ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠬᠤᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠦᠨᠡᠨ᠎ᠢ ᠪᠠᠷᠢᠮᠲᠠᠯᠠᠨ ᠪᠣᠳᠠᠲᠠᠢ ᠵᠢ ᠡᠷᠭᠢᠮᠯᠡᠭᠦ ᠵᠢ ᠪᠠᠷᠢᠮᠲᠠᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠤᠨᠠᠨ᠎ᠤ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ
ᠨᠡᠶ᠋ᠢᠲᠡᠯᠡᠭᠰᠡᠨ ᠴᠠᠭ᠄ 2024-03-22

      ᠼᠠᠢ ᠴᠢ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ
      ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠶ᠋ᠢᠷ᠎ᠠ ᠵᠢᠨ ᠡᠳᠦᠷ ᠬᠤᠨᠠᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ᠂ ᠬᠤᠨᠠᠨ᠎ᠤ᠎ᠬᠢᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠴᠣᠭᠴᠠᠯᠠᠬᠤ ᠳᠤᠮᠳᠠᠬᠢ ᠲᠤᠰ ᠪᠡᠶ᠎ᠡ ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ᠎ᠪᠠᠨ ᠪᠠᠲᠤ ᠡᠵᠡᠮᠳᠡᠵᠦ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠡᠷᠡᠰ ᠭᠤᠶ᠋ᠢᠪᠢᠰᠢ ᠦᠭᠡᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠭᠢᠮᠯᠡᠭᠦ ᠵᠢ ᠪᠠᠷᠢᠮᠲᠠᠯᠠᠵᠤ᠂ ᠤᠯᠤᠰ᠎ᠤᠨ ᠴᠢᠬᠤᠯᠠ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠥᠨᠳᠦᠷᠯᠢᠭ᠂ ᠭᠤᠣᠯᠯᠠᠬᠤ ᠥᠷᠢᠰᠦᠯᠳᠦᠬᠦ ᠬᠦᠴᠦᠨ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠥᠨᠳᠦᠷᠯᠢᠭ᠂ ᠳᠣᠲᠣᠭ᠋ᠠᠳᠤ ᠬᠠᠭᠤᠷᠠᠢ ᠵᠢᠨ ᠭᠠᠵᠠᠷ ᠣᠷᠣᠨ᠎ᠤ ᠥᠭᠡᠷᠡᠴᠢᠯᠡᠯᠲᠡ ᠨᠡᠭᠡᠭᠡᠯᠲᠡ ᠵᠢᠨ ᠥᠨᠳᠦᠷᠯᠢᠭ᠎ᠢ ᠴᠣᠭᠴᠠᠯᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠳᠤᠮᠳᠠ ᠣᠷᠣᠨ᠎ᠤ ᠭᠠᠵᠠᠷ ᠣᠷᠣᠨ᠎ᠤ ᠬᠥᠭᠵᠢᠯ ᠮᠠᠨᠳᠤᠯ ᠪᠠ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠬᠥᠭᠵᠢᠯᠲᠡ ᠵᠢ ᠠᠬᠢᠭᠤᠯᠬᠤ ᠳᠤᠮᠳᠠ ᠭᠠᠪᠰᠢᠭ᠋ᠠᠶ᠋ᠢᠯᠠᠨ ᠲᠡᠮᠡᠴᠡᠵᠦ ᠲᠡᠷᠢᠭᠦᠨ᠎ᠤ᠎ᠬᠢ ᠪᠤᠯᠬᠤ᠎ᠪᠠᠷ ᠴᠢᠷᠮᠠᠶ᠋ᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠤᠨᠠᠨ᠎ᠤ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃


6384669875174338809898823.jpg


      3 ᠰᠠᠷ᠎ᠠ ᠵᠢᠨ 18᠎ᠠᠴᠠ 21᠎ᠤ ᠡᠳᠦᠷ ᠪᠤᠯᠲᠠᠯ᠎ᠠ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠬᠤᠨᠠᠨ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠣᠯ 18᠎ᠤ ᠦᠳᠡ ᠵᠢᠨ ᠬᠤᠶ᠋ᠢᠨ᠎ᠠ᠂ ᠰᠢ ᠵᠢᠨ ᠫᠢᠩ ᠳᠤᠮᠳᠠᠳᠤ ᠭᠧᠷᠮᠠᠨ᠎ᠤ ᠪᠡᠯᠡ ᠨᠡᠶ᠋ᠢᠯᠡᠭᠦᠯᠦᠭᠰᠡᠨ ᠠᠵᠤ ᠠᠬᠤᠶ᠋ᠢᠯᠠᠯ ᠪᠤᠯᠬᠤ ᠪᠠᠰᠹ ᠱᠠᠨ ᠱᠠᠨ ᠳ᠋ᠢᠶᠠᠨ ᡂᠢ ᠵᠢᠨ ᠮᠠᠲ᠋ᠧᠷᠢᠶᠠᠯ᠎ᠤᠨ ᠬᠢᠵᠠᠭ᠋ᠠᠷᠲᠤ ᠺᠤᠮᠫᠠᠨᠢ᠎ᠳᠤ ᠰᠢᠨᠵᠢᠯᠡᠨ ᠪᠠᠶ᠋ᠢᠴᠠᠭ᠋ᠠᠵᠤ ᠪᠠᠶ᠋ᠢᠭ᠎ᠠ᠎ᠨᠢ᠃
      ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠶᠠᠨ ᠶᠠᠨ ᠰᠡᠭᠦᠳᠡᠷᠯᠡᠪᠡ


6384669876008714018847429.jpg


      3 ᠰᠠᠷ᠎ᠠ ᠵᠢᠨ 18᠎ᠠᠴᠠ 21᠎ᠤ ᠡᠳᠦᠷ ᠪᠤᠯᠲᠠᠯ᠎ᠠ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠬᠤᠨᠠᠨ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠣᠯ 19᠎ᠤ ᠦᠳᠡ ᠵᠢᠨ ᠬᠤᠶ᠋ᠢᠨ᠎ᠠ᠂ ᠰᠢ ᠵᠢᠨ ᠫᠢᠩ ᠴᠠᠩᠳᠧ ᠬᠤᠳᠠ ᠵᠢᠨ ᠳ᠋ᠢᠩᠴᠧᠩ ᠲᠣᠭᠤᠷᠢᠭ᠎ᠤᠨ ᠰᠢᠶᠧ ᠵᠢᠶᠠ ᠫᠦ᠋ ᠪᠠᠯᠭ᠋ᠠᠰᠤ ᠵᠢᠨ ᠭᠠᠩ ᠵᠦᠩ ᠫᠢᠩ ᠲᠣᠰᠬᠤᠨ᠎ᠳᠤ ᠠᠮᠤ ᠪᠤᠳᠠᠭ᠎ᠠ ᠲᠠᠷᠢᠬᠤ ᠲᠣᠮᠣ ᠡᠷᠦᠭᠡ᠂ ᠲᠠᠷᠢᠶᠠᠯᠠᠩ᠎ᠤᠨ ᠮᠡᠷᠭᠡᠵᠢᠯᠲᠡᠨ᠂ ᠦᠨᠳᠦᠰᠦᠨ ᠱᠠᠲᠤᠨ᠎ᠤ ᠺᠠᠳ᠋ᠷ᠎ᠲᠠᠢ ᠳᠣᠲᠣᠨᠣ᠎ᠪᠠᠷ ᠶᠠᠷᠢᠯᠴᠠᠵᠤ ᠪᠠᠶ᠋ᠢᠭ᠎ᠠ᠎ᠨᠢ᠃
      ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠵᠢᠦᠢ ᠫᠧᠩ ᠰᠡᠭᠦᠳᠡᠷᠯᠡᠪᠡ


      3 ᠰᠠᠷ᠎ᠠ ᠵᠢᠨ 18᠎ᠠᠴᠠ 21᠎ᠤ ᠡᠳᠦᠷ ᠪᠤᠯᠲᠠᠯ᠎ᠠ᠂ ᠰᠢ ᠵᠢᠨ ᠫᠢᠩ ᠬᠤᠨᠠᠨ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠱᠧᠨ ᠰᠢᠶᠣᠣ ᠮᠢᠩ ᠪᠣᠯᠣᠨ ᠮᠤᠵᠢ ᠵᠢᠨ ᠳᠠᠷᠤᠭ᠎ᠠ ᠮᠣᠣ ᠸᠧᠢ ᠮᠢᠩ᠎ᠤᠨ ᠪᠠᠷ᠎ᠠ ᠪᠤᠯᠣᠯᠭ᠎ᠠ᠎ᠪᠠᠷ ᠤᠷᠢᠳ ᠬᠤᠵᠢᠳ ᠴᠠᠩᠱ᠌ᠠ᠂ ᠴᠠᠩᠳᠧ ᠵᠡᠷᠭᠡ ᠭᠠᠵᠠᠷ᠎ᠲᠤ ᠬᠦᠷᠴᠦ᠂ ᠰᠤᠷᠭ᠋ᠠᠭᠤᠯᠢ᠂ ᠠᠵᠤ ᠠᠬᠤᠶ᠋ᠢᠯᠠᠯ᠂ ᠲᠡᠦᠬᠡ ᠰᠣᠶᠣᠯ᠎ᠤᠨ ᠵᠡᠭᠡᠯᠢ ᠲᠣᠭᠤᠷᠢᠭ᠂ ᠬᠥᠳᠡᠭᠡ ᠲᠣᠰᠬᠤᠨ ᠵᠡᠷᠭᠡ ᠭᠠᠵᠠᠷ ᠵᠶ᠋ᠠᠷ ᠭᠦᠨᠵᠡᠭᠡᠶ᠋ᠢᠷᠡᠨ ᠪᠠᠶ᠋ᠢᠴᠠᠭ᠋ᠠᠨ ᠰᠤᠳᠤᠯᠤᠯᠲᠠ ᠬᠢᠪᠡ᠃
      18᠎ᠤ ᠦᠳᠡ ᠵᠢᠨ ᠬᠤᠶ᠋ᠢᠨ᠎ᠠ᠂ ᠰᠢ ᠵᠢᠨ ᠫᠢᠩ ᠬᠤᠨᠠᠨ᠎ᠤ ᠨᠢᠭᠡᠳᠦᠭᠡᠷ ᠪᠠᠭᠰᠢ ᠵᠢᠨ ᠳᠡᠭᠡᠳᠦ           ᠰᠤᠷᠭ᠋ᠠᠭᠤᠯᠢ (ᠴᠧᠩ ᠨᠠᠨ ᠪᠢᠴᠢᠭ᠎ᠤᠨ ᠬᠦᠷᠢᠶᠡᠯᠡᠩ ᠰᠤᠷᠭ᠋ᠠᠭᠤᠯᠢ ᠵᠢᠨ ᠲᠣᠭᠤᠷᠢᠭ)᠎ᠳᠤ ᠬᠦᠷᠴᠦ ᠰᠢᠨᠵᠢᠯᠡᠨ ᠪᠠᠶ᠋ᠢᠴᠠᠭ᠋ᠠᠪᠠ᠃ ᠲᠤᠰ ᠰᠤᠷᠭ᠋ᠠᠭᠤᠯᠢ ᠰᠦᠩ ᠤᠯᠤᠰ᠎ᠤᠨ ᠦᠶ᠎ᠡ᠎ᠳᠤ ᠪᠠᠶ᠋ᠢᠭᠤᠯᠤᠭᠰᠠᠨ ᠴᠧᠩ ᠨᠠᠨ ᠪᠢᠴᠢᠭ᠎ᠤᠨ ᠬᠦᠷᠢᠶᠡᠯᠡᠩ ᠪᠠᠶ᠋ᠢᠵᠤ᠂ ᠣᠶ᠋ᠢᠷ᠎ᠠ ᠦᠶ᠎ᠡ᠎ᠠᠴᠠ ᠨᠠᠭ᠋ᠠᠰᠢ ᠨᠢᠭᠡ ᠪᠦᠯᠦᠭ ᠠᠬᠠᠮᠠᠳ ᠨᠢᠭᠡ ᠦᠶ᠎ᠡ ᠵᠢᠨ ᠦᠭᠡᠶ᠋ᠢᠭᠦᠦ ᠠᠩᠭᠢ ᠵᠢᠨ ᠬᠤᠪᠢᠰᠬᠠᠯᠴᠢ ᠪᠠ ᠨᠡᠷᠡᠳᠤ ᠪᠠᠭᠰᠢ ᠮᠡᠷᠭᠡᠵᠢᠯᠲᠡᠨ᠎ᠢ ᠬᠥᠮᠥᠵᠢᠭᠦᠯᠵᠡᠢ᠃ ᠰᠢ ᠵᠢᠨ ᠫᠢᠩ ᠵᠠᠯᠠᠭᠤ ᠨᠠᠰᠤᠨ᠎ᠤ ᠮᠠᠤ ᠽᠧ ᠳ᠋ᠦᠩ ᠭᠤᠣᠯ ᠰᠡᠳᠦᠪᠲᠦ ᠥᠵᠡᠰᠭᠦᠯᠡᠩ᠎ᠢ ᠲᠣᠭᠤᠷᠢᠨ ᠦᠵᠡᠵᠦ᠂ ᠳᠡᠭᠡᠳᠦ ᠰᠤᠷᠭ᠋ᠠᠭᠤᠯᠢ ᠵᠢᠨ ᠬᠥᠭᠵᠢᠯᠲᠡ ᠵᠢᠨ ᠤᠯᠠᠷᠢᠯ ᠬᠤᠪᠢᠰᠤᠯ ᠪᠣᠯᠣᠨ ᠬᠤᠪᠢᠰᠬᠠᠯ᠎ᠤᠨ ᠡᠬᠢ ᠪᠠᠶᠠᠯᠢᠭ᠎ᠢ ᠰᠠᠶ᠋ᠢᠲᠤᠷ ᠠᠰᠢᠭᠯᠠᠵᠤ ᠪᠠᠶ᠋ᠢᠬᠤ ᠵᠡᠷᠭᠡ ᠪᠠᠶ᠋ᠢᠳᠠᠯ᠎ᠢ ᠣᠶ᠋ᠢᠯᠠᠭ᠋ᠠᠪᠠ᠃ ᠳᠡᠭᠡᠳᠦ ᠰᠤᠷᠭ᠋ᠠᠭᠤᠯᠢ ᠵᠢᠨ ᠶᠡᠭᠡ ᠲᠢᠩᠬᠢᠮ᠎ᠳᠤ᠂ ᠰᠢ ᠵᠢᠨ ᠫᠢᠩ ᠪᠠᠭᠰᠢ ᠰᠤᠷᠤᠬ᠍ᠴᠢᠳ᠎ᠤᠨ ᠲᠥᠯᠥᠭᠡᠯᠡᠭᠴᠢᠳ᠎ᠲᠠᠢ ᠳᠣᠲᠣᠨᠣ᠎ᠪᠠᠷ ᠶᠠᠷᠢᠯᠴᠠᠪᠠ᠃ ᠲᠡᠷᠡ᠂ ᠤᠯᠤᠰ ᠣᠷᠣᠨ ᠵᠶ᠋ᠠᠨ ᠬᠦᠴᠦᠷᠬᠡᠭᠵᠢᠭᠦᠯᠬᠦ᠎ᠳᠤ ᠡᠷᠬᠡᠪᠰᠢ ᠰᠤᠷᠭ᠋ᠠᠨ ᠬᠥᠮᠦᠵᠢᠯ᠎ᠢ ᠰᠠᠶ᠋ᠢᠲᠤᠷ ᠡᠷᠭᠢᠯᠡᠭᠦ ᠬᠡᠷᠡᠭᠲᠡᠢ᠃ ᠬᠤᠨᠠᠨ᠎ᠤ ᠨᠢᠭᠡᠳᠦᠭᠡᠷ ᠪᠠᠭᠰᠢ ᠵᠢᠨ ᠳᠡᠭᠡᠳᠦ ᠰᠤᠷᠭ᠋ᠠᠭᠤᠯᠢ ᠪᠣᠯ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠬᠥᠮᠦᠵᠢᠯ ᠥᠷᠨᠢᠭᠦᠯᠬᠦ᠂ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠬᠤ ᠰᠠᠶ᠋ᠢᠨ ᠭᠠᠵᠠᠷ ᠮᠥᠨ᠂ ᠡᠨᠡ ᠬᠦ᠌ ᠬᠤᠪᠢᠰᠬᠠᠯ᠎ᠤᠨ ᠡᠬᠢ ᠪᠠᠶᠠᠯᠢᠭ᠎ᠢ ᠰᠠᠶ᠋ᠢᠲᠤᠷ ᠬᠠᠮᠠᠭ᠋ᠠᠯᠠᠵᠤ ᠬᠡᠷᠡᠭᠯᠡᠬᠦ ᠬᠡᠷᠡᠭᠲᠡᠢ᠃ ᠰᠤᠷᠭ᠋ᠠᠭᠤᠯᠢ ᠵᠢᠨ᠎ᠬᠢᠨ ᠶᠣᠰᠣ ᠰᠤᠷᠲᠠᠬᠤᠨ ᠵᠶ᠋ᠠᠷ ᠬᠥᠮᠥᠨ᠎ᠢ ᠬᠥᠮᠥᠵᠢᠭᠦᠯᠵᠦ᠂ ᠪᠠᠭᠰᠢ ᠨᠠᠷ ᠰᠢᠯᠢᠳᠡᠭ ᠰᠠᠶ᠋ᠢᠨ ᠪᠠᠭᠰᠢ ᠪᠤᠯᠬᠤ᠎ᠳᠤ᠂ ᠰᠤᠷᠤᠬ᠍ᠴᠢᠳ᠎ᠤᠨ ᠮᠡᠳᠡᠯᠭᠡ ᠰᠣᠶᠣᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠭᠦ ᠵᠢ ᠴᠢᠬᠤᠯᠠᠴᠢᠯᠠᠬᠤ᠎ᠪᠠᠷ ᠪᠠᠷᠠᠬᠤ ᠦᠭᠡᠢ ᠨᠡᠩ ᠴᠤ᠌ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠢ ᠰᠠᠶ᠋ᠢᠲᠤᠷ ᠣᠷᠣᠵᠤ᠂ ᠰᠤᠷᠤᠬ᠍ᠴᠢᠳ᠎ᠤᠨ ᠡᠷᠬᠢᠮ ᠮᠣᠷᠠᠯ᠎ᠲᠠᠢ ᠪᠣᠯᠵᠤ ᠢᠴᠢᠭᠦᠷᠢ ᠭᠤᠲᠤᠮᠰᠢᠭ᠎ᠢ ᠮᠡᠳᠡᠵᠦ᠂ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ ᠵᠢ ᠪᠠᠲᠤ ᠪᠤᠢ ᠪᠤᠯᠭ᠋ᠠᠵᠤ᠂ ᠡᠬᠡ ᠤᠯᠤᠰ᠎ᠤᠨ ᠵᠶ᠋ᠠᠨ ᠲᠥᠯᠥᠭᠡ ᠵᠢᠳᠬᠦᠵᠦ ᠤᠯᠤᠰ ᠵᠶ᠋ᠠᠨ ᠬᠦᠴᠦᠷᠬᠡᠭᠵᠢᠭᠦᠯᠬᠦ ᠶᠡᠭᠡ ᠬᠦᠰᠡᠯ ᠵᠣᠷᠢᠯᠲᠠ ᠵᠢ ᠪᠤᠢ ᠪᠤᠯᠭ᠋ᠠᠵᠤ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠭᠡ ᠡᠭᠦᠷᠭᠡ ᠵᠢ ᠡᠭᠦᠷᠭᠡᠯᠡᠵᠦ ᠳᠡᠶ᠋ᠢᠯᠭᠦ ᠲᠤᠯᠭ᠋ᠠᠭᠤᠷᠢ ᠬᠦᠴᠦᠨ ᠪᠤᠯᠬᠤ᠎ᠪᠠᠷ ᠴᠢᠷᠮᠠᠶ᠋ᠢᠬᠤ ᠵᠢ ᠬᠥᠮᠥᠵᠢᠭᠦᠯᠵᠦ ᠬᠥᠲᠥᠯᠥᠨ ᠵᠢᠯᠤᠭᠤᠳᠬᠤ ᠬᠡᠷᠡᠭᠲᠡᠢ ᠭᠡᠵᠡᠢ᠃
