ᠰᠢ ᠵᠢᠨ ᠫᠢᠩ ᠯᠢ ᠴᠢᠶᠠᠩ ᠵᠤᠤ ᠯᠧ ᠵᠢᠢ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ
ᠬᠤᠷᠠᠯ᠎ᠳᠤ ᠰᠠᠭ᠋ᠠᠲᠠᠵᠤ ᠪᠠᠶᠠᠷ ᠬᠦᠷᠭᠡᠪᠡ
ᠸᠠᠩ ᠬᠤ᠌ ᠨᠢᠩ ᠤᠯᠤᠰ ᠲᠥᠷᠥ ᠵᠢᠨ ᠵᠥᠪᠯᠡᠯᠭᠡᠨ᠎ᠤ ᠪᠠᠶ᠋ᠢᠩᠭᠤ ᠵᠢᠨ ᠬᠤᠷᠢᠶ᠎ᠠ ᠵᠢᠨ ᠠᠵᠢᠯ᠎ᠤᠨ
ᠮᠡᠳᠡᠭᠦᠯᠦᠯᠲᠡ ᠬᠢᠪᠡ
ᠱ᠌ᠢ᠎ᠲᠠᠢ ᠹᠧᠩ ᠬᠤᠷᠠᠯ᠎ᠢ ᠡᠷᠭᠢᠯᠡᠵᠡᠢ
ᠭᠤᠤ ᠶᠦᠨ ᠯᠦᠩ ᠰᠠᠨᠠᠯ ᠳᠤᠷᠠᠳᠤᠯᠭ᠎ᠠ ᠵᠢᠨ ᠠᠵᠢᠯ᠎ᠤᠨ ᠪᠠᠶ᠋ᠢᠳᠠᠯ᠎ᠤᠨ ᠲᠤᠬᠠᠢ ᠮᠡᠳᠡᠭᠦᠯᠦᠯᠲᠡ ᠬᠢᠵᠡᠢ
ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 4᠎ᠤ ᠴᠠᠭᠢᠯᠭ᠋ᠠᠨ ᠮᠡᠳᠡᠭᠡ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠰᠡᠷᠭᠦᠨ ᠮᠠᠨᠳᠤᠯᠲᠠ ᠵᠢᠨ ᠬᠦᠨᠳᠦ ᠡᠭᠦᠷᠭᠡ ᠵᠢ ᠬᠠᠮᠲᠤ᠎ᠪᠠᠷ ᠡᠭᠦᠷᠭᠡᠯᠡᠵᠦ᠂ ᠳᠠᠷᠪᠠᠭᠤᠯ ᠬᠡᠶ᠋ᠢᠰᠬᠡᠨ ᠡᠷᠡᠯᠬᠡᠭᠯᠡᠨ ᠲᠡᠮᠡᠴᠡᠵᠦ ᠴᠣ᠋ ᠰᠢᠨ᠎ᠡ ᠠᠶᠠᠨ᠎ᠳᠤ ᠭᠠᠪᠢᠶ᠎ᠠ ᠪᠠᠶ᠋ᠢᠭᠤᠯᠤᠨ᠎ᠠ᠃ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠬᠤᠶᠠᠳᠤᠭ᠋ᠠᠷ ᠬᠤᠷᠠᠯ 4᠎ᠤ ᠦᠳᠡ ᠵᠢᠨ ᠬᠤᠶ᠋ᠢᠨ᠎ᠠ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠡᠬᠢᠯᠡᠪᠡ᠃ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ 2000 ᠭᠠᠷᠤᠢ ᠭᠡᠰᠢᠭᠦᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ᠎ᠲᠠᠢ ᠨᠢᠭᠲᠠ ᠤᠶᠠᠯᠳᠤᠭᠤᠯᠤᠨ᠂ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠢᠳᠡᠪᠬᠢᠲᠡᠢ᠎ᠪᠠᠷ ᠠᠷᠭ᠎ᠠ ᠤᠬᠠᠭ᠋ᠠᠨ ᠭᠠᠷᠭ᠋ᠠᠨ ᠵᠠᠰᠠᠭ᠎ᠲᠤ ᠲᠤᠰᠠᠯᠠᠵᠤ᠂ ᠬᠠᠮᠲᠤ ᠵᠢᠨ ᠲᠠᠨᠢᠯᠲᠠ ᠵᠢ ᠥᠷᠭᠡᠨ ᠵᠶ᠋ᠠᠷ ᠨᠢᠭᠲᠠᠷᠠᠭᠤᠯᠤᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠦᠷᠯᠢᠭ ᠰᠠᠶ᠋ᠢᠬᠠᠨ ᠢᠷᠠᠭᠤ ᠬᠠᠭᠤᠳᠠᠰᠤ ᠵᠢ ᠬᠠᠮᠲᠤ᠎ᠪᠠᠷ ᠪᠢᠴᠢᠭᠯᠡᠨ᠎ᠡ᠃

