ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠤᠯᠤᠰ ᠲᠥᠷᠥ ᠵᠢᠨ ᠵᠥᠪᠯᠡᠯᠭᠡᠨ᠎ᠤ ᠬᠤᠷᠠᠯ᠎ᠳᠤ ᠣᠷᠣᠯᠴᠠᠵᠤ ᠪᠠᠶ᠋ᠢᠭ᠎ᠠ ᠳᠤᠮᠳᠠᠳᠤ ᠤᠯᠤᠰ᠎ᠤᠨ ᠭᠤᠮᠢᠨᠳᠠᠩ᠎ᠤᠨ ᠬᠤᠪᠢᠰᠬᠠᠯᠲᠤ ᠬᠤᠷᠢᠶ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ ᠣᠷᠴᠢᠨ ᠲᠣᠭᠤᠷᠢᠨ ᠡᠬᠢ ᠪᠠᠶᠠᠯᠢᠭ᠎ᠤᠨ ᠡᠲᠡᠭᠡᠳ᠎ᠤᠨ ᠭᠡᠰᠢᠭᠦᠳ᠎ᠢ ᠡᠷᠭᠢᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ — ᠢᠳᠡᠪᠬᠢᠲᠡᠢ᠎ᠪᠠᠷ ᠠᠷᠭ᠎ᠠ ᠤᠬᠠᠭ᠋ᠠᠨ ᠭᠠᠷᠭ᠋ᠠᠵᠤ ᠵᠠᠰᠠᠭ᠎ᠲᠤ ᠲᠤᠰᠠᠯᠠᠵᠤ ᠬᠠᠮᠲᠤ ᠵᠢᠨ ᠲᠠᠨᠢᠯᠲᠠ ᠵᠢ ᠥᠷᠭᠡᠨ ᠵᠶ᠋ᠠᠷ ᠨᠢᠭᠲᠠᠷᠠᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠬᠦ ᠬᠡᠷᠡᠭᠲᠡᠢ ᠸᠠᠩ ᠬᠤ᠌ ᠨᠢᠩ ᠼᠠᠢ ᠴᠢ ᠡᠷᠭᠢᠨ ᠦᠵᠡᠬᠦ ᠪᠠ ᠶᠠᠷᠢᠯᠴᠠᠬᠤ᠎ᠳᠤ ᠣᠷᠣᠯᠴᠠᠵᠠᠢ
ᠨᠡᠶ᠋ᠢᠲᠡᠯᠡᠭᠰᠡᠨ ᠴᠠᠭ᠄ 2024-03-07

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 6᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 6᠎ᠤ ᠦᠳᠡ ᠵᠢᠨ ᠬᠤᠶ᠋ᠢᠨ᠎ᠠ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠬᠤᠶᠠᠳᠤᠭ᠋ᠠᠷ ᠬᠤᠷᠠᠯ᠎ᠳᠤ ᠣᠷᠣᠯᠴᠠᠵᠤ ᠪᠠᠶ᠋ᠢᠭ᠎ᠠ ᠲᠤᠮᠳᠠᠳᠤ ᠤᠯᠤᠰ᠎ᠤᠨ ᠭᠤᠮᠢᠨᠳᠠᠩ᠎ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ᠎ᠤᠨ ᠡᠲᠡᠭᠡᠳ᠎ᠤᠨ ᠭᠡᠰᠢᠭᠦᠳ᠎ᠢ ᠡᠷᠭᠢᠨ ᠦᠵᠡᠭᠰᠡᠨ ᠪᠥᠭᠡᠳ ᠳᠤᠭᠤᠶ᠋ᠢᠯᠠᠩ ᠬᠠᠮᠲᠤᠷᠠᠭᠰᠠᠨ ᠬᠤᠷᠠᠯ᠎ᠳᠤ ᠤᠷᠤᠯᠴᠠᠵᠤ᠂ ᠰᠠᠨᠠᠯ ᠰᠠᠨᠠᠭᠤᠯᠭ᠎ᠠ ᠵᠢ᠎ᠨᠢ ᠰᠣᠨᠣᠰᠴᠠᠢ᠃ ᠲᠡᠷᠡ᠂ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠡᠯ᠎ᠡ ᠨᠠᠮ ᠪᠦᠯᠦᠭ᠂ ᠡᠯ᠎ᠡ ᠪᠦᠯᠭᠦᠮ᠂ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠡᠯ᠎ᠡ ᠲᠠᠯ᠎ᠠ ᠵᠢᠨ ᠬᠥᠮᠥᠰ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠶᠡᠭᠡ ᠬᠤᠷᠠᠯ᠎ᠠᠴᠠ ᠳᠤᠷᠠᠳᠤᠭᠰᠠᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢᠨ ᠡᠭᠦᠷᠭᠡ ᠪᠣᠯᠣᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠵᠢᠨ ᠲᠣᠭᠤᠷᠢᠨ᠎ᠳᠤ᠂ ᠭᠦᠨᠵᠡᠭᠡᠢ ᠪᠠᠶ᠋ᠢᠴᠠᠭ᠋ᠠᠨ ᠰᠤᠳᠤᠯᠤᠯᠲᠠ ᠬᠢᠵᠦ᠂ ᠢᠳᠡᠪᠬᠢᠲᠡᠢ᠎ᠪᠠᠷ ᠠᠷᠭ᠎ᠠ ᠤᠬᠠᠭ᠋ᠠᠨ ᠭᠠᠷᠭ᠋ᠠᠵᠤ ᠵᠠᠰᠠᠭ᠎ᠲᠤ ᠲᠤᠰᠠᠯᠠᠵᠤ᠂ ᠬᠠᠮᠲᠤ ᠵᠢᠨ ᠲᠠᠨᠢᠯᠲᠠ ᠵᠢ ᠥᠷᠭᠡᠨ ᠵᠶ᠋ᠠᠷ ᠨᠢᠭᠲᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃


6384540555861612846976756.jpg


      3 ᠰᠠᠷ᠎ᠠ ᠵᠢᠨ 6᠎ᠤ ᠡᠳᠦᠷ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠬᠤᠶᠠᠳᠤᠭ᠋ᠠᠷ ᠬᠤᠷᠠᠯ᠎ᠳᠤ ᠣᠷᠣᠯᠴᠠᠵᠤ ᠪᠠᠶ᠋ᠢᠭ᠎ᠠ ᠲᠤᠮᠳᠠᠳᠤ ᠤᠯᠤᠰ᠎ᠤᠨ ᠭᠤᠮᠢᠨᠳᠠᠩ᠎ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ᠎ᠤᠨ ᠡᠲᠡᠭᠡᠳ᠎ᠤᠨ ᠭᠡᠰᠢᠭᠦᠳ᠎ᠢ ᠡᠷᠭᠢᠨ ᠦᠵᠡᠭᠰᠡᠨ ᠪᠥᠭᠡᠳ ᠳᠤᠭᠤᠶ᠋ᠢᠯᠠᠩ ᠬᠠᠮᠲᠤᠷᠠᠭᠰᠠᠨ ᠬᠤᠷᠠᠯ᠎ᠳᠤ ᠤᠷᠤᠯᠴᠠᠵᠤ᠂ ᠰᠠᠨᠠᠯ ᠰᠠᠨᠠᠭᠤᠯᠭ᠎ᠠ ᠵᠢ᠎ᠨᠢ ᠰᠣᠨᠣᠰᠴᠠᠢ᠃ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠸᠠᠩ ᠬᠤ᠌ ᠨᠢᠩ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ  ᠵᠢᠨ ᠪᠠᠶ᠋ᠢᠩᠭᠤ ᠵᠢᠨ ᠭᠡᠰᠢᠭᠦᠨ᠂ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠡᠷᠭᠢᠨ ᠦᠵᠡᠬᠦ ᠪᠠ ᠶᠠᠷᠢᠯᠴᠠᠬᠤ᠎ᠳᠤ ᠣᠷᠣᠯᠴᠠᠪᠠ᠃
      ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠬᠤᠩ ᠵᠢᠩ ᠸᠧᠨ ᠰᠡᠭᠦᠳᠡᠷᠯᠡᠪᠡ


      《3 · 8》᠎ᠤ ᠳᠡᠯᠡᠬᠡᠢ ᠵᠢᠨ ᠬᠥᠳᠡᠯᠮᠦᠷᠢᠴᠢᠨ ᠡᠮᠡᠭᠲᠡᠶ᠋ᠢᠴᠦᠳ᠎ᠤᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠵᠶ᠋ᠠᠷ᠂ ᠰᠢ ᠵᠢᠨ ᠫᠢᠩ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠠᠴᠠ ᠪᠦᠭᠦ ᠤᠯᠤᠰ᠎ᠤᠨ ᠬᠤᠶᠠᠷ ᠬᠤᠷᠠᠯ᠎ᠳᠤ ᠣᠷᠣᠯᠴᠠᠵᠤ ᠪᠠᠶ᠋ᠢᠭ᠎ᠠ ᠡᠮᠡᠭᠲᠡᠢ ᠲᠥᠯᠥᠭᠡᠯᠡᠭᠴᠢ᠂ ᠡᠮᠡᠭᠲᠡᠢ ᠭᠡᠰᠢᠭᠦᠨ᠂ ᠡᠮᠡᠭᠲᠡᠢ ᠠᠵᠢᠯᠲᠠᠨ᠂ ᠪᠦᠭᠦ ᠤᠯᠤᠰ᠎ᠤᠨ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠡᠮᠡᠭᠲᠡᠶ᠋ᠢᠴᠦᠳ᠂ ᠰᠢᠶᠠᠩᠭ᠋ᠠᠩ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠂ ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ ᠪᠣᠯᠣᠨ ᠲᠠᠶ᠋ᠢᠸᠠᠨ ᠣᠷᠣᠨ᠎ᠤ ᠡᠮᠡᠭᠲᠡᠶ᠋ᠢᠴᠦᠳ᠂ ᠭᠠᠳᠠᠭ᠋ᠠᠳᠤ᠎ᠳᠤ ᠪᠠᠶ᠋ᠢᠭ᠎ᠠ ᠡᠮᠡᠭᠲᠡᠢ ᠬᠠᠷᠢᠶᠠᠲᠤ ᠨᠠᠷ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠪᠣᠯᠣᠨ ᠰᠠᠶ᠋ᠢᠨ ᠰᠠᠶ᠋ᠢᠬᠠᠨ ᠵᠥᠩᠨᠡᠯ ᠳᠡᠪᠰᠢᠭᠦᠯᠪᠡ᠃
      ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠲᠡᠷᠢᠭᠦᠯᠡᠭᠴᠢ ᠸᠠᠩ ᠬᠤ᠌ ᠨᠢᠩ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠡᠷᠭᠢᠨ ᠦᠵᠡᠬᠦ ᠪᠠ ᠶᠠᠷᠢᠯᠴᠠᠬᠤ᠎ᠳᠤ ᠣᠷᠣᠯᠴᠠᠵᠠᠢ᠃
      ᠳᠤᠭᠤᠶ᠋ᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠰᠢᠶᠠ ᠰᠢᠶᠠᠨ ᠫᠧᠩ᠂ ᠲᠢᠶᠠᠨ ᠬᠤᠩ ᠴᠢ᠂ ᠦ᠋ ᠵᠢᠶᠠᠨ ᠫᠢᠩ᠂ ᠵᠣᠣ ᠢᠦᠢ ᠯᠢᠶᠠᠩ᠂ ᠬᠤᠸᠠᠩ ᠮᠢᠶᠠᠨ ᠰᠥᠩ᠂ ᠬᠤ᠌ ᠰᠥᠩ ᠴᠢᠨ ᠵᠡᠷᠭᠡ 6 ᠭᠡᠰᠢᠭᠦᠨ᠂ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠬᠠᠮᠲᠤᠷᠠᠯᠴᠠᠭ᠎ᠠ ᠵᠢ ᠴᠢᠩᠭ᠋ᠠᠳᠬᠠᠬᠤ᠂ ᠡᠬᠡ ᠣᠷᠣᠨ᠎ᠤ ᠪᠦᠷᠢᠨ ᠨᠢᠭᠡᠳᠦᠯ᠎ᠢ ᠡᠷᠡᠰ ᠭᠤᠶ᠋ᠢᠪᠢᠰᠢ ᠦᠭᠡᠢ᠎ᠪᠠᠷ ᠠᠬᠢᠭᠤᠯᠬᠤ᠂ ᠢᠨᠲ᠋ᠧᠷ ᠰᠦᠯᠵᠢᠶᠡᠨ᠎ᠤ ᠭᠤᠣᠯᠯᠠᠬᠤ ᠮᠡᠷᠭᠡᠵᠢᠯ ᠵᠶ᠋ᠠᠷ ᠰᠦᠯᠵᠢᠶᠡᠨ᠎ᠤ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢ ᠲᠤᠯᠭ᠋ᠠᠭᠤᠷᠢᠯᠠᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠤᠨ ᠠᠵᠤ ᠦᠢ᠍ᠯᠡᠰᠵᠢᠯᠲᠡ ᠵᠢ ᠠᠬᠢᠭᠤᠯᠬᠤ᠂ ᠠᠮᠢ ᠠᠬᠤᠢ ᠣᠷᠴᠢᠨ ᠲᠣᠭᠤᠷᠢᠨ᠎ᠢ ᠬᠠᠮᠠᠭ᠋ᠠᠯᠠᠬᠤ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂ ᠰᠢᠨ᠎ᠡ ᠪᠣᠬᠢᠷᠳᠤᠯ ᠪᠣᠳᠠᠰ᠎ᠤᠨ ᠵᠠᠰᠠᠯᠲᠠ ᠵᠢ ᠴᠢᠩᠭ᠋ᠠᠳᠬᠠᠬᠤ ᠵᠡᠷᠭᠡ ᠵᠢᠨ ᠲᠣᠭᠤᠷᠢᠨ᠎ᠳᠤ ᠦᠭᠡ ᠬᠡᠯᠡᠪᠡ᠃
      ᠰᠢ ᠵᠢᠨ ᠫᠢᠩ ᠤᠯᠠᠨ᠎ᠤ ᠬᠡᠯᠡᠬᠦ ᠵᠢ ᠨᠠᠷᠢᠨ ᠬᠢᠨᠠᠮᠠᠭ᠋ᠠᠢ ᠰᠣᠨᠣᠰᠤᠭᠰᠠᠨ᠎ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠣᠯᠠᠨ᠎ᠲᠠᠢ ᠬᠠᠮᠲᠤ ᠶᠠᠷᠢᠯᠴᠠᠨ ᠰᠣᠯᠢᠯᠴᠠᠵᠤ᠂ ᠰᠠᠨᠠᠯ ᠰᠠᠨᠠᠭᠤᠯᠭ᠎ᠠ ᠵᠢ ᠰᠣᠨᠣᠰᠤᠭᠰᠠᠨ᠎ᠳᠠᠭᠠᠨ ᠮᠠᠰᠢ ᠪᠠᠶᠠᠷᠯᠠᠵᠤ ᠪᠠᠶ᠋ᠢᠨ᠎ᠠ᠃ ᠲᠡᠷᠡ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠠᠴᠠ ᠠᠳᠡ ᠰᠠᠭᠤᠵᠤ ᠪᠠᠶ᠋ᠢᠭ᠎ᠠ ᠭᠡᠰᠢᠭᠦᠳ ᠪᠣᠯᠣᠨ ᠥᠷᠭᠡᠨ ᠤᠯᠠᠨ ᠭᠤᠮᠢᠨᠳᠠᠩ᠎ᠤᠨ ᠬᠤᠪᠢᠰᠬᠠᠯᠲᠤ ᠬᠤᠷᠢᠶ᠎ᠠ ᠵᠢᠨ ᠪᠦᠷᠢᠯᠳᠦᠭᠦᠨ ᠪᠣᠯᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ᠎ᠤᠨ ᠡᠲᠡᠭᠡᠳ᠎ᠤᠨ ᠬᠥᠮᠥᠰ᠎ᠲᠤ᠂ ᠥᠷᠭᠡᠨ ᠤᠯᠠᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠵᠦ ᠪᠠᠶ᠋ᠢᠨ᠎ᠠ ᠭᠡᠵᠦ ᠢᠯᠡᠳᠬᠡᠪᠡ᠃
      ᠰᠢ ᠵᠢᠨ ᠫᠢᠩ᠂ 2023 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠬᠤ ᠡᠭᠢᠯᠡᠯᠲᠡ ᠵᠢᠨ ᠵᠢᠯ ᠪᠣᠯᠣᠨ᠎ᠠ᠃ ᠨᠠᠮ᠎ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠱᠠᠲᠤ ᠰᠢᠯᠵᠢᠭᠦ ᠵᠢ ᠡᠷᠡᠰ ᠰᠢᠭᠤᠷᠬᠠᠢ ᠬᠡᠷᠡᠭᠵᠢᠭᠦᠯᠵᠦ᠂ ᠠᠵᠤ ᠠᠬᠤᠢ ᠵᠢᠨ ᠰᠡᠷᠭᠦᠯᠲᠡ ᠬᠥᠭᠵᠢᠯᠲᠡ ᠵᠢ ᠪᠦᠭᠦ ᠬᠦᠴᠦ᠎ᠪᠠᠷ ᠵᠶ᠋ᠠᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠡᠷᠡᠰ ᠭᠤᠶ᠋ᠢᠪᠢᠰᠢ ᠦᠭᠡᠢ ᠠᠬᠢᠭᠤᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠵᠢᠱ᠌ᠢᠭᠰᠡᠨ ᠬᠠᠷᠠᠯᠲᠠ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃ ᠠᠮᠵᠢᠯᠲᠠ ᠪᠦᠲᠦᠮᠵᠢ ᠵᠢ ᠭᠢᠯᠪᠠᠷᠬᠠᠨ ᠵᠶ᠋ᠠᠷ ᠣᠯᠣᠭᠰᠠᠨ ᠪᠢᠰᠢ᠂ ᠡᠨᠡ ᠪᠣᠯ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠨᠢᠭᠡᠳᠴᠦ᠂ ᠨᠤᠭᠤᠷᠠᠰᠢ ᠦᠭᠡᠢ ᠲᠡᠮᠡᠴᠡᠭᠰᠡᠨ᠎ᠤ ᠦᠷ᠎ᠡ ᠳ᠋ᠦᠩ ᠮᠥᠨ᠂ ᠪᠠᠰᠠ ᠴᠤ᠌ ᠥᠷᠭᠡᠨ ᠤᠯᠠᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ ᠬᠦᠴᠦ ᠭᠦᠳᠡᠯᠮᠦᠷᠢ ᠪᠠ ᠤᠶᠤᠨ ᠤᠬᠠᠭ᠋ᠠᠨ᠎ᠢ ᠰᠢᠩᠭᠡᠭᠡᠵᠦ ᠪᠠᠶ᠋ᠢᠨ᠎ᠠ ᠭᠡᠵᠦ ᠴᠢᠬᠤᠯᠠᠴᠢᠯᠠᠪᠠ᠃
      ᠰᠢ ᠵᠢᠨ ᠫᠢᠩ᠂ ᠥᠩᠭᠡᠷᠡᠭᠰᠡᠨ ᠨᠢᠭᠡ ᠵᠢᠯ᠎ᠳᠤ᠂ ᠭᠤᠮᠢᠨᠳᠠᠩ᠎ᠤᠨ ᠬᠤᠪᠢᠰᠬᠠᠯᠲᠤ ᠬᠤᠷᠢᠶ᠎ᠠ 《ᠰᠡᠳᠬᠢᠯ ᠵᠶ᠋ᠠᠨ ᠨᠢᠭᠡᠳᠬᠡᠨ ᠰᠦᠭ ᠰᠦᠨᠡᠰᠦ᠎ᠪᠠᠨ ᠱᠤᠭᠤᠵᠤ ᠰᠠᠭᠤᠷᠢ᠎ᠪᠠᠨ ᠪᠠᠲᠤᠳᠬᠠᠵᠤ᠂ ᠰᠢᠨ᠎ᠡ ᠠᠶᠠᠨ᠎ᠳᠤ ᠪᠦᠯᠬᠦᠮᠳᠡᠨ ᠤᠷᠤᠭᠰᠢᠯᠠᠶ᠎ᠠ》 ᠭᠡᠬᠦ ᠭᠤᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ ᠤᠯᠤᠰ ᠲᠦᠷᠦ ᠵᠢᠨ ᠵᠥᠪᠯᠡᠯᠭᠡ ᠬᠢᠬᠦ᠂ ᠲᠦᠷᠦ ᠵᠢᠨ ᠶᠠᠪᠤᠳᠠᠯ᠎ᠳᠤ ᠣᠷᠣᠯᠴᠠᠨ ᠲᠦᠷᠦ ᠵᠢᠨ ᠶᠠᠪᠤᠳᠠᠯ᠎ᠢ ᠵᠥᠪᠯᠡᠬᠦ ᠵᠢ ᠯᠠᠪᠳᠠᠭᠤᠨ ᠪᠠᠲᠤᠲᠠᠢ ᠠᠬᠢᠭᠤᠯᠵᠤ᠂ ᠬᠥᠬᠡᠮᠥ᠋ᠷᠡᠨ᠎ᠤ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠠᠷᠠᠳᠴᠢᠯᠠᠯ ᠵᠶ᠋ᠠᠷ ᠬᠢᠨᠠᠯᠲᠠ ᠲᠠᠯᠪᠢᠬᠤ᠎ᠳᠤ ᠦᠷᠭᠦᠯᠵᠢᠯᠡᠨ ᠣᠷᠣᠯᠴᠠᠵᠤ᠂ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠵᠤ ᠠᠬᠤᠢ ᠰᠣᠶᠣᠯ᠎ᠤᠨ ᠰᠣᠯᠢᠯᠴᠠᠭ᠎ᠠ ᠵᠢ ᠢᠳᠡᠪᠬᠢᠲᠡᠢ ᠠᠬᠢᠭᠤᠯᠪᠠ᠃
      ᠥᠷᠭᠡᠨ ᠤᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ᠎ᠤᠨ ᠬᠥᠮᠥᠰ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ᠎ᠳᠤ ᠣᠷᠤᠯᠴᠠᠬᠤ ᠵᠢ ᠢᠳᠡᠪᠬᠢᠲᠡᠢ ᠲᠡᠮᠵᠢᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠬᠦᠴᠦᠯᠡᠨ ᠣᠷᠣᠯᠴᠠᠪᠠ᠃ ᠥᠷᠭᠡᠨ ᠤᠯᠠᠨ ᠣᠷᠴᠢᠨ ᠲᠣᠭᠤᠷᠢᠨ ᠡᠬᠢ ᠪᠠᠶᠠᠯᠢᠭ᠎ᠤᠨ ᠡᠲᠡᠭᠡᠳ᠎ᠤᠨ᠎ᠬᠢᠨ ᠲᠤᠰᠬᠠᠢ ᠮᠡᠷᠭᠡᠵᠢᠯ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠬᠥᠭᠵᠢᠯᠲᠡ ᠵᠢᠨ ᠠᠷᠭ᠎ᠠ ᠭᠡᠯᠪᠡᠷᠢ ᠵᠢ ᠪᠣᠬᠢᠷᠳᠤᠯ ᠦᠭᠡᠢ ᠲᠡᠶ᠋ᠢᠰᠢ ᠬᠤᠪᠢᠷᠠᠭᠤᠯᠬᠤ ᠳᠤᠮᠳᠠ ᠢᠳᠡᠪᠬᠢᠲᠡᠢ ᠦᠢ᠍ᠯᠡᠳᠦᠯ ᠦᠵᠡᠭᠦᠯᠪᠡ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠭᠤᠮᠢᠨᠳᠠᠩ᠎ᠤᠨ ᠬᠤᠪᠢᠰᠬᠠᠯᠲᠤ ᠬᠤᠷᠢᠶ᠎ᠠ ᠲᠠᠶ᠋ᠢᠸᠠᠨ᠎ᠤ ᠠᠵᠢᠯ᠎ᠤᠨ ᠶᠡᠭᠡ ᠲᠠᠯ᠎ᠠ᠎ᠳᠤ ᠴᠢᠨᠠᠭᠰᠢᠳᠠ ᠪᠠᠶ᠋ᠢᠷᠢ ᠲᠣᠭᠲᠠᠭ᠋ᠠᠯᠲᠠ᠎ᠪᠠᠨ ᠣᠨᠣᠪᠴᠢᠲᠠᠢ ᠣᠯᠵᠤ᠂ ᠳᠠᠪᠠᠭᠤᠯᠢᠭ ᠵᠶ᠋ᠠᠨ ᠪᠠᠳᠠᠷᠠᠭᠤᠯᠵᠤ᠂ ᠢᠳᠡᠪᠬᠢᠲᠡᠢ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ᠂ ᠠᠷᠠᠯ᠎ᠤᠨ ᠳᠣᠲᠣᠷ᠎ᠠ ᠭᠠᠳᠠᠨᠠᠬᠢ ᠪᠦᠯᠬᠦᠮᠳᠡᠵᠦ ᠪᠤᠯᠬᠤ ᠤᠯᠤᠰ ᠵᠶ᠋ᠠᠨ ᠬᠠᠶ᠋ᠢᠷᠠᠯᠠᠬᠤ ᠬᠦᠴᠦᠨ ᠪᠦᠭᠦᠨ᠎ᠲᠠᠢ ᠨᠡᠩ ᠰᠠᠶ᠋ᠢᠲᠤᠷ ᠪᠦᠯᠬᠦᠮᠳᠡᠵᠦ᠂ 《ᠲᠤᠰᠠᠭ᠋ᠠᠷ ᠲᠣᠭᠲᠠᠨᠢᠭᠤᠯᠬᠤ》 ᠵᠢ ᠡᠰᠡᠷᠭᠦᠴᠡᠵᠦ ᠨᠢᠭᠡᠳᠦᠯ᠎ᠢ ᠠᠬᠢᠭᠤᠯᠬᠤ ᠬᠦᠴᠦᠨ᠎ᠢ ᠲᠠᠰᠤᠷᠠᠯᠳᠠ ᠦᠭᠡᠢ ᠪᠤᠵᠠᠭ᠋ᠠᠶ᠋ᠢᠷᠠᠭᠤᠯᠵᠤ᠂ ᠡᠬᠡ ᠤᠯᠤᠰ ᠵᠶ᠋ᠠᠨ ᠨᠠᠶ᠋ᠢᠷᠠᠮᠳᠠᠯ ᠵᠶ᠋ᠠᠷ ᠨᠢᠭᠡᠳᠬᠡᠬᠦ ᠠᠬᠢᠴᠠ ᠵᠢ ᠬᠠᠮᠲᠤ᠎ᠪᠠᠷ ᠠᠬᠢᠭᠤᠯᠬᠤ ᠬᠡᠷᠡᠭᠲᠡᠢ᠃ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠬᠥᠳᠡᠭᠡ ᠠᠵᠤ ᠠᠬᠤᠢ᠂ ᠰᠣᠶᠣᠯ ᠢᠷᠭᠡᠨᠰᠢᠯ᠂ ᠵᠠᠯᠠᠭᠤᠴᠤᠳ᠎ᠤᠨ ᠬᠥᠭᠵᠢᠯᠲᠡ ᠵᠡᠷᠭᠡ ᠬᠦᠷᠢᠶᠡᠨ᠎ᠳᠠᠬᠢ ᠰᠣᠯᠢᠯᠴᠠᠭ᠎ᠠ ᠬᠠᠮᠲᠤᠷᠠᠯᠴᠠᠭ᠎ᠠ ᠵᠢ ᠢᠳᠡᠪᠬᠢᠲᠡᠢ ᠠᠬᠢᠭᠤᠯᠵᠤ᠂ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠡᠯ᠎ᠡ ᠬᠦᠷᠢᠶᠡᠨ᠎ᠤ ᠠᠭᠤᠰᠤᠯᠴᠠᠨ ᠬᠥᠭᠵᠢᠬᠦ ᠵᠢ ᠭᠦᠨᠵᠡᠭᠡᠶ᠋ᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠲᠡᠭᠡᠳ᠎ᠤᠨ ᠭᠡᠰᠢᠭᠦᠳ ᠪᠣᠯᠣᠨ ᠥᠷᠭᠡᠨ ᠤᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠮᠠᠨᠳᠤᠭᠤᠯᠬᠤ ᠢᠲᠡᠭᠡᠯ ᠵᠣᠷᠢᠭ ᠵᠶ᠋ᠠᠨ ᠴᠢᠨᠠᠭᠰᠢᠳᠠ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠦᠨᠳᠦ ᠡᠭᠦᠷᠭᠡ ᠵᠢ ᠡᠭᠦᠷᠭᠡᠯᠡᠵᠦ᠂ ᠰᠠᠭᠤᠷᠢ ᠰᠤᠳᠤᠯᠭ᠋ᠠᠨ ᠪᠣᠯᠣᠨ ᠬᠡᠷᠡᠭᠯᠡᠭᠡᠨ᠎ᠤ ᠰᠠᠭᠤᠷᠢ ᠰᠤᠳᠤᠯᠭ᠋ᠠᠨ᠎ᠢ ᠴᠢᠩᠭ᠋ᠠᠳᠬᠠᠵᠤ᠂ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠰᠢᠨ᠎ᠡ ᠬᠥᠳᠡᠯᠭᠡᠬᠦ ᠴᠢᠳᠠᠪᠤᠷᠢ ᠵᠢ ᠪᠣᠶ᠋ᠢᠵᠢᠭᠤᠯᠬᠤ ᠬᠡᠷᠡᠭᠲᠡᠢ᠃ ᠪᠣᠳᠠᠲᠠᠢ ᠵᠢ ᠡᠷᠬᠢᠮᠯᠡᠨ ᠰᠠᠨᠠᠯ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠪᠣᠯᠣᠨ ᠴᠢᠳᠠᠪᠤᠷᠢᠲᠠᠨ᠎ᠤ ᠬᠥᠭᠵᠢᠯᠲᠡ ᠵᠢᠨ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠳᠤ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠨᠡᠯᠡᠯᠲᠡ ᠵᠢᠨ ᠰᠢᠰᠲ᠋ᠧᠮ ᠪᠣᠯᠣᠨ ᠤᠷᠮᠠᠰᠢᠭᠤᠯᠬᠤ ᠲᠣᠭᠲᠠᠴᠠ ᠵᠢ ᠪᠦᠷᠢᠨᠰᠢᠭᠦᠯᠵᠦ᠂ ᠡᠯ᠎ᠡ ᠲᠦᠷᠦᠯ᠎ᠤᠨ ᠴᠢᠳᠠᠪᠤᠷᠢᠲᠠᠨ᠎ᠤ ᠰᠢᠨ᠎ᠡ ᠵᠢ ᠡᠭᠦᠳᠬᠦ ᠠᠮᠢᠵᠢᠷᠠᠯ ᠎ᠤᠨ ᠬᠦᠴᠦᠨ ᠪᠣᠯᠣᠨ ᠲᠠᠯᠳᠠ ᠬᠦᠴᠦᠨ᠎ᠢ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠥᠷᠭᠡᠨ ᠤᠯᠠᠨ ᠣᠷᠴᠢᠨ ᠲᠣᠭᠤᠷᠢᠨ ᠡᠬᠢ ᠪᠠᠶᠠᠯᠢᠭ᠎ᠤᠨ ᠡᠲᠡᠭᠡᠳ᠎ᠤᠨ ᠭᠡᠰᠢᠭᠦᠳ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ᠂ ᠴᠢᠨᠠᠷ ᠰᠠᠶ᠋ᠢᠲᠠᠢ ᠬᠥᠭᠵᠢᠯᠲᠡ ᠵᠢ ᠥᠨᠳᠥᠷ ᠲᠦᠪᠰᠢᠨ ᠵᠶ᠋ᠠᠷ ᠬᠠᠮᠠᠭ᠋ᠠᠯᠠᠵᠤ ᠲᠤᠯᠭ᠋ᠠᠭᠤᠷᠢᠯᠠᠬᠤ ᠲᠠᠯ᠎ᠠ᠎ᠪᠠᠷ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢ ᠨᠡᠭᠡᠭᠡᠨ ᠬᠥᠭᠵᠢᠭᠦᠯᠵᠦ ᠬᠠᠮᠠᠭ᠋ᠠᠯᠠᠬᠤ ᠬᠤᠷᠢᠭ᠎ᠠ ᠱᠤᠭᠤᠮ᠎ᠢ ᠪᠠᠲᠤ ᠰᠠᠬᠢᠵᠤ᠂ ᠠᠮᠢ ᠠᠬᠤᠢ ᠣᠷᠴᠢᠨ ᠲᠣᠭᠤᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ᠎ᠢ ᠲᠡᠭᠦᠯᠳᠡᠷᠵᠢᠭᠦᠯᠵᠦ᠂ ᠴᠢᠨᠠᠷ ᠰᠠᠶ᠋ᠢᠲᠠᠢ ᠬᠥᠭᠵᠢᠯᠲᠡ ᠵᠢᠨ ᠠᠮᠢ ᠠᠬᠤᠢ ᠵᠢᠨ ᠰᠠᠭᠤᠷᠢ ᠵᠢ ᠪᠠᠬᠢᠵᠢᠭᠦᠯᠬᠦ           ᠬᠡᠷᠡᠭᠲᠡᠢ᠃ ᠨᠠᠷᠢᠯᠢᠭ ᠣᠨᠣᠪᠴᠢᠲᠠᠢ᠎ᠪᠠᠷ ᠪᠣᠬᠢᠷᠳᠤᠯ᠎ᠢ ᠵᠠᠰᠠᠬᠤ᠂ ᠰᠢᠨᠵᠢᠯᠡᠬᠦ ᠤᠬᠠᠭ᠋ᠠᠨᠴᠢ᠎ᠪᠠᠷ ᠪᠣᠬᠢᠷᠳᠤᠯ ᠎ᠢ ᠵᠠᠰᠠᠬᠤ᠂ ᠬᠠᠤᠯᠢ ᠶᠣᠰᠣᠭ᠋ᠠᠷ ᠪᠣᠬᠢᠷᠳᠤᠯ᠎ᠢ ᠵᠠᠰᠠᠬᠤ ᠴᠢᠭᠯᠡᠯᠲᠡ ᠵᠢ ᠪᠦᠭᠦ ᠲᠠᠯ᠎ᠠ᠎ᠪᠠᠷ ᠣᠨᠣᠪᠴᠢᠲᠠᠶ ᠨᠠᠶ᠋ᠢᠳᠠᠪᠤᠷᠢᠵᠢᠭᠤᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ  ᠵᠢᠨ ᠪᠣᠬᠢᠷᠳᠤᠯ ᠦᠭᠡᠢ ᠪᠠᠶ᠋ᠢᠬᠤ᠂ ᠳᠣᠣᠷ᠎ᠠ ᠨᠡᠭᠦᠷᠡᠰᠦᠲᠥ᠋ᠷᠥᠭᠴᠢᠲᠦ ᠪᠠᠶ᠋ᠢᠬᠤ ᠵᠢ ᠠᠬᠢᠭᠤᠯᠵᠤ᠂ ᠡᠬᠢ ᠪᠠᠶᠠᠯᠢᠭ ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠡᠷᠭᠢᠯᠳᠦᠭᠦᠯᠦᠨ ᠠᠰᠢᠭᠯᠠᠬᠤ ᠵᠢ ᠴᠢᠩᠭ᠋ᠠᠳᠬᠠᠵᠤ᠂ ᠠᠮᠢ ᠠᠬᠤᠢ ᠵᠢᠨ ᠦᠢ᠍ᠯᠡᠳᠬᠦᠨ᠎ᠤ ᠥᠷᠲᠡᠭ᠎ᠢ ᠪᠣᠳᠠᠲᠠᠢ ᠪᠤᠯᠭ᠋ᠠᠬᠤ ᠠᠷᠭ᠎ᠠ ᠵᠠᠮ᠎ᠢ ᠥᠷᠭᠡᠳᠬᠡᠵᠦ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠳᠦ᠋ᠷᠦᠭᠴᠢ ᠵᠢ ᠰᠠᠭ᠋ᠠᠷᠮᠠᠭᠵᠢᠭᠤᠯᠬᠤ ᠵᠢ ᠢᠳᠡᠪᠬᠢᠲᠡᠢ ᠪᠥᠭᠡᠳ ᠯᠠᠪᠳᠠᠭᠤᠨ ᠵᠶ᠋ᠠᠷ ᠠᠬᠢᠭᠤᠯᠵᠤ᠂ ᠴᠢᠨᠠᠷ ᠰᠠᠶ᠋ᠢᠲᠠᠢ ᠬᠥᠭᠵᠢᠯᠲᠡ᠎ᠳᠤ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠵᠦ᠂ ᠰᠢᠨ᠎ᠡ ᠳᠠᠪᠠᠭᠤᠯᠢᠭ᠎ᠢ ᠪᠤᠶ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠡᠨᠡ ᠵᠢᠯ ᠪᠣᠯ ᠠᠷᠠᠳ᠎ᠤᠨ ᠤᠯᠤᠰ ᠲᠦᠷᠦ ᠵᠢᠨ ᠵᠥᠪᠯᠡᠯᠭᠡᠨ ᠪᠠᠶ᠋ᠢᠭᠤᠯᠤᠭᠳᠠᠭᠰᠠᠨ 75 ᠵᠢᠯ᠎ᠤᠨ ᠤᠢ ᠪᠣᠯᠣᠨ᠎ᠠ᠃ ᠠᠷᠠᠳ᠎ᠤᠨ ᠤᠯᠤᠰ ᠲᠦᠷᠦ ᠵᠢᠨ ᠵᠥᠪᠯᠡᠯᠭᠡᠨ ᠰᠢᠯᠢᠳᠡᠭ ᠤᠯᠠᠮᠵᠢᠯᠠᠯ ᠵᠶ᠋ᠠᠨ ᠪᠠᠳᠠᠷᠠᠭᠤᠯᠤᠨ᠂ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠦᠵᠡᠯ ᠰᠠᠨᠠᠭ᠎ᠠ ᠤᠯᠤᠰ ᠲᠦᠷᠦ ᠵᠢᠨ ᠵᠢᠯᠣᠭᠤᠳᠤᠮᠵᠢ᠎ᠪᠠᠨ ᠴᠢᠩᠭ᠋ᠠᠳᠬᠠᠨ᠂ ᠲᠤᠰᠬᠠᠢ ᠵᠥᠪᠯᠡᠬᠦ ᠪᠠᠶ᠋ᠢᠭᠤᠯᠤᠮᠵᠢ ᠵᠢᠨ ᠳᠦᠷᠢᠮ᠎ᠤᠨ ᠪᠠᠶ᠋ᠢᠭᠤᠯᠤᠯᠲᠠ᠎ᠪᠠᠨ ᠴᠢᠩᠭ᠋ᠠᠳᠬᠠᠵᠤ᠂ ᠲᠤᠰ ᠪᠡᠶ᠎ᠡ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠨ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠲᠤᠰ ᠪᠡᠶ᠎ᠡ ᠵᠢᠨ ᠬᠡᠪ ᠴᠢᠨᠠᠷ ᠪᠠ ᠲᠤᠰᠢᠶᠠᠯ ᠬᠠᠷᠢᠭᠤᠴᠠᠯᠭ᠎ᠠ ᠭᠦᠢ᠍ᠴᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠵᠢᠨ ᠤᠯᠤᠰ ᠲᠦᠷᠦ ᠵᠢᠨ ᠵᠥᠪᠯᠡᠯᠭᠡᠨ᠎ᠤ ᠠᠵᠢᠯ ᠪᠠ ᠤᠯᠠᠨ ᠨᠠᠮ᠎ᠤᠨ ᠬᠠᠮᠲᠤᠷᠠᠨ ᠠᠵᠢᠯᠯᠠᠬᠤ ᠦᠢ᠍ᠯᠡᠰ᠎ᠤᠨ ᠰᠢᠨ᠎ᠡ ᠪᠠᠶ᠋ᠢᠳᠠᠯ᠎ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠱ᠌ᠢ᠎ᠲᠠᠢ ᠹᠧᠩ᠂ ᠵᠧᠩ ᠵᠢᠶᠠᠨ ᠪᠠᠩ᠂ ᠬᠤ᠌ ᠴᠦᠨ ᠬᠤᠸᠠ᠂ ᠸᠠᠩ ᠳ᠋ᠦᠩ ᠹᠧᠩ᠂ ᠾᠧ ᠪᠦᠦ ᠰᠢᠶᠠᠩ ᠨᠠᠷ ᠳᠤᠭᠤᠶ᠋ᠢᠯᠠᠩ ᠬᠠᠮᠲᠤᠷᠠᠭᠰᠠᠨ ᠬᠤᠷᠠᠯ᠎ᠳᠤ ᠣᠷᠣᠯᠴᠠᠪᠠ᠃


 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠲᠥᠯᠥᠭᠡᠯᠡᠭᠴᠢᠳ᠎ᠤᠨ ᠪᠦᠯᠬᠦᠮ᠎ᠤᠨ ᠪᠦᠭᠦᠳᠡ ᠬᠤᠷᠠᠯ᠎ᠳᠤ ᠣᠷᠣᠯᠴᠠᠬᠤ᠎ᠳᠠᠭᠠᠨ ᠴᠢᠬᠤᠯᠠᠴᠢᠯᠠᠭᠰᠠᠨ᠎ᠨᠢ ᠡᠭᠦᠷᠭᠡ ᠬᠠᠷᠢᠭᠤᠴᠠᠯᠭ᠎ᠠ ᠴᠢᠩᠭ᠋ᠠᠳᠬᠠᠵᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠵᠦ ᠰᠢᠨ᠎ᠡ᠎ᠪᠠᠷ ᠮᠠᠨᠳᠤᠭᠰᠠᠨ ᠬᠦᠷᠢᠶ᠎ᠡ ᠴᠠᠷᠠᠭ᠎ᠠ᠎ᠳᠠᠬᠢ ᠪᠠᠶ᠋ᠢᠯᠳᠤᠬᠤ ᠪᠣᠳᠣᠯᠭ᠎ᠠ ᠵᠢᠨ ᠴᠢᠳᠠᠪᠤᠷᠢ᠎ᠪᠠᠨ ᠪᠥᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ
ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠦᠷᠪᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠬᠤᠶᠠᠳᠤᠭ᠋ᠠᠷ ᠬᠤᠷᠠᠯ ᠲᠡᠭᠦᠰᠪᠡ ᠰᠢ ᠵᠢᠨ ᠫᠢᠩ ᠯᠢ ᠴᠢᠶᠠᠩ ᠵᠣᠣ ᠯᠧ ᠵᠢᠢ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠪᠠ ᠸᠠᠩ ᠬᠤ᠌ ᠨᠢᠩ ᠶᠠᠷᠢᠶ᠎ᠠ ᠲᠠᠯᠪᠢᠵᠠᠢ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ 《ᠲᠥᠷᠥ ᠵᠢᠨ ᠶᠠᠪᠤᠳᠠᠯ᠎ᠤᠨ ᠬᠤᠷᠢᠶᠠᠨ᠎ᠤ 2024 ᠣᠨ᠎ᠤ ᠭᠤᠣᠯᠳᠠᠯᠭ᠎ᠠ᠎ᠲᠠᠢ ᠠᠵᠢᠯ᠎ᠤᠨ ᠬᠤᠪᠢᠶᠠᠷᠢᠯᠠᠯ᠎ᠤᠨ ᠲᠥᠰᠥᠯ》 ᠵᠡᠷᠭᠡ ᠵᠢ ᠶᠠᠷᠢᠯᠴᠠᠨ ᠪᠠᠲᠤᠯᠠᠪᠠ
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠰᠢ ᠵᠢᠨ ᠫᠢᠩ ᠴᠠᠭᠢᠯᠭ᠋ᠠᠨ ᠴᠢᠮᠡᠭᠡ ᠶᠠᠪᠤᠭᠤᠯᠵᠤ ᠫᠦᠲ᠋ᠢᠨ᠎ᠤ ᠤᠷᠤᠰ᠎ᠤᠨ ᠶᠡᠷᠦᠩᠬᠡᠶ᠋ᠢᠯᠡᠭᠴᠢ᠎ᠪᠠᠷ ᠦᠷᠭᠦᠯᠵᠢᠯᠡᠨ ᠰᠣᠩᠭᠤᠭᠳᠠᠭᠰᠠᠨ᠎ᠳᠤ ᠪᠠᠶᠠᠷ ᠬᠦᠷᠭᠡᠪᠡ
 
             蒙ICP备05000248号