ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 27᠎ᠤ ᠴᠠᠭᠢᠯᠭ᠋ᠠᠨ ᠮᠡᠳᠡᠭᠡ 3 ᠰᠠᠷ᠎ᠠ ᠵᠢᠨ 27᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠠᠮᠧᠷᠢᠺᠠ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ ᠪᠣᠯᠣᠨ ᠪᠠᠶ᠋ᠢᠯᠳᠤᠬᠤ ᠪᠣᠳᠣᠯᠭ᠎ᠠ ᠵᠢᠨ ᠡᠷᠳᠡᠮ ᠰᠢᠨᠵᠢᠯᠡᠭᠡᠨ᠎ᠤ ᠡᠲᠡᠭᠡᠳ᠎ᠤᠨ ᠲᠥᠯᠥᠭᠡᠯᠡᠭᠴᠢᠳ᠎ᠲᠠᠢ ᠬᠠᠮᠲᠤ ᠠᠭᠤᠯᠵᠠᠪᠠ᠃

3 ᠰᠠᠷ᠎ᠠ ᠵᠢᠨ 27᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠠᠮᠧᠷᠢᠺᠠ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ ᠪᠣᠯᠣᠨ ᠪᠠᠶ᠋ᠢᠯᠳᠤᠬᠤ ᠪᠣᠳᠣᠯᠭ᠎ᠠ ᠵᠢᠨ ᠡᠷᠳᠡᠮ ᠰᠢᠨᠵᠢᠯᠡᠭᠡᠨ᠎ᠤ ᠡᠲᠡᠭᠡᠳ᠎ᠤᠨ ᠲᠥᠯᠥᠭᠡᠯᠡᠭᠴᠢᠳ᠎ᠲᠠᠢ ᠠᠭᠤᠯᠵᠠᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠱᠧᠨ ᠬᠤᠩ ᠰᠡᠭᠦᠳᠡᠷᠯᠡᠪᠡ
ᠰᠢ ᠵᠢᠨ ᠫᠢᠩ ᠠᠮᠧᠷᠢᠺᠠ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ ᠪᠣᠯᠣᠨ ᠪᠠᠶ᠋ᠢᠯᠳᠤᠬᠤ ᠪᠣᠳᠣᠯᠭ᠎ᠠ ᠵᠢᠨ ᠡᠷᠳᠡᠮ ᠰᠢᠨᠵᠢᠯᠡᠭᠡᠨ᠎ᠤ ᠡᠲᠡᠭᠡᠳ᠎ᠤᠨ᠎ᠬᠢᠨ᠎ᠤ ᠳᠡᠯᠭᠡᠷᠡᠬᠦ ᠬᠠᠪᠤᠷ ᠵᠶ᠋ᠠᠷ ᠳᠤᠮᠳᠠᠳᠤ ᠤᠯᠤᠰ᠎ᠲᠤ ᠠᠶ᠋ᠢᠯᠴᠢᠯᠠᠬᠰᠠᠨᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠪᠡ᠃ ᠰᠢ ᠵᠢᠨ ᠫᠢᠩ᠂ ᠳᠤᠮᠳᠠᠳᠤ ᠠᠮᠧᠷᠢᠺᠠ ᠵᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ᠎ᠤᠨ ᠴᠢᠬᠤᠯᠠ ᠬᠤᠶᠠᠷ ᠲᠠᠯ᠎ᠠ ᠵᠢᠨ ᠬᠠᠷᠢᠯᠴᠠᠭ᠎ᠠ ᠵᠢᠨ ᠨᠢᠭᠡ ᠪᠣᠯᠣᠨ᠎ᠠ᠃ ᠳᠤᠮᠳᠠᠳᠤ ᠠᠮᠧᠷᠢᠺᠠ ᠬᠤᠶᠠᠷ ᠤᠯᠤᠰ ᠬᠠᠮᠲᠤᠷᠠᠯᠴᠠᠬᠤ ᠶᠤᠮ ᠦᠦ ᠡᠰᠡᠬᠦᠯ᠎ᠡ ᠡᠰᠡᠷᠭᠦᠴᠡᠯᠳᠦᠬᠦ ᠶᠤᠮ ᠦᠦ ᠭᠡᠳᠡᠭ᠎ᠨᠢ ᠬᠤᠶᠠᠷ ᠤᠯᠤᠰ᠎ᠤᠨ ᠠᠷᠠᠳ ᠲᠦᠮᠡᠨ᠎ᠤ ᠪᠤᠶᠠᠨ ᠵᠢᠷᠭ᠋ᠠᠯ ᠪᠣᠯᠣᠨ ᠬᠥᠮᠥᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ᠎ᠲᠠᠢ ᠬᠤᠯᠪᠣᠭᠳᠠᠨ᠎ᠠ᠃ ᠳᠤᠮᠳᠠᠳᠤ ᠠᠮᠧᠷᠢᠺᠠ ᠵᠢᠨ ᠲᠤᠰ ᠲᠤᠰ᠎ᠤᠨ ᠠᠮᠵᠢᠯᠲᠠ ᠪᠣᠯ ᠬᠠᠷᠢᠯᠴᠠᠨ ᠠᠵᠠ ᠲᠣᠭᠢᠶᠠᠯ ᠪᠤᠯᠳᠠᠭ᠃ ᠬᠤᠶᠠᠷ ᠲᠠᠯ᠎ᠠ᠎ᠪᠠᠷ ᠵᠶ᠋ᠠᠨ ᠴᠥᠮ ᠨᠦᠭᠦᠭᠡ ᠡᠲᠡᠭᠡᠳ ᠵᠶ᠋ᠠᠨ ᠬᠠᠨᠢᠲᠠᠨ ᠵᠶ᠋ᠠᠷ ᠦᠵᠡᠵᠦ᠂ ᠬᠠᠷᠢᠯᠴᠠᠨ ᠭᠦᠨᠳᠦᠳᠭᠡᠵᠦ᠂ ᠨᠠᠶ᠋ᠢᠷᠠᠮᠳᠠᠯ ᠵᠶ᠋ᠠᠷ ᠵᠡᠷᠭᠡᠴᠡᠨ ᠣᠷᠣᠰᠢᠵᠤ᠂ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ ᠭᠦᠷᠳᠡᠪᠡᠯ᠂ ᠳᠤᠮᠳᠠᠳᠤ ᠠᠮᠧᠷᠢᠺᠠ ᠵᠢᠨ ᠬᠠᠷᠢᠯᠴᠠᠭ᠎ᠠ ᠳᠠᠷᠤᠢ ᠰᠠᠶ᠋ᠢᠵᠢᠷᠠᠬᠤ ᠶᠤᠮ᠃ ᠡᠨᠡ ᠵᠢᠯ ᠪᠣᠯ ᠳᠤᠮᠳᠠᠳᠤ ᠠᠮᠧᠷᠢᠺᠠ ᠵᠢᠨ ᠬᠠᠷᠢᠯᠴᠠᠭ᠎ᠠ ᠪᠠᠶ᠋ᠢᠭᠤᠯᠤᠭᠰᠠᠨ 45 ᠵᠢᠯ᠎ᠤᠨ ᠤᠢ ᠪᠣᠯᠣᠨ᠎ᠠ᠃ ᠳᠤᠮᠳᠠᠳᠤ ᠠᠮᠧᠷᠢᠺᠠ ᠵᠢᠨ ᠬᠠᠷᠢᠯᠴᠠᠭ᠋ᠠᠨ᠎ᠤ ᠲᠡᠦᠬᠡ ᠪᠣᠯ ᠬᠤᠶᠠᠷ ᠤᠯᠤᠰ᠎ᠤᠨ ᠠᠷᠠᠳ ᠲᠦᠮᠡᠨ᠎ᠤ ᠨᠥᠭᠦᠷᠰᠡᠭ ᠶᠠᠪᠤᠯᠴᠠᠭ᠋ᠠᠨ᠎ᠤ ᠲᠡᠦᠬᠡ ᠮᠥᠨ᠂ ᠥᠩᠭᠡᠷᠡᠭᠰᠡᠨ᠎ᠳᠤ ᠠᠷᠠᠳ ᠲᠦᠮᠡᠨ᠎ᠳᠤ ᠲᠦᠰᠢᠭᠯᠡᠨ ᠪᠢᠴᠢᠭᠯᠡᠵᠦ᠂ ᠢᠷᠡᠭᠡᠳᠦᠢ᠎ᠳᠤ ᠨᠡᠩ ᠴᠤ᠌ ᠠᠷᠠᠳ ᠲᠦᠮᠡᠨ᠎ᠳᠤ ᠲᠦᠰᠢᠭᠯᠡᠨ ᠡᠭᠦᠳᠦᠨ ᠪᠦᠲᠦᠭᠡᠬᠦ ᠬᠡᠷᠡᠭᠲᠡᠢ᠃ ᠳᠤᠮᠳᠠᠳᠤ ᠤᠯᠤᠰ᠎ᠲᠤ ᠰᠠᠶ᠋ᠢᠨ᠎ᠢ ᠰᠤᠷᠬᠤᠶᠠ ᠤᠷᠭᠢᠯ᠎ᠳᠤ ᠠᠪᠠᠷᠢᠬᠤ ᠮᠡᠲᠦ ᠪᠡᠷᠬᠡ᠂ ᠮᠠᠭᠤ ᠵᠢ ᠰᠤᠷᠬᠤᠶᠠ ᠴᠠᠰᠤᠨ ᠢᠪᠡᠷᠡᠬᠦ ᠮᠡᠲᠦ ᠭᠢᠯᠪᠠᠷ ᠭᠡᠳᠡᠭ ᠦᠭᠡ ᠪᠠᠶ᠋ᠢᠳᠠᠭ᠃ ᠬᠤᠶᠠᠷ ᠤᠯᠤᠰ᠎ᠤᠨ ᠡᠯ᠎ᠡ ᠡᠲᠡᠭᠡᠳ᠎ᠤᠨ ᠬᠥᠮᠥᠰ ᠢᠯᠡᠭᠦᠬᠡᠨ ᠶᠠᠪᠤᠯᠴᠠᠵᠤ᠂ ᠢᠯᠡᠭᠦᠬᠡᠨ ᠰᠣᠯᠢᠯᠴᠠᠵᠤ᠂ ᠲᠠᠰᠤᠷᠠᠯᠲᠠ ᠦᠭᠡᠢ ᠬᠠᠮᠲᠤ ᠵᠢᠨ ᠲᠠᠨᠢᠯᠲᠠ᠎ᠪᠠᠨ ᠬᠤᠷᠠᠮᠳᠤᠭᠤᠯᠵᠤ᠂ ᠢᠲᠡᠭᠡᠯᠴᠡᠭᠡ᠎ᠪᠠᠨ ᠨᠡᠮᠡᠭᠳᠡᠭᠦᠯᠵᠦ᠂ ᠡᠯ᠎ᠡ ᠵᠦᠢ᠍ᠯ᠎ᠤᠨ ᠬᠠᠷᠰᠢ ᠰᠠᠭ᠋ᠠᠳ᠎ᠢ ᠠᠷᠢᠯᠭ᠋ᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠬᠤᠶᠠᠷ ᠤᠯᠤᠰ᠎ᠤᠨ ᠠᠷᠠᠳ ᠲᠦᠮᠡᠨ᠎ᠳᠤ ᠨᠡᠩ ᠤᠯᠠᠨ ᠦᠨᠡᠨ ᠪᠣᠳᠠᠲᠠᠢ ᠪᠤᠶᠠᠨ ᠦᠢ᠍ᠯᠡᠳᠴᠦ᠂ ᠳᠡᠯᠡᠬᠡᠢ ᠳ᠋ᠠᠬᠢᠨ᠎ᠳᠤ ᠨᠡᠩ ᠤᠯᠠᠨ ᠲᠣᠭᠲᠠᠭᠤᠨ ᠴᠢᠨᠠᠷ ᠨᠡᠮᠡᠷᠢᠯᠡᠬᠦ ᠵᠢ ᠬᠦᠰᠡᠵᠦ ᠪᠠᠶ᠋ᠢᠨ᠎ᠠ ᠭᠡᠵᠦ ᠢᠯᠡᠳᠬᠡᠪᠡ᠃
ᠰᠢ ᠵᠢᠨ ᠫᠢᠩ ᠠᠮᠧᠷᠢᠺᠠ ᠵᠢᠨ ᠲᠠᠯ᠎ᠠ ᠵᠢᠨ ᠲᠥᠯᠥᠭᠡᠯᠡᠭᠴᠢᠳ᠎ᠤᠨ ᠬᠡᠯᠡᠬᠦ ᠵᠢ ᠨᠠᠷᠢᠨ ᠬᠢᠨᠠᠮᠠᠭ᠋ᠠᠢ ᠰᠣᠨᠣᠰᠤᠭᠰᠠᠨ ᠪᠥᠭᠡᠳ ᠳᠡᠳᠡᠨ᠎ᠤ ᠬᠠᠯᠠᠮᠵᠢᠯᠠᠵᠤ ᠪᠠᠶ᠋ᠢᠭ᠎ᠠ ᠠᠰᠠᠭᠤᠳᠠᠯ᠎ᠳᠤ ᠨᠢᠭᠡᠳ ᠨᠢᠭᠡ᠎ᠪᠠᠷ ᠬᠠᠷᠢᠭᠤᠯᠲᠠ ᠥᠭᠪᠡ᠃
ᠰᠢ ᠵᠢᠨ ᠫᠢᠩ᠂ ᠳᠤᠮᠳᠠᠳᠤ ᠤᠯᠤᠰ᠎ᠤᠨ ᠠᠵᠤ ᠠᠬᠤᠢ ᠪᠣᠯ ᠡᠷᠡᠭᠦᠯ ᠪᠥᠭᠡᠳ ᠦᠷᠭᠦᠯᠵᠢᠯᠡᠬᠦ ᠴᠢᠨᠠᠷᠲᠠᠢ ᠶᠤᠮ᠃ ᠨᠢᠳᠤᠨᠤᠨ ᠳᠤᠮᠳᠠᠳᠤ ᠤᠯᠤᠰ᠎ᠤᠨ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ ᠳᠡᠯᠡᠬᠡᠢ ᠵᠢᠨ ᠭᠤᠣᠯ ᠪᠤᠯᠬᠤ ᠠᠵᠤ ᠠᠬᠤᠢ ᠵᠢᠨ ᠴᠣᠭᠴᠠ ᠵᠢᠨ ᠳᠣᠲᠣᠷ᠎ᠠ ᠡᠮᠦᠨ᠎ᠡ ᠡᠩᠨᠡᠭᠡᠨ᠎ᠳᠤ ᠣᠷᠣᠵᠤ᠂ ᠳᠡᠯᠡᠬᠡᠢ ᠵᠢᠨ ᠠᠵᠤ ᠠᠬᠤᠢ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠤᠷᠮ᠎ᠠ ᠦᠷᠭᠦᠯᠵᠢᠯᠡᠨ 30% ᠵᠢ ᠳᠠᠪᠠᠪᠠ᠂ ᠡᠭᠦᠨ᠎ᠢ ᠳᠤᠮᠳᠠᠳᠤ ᠤᠯᠤᠰ᠎ᠤᠨ ᠠᠷᠠᠳ ᠲᠦᠮᠡᠨ ᠬᠢᠵᠦ ᠪᠦᠲᠦᠭᠡᠭᠰᠡᠨ ᠪᠥᠭᠡᠳ ᠤᠯᠠᠨ ᠤᠯᠤᠰ᠎ᠤᠨ ᠬᠠᠮᠲᠤᠷᠠᠯᠴᠠᠭ᠎ᠠ᠎ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠤᠯᠤᠰ᠎ᠤᠨ ᠬᠥᠭᠵᠢᠯᠲᠡ ᠡᠯ᠎ᠡ ᠵᠦᠢ᠍ᠯ᠎ᠤᠨ ᠬᠦᠴᠢᠷ ᠪᠡᠷᠬᠡᠰᠢᠶᠡᠯ ᠥᠷᠢᠰᠦᠯᠳᠦᠭᠡᠨ᠎ᠢ ᠥᠩᠭᠡᠷᠡᠭᠡᠭᠡᠳ ᠰᠠᠶᠢ ᠥᠨᠥᠳᠥᠷ᠎ᠲᠤ ᠬᠦᠷᠴᠡᠢ᠂ ᠥᠩᠭᠡᠷᠡᠭᠰᠡᠨ᠎ᠳᠤ 《ᠳᠤᠮᠳᠠᠳᠤ ᠤᠯᠤᠰ ᠰᠦᠢ᠍ᠷᠡᠬᠦ ᠤᠨᠤᠯ》᠎ᠠᠴᠠ ᠪᠣᠯᠵᠤ ᠰᠦᠢ᠍ᠷᠡᠭᠰᠡᠨ ᠦᠭᠡᠢ᠂ ᠤᠳᠤ ᠴᠤ᠌ 《ᠳᠤᠮᠳᠠᠳᠤ ᠤᠯᠤᠰ ᠤᠷᠭᠢᠯ᠎ᠳᠠᠭᠠᠨ ᠲᠤᠯᠤᠭᠰᠠᠨ ᠤᠨᠤᠯ》᠎ᠠᠴᠠ ᠪᠣᠯᠵᠤ ᠤᠷᠭᠢᠯ᠎ᠳᠠᠭᠠᠨ ᠲᠤᠯᠬᠤ ᠶᠤᠮ ᠪᠢᠰᠢ᠃ ᠪᠢᠳᠡ ᠴᠢᠨᠠᠷ ᠰᠠᠶ᠋ᠢᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠢ ᠲᠠᠰᠤᠷᠠᠯᠲᠠ ᠦᠭᠡᠢ ᠨᠠᠩ ᠰᠠᠶ᠋ᠢᠨ ᠠᠮᠢᠳᠤᠷᠠᠭᠤᠯᠬᠤ ᠪᠥᠭᠡᠳ ᠪᠠᠰᠠ ᠳᠡᠯᠡᠬᠡᠢ ᠵᠢᠨ ᠦᠷᠭᠦᠯᠵᠢᠯᠡᠬᠦ ᠬᠥᠭᠵᠢᠯᠲᠡ᠎ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃ ᠳᠤᠮᠳᠠᠳᠤ ᠤᠯᠤᠰ᠎ᠤᠨ ᠬᠥᠭᠵᠢᠯᠲᠡ ᠵᠢᠨ ᠢᠷᠡᠭᠡᠳᠦᠢ ᠪᠣᠯ ᠭᠡᠭᠡᠨ ᠰᠠᠷᠠᠭᠤᠯ ᠶᠤᠮ᠂ ᠪᠢᠳᠡ ᠢᠲᠡᠭᠡᠯ ᠲᠡᠭᠦᠯᠳᠡᠷ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠵᠢᠨ ᠳᠤᠮᠳᠠᠳᠤ ᠤᠯᠤᠰ᠎ᠤᠨ ᠲᠣᠮᠣ ᠠᠯᠬᠤᠮ ᠵᠶ᠋ᠠᠷ ᠴᠠᠭ ᠦᠶ᠎ᠡ ᠵᠢ ᠬᠥᠭᠡᠭᠡᠵᠦ ᠭᠦᠢ᠍ᠴᠡᠬᠦ ᠴᠢᠬᠤᠯᠠ ᠡᠷᠳᠡᠨᠢ ᠮᠥᠨ᠃ ᠳᠤᠮᠳᠠᠳᠤ ᠤᠯᠤᠰ᠎ᠤᠨ ᠥᠭᠡᠷᠡᠴᠢᠯᠡᠯᠲᠡ ᠵᠣᠭᠰᠣᠰᠢ ᠦᠭᠡᠢ ᠶᠤᠮ᠂ ᠨᠡᠭᠡᠭᠡᠯᠲᠡ ᠵᠣᠭᠰᠣᠰᠢ ᠦᠭᠡᠢ ᠶᠤᠮ᠃ ᠪᠢᠳᠡ ᠶᠠᠭ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ ᠵᠢ ᠲᠥᠯᠥᠪᠵᠢᠭᠦᠯᠦᠨ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠲᠡᠷᠢᠭᠦᠨ᠎ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠢ ᠦᠷᠭᠦᠯᠵᠢᠯᠡᠨ ᠪᠠᠶ᠋ᠢᠭᠤᠯᠵᠤ᠂ ᠠᠮᠧᠷᠢᠺᠠ ᠵᠢᠨ ᠠᠵᠤ ᠠᠬᠤᠶ᠋ᠢᠯᠠᠯ᠎ᠢ ᠪᠠᠭᠲᠠᠭ᠋ᠠᠭᠰᠠᠨ ᠡᠯ᠎ᠡ ᠤᠯᠤᠰ᠎ᠤᠨ ᠠᠵᠤ ᠠᠬᠤᠶ᠋ᠢᠯᠠᠯ᠎ᠳᠤ ᠨᠡᠩ ᠥᠷᠭᠡᠨ ᠠᠭᠤᠳᠠᠮ ᠬᠥᠭᠵᠢᠯᠲᠡ ᠵᠢᠨ ᠣᠷᠣᠨ ᠵᠠᠢ ᠬᠠᠩᠭ᠋ᠠᠵᠤ ᠪᠠᠶ᠋ᠢᠨ᠎ᠠ᠃ ᠳᠤᠮᠳᠠᠳᠤ ᠠᠮᠧᠷᠢᠺᠠ ᠵᠢᠨ ᠠᠵᠤ ᠠᠬᠤᠢ ᠠᠷᠠᠯᠵᠢᠶᠠᠨ᠎ᠤ ᠬᠠᠷᠢᠯᠴᠠᠭ᠎ᠠ ᠵᠢᠨ ᠣᠶ᠋ᠢᠷ᠎ᠠ ᠵᠢᠨ ᠵᠢᠯ᠎ᠳᠤ ᠢᠯᠡᠷᠡᠭᠰᠡᠨ ᠰᠢᠨ᠎ᠡ ᠪᠠᠶ᠋ᠢᠳᠠᠯ ᠰᠢᠨ᠎ᠡ ᠬᠤᠪᠢᠷᠠᠯᠲᠠ ᠵᠢᠨ ᠡᠮᠦᠨ᠎ᠡ᠂ ᠬᠤᠶᠠᠷ ᠲᠠᠯ᠎ᠠ᠎ᠪᠠᠷ ᠵᠶ᠋ᠠᠨ ᠬᠠᠷᠢᠯᠴᠠᠨ ᠬᠦᠨᠳᠦᠳᠬᠡᠬᠦ᠂ ᠬᠠᠷᠢᠯᠴᠠᠨ ᠬᠠᠷᠠᠭ᠋ᠠᠯᠵᠠᠵᠤ ᠬᠠᠷᠢᠯᠴᠠᠨ ᠠᠰᠢᠭᠲᠠᠢ ᠪᠠᠶ᠋ᠢᠬᠤ᠂ ᠡᠷᠬᠡ ᠲᠡᠭᠰᠢ᠎ᠪᠠᠷ ᠵᠥᠪᠳᠡᠯᠴᠡᠬᠦ ᠵᠢ ᠪᠠᠷᠢᠮᠲᠠᠯᠠᠵᠤ᠂ ᠠᠵᠤ ᠠᠬᠤᠢ ᠵᠢᠨ ᠵᠢᠮ᠎ᠡ ᠶᠣᠰᠣ ᠪᠣᠯᠣᠨ ᠵᠠᠬ᠎ᠠ ᠳᠡᠯᠭᠡᠭᠦᠷ᠎ᠤᠨ ᠳᠦᠷᠢᠮ ᠶᠣᠰᠣᠭ᠋ᠠᠷ ᠠᠵᠢᠯᠯᠠᠵᠤ᠂ ᠠᠵᠤ ᠠᠬᠤᠢ ᠠᠷᠠᠯᠵᠢᠶᠠᠨ᠎ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠵᠢ ᠥᠷᠭᠡᠳᠬᠡᠨ ᠭᠦᠨᠵᠡᠭᠡᠶ᠋ᠢᠷᠡᠭᠦᠯᠵᠦ᠂ ᠲᠤᠰ ᠲᠤᠰ᠎ᠤᠨ ᠵᠶ᠋ᠠᠨ ᠬᠥᠭᠵᠢᠯᠲᠡ ᠵᠢᠨ ᠡᠷᠬᠡ ᠵᠢ ᠭᠦᠨᠳᠦᠳᠭᠡᠵᠦ᠂ ᠳᠤᠮᠳᠠᠳᠤ ᠠᠮᠧᠷᠢᠺᠠ ᠵᠢᠨ ᠬᠠᠮᠲᠤ᠎ᠪᠠᠷ ᠠᠰᠢᠭ ᠭᠦᠷᠳᠡᠭᠦ ᠪᠠ ᠳᠡᠯᠡᠬᠡᠢ ᠳ᠋ᠠᠬᠢᠨ᠎ᠤ ᠬᠠᠮᠲᠤ᠎ᠪᠠᠷ ᠠᠰᠢᠭ ᠭᠦᠷᠳᠡᠭᠦ ᠵᠢ ᠬᠥᠭᠡᠭᠡᠴᠡᠯᠳᠦᠬᠦ ᠬᠡᠷᠡᠭᠲᠡᠢ᠃ ᠠᠮᠧᠷᠢᠺᠠ ᠵᠢᠨ ᠠᠵᠤ ᠠᠬᠤᠶ᠋ᠢᠯᠠᠯ᠎ᠤᠨ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠤᠯᠤᠰ᠎ᠤᠨ ᠣᠯᠠᠨ ᠤᠯᠤᠰ᠎ᠤᠨ ᠭᠠᠳᠠᠭ᠋ᠠᠳᠤ ᠣᠷᠣᠭᠤᠯᠤᠯᠲᠠ ᠵᠢᠨ ᠦᠵᠡᠰᠭᠦᠯᠡᠩ᠎ᠤᠨ ᠴᠤᠭᠯᠠᠭ᠋ᠠᠨ ᠵᠡᠷᠭᠡ ᠲᠣᠮᠣ ᠭᠡᠯᠪᠡᠷᠢ ᠵᠢᠨ ᠠᠵᠤ ᠠᠬᠤᠢ ᠠᠷᠠᠯᠵᠢᠶᠠᠨ᠎ᠤ ᠠᠵᠢᠯᠯᠠᠭ᠎ᠠ᠎ᠳᠤ ᠨᠠᠩ ᠣᠯᠠᠨ ᠣᠷᠣᠯᠴᠠᠵᠤ᠂ ᠦᠷᠭᠦᠯᠵᠢᠯᠡᠨ ᠳᠤᠮᠳᠠᠳᠤ ᠤᠯᠤᠰ᠎ᠲᠤ ᠪᠡᠯᠡ ᠣᠷᠣᠭᠤᠯᠵᠤ᠂ ᠳᠤᠮᠳᠠᠳᠤ ᠤᠯᠤᠰ᠎ᠲᠤ ᠦᠨᠳᠦᠰᠦᠯᠡᠵᠦ᠂ ᠳᠤᠮᠳᠠᠳᠤ ᠤᠯᠤᠰ᠎ᠲᠤ ᠠᠰᠢᠭ ᠭᠦᠷᠳᠡᠭᠦ ᠵᠢ ᠪᠠᠶᠠᠷᠯᠠᠨ ᠤᠭᠲᠤᠵᠤ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠡᠨᠡ ᠬᠡᠳᠦᠨ ᠵᠢᠯ᠎ᠳᠤ᠂ ᠳᠤᠮᠳᠠᠳᠤ ᠠᠮᠧᠷᠢᠺᠠ ᠵᠢᠨ ᠬᠠᠷᠢᠯᠴᠠᠭ᠎ᠠ ᠴᠥᠭᠡᠨ ᠪᠤᠰᠤ ᠨᠤᠭᠤᠷᠠᠯ ᠪᠦᠳᠦᠷᠢᠯ᠎ᠢ ᠥᠩᠭᠡᠷᠡᠭᠦᠯᠵᠦ᠂ ᠪᠠᠰᠠ ᠬᠦᠨᠳᠦ ᠨᠣᠴᠢᠲᠠᠢ ᠥᠷᠢᠰᠦᠯᠳᠦᠭᠡᠨ᠎ᠳᠤ ᠲᠤᠯᠭ᠋ᠠᠷᠠᠵᠤ ᠥᠩᠭᠡᠷᠡᠪᠡ᠂ ᠡᠭᠦᠨ᠎ᠤ ᠰᠤᠷᠭ᠋ᠠᠮᠵᠢ ᠵᠢ ᠰᠢᠩᠭᠡᠬᠡᠨ ᠠᠪᠤᠭᠤᠰᠢᠲᠠᠢ ᠶᠤᠮ᠃ ᠳᠤᠮᠳᠠᠳᠤ ᠠᠮᠧᠷᠢᠺᠠ ᠵᠢᠨ ᠬᠠᠷᠢᠯᠴᠠᠭ᠎ᠠ ᠥᠩᠭᠡᠷᠡᠭᠰᠡᠨ᠎ᠳᠡᠭᠡᠨ ᠪᠤᠴᠠᠵᠤ ᠳᠡᠶ᠋ᠢᠯᠭᠦ ᠦᠭᠡᠢ ᠪᠤᠯᠪᠠᠴᠤ ᠨᠡᠩ ᠰᠠᠶ᠋ᠢᠨ ᠰᠠᠶ᠋ᠢᠬᠠᠨ ᠢᠷᠡᠭᠡᠳᠦᠢ᠎ᠲᠠᠢ ᠪᠤᠯᠬᠤ ᠶᠤᠮ᠃ ᠨᠢᠳᠤᠨᠤᠨ ᠪᠢ ᠶᠡᠷᠦᠩᠬᠡᠶ᠋ᠢᠯᠡᠭᠴᠢ ᠪᠠᠶ᠋ᠢᠳᠧᠨ᠎ᠲᠠᠢ ᠰᠠᠨ ᠹᠷᠠᠨᠰᠢᠰᠺᠤ᠎ᠳᠤ ᠠᠭᠤᠯᠵᠠᠭᠰᠠᠨᠤ ᠬᠠᠮᠤᠭ᠎ᠤᠨ ᠶᠡᠭᠡ ᠬᠠᠮᠲᠤ ᠵᠢᠨ ᠲᠠᠨᠢᠯᠲᠠ ᠪᠣᠯ ᠳᠤᠮᠳᠠᠳᠤ ᠠᠮᠧᠷᠢᠺᠠ ᠵᠢᠨ ᠬᠠᠷᠢᠴᠠᠭ᠎ᠠ ᠵᠢ ᠲᠣᠭᠲᠠᠪᠤᠷᠢᠵᠢᠭᠤᠯᠵᠤ᠂ ᠰᠠᠶ᠋ᠢᠵᠢᠷᠠᠭᠤᠯᠬᠤ ᠶᠠᠪᠤᠳᠠᠯ ᠪᠣᠯᠣᠨ᠎ᠠ᠃ ᠥᠩᠭᠡᠷᠡᠭᠰᠡᠨ ᠬᠡᠳᠦᠨ ᠰᠠᠷ᠎ᠠ᠎ᠳᠤ᠂ ᠬᠤᠶᠠᠷ ᠲᠠᠯ᠎ᠠ ᠵᠢᠨ ᠪᠦᠯᠭᠦᠮ ᠮᠢᠨᠤ ᠶᠡᠷᠦᠩᠬᠡᠶ᠋ᠢᠯᠡᠭᠴᠢ ᠪᠠᠶ᠋ᠢᠳᠧᠨ᠎ᠲᠠᠢ ᠲᠣᠬᠢᠷᠠᠯᠴᠠᠭᠰᠠᠨ ᠬᠠᠮᠲᠤ ᠵᠢᠨ ᠲᠠᠨᠢᠯᠲᠠ ᠵᠢᠨ ᠲᠣᠭᠤᠷᠢᠨ᠎ᠳᠤ᠂ ᠤᠯᠤᠰ ᠲᠦᠷᠦ ᠵᠢᠨ ᠭᠠᠳᠠᠭ᠋ᠠᠳᠤ ᠬᠠᠷᠢᠯᠴᠠᠭ᠎ᠠ᠂ ᠠᠵᠤ ᠠᠬᠤᠢ ᠠᠷᠠᠯᠵᠢᠶ᠎ᠠ ᠡᠳ᠋᠎ᠤᠨ ᠵᠠᠰᠠᠭ ᠮᠥᠩᠭᠦᠨ ᠭᠦᠢ᠍ᠯᠭᠡᠭᠡ᠂ ᠬᠠᠤᠯᠢ ᠬᠡᠷᠡᠭᠵᠢᠭᠦᠯᠵᠦ ᠬᠤᠣᠷ ᠴᠠᠭ᠋ᠠᠵᠠᠯᠠᠬᠤ᠂ ᠠᠭᠤᠷ ᠠᠮᠢᠰᠬᠤᠯ᠎ᠤᠨ ᠬᠤᠪᠢᠷᠠᠯᠲᠠ᠂ ᠰᠣᠶᠣᠯ ᠢᠷᠭᠡᠨᠰᠢᠯ᠎ᠤᠨ ᠰᠣᠯᠢᠯᠴᠠᠭ᠎ᠠ ᠵᠡᠷᠭᠡ ᠡᠯ᠎ᠡ ᠬᠦᠷᠢᠶᠡᠨ᠎ᠳᠤ ᠣᠯᠣᠯᠴᠠᠭ᠎ᠠ᠎ᠪᠠᠨ ᠪᠠᠲᠤᠯᠠᠵᠤ᠂ ᠠᠬᠢᠴᠠ᠎ᠲᠠᠢ ᠪᠣᠯᠪᠠ᠃ ᠣᠳᠣᠬᠠᠨ᠎ᠤ ᠪᠠᠶ᠋ᠢᠳᠠᠯ ᠳᠣᠣᠷ᠎ᠠ ᠳᠤᠮᠳᠠᠳᠤ ᠠᠮᠧᠷᠢᠺᠠ ᠵᠢᠨ ᠬᠠᠮᠲᠤ ᠵᠢᠨ ᠠᠰᠢᠭ ᠲᠤᠰᠠ ᠪᠠᠭ᠋ᠠᠰᠤᠭᠰᠠᠨ ᠪᠢᠰᠢ ᠬᠠᠷᠢᠨ ᠨᠡᠩ ᠤᠯᠠᠨ ᠪᠣᠯᠤᠭᠰᠠᠨ ᠪᠠᠶ᠋ᠢᠨ᠎ᠠ᠃ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ ᠵᠡᠷᠭᠡ ᠤᠯᠠᠮᠵᠢᠯᠠᠯᠲᠤ ᠬᠦᠷᠢᠶ᠎ᠡ ᠭᠡᠰᠡᠨ ᠴᠦ᠍᠂ ᠡᠰᠡᠬᠦᠯ᠎ᠡ ᠠᠭᠤᠷ ᠠᠮᠢᠰᠬᠤᠯ᠎ᠤᠨ ᠬᠤᠪᠢᠷᠠᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ᠎ᠪᠠᠷ ᠮᠠᠨᠳᠤᠭᠰᠠᠨ ᠬᠦᠷᠢᠶ᠎ᠡ ᠭᠡᠰᠡᠨ ᠴᠦ᠍᠂ ᠳᠤᠮᠳᠠᠳᠤ ᠠᠮᠧᠷᠢᠺᠠ ᠨᠦᠭᠦᠭᠡ ᠲᠠᠯ᠎ᠠ ᠵᠢᠨ ᠵᠶ᠋ᠠᠨ ᠬᠥᠭᠵᠢᠯᠲᠡ ᠵᠢᠨ ᠬᠦᠴᠦᠨ ᠪᠤᠯᠬᠤ ᠶᠣᠰᠣᠲᠠᠢ᠂ ᠬᠠᠷᠢᠨ ᠬᠠᠷᠰᠢ ᠰᠠᠭ᠋ᠠᠳ ᠪᠣᠯᠵᠤ ᠪᠤᠯᠬᠤ ᠦᠭᠡᠢ᠃ ᠳᠡᠯᠡᠬᠡᠢ ᠵᠢᠨ ᠠᠵᠤ ᠠᠬᠤᠢ ᠵᠢᠨ ᠰᠡᠷᠭᠦᠯᠲᠡ ᠵᠢ ᠠᠬᠢᠭᠤᠯᠵᠤ᠂ ᠳᠡᠯᠡᠬᠡᠢ ᠵᠢᠨ ᠪᠠ ᠭᠠᠵᠠᠷ ᠣᠷᠣᠨ᠎ᠤ ᠬᠠᠯᠠᠮᠰᠢᠯ ᠠᠰᠠᠭᠤᠳᠠᠯ᠎ᠢ ᠰᠢᠢ᠍ᠳᠪᠦᠷᠢᠯᠡᠬᠦ᠎ᠳᠤ ᠴᠥᠮ ᠳᠤᠮᠳᠠᠳᠤ ᠠᠮᠧᠷᠢᠺᠠ ᠵᠢᠨ ᠵᠣᠬᠢᠴᠠᠭᠤᠯᠭ᠎ᠠ ᠬᠠᠮᠲᠤᠷᠠᠯᠴᠠᠭ᠎ᠠ ᠵᠢ ᠱᠠᠭ᠋ᠠᠷᠳᠠᠵᠤ᠂ ᠲᠣᠮᠣ ᠤᠯᠤᠰ᠎ᠤᠨ ᠬᠡᠬᠦᠳᠡᠭ ᠴᠡᠭᠡᠵᠢ᠎ᠲᠠᠢ ᠪᠠᠶ᠋ᠢᠵᠤ᠂ ᠲᠣᠮᠣ ᠤᠯᠤᠰ᠎ᠤᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠠᠮᠧᠷᠢᠺᠠ ᠵᠢᠨ ᠲᠠᠯ᠎ᠠ ᠵᠢᠨ᠎ᠬᠢᠨ ᠳᠤᠮᠳᠠᠳᠤ ᠤᠯᠤᠰ᠎ᠲᠠᠢ ᠠᠳᠠᠯᠢ ᠴᠢᠭᠯᠡᠯ ᠵᠶ᠋ᠠᠷ ᠤᠷᠤᠭᠰᠢᠯᠠᠵᠤ᠂ ᠵᠥᠪ ᠪᠠᠶ᠋ᠢᠯᠳᠤᠬᠤ ᠪᠣᠳᠣᠯᠭ᠎ᠠ ᠵᠢᠨ ᠲᠠᠨᠢᠯᠲᠠ ᠵᠢ ᠪᠤᠢ ᠪᠤᠯᠭ᠋ᠠᠵᠤ᠂ ᠰᠡᠷᠭᠡᠭ ᠠᠰᠠᠭᠤᠳᠠᠯ᠎ᠢ ᠵᠣᠬᠢᠰᠲᠠᠢ ᠰᠢᠢ᠍ᠳᠪᠦᠷᠢᠯᠡᠵᠦ᠂ ᠳᠤᠮᠳᠠᠳᠤ ᠠᠮᠧᠷᠢᠺᠠ ᠵᠢᠨ ᠬᠠᠷᠢᠯᠴᠠᠭ᠎ᠠ ᠵᠢᠨ ᠪᠠᠭᠤᠷᠠᠯᠲᠠ ᠵᠢ ᠵᠣᠭᠰᠣᠭ᠋ᠠᠵᠤ ᠲᠣᠭᠲᠠᠭᠤᠨ ᠪᠠᠶ᠋ᠢᠬᠤ ᠬᠠᠨᠳᠤᠰᠢ ᠵᠢ ᠪᠠᠲᠤᠯᠠᠵᠤ᠂ ᠵᠥᠪ ᠵᠶ᠋ᠠᠷ ᠬᠠᠷᠢᠯᠴᠠᠬᠤ ᠵᠠᠮ᠎ᠢ ᠢᠳᠡᠪᠬᠢᠲᠡᠢ ᠰᠦᠪᠡᠭᠴᠢᠯᠡᠵᠦ᠂ ᠳᠤᠮᠳᠠᠳᠤ ᠠᠮᠧᠷᠢᠺᠠ ᠵᠢᠨ ᠬᠠᠷᠢᠯᠴᠠᠭ᠎ᠠ ᠵᠢᠨ ᠦᠷᠭᠦᠯᠵᠢᠯᠡᠨ ᠲᠣᠭᠲᠠᠭᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠪᠠᠯ ᠵᠣᠬᠢᠨ᠎ᠠ ᠭᠡᠵᠦ ᠴᠢᠬᠤᠯᠠᠴᠢᠯᠠᠪᠠ᠃
ᠠᠮᠧᠷᠢᠺᠠ ᠳᠤᠮᠳᠠᠳᠤ ᠵᠢᠨ ᠬᠠᠷᠢᠯᠴᠠᠭ᠋ᠠᠨ᠎ᠤ ᠪᠦᠭᠦ ᠤᠯᠤᠰ᠎ᠤᠨ ᠵᠥᠪᠯᠡᠯ᠎ᠤᠨ ᠬᠡᠷᠡᠭ ᠮᠡᠳᠡᠭᠴᠢᠳ᠎ᠤᠨ ᠬᠤᠷᠠᠯ᠎ᠤᠨ ᠲᠡᠷᠢᠭᠦᠯᠡᠭᠴᠢ ᠭᠧᠯᠢᠨᠪᠤᠭᠧ᠂ ᠾᠧᠢ ᠱ᠌ᠢ ᠪᠦᠯᠦᠭᠯᠡᠯ᠎ᠤᠨ ᠬᠡᠷᠡᠭ ᠮᠡᠳᠡᠭᠴᠢᠳ᠎ᠤᠨ ᠳᠠᠷᠤᠭ᠎ᠠ ᠪᠥᠭᠡᠳ ᠲᠡᠷᠢᠭᠦᠨ ᠭᠦᠢ᠍ᠴᠡᠳᠭᠡᠭᠴᠢ ᠲᠤᠰᠢᠶᠠᠯᠲᠠᠨ ᠰᠦ᠍ ᠱ᠌ᠢ ᠮᠢᠨ᠂ ᠭᠤᠤ ᠲᠦᠩ ᠺᠤᠮᠫᠠᠨᠢ ᠵᠢᠨ ᠶᠡᠷᠦᠩᠬᠡᠢ ᠵᠠᠬᠢᠷᠤᠭᠴᠢ ᠪᠥᠭᠡᠳ ᠲᠡᠷᠢᠭᠦᠨ ᠭᠦᠢ᠍ᠴᠡᠳᠭᠡᠭᠴᠢ ᠲᠤᠰᠢᠶᠠᠯᠲᠠᠨ ᠠᠨᠮᠧᠩ᠂ ᠬᠠᠹᠧᠷᠳ᠋ ᠶᠡᠭᠡ ᠰᠤᠷᠭ᠋ᠠᠭᠤᠯᠢ ᠵᠢᠨ ᠺᠧᠨᠨᠢᠳᠢ ᠵᠠᠰᠠᠭ᠎ᠤᠨ ᠣᠷᠳᠣᠨ᠎ᠤ ᠳᠡᠭᠡᠳᠦ ᠰᠤᠷᠭ᠋ᠠᠭᠤᠯᠢ ᠵᠢᠨ ᠡᠭᠦᠰᠬᠡᠨ ᠪᠠᠶ᠋ᠢᠭᠤᠯᠤᠭᠰᠠᠨ ᠵᠠᠬᠢᠷᠤᠯ ᠠᠶ᠋ᠢᠯᠢᠰᠧᠨ᠂ ᠠᠮᠧᠷᠢᠺᠠ ᠳᠤᠮᠳᠠᠳᠤ ᠵᠢᠨ ᠠᠷᠠᠯᠵᠢᠶᠠᠨ᠎ᠤ ᠪᠦᠭᠦ ᠤᠯᠤᠰ᠎ᠤᠨ ᠵᠥᠪᠯᠡᠯ᠎ᠤᠨ ᠳᠠᠷᠤᠭ᠎ᠠ ᠠᠶ᠋ᠢᠯ᠎ᠦᠨ ᠵᠡᠷᠭᠡ ᠠᠮᠧᠷᠢᠺᠠ ᠵᠢᠨ ᠲᠠᠯ᠎ᠠ ᠵᠢᠨ ᠲᠥᠯᠥᠭᠡᠯᠡᠭᠴᠢ ᠶᠠᠷᠢᠶᠠᠨ᠎ᠳᠠᠭᠠᠨ ᠲᠡᠷᠢᠭᠦᠯᠡᠭᠴᠢ ᠰᠢ ᠵᠢᠨ ᠫᠢᠩ᠎ᠤᠨ ᠴᠠᠭ ᠭᠠᠷᠭ᠋ᠠᠵᠤ ᠠᠭᠤᠯᠵᠠᠭᠰᠠᠨ᠎ᠳᠤ ᠲᠠᠯᠠᠷᠬᠠᠪᠠ᠃ ᠲᠡᠳᠡ᠂ ᠥᠩᠭᠡᠷᠡᠭᠰᠡᠨ ᠬᠡᠳᠦᠨ ᠠᠷᠪᠠᠨ ᠵᠢᠯ᠎ᠤᠨ ᠲᠤᠷᠰᠢ᠂ ᠳᠤᠮᠳᠠᠳᠤ ᠤᠯᠤᠰ ᠶᠡᠷᠦ ᠪᠤᠰᠤ ᠵᠢᠨ ᠠᠵᠤ ᠠᠬᠤᠢ ᠵᠢᠨ ᠨᠡᠮᠡᠭᠳᠡᠯ ᠪᠣᠯᠣᠨ ᠭᠡᠯᠪᠡᠷᠢ ᠵᠢ ᠬᠤᠪᠢᠷᠠᠭᠤᠯᠬᠤ ᠵᠢ ᠪᠡᠶᠡᠯᠡᠭᠦᠯᠵᠦ᠂ ᠬᠦᠴᠦᠷᠬᠡᠭ ᠶᠡᠭᠡ ᠤᠶᠠᠨ ᠬᠠᠳᠠᠨ ᠴᠢᠨᠠᠷ ᠪᠣᠯᠣᠨ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃ ᠲᠡᠷᠢᠭᠦᠯᠡᠭᠴᠢ ᠰᠢ ᠵᠢᠨ ᠫᠢᠩ᠎ᠤᠨ ᠭᠠᠷᠮᠠᠭ᠋ᠠᠢ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠪᠠᠷ ᠴᠢᠷᠮᠠᠶ᠋ᠢᠵᠤ᠂ ᠨᠡᠩ ᠦᠷᠭᠦᠯᠵᠢᠯᠡᠬᠦ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠪᠡ᠃ ᠳᠤᠮᠳᠠᠳᠤ ᠤᠯᠤᠰ᠎ᠤᠨ ᠠᠷᠠᠳ ᠲᠦᠮᠡᠨ᠎ᠤ ᠬᠥᠭᠵᠢᠯᠲᠡ ᠵᠢᠨ ᠡᠷᠬᠡ ᠬᠦᠨᠳᠦᠳᠬᠡᠭᠳᠡᠬᠦ ᠶᠣᠰᠣᠲᠠᠢ᠃ ᠳᠤᠮᠳᠠᠳᠤ ᠤᠯᠤᠰ ᠲᠤᠰ ᠪᠡᠶ᠎ᠡ ᠵᠢᠨ ᠬᠥᠭᠵᠢᠯᠲᠡ ᠵᠢᠨ ᠬᠠᠷᠠᠯᠲᠠ᠎ᠪᠠᠨ ᠪᠡᠶᠡᠯᠡᠭᠦᠯᠵᠦ᠂ ᠳᠡᠯᠡᠬᠡᠢ ᠵᠢᠨ ᠠᠵᠤ ᠠᠬᠤᠢ ᠵᠢᠨ ᠬᠥᠭᠵᠢᠯᠲᠡ ᠪᠣᠯᠣᠨ ᠠᠭᠤᠰᠤᠯᠴᠠᠯ᠎ᠢ ᠠᠬᠢᠭᠤᠯᠬᠤ ᠵᠢ ᠢᠲᠡᠭᠡᠵᠦ ᠪᠠᠶ᠋ᠢᠨ᠎ᠠ᠃ ᠬᠦᠴᠦᠷᠬᠡᠭ ᠶᠡᠭᠡ᠂ ᠴᠡᠴᠡᠭᠯᠡᠨ ᠬᠥᠭᠵᠢᠭᠰᠡᠨ ᠳᠤᠮᠳᠠᠳᠤ ᠤᠯᠤᠰ ᠪᠣᠯ ᠳᠡᠯᠡᠬᠡᠢ ᠳ᠋ᠠᠬᠢᠨ᠎ᠤ ᠢᠳᠡᠪᠬᠢ ᠬᠦᠴᠦᠨ ᠮᠥᠨ᠃ ᠠᠮᠧᠷᠢᠺᠠ ᠳᠤᠮᠳᠠᠳᠤ ᠵᠢᠨ ᠠᠵᠤ ᠠᠬᠤᠢ ᠵᠢᠨ ᠬᠠᠷᠢᠯᠴᠠᠭ᠎ᠠ ᠨᠢᠭᠲᠠ ᠲᠦᠰᠢᠯᠴᠡᠨ ᠣᠷᠣᠰᠢᠵᠤ᠂ ᠬᠤᠶᠠᠷ ᠤᠯᠤᠰ ᠭᠠᠭᠴᠠ ᠬᠦ᠌ ᠨᠠᠶ᠋ᠢᠷᠠᠮᠳᠠᠯ ᠵᠶ᠋ᠠᠷ ᠵᠡᠷᠭᠡᠴᠡᠨ ᠣᠷᠣᠰᠢᠪᠠᠯ ᠰᠠᠶᠢ ᠲᠤᠰ ᠲᠤᠰ᠎ᠤᠨ ᠬᠥᠭᠵᠢᠯ ᠴᠡᠴᠡᠭᠯᠡᠯ ᠵᠶ᠋ᠠᠨ ᠪᠡᠶᠡᠯᠡᠭᠦᠯᠵᠦ ᠴᠢᠳᠠᠨ᠎ᠠ᠃ 《ᠰᠦᠺᠢᠳᠢᠳ᠋ᠤᠨ ᠤᠨᠠᠭᠤᠯᠢ》᠎ᠨᠢ ᠵᠠᠶ᠋ᠢᠯᠠᠰᠢ ᠦᠭᠡᠢ ᠪᠢᠰᠢ᠃ ᠠᠮᠧᠷᠢᠺᠠ ᠵᠢᠨ ᠠᠵᠤ ᠠᠬᠤᠶ᠋ᠢᠯᠠᠯ᠎ᠤᠨ᠎ᠬᠢᠨ ᠣᠶ᠋ᠢᠷ᠎ᠠ ᠵᠢᠨ ᠬᠤᠭᠤᠴᠠᠭ᠋ᠠᠨ᠎ᠳᠤ ᠳᠤᠮᠳᠠᠳᠤ ᠤᠯᠤᠰ᠎ᠤᠨ ᠲᠣᠭᠲᠠᠭ᠋ᠠᠭᠰᠠᠨ ᠤᠯᠠᠮ ᠴᠢᠨᠠᠭᠰᠢᠳᠠ ᠥᠭᠡᠷᠡᠴᠢᠯᠡᠯᠲᠡ ᠨᠡᠭᠡᠭᠡᠯᠲᠡ ᠬᠢᠬᠦ ᠠᠯᠢ ᠤᠯᠠᠨ ᠴᠢᠬᠤᠯᠠ ᠠᠷᠭ᠎ᠠ ᠬᠡᠮᠵᠢᠶ᠎ᠡ ᠵᠢ ᠮᠠᠭᠲᠠᠨ ᠰᠠᠶ᠋ᠢᠰᠢᠶᠠᠵᠤ᠂ ᠳᠤᠮᠳᠠᠳᠤ ᠤᠯᠤᠰ᠎ᠤᠨ ᠠᠵᠤ ᠠᠬᠤᠢ ᠵᠢᠨ ᠬᠥᠭᠵᠢᠯᠲᠡ ᠵᠢᠨ ᠠᠯᠤᠰ ᠢᠷᠡᠭᠡᠳᠦᠢ᠎ᠳᠤ ᠢᠲᠡᠭᠡᠯ᠎ᠲᠠᠢ ᠪᠠᠶ᠋ᠢᠵᠤ᠂ ᠡᠷᠡᠰ ᠭᠤᠶ᠋ᠢᠪᠢᠰᠢ ᠦᠭᠡᠢ᠎ᠪᠠᠷ ᠳᠤᠮᠳᠠᠳᠤ ᠤᠯᠤᠰ᠎ᠲᠤ ᠦᠷᠭᠦᠯᠵᠢᠯᠡᠨ ᠦᠨᠳᠦᠰᠦᠯᠡᠵᠦ᠂ ᠳᠤᠮᠳᠠᠳᠤ ᠤᠯᠤᠰ᠎ᠯᠤᠭ᠎ᠠ ᠤᠷᠳᠤ ᠬᠤᠭᠤᠴᠠᠭ᠋ᠠᠨ᠎ᠤ ᠨᠢᠭᠲᠠ ᠬᠠᠮᠲᠤᠷᠠᠯᠴᠠᠭ᠋ᠠᠨ᠎ᠤ ᠬᠠᠷᠢᠯᠴᠠᠭ᠎ᠠ ᠵᠢ ᠬᠥᠭᠵᠢᠭᠦᠯᠦᠨ᠎ᠡ᠃ ᠲᠡᠷᠢᠭᠦᠯᠡᠭᠴᠢ ᠰᠢ ᠵᠢᠨ ᠫᠢᠩ ᠶᠡᠷᠦᠩᠬᠡᠶ᠋ᠢᠯᠡᠭᠴᠢ ᠪᠠᠶ᠋ᠢᠳᠧᠨ᠎ᠲᠠᠢ ᠨᠢᠳᠤᠨᠤᠨ᠎ᠤ 11 ᠰᠠᠷ᠎ᠠ᠎ᠳᠤ ᠰᠠᠨ ᠹᠷᠠᠨᠰᠢᠰᠺᠦ᠎ᠳᠤ ᠠᠮᠵᠢᠯᠲᠠ᠎ᠲᠠᠢ ᠠᠭᠤᠯᠵᠠᠯᠲᠠ ᠬᠢᠵᠦ᠂ ᠠᠮᠧᠷᠢᠺᠠ ᠵᠢᠨ ᠡᠯ᠎ᠡ ᠡᠲᠡᠭᠡᠳ ᠪᠣᠯᠣᠨ ᠳᠡᠯᠡᠬᠡᠢ ᠵᠢᠨ ᠠᠮᠧᠷᠢᠺᠠ ᠳᠤᠮᠳᠠᠳᠤ ᠵᠢᠨ ᠬᠠᠷᠢᠯᠴᠠᠭ᠋ᠠᠨ᠎ᠤ ᠢᠷᠡᠭᠡᠳᠦᠢ ᠵᠢᠨ ᠲᠤᠬᠠᠢ ᠵᠢᠱ᠌ᠢᠯᠲᠡ ᠪᠣᠯᠣᠨ ᠢᠲᠡᠭᠡᠯ᠎ᠢ ᠬᠥᠪᠴᠢᠯᠡᠪᠡ᠃ ᠠᠮᠧᠷᠢᠺᠠ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ ᠪᠣᠯᠣᠨ ᠪᠠᠶ᠋ᠢᠯᠳᠤᠬᠤ ᠪᠣᠳᠣᠯᠭ᠎ᠠ ᠵᠢᠨ ᠡᠷᠳᠡᠮ ᠰᠢᠨᠵᠢᠯᠡᠭᠡᠨ᠎ᠤ ᠡᠲᠡᠭᠡᠳ ᠠᠮᠧᠷᠢᠺᠠ ᠳᠤᠮᠳᠠᠳᠤ ᠬᠤᠶᠠᠷ ᠲᠠᠯ᠎ᠠ ᠵᠢᠨ᠎ᠬᠢᠨ ᠡᠯ᠎ᠡ ᠲᠡᠰ ᠳᠠᠪᠬᠤᠷᠭ᠎ᠠ ᠵᠢᠨ ᠶᠠᠪᠤᠯᠴᠠᠭ᠎ᠠ ᠰᠣᠯᠢᠯᠴᠠᠭ᠎ᠠ᠎ᠪᠠᠨ ᠴᠢᠩᠭ᠋ᠠᠳᠬᠠᠬᠤ ᠵᠢ ᠲᠡᠮᠵᠢᠵᠤ᠂ ᠣᠶ᠋ᠢᠯᠠᠭ᠋ᠠᠯᠴᠠᠭ᠎ᠠ᠂ ᠢᠲᠡᠭᠡᠯᠴᠡᠭᠡ ᠪᠣᠯᠣᠨ ᠬᠠᠮᠲᠤᠷᠠᠯᠴᠠᠭ᠎ᠠ᠎ᠪᠠᠨ ᠨᠡᠮᠡᠭᠳᠡᠭᠦᠯᠵᠦ᠂ ᠭᠠᠷ ᠬᠤᠯᠪᠣᠨ ᠪᠦᠭᠦ ᠪᠥᠮᠪᠥᠷᠴᠡᠭ᠎ᠤᠨ ᠴᠢᠨᠠᠷᠲᠠᠢ ᠥᠷᠢᠰᠦᠯᠳᠦᠭᠡᠨ᠎ᠢ ᠠᠷᠭ᠋ᠠᠴᠠᠭ᠋ᠠᠵᠤ᠂ ᠲᠣᠭᠲᠠᠭᠤᠨ᠂ ᠦᠷᠭᠦᠯᠵᠢᠯᠡᠬᠦ᠂ ᠦᠷ᠎ᠡ ᠪᠦᠲᠦᠮᠵᠢᠳᠠᠢ ᠠᠮᠧᠷᠢᠺᠠ ᠳᠤᠮᠳᠠᠳᠤ ᠵᠢᠨ ᠬᠠᠷᠢᠯᠴᠠᠭ᠎ᠠ ᠪᠠᠶ᠋ᠢᠭᠤᠯᠬᠤ ᠵᠢ ᠠᠬᠢᠭᠤᠯᠤᠨ᠎ᠠ ᠭᠡᠵᠦ ᠢᠯᠡᠳᠬᠡᠵᠡᠭᠡᠪᠡ᠃
ᠸᠠᠩ ᠢ ᠠᠭᠤᠯᠵᠠᠯᠲᠠ᠎ᠳᠤ ᠣᠷᠣᠯᠴᠠᠵᠠᠢ᠃