3 ᠰᠠᠷ᠎ᠠ ᠵᠢᠨ 4᠎ᠤ ᠦᠳᠡ ᠵᠢᠨ ᠬᠤᠶ᠋ᠢᠨ᠎ᠠ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠬᠤᠶᠠᠳᠤᠭ᠋ᠠᠷ ᠬᠤᠷᠠᠯ ᠪᠡᠭᠡᠵᠢᠩ᠎ᠳᠠᠬᠢ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠡᠬᠢᠯᠡᠪᠡ᠃ ᠵᠢᠷᠤᠭ ᠪᠣᠯ ᠰᠢ ᠵᠢᠨ ᠫᠢᠩ᠂ ᠯᠢ ᠴᠢᠶᠠᠩ᠂ ᠵᠣᠣ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠲᠡᠷᠢᠭᠦᠯᠡᠭᠴᠢᠳ᠎ᠤᠨ ᠲᠠᠶ᠋ᠢᠰᠠᠨ᠎ᠳᠤ ᠰᠠᠭ᠋ᠠᠲᠠᠵᠤ ᠪᠠᠶ᠋ᠢᠭ᠎ᠠ᠎ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠵᠢᠦᠢ ᠫᠧᠩ ᠰᠡᠭᠦᠳᠡᠷᠯᠡᠪᠡ
3 ᠰᠠᠷ᠎ᠠ ᠵᠢᠨ ᠪᠡᠭᠡᠵᠢᠩ ᠬᠤᠲᠠᠨ᠎ᠠ᠂ ᠤᠷᠢᠬᠠᠨ ᠬᠠᠪᠤᠷ ᠡᠬᠡ ᠭᠠᠵᠠᠷ᠎ᠲᠤ ᠰᠠᠭ᠋ᠠᠲᠠᠯᠠ᠃ ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠶᠣᠰᠣᠯᠠᠯ᠎ᠤᠨ ᠲᠠᠩᠬᠢᠮ᠎ᠳᠤ ᠳ᠋ᠧᠩ᠎ᠤᠨ ᠭᠡᠷᠡᠯ ᠳᠤᠸᠠᠯᠠᠵᠤ᠂ ᠠᠭᠤᠷ ᠠᠮᠢᠰᠬᠤᠯ ᠲᠥᠪ ᠶᠡᠬᠡᠮᠰᠦᠭ ᠪᠥᠭᠡᠳ ᠭᠦᠷ ᠬᠥᠭᠵᠢᠶᠡᠨ᠎ᠲᠠᠢ ᠪᠠᠶ᠋ᠢᠯ᠎ᠠ᠃ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠬᠤᠷᠠᠯ᠎ᠤᠨ ᠰᠦᠯᠳᠡ ᠵᠢ ᠲᠡᠷᠢᠭᠦᠯᠡᠭᠴᠢᠳ᠎ᠤᠨ ᠲᠠᠶ᠋ᠢᠰᠠᠨ᠎ᠤ ᠭᠤᠣᠯ ᠳᠤᠮᠳᠠ ᠡᠯᠭᠦᠵᠦ᠂ ᠬᠤᠷᠴᠠ ᠤᠯᠠᠭ᠋ᠠᠨ ᠥᠩᠭᠡ᠎ᠲᠠᠢ ᠠᠷᠪᠠᠨ ᠤᠯᠠᠭ᠋ᠠᠨ ᠲᠤᠭ᠎ᠢ ᠬᠤᠶᠠᠷ ᠭᠠᠷᠯᠠᠭᠤᠯᠤᠨ ᠵᠢᠭᠰᠠᠭ᠋ᠠᠪᠠ᠃
ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠬᠤᠶᠠᠳᠤᠭ᠋ᠠᠷ ᠬᠤᠷᠠᠯ᠎ᠳᠤ ᠣᠷᠤᠯᠴᠠᠬᠤ ᠶᠣᠰᠣᠲᠠᠢ ᠭᠡᠰᠢᠭᠦᠨ 2162 ᠬᠥᠮᠥᠨ ᠪᠤᠢ᠂ ᠪᠣᠳᠠᠲᠠᠢ ᠣᠷᠣᠯᠴᠠᠬᠰᠠᠨ᠎ᠨᠢ 2093 ᠬᠥᠮᠥᠨ ᠪᠠᠶ᠋ᠢᠵᠤ᠂ ᠲᠣᠭᠲᠠᠭ᠋ᠠᠭᠰᠠᠨ ᠬᠥᠮᠥᠨ᠎ᠤ ᠲᠤᠭᠠᠳᠤ ᠨᠡᠶ᠋ᠢᠴᠡᠨ᠎ᠡ᠃
ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠸᠠᠩ ᠬᠤ᠌ ᠨᠢᠩ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠱ᠌ᠢ᠎ᠲᠠᠢ ᠹᠧᠩ᠂ ᠬᠤ᠌ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ · ᠭᠧᠯᠤᠭ᠌ᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭ᠋ᠠᠲᠤᠷ᠂ ᠰᠦ᠍ ᠬᠤᠢ᠂ ᠱᠤᠤ ᠬᠤᠩ᠂ ᠭᠤᠤ ᠶᠦᠨ ᠯᠦᠩ᠂ ᠴᠧᠨ ᠦ᠋᠂ ᠮᠦ᠍ ᠬᠤᠩ᠂ ᠰᠢᠶᠠᠨ ᠬᠤᠢ᠂ ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ᠍ ᠶᠦᠩ ᠰᠢᠨ᠂ ᠶᠠᠩ ᠵᠧᠨ ᠲᠡᠷᠢᠭᠦᠯᠡᠭᠴᠢᠳ᠎ᠤᠨ ᠲᠠᠶ᠋ᠢᠰᠠᠨ᠎ᠤ ᠡᠮᠦᠨ᠎ᠡ ᠮᠥᠷ᠎ᠲᠤ ᠰᠠᠭ᠋ᠠᠲᠠᠪᠠ᠃
