3 ᠰᠠᠷ᠎ᠠ ᠵᠢᠨ 5᠎ᠤ ᠦᠳᠡ ᠵᠢᠨ ᠬᠤᠶ᠋ᠢᠨ᠎ᠠ᠂ ᠮᠠᠨ᠎ᠤ ᠣᠷᠣᠨ᠎ᠳᠤ ᠰᠠᠭᠤᠭ᠎ᠠ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠥᠪᠡᠷ ᠥᠪᠡᠷᠰᠡᠳ᠎ᠤᠨ ᠪᠠᠶ᠋ᠢᠭ᠎ᠠ ᠡᠲᠡᠭᠡᠳ ᠢᠯᠭ᠋ᠠᠯ᠎ᠤᠨ ᠳᠤᠭᠤᠶ᠋ᠢᠯᠠᠩ᠎ᠳᠠᠭᠠᠨ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠪᠠᠶ᠋ᠢᠩᠭᠤ ᠵᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠵᠢᠨ ᠠᠵᠢᠯ᠎ᠤᠨ ᠪᠠᠶ᠋ᠢᠳᠠᠯ᠎ᠤᠨ ᠲᠤᠬᠠᠢ ᠮᠡᠳᠡᠭᠦᠯᠦᠯᠲᠡ ᠵᠢ ᠬᠢᠨᠠᠨ ᠵᠥᠪᠯᠡᠪᠡ᠃ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠵᠠᠩ ᠶᠠᠨ ᠺᠦᠨ ᠬᠢᠨᠠᠨ ᠵᠥᠪᠯᠡᠬᠦ᠎ᠳᠤ ᠣᠷᠣᠯᠴᠠᠬᠰᠠᠨ ᠪᠥᠭᠡᠳ ᠦᠭᠡ ᠬᠡᠯᠡᠵᠡᠢ᠃
ᠵᠠᠩ ᠶᠠᠨ ᠺᠦᠨ ᠦᠭᠡ ᠬᠡᠯᠡᠬᠦ᠎ᠳᠡᠭᠡᠨ᠂ ᠲᠡᠷᠢᠭᠦᠯᠡᠭᠴᠢ ᠸᠠᠩ ᠬᠤ᠌ ᠨᠢᠩ᠎ᠤᠨ ᠬᠢᠭᠰᠡᠨ ᠮᠡᠳᠡᠭᠦᠯᠦᠯᠲᠡ᠎ᠨᠢ ᠥᠩᠭᠡᠷᠡᠭᠰᠡᠨ ᠨᠢᠭᠡ ᠵᠢᠯ᠎ᠤᠨ ᠠᠵᠢᠯ᠎ᠢ ᠳ᠋ᠦᠩᠨᠡᠬᠦ᠎ᠳᠡᠭᠡᠨ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠵᠦ᠂ ᠪᠤᠰᠤᠳᠴᠢ ᠪᠥᠭᠡᠳ ᠪᠦᠭᠦ ᠲᠠᠯ᠎ᠠ ᠵᠢᠨ ᠪᠠᠶ᠋ᠢᠵᠤ᠂ ᠡᠨᠡ ᠵᠢᠯ᠎ᠤᠨ ᠠᠵᠢᠯ᠎ᠢ ᠪᠠᠶ᠋ᠢᠷᠢᠯᠠᠭᠤᠯᠬᠤ᠎ᠳᠠᠭᠠᠨ ᠬᠠᠷᠠᠯᠲᠠ ᠲᠣᠳᠣᠷᠬᠠᠢ᠂ ᠭᠤᠣᠯᠳᠠᠯᠭ᠎ᠠ ᠲᠣᠪᠣᠶ᠋ᠢᠮ᠎ᠠ ᠪᠠᠶ᠋ᠢᠵᠤ᠂ ᠲᠤᠭ᠎ᠢ ᠥᠨᠳᠥᠷ ᠮᠠᠨᠳᠤᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠥᠮᠥᠰ᠎ᠤᠨ ᠰᠡᠳᠬᠢᠯ᠎ᠢ ᠨᠢᠭᠲᠠᠷᠠᠭᠤᠯᠵᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠬᠥᠮᠥᠰ᠎ᠢ ᠤᠷᠮᠠᠰᠢᠭᠤᠯᠤᠨ ᠵᠣᠷᠢᠭᠵᠢᠭᠤᠯᠤᠭᠰᠠᠨ ᠰᠠᠶ᠋ᠢᠨ ᠮᠡᠳᠡᠭᠦᠯᠦᠯᠲᠡ ᠪᠣᠯᠵᠠᠢ ᠭᠡᠪᠡ᠃
