ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 5᠎ᠤ ᠴᠠᠭᠢᠯᠭ᠋ᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ 5᠎ᠤ ᠦᠳᠡ ᠵᠢᠨ ᠡᠮᠦᠨ᠎ᠡ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠡᠬᠢᠯᠡᠪᠡ ᠃ 3000 ᠰᠢᠬᠠᠮ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠠᠷᠠᠳ ᠲᠦᠮᠡᠨ᠎ᠤ ᠬᠦᠨᠳᠦ ᠨᠠᠶ᠋ᠢᠳᠠᠯᠭ᠎ᠠ ᠵᠢ ᠡᠭᠦᠷᠭᠡᠯᠡᠨ ᠦᠪᠡᠳᠡᠭᠰᠢ ᠬᠤᠷᠠᠯ᠎ᠳᠤ ᠣᠷᠣᠯᠴᠠᠵᠤ ᠂ ᠦᠨᠳᠦᠰᠦᠨ ᠬᠠᠤᠯᠢ ᠪᠠ ᠬᠠᠤᠯᠢ ᠴᠠᠭ᠋ᠠᠵᠠ᠎ᠠᠴᠠ ᠣᠯᠭᠤᠭᠰᠠᠨ ᠲᠠᠷᠬᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠨ᠎ᠡ ᠃
ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠶᠡᠭᠡ ᠶᠣᠰᠣᠯᠠᠯ᠎ᠤᠨ ᠲᠠᠩᠬᠢᠮ᠎ᠳᠤ ᠲᠥᠪ ᠬᠢᠴᠢᠶᠡᠩᠭᠦᠢ ᠪᠥᠭᠡᠳ ᠭᠦᠷ ᠬᠥᠭᠵᠢᠶᠡᠨᠲᠡᠢ ᠠᠭᠤᠷ ᠠᠮᠢᠰᠬᠤᠯ ᠵᠶ᠋ᠠᠷ ᠪᠢᠯᠬᠠᠵᠤ ᠂ ᠲᠡᠷᠢᠭᠦᠯᠡᠭᠴᠢᠳ᠎ᠤᠨ ᠲᠠᠶ᠋ᠢᠰᠠᠨ᠎ᠤ ᠬᠥᠰᠢᠭᠡ ᠵᠢᠨ ᠭᠤᠣᠯ ᠳᠤᠮᠳᠠ ᠡᠯᠭᠦᠭᠰᠡᠨ ᠤᠯᠤᠰ᠎ᠤᠨ ᠰᠦᠯᠳᠡ ᠬᠤᠷᠴᠠ ᠤᠯᠠᠭ᠋ᠠᠨ ᠲᠤᠭᠯᠤᠭᠠ ᠥᠩᠭᠡ ᠢᠯᠭ᠋ᠠᠷᠠᠨ ᠭᠡᠷᠡᠯ ᠰᠠᠴᠤᠷᠠᠨ ᠬᠠᠷᠠᠭᠳᠠᠨ᠎ᠠ ᠃
ᠶᠡᠭᠡ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠤᠨ ᠪᠠᠶ᠋ᠢᠩᠭᠤ ᠵᠢᠨ ᠲᠡᠷᠢᠭᠦᠯᠡᠭᠴᠢ᠂ ᠭᠦᠢ᠍ᠴᠡᠳᠭᠡᠭᠴᠢ ᠲᠡᠷᠢᠭᠦᠯᠡᠭᠴᠢ ᠵᠤᠤ ᠯᠧ ᠵᠢᠢ ᠶᠡᠭᠡ ᠬᠤᠷᠠᠯ᠎ᠢ ᠡᠷᠭᠢᠯᠡᠪᠡ᠃ ᠶᠡᠭᠡ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠤᠨ ᠪᠠᠶ᠋ᠢᠩᠭᠤ ᠵᠢᠨ ᠲᠡᠷᠢᠭᠦᠯᠡᠭᠴᠢ ᠂ ᠭᠦᠢ᠍ᠴᠡᠳᠭᠡᠭᠴᠢ ᠲᠡᠷᠢᠭᠦᠯᠡᠭᠴᠢ ᠯᠢ ᠬᠤᠩ ᠵᠦᠩ ᠂ ᠸᠠᠩ ᠳ᠋ᠦᠩ ᠮᠢᠩ ᠂ ᠰᠢᠶᠣᠣ ᠵᠢᠶᠧ ᠂ ᠵᠧᠩ ᠵᠢᠶᠠᠨ ᠪᠠᠩ ᠂ ᠳ᠋ᠢᠩ ᠵᠦᠩ ᠯᠢ ᠂ ᠬᠤᠤ ᠮᠢᠩ ᠵᠢᠨ ᠂ ᠼᠠᠢ ᠳ᠋ᠠ ᠹᠧᠩ ᠂ ᠾᠧ ᠸᠧᠢ᠂ ᠦ᠋ ᠸᠧᠢ ᠬᠤᠸᠠ ᠂ ᠲᠢᠶᠧ ᠨᠢᠩ ᠂ ᠫᠧᠩ ᠴᠢᠩ ᠬᠤᠸᠠ ᠂ ᠵᠠᠩ ᠴᠢᠩ ᠸᠧᠢ ᠂ ᠯᠣᠪᠰᠠᠩᠵᠠᠯᠰᠠᠨ᠂ ᠰᠢᠤᠸᠠᠶ᠋ᠢᠺᠧᠯᠠᠶ᠋ᠢᠲ᠋ᠢ·ᠵᠠᠺᠧᠯ᠂ ᠯᠢᠦ ᠴᠢ ᠲᠡᠷᠢᠭᠦᠯᠡᠭᠴᠢᠳ᠎ᠤᠨ ᠲᠠᠶ᠋ᠢᠰᠠᠨ᠎ᠤ ᠭᠦᠢ᠍ᠴᠡᠳᠭᠡᠭᠴᠢ ᠲᠡᠷᠢᠭᠦᠯᠡᠭᠴᠢ ᠵᠢᠨ ᠰᠠᠭᠤᠳᠠᠯ᠎ᠳᠤ ᠰᠠᠭ᠋ᠠᠲᠠᠪᠠ᠃
ᠰᠢ ᠵᠢᠨ ᠫᠢᠩ ᠂ ᠯᠢ ᠴᠢᠶᠠᠩ ᠂ ᠸᠠᠩ ᠬᠤ᠌ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ ᠬᠠᠨ ᠵᠧᠩ ᠪᠣᠯᠣᠨ ᠶᠡᠭᠡ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠤᠨ ᠪᠦᠷᠢᠯᠳᠦᠭᠦᠨ ᠲᠡᠷᠢᠭᠦᠯᠡᠭᠴᠢᠳ᠎ᠤᠨ ᠲᠠᠶ᠋ᠢᠰᠠᠨ᠎ᠳᠤ ᠰᠠᠭ᠋ᠠᠲᠠᠵᠠᠢ ᠃

3 ᠰᠠᠷ᠎ᠠ ᠵᠢᠨ 5᠎ᠤ ᠡᠳᠦᠷ ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ ᠪᠡᠭᠡᠵᠢᠩ᠎ᠳᠠᠬᠢ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠡᠬᠢᠯᠡᠪᠡ ᠃ ᠨᠠᠮ ᠪᠠ ᠲᠦᠷᠦ ᠵᠢᠨ ᠤᠳᠤᠷᠢᠳᠤᠯᠭ᠎ᠠ ᠰᠢ ᠵᠢᠨ ᠫᠢᠩ ᠂ ᠯᠢ ᠴᠢᠶᠠᠩ ᠂ ᠸᠠᠩ ᠬᠤ᠌ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ ᠬᠠᠨ ᠵᠧᠩ ᠨᠠᠷ ᠬᠤᠷᠠᠯ᠎ᠳᠤ ᠣᠷᠣᠯᠴᠠᠵᠠᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠯᠢ ᠰᠢᠤᠸᠠᠢ ᠷᠧᠨ ᠰᠡᠭᠦᠳᠡᠷᠯᠡᠪᠡ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ᠎ᠳᠤ 2956 ᠬᠥᠮᠥᠨ ᠣᠷᠤᠯᠴᠠᠬᠤ ᠶᠣᠰᠣᠲᠠᠢ᠃ 5᠎ᠤ ᠦᠳᠡ ᠵᠢᠨ ᠡᠮᠦᠨᠡᠬᠢ ᠬᠤᠷᠠᠯ᠎ᠳᠤ 2872 ᠬᠥᠮᠥᠨ ᠣᠷᠣᠯᠴᠠᠵᠤ ᠂ 84 ᠬᠥᠮᠥᠨ ᠣᠷᠣᠯᠴᠠᠬᠰᠠᠨ ᠦᠭᠡᠢ ᠂ ᠣᠷᠣᠯᠴᠠᠬᠰᠠᠨ ᠬᠥᠮᠥᠨ᠎ᠤ ᠲᠤᠭ᠎ᠠ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠤᠭᠠᠳᠤ ᠨᠡᠶ᠋ᠢᠴᠡᠨ᠎ᠡ ᠃