ᠨᠠᠮ ᠪᠣᠯᠣᠨ ᠲᠦᠷᠦ ᠵᠢᠨ ᠤᠳᠤᠷᠢᠳᠬᠤ ᠬᠥᠮᠥᠨ ᠰᠢ ᠵᠢᠨ ᠫᠢᠩ᠂ ᠯᠢ ᠴᠢᠶᠠᠩ᠂ ᠵᠤᠤ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠲᠡᠷᠢᠭᠦᠯᠡᠭᠴᠢᠳ᠎ᠤᠨ ᠲᠠᠶ᠋ᠢᠰᠠᠨ᠎ᠳᠤ ᠰᠠᠭ᠋ᠠᠲᠠᠵᠤ᠂ ᠶᠡᠭᠡ ᠬᠤᠷᠠᠯ ᠬᠤᠷᠠᠯᠳᠤᠭᠰᠠᠨ᠎ᠳᠤ ᠪᠠᠶᠠᠷ ᠬᠦᠷᠭᠡᠪᠡ᠃
ᠦᠳᠡ ᠵᠢᠨ ᠬᠤᠶ᠋ᠢᠨᠠᠬᠢ 3 ᠴᠠᠭ᠎ᠲᠤ᠂ ᠱ᠌ᠢ᠎ᠲᠠᠢ ᠹᠧᠩ ᠶᠡᠭᠡ ᠬᠤᠷᠠᠯ ᠡᠬᠢᠯᠡᠭᠰᠡᠨ᠎ᠢ ᠵᠠᠷᠯᠠᠵᠤ᠂ ᠪᠦᠭᠦᠳᠡᠭᠡᠷ ᠪᠣᠰᠴᠤ ᠵᠣᠭᠰᠣᠨ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ ᠳᠠᠭᠤᠤ ᠵᠢ ᠳᠠᠭᠤᠯᠠᠪᠠ᠃
ᠶᠡᠭᠡ ᠬᠤᠷᠠᠯ᠎ᠠᠴᠠ ᠡᠩ ᠲᠡᠷᠢᠭᠦᠨ᠎ᠳᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠬᠤᠶᠠᠳᠤᠭ᠋ᠠᠷ ᠬᠤᠷᠠᠯ᠎ᠤᠨ ᠵᠥᠪᠯᠡᠬᠦ ᠵᠦᠢ᠍ᠯ᠎ᠢ ᠬᠢᠨᠠᠨ ᠵᠥᠪᠯᠡᠵᠦ ᠪᠠᠲᠤᠯᠠᠪᠠ᠃
ᠸᠠᠩ ᠬᠤ᠌ ᠨᠢᠩ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠵᠢ ᠲᠥᠯᠥᠭᠡᠯᠡᠨ ᠶᠡᠭᠡ ᠬᠤᠷᠠᠯ᠎ᠳᠤ ᠠᠵᠢᠯ᠎ᠤᠨ ᠮᠡᠳᠡᠭᠦᠯᠦᠯᠲᠡ ᠬᠢᠪᠡ᠃

3 ᠰᠠᠷ᠎ᠠ ᠵᠢᠨ 4᠎ᠤ ᠦᠳᠡ ᠵᠢᠨ ᠬᠤᠶ᠋ᠢᠨ᠎ᠠ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠬᠤᠶᠠᠳᠤᠭ᠋ᠠᠷ ᠬᠤᠷᠠᠯ ᠪᠡᠭᠡᠵᠢᠩ᠎ᠳᠠᠬᠢ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠡᠬᠢᠯᠡᠪᠡ᠃ ᠵᠢᠷᠤᠭ ᠪᠣᠯ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠲᠡᠷᠢᠭᠦᠯᠡᠭᠴᠢ ᠸᠠᠩ ᠬᠤ᠌ ᠨᠢᠩ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ ᠤ ᠪᠦᠭᠦ ᠤᠯᠤᠰ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠵᠢ ᠲᠥᠯᠥᠭᠡᠯᠡᠵᠦ ᠶᠡᠭᠡ ᠬᠤᠷᠠᠯ᠎ᠳᠤ ᠠᠵᠢᠯ᠎ᠤᠨ ᠮᠡᠳᠡᠭᠦᠯᠦᠯᠲᠡ ᠬᠢᠵᠦ ᠪᠠᠶ᠋ᠢᠭ᠎ᠠ᠎ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠷᠣᠣ ᠠᠢ ᠮᠢᠨ ᠰᠡᠭᠦᠳᠡᠷᠯᠡᠪᠡ
ᠸᠠᠩ ᠬᠤ᠌ ᠨᠢᠩ᠂ 2023 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠡᠭᠢᠯᠡᠯᠲᠡ ᠵᠢᠨ ᠵᠢᠯ ᠮᠥᠨ᠃ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠦᠷᠭᠦᠯᠵᠢᠯᠡᠨ ᠲᠡᠮᠡᠴᠡᠵᠦ᠂ ᠡᠷᠡᠮᠡᠬᠡᠶ᠋ᠢᠯᠡᠨ ᠤᠷᠤᠭᠰᠢᠯᠠᠵᠤ᠂ ᠳᠣᠲᠣᠭ᠋ᠠᠳᠤ ᠭᠠᠳᠠᠭ᠋ᠠᠳᠤ ᠵᠢᠨ ᠬᠦᠴᠢᠷ ᠪᠡᠷᠬᠡᠰᠢᠶᠡᠯ᠎ᠢ ᠡᠷᠡᠰ ᠢᠯᠠᠨ ᠳᠠᠪᠠᠵᠤ᠂ ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠲᠣᠭᠲᠠᠭᠤᠨ ᠵᠶ᠋ᠠᠷ ᠱᠠᠲᠤ ᠰᠢᠯᠵᠢᠵᠦ᠂ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠵᠤ᠂ ᠠᠮᠤᠷ ᠲᠦᠪᠰᠢᠨ ᠬᠥᠭᠵᠢᠯᠲᠡ ᠵᠢᠨ ᠰᠠᠭᠤᠷᠢ ᠪᠠᠲᠤᠵᠢᠨ ᠪᠠᠬᠢᠵᠢᠵᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠶ ᠪᠠᠶ᠋ᠢᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠵᠢᠱ᠌ᠢᠭᠰᠡᠨ ᠬᠠᠷᠠᠯᠲᠠ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ᠎ᠢ ᠪᠠᠲᠤᠯᠠᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ᠎ᠢ ᠠᠯᠬᠤᠵᠤ᠂ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠢᠲᠡᠭᠡᠯ ᠵᠣᠷᠢᠭ᠎ᠢ ᠲᠤᠶ᠋ᠢᠯ᠎ᠤᠨ ᠶᠡᠭᠡ᠎ᠪᠠᠷ ᠬᠥᠪᠴᠢᠯᠡᠵᠡᠢ ᠭᠡᠵᠦ ᠢᠯᠡᠳᠬᠡᠪᠡ᠃
ᠸᠠᠩ ᠬᠤ᠌ ᠨᠢᠩ ᠥᠩᠭᠡᠷᠡᠭᠰᠡᠨ ᠨᠢᠭᠡ ᠵᠢᠯ᠎ᠤᠨ ᠲᠤᠷᠰᠢᠬᠢ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠢ ᠳ᠋ᠦᠩᠨᠡᠪᠡ᠃ ᠲᠡᠷᠡ᠂ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠲᠥᠷᠥ ᠵᠢᠨ ᠵᠥᠪᠯᠡᠯᠭᠡᠨ᠎ᠤ ᠪᠦᠭᠦ ᠤᠯᠤᠰ᠎ᠤᠨ ᠬᠤᠷᠢᠶ᠎ᠠ ᠵᠢᠴᠢ ᠲᠡᠭᠦᠨ᠎ᠤ ᠪᠠᠶ᠋ᠢᠩᠭᠤ ᠵᠢᠨ ᠬᠤᠷᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ 《ᠬᠤᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《ᠳᠥᠷᠪᠡᠨ ᠤᠬᠠᠮᠰᠠᠷ》᠎ᠢ ᠴᠢᠩᠭ᠋ᠠᠳᠬᠠᠨ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ ᠰᠡᠳᠦᠪ᠎ᠢ ᠪᠠᠷᠢᠮᠲᠠᠯᠠᠨ᠂ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠰᠢᠨᠵᠢ ᠴᠢᠨᠠᠷ᠎ᠤᠨ ᠪᠠᠶ᠋ᠢᠷᠢ ᠲᠣᠭᠲᠠᠭ᠋ᠠᠯᠲᠠ ᠵᠢ ᠪᠠᠷᠢᠮᠲᠠᠯᠠᠵᠤ᠂ ᠨᠠᠮ ᠪᠠ ᠤᠯᠤᠰ᠎ᠤᠨ ᠠᠵᠢᠯ᠎ᠤᠨ ᠶᠡᠭᠡ ᠲᠠᠯ᠎ᠠ᠎ᠳᠤ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠢ ᠲᠥᠯᠥᠪᠵᠢᠭᠦᠯᠦᠨ ᠠᠬᠢᠭᠤᠯᠬᠤ ᠵᠢ ᠪᠠᠷᠢᠮᠲᠠᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠳᠠᠬᠢ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠥᠪ ᠤᠯᠤᠰ ᠲᠦᠷᠦ ᠵᠢᠨ ᠴᠢᠭᠯᠡᠯ᠎ᠢ ᠪᠠᠲᠤ ᠡᠵᠡᠮᠳᠡᠵᠦ᠂ ᠤᠯᠤᠰ ᠲᠥᠷᠥ ᠵᠢᠨ ᠪᠣᠯᠪᠠᠰᠤᠷᠠᠯ᠎ᠢ ᠴᠢᠩᠭ᠋ᠠᠳᠬᠠᠨ᠂ ᠤᠯᠤᠰ ᠲᠥᠷᠥ ᠵᠢᠨ ᠴᠢᠳᠠᠪᠤᠷᠢ ᠪᠠ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠵᠦ᠂ ᠠᠵᠢᠯ᠎ᠤᠨ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠦᠨ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠳᠦᠷᠢᠮ᠎ᠤᠨ ᠰᠠᠭᠤᠷᠢ ᠵᠢ ᠪᠠᠬᠢᠵᠢᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠪᠠᠶ᠋ᠢᠴᠠᠭ᠋ᠠᠨ ᠰᠤᠳᠤᠯᠤᠯᠲᠠ ᠵᠢ ᠶᠡᠭᠡ᠎ᠪᠠᠷ ᠥᠷᠨᠢᠭᠦᠯᠬᠦ ᠱᠠᠭ᠋ᠠᠷᠳᠠᠯᠭ᠎ᠠ ᠵᠢ ᠲᠤᠭᠤᠰᠢᠯᠠᠭᠤᠯᠤᠨ᠂ ᠪᠠᠶ᠋ᠢᠴᠠᠭ᠋ᠠᠨ ᠰᠤᠳᠤᠯᠤᠯᠲᠠ ᠬᠢᠵᠦ ᠵᠠᠰᠠᠭ᠎ᠤᠨ ᠶᠠᠪᠤᠳᠠᠯ᠎ᠢ ᠵᠥᠪᠯᠡᠬᠦ ᠶᠠᠰᠤ ᠴᠢᠨᠠᠷ᠎ᠢ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠴᠢᠬᠤᠯᠠ ᠶᠡᠭᠡ ᠪᠠᠶ᠋ᠢᠷᠢᠯᠠᠭᠤᠯᠤᠯᠲᠠ᠎ᠲᠠᠢ ᠤᠶᠠᠯᠳᠤᠭᠤᠯᠤᠨ ᠵᠥᠪᠯᠡᠯᠭᠡ ᠬᠢᠵᠦ ᠵᠠᠰᠠᠭ᠎ᠤᠨ ᠶᠠᠪᠤᠳᠠᠯ᠎ᠢ ᠵᠥᠪᠯᠡᠨ᠂ ᠨᠠᠮ ᠪᠠ ᠤᠯᠤᠰ᠎ᠤᠨ ᠭᠤᠣᠯ ᠡᠭᠦᠷᠭᠡ᠎ᠳᠤ ᠦᠢ᠍ᠯᠡᠴᠢᠯᠡᠵᠦ᠂ ᠠᠷᠠᠳ ᠲᠦᠮᠡᠨ ᠵᠶ᠋ᠠᠷ ᠭᠤᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠦᠨ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠵᠢ ᠠᠬᠢᠭᠤᠯᠵᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠦᠨ᠂ ᠪᠦᠯᠬᠦᠮᠳᠡᠨ ᠤᠷᠤᠭᠰᠢᠯᠠᠵᠤ᠂ ᠤᠳᠠᠭ᠎ᠠ ᠪᠦᠷᠢ ᠵᠢᠨ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠲᠠᠯᠪᠢᠭᠰᠠᠨ ᠰᠠᠶ᠋ᠢᠨ ᠰᠠᠭᠤᠷᠢ ᠳᠡᠭᠡᠷ᠎ᠡ᠂ ᠡᠯ᠎ᠡ ᠵᠦᠢ᠍ᠯ᠎ᠤᠨ ᠠᠵᠢᠯ ᠰᠢᠨ᠎ᠡ ᠦᠷ᠎ᠡ ᠪᠦᠲᠦᠮᠵᠢ ᠣᠯᠵᠤ᠂ ᠨᠠᠮ ᠪᠣᠯᠣᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠰᠢᠨ᠎ᠡ ᠬᠤᠪᠢ ᠨᠡᠮᠡᠷᠢ ᠦᠵᠡᠭᠦᠯᠵᠡᠢ ᠭᠡᠵᠦ ᠬᠡᠯᠡᠪᠡ᠃
ᠸᠠᠩ ᠬᠤ᠌ ᠨᠢᠩ᠂ 2024 ᠣᠨ ᠪᠣᠯ ᠪᠦᠭᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 75 ᠵᠢᠯ᠎ᠤᠨ ᠤᠢ ᠮᠥᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠮᠥᠨ᠂ ᠪᠠᠰᠠ ᠴᠤ᠌ ᠠᠷᠠᠳ᠎ᠤᠨ ᠤᠯᠤᠰ ᠲᠦᠷᠦ ᠵᠢᠨ ᠵᠥᠪᠯᠡᠯᠭᠡᠨ ᠪᠠᠶ᠋ᠢᠭᠤᠯᠤᠭᠳᠠᠭᠰᠠᠨ 75 ᠵᠢᠯ᠎ᠤᠨ ᠤᠢ ᠮᠥᠨ᠃ ᠠᠷᠠᠳ᠎ᠤᠨ ᠤᠯᠤᠰ ᠲᠦᠷᠦ ᠵᠢᠨ ᠵᠥᠪᠯᠡᠯᠭᠡᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ᠎ᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠲᠠᠢ ᠨᠢᠭᠲᠠ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠦᠵᠡᠯ ᠰᠠᠨᠠᠭ᠎ᠠ ᠤᠯᠤᠰ ᠲᠦᠷᠦ ᠵᠢᠨ ᠵᠢᠯᠣᠭᠤᠳᠤᠯᠭ᠎ᠠ ᠵᠢ ᠠᠬᠢᠭᠤᠯᠵᠤ᠂ ᠢᠳᠡᠪᠬᠢᠲᠡᠢ᠎ᠪᠠᠷ ᠠᠷᠭ᠎ᠠ ᠤᠬᠠᠭ᠋ᠠᠨ ᠭᠠᠷᠭ᠋ᠠᠨ ᠵᠠᠰᠠᠭ᠎ᠲᠤ ᠲᠤᠰᠠᠯᠠᠵᠤ᠂ ᠬᠠᠮᠲᠤ ᠵᠢᠨ ᠲᠠᠨᠢᠯᠲᠠ ᠵᠢ ᠥᠷᠭᠡᠨ ᠵᠶ᠋ᠠᠷ ᠨᠢᠭᠲᠠᠷᠠᠭᠤᠯᠵᠤ᠂ ᠲᠤᠰ ᠪᠡᠶ᠎ᠡ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠵᠤ᠂ ᠪᠦᠭᠦ ᠵᠢᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ᠎ᠳᠤ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠨᠢᠭᠲᠠᠷᠠᠭᠤᠯᠬᠤ ᠬᠡᠷᠡᠭᠲᠡᠢ ᠭᠡᠵᠦ ᠢᠯᠡᠳᠬᠡᠪᠡ᠃
ᠸᠠᠩ ᠬᠤ᠌ ᠨᠢᠩ᠂ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠤᠨ ᠰᠢᠨ᠎ᠡ ᠵᠢ ᠡᠭᠦᠳᠦᠭᠰᠡᠨ ᠤᠨᠤᠯ ᠵᠶ᠋ᠠᠷ ᠵᠡᠪᠰᠡᠭᠯᠡᠬᠦ ᠵᠢ ᠴᠥᠬᠦᠷᠡᠰᠢ ᠦᠭᠡᠢ ᠴᠢᠩᠭ᠋ᠠᠳᠬᠠᠵᠤ᠂ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠲᠤᠰᠬᠠᠢ ᠵᠥᠪᠯᠡᠬᠦ ᠪᠠᠶ᠋ᠢᠭᠤᠯᠤᠮᠵᠢ ᠵᠢᠨ ᠦᠢ᠍ᠯᠡᠳᠦᠯ᠎ᠢ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠠᠷᠠᠯᠲᠠ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ ᠠᠷᠭ᠎ᠠ ᠤᠬᠠᠭ᠋ᠠᠨ ᠭᠠᠷᠭ᠋ᠠᠵᠤ ᠬᠦᠴᠦᠨ ᠴᠢᠳᠠᠯ ᠵᠶ᠋ᠠᠨ ᠡᠷᠭᠦᠵᠦ᠂ ᠬᠠᠮᠤᠭ᠎ᠤᠨ ᠶᠡᠭᠡ ᠢᠵᠢᠯᠢ ᠲᠥᠪ᠎ᠲᠦ ᠲᠣᠭᠤᠷᠢᠭ᠎ᠢ ᠰᠠᠶ᠋ᠢᠲᠤᠷ ᠵᠢᠷᠤᠵᠤ᠂ ᠨᠢᠭᠡ ᠰᠡᠳᠬᠢᠯ ᠨᠢᠭᠡ ᠵᠣᠷᠢᠭ ᠵᠶ᠋ᠠᠷ᠂ ᠬᠠᠮᠲᠤ ᠵᠢᠨ ᠤᠬᠠᠭ᠋ᠠᠨ ᠨᠡᠶ᠋ᠢᠳᠡ ᠵᠢᠨ ᠬᠦᠴᠦᠨ ᠵᠶ᠋ᠠᠷ ᠰᠢᠨ᠎ᠡ ᠴᠠᠭ ᠦᠶ᠎ᠡ ᠵᠢᠨ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠤᠨ ᠰᠢᠨ᠎ᠡ ᠪᠠᠶ᠋ᠢᠳᠠᠯ᠎ᠢ ᠲᠠᠰᠤᠷᠠᠯᠲᠠ ᠦᠭᠡᠢ ᠨᠡᠭᠡᠭᠡᠨ ᠡᠭᠦᠳᠴᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠢᠯᠡᠳᠬᠡᠪᠡ᠃
ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠭᠤᠤ ᠶᠦᠨ ᠯᠦᠩ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠵᠢ ᠲᠥᠯᠥᠭᠡᠯᠡᠵᠦ᠂ ᠶᠡᠭᠡ ᠬᠤᠷᠠᠯ᠎ᠳᠤ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠩᠬᠠᠳᠤᠭ᠋ᠠᠷ ᠬᠤᠷᠠᠯ ᠠᠴᠠ ᠨᠠᠭ᠋ᠠᠰᠢᠬᠢ ᠰᠠᠨᠠᠯ ᠳᠤᠷᠠᠳᠤᠯᠭ᠎ᠠ ᠵᠢᠨ ᠠᠵᠢᠯ᠎ᠤᠨ ᠪᠠᠶ᠋ᠢᠳᠠᠯ᠎ᠤᠨ ᠲᠤᠬᠠᠢ ᠮᠡᠳᠡᠭᠦᠯᠦᠯᠲᠡ ᠬᠢᠪᠡ᠃ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠠᠩᠬᠠᠳᠤᠭ᠋ᠠᠷ ᠬᠤᠷᠠᠯ᠎ᠠᠴᠠ ᠨᠠᠭ᠋ᠠᠰᠢ᠂ ᠨᠡᠶ᠋ᠢᠲᠡ 5621 ᠬᠤᠪᠢ ᠰᠠᠨᠠᠯ ᠳᠤᠷᠠᠳᠤᠯᠭ᠎ᠠ ᠳᠡᠪᠰᠢᠭᠦᠯᠵᠦ᠂ ᠬᠢᠨᠠᠨ ᠪᠠᠶ᠋ᠢᠴᠠᠭ᠋ᠠᠬᠤ᠎ᠪᠠᠷ ᠳᠠᠮᠵᠢᠨ 4791 ᠬᠤᠪᠢ ᠵᠢ᠎ᠨᠢ ᠬᠡᠷᠡᠭ ᠪᠣᠯᠭ᠋ᠠᠨ ᠳᠡᠩᠰᠡᠯᠡᠪᠡ᠃ 2024 ᠣᠨ᠎ᠤ 2 ᠰᠠᠷ᠎ᠠ ᠵᠢᠨ ᠰᠡᠭᠦᠯᠴᠢ ᠪᠤᠯᠲᠠᠯ᠎ᠠ᠂ 99.9% ᠵᠢᠨ ᠰᠠᠨᠠᠯ ᠳᠤᠷᠠᠳᠤᠯᠭ᠎ᠠ ᠵᠢ ᠨᠢᠭᠡᠨᠲᠡ ᠰᠢᠢ᠍ᠳᠪᠦᠷᠢᠯᠡᠵᠦ ᠬᠠᠷᠢᠭᠤᠯᠲᠠ ᠥᠭᠪᠡ᠃ ᠡᠯ᠎ᠡ ᠳᠠᠭ᠋ᠠᠭ᠋ᠠᠨ ᠰᠢᠢ᠍ᠳᠪᠦᠷᠢᠯᠡᠬᠦ ᠨᠢᠭᠡᠴᠢ ᠰᠠᠨᠠᠯ ᠳᠤᠷᠠᠳᠤᠯᠭ᠎ᠠ ᠵᠢ ᠨᠠᠷᠢᠨ ᠬᠢᠨᠠᠮᠠᠭ᠋ᠠᠢ ᠰᠢᠢ᠍ᠳᠪᠦᠷᠢᠯᠡᠵᠦ᠂ ᠮᠠᠰᠢ ᠤᠯᠠᠨ ᠰᠠᠨᠠᠯ ᠰᠠᠨᠠᠭᠤᠯᠭ᠎ᠠ ᠵᠢ ᠭᠥᠯᠢᠶᠡᠨ ᠠᠪᠤᠭᠰᠠᠨ ᠪᠥᠭᠡᠳ ᠨᠠᠮ ᠪᠣᠯᠣᠨ ᠤᠯᠤᠰ᠎ᠤᠨ ᠬᠤᠯᠪᠣᠭᠳᠠᠯ ᠪᠦᠬᠦᠢ ᠲᠦᠷᠦ ᠵᠢᠨ ᠪᠣᠳᠣᠯᠭ᠎ᠠ᠂ ᠬᠥᠭᠵᠢᠯᠲᠡ ᠵᠢᠨ ᠲᠥᠯᠦᠪᠵᠢᠭᠦᠯᠭᠡ ᠪᠣᠯᠣᠨ ᠰᠠᠯᠠᠭ᠎ᠠ ᠮᠥᠴᠢᠷ᠎ᠤᠨ ᠠᠵᠢᠯ᠎ᠳᠤ ᠢᠯᠡᠷᠡᠭᠦᠯᠵᠦ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠢ ᠪᠠᠶ᠋ᠢᠷᠢᠰᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ 《ᠲᠦᠷᠪᠡᠨ ᠪᠦᠭᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠪᠡ᠃
ᠲᠡᠷᠢᠭᠦᠯᠡᠭᠴᠢᠳ᠎ᠤᠨ ᠲᠠᠶ᠋ᠢᠰᠠᠨ᠎ᠳᠤ ᠰᠠᠭ᠋ᠠᠲᠠᠭᠰᠠᠨ ᠤᠳᠤᠷᠢᠳᠬᠤ ᠨᠥᠬᠦᠳ᠎ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ ᠯᠢᠦ ᠭᠦᠸᠧ ᠵᠦᠩ᠂ ᠯᠢ ᠭᠠᠨ ᠵᠢᠶᠧ᠂ ᠯᠢ ᠱᠤ᠌ ᠯᠧᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠵᠠᠩ ᠶᠢᠤ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠵᠢᠨ ᠭᠦᠸᠧ᠂ ᠸᠠᠩ ᠰᠢᠶᠣᠣ ᠬᠤᠩ᠂ ᠸᠠᠩ ᠳ᠋ᠦᠩ ᠮᠢᠩ᠂ ᠰᠢᠶᠣᠣ ᠵᠢᠶᠧ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠣᠪᠰᠠᠩᠵᠠᠯᠰᠠᠨ᠂ ᠰᠢᠤᠸᠠᠶ᠋ᠢᠺᠧᠯᠠᠶ᠋ᠢᠲ᠋ᠢ · ᠵᠠᠺᠧᠯ᠂ ᠦ᠋ ᠵᠧᠩ ᠯᠦᠡᠭ᠂ ᠱᠧᠨ ᠢ ᠴᠢᠨ᠂ ᠵᠠᠩ ᠵᠢᠶᠦ᠋ᠨ᠂ ᠶᠢᠩ ᠶᠦᠡᠭ ᠨᠠᠷ ᠪᠤᠢ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠤᠷᠢᠯᠭ᠎ᠠ᠎ᠪᠠᠷ ᠡᠭᠢᠯᠡᠯᠲᠡ ᠵᠢᠨ ᠬᠤᠷᠠᠯ᠎ᠳᠤ ᠰᠤᠯᠠ ᠣᠷᠣᠯᠴᠠᠪᠠ᠃ ᠳᠤᠮᠳᠠᠳᠤ ᠤᠯᠤᠰ᠎ᠲᠤ ᠰᠠᠭᠤᠭ᠎ᠠ ᠭᠠᠳᠠᠭ᠋ᠠᠳᠤ ᠵᠢᠨ ᠡᠯᠴᠢᠨ ᠰᠠᠶ᠋ᠢᠳ᠂ ᠭᠠᠳᠠᠭ᠋ᠠᠳᠤ᠎ᠳᠤ ᠰᠠᠭᠤᠭ᠎ᠠ ᠬᠠᠷᠢᠶᠠᠲᠤ ᠨᠠᠷ ᠤᠷᠢᠯᠭ᠎ᠠ᠎ᠪᠠᠷ ᠡᠭᠢᠯᠡᠯᠲᠡ ᠵᠢᠨ ᠬᠤᠷᠠᠯ᠎ᠳᠤ ᠣᠷᠣᠯᠴᠠᠪᠠ᠃