ᠵᠠᠩ ᠶᠠᠨ ᠺᠦᠨ᠂ ᠥᠩᠭᠡᠷᠡᠭᠰᠡᠨ ᠨᠢᠭᠡ ᠵᠢᠯ᠎ᠳᠤ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ ᠤᠯᠤᠰ ᠲᠥᠷᠥ ᠵᠢᠨ ᠵᠥᠪᠯᠡᠯᠭᠡᠨ᠎ᠤ ᠠᠵᠢᠯ᠎ᠳᠠᠬᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠢᠮᠠᠭᠲᠠ ᠪᠠᠷᠢᠮᠲᠠᠯᠠᠵᠤ᠂ ᠨᠠᠮ ᠪᠣᠯᠣᠨ ᠤᠯᠤᠰ᠎ᠤᠨ ᠭᠤᠣᠯ ᠠᠵᠢᠯ ᠪᠠ ᠶᠡᠭᠡ ᠲᠠᠯ᠎ᠠ᠎ᠳᠤ ᠦᠢ᠍ᠯᠡᠴᠢᠯᠡᠬᠦ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶ᠋ᠢᠯᠭ᠎ᠠ ᠵᠢ ᠭᠦᠢ᠍ᠴᠡᠳ ᠢᠯᠡᠷᠡᠭᠦᠯᠵᠦ᠂ ᠨᠢᠭᠡᠳᠦᠮᠡᠯ ᠹᠷᠣᠨᠲ᠎ᠤᠨ ᠦᠢ᠍ᠯᠡᠳᠦᠯ ᠴᠢᠳᠠᠮᠵᠢ ᠵᠢᠨ ᠠᠮᠢᠳᠤᠯᠢᠭ ᠦᠢ᠍ᠯᠡᠳᠦᠯᠭᠡ ᠵᠢ ᠨᠠᠩ ᠳᠣᠪᠤᠶ᠋ᠢᠯᠭ᠋ᠠᠵᠤ᠂ ᠪᠠᠶ᠋ᠢᠭᠤᠯᠤᠯ ᠲᠣᠭᠲᠠᠴᠠ ᠵᠢᠨ ᠬᠦᠴᠦᠷᠬᠡᠭ ᠶᠡᠭᠡ ᠦᠷ᠎ᠡ ᠠᠰᠢᠭ᠎ᠢ ᠬᠦᠴᠦᠲᠡᠢ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠦᠢ᠍ᠯᠡᠴᠢᠯᠡᠬᠦ 《ᠤᠯᠤᠰ ᠲᠥᠷᠥ ᠵᠢᠨ ᠵᠥᠪᠯᠡᠯᠭᠡᠨ᠎ᠤ ᠬᠠᠷᠢᠭᠤᠯᠲᠠ ᠵᠢᠨ ᠬᠠᠭᠤᠳᠠᠰᠤ》 ᠵᠢ ᠲᠤᠰᠢᠶᠠᠵᠤ᠂ ᠣᠷᠣᠨ ᠨᠤᠲᠤᠭ᠎ᠤᠨ ᠤᠯᠤᠰ ᠲᠥᠷᠥ ᠵᠢᠨ ᠵᠥᠪᠯᠡᠯᠭᠡᠨ᠎ᠳᠤ ᠬᠡᠪ ᠳᠦᠷᠢᠮ ᠪᠣᠯᠵᠤ᠂ ᠥᠯᠢᠭᠡᠷ ᠳᠠᠭᠤᠷᠢᠶᠠᠯ ᠦᠵᠡᠭᠦᠯᠪᠡ; ᠡᠨᠡ ᠵᠢᠯ᠎ᠤᠨ ᠠᠵᠢᠯ᠎ᠤᠨ ᠲᠣᠬᠢᠷᠠᠭᠤᠯᠤᠯᠲᠠ᠎ᠳᠤ᠂ 《ᠭᠤᠷᠪᠠᠨ ᠶᠡᠭᠡ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠲᠥᠯᠥᠪᠯᠡᠭᠡ》 ᠵᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠨᠢᠭᠡ ᠴᠣᠭᠴᠠᠵᠢᠭᠤᠯᠤᠨ ᠨᠠᠶ᠋ᠢᠳᠠᠪᠤᠷᠢᠵᠢᠭᠤᠯᠵᠤ᠂ ᠣᠷᠣᠨ ᠨᠤᠲᠤᠭ᠎ᠤᠨ ᠤᠯᠤᠰ ᠲᠦᠷᠦ ᠵᠢᠨ ᠵᠥᠪᠯᠡᠯᠭᠡᠨ᠎ᠤ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠭᠦ᠎ᠳᠤ ᠴᠢᠬᠤᠯᠠ ᠵᠢᠯᠣᠭᠤᠳᠤᠮᠵᠢ ᠬᠠᠩᠭ᠋ᠠᠵᠠᠢ ᠭᠡᠪᠡ᠃
ᠭᠡᠰᠢᠭᠦᠳ ᠦᠭᠡ ᠬᠡᠯᠡᠬᠦ᠎ᠳᠡᠭᠡᠨ᠂ ᠤᠯᠤᠰ ᠲᠦᠷᠦ ᠵᠢᠨ ᠵᠥᠪᠯᠡᠯᠭᠡᠨ᠎ᠤ ᠪᠠᠶ᠋ᠢᠩᠭᠤ ᠵᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ ᠵᠢᠨ ᠠᠵᠢᠯ᠎ᠤᠨ ᠪᠠᠶ᠋ᠢᠳᠠᠯ ᠤᠨ ᠲᠤᠬᠠᠢ ᠮᠡᠳᠡᠭᠦᠯᠦᠯᠲᠡ᠎ᠨᠢ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠡᠭᠢᠯᠡᠯᠲᠡ ᠵᠢᠨ ᠵᠢᠯ᠎ᠤᠨ ᠰᠢᠨ᠎ᠡ ᠦᠷ᠎ᠡ ᠪᠦᠲᠦᠮᠵᠢ ᠵᠢ ᠭᠦᠢ᠍ᠴᠡᠳ ᠢᠯᠡᠷᠡᠭᠦᠯᠵᠦ᠂ ᠡᠨᠡ ᠵᠢᠯ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠠᠵᠢᠯ᠎ᠤᠨ ᠴᠢᠭᠯᠡᠯ ᠪᠠ ᠭᠤᠣᠯᠳᠠᠯᠭ᠎ᠠ ᠵᠢ ᠲᠣᠳᠣᠷᠬᠠᠶ᠋ᠢᠯᠠᠪᠠ᠂ ᠥᠪᠥᠷ ᠮᠣᠩᠭᠤᠯ᠎ᠳᠤ ᠰᠠᠭᠤᠭ᠎ᠠ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠪᠣᠯᠤᠭᠰᠠᠨ᠎ᠤ ᠬᠤᠪᠢ᠎ᠳᠤ᠂ ᠯᠠᠪᠲᠠᠢ ᠬᠤᠶᠠᠷ ᠮᠡᠳᠡᠭᠦᠯᠦᠯᠲᠡ ᠵᠢᠨ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠨ ᠣᠶ᠋ᠢᠯᠠᠭ᠋ᠠᠵᠤ᠂ ᠠᠷᠠᠳᠴᠢᠯᠠᠯ᠎ᠢ ᠪᠠᠳᠠᠷᠠᠭᠤᠯᠬᠤ ᠪᠠ ᠪᠦᠯᠬᠦᠮᠳᠡᠯ᠎ᠢ ᠴᠢᠩᠭ᠋ᠠᠳᠬᠠᠬᠤ ᠵᠢ ᠬᠠᠷᠢᠯᠴᠠᠨ ᠨᠡᠪᠲᠡᠷᠡᠯᠴᠡᠭᠦᠯᠬᠦ᠂ ᠠᠷᠭ᠎ᠠ ᠤᠬᠠᠭ᠋ᠠᠨ ᠭᠠᠷᠭ᠋ᠠᠵᠤ ᠵᠠᠰᠠᠭ᠎ᠲᠤ ᠲᠤᠰᠠᠯᠠᠬᠤ ᠪᠠ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ ᠬᠤᠣᠰ ᠴᠢᠭᠯᠡᠯ ᠵᠶ᠋ᠠᠷ ᠬᠦᠴᠦᠯᠡᠬᠦ ᠵᠢ ᠪᠠᠷᠢᠮᠲᠠᠯᠠᠵᠤ᠂ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠠᠬᠢᠭᠤᠯᠬᠤ᠎ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃
ᠮᠠᠨ᠎ᠤ ᠣᠷᠣᠨ᠎ᠳᠤ ᠰᠠᠭᠤᠭ᠎ᠠ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠬᠦᠦᠳᠠᠭᠤᠯᠠ᠂ ᠪᠠᠢ ᠴᠢᠩ ᠶᠤᠸᠠᠨ᠂ ᠠᠨ ᠷᠦᠨ ᠱᠧᠩ᠂ ᠰᠦᠨ ᠵᠢᠶᠦ᠋ᠨ ᠴᠢᠩ ᠲᠣᠰ ᠲᠣᠰ ᠥᠪᠡᠷ ᠥᠪᠡᠷᠰᠡᠳ᠎ᠤᠨ ᠪᠠᠶ᠋ᠢᠭ᠎ᠠ ᠳᠤᠭᠤᠶ᠋ᠢᠯᠠᠩ᠎ᠤᠨ ᠬᠢᠨᠠᠨ ᠵᠥᠪᠯᠡᠬᠦ᠎ᠳᠤ ᠣᠷᠣᠯᠴᠠᠪᠠ᠃