ᠦᠳᠡ ᠵᠢᠨ ᠡᠮᠦᠨᠡᠬᠢ 9 ᠴᠠᠭ᠎ᠲᠤ ᠂ ᠵᠣᠣ ᠯᠧ ᠵᠢᠢ ᠄ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ ᠡᠬᠢᠯᠡᠯ᠎ᠡ ᠭᠡᠵᠦ ᠨᠡᠶ᠋ᠢᠲᠡᠯᠡᠪᠡ ᠃ ᠪᠦᠭᠦᠳᠡᠭᠡᠷ ᠵᠶ᠋ᠠᠨ ᠪᠣᠰᠴᠤ ᠵᠣᠭᠰᠣᠨ ᠂ ᠤᠯᠤᠰ᠎ᠤᠨ ᠰᠦᠯᠳᠡ ᠳᠠᠭᠤᠤ ᠵᠢ ᠬᠠᠩᠭᠢᠨᠠᠲᠠᠯ᠎ᠠ ᠳᠠᠭᠤᠯᠠᠪᠠ ᠃

3 ᠰᠠᠷ᠎ᠠ ᠵᠢᠨ 5᠎ᠤ ᠡᠳᠦᠷ ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ ᠪᠡᠭᠡᠵᠢᠩ᠎ᠳᠠᠬᠢ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠡᠬᠢᠯᠡᠪᠡ ᠃ ᠵᠤᠤ ᠯᠧ ᠵᠢᠢ ᠡᠭᠢᠯᠡᠯᠳᠡ ᠵᠢᠨ ᠬᠤᠷᠠᠯ᠎ᠢ ᠡᠷᠭᠢᠯᠡᠵᠡᠢ ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ
ᠬᠤᠷᠠᠯ᠎ᠤᠨ ᠵᠥᠪᠯᠡᠬᠦ ᠵᠦᠢ᠍ᠯ᠎ᠢ ᠦᠨᠳᠦᠰᠦᠯᠡᠨ ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠶ᠋ᠢᠳ ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠡᠮᠦᠨ᠎ᠡ᠎ᠠᠴᠠ ᠶᠡᠭᠡ ᠬᠤᠷᠠᠯ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠬᠢᠪᠡ᠃ ᠢᠯᠡᠳᠬᠡᠯ᠎ᠨᠢ ᠭᠤᠷᠪᠠᠨ ᠬᠡᠰᠡᠭ ᠵᠶ᠋ᠠᠷ ᠪᠦᠷᠢᠯᠳᠦᠵᠡᠢ ᠄ ᠨᠢᠭᠡ᠂ 2023 ᠣᠨ᠎ᠤ ᠠᠵᠢᠯ᠎ᠤᠨ ᠡᠷᠭᠢᠴᠡᠭᠦᠯᠦᠯ ; ᠬᠤᠶᠠᠷ ᠂ 2024 ᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠶᠡᠷᠦᠩᠬᠡᠢ ᠱᠠᠭ᠋ᠠᠷᠳᠠᠯᠭ᠎ᠠ ᠪᠠ ᠲᠥᠷᠥ ᠵᠢᠨ ᠪᠣᠳᠣᠯᠭ᠎ᠠ ᠵᠢᠨ ᠬᠠᠨᠳᠤᠰᠢ ; ᠭᠤᠷᠪᠠ ᠂ 2024 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠡᠭᠦᠷᠭᠡ ᠃

3 ᠰᠠᠷ᠎ᠠ ᠵᠢᠨ 5᠎ᠤ ᠡᠳᠦᠷ ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠬᠤᠷᠠᠯ ᠪᠡᠭᠡᠵᠢᠩ᠎ᠳᠠᠬᠢ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠡᠬᠢᠯᠡᠪᠡ ᠃ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠶ᠋ᠢᠳ ᠯᠢ ᠴᠢᠶᠠᠩ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠬᠢᠪᠡ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠶᠣᠣ ᠳ᠋ᠠ ᠸᠧᠢ ᠰᠡᠭᠦᠳᠡᠷᠯᠡᠪᠡ
ᠯᠢ ᠴᠢᠶᠠᠩ ᠢᠯᠡᠳᠬᠡᠯ᠎ᠳᠡᠭᠡᠨ᠂ ᠥᠩᠭᠡᠷᠡᠭᠰᠡᠨ ᠨᠢᠭᠡ ᠵᠢᠯ ᠪᠣᠯ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠭᠰᠠᠨ ᠡᠭᠢᠯᠡᠯᠲᠡ ᠵᠢᠨ ᠵᠢᠯ ᠮᠥᠨ᠂ ᠲᠤᠰ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠠᠩᠬᠠᠨ᠎ᠤ ᠵᠢᠯ ᠮᠥᠨ᠃ ᠲᠤᠶ᠋ᠢᠯ᠎ᠤᠨ ᠨᠠᠷᠢᠨ ᠪᠤᠳᠤᠯᠢᠶᠠᠨᠲᠠᠢ ᠳᠡᠯᠡᠬᠡᠢ ᠵᠢᠨ ᠣᠷᠴᠢᠨ ᠪᠣᠯᠣᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ ᠵᠢᠨ ᠡᠮᠦᠨ᠎ᠡ᠂ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠢ ᠪᠦᠯᠬᠦᠮᠳᠡᠭᠦᠯᠦᠨ ᠳᠠᠭ᠋ᠠᠭᠤᠯᠵᠤ᠂ ᠭᠠᠳᠠᠭ᠋ᠠᠳᠤ ᠣᠷᠴᠢᠨ᠎ᠤ ᠳᠠᠷᠤᠯᠲᠠ ᠵᠢ ᠳᠠᠭ᠋ᠠᠭ᠋ᠠᠵᠤ᠂ ᠳᠣᠲᠣᠭ᠋ᠠᠳᠤ ᠵᠢᠨ ᠬᠦᠴᠢᠷ ᠪᠡᠷᠬᠡᠰᠢᠶᠡᠯ᠎ᠢ ᠢᠯᠠᠨ ᠳᠠᠪᠠᠵᠤ ᠂ ᠰᠢᠷᠭ᠋ᠠᠭᠤ ᠬᠠᠲᠠᠭᠤᠵᠢᠯᠲᠠᠢ ᠴᠢᠷᠮᠠᠶ᠋ᠢᠯᠭ᠎ᠠ ᠭᠠᠷᠭ᠋ᠠᠵᠤ ᠂ ᠰᠢᠨ᠎ᠡ ᠲᠢᠲᠢᠮᠯᠢᠭ ᠸᠢᠷᠦ᠋ᠰ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠲᠣᠭᠲᠠᠭᠤᠨ ᠵᠶ᠋ᠠᠷ ᠱᠠᠲᠤ ᠰᠢᠯᠵᠢᠭᠦᠯᠬᠦ ᠵᠢ ᠪᠡᠶᠡᠯᠡᠭᠦᠯᠵᠦ ᠂ ᠴᠢᠬᠤᠯᠠ ᠶᠡᠭᠡ ᠰᠢᠢ᠍ᠳᠪᠦᠷᠢᠲᠦ ᠴᠢᠨᠠᠷᠲᠠᠢ ᠢᠯᠠᠯᠲᠠ ᠵᠢ ᠣᠯᠵᠤ ᠂ ᠪᠦᠭᠦ ᠵᠢᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠬᠠᠷᠠᠯᠲᠠ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ ᠂ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ ᠂ ᠨᠡᠶ᠋ᠢᠭᠡᠮ᠎ᠤᠨ ᠶᠡᠭᠡ ᠲᠠᠯ᠎ᠠ ᠵᠢᠨ ᠲᠣᠭᠲᠠᠭᠤᠨ᠎ᠢ ᠪᠠᠲᠤᠯᠠᠵᠤ ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ᠎ᠢ ᠠᠯᠬᠤᠪᠠ ᠭᠡᠵᠦ ᠵᠢᠭ᠋ᠠᠵᠤ ᠭᠠᠷᠭ᠋ᠠᠵᠠᠢ ᠃
ᠯᠢ ᠴᠢᠶᠠᠩ ᠢᠯᠡᠳᠬᠡᠯ᠎ᠳᠡᠭᠡᠨ ᠂ ᠨᠢᠭᠡ ᠵᠢᠯ᠎ᠤᠨ ᠲᠤᠷᠰᠢ ᠂ ᠪᠢᠳᠡ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠶᠣᠰᠣᠭ᠋ᠠᠷ ᠭᠤᠣᠯᠳᠠᠭᠤ ᠳᠣᠣᠷᠠᠬᠢ ᠠᠵᠢᠯ᠎ᠤᠳ᠎ᠢ ᠬᠢᠵᠡᠢ ᠄ ᠨᠢᠭᠡ᠎ᠳᠤ ᠂ ᠬᠤᠷᠸ᠎ᠠ ᠡᠵᠡᠮᠰᠢᠯ ᠲᠣᠬᠢᠷᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠵᠤ ᠂ ᠠᠵᠤ ᠠᠬᠤᠢ ᠵᠢᠨ ᠡᠷᠭᠢᠯᠲᠡ ᠵᠢᠨ ᠦᠷᠭᠦᠯᠵᠢᠯᠡᠨ ᠰᠠᠶ᠋ᠢᠵᠢᠷᠠᠬᠤ ᠵᠢ ᠠᠭᠢᠭᠤᠯᠪᠠ ; ᠬᠤᠶᠠᠷ᠎ᠲᠤ ᠂ ᠰᠢᠨ᠎ᠡ ᠵᠢ ᠡᠭᠦᠳᠬᠦ᠎ᠳᠤ ᠲᠦᠰᠢᠭᠯᠡᠨ ᠠᠵᠤ ᠦᠢ᠍ᠯᠡᠰ᠎ᠤᠨ ᠲᠡᠰ ᠳᠡᠪᠰᠢᠬᠦ ᠵᠢ ᠬᠥᠲᠥᠯᠥᠨ ᠳᠠᠭ᠋ᠠᠭᠤᠯᠵᠤ ᠂ ᠬᠤᠳᠠ ᠬᠥᠳᠡᠭᠡ ᠣᠷᠣᠨ ᠪᠦᠰᠡ ᠵᠢᠨ ᠬᠥᠭᠵᠢᠯᠲᠡ ᠵᠢᠨ ᠰᠢᠨ᠎ᠡ ᠬᠥᠳᠡᠯᠭᠡᠬᠦ ᠬᠦᠴᠦᠨ᠎ᠢ ᠨᠡᠮᠡᠭᠳᠡᠭᠦᠯᠪᠡ; ᠭᠤᠷᠪᠠ᠎ᠳᠤ ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠨᠡᠭᠡᠭᠡᠯᠲᠡ ᠵᠢ ᠥᠷᠭᠡᠳᠬᠡᠵᠦ ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠢ ᠦᠷᠭᠦᠯᠵᠢᠯᠡᠨ ᠰᠠᠶ᠋ᠢᠵᠢᠷᠠᠭᠤᠯᠪᠠ ; ᠳᠥᠷᠪᠡ᠎ᠳᠤ ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠠᠰᠠᠯᠲᠠ ᠵᠢ ᠴᠢᠩᠭ᠋ᠠᠳᠬᠠᠵᠤ ᠂ ᠬᠥᠭᠵᠢᠯᠲᠡ ᠵᠢᠨ ᠭᠡᠯᠪᠡᠷᠢ ᠵᠢᠨ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠭᠡᠪᠡ ; ᠲᠠᠪᠤ᠎ᠳᠤ ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠬᠦᠴᠦᠯᠡᠨ ᠰᠠᠶ᠋ᠢᠲᠤᠷ ᠠᠳᠬᠤᠵᠤ ᠂ ᠨᠡᠶ᠋ᠢᠭᠡᠮ᠎ᠤᠨ ᠠᠵᠢᠯ ᠦᠢ᠍ᠯᠡᠰ᠎ᠤᠨ ᠬᠥᠭᠵᠢᠯᠲᠡ ᠵᠢ ᠠᠭᠢᠭᠤᠯᠪᠠ ; ᠵᠢᠷᠭᠤᠭ᠎ᠠ᠎ᠳᠤ ᠂ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠵᠤ ᠂ ᠵᠠᠰᠠᠯᠲᠠ ᠵᠢᠨ ᠦᠷ᠎ᠡ ᠪᠦᠲᠦᠮᠵᠢ ᠵᠢ ᠶᠡᠭᠡ᠎ᠪᠠᠷ ᠳᠡᠭᠡᠭᠰᠢᠯᠡᠭᠦᠯᠪᠡ ᠭᠡᠵᠦ ᠵᠢᠭ᠋ᠠᠵᠤ ᠭᠠᠷᠭ᠋ᠠᠵᠠᠢ ᠃
ᠯᠢ ᠴᠢᠶᠠᠩ ᠢᠯᠡᠳᠬᠡᠯ᠎ᠳᠡᠭᠡᠨ᠂ ᠠᠮᠵᠢᠯᠲᠠ᠎ᠪᠠᠨ ᠨᠤᠲᠠᠯᠠᠬᠤ ᠵᠢᠨ ᠬᠠᠮᠲᠤ ᠪᠢᠳᠡ ᠪᠠᠰᠠ ᠲᠤᠯᠭ᠋ᠠᠷᠠᠵᠤ ᠪᠠᠶ᠋ᠢᠭ᠎ᠠ ᠬᠦᠴᠢᠷᠳᠡᠯ ᠪᠠ ᠥᠷᠢᠰᠦᠯᠳᠦᠭᠡᠨ᠎ᠢ ᠰᠡᠷᠭᠡᠭ ᠵᠶ᠋ᠠᠷ ᠣᠯᠵᠤ ᠬᠠᠷᠠᠪᠠ᠃ ᠪᠢᠳᠠ ᠯᠠᠪᠲᠠᠢ ᠠᠰᠠᠭᠤᠳᠠᠯ ᠪᠠ ᠥᠷᠢᠰᠦᠯᠳᠦᠭᠡᠨ᠎ᠳᠤ ᠰᠢᠭᠤᠳ ᠬᠠᠨᠳᠤᠵᠤ᠂ ᠪᠦᠭᠦ ᠰᠡᠳᠬᠢᠯ ᠪᠦᠭᠦ ᠵᠣᠷᠢᠭ ᠵᠶ᠋ᠠᠷ ᠵᠶ᠋ᠠᠨ ᠠᠵᠢᠯ ᠵᠶ᠋ᠠᠨ ᠰᠠᠶ᠋ᠢᠲᠤᠷ ᠬᠢᠵᠦ᠂ ᠠᠷᠠᠳ ᠲᠦᠮᠡᠨ᠎ᠤ ᠬᠦᠰᠡᠯ ᠨᠠᠶ᠋ᠢᠳᠠᠯᠭ᠎ᠠ ᠵᠢ ᠶᠠᠭ᠋ᠠᠬᠢᠭᠰᠠᠨ ᠴᠤ᠌ ᠬᠥᠰᠡᠷᠳᠡᠭᠦᠯᠬᠦ ᠦᠭᠡᠢ ᠭᠡᠵᠦ ᠵᠢᠭ᠋ᠠᠵᠤ ᠭᠠᠷᠭ᠋ᠠᠪᠠ ᠃
ᠯᠢ ᠴᠢᠶᠠᠩ ᠢᠯᠡᠳᠬᠡᠯ᠎ᠳᠡᠭᠡᠨ᠂ ᠡᠨᠡ ᠵᠢᠯ ᠪᠣᠯ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 75 ᠵᠢᠯ᠎ᠤᠨ ᠣᠶ ᠮᠥᠨ᠂ 《ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠣᠨ᠎ᠠ ᠃ ᠡᠨᠡ ᠵᠢᠯ᠎ᠤᠨ ᠬᠥᠭᠵᠢᠯᠲᠡ ᠵᠢᠨ ᠭᠤᠣᠯ ᠵᠢᠱ᠌ᠢᠭᠰᠡᠨ ᠬᠠᠷᠠᠯᠲᠠ ᠪᠣᠯ᠄ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠢ 5% ᠣᠷᠴᠢᠮ ᠵᠶ᠋ᠠᠷ ᠨᠡᠮᠡᠭᠳᠡᠭᠦᠯᠦᠨ᠎ᠡ ᠂ ᠬᠤᠳᠠ ᠪᠠᠯᠭ᠋ᠠᠰᠤᠨ ᠪ᠊ 1200 ᠲᠦᠮᠡ᠎ᠠᠴᠠ ᠳᠡᠭᠡᠭᠰᠢ ᠬᠥᠮᠥᠨ᠎ᠳᠤ ᠰᠢᠨ᠎ᠡ᠎ᠪᠠᠷ ᠠᠵᠢᠯ ᠣᠯᠭᠤᠵᠤ ᠂ ᠬᠤᠳᠠ ᠪᠠᠯᠭ᠋ᠠᠰᠤᠨ᠎ᠤ ᠪᠠᠶ᠋ᠢᠴᠠᠭ᠋ᠠᠭᠰᠠᠨ ᠠᠵᠢᠯ ᠠᠯᠳᠠᠯᠲᠠ ᠵᠢᠨ ᠨᠤᠷᠮ᠎ᠠ ᠵᠢ 5.5 % ᠣᠷᠴᠢᠮ ᠪᠠᠶ᠋ᠢᠯᠭ᠋ᠠᠨ᠎ᠠ ; ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠵᠢᠨ ᠥᠰᠦᠯᠲᠡ ᠵᠢ 3% ᠣᠷᠴᠢᠮ ᠪᠠᠶ᠋ᠢᠯᠭ᠋ᠠᠨ᠎ᠠ ; ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ ᠪᠠ ᠠᠵᠤ ᠠᠬᠤᠢ ᠵᠢᠨ ᠨᠡᠮᠡᠭᠳᠡᠯ᠎ᠢ ᠠᠳᠠᠯᠢ ᠠᠯᠬᠤᠮ᠎ᠳᠤ ᠪᠠᠶ᠋ᠢᠯᠭ᠋ᠠᠨ᠎ᠠ ; ᠤᠯᠠᠨ ᠤᠯᠤᠰ᠎ᠤᠨ ᠣᠷᠣᠯᠭ᠎ᠠ ᠵᠠᠷᠤᠯᠭ᠎ᠠ ᠵᠢ ᠦᠨᠳᠦᠰᠦᠨ᠎ᠳᠡᠭᠡᠨ ᠲᠡᠩᠴᠡᠭᠦᠷᠢᠲᠡᠢ ᠪᠠᠶ᠋ᠢᠯᠭ᠋ᠠᠨ᠎ᠠ ; ᠠᠮᠤ ᠪᠤᠳᠠᠭ᠋ᠠᠨ᠎ᠤ ᠤᠨᠠᠯᠲᠠ 1.3 ᠲᠦᠮᠡᠨ ᠳ᠋ᠦᠩᠰᠢᠭᠤᠷ ᠵᠢᠩ᠎ᠠᠴᠠ ᠳᠡᠭᠡᠭᠰᠢ ᠪᠠᠶ᠋ᠢᠬᠤ ᠵᠢ ᠪᠠᠳᠤᠯᠠᠨ᠎ᠠ ; ᠨᠢᠭᠡᠴᠢ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠦᠷᠲᠡᠭ᠎ᠤᠨ ᠡᠨᠧᠷᠭᠢ ᠵᠢᠨ ᠬᠤᠷᠣᠭᠳᠠᠭᠤᠯᠤᠯᠢ 2.5% ᠣᠷᠴᠢᠮ ᠪᠠᠭᠤᠷᠠᠭᠤᠯᠵᠤ ᠂ ᠠᠮᠢ ᠠᠬᠤᠢ ᠣᠷᠴᠢᠨ ᠲᠣᠭᠤᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠶ᠋ᠢᠵᠢᠷᠠᠭᠤᠯᠤᠨ᠎ᠠ ᠭᠡᠵᠦ ᠵᠢᠭ᠋ᠠᠵᠤ ᠭᠠᠷᠭ᠋ᠠᠵᠠᠢ ᠃
ᠯᠢ ᠴᠢᠶᠠᠩ ᠢᠯᠡᠳᠬᠡᠯ᠎ᠳᠡᠭᠡᠨ᠂ ᠪᠢᠳᠡ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠵᠢ ᠪᠠᠷᠢᠮᠲᠠᠯᠠᠵᠤ᠂ ᠳᠠᠪᠰᠢᠯᠳᠠ᠎ᠪᠠᠷ ᠲᠣᠭᠲᠠᠭᠤᠨ᠎ᠢ ᠠᠬᠢᠭᠤᠯᠵᠤ᠂ ᠤᠷᠢᠳ ᠵᠶ᠋ᠠᠷ ᠰᠢᠨ᠎ᠡ ᠵᠢ ᠪᠠᠶ᠋ᠢᠭᠤᠯᠤᠨ ᠳᠠᠷᠠᠭ᠎ᠠ᠎ᠨᠢ ᠬᠠᠭᠤᠴᠢᠨ᠎ᠢ ᠡᠪᠳᠡᠬᠦ ᠬᠡᠷᠡᠭᠲᠡᠢ ᠃ ᠡᠨᠡ ᠵᠢᠯ᠎ᠤᠨ ᠬᠥᠭᠵᠢᠯᠲᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ᠎ᠳᠤ ᠡᠷᠬᠡᠪᠰᠢ ᠰᠢ ᠵᠢᠨ ᠫᠢᠩ᠎ᠤᠨ ᠠᠵᠤ ᠠᠬᠤᠢ ᠵᠢᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠂ ᠬᠦᠴᠦ᠎ᠪᠠᠨ ᠲᠥᠪᠯᠡᠷᠡᠭᠦᠯᠦᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠃ ᠨᠡᠩ ᠶᠡᠭᠡ ᠡᠷᠴᠢ ᠵᠣᠷᠢᠭ ᠪᠣᠯᠣᠨ ᠡᠷᠴᠢᠮ ᠵᠶ᠋ᠠᠷ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠶ᠋ᠢᠷᠡᠭᠦᠯᠵᠦ ᠂ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠦᠷ᠎ᠡ ᠪᠦᠲᠦᠮᠵᠢᠲᠡᠢ ᠵᠠᠰᠠᠭ᠎ᠤᠨ ᠣᠷᠳᠣᠨ᠎ᠤ ᠨᠡᠩ ᠰᠠᠶ᠋ᠢᠨ ᠤᠶᠠᠯᠳᠤᠯ᠎ᠢ ᠠᠬᠢᠭᠤᠯᠵᠤ᠂ ᠨᠡᠶ᠋ᠢᠭᠡᠮ᠎ᠤᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠬᠦ ᠪᠠ ᠴᠢᠩᠭ᠋ᠠᠳᠬᠠᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠨᠡᠩ ᠶᠡᠭᠡ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠯᠢ ᠴᠢᠶᠠᠩ ᠢᠯᠡᠳᠬᠡᠯ᠎ᠳᠡᠭᠡᠨ ᠂ ᠨᠠᠮ᠎ᠤᠨ ᠲᠥᠪ ᠬᠤᠷᠢᠶ᠎ᠠ ᠡᠨᠡ ᠵᠢᠯ᠎ᠤᠨ ᠠᠵᠢᠯ᠎ᠳᠤ ᠪᠦᠭᠦ ᠲᠠᠯ᠎ᠠ ᠵᠢᠨ ᠪᠠᠶ᠋ᠢᠷᠢᠯᠠᠭᠤᠯᠤᠯᠲᠠ ᠬᠢᠵᠡᠢ ᠂ ᠪᠢᠳᠡ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠂ ᠭᠤᠣᠯ ᠵᠥᠷᠢᠴᠡᠯ᠎ᠢ ᠴᠢᠩᠭ᠎ᠠ ᠠᠳᠬᠤᠵᠤ ᠂ ᠪᠣᠭᠤᠮᠢ ᠬᠦᠯᠢᠶᠡᠰᠦᠯᠡᠯ᠎ᠢ ᠬᠦᠴᠦᠯᠡᠨ ᠰᠢᠪᠲᠤᠯᠵᠤ ᠂ ᠡᠯ᠎ᠡ ᠵᠦᠢ᠍ᠯ᠎ᠤᠨ ᠠᠵᠢᠯ ᠵᠶ᠋ᠠᠨ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠄ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠶᠡᠭᠡ᠎ᠪᠠᠷ ᠠᠬᠢᠭᠤᠯᠵᠤ ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠭᠦᠭᠵᠢᠭᠦᠯᠦᠨ᠎ᠡ ; ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ ᠂ ᠴᠢᠨᠠᠷ ᠰᠠᠶ᠋ᠢᠲᠠᠢ ᠬᠥᠭᠵᠢᠯᠲᠡ ᠵᠢᠨ ᠰᠠᠭᠤᠷᠢᠯᠠᠬᠤ ᠲᠤᠯᠭ᠋ᠠᠭᠤᠷᠢᠯᠠᠯ᠎ᠢ ᠴᠢᠩᠭ᠋ᠠᠳᠬᠠᠨ᠎ᠠ ; ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠬᠦᠴᠦᠯᠡᠨ ᠥᠷᠭᠡᠳᠬᠡᠵᠦ ᠂ ᠠᠵᠤ ᠠᠬᠤᠢ ᠵᠢᠨ ᠰᠠᠶ᠋ᠢᠨ ᠰᠠᠶ᠋ᠢᠬᠠᠨ ᠣᠷᠴᠢᠯ᠎ᠢ ᠪᠡᠶᠡᠯᠡᠭᠦᠯᠬᠦ ᠵᠢ ᠠᠭᠢᠭᠤᠯᠤᠨ᠎ᠠ ; ᠥᠭᠡᠷᠡᠴᠢᠯᠡᠯᠲᠡ ᠵᠢ ᠭᠤᠶ᠋ᠢᠪᠢᠰᠢ ᠦᠭᠡᠢ ᠭᠦᠨᠵᠡᠭᠡᠶ᠋ᠢᠷᠡᠭᠦᠯᠵᠦ ᠂ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠴᠢᠩᠭ᠋ᠠᠷᠠᠭᠤᠯᠤᠨ᠎ᠠ ; ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠬᠡᠵᠦ ᠂ ᠬᠠᠷᠢᠯᠴᠠᠨ ᠠᠰᠢᠭᠲᠠᠢ ᠪᠠᠶ᠋ᠢᠵᠤ ᠬᠠᠮᠲᠤ᠎ᠪᠠᠷ ᠠᠰᠢᠭ ᠭᠦᠷᠳᠡᠭᠦ ᠵᠢ ᠠᠭᠢᠭᠤᠯᠤᠨ᠎ᠠ ; ᠬᠥᠭᠵᠢᠯᠲᠡ ᠪᠠ ᠠᠮᠤᠷ ᠲᠦᠪᠰᠢᠨ᠎ᠢ ᠨᠠᠩ ᠰᠠᠶ᠋ᠢᠲᠤᠷ ᠨᠢᠭᠡᠳᠦᠯᠲᠡᠢ ᠲᠥᠯᠥᠪᠵᠢᠭᠦᠯᠵᠦ ᠂ ᠭᠤᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠵᠢ ᠪᠦᠲᠦᠮᠵᠢᠲᠡᠶ ᠰᠡᠷᠭᠡᠶ᠋ᠢᠯᠡᠨ ᠠᠷᠢᠯᠭ᠋ᠠᠨ᠎ᠠ ; 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ 》᠎ᠤ ᠠᠵᠢᠯ᠎ᠢ ᠴᠥᠬᠦᠷᠡᠰᠢ ᠦᠭᠡᠢ ᠰᠠᠶ᠋ᠢᠲᠤᠷ ᠠᠳᠬᠤᠵᠤ ᠂ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠭᠢᠭᠤᠯᠤᠨ᠎ᠠ ; ᠬᠤᠲᠠ ᠬᠥᠳᠡᠭᠡ ᠵᠢᠨ ᠠᠭᠤᠰᠤᠯᠴᠠᠯ ᠪᠠ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠵᠤ᠂ ᠠᠵᠤ ᠠᠬᠤᠢ ᠵᠢᠨ ᠪᠠᠶ᠋ᠢᠷᠢᠰᠢᠯ᠎ᠢ ᠶᠡᠭᠡ᠎ᠪᠠᠷ ᠰᠢᠯᠢᠳᠡᠭᠵᠢᠭᠦᠯᠦᠨ᠎ᠡ ; ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ ᠂ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠠᠭᠢᠭᠤᠯᠤᠨ᠎ᠠ ; ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠶ᠋ᠢᠵᠢᠷᠠᠭᠤᠯᠵᠤ᠂ ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠨ ᠰᠢᠨ᠎ᠡ ᠵᠢ ᠡᠭᠦᠳᠦᠨ᠎ᠡ ᠭᠡᠵᠦ ᠳᠤᠷᠠᠳᠪᠠ ᠃
ᠢᠯᠡᠳᠬᠡᠯ᠎ᠳᠤ ᠂ ᠯᠢ ᠴᠢᠶᠠᠩ ᠪᠠᠰᠠ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠶ᠋ᠢᠭᠤᠯᠤᠯᠲᠠ ᠂ ᠦᠨᠳᠦᠰᠦᠲᠡᠨ ᠂ ᠱᠠᠰᠢᠨ ᠰᠤᠷᠲᠠᠬᠤᠨ ᠪᠠ ᠬᠠᠷᠢᠶᠠᠲᠤ ᠨᠠᠷ᠎ᠤᠨ ᠠᠵᠢᠯ ᠂ ᠤᠯᠤᠰ ᠤᠨ ᠪᠠᠲᠤᠯᠠᠨ ᠬᠠᠮᠠᠭ᠋ᠠᠯᠠᠯᠲᠠ ᠪᠣᠯᠣᠨ ᠴᠡᠷᠢᠭ ᠠᠩᠭᠢ ᠵᠢᠨ ᠪᠦᠲᠦᠭᠡᠨ ᠪᠠᠶ᠋ᠢᠭᠤᠯᠤᠯᠲᠠ ᠂ ᠰᠢᠶᠠᠩᠭ᠋ᠠᠩ ᠂ ᠣᠣᠮᠧᠨ᠎ᠤ ᠬᠥᠭᠵᠢᠯᠲᠡ ᠪᠣᠯᠣᠨ ᠲᠠᠶ᠋ᠢᠸᠠᠨ ᠬᠤᠭᠤᠯᠠᠢ ᠵᠢᠨ ᠬᠤᠶᠠᠷ ᠭᠦᠪᠡᠭᠡ ᠵᠢᠨ ᠬᠠᠷᠢᠯᠴᠠᠭ᠎ᠠ ᠵᠢᠴᠢ ᠮᠠᠨ᠎ᠤ ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠲᠦᠷᠦ ᠵᠢᠨ ᠪᠣᠳᠣᠯᠭ᠎ᠠ ᠵᠡᠷᠭᠡ ᠵᠢᠨ ᠲᠤᠬᠠᠢ ᠲᠣᠳᠣᠷᠬᠠᠶ᠋ᠢᠯᠠᠨ ᠥᠭᠦᠯᠡᠵᠡᠢ ᠃
