ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠤᠷᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠶ᠋ᠢᠳ ᠯᠠᠹᠯᠤᠹ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2024-04-10

      4 ᠰᠠᠷ᠎ᠠ ᠵᠢᠨ 9᠎ᠤ ᠦᠳᠡ ᠵᠢᠨ ᠬᠤᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠤᠷᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠶ᠋ᠢᠳ ᠯᠠᠹᠯᠤᠹ᠎ᠲᠠᠢ ᠠᠭᠤᠯᠵᠠᠪᠠ᠃
      ᠰᠢ ᠵᠢᠨ ᠫᠢᠩ ᠯᠠᠹᠯᠤᠹ ᠵᠶ᠋ᠠᠷ ᠳᠠᠮᠵᠢᠭᠤᠯᠵᠤ ᠶᠡᠷᠦᠩᠬᠡᠶ᠋ᠢᠯᠡᠭᠴᠢ ᠫᠦᠲ᠋ᠢᠨ᠎ᠳᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠪᠡ᠃ ᠰᠢ ᠵᠢᠨ ᠫᠢᠩ᠂ ᠡᠨᠡ ᠵᠢᠯ ᠪᠣᠯ ᠳᠤᠮᠳᠠᠳᠤ ᠤᠷᠤᠰ᠎ᠤᠨ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 75 ᠵᠢᠯ᠎ᠤᠨ ᠤᠢ ᠪᠣᠯᠣᠨ᠎ᠠ᠃ ᠳᠤᠮᠳᠠᠳᠤ ᠤᠷᠤᠰ ᠬᠤᠶᠠᠷ ᠤᠯᠤᠰ ᠭᠠᠷ ᠬᠤᠯᠪᠣᠯᠴᠠᠨ ᠲᠣᠮᠣ ᠤᠯᠤᠰ᠂ ᠬᠥᠷᠰᠢ ᠤᠯᠤᠰ᠎ᠤᠨ ᠡᠶ᠎ᠡ ᠨᠠᠶ᠋ᠢᠷᠲᠠᠢ ᠬᠠᠮᠲᠤ ᠣᠷᠣᠰᠢᠬᠤ᠂ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ ᠭᠦᠷᠳᠡᠭᠦ ᠰᠢᠨ᠎ᠡ ᠵᠠᠮ ᠵᠶ᠋ᠠᠷ ᠵᠠᠮᠨᠠᠵᠤ᠂ ᠬᠤᠶᠠᠷ ᠤᠯᠤᠰ ᠪᠣᠯᠣᠨ ᠬᠤᠶᠠᠷ ᠤᠯᠤᠰ᠎ᠤᠨ ᠠᠷᠠᠳ ᠲᠦᠮᠡᠨ᠎ᠳᠤ ᠪᠤᠶᠠᠨ ᠦᠢ᠍ᠯᠡᠳᠦᠭᠰᠡᠨ ᠪᠥᠭᠡᠳ ᠳᠡᠯᠡᠬᠡᠢ ᠵᠢᠨ ᠲᠥᠪ ᠭᠤᠣᠯᠴᠢ ᠰᠢᠳᠤᠷᠭᠤ ᠶᠣᠰᠣᠨ᠎ᠤ ᠲᠥᠯᠥᠭᠡ ᠤᠶᠤᠨ ᠤᠬᠠᠭ᠋ᠠᠨ ᠪᠣᠯᠣᠨ ᠬᠦᠴᠦᠨ ᠴᠢᠳᠠᠯ ᠵᠶ᠋ᠠᠨ ᠡᠷᠭᠦᠭᠰᠡᠨ ᠶᠤᠮ᠃ ᠪᠢ ᠶᠡᠷᠦᠩᠬᠡᠶ᠋ᠢᠯᠡᠭᠴᠢ ᠫᠦᠲ᠋ᠢᠨ᠎ᠲᠠᠢ ᠨᠢᠭᠲᠠ ᠶᠠᠪᠤᠯᠴᠠᠭ᠎ᠠ᠎ᠪᠠᠨ ᠦᠷᠭᠦᠯᠵᠢᠯᠡᠨ ᠪᠠᠲᠤᠯᠠᠵᠤ᠂ ᠳᠤᠮᠳᠠᠳᠤ ᠤᠷᠤᠰ᠎ᠤᠨ ᠬᠠᠷᠢᠯᠴᠠᠭ᠎ᠠ ᠢᠮᠠᠭᠲᠠ ᠤᠷᠤᠭᠰᠢᠲᠠᠢ ᠲᠣᠭᠲᠠᠭᠤᠨ ᠵᠶ᠋ᠠᠷ ᠤᠷᠤᠭᠰᠢ ᠬᠥᠭᠵᠢᠬᠦ ᠵᠢ ᠪᠠᠲᠤᠯᠠᠨ᠎ᠠ ᠭᠡᠵᠦ ᠰᠠᠨᠠᠯ ᠨᠢᠭᠡᠲᠡᠢ ᠵᠥᠪᠰᠢᠶᠡᠷᠡᠪᠡ᠃ ᠬᠤᠶᠠᠷ ᠲᠠᠯ᠎ᠠ᠎ᠪᠠᠷ ᠵᠶ᠋ᠠᠨ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ 75 ᠵᠢᠯ᠎ᠤᠨ ᠤᠢ ᠵᠢ ᠪᠡᠯᠭᠡᠯᠡᠬᠦ ᠪᠠ ᠳᠤᠮᠳᠠᠳᠤ ᠤᠷᠤᠰ᠎ᠤᠨ ᠰᠣᠶᠣᠯ᠎ᠤᠨ ᠣᠨ᠎ᠢ ᠡᠷᠭᠢᠯᠡᠭᠦ᠎ᠪᠠᠷ ᠠᠵᠠ ᠲᠣᠭᠢᠶᠠᠯ ᠪᠤᠯᠭ᠋ᠠᠵᠤ᠂ ᠮᠢᠨᠤ ᠶᠡᠷᠦᠩᠬᠡᠶ᠋ᠢᠯᠡᠭᠴᠢ ᠫᠦᠲ᠋ᠢᠨ᠎ᠲᠠᠢ ᠲᠣᠬᠢᠷᠠᠯᠴᠠᠭᠰᠠᠨ ᠠᠯᠢ ᠤᠯᠠᠨ ᠴᠢᠬᠤᠯᠠ ᠬᠠᠮᠲᠤ ᠵᠢᠨ ᠲᠠᠨᠢᠯᠲᠠ ᠵᠢ ᠪᠦᠭᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠎ᠠ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠳᠤᠮᠳᠠᠳᠤ ᠤᠯᠤᠰ᠎ᠤᠨ᠎ᠬᠢᠨ ᠤᠷᠤᠰ᠎ᠤᠨ ᠠᠷᠠᠳ ᠲᠦᠮᠡᠨ᠎ᠤ ᠲᠤᠰ ᠤᠯᠤᠰ᠎ᠤᠨ ᠵᠶ᠋ᠠᠨ ᠪᠠᠶ᠋ᠢᠳᠠᠯ᠎ᠳᠤ ᠨᠡᠶ᠋ᠢᠴᠡᠭᠰᠡᠨ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠲᠡᠮᠵᠢᠵᠥ᠂ ᠤᠷᠤᠰ᠎ᠤᠨ᠎ᠬᠢᠨ᠎ᠤ ᠰᠦᠷᠳᠡᠭᠦᠯᠬᠦ ᠦᠵᠡᠯ᠎ᠳᠤ ᠴᠣᠬᠢᠯᠲᠠ ᠥᠭᠴᠦ᠂ ᠨᠡᠶ᠋ᠢᠭᠡᠮ᠎ᠤᠨ ᠠᠮᠤᠷ ᠲᠦᠪᠰᠢᠨ ᠲᠣᠭᠲᠠᠭᠤᠨ᠎ᠢ ᠬᠠᠮᠠᠭ᠋ᠠᠯᠠᠬᠤ ᠵᠢ           ᠲᠡᠮᠵᠢᠨ᠎ᠡ᠃ ᠳᠤᠮᠳᠠᠳᠤ ᠵᠢᠨ ᠲᠠᠯ᠎ᠠ ᠵᠢᠨ᠎ᠬᠢᠨ ᠳᠤᠮᠳᠠᠳᠤ ᠤᠷᠤᠰ᠎ᠤᠨ ᠬᠠᠷᠢᠯᠴᠠᠭ᠎ᠠ ᠵᠢᠨ ᠬᠥᠭᠵᠢᠯᠲᠡ ