳ ᠲᠦᠮᠡᠨ᠎ᠢ ᠳᠡᠭᠡᠳᠦᠯᠡᠬᠦ ᠵᠢ ᠡᠷᠬᠡᠪᠰᠢ ᠪᠠᠷᠢᠮᠲᠠᠯᠠᠬᠤ ᠬᠡᠷᠡᠭᠲᠡᠢ
ᠰᠢ ᠵᠢᠨ ᠫᠢᠩ ᠠᠮᠧᠷᠢᠺᠠ ᠵᠢᠨ ᠶᠡᠷᠦᠩᠬᠡᠶ᠋ᠢᠯᠡᠭᠴᠢ ᠪᠠᠶ᠋ᠢᠳᠧᠨ᠎ᠲᠠᠢ ᠤᠲᠠᠰᠤ᠎ᠪᠠᠷ ᠶᠠᠷᠢᠯᠴᠠᠪᠠ
 
             蒙ICP备05000248号