      ᠲᠠᠷᠠᠭ᠎ᠠ᠎ᠨᠢ᠂ ᠰᠢ ᠵᠢᠨ ᠫᠢᠩ ᠪᠠᠰᠹ ᠱᠠᠨ ᠱᠠᠨ ᠳ᠋ᠢᠶᠠᠨ ᡂᠢ ᠵᠢᠨ ᠮᠠᠲ᠋ᠧᠷᠢᠶᠠᠯ᠎ᠤᠨ ᠬᠢᠵᠠᠭ᠋ᠠᠷᠲᠤ ᠺᠤᠮᠫᠠᠨᠢ᠎ᠳᠤ ᠬᠦᠷᠴᠦ ᠰᠢᠨᠵᠢᠯᠡᠨ ᠪᠠᠶ᠋ᠢᠴᠠᠭ᠋ᠠᠪᠠ᠃ ᠡᠨᠡ ᠪᠣᠯ ᠯᠢᠲ᠋ᠢ ᠢᠶᠤᠨ ᠳ᠋ᠢᠶᠠᠨ ᡂᠢ ᠵᠢᠨ ᠡᠶᠡᠷᠭᠦ ᠲᠤᠶ᠋ᠢᠯ᠎ᠤᠨ ᠮᠠᠲ᠋ᠧᠷᠢᠶᠠᠯ᠎ᠢ ᠰᠤᠳᠤᠯᠤᠨ ᠨᠡᠭᠡᠭᠡᠬᠦ᠂ ᠦᠢ᠍ᠯᠡᠳᠪᠦᠷᠢᠯᠡᠬᠦ᠂ ᠪᠣᠷᠣᠯᠠᠭᠤᠯᠬᠤ ᠵᠢ ᠭᠤᠣᠯᠯᠠᠨ ᠡᠵᠡᠩᠨᠡᠵᠦ ᠪᠠᠶ᠋ᠢᠭ᠎ᠠ ᠳᠤᠮᠳᠠᠳᠤ ᠭᠧᠷᠮᠠᠨ᠎ᠤ ᠪᠡᠯᠡ ᠨᠡᠶ᠋ᠢᠯᠡᠭᠦᠯᠦᠭᠰᠡᠨ ᠠᠵᠤ ᠠᠬᠤᠶ᠋ᠢᠯᠠᠯ ᠪᠣᠯᠣᠨ᠎ᠠ᠃ ᠰᠢ ᠵᠢᠨ ᠫᠢᠩ ᠲᠤᠬᠠᠢ ᠵᠢᠨ ᠭᠠᠵᠠᠷ᠎ᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠵᠦ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠬᠡᠭᠰᠡᠨ ᠵᠡᠷᠭᠡ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠠᠵᠤ ᠠᠬᠤᠶ᠋ᠢᠯᠠᠯ᠎ᠤᠨ ᠦᠢ᠍ᠯᠡᠳᠬᠦᠨ᠎ᠤ ᠦᠵᠡᠭᠦᠯᠭᠡ ᠵᠢ ᠪᠠᠶ᠋ᠢᠴᠠᠭ᠋ᠠᠨ ᠦᠵᠡᠵᠦ᠂ ᠮᠠᠲ᠋ᠧᠷᠢᠶᠠᠯ᠎ᠤᠨ ᠴᠢᠳᠠᠪᠬᠢ ᠵᠢᠨ ᠰᠢᠯᠭ᠋ᠠᠯᠲᠠ ᠵᠢᠨ ᠪᠠᠶ᠋ᠢᠳᠠᠯ ᠪᠣᠯᠣᠨ ᠳ᠋ᠢᠶᠠᠨ ᡂᠢ ᠵᠢᠨ ᠦᠢ᠍ᠯᠡᠳᠪᠦᠷᠢᠯᠡᠯ᠎ᠤᠨ ᠶᠠᠪᠤᠴᠠ ᠵᠢ ᠣᠶ᠋ᠢᠯᠠᠭ᠋ᠠᠪᠠ᠃ ᠲᠡᠷᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠴᠢᠨᠠᠷ ᠰᠠᠶ᠋ᠢᠲᠠᠢ ᠬᠥᠭᠵᠢᠯᠲᠡ ᠪᠣᠯ ᠠᠵᠤ ᠠᠬᠤᠶ᠋ᠢᠯᠠᠯ᠎ᠤᠨ ᠲᠠᠰᠤᠷᠠᠯᠲᠠ ᠦᠭᠡᠢ ᠦᠰᠦᠨ ᠪᠤᠵᠠᠭ᠋ᠠᠶ᠋ᠢᠷᠠᠵᠤ᠂ ᠢᠯᠠᠭᠳᠠᠰᠢ ᠦᠭᠡᠢ ᠪᠠᠶ᠋ᠢᠷᠢᠨ᠎ᠳᠤ ᠪᠠᠶ᠋ᠢᠬᠤ ᠵᠢᠨ ᠵᠠᠩᠭᠢᠯᠠᠭ᠎ᠠ ᠪᠣᠯᠣᠨ᠎ᠠ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠂ ᠪᠡᠯᠡ ᠨᠡᠶ᠋ᠢᠯᠡᠭᠦᠯᠦᠭᠰᠡᠨ ᠠᠵᠤ ᠠᠬᠤᠶ᠋ᠢᠯᠠᠯ ᠡᠨᠡ ᠲᠠᠯ᠎ᠠ᠎ᠪᠠᠷ ᠴᠥᠮ ᠶᠡᠭᠡ ᠵᠢᠳᠬᠦᠯ ᠴᠢᠷᠮᠠᠶ᠋ᠢᠯᠭ᠎ᠠ ᠭᠠᠷᠭ᠋ᠠᠵᠤ ᠪᠣᠯᠣᠨ᠎ᠠ᠃ ᠳᠤᠮᠳᠠᠳᠤ ᠤᠯᠤᠰ ᠨᠡᠭᠡᠭᠡᠯᠲᠡ ᠬᠢᠬᠦ ᠡᠭᠦᠳᠡ᠎ᠪᠠᠨ ᠶᠠᠪᠤᠬᠤ ᠳᠤᠳᠤᠮ ᠶᠡᠭᠡ ᠨᠡᠭᠡᠭᠡᠨ᠎ᠡ᠂ ᠪᠢᠳᠡ ᠳᠤᠷᠠᠲᠠᠶ᠎ᠠ ᠳᠡᠯᠡᠬᠡᠢ ᠵᠢᠨ ᠡᠯ᠎ᠡ ᠤᠯᠤᠰ᠎ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ᠂ ᠨᠡᠩ ᠤᠯᠠᠨ ᠭᠠᠳᠠᠭ᠋ᠠᠳᠤ ᠵᠢᠨ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠲᠤ ᠢᠷᠡᠵᠦ ᠪᠡᠯᠡ ᠣᠷᠣᠭᠤᠯᠤᠨ ᠬᠥᠭᠵᠢᠬᠦ ᠵᠢ ᠪᠠᠶᠠᠷᠯᠠᠨ ᠤᠭᠲᠤᠨ᠎ᠠ ᠭᠡᠵᠦ ᠴᠢᠬᠤᠯᠠᠴᠢᠯᠠᠪᠠ᠃
      19᠎ᠤ ᠡᠳᠦᠷ᠂ ᠰᠢ ᠵᠢᠨ ᠫᠢᠩ ᠴᠠᠩᠳᠧ ᠬᠤᠳᠠ᠎ᠳᠤ ᠰᠢᠨᠵᠢᠯᠡᠨ ᠪᠠᠶ᠋ᠢᠴᠠᠭ᠋ᠠᠪᠠ᠃ ᠶᠤᠸᠠᠨᠵᠢᠶᠠᠩ ᠮᠥᠷᠡᠨ᠎ᠤ ᠬᠥᠪᠡᠭᠡᠨ᠎ᠳᠤ ᠪᠠᠶ᠋ᠢᠷᠢᠯᠠᠭᠰᠠᠨ ᠴᠠᠩ ᠳ᠋ᠧ ᠭᠤᠣᠯ᠎ᠤᠨ ᠵᠡᠭᠡᠯᠢ᠎ᠨᠢ ᠥᠨᠢ ᠤᠳᠠᠭ᠋ᠠᠨ ᠲᠡᠦᠬᠡ᠎ᠲᠠᠢ ᠪᠠᠶ᠋ᠢᠵᠤ᠂ 1943 ᠣᠨ᠎ᠤ ᠴᠠᠩᠳᠧ ᠵᠢᠨ ᠳᠠᠶ᠋ᠢᠯᠠᠯᠳᠤᠭ᠋ᠠᠨ᠎ᠳᠤ ᠡᠪᠳᠡᠭᠳᠡᠵᠦ ᠥᠩᠭᠡᠷᠡᠵᠡᠢ᠃ ᠣᠶ᠋ᠢᠷ᠎ᠠ ᠵᠢᠨ ᠵᠢᠯ᠎ᠠᠴᠠ᠂ ᠴᠠᠩᠳᠧ ᠬᠤᠳᠠ ᠬᠠᠭᠤᠴᠢᠨ ᠵᠡᠭᠡᠯᠢ ᠵᠢᠨ ᠳᠦᠷᠰᠦ ᠪᠠᠶ᠋ᠢᠳᠠᠯ᠎ᠢ ᠰᠡᠷᠭᠦᠭᠡᠵᠦ᠂ ᠲᠤᠰ ᠭᠠᠵᠠᠷ᠎ᠢ ᠲᠡᠦᠬᠡ ᠰᠣᠶᠣᠯ᠎ᠤᠨ ᠵᠡᠭᠡᠯᠢ ᠲᠣᠭᠤᠷᠢᠭ ᠪᠣᠯᠭ᠋ᠠᠨ ᠴᠣᠭᠴᠠᠯᠠᠪᠠ᠃ ᠲᠤᠰ ᠡᠳᠦᠷ᠎ᠤᠨ ᠦᠳᠡ ᠵᠢᠨ ᠡᠮᠦᠨ᠎ᠡ᠂ ᠰᠢ ᠵᠢᠨ ᠫᠢᠩ ᠴᠠᠩ ᠳ᠋ᠧ ᠭᠤᠣᠯ᠎ᠤᠨ ᠵᠡᠭᠡᠯᠢ᠎ᠳᠤ ᠬᠦᠷᠴᠦ᠂ ᠡᠯ᠎ᠡ ᠵᠦᠢ᠍ᠯ᠎ᠤᠨ ᠣᠨᠴᠠᠯᠢᠭᠲᠤ ᠢᠳᠡᠭᠡᠨ᠂ ᠣᠨᠴᠠ ᠭᠠᠷᠤᠯᠲᠠ᠂ ᠣᠨᠴᠠᠯᠢᠭᠲᠤ ᠭᠠᠷ ᠤᠷᠠᠯᠠᠯ᠎ᠤᠨ ᠪᠦᠲᠦᠭᠡᠭᠳᠡᠬᠦᠨ᠎ᠢ ᠪᠠᠶ᠋ᠢᠴᠠᠭ᠋ᠠᠨ ᠦᠵᠡᠵᠦ᠂ ᠳᠡᠯᠭᠡᠭᠦᠷ᠎ᠤᠨ ᠡᠵᠡᠨ ᠪᠣᠯᠣᠨ ᠵᠢᠭᠤᠯᠴᠢᠯᠠᠬᠰᠡᠳ᠎ᠲᠠᠢ ᠳᠣᠲᠣᠨᠣ᠎ᠪᠠᠷ ᠶᠠᠷᠢᠯᠴᠠᠭᠰᠠᠨ ᠪᠥᠭᠡᠳ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷ᠎ᠠ ᠮᠡᠷᠭᠡᠵᠢᠯ᠎ᠤᠨ ᠦᠵᠡᠭᠦᠯᠭᠡ ᠵᠢ ᠰᠣᠨᠢᠷᠬᠠᠵᠤ᠂ ᠴᠠᠩᠳᠧ ᠵᠢᠨ ᠬᠠᠭᠤᠴᠢᠨ ᠬᠤᠳᠠ ᠵᠢᠨ ᠵᠡᠭᠡᠯᠢ ᠭᠤᠳᠤᠮᠵᠢ ᠵᠢᠨ ᠰᠡᠷᠭᠦᠭᠡᠨ ᠵᠠᠰᠠᠯᠲᠠ ᠪᠠ ᠠᠰᠢᠭᠯᠠᠯᠲᠠ᠂ ᠬᠤᠳᠠ ᠵᠢᠨ ᠲᠥᠯᠦᠪᠵᠢᠭᠦᠯᠭᠡ᠂ ᠤᠰᠤᠨ᠎ᠤ ᠣᠷᠴᠢᠨ ᠲᠣᠭᠤᠷᠢᠨ᠎ᠤ ᠶᠡᠷᠦᠩᠬᠡᠶ᠋ᠢᠯᠡᠭᠰᠡᠨ ᠵᠠᠰᠠᠯᠲᠠ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃ ᠰᠢ ᠵᠢᠨ ᠫᠢᠩ᠂ ᠤᠯᠠᠨ ᠶᠠᠩᠵᠤ ᠵᠢᠨ ᠣᠷᠣᠨ ᠨᠤᠲᠤᠭ᠎ᠤᠨ ᠣᠨᠴᠠᠯᠢᠭᠲᠤ ᠤᠯᠠᠮᠵᠢᠯᠠᠯᠲᠤ ᠰᠣᠶᠣᠯ᠎ᠨᠢ ᠭᠡᠷᠡᠯ ᠰᠠᠴᠤᠷᠠᠩᠭᠤᠢ ᠳᠤᠮᠳᠠᠳᠤ ᠵᠢᠨ ᠪᠣᠯᠪᠠᠰᠤᠨ᠎ᠢ ᠬᠠᠮᠲᠤ᠎ᠪᠠᠷ ᠪᠦᠷᠢᠯᠳᠦᠭᠦᠯᠦᠭᠰᠡᠨ ᠪᠥᠭᠡᠳ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠴᠦ᠍ ᠠᠬᠢᠭᠤᠯᠪᠠ᠃ ᠴᠠᠩᠳᠧ ᠪᠣᠯ ᠰᠣᠶᠣᠯ᠎ᠤᠨ ᠤᠯᠠᠮᠵᠢᠯᠠᠯ ᠵᠠᠯᠭ᠋ᠠᠮᠵᠢᠯᠠᠯ᠎ᠲᠠᠢ ᠭᠠᠵᠠᠷ ᠪᠣᠯᠣᠨ᠎ᠠ᠂ ᠠᠳᠡᠬᠢ ᠴᠤᠭᠤᠷ ᠵᠦᠴᠦᠭᠡ᠂ ᠥᠨᠳᠥᠷ ᠠᠶᠠᠯᠭᠤᠲᠤ ᠵᠦᠴᠦᠭᠡ᠂ ᠪᠦᠷᠢᠶ᠎ᠡ ᠵᠡᠷᠭᠡ ᠵᠢ ᠵᠣᠬᠢᠰᠲᠠᠢ ᠠᠴᠢᠶᠠᠯᠠᠪᠤᠷᠢ᠎ᠪᠠᠷ ᠰᠠᠶ᠋ᠢᠲᠤᠷ ᠤᠯᠠᠮᠵᠢᠯᠠᠨ ᠠᠰᠢᠭᠯᠠᠵᠤ᠂ ᠴᠠᠭ ᠦᠶ᠎ᠡ᠎ᠲᠠᠢ ᠵᠡᠷᠭᠡᠪᠡᠷ ᠤᠷᠤᠭᠰᠢᠯᠠᠨ ᠰᠠᠶ᠋ᠢᠲᠤᠷ ᠬᠥᠭᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠨᠠᠨ ᠪᠣᠯ ᠪᠦᠭᠦ ᠤᠯᠤᠰ᠎ᠤᠨ 13 ᠠᠮᠤ ᠪᠤᠳᠠᠭ᠋ᠠᠨ᠎ᠤ ᠭᠤᠣᠯ ᠭᠠᠷᠤᠯᠲᠠ ᠵᠢᠨ ᠮᠤᠵᠢ ᠵᠢᠨ ᠨᠢᠭᠡ ᠪᠠᠶ᠋ᠢᠵᠤ᠂ ᠤᠰᠤᠨ ᠲᠤᠲᠤᠷᠭ᠎ᠠ ᠲᠠᠷᠢᠬᠤ ᠲᠠᠯᠠᠪᠠᠢ᠂ ᠶᠡᠷᠦᠩᠬᠡᠢ ᠤᠨᠠᠯᠲᠠ᠎ᠨᠢ ᠴᠥᠮ ᠪᠦᠭᠦ ᠤᠯᠤᠰ᠎ᠤᠨ ᠲᠡᠷᠢᠭᠦᠨ᠎ᠳᠤ ᠣᠷᠣᠨ᠎ᠠ᠃ ᠲᠤᠰ ᠡᠳᠦᠷ᠎ᠤᠨ ᠦᠳᠡ ᠵᠢᠨ ᠬᠤᠶ᠋ᠢᠨ᠎ᠠ᠂ ᠰᠢ ᠵᠢᠨ ᠫᠢᠩ ᠴᠠᠩᠳᠧ ᠬᠤᠳᠠ ᠵᠢᠨ ᠳ᠋ᠢᠩᠴᠧᠩ ᠲᠣᠭᠤᠷᠢᠭ᠎ᠤᠨ ᠰᠢᠶᠧ ᠵᠢᠶᠠ ᠫᠦ᠋ ᠪᠠᠯᠭ᠋ᠠᠰᠤ ᠵᠢᠨ ᠭᠠᠩ ᠵᠦᠩ ᠫᠢᠩ ᠲᠣᠰᠬᠤᠨ᠎ᠳᠤ ᠬᠦᠷᠴᠦ᠂ ᠲᠤᠬᠠᠢ ᠵᠢᠨ ᠭᠠᠵᠠᠷ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠲᠦᠮᠡᠨ ᠮᠦ᠍ ᠵᠢᠨ ᠶᠡᠷᠦᠩᠬᠡᠶ᠋ᠢᠯᠡᠭᠰᠡᠨ ᠵᠢᠱ᠌ᠢᠶ᠎ᠡ ᠦᠵᠡᠭᠦᠯᠭᠦ ᠲᠣᠭᠤᠷᠢᠭ᠎ᠲᠤ ᠬᠦᠷᠴᠦ᠂ ᠴᠢᠬᠢ ᠪᠣᠶ᠋ᠢᠵᠢᠭᠤᠯᠬᠤ ᠪᠠ ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠠᠵᠢᠯ᠎ᠤᠨ ᠠᠬᠢᠴᠠ ᠵᠢ ᠪᠠᠶ᠋ᠢᠴᠠᠭ᠋ᠠᠨ ᠦᠵᠡᠵᠦ᠂ ᠲᠠᠷᠢᠶᠠᠯᠠᠩ᠎ᠤᠨ ᠣᠳᠣᠬᠢᠴᠢᠯᠠᠯᠲᠠ ᠵᠢ ᠴᠢᠨᠠᠷ ᠰᠠᠶ᠋ᠢᠲᠠᠢ ᠠᠬᠢᠭᠤᠯᠵᠤ ᠪᠠᠶ᠋ᠢᠭ᠎ᠠ ᠪᠠᠶ᠋ᠢᠳᠠᠯ᠎ᠤᠨ ᠲᠠᠨᠢᠯᠴᠠᠭᠤᠯᠭ᠎ᠠ ᠵᠢ ᠰᠣᠨᠣᠰᠤᠭᠰᠠᠨ ᠪᠥᠭᠡᠳ ᠠᠮᠤ ᠪᠤᠳᠠᠭ᠎ᠠ ᠲᠠᠷᠢᠬᠤ ᠲᠣᠮᠣ ᠡᠷᠦᠭᠡ᠂ ᠲᠠᠷᠢᠶᠠᠯᠠᠩ᠎ᠤᠨ ᠮᠡᠷᠭᠡᠵᠢᠯᠲᠡᠨ᠂ ᠦᠨᠳᠦᠰᠦᠨ ᠱᠠᠲᠤᠨ᠎ᠤ ᠺᠠᠳ᠋ᠷ᠎ᠲᠠᠢ ᠨᠢᠭᠡᠳ ᠨᠢᠭᠡ᠎ᠪᠠᠷ ᠣᠷᠣᠭᠤᠯᠤᠯᠲᠠ ᠭᠠᠷᠭ᠋ᠠᠯᠲᠠ ᠵᠢᠨ ᠲᠠᠩᠰᠠ ᠵᠢ ᠪᠤᠳᠤᠵᠠᠢ᠃ ᠰᠢ ᠵᠢᠨ ᠫᠢᠩ᠂ ᠮᠠᠨ᠎ᠤ ᠤᠯᠤᠰ 14 ᠳ᠋ᠦᠩᠰᠢᠭᠤᠷ ᠭᠠᠷᠤᠢ ᠬᠥᠮᠥᠨ ᠠᠮᠠ᠎ᠲᠠᠢ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠡᠷᠬᠡᠪᠰᠢ ᠥᠪᠡᠷ᠎ᠤᠨ ᠪᠡᠶ᠎ᠡ᠎ᠳᠡᠭᠡᠨ ᠲᠦᠰᠢᠭᠯᠡᠵᠦ ᠪᠠᠲᠤᠯᠠᠬᠤ ᠬᠡᠷᠡᠭᠲᠡᠢ᠂ ᠳᠤᠮᠳᠠᠳᠤᠴᠤᠳ᠎ᠤᠨ ᠪᠤᠳᠠᠭ᠋ᠠᠨ ᠠᠶᠠᠭ᠎ᠠ᠎ᠳᠤ ᠭᠤᠣᠯᠳᠠᠭᠤ ᠳᠤᠮᠳᠠᠳᠤ ᠤᠯᠤᠰ᠎ᠤᠨ ᠠᠮᠤ ᠪᠤᠳᠠᠭ᠎ᠠ ᠵᠢ ᠠᠶᠠᠭ᠋ᠠᠯᠠᠪᠠᠯ ᠵᠣᠬᠢᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠠᠶ᠋ᠢᠲᠤᠷ ᠪᠦᠲᠦᠭᠡᠨ ᠪᠠᠶ᠋ᠢᠭᠤᠯᠵᠤ᠂ ᠵᠣᠬᠢᠰᠲᠠᠢ ᠭᠡᠪᠴᠢᠶᠡᠵᠢᠯᠳᠤ ᠡᠵᠡᠩᠨᠡᠯᠲᠡ ᠵᠢ ᠬᠡᠷᠡᠭᠵᠢᠭᠦᠯᠵᠦ᠂ ᠲᠦᠷᠦ ᠵᠢᠨ ᠪᠣᠳᠣᠯᠭ᠎ᠠ ᠵᠢᠨ ᠳᠡᠮᠵᠢᠯᠭᠡ ᠪᠠ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂ ᠰᠠᠶ᠋ᠢᠨ ᠦᠷ᠎ᠡ᠂ ᠰᠠᠶ᠋ᠢᠨ ᠠᠵᠠ ᠲᠣᠭᠢᠶᠠᠯ᠂ ᠰᠠᠶ᠋ᠢᠨ ᠠᠷᠭ᠎ᠠ ᠵᠢ ᠳᠡᠯᠭᠡᠷᠡᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠨᠠᠷᠢᠯᠢᠭ ᠲᠠᠷᠢᠵᠤ ᠨᠢᠮᠪᠠᠢ ᠠᠷᠠᠴᠢᠯᠠᠬᠤ ᠳᠡᠭᠡᠷ᠎ᠡ ᠬᠦᠴᠦ ᠲᠠᠯᠪᠢᠵᠤ᠂ ᠠᠮᠤ ᠪᠤᠳᠠᠭ᠋ᠠᠨ᠎ᠤ ᠲᠠᠯᠠᠪᠠᠢ ᠨᠢᠭᠡᠴᠢ ᠵᠢᠨ ᠤᠨᠠᠯᠲᠠ ᠪᠠ ᠶᠠᠰᠤ ᠴᠢᠨᠠᠷ᠎ᠢ ᠴᠢᠨᠠᠭᠰᠢᠳᠠ ᠳᠡᠭᠡᠭᠰᠢᠯᠡᠭᠦᠯᠵᠦ᠂ ᠠᠮᠤ ᠪᠤᠳᠠᠭ᠎ᠠ ᠲᠠᠷᠢᠭ᠋ᠠᠳ ᠴᠦ᠍ ᠪᠠᠶᠠᠵᠢᠵᠤ ᠳᠡᠶ᠋ᠢᠯᠭᠦ ᠪᠤᠯᠭ᠋ᠠᠵᠤ᠂ ᠡᠭᠦᠨ᠎ᠤ ᠤᠯᠠᠮ ᠵᠶ᠋ᠠᠷ ᠨᠡᠩ ᠤᠯᠠᠨ ᠲᠠᠷᠢᠶᠠᠴᠢᠨ ᠡᠷᠦᠭᠡ ᠵᠢ ᠲᠠᠲᠠᠵᠤ ᠣᠳᠣᠬᠢᠴᠢᠯᠠᠭᠰᠠᠨ ᠬᠠᠮ ᠬᠥᠳᠡᠭᠡ ᠠᠵᠤ ᠠᠬᠤᠢ ᠵᠢ ᠬᠥᠭᠵᠢᠭᠦᠯᠬᠦ᠎ᠳᠤ ᠣᠷᠣᠯᠴᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠬᠥᠳᠡᠭᠡ ᠠᠵᠤ ᠠᠬᠤᠢ ᠵᠢᠨ ᠣᠳᠣᠬᠢᠴᠢᠯᠠᠯᠲᠠ ᠵᠢᠨ ᠵᠠᠮ ᠵᠶ᠋ᠠᠷ ᠯᠠᠪᠳᠠᠭᠤᠨ ᠪᠠᠲᠤᠲᠠᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠳᠠᠷᠠᠭ᠎ᠠ᠎ᠨᠢ ᠰᠢ ᠵᠢᠨ ᠫᠢᠩ ᠠᠮᠤ ᠪᠤᠳᠠᠭ᠎ᠠ ᠵᠢᠨ ᠲᠣᠮᠣ ᠲᠠᠷᠢᠶᠠᠴᠢᠨ ᠡᠷᠦᠭᠡ ᠳ᠋ᠠᠢ ᠬᠤᠩ᠎ᠤᠨ᠎ᠬᠢᠨ᠎ᠳᠤ ᠬᠦᠷᠴᠦ᠂ ᠲᠠᠷᠢᠶᠠᠯᠠᠩ᠎ᠤᠨ ᠮᠠᠰᠢᠨ ᠪᠠᠭ᠋ᠠᠵᠢ ᠪᠣᠯᠣᠨ ᠬᠠᠪᠤᠷ᠎ᠤᠨ ᠲᠠᠷᠢᠶᠠᠯᠠᠭ᠎ᠠ ᠵᠢᠨ ᠡᠳ᠋ ᠪᠣᠳᠠᠰ᠎ᠤᠨ ᠪᠡᠯᠡᠳᠬᠡᠯ᠎ᠢ ᠪᠠᠶ᠋ᠢᠴᠠᠭ᠋ᠠᠨ ᠦᠵᠡᠭᠰᠡᠨ ᠪᠥᠭᠡᠳ ᠲᠣᠰᠬᠤᠨ᠎ᠤ ᠨᠠᠮ᠎ᠤᠨ ᠭᠡᠰᠢᠭᠦᠨ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠎ᠲᠤ ᠬᠦᠷᠴᠦ ᠲᠤᠬᠠᠢ ᠵᠢᠨ ᠭᠠᠵᠠᠷ᠎ᠤᠨ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠵᠦ᠂ ᠦᠨᠳᠦᠰᠦᠨ ᠱᠠᠲᠤᠨ᠎ᠤ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠭᠰᠡᠨ ᠵᠡᠷᠭᠡ ᠪᠠᠶ᠋ᠢᠳᠠᠯ᠎ᠢ           ᠣᠶ᠋ᠢᠯᠠᠭ᠋ᠠᠪᠠ᠃ ᠲᠡᠷᠡ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠢ ᠡᠷᠡᠰ ᠴᠡᠭᠴᠡᠯᠡᠨ ᠵᠠᠰᠠᠵᠤ᠂ ᠴᠡᠷᠢᠭ᠎ᠢ ᠰᠢᠯᠢᠳᠡᠭᠵᠢᠭᠦᠯᠦᠨ ᠵᠠᠰᠠᠭ᠎ᠢ ᠴᠣᠮᠬᠠᠳᠬᠠᠵᠤ᠂ ᠡᠨᠡ ᠬᠦ᠌ ᠠᠵᠢᠯ᠎ᠢ ᠴᠥᠬᠦᠷᠡᠰᠢ ᠦᠭᠡᠢ ᠰᠠᠶ᠋ᠢᠲᠤᠷ ᠠᠳᠬᠤᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃ ᠲᠡᠷᠡ᠂ ᠦᠨᠳᠦᠰᠦᠨ ᠱᠠᠲᠤᠨ᠎ᠤ ᠺᠠᠳ᠋ᠷᠴᠤᠳ᠎ᠢ ᠠᠵᠤ ᠦᠢ᠍ᠯᠡᠰ᠎ᠤᠨ ᠬᠥᠭᠵᠢᠯᠲᠡ ᠪᠣᠯᠣᠨ ᠬᠥᠳᠡᠭᠡ ᠲᠣᠰᠬᠤᠨ᠎ᠤ ᠵᠠᠰᠠᠯᠲᠠ ᠵᠢᠨ ᠲᠠᠯ᠎ᠠ᠎ᠪᠠᠷ ᠤᠯᠠᠨ᠎ᠤ ᠤᠬᠠᠭ᠋ᠠᠨ ᠬᠠᠮᠲᠤ ᠵᠢᠨ ᠬᠦᠴᠦᠨ᠎ᠳᠤ ᠲᠦᠰᠢᠭᠯᠡᠨ᠂ ᠲᠠᠷᠢᠶᠠᠴᠢᠨ ᠤᠯᠠᠨ ᠲᠦᠮᠡᠨ᠎ᠳᠤ ᠮᠡᠳᠡᠷᠡᠭᠳᠡᠭᠰᠡᠨ ᠪᠣᠳᠠᠲᠠᠢ ᠠᠮᠵᠢᠯᠲᠠ ᠵᠢ ᠲᠠᠰᠤᠷᠠᠯᠲᠠ ᠦᠭᠡᠢ ᠭᠠᠷᠭ᠋ᠠᠭ᠋ᠠᠷᠠᠢ ᠭᠡᠵᠦ ᠵᠣᠷᠢᠭᠵᠢᠭᠤᠯᠪᠠ᠃
      ᠠᠶᠠᠷᠯᠠᠬᠤ ᠦᠶ᠎ᠡ᠎ᠳᠤ᠂ ᠲᠣᠰᠬᠤᠨ᠎ᠤ ᠠᠷᠠᠳ ᠬᠤᠶ᠋ᠢᠨ᠎ᠠ ᠬᠤᠶ᠋ᠢᠨ᠎ᠠ᠎ᠠᠴᠠ᠎ᠪᠠᠨ ᠬᠦᠷᠢᠶᠡᠯᠡᠨ ᠢᠷᠡᠵᠤ ᠶᠡᠷᠦᠩᠬᠡᠢ ᠱᠦᠵᠢ ᠵᠢ ᠦᠳᠡᠨ ᠮᠣᠷᠳᠠᠭᠤᠯᠪᠠ᠃ ᠰᠢ ᠵᠢᠨ ᠫᠢᠩ ᠭᠦᠨ ᠰᠡᠳᠬᠢᠯᠭᠡ᠎ᠲᠠᠢ᠎ᠪᠠᠷ ᠤᠯᠠᠨ᠎ᠳᠤ᠂ ᠨᠠᠮ᠎ᠤᠨ ᠲᠥᠪ ᠬᠤᠷᠢᠶ᠎ᠠ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠨ᠎ᠠ᠂ ᠯᠠᠪᠲᠠᠢ ᠦᠨᠡᠨ ᠬᠦ᠌ ᠬᠦᠴᠦᠲᠡᠢ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠠᠪᠴᠤ᠂ ᠤᠯᠠᠨ ᠲᠦᠮᠡᠨ᠎ᠤ ᠠᠩᠬᠠᠷᠴᠤ ᠪᠠᠶ᠋ᠢᠭ᠎ᠠ ᠠᠰᠠᠭᠤᠳᠠᠯ ᠪᠠ ᠬᠡᠷᠡᠭᠴᠡᠭᠡ ᠱᠠᠭ᠋ᠠᠷᠳᠠᠯᠭ᠎ᠠ᠎ᠳᠤ ᠬᠠᠷᠢᠭᠤᠯᠲᠠ ᠥᠭᠴᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠰᠠᠶ᠋ᠢᠨ ᠰᠠᠶ᠋ᠢᠬᠠᠨ ᠵᠢᠷᠤᠭ ᠲᠥᠰᠥᠪ᠎ᠢ ᠪᠣᠳᠠᠲᠤ ᠠᠬᠤᠢ ᠪᠣᠯᠭ᠋ᠠᠨ ᠬᠤᠪᠢᠷᠠᠭᠤᠯᠤᠨ᠎ᠠ ᠭᠡᠵᠦ ᠬᠡᠯᠡᠪᠡ᠃ ᠠᠯᠠᠭ᠎ᠠ ᠲᠡᠰᠢᠯᠲᠡ ᠵᠢᠨ ᠲᠠᠭᠤᠨ ᠲᠣᠰᠬᠤᠨ᠎ᠳᠤ ᠤᠳᠠᠲᠠᠯ᠎ᠠ ᠴᠤᠤᠷᠢᠶᠠᠲᠤᠪᠠ᠃
      21᠎ᠤ ᠦᠳᠡ ᠵᠢᠨ ᠡᠮᠦᠨ᠎ᠡ᠂ ᠰᠢ ᠵᠢᠨ ᠫᠢᠩ ᠬᠤᠨᠠᠨ ᠮᠤᠵᠢ ᠵᠢᠨ ᠨᠠᠮ᠎ᠤᠨ ᠬᠤᠷᠢᠶ᠎ᠠ ᠪᠣᠯᠣᠨ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠬᠤᠨᠠᠨ᠎ᠤ ᠡᠯ᠎ᠡ ᠵᠦᠢ᠍ᠯ᠎ᠤᠨ ᠠᠵᠢᠯ᠎ᠳᠤ ᠣᠯᠣᠭᠰᠠᠨ ᠠᠮᠵᠢᠯᠲᠠ ᠵᠢ ᠨᠤᠲᠠᠯᠠᠪᠠ᠃
      ᠰᠢ ᠵᠢᠨ ᠫᠢᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠣᠯ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠭᠤᠣᠯ ᠡᠯᠧᠮᠧᠨ᠋ᠲ ᠮᠥᠨ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠬᠥᠲᠥᠯᠥᠨ ᠳᠠᠭ᠋ᠠᠭᠤᠯᠬᠤ ᠲᠠᠯ᠎ᠠ᠎ᠪᠠᠷ ᠨᠡᠩ ᠶᠡᠭᠡ ᠬᠦᠴᠦ ᠣᠷᠣᠭᠤᠯᠵᠤ᠂ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠬᠦᠴᠦᠨ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠲᠡᠷᠢᠭᠦᠨ᠎ᠤ ᠰᠤᠳᠤᠯᠤᠨ ᠨᠡᠭᠡᠭᠡᠬᠦ ᠪᠠᠶ᠋ᠢᠭᠤᠯᠤᠮᠵᠢ ᠵᠢ ᠢᠳᠡᠪᠬᠢᠲᠡᠢ ᠣᠷᠣᠭᠤᠯᠤᠨ ᠠᠪᠴᠢᠷᠠᠵᠤ᠂ ᠵᠠᠩᠭᠢᠯᠠᠭ᠎ᠠ ᠵᠢᠨ ᠬᠦᠷᠢᠶᠡᠨ᠎ᠤ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠭᠦ           ᠬᠡᠷᠡᠭᠲᠡᠢ᠃ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠳᠬᠠᠵᠤ᠂ ᠰᠢᠨ᠎ᠡ ᠵᠢ ᠡᠭᠦᠳᠬᠦ ᠬᠡᠯᠬᠢᠶ᠎ᠡ ᠪᠡᠯᠡ ᠮᠥᠩᠭᠦᠨ᠎ᠤ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠲᠦᠷᠭᠡᠨ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ᠃ ᠳᠠᠪᠠᠭᠤᠯᠢᠭ ᠠᠵᠤ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠤ ᠦᠢ᠍ᠯᠡᠰ᠎ᠤᠨ ᠰᠠᠭᠤᠷᠢ ᠵᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠲᠣᠨᠣᠭᠯᠠᠯ᠎ᠤᠨ ᠪᠣᠭᠤᠮᠲᠠ ᠰᠢᠪᠲᠤᠯᠬᠤ ᠵᠢ ᠴᠢᠩᠭ᠋ᠠᠳᠬᠠᠵᠤ᠂ ᠲᠡᠷᠢᠭᠦᠨ᠎ᠤ ᠦᠢ᠍ᠯᠡᠳᠬᠦ ᠦᠢ᠍ᠯᠡᠰ᠎ᠢ ᠦᠷᠭᠦᠯᠵᠢᠯᠡᠨ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠠᠵᠤ ᠦᠢ᠍ᠯᠡᠰ᠎ᠢ ᠳᠡᠭᠡᠳᠦ ᠲᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠶ᠋ᠢᠵᠢᠭᠦᠯᠭᠦ ᠬᠥᠭᠵᠢᠯᠲᠡ ᠵᠢ ᠠᠬᠢᠭᠤᠯᠵᠤ᠂ ᠤᠯᠤᠰ᠎ᠤᠨ ᠲᠡᠰ᠎ᠤᠨ ᠠᠵᠤ ᠦᠢ᠍ᠯᠡᠰ᠎ᠤᠨ ᠪᠦᠯᠦᠭᠵᠢᠯ᠎ᠢ ᠴᠣᠭᠴᠠᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠳᠤ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠳᠤᠪᠤᠶ᠋ᠢᠯᠭ᠋ᠠᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠪᠠ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠰᠠᠭ᠋ᠠᠳ ᠲᠦᠭᠵᠢᠷᠡᠯ᠎ᠤᠨ ᠠᠰᠠᠭᠤᠳᠠᠯ᠂ ᠬᠥᠭᠵᠢᠯᠲᠡ ᠵᠢᠨ ᠣᠷᠴᠢᠨ ᠪᠠ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠡᠪᠡᠷᠰᠢᠶᠡᠯ ᠬᠦᠴᠢᠷᠳᠡᠯ᠎ᠤᠨ ᠠᠰᠠᠭᠤᠳᠠᠯ᠂ ᠨᠡᠶ᠋ᠢᠭᠡᠮ᠎ᠤᠨ ᠲᠥᠪ ᠭᠤᠣᠯᠴᠢ ᠰᠢᠳᠤᠷᠭᠤ ᠶᠣᠰᠣ᠎ᠠᠴᠠ ᠲᠡᠷᠰᠯᠡᠭᠰᠡᠨ ᠭᠤᠣᠯᠳᠠᠯᠭ᠎ᠠ ᠬᠠᠯᠠᠮᠰᠢᠯ᠎ᠤᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠶ᠋ᠢᠯᠡᠨ ᠠᠷᠢᠯᠭ᠋ᠠᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ᠂ ᠠᠮᠢᠵᠢᠷᠠᠯ᠎ᠤᠨ ᠬᠦᠴᠦᠨ ᠨᠡᠮᠡᠷᠢᠯᠡᠬᠦ ᠬᠡᠷᠡᠭᠲᠡᠢ᠃ ᠬᠤᠨᠠᠨ᠎ᠤ᠎ᠬᠢᠨ ᠥᠭᠡᠷᠡᠴᠢᠯᠡᠯᠲᠡ ᠵᠢ ᠰᠢᠰᠲ᠋ᠧᠮ᠎ᠲᠠᠢ ᠨᠡᠶ᠋ᠢᠳᠬᠡᠬᠦ ᠵᠢ ᠴᠢᠩᠭ᠋ᠠᠳᠬᠠᠵᠤ᠂ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠶ᠋ᠢᠭᠤᠯᠤᠯᠲᠠ᠎ᠳᠤ ᠨᠡᠩ ᠰᠠᠶ᠋ᠢᠨ ᠣᠷᠣᠯᠴᠠᠵᠤ᠂ ᠳᠤᠮᠳᠠ ᠣᠷᠣᠨ᠎ᠤ ᠬᠥᠭᠵᠢᠯ ᠮᠠᠨᠳᠤᠯ ᠪᠣᠯᠣᠨ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠳᠤ ᠪᠦᠭᠦ ᠲᠠᠯ᠎ᠠ᠎ᠪᠠᠷ ᠠᠭᠤᠰᠤᠯᠴᠠᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠭᠦᠨᠵᠡᠭᠡᠢ ᠠᠭᠤᠰᠤᠯᠴᠠᠵᠤ᠂ ᠳᠦᠷᠢᠮ᠎ᠤᠨ ᠭᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠵᠦ᠂ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠥᠨᠳᠥᠷ ᠪᠠᠷᠢᠮᠵᠢᠶ᠎ᠠ᠎ᠪᠠᠷ ᠰᠠᠶ᠋ᠢᠲᠤᠷ ᠪᠦᠲᠦᠭᠡᠨ ᠪᠠᠶ᠋ᠢᠭᠤᠯᠵᠤ᠂ ᠳᠤᠮᠳᠠᠳᠤ ᠠᠹᠷᠢᠺᠠ ᠵᠢᠨ ᠠᠵᠤ ᠠᠬᠤᠢ ᠠᠷᠠᠯᠵᠢᠶᠠᠨ᠎ᠤ ᠭᠦᠨᠵᠡᠭᠡᠢ ᠬᠠᠮᠲᠤᠷᠠᠯᠴᠠᠭ᠋ᠠᠨ᠎ᠤ ᠤᠷᠢᠳ ᠵᠶ᠋ᠠᠷ ᠬᠡᠷᠡᠭᠵᠢᠭᠦᠯᠬᠦ ᠣᠷᠣᠨ᠎ᠢ ᠬᠦᠴᠦᠯᠡᠨ ᠪᠦᠲᠦᠭᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
      ᠰᠢ ᠵᠢᠨ ᠫᠢᠩ᠂ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠤᠨ ᠶᠡᠷᠦᠩᠬᠡᠢ ᠭᠠᠷᠳᠠᠴᠠ ᠮᠥᠨ᠃ ᠬᠤᠨᠠᠨ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠬᠠᠮᠠᠭ᠋ᠠᠯᠠᠬᠤ ᠬᠦᠨᠳᠦ ᠡᠭᠦᠷᠭᠡ ᠵᠢ ᠡᠭᠦᠷᠭᠡᠯᠡᠵᠦ᠂ ᠦᠷ᠎ᠡ ᠪᠣᠯᠣᠨ ᠲᠠᠷᠢᠶᠠᠨ ᠭᠠᠵᠠᠷ ᠭᠡᠬᠦ ᠬᠤᠶᠠᠷ ᠠᠮᠢᠨ ᠭᠠᠵᠠᠷ᠎ᠢ ᠠᠳᠬᠤᠵᠤ᠂ ᠦᠷ᠎ᠡ ᠵᠢᠨ ᠦᠢ᠍ᠯᠡᠰ᠂ ᠲᠠᠷᠢᠶᠠᠯᠠᠩ᠎ᠤᠨ ᠮᠠᠰᠢᠨ᠎ᠤ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠤᠨ ᠪᠣᠭᠤᠮᠲᠠ ᠰᠢᠪᠲᠤᠯᠤᠯᠲᠠ ᠵᠢ ᠲᠦᠷᠭᠡᠳᠬᠡᠬᠦ ᠬᠡᠷᠡᠭᠲᠡᠢ᠃ ᠬᠠᠮ ᠬᠥᠳᠡᠭᠡ ᠠᠵᠤ ᠠᠬᠤᠢ ᠵᠢᠨ ᠦᠵᠡᠯᠲᠡ᠂ ᠬᠠᠮ ᠢᠳᠡᠭᠡᠨ᠎ᠤ ᠦᠵᠡᠯᠲᠡ ᠵᠢ ᠪᠠᠷᠢᠮᠲᠠᠯᠠᠵᠤ᠂ ᠣᠨᠴᠠᠯᠢᠭᠲᠤ ᠲᠠᠷᠢᠶᠠᠯᠠᠩ ᠪᠠ ᠲᠠᠷᠢᠶᠠᠯᠠᠩ᠎ᠤᠨ ᠪᠦᠲᠦᠭᠡᠭᠳᠡᠬᠦᠨ᠎ᠢ ᠪᠤᠯᠪᠠᠰᠤᠷᠠᠭᠤᠯᠬᠤ ᠦᠢ᠍ᠯᠡᠰ᠎ᠢ ᠢᠳᠡᠪᠬᠢᠲᠡᠢ ᠬᠥᠭᠵᠢᠭᠦᠯᠵᠦ᠂ ᠲᠠᠷᠢᠶᠠᠯᠠᠩ᠎ᠤᠨ ᠠᠵᠤ ᠦᠢ᠍ᠯᠡᠰᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠬᠤᠲᠠ ᠬᠥᠳᠡᠭᠡ ᠵᠢᠨ ᠠᠭᠤᠰᠤᠯᠴᠠᠨ ᠬᠥᠭᠵᠢᠬᠦ ᠵᠢ ᠭᠦᠨᠵᠡᠭᠡᠢ ᠠᠬᠢᠭᠤᠯᠵᠤ᠂ ᠬᠤᠰᠢᠭᠤ ᠰᠢᠶᠠᠨ᠎ᠤ ᠠᠵᠤ ᠠᠬᠤᠢ ᠵᠢ ᠪᠤᠵᠠᠭ᠋ᠠᠶ᠋ᠢᠷᠠᠭᠤᠯᠤᠨ᠂ ᠬᠤᠲᠠ ᠬᠥᠳᠡᠭᠡ ᠵᠢᠨ ᠬᠦᠴᠦᠨ ᠵᠦᠢ᠍ᠯ᠎ᠤᠨ ᠬᠤᠣᠰ ᠴᠢᠭᠯᠡᠯ ᠵᠶ᠋ᠠᠷ ᠰᠢᠯᠵᠢᠭᠦ ᠵᠢ ᠰᠢᠯᠤᠭᠤᠳᠬᠠᠵᠤ᠂ ᠬᠥᠳᠡᠭᠡ ᠲᠣᠰᠬᠤᠨ᠎ᠤ ᠰᠠᠭᠤᠷᠢ ᠲᠥᠬᠦᠭᠡᠷᠦᠮᠵᠢ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠶ᠋ᠢᠷᠢᠰᠢᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠬᠥᠳᠡᠭᠡ ᠲᠣᠰᠬᠤᠨ᠎ᠤ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢ ᠦᠨᠡᠨ ᠬᠦ᠌ ᠴᠢᠩᠭ᠋ᠠᠳᠬᠠᠵᠤ᠂ ᠬᠡᠪ ᠵᠠᠩᠰᠢᠯ᠎ᠢ ᠥᠭᠡᠷᠡᠴᠢᠯᠡᠬᠦ ᠵᠢ ᠶᠡᠭᠡ᠎ᠪᠠᠷ ᠠᠬᠢᠭᠤᠯᠬᠤ ᠬᠡᠷᠡᠭᠲᠡᠢ᠃ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠮᠣᠷᠠᠯ ᠵᠶ᠋ᠠᠷ ᠵᠠᠰᠠᠬᠤ ᠵᠢ ᠤᠶᠠᠯᠳᠤᠭᠤᠯᠤᠭᠰᠠᠨ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ᠎ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠵᠢᠨ 《ᠹᠸᠡᠭᠴᠢᠶᠤᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠬᠦ ᠬᠡᠷᠡᠭᠲᠡᠢ᠃ ᠳᠠᠭᠢᠨ ᠶᠠᠳᠠᠭᠤᠷᠠᠬᠤ ᠵᠢ ᠰᠡᠷᠭᠡᠶ᠋ᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠭᠡᠪᠴᠢᠶᠡᠵᠢᠲᠤ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶ᠋ᠢᠬᠤ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠬᠤᠨᠠᠨ ᠰᠣᠶᠣᠯ᠎ᠤᠨ ᠰᠢᠨ᠎ᠡ ᠡᠭᠦᠷᠭᠡ ᠵᠢ ᠨᠡᠩ ᠰᠠᠶ᠋ᠢᠲᠤᠷ ᠡᠭᠦᠷᠭᠡᠯᠡᠵᠦ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠶ᠋ᠢᠭᠤᠯᠬᠤ ᠳᠤᠮᠳᠠ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠬᠤ ᠬᠡᠷᠡᠭᠲᠡᠢ᠃ ᠬᠤᠪᠢᠰᠬᠠᠯ᠎ᠤᠨ ᠡᠬᠢ ᠪᠠᠶᠠᠯᠢᠭ᠎ᠢ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠬᠡᠷᠡᠭᠯᠡᠵᠦ᠂ ᠬᠤᠪᠢᠰᠬᠠᠯᠲᠤ ᠤᠯᠠᠮᠵᠢᠯᠠᠯ ᠪᠣᠯᠣᠨ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠬᠥᠮᠦᠵᠢᠯ᠎ᠢ ᠴᠢᠩᠭ᠋ᠠᠳᠬᠠᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠥᠲᠥᠯᠥᠨ ᠳᠠᠭ᠋ᠠᠭᠤᠯᠵᠤ ᠪᠠᠶ᠋ᠢᠭ᠋ᠠᠳ ᠰᠢᠯᠢᠳᠡᠭ ᠤᠯᠠᠮᠵᠢᠯᠠᠯ᠎ᠢ ᠪᠠᠳᠠᠷᠠᠭᠤᠯᠵᠤ᠂ ᠬᠤᠪᠢᠰᠬᠠᠯᠲᠤ ᠤᠯᠠᠮᠵᠢᠯᠠᠯ᠎ᠢ ᠦᠷᠭᠦᠯᠵᠢᠯᠡᠨ ᠵᠠᠯᠭ᠋ᠠᠮᠵᠢᠯᠠᠵᠤ᠂ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ ᠵᠢ ᠦᠢ᠍ᠯᠡᠳᠦᠯᠭᠡᠵᠢᠭᠦᠯᠵᠦ᠂ ᠴᠠᠭ ᠦᠶ᠎ᠡ ᠵᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶ᠋ᠢᠳᠠᠯ᠎ᠢ ᠪᠤᠢ ᠪᠤᠯᠭ᠋ᠠᠬᠤ ᠬᠡᠷᠡᠭᠲᠡᠢ᠃ ᠰᠣᠶᠣᠯ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠭᠤᠰᠤᠯᠴᠠᠯ᠎ᠤᠨ ᠪᠦᠲᠦᠮᠵᠢᠲᠡᠢ ᠲᠣᠭᠲᠠᠴᠠ ᠵᠢ ᠬᠠᠶ᠋ᠢᠨ ᠰᠦᠪᠡᠭᠴᠢᠯᠡᠵᠦ᠂ ᠰᠢᠨ᠎ᠡ ᠮᠠᠶᠢᠭ᠎ᠤᠨ ᠰᠣᠶᠣᠯ᠎ᠤᠨ ᠡᠵᠡᠩᠨᠡᠯᠲᠡ ᠵᠢᠨ ᠭᠡᠯᠪᠡᠷᠢ ᠪᠠᠶ᠋ᠢᠳᠠᠯ᠎ᠢ ᠲᠦᠷᠭᠡᠳᠬᠡᠨ ᠬᠥᠭᠵᠢᠭᠦᠯᠵᠦ᠂ ᠨᠡᠩ ᠤᠯᠠᠨ ᠰᠢᠨ᠎ᠡ ᠰᠣᠶᠣᠯ᠎ᠤᠨ ᠠᠵᠤ ᠦᠢ᠍ᠯᠡᠰ᠎ᠤᠨ ᠨᠡᠮᠡᠭᠳᠡᠯ᠎ᠤᠨ ᠴᠡᠭ᠎ᠢ ᠪᠤᠢ ᠪᠤᠯᠭ᠋ᠠᠬᠤ ᠬᠡᠷᠡᠭᠲᠡᠢ᠃ ᠰᠣᠶᠣᠯ ᠪᠠ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠬᠤᠨᠠᠨ᠎ᠤ ᠡᠬᠡ ᠭᠠᠵᠠᠷ᠎ᠤᠨ ᠬᠥᠬᠡᠮᠳᠦᠭ ᠨᠣᠭᠤᠭ᠋ᠠᠨ ᠠᠭᠤᠯᠠ ᠤᠰᠤ᠂ ᠴᠡᠯᠮᠡᠭ ᠲᠡᠭᠷᠢ ᠴᠡᠪᠡᠷ ᠬᠥᠷᠥᠰᠥ ᠵᠢ ᠰᠠᠶ᠋ᠢᠲᠤᠷ ᠰᠠᠬᠢᠨ ᠬᠠᠮᠠᠭ᠋ᠠᠯᠠᠵᠤ᠂ ᠪᠠᠶ᠋ᠢᠭ᠋ᠠᠯᠢ ᠵᠢᠨ ᠥᠩᠭᠡ ᠦᠵᠡᠮᠵᠢ ᠪᠠ ᠰᠣᠶᠣᠯ ᠢᠷᠭᠡᠨᠰᠢᠯ ᠵᠠᠩ ᠵᠠᠩᠰᠢᠯ᠎ᠢ ᠵᠢᠭᠤᠯᠴᠢᠯᠠᠯ᠎ᠤᠨ ᠦᠢ᠍ᠯᠡᠰ᠎ᠤᠨ ᠥᠨᠢᠳᠡ ᠵᠢᠨ ᠲᠠᠲᠠᠬᠤ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠡᠷᠬᠡᠪᠰᠢ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠨ ᠰᠠᠶ᠋ᠢᠵᠢᠷᠠᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠵᠥᠪ ᠵᠠᠰᠠᠭ᠎ᠤᠨ ᠠᠵᠢᠯ᠎ᠤᠨ ᠪᠦᠲᠦᠮᠵᠢ ᠵᠢᠨ ᠦᠵᠡᠯᠲᠡ ᠵᠢ ᠪᠤᠢ ᠪᠣᠯᠭ᠋ᠠᠨ ᠦᠢ᠍ᠯᠡᠳᠦᠯᠭᠡᠵᠢᠭᠦᠯᠵᠦ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠰᠠᠶ᠋ᠢᠲᠤᠷ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ ᠵᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠵᠢ ᠰᠠᠬᠢᠬᠤ ᠵᠢ ᠬᠥᠲᠥᠯᠥᠨ ᠵᠢᠯᠤᠭᠤᠳᠴᠤ᠂ ᠤᠳᠤᠷᠢᠳᠬᠤ ᠺᠠᠳ᠋ᠷᠴᠤᠳ᠎ᠤᠨ ᠵᠥᠪ ᠡᠷᠬᠡ ᠵᠢᠨ ᠦᠵᠡᠯᠲᠡ ᠵᠢ ᠪᠤᠢ ᠪᠤᠯᠭ᠋ᠠᠬᠤ᠂ ᠲᠥᠪ ᠭᠤᠣᠯᠴᠢ᠎ᠪᠠᠷ ᠡᠷᠬᠡ᠎ᠪᠠᠨ ᠬᠡᠷᠡᠭᠯᠡᠬᠦ᠂ ᠬᠠᠤᠯᠢ ᠶᠣᠰᠣᠭ᠋ᠠᠷ ᠡᠷᠬᠡ᠎ᠪᠠᠨ ᠬᠡᠷᠡᠭᠯᠡᠬᠦ᠂ ᠠᠷᠠᠳ᠎ᠤᠨ ᠲᠥᠯᠥᠭᠡ ᠡᠷᠬᠡ᠎ᠪᠠᠨ ᠬᠡᠷᠡᠭᠯᠡᠬᠦ᠂ ᠠᠷᠢᠭᠤᠨ ᠴᠢᠬᠡᠴᠢ᠎ᠪᠠᠷ ᠡᠷᠬᠡ᠎ᠪᠠᠨ ᠬᠡᠷᠡᠭᠯᠡᠬᠦ ᠵᠢ ᠱᠠᠯᠠᠪᠳᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠃
      ᠯᠢ ᠭᠠᠨ ᠵᠢᠶᠧ᠂ ᠾᠧ ᠯᠢ ᠹᠧᠩ ᠵᠢᠴᠢ ᠲᠥᠪ᠎ᠤᠨ ᠪᠠ ᠲᠥᠷᠥ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠃
      3 ᠰᠠᠷ᠎ᠠ ᠵᠢᠨ 20᠎ᠤ ᠦᠳᠡ ᠵᠢᠨ ᠡᠮᠦᠨ᠎ᠡ᠂ ᠰᠢ ᠵᠢᠨ ᠫᠢᠩ ᠴᠠᠩᠱ᠌ᠠ᠎ᠳᠤ ᠰᠠᠭᠤᠭ᠎ᠠ ᠴᠡᠷᠢᠭ ᠠᠩᠭᠢ ᠵᠢᠨ ᠬᠤᠷᠠᠩᠳᠠ᠎ᠠᠴᠠ ᠳᠡᠭᠡᠭᠰᠢᠬᠢ ᠤᠳᠤᠷᠢᠳᠬᠤ ᠺᠠᠳ᠋ᠷᠴᠤᠳ᠎ᠲᠠᠢ ᠳᠣᠲᠣᠨᠣ᠎ᠪᠠᠷ ᠠᠭᠤᠯᠵᠠᠵᠤ᠂ ᠨᠠᠮ᠎ᠤᠨ ᠲᠥᠪ ᠬᠤᠷᠢᠶ᠎ᠠ ᠪᠣᠯᠣᠨ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢ ᠲᠥᠯᠥᠭᠡᠯᠡᠨ ᠴᠠᠩᠱ᠌ᠠ᠎ᠳᠤ ᠰᠠᠭᠤᠭ᠎ᠠ ᠴᠡᠷᠢᠭ ᠠᠩᠭᠢ ᠵᠢᠨ ᠪᠦᠭᠦ ᠳᠠᠷᠤᠭ᠎ᠠ ᠪᠠᠶ᠋ᠢᠯᠳᠤᠭᠴᠢᠳ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠨ᠎ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠵᠠᠩ ᠶᠢᠤ ᠰᠢᠶᠠ ᠪᠠᠷ᠎ᠠ ᠪᠣᠯᠵᠤ ᠠᠭᠤᠯᠵᠠᠵᠠᠢ᠃


 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠠᠮᠧᠷᠢᠺᠠ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ ᠪᠣᠯᠣᠨ ᠪᠠᠶ᠋ᠢᠯᠳᠤᠬᠤ ᠪᠣᠳᠣᠯᠭ᠎ᠠ ᠵᠢᠨ ᠡᠷᠳᠡᠮ ᠰᠢᠨᠵᠢᠯᠡᠭᠡᠨ᠎ᠤ ᠡᠲᠡᠭᠡᠳ᠎ᠤᠨ ᠲᠥᠯᠥᠭᠡᠯᠡᠭᠴᠢᠳ᠎ᠲᠠᠢ ᠠᠭᠤᠯᠵᠠᠪᠠ
ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ᠎ᠳᠤ ᠳᠡᠪᠰᠢᠭᠦᠯᠬᠦ ᠶᠣᠰᠣᠯᠠᠯ ᠶᠠᠪᠤᠭᠤᠯᠪᠠ ᠰᠢ ᠵᠢᠨ ᠫᠢᠩ ᠵᠠᠷᠯᠢᠭ᠎ᠤᠨ ᠪᠢᠴᠢᠭ ᠭᠠᠷᠳᠠᠭᠤᠯᠤᠭᠰᠠᠨ ᠪᠥᠭᠡᠳ ᠴᠣᠯᠠ᠎ᠳᠤ ᠳᠡᠪᠰᠢᠭᠰᠡᠨ ᠣᠹᠢᠼᠧᠷ᠎ᠲᠤ ᠪᠠᠶᠠᠷ ᠬᠦᠷᠭᠡᠵᠡᠢ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠠᠷᠠᠳ ᠲᠦᠮᠡᠨ᠎ᠢ ᠳᠡᠭᠡᠳᠦᠯᠡᠬᠦ ᠵᠢ ᠡᠷᠬᠡᠪᠰᠢ ᠪᠠᠷᠢᠮᠲᠠᠯᠠᠬᠤ ᠬᠡᠷᠡᠭᠲᠡᠢ
ᠰᠢ ᠵᠢᠨ ᠫᠢᠩ ᠠᠮᠧᠷᠢᠺᠠ ᠵᠢᠨ ᠶᠡᠷᠦᠩᠬᠡᠶ᠋ᠢᠯᠡᠭᠴᠢ ᠪᠠᠶ᠋ᠢᠳᠧᠨ᠎ᠲᠠᠢ ᠤᠲᠠᠰᠤ᠎ᠪᠠᠷ ᠶᠠᠷᠢᠯᠴᠠᠪᠠ
ᠰᠢ ᠵᠢᠨ ᠫᠢᠩ ᠨᠡᠶ᠋ᠢᠰᠯᠡᠯ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠤᠯᠴᠠᠬᠤ᠎ᠳᠠᠭᠠᠨ ᠴᠢᠬᠤᠯᠠᠴᠢᠯᠠᠭᠰᠠᠨ᠎ᠨᠢ ᠪᠦᠭᠦ ᠠᠷᠠᠳ ᠵᠶ᠋ᠠᠷ ᠵᠶ᠋ᠠᠨ ᠮᠣᠳᠣ ᠳᠠᠷᠢᠵᠤ ᠨᠣᠭᠤᠭ᠋ᠠᠷᠠᠭᠤᠯᠤᠨ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠬᠡᠷᠡᠭᠲᠡᠢ ᠯᠢ ᠴᠢᠶᠠᠩ ᠵᠤᠤ ᠯᠧ ᠵᠢᠢ ᠸᠠᠩ ᠬᠤ᠌ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠨᠠᠷ ᠣᠷᠣᠯᠴᠠᠪᠠ
 
             蒙ICP备05000248号