ᠬᠤᠷᠠᠯ᠎ᠤᠨ ᠵᠥᠪᠯᠡᠬᠦ ᠵᠦᠢ᠍ᠯᠡᠰ᠎ᠢ ᠦᠨᠳᠦᠰᠦᠯᠡᠨ ᠂ ᠶᠡᠭᠡ ᠬᠤᠷᠠᠯ᠎ᠠᠴᠠ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 2023 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ ᠵᠢ ᠬᠡᠷᠡᠭᠵᠢᠭᠦᠯᠦᠭᠰᠡᠨ ᠪᠠᠶ᠋ᠢᠳᠠᠯ ᠬᠢᠭᠡᠳ 2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ ᠵᠢᠨ ᠲᠥᠰᠥᠯ᠎ᠤᠨ ᠲᠤᠬᠠᠢ ᠮᠡᠳᠡᠭᠦᠯᠦᠯᠲᠡ ᠵᠢᠴᠢ 2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ ᠵᠢᠨ ᠲᠥᠰᠥᠯ ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 2023 ᠣᠨ᠎ᠤ ᠲᠥᠪ᠎ᠤᠨ ᠪᠠ ᠣᠷᠣᠨ ᠨᠤᠲᠤᠭ᠎ᠤᠨ ᠲᠥᠰᠥᠪ᠎ᠢ ᠭᠦᠢ᠍ᠴᠡᠳᠬᠡᠭᠰᠡᠨ ᠪᠠᠶ᠋ᠢᠳᠠᠯ ᠬᠢᠭᠡᠳ 2024 ᠣᠨ᠎ᠤ ᠲᠥᠪ᠎ᠤᠨ ᠪᠠ ᠣᠷᠣᠨ ᠨᠤᠲᠤᠭ᠎ᠤᠨ ᠲᠥᠰᠥᠪ᠎ᠤᠨ ᠲᠥᠰᠥᠯ᠎ᠤᠨ ᠲᠤᠬᠠᠢ ᠮᠡᠳᠡᠭᠦᠯᠦᠯᠲᠡ ᠵᠢᠴᠢ 2024 ᠣᠨ᠎ᠤ ᠲᠥᠪ᠎ᠤᠨ ᠪᠠ ᠣᠷᠣᠨ ᠨᠤᠲᠤᠭ᠎ᠤᠨ ᠲᠥᠰᠥᠪ᠎ᠤᠨ ᠲᠥᠰᠥᠯ᠎ᠢ ᠬᠢᠨᠠᠨ ᠪᠠᠶ᠋ᠢᠴᠠᠭ᠋ᠠᠪᠠ ᠃
ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠨᠠᠶ᠋ᠢᠳᠠᠯᠭ᠎ᠠ᠎ᠪᠠᠷ ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠳᠡᠳ᠋ ᠬᠤᠷᠢᠶᠠᠨ ᠳᠠᠷᠤᠭ᠎ᠠ ᠯᠢ ᠬᠤᠩ ᠵᠥᠩ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠥᠯ᠎ᠤᠨ ᠲᠤᠬᠠᠢ ᠲᠣᠳᠣᠷᠬᠠᠶ᠋ᠢᠯᠠᠯᠲᠠ ᠬᠢᠪᠡ ᠃
ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠥᠯ᠎ᠤᠨ ᠲᠤᠬᠠᠢ ᠲᠣᠳᠣᠷᠬᠠᠶ᠋ᠢᠯᠠᠯᠲᠠ᠎ᠳᠤ ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠠᠤᠯᠢ ᠪᠣᠯ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠳᠦᠷᠢᠮ ᠪᠠ ᠠᠵᠢᠯ᠎ᠤᠨ ᠳᠦᠷᠢᠮ᠎ᠤᠨ ᠲᠤᠬᠠᠢ ᠦᠨᠳᠦᠰᠦᠨ ᠬᠠᠤᠯᠢ ᠮᠥᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠦᠨᠳᠦᠰᠦᠨ ᠬᠠᠤᠯᠢ ᠪᠠ ᠬᠠᠤᠯᠢ ᠴᠠᠭ᠋ᠠᠵᠠ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠪᠠᠲᠤᠯᠠᠬᠤ᠎ᠳᠤ ᠴᠢᠬᠤᠯᠠ ᠦᠢ᠍ᠯᠡᠳᠦᠯ ᠪᠠᠳᠠᠷᠠᠭᠤᠯᠵᠤ ᠪᠠᠶ᠋ᠢᠳᠠᠭ ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ ᠂ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠨᠠᠮ ᠪᠣᠯᠣᠨ ᠲᠥᠷᠥ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠠᠬᠢᠴᠠ ᠵᠢ ᠶᠡᠭᠡ᠎ᠪᠠᠷ ᠠᠬᠢᠭᠤᠯᠵᠤ ᠂ ᠨᠠᠮ ᠪᠣᠯᠣᠨ ᠲᠥᠷᠥ ᠵᠢᠨ ᠪᠠᠶ᠋ᠢᠭᠤᠯᠤᠮᠵᠢ ᠵᠢᠨ ᠡᠭᠦᠷᠭᠡ ᠲᠤᠰᠢᠶᠠᠯ ᠰᠢᠰᠲ᠋ᠧᠮᠲᠦ ᠴᠢᠨᠠᠷᠲᠠᠢ ᠂ ᠪᠦᠬᠦᠯᠢ ᠴᠣᠭᠴᠠ ᠵᠢᠨ ᠴᠢᠨᠠᠷᠲᠠᠢ ᠳᠠᠭᠢᠨ ᠴᠣᠭᠴᠠᠯᠠᠯᠲᠠ ᠵᠢ ᠪᠡᠶᠡᠯᠡᠭᠦᠯᠵᠦ ᠂ ᠰᠢᠰᠲ᠋ᠧᠮ ᠪᠦᠷᠢᠨ ᠲᠡᠭᠦᠯᠳᠡᠷ᠂ ᠰᠢᠨᠵᠢᠯᠡᠬᠦ ᠤᠬᠠᠭ᠋ᠠᠨᠴᠢ ᠵᠢᠷᠤᠮᠵᠢᠯ᠎ᠲᠠᠢ ᠂ ᠠᠵᠢᠯᠯᠠᠭ᠋ᠠᠨ ᠥᠨᠳᠥᠷ ᠪᠦᠲᠦᠮᠵᠢᠲᠡᠶ ᠨᠠᠮ ᠪᠣᠯᠣᠨ ᠲᠥᠷᠥ ᠵᠢᠨ ᠪᠠᠶ᠋ᠢᠭᠤᠯᠤᠮᠵᠢ ᠵᠢᠨ ᠡᠭᠦᠷᠭᠡ ᠲᠤᠰᠢᠶᠠᠯ᠎ᠤᠨ ᠰᠢᠰᠲ᠋ᠧᠮ᠎ᠢ ᠪᠠᠶ᠋ᠢᠭᠤᠯᠵᠤ ᠲᠠᠰᠤᠷᠠᠯᠲᠠ ᠦᠭᠡᠢ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠪᠠ᠃ ᠰᠢᠨ᠎ᠡ ᠪᠠᠶ᠋ᠢᠳᠠᠯ ᠰᠢᠨ᠎ᠡ ᠡᠭᠦᠷᠭᠡ ᠰᠢᠨ᠎ᠡ ᠱᠠᠭ᠋ᠠᠷᠳᠠᠯᠭ᠎ᠠ᠎ᠳᠤ ᠵᠣᠬᠢᠴᠠᠭᠤᠯᠬᠤ ᠵᠢᠨ ᠲᠥᠯᠥᠭᠡ ᠂ ᠦᠢ᠍ᠯᠡᠳᠦᠯᠭᠡ ᠵᠢᠨ ᠲᠤᠷᠰᠢᠯᠭ᠎ᠠ᠎ᠪᠠᠨ ᠨᠠᠷᠢᠨ ᠬᠢᠨᠠᠮᠠᠭ᠋ᠠᠢ ᠳ᠋ᠦᠩᠨᠡᠭᠰᠡᠨ ᠰᠠᠭᠤᠷᠢᠨ ᠳᠡᠭᠡᠷ᠎ᠡ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠠᠤᠯᠢ᠎ᠳᠤ ᠵᠠᠰᠠᠪᠤᠷᠢ ᠣᠷᠣᠭᠤᠯᠵᠤ ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠬᠤ ᠂ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠵᠡᠷᠭᠡ ᠴᠢᠬᠤᠯᠠ ᠠᠭᠤᠯᠭ᠎ᠠ ᠵᠢ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠠᠤᠯᠢ᠎ᠳᠤ ᠪᠢᠴᠢᠵᠦ ᠣᠷᠣᠭᠤᠯᠤᠨ ᠂ ᠨᠠᠮ ᠪᠣᠯᠣᠨ ᠲᠦᠷᠦ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠣᠷᠢᠭ ᠰᠠᠨᠠᠭ᠎ᠠ ᠪᠣᠯᠣᠨ ᠦᠷ᠎ᠡ ᠪᠦᠲᠦᠭᠡᠯ᠎ᠢ ᠬᠠᠤᠯᠢ ᠴᠠᠭ᠋ᠠᠵᠠ ᠵᠢᠨ ᠲᠣᠭᠲᠠᠭ᠋ᠠᠯ ᠵᠶ᠋ᠠᠷ ᠳᠠᠮᠵᠢᠭᠤᠯᠤᠨ ᠢᠯᠡᠷᠡᠭᠦᠯᠬᠦ ᠴᠢᠬᠤᠯᠠᠲᠠᠢ ᠃ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠪᠣᠯ ᠰᠢᠨ᠎ᠡ ᠴᠠᠭ ᠦᠶ᠎ᠡ ᠵᠢᠨ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠂ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠶ᠋ᠢᠭᠤᠯᠤᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠷᠠᠳ ᠲᠦᠮᠡᠨ ᠵᠶ᠋ᠠᠷ ᠭᠤᠣᠯ ᠪᠤᠯᠭ᠋ᠠᠬᠤ ᠵᠢ ᠪᠠᠷᠢᠮᠲᠠᠯᠠᠬᠤ᠂ ᠪᠦᠭᠦ ᠰᠡᠳᠬᠢᠯ ᠪᠦᠭᠦ ᠵᠣᠷᠢᠭ ᠵᠶ᠋ᠠᠷ ᠠᠷᠠᠳ ᠲᠦᠮᠡᠨ᠎ᠳᠤ ᠦᠢ᠍ᠯᠡᠴᠢᠯᠡᠬᠦ ᠦᠨᠳᠦᠰᠦᠨ ᠵᠣᠷᠢᠯᠲᠠ ᠵᠢ ᠪᠠᠷᠢᠮᠲᠠᠯᠠᠬᠤ ᠳᠦᠷᠢᠮ᠎ᠤᠨ ᠪᠠᠲᠤᠯᠠᠭ᠎ᠠ ᠮᠥᠨ᠂ ᠰᠢᠨ᠎ᠡ ᠴᠠᠭ ᠦᠶ᠎ᠡ᠎ᠳᠤ ᠦᠨᠳᠦᠰᠦᠨ ᠬᠠᠤᠯᠢ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠬᠡᠷᠡᠭᠵᠢᠭᠦᠯᠬᠦ᠂ ᠬᠠᠤᠯᠢᠵᠢᠯ᠎ᠤᠨ ᠵᠠᠰᠠᠭ᠎ᠤᠨ ᠣᠷᠳᠣᠨ᠎ᠢ ᠪᠦᠭᠦ ᠲᠠᠯ᠎ᠠ᠎ᠪᠠᠷ ᠪᠠᠶ᠋ᠢᠭᠤᠯᠬᠤ ᠵᠢᠨ ᠴᠢᠬᠤᠯᠠ ᠲᠠᠯ᠎ᠠ ᠮᠥᠨ᠂ ᠨᠠᠮ ᠪᠣᠯᠣᠨ ᠲᠦᠷᠦ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠃ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠥᠯ ᠨᠡᠶ᠋ᠢᠳᠡ 20 ᠵᠦᠢ᠍ᠯ ᠪᠤᠢ ᠂ ᠭᠤᠣᠯ ᠵᠠᠰᠠᠪᠤᠷᠢ ᠣᠷᠣᠭᠤᠯᠬᠤ ᠠᠭᠤᠯᠭ᠎ᠠ ᠳᠤ᠄ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠢᠨᠵᠢ ᠴᠢᠨᠠᠷ ᠪᠠᠶ᠋ᠢᠷᠢ ᠰᠠᠭᠤᠷᠢ ᠵᠢᠨ ᠲᠤᠬᠠᠢ ᠲᠣᠭᠲᠠᠭ᠋ᠠᠯ᠎ᠢ ᠨᠡᠮᠡᠵᠦ ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠵᠢᠯ᠎ᠤᠨ ᠵᠢᠯᠤᠭᠤᠳᠬᠤ ᠦᠵᠡᠯ ᠰᠠᠨᠠᠭ᠎ᠠ ᠵᠢ ᠲᠣᠳᠣᠷᠬᠠᠶ᠋ᠢᠯᠠᠨ ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠡᠷᠬᠡ ᠲᠤᠰᠢᠶᠠᠯ᠎ᠤᠨ ᠲᠤᠬᠠᠢ ᠥᠭᠦᠯᠡᠯᠲᠡ ᠵᠢ ᠲᠡᠭᠦᠯᠳᠡᠷᠵᠢᠭᠦᠯᠵᠦ ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠪᠦᠷᠢᠯᠳᠦᠭᠦᠨ᠎ᠤ ᠬᠤᠯᠪᠣᠭᠳᠠᠯ ᠪᠦᠬᠦᠢ ᠲᠣᠭᠲᠠᠭ᠋ᠠᠯ᠎ᠢ ᠲᠡᠭᠦᠯᠳᠡᠷᠵᠢᠭᠦᠯᠦᠨ ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠪᠠᠶ᠋ᠢᠭᠤᠯᠤᠮᠵᠢ ᠵᠢᠴᠢ ᠲᠡᠭᠦᠨ᠎ᠤ ᠡᠷᠬᠡ ᠲᠤᠰᠢᠶᠠᠯ᠎ᠤᠨ ᠲᠤᠬᠠᠢ ᠬᠤᠯᠪᠣᠭᠳᠠᠯ ᠪᠦᠬᠦᠢ ᠲᠣᠭᠲᠠᠭ᠋ᠠᠯ᠎ᠢ ᠲᠡᠭᠦᠯᠳᠡᠷᠵᠢᠭᠦᠯᠵᠦ ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠬᠤᠷᠠᠯ᠎ᠤᠨ ᠳᠦᠷᠢᠮ᠎ᠢ ᠲᠡᠭᠦᠯᠳᠡᠷᠵᠢᠭᠦᠯᠦᠨ ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠪᠦᠭᠦ ᠲᠠᠯ᠎ᠠ᠎ᠪᠠᠷ ᠵᠥᠪ ᠭᠦᠢ᠍ᠴᠡᠳᠬᠡᠬᠦ ᠳᠦᠷᠢᠮ᠎ᠤᠨ ᠠᠷᠭ᠎ᠠ ᠬᠡᠮᠵᠢᠶ᠎ᠡ ᠵᠢ ᠨᠡᠮᠡᠭᠳᠡᠭᠦᠯᠬᠦ ᠵᠢ ᠪᠠᠭᠲᠠᠭ᠋ᠠᠨ᠎ᠠ ᠭᠡᠵᠦ ᠵᠢᠭ᠋ᠠᠵᠤ ᠭᠠᠷᠭ᠋ᠠᠪᠠ᠃
ᠲᠡᠷᠢᠭᠦᠯᠡᠭᠴᠢᠳ᠎ᠤᠨ ᠲᠠᠶ᠋ᠢᠰᠠᠨ᠎ᠳᠤ ᠰᠠᠭ᠋ᠠᠲᠠᠭᠰᠠᠳᠲᠤ ᠪᠠᠰᠠ ᠄ ᠮᠠ ᠰᠢᠩ ᠷᠦᠢ ᠂ ᠸᠠᠩ ᠢ ᠂ ᠶᠢᠨ ᠯᠢ ᠂ ᠱ᠌ᠢ᠎ᠲᠠᠢ ᠹᠧᠩ ᠂ ᠯᠢᠦ ᠭᠦᠸᠧ ᠵᠦᠩ ᠂ ᠯᠢ ᠭᠠᠨ ᠵᠢᠶᠧ ᠂ ᠯᠢ ᠱᠤ᠌ ᠯᠧᠢ ᠂ ᠾᠧ ᠸᠧᠢ ᠳ᠋ᠦᠩ ᠂ ᠾᠧ ᠯᠢ ᠹᠧᠩ ᠂ ᠵᠠᠩ ᠶᠢᠦ ᠰᠢᠶᠠ ᠂ ᠵᠠᠩ ᠭᠦᠸᠧ ᠴᠢᠩ ᠂ ᠴᠧᠨ ᠸᠧᠨ ᠴᠢᠩ ᠂ ᠴᠧᠨ ᠵᠢᠢ ᠨᠢᠩ ᠂ ᠴᠧᠨ ᠮᠢᠨ ᠡᠯ ᠂ ᠶᠤᠸᠠᠨ ᠵᠢᠶᠠ ᠵᠢᠶᠦ᠋ᠨ ᠂ ᠬᠤᠸᠠᠩ ᠺᠦᠨ ᠮᠢᠩ ᠂ ᠯᠢᠦ ᠵᠢᠨ ᠭᠦᠸᠧ ᠂ ᠸᠠᠩ ᠰᠢᠶᠣᠣ ᠬᠤᠩ ᠂ ᠦ᠋ ᠵᠧᠩ ᠯᠦᠩ ᠂ ᠱᠧᠨ ᠢ ᠴᠢᠨ᠂ ᠵᠠᠩ ᠵᠢᠶᠦ᠋ᠨ ᠂ ᠶᠢᠩ ᠶᠦᠩ ᠂ ᠬᠤ᠌ ᠴᠦᠨ ᠬᠤᠸᠠ ᠂ ᠱᠧᠨ ᠶᠤᠸᠠᠢ ᠶᠤᠸᠠᠢ ᠂ ᠸᠠᠩ ᠶᠦᠩ ᠂ ᠵᠧᠦ ᠴᠢᠶᠠᠩ ᠂ ᠫᠠᠪᠠᠯᠠ · ᠭᠧᠯᠢᠭᠨᠡᠮᠵᠢᠯ ᠂ ᠾᠧ ᠾᠧᠦ ᠬᠤᠸᠠ ᠂ ᠯᠢᠶᠠᠩ ᠵᠧᠨ ᠶᠢᠩ ᠂ ᠪᠠᠭ᠋ᠠᠲᠤᠷ ᠂ ᠰᠦ᠍ ᠬᠤᠶ ᠂ ᠱᠤᠤ ᠬᠤᠩ ᠂ ᠭᠤᠤ ᠶᠦᠨ ᠯᠦᠩ ᠂ ᠴᠧᠨ ᠦ᠋ ᠂ ᠮᠦ᠍ ᠬᠤᠩ ᠂ ᠰᠢᠶᠠᠨ ᠬᠤᠶ ᠂ ᠸᠠᠩ ᠳ᠋ᠦᠩ ᠹᠧᠩ ᠂ ᠵᠢᠶᠠᠩ ᠰᠢᠨ ᡁᠢ ᠂ ᠵᠢᠶᠠᠩ ᠽᠦᠸᠧ ᠵᠢᠶᠦ᠋ᠨ ᠂ ᠾᠧ ᠪᠦᠦ ᠰᠢᠶᠠᠩ᠂ ᠸᠠᠩ ᠭᠤᠸᠠᠩ ᠴᠢᠶᠠᠨ ᠂ ᠴᠢᠨ ᠪᠦᠸᠧ ᠶᠦᠩ ᠂ ᠵᠦ᠍ ᠶᠦᠩ ᠰᠢᠨ ᠂ ᠶᠠᠩ ᠵᠧᠨ ᠵᠢᠴᠢ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠭᠡᠰᠢᠭᠦᠨ ᠯᠢᠦ ᠵᠧᠨ ᠯᠢ ᠂ ᠵᠠᠩ ᠱᠧᠩ ᠮᠢᠨ ᠨᠠᠷ ᠪᠤᠢ ᠃
ᠰᠢᠶᠠᠩᠭ᠋ᠠᠩ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠵᠠᠰᠠᠭ ᠵᠠᠬᠢᠷᠭ᠋ᠠᠨ᠎ᠤ ᠳᠠᠷᠤᠭ᠎ᠠ ᠯᠢ ᠵᠢᠶᠠ ᠴᠤᠤ ᠂ ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠵᠠᠰᠠᠭ ᠵᠠᠬᠢᠷᠭ᠋ᠠᠨ᠎ᠤ ᠳᠠᠷᠤᠭ᠎ᠠ ᠾᠧ ᠢ ᠴᠧᠩ ᠬᠤᠷᠠᠯ᠎ᠳᠤ ᠰᠤᠯᠠ ᠣᠷᠣᠯᠴᠠᠬᠰᠠᠨ ᠪᠥᠭᠡᠳ ᠲᠡᠷᠢᠭᠦᠯᠡᠭᠴᠢᠳ᠎ᠤᠨ ᠲᠠᠶ᠋ᠢᠰᠠᠨ᠎ᠳᠤ ᠰᠠᠭ᠋ᠠᠲᠠᠪᠠ ᠃
ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠬᠤᠶᠠᠳᠤᠭ᠋ᠠᠷ ᠬᠤᠷᠠᠯ᠎ᠳᠤ ᠣᠷᠣᠯᠴᠠᠵᠤ ᠪᠠᠶ᠋ᠢᠭ᠎ᠠ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠶᠡᠭᠡ ᠬᠤᠷᠠᠯ᠎ᠳᠤ ᠰᠤᠯᠠ ᠣᠷᠣᠯᠴᠠᠵᠠᠢ ᠃
ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠴᠢᠯᠦᠭᠡᠯᠡᠬᠦ ᠴᠡᠷᠢᠭ᠎ᠤᠨ ᠬᠤᠯᠪᠣᠭᠳᠠᠯ ᠪᠦᠬᠦᠢ ᠨᠢᠭᠡᠴᠢ ᠪᠣᠯᠣᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠂ ᠡᠯ᠎ᠡ ᠠᠷᠠᠳ᠎ᠤᠨ ᠪᠦᠯᠭᠦᠮ᠎ᠤᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠶᠡᠭᠡ ᠬᠤᠷᠠᠯ᠎ᠳᠤ ᠰᠤᠯᠠ ᠣᠷᠣᠯᠴᠠᠬᠰᠠᠨ ᠪᠤᠶᠤ ᠶᠡᠭᠡ ᠬᠤᠷᠠᠯ᠎ᠢ ᠰᠤᠯᠠ ᠰᠣᠨᠣᠰᠴᠠᠢ ᠃
ᠳᠤᠮᠳᠠᠳᠤ ᠤᠯᠤᠰ᠎ᠲᠤ ᠰᠠᠭᠤᠭ᠎ᠠ ᠭᠠᠳᠠᠭ᠋ᠠᠳᠤ ᠵᠢᠨ ᠡᠯᠴᠢᠨ ᠰᠠᠶ᠋ᠢᠳ ᠶᠡᠭᠡ ᠬᠤᠷᠠᠯ᠎ᠢ ᠰᠤᠯᠠ ᠰᠣᠨᠣᠰᠪᠠ ᠃