ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠾᠧ ᠯᠢ ᠹᠧᠩ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2024-03-07

      3 ᠰᠠᠷ᠎ᠠ ᠵᠢᠨ 5᠎ᠤ ᠦᠳᠡ ᠵᠢᠨ ᠬᠤᠶ᠋ᠢᠨ᠎ᠠ᠂ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠶ᠋ᠢᠳ ᠾᠧ ᠯᠢ ᠹᠧᠩ ᠲᠡᠭᠦᠨ᠎ᠤ ᠪᠠᠶ᠋ᠢᠭ᠎ᠠ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠪᠠ᠃


 

6384533267889159369935267.jpg


      ᠾᠧ ᠯᠢ ᠹᠧᠩ ᠬᠢᠨᠠᠨ ᠵᠥᠪᠯᠡᠬᠦ᠎ᠳᠡᠭᠡᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠪᠦᠷᠢᠮᠦᠰᠦᠨ ᠵᠥᠪᠰᠢᠶᠡᠷᠡᠵᠦ ᠪᠠᠶ᠋ᠢᠨ᠎ᠠ᠃ ᠥᠩᠭᠡᠷᠡᠭᠰᠡᠨ ᠨᠢᠭᠡ ᠵᠢᠯ᠎ᠳᠤ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠪᠦᠬᠦ ᠤᠯᠤᠰ᠎ᠤᠨ ᠦᠨᠳᠦᠰᠦᠲᠡᠨ ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠦᠨᠡᠨ ᠬᠦ᠌ ᠠᠳᠬᠤᠨ ᠪᠤᠲᠠᠲᠠᠢ ᠠᠵᠢᠯᠯᠠᠵᠤ᠂ ᠵᠣᠷᠢᠭᠲᠠᠢ ᠤᠷᠤᠭᠰᠢᠯᠠᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠬᠠᠷᠠᠯᠲᠠ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠡᠨᠡ ᠵᠢᠯ᠎ᠤᠨ ᠠᠵᠢᠯ᠎ᠢ ᠰᠠᠶ᠋ᠢᠲᠤᠷ ᠬᠢᠬᠦ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠪᠠᠷ ᠴᠢᠬᠤᠯᠠ ᠬᠦᠴᠦᠯᠡᠬᠦ ᠴᠡᠭ ᠪᠣᠯᠭ᠋ᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠥᠪᠥᠷ ᠮᠣᠩᠭᠤᠯ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠨᠠᠮ᠎ᠤᠨ ᠲᠥᠪ ᠬᠤᠷᠢᠶ᠎ᠠ ᠵᠢᠨ ᠥᠪᠥᠷ ᠮᠣᠩᠭᠤᠯ᠎ᠤᠨ ᠲᠤᠬᠠᠢ ᠪᠠᠶ᠋ᠢᠯᠳᠤᠬᠤ ᠪᠣᠳᠤᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠪᠠᠲᠤ ᠡᠵᠡᠮᠳᠡᠵᠦ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠤᠬᠢᠷᠳᠤᠯ ᠦᠭᠡᠢ᠎ᠪᠠᠷ ᠬᠥᠭᠵᠢᠭᠦᠯᠬᠦ ᠵᠢ ᠪᠠᠷᠢᠮᠲᠠᠯᠠᠵᠤ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠠᠬᠢᠯᠡᠯᠲᠡ》 ᠵᠢ ᠪᠦᠲᠦᠭᠡᠨ ᠪᠠᠶ᠋ᠢᠭᠤᠯᠬᠤ ᠲᠠᠯ᠎ᠠ᠎ᠪᠠᠷ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠳᠤᠮᠳᠠᠳᠤ ᠤᠯᠤᠰ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠭᠡᠵᠡᠢ᠃


 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ᠎ᠳᠤ ᠰᠠᠭᠤᠭ᠎ᠠ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠳᠤᠭᠤᠶ᠋ᠢᠯᠠᠩ ᠬᠤᠪᠢᠶᠠᠵᠤ ᠤᠯᠤᠰ ᠲᠦᠷᠦ ᠵᠢᠨ ᠵᠥᠪᠯᠡᠯᠭᠡᠨ᠎ᠤ ᠪᠠᠶ᠋ᠢᠩᠭᠤ ᠵᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠵᠢᠨ ᠠᠵᠢᠯ᠎ᠤᠨ ᠪᠠᠶ᠋ᠢᠳᠠᠯ᠎ᠤᠨ ᠲᠤᠬᠠᠢ ᠮᠡᠳᠡᠭᠦᠯᠦᠯᠲᠡ ᠵᠢ ᠬᠢᠨᠠᠨ ᠵᠥᠪᠯᠡᠵᠡᠢ ᠵᠠᠩ ᠶᠠᠨ ᠺᠦᠨ ᠣᠷᠣᠯᠴᠠᠪᠠ
ᠰᠢ ᠵᠢᠨ ᠫᠢᠩ ᠤᠯᠤᠰ ᠲᠥᠷᠥ ᠵᠢᠨ ᠵᠥᠪᠯᠡᠯᠭᠡᠨ᠎ᠤ ᠬᠤᠷᠠᠯ᠎ᠳᠤ ᠣᠷᠣᠯᠴᠠᠵᠤ ᠪᠠᠶ᠋ᠢᠭ᠎ᠠ ᠳᠤᠮᠳᠠᠳᠤ ᠤᠯᠤᠰ᠎ᠤᠨ ᠭᠤᠮᠢᠨᠳᠠᠩ᠎ᠤᠨ ᠬᠤᠪᠢᠰᠬᠠᠯᠲᠤ ᠬᠤᠷᠢᠶ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ ᠣᠷᠴᠢᠨ ᠲᠣᠭᠤᠷᠢᠨ ᠡᠬᠢ ᠪᠠᠶᠠᠯᠢᠭ᠎ᠤᠨ ᠡᠲᠡᠭᠡᠳ᠎ᠤᠨ ᠭᠡᠰᠢᠭᠦᠳ᠎ᠢ ᠡᠷᠭᠢᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ — ᠢᠳᠡᠪᠬᠢᠲᠡᠢ᠎ᠪᠠᠷ ᠠᠷᠭ᠎ᠠ ᠤᠬᠠᠭ᠋ᠠᠨ ᠭᠠᠷᠭ᠋ᠠᠵᠤ ᠵᠠᠰᠠᠭ᠎ᠲᠤ ᠲᠤᠰᠠᠯᠠᠵᠤ ᠬᠠᠮᠲᠤ ᠵᠢᠨ ᠲᠠᠨᠢᠯᠲᠠ ᠵᠢ ᠥᠷᠭᠡᠨ ᠵᠶ᠋ᠠᠷ ᠨᠢᠭᠲᠠᠷᠠᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠬᠦ ᠬᠡᠷᠡᠭᠲᠡᠢ ᠸᠠᠩ ᠬᠤ᠌ ᠨᠢᠩ ᠼᠠᠢ ᠴᠢ ᠡᠷᠭᠢᠨ ᠦᠵᠡᠬᠦ ᠪᠠ ᠶᠠᠷᠢᠯᠴᠠᠬᠤ᠎ᠳᠤ ᠣᠷᠣᠯᠴᠠᠵᠠᠢ
ᠰᠢ ᠵᠢᠨ ᠫᠢᠩ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠲᠥᠯᠥᠭᠡᠯᠡᠭᠴᠢᠳ᠎ᠤᠨ ᠪᠦᠯᠬᠦᠮ᠎ᠤᠨ ᠪᠦᠭᠦᠳᠡ ᠬᠤᠷᠠᠯ᠎ᠳᠤ ᠣᠷᠣᠯᠴᠠᠬᠤ᠎ᠳᠠᠭᠠᠨ ᠴᠢᠬᠤᠯᠠᠴᠢᠯᠠᠭᠰᠠᠨ᠎ᠨᠢ ᠡᠭᠦᠷᠭᠡ ᠬᠠᠷᠢᠭᠤᠴᠠᠯᠭ᠎ᠠ ᠴᠢᠩᠭ᠋ᠠᠳᠬᠠᠵᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠵᠦ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠎ᠳᠠᠬᠢ ᠪᠠᠶ᠋ᠢᠯᠳᠤᠬᠤ ᠪᠣᠳᠣᠯᠭ᠎ᠠ ᠵᠢᠨ ᠴᠢᠳᠠᠪᠤᠷᠢ᠎ᠪᠠᠨ ᠪᠥᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ
ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠦᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠬᠤᠶᠠᠳᠤᠭ᠋ᠠᠷ ᠬᠤᠷᠠᠯ ᠲᠡᠭᠦᠰᠪᠡ ᠰᠢ ᠵᠢᠨ ᠫᠢᠩ ᠯᠢ ᠴᠢᠶᠠᠩ ᠵᠣᠣ ᠯᠧ ᠵᠢᠢ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠪᠠ ᠸᠠᠩ ᠬᠤ᠌ ᠨᠢᠩ ᠶᠠᠷᠢᠶ᠎ᠠ ᠲᠠᠯᠪᠢᠵᠠᠢ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ 《ᠲᠥᠷᠥ ᠵᠢᠨ ᠶᠠᠪᠤᠳᠠᠯ᠎ᠤᠨ ᠬᠤᠷᠢᠶᠠᠨ᠎ᠤ 2024 ᠣᠨ᠎ᠤ ᠭᠤᠣᠯᠳᠠᠯᠭ᠎ᠠ᠎ᠲᠠᠢ ᠠᠵᠢᠯ᠎ᠤᠨ ᠬᠤᠪᠢᠶᠠᠷᠢᠯᠠᠯ᠎ᠤᠨ ᠲᠥᠰᠥᠯ》 ᠵᠡᠷᠭᠡ ᠵᠢ ᠶᠠᠷᠢᠯᠴᠠᠨ ᠪᠠᠲᠤᠯᠠᠪᠠ
 
             蒙ICP备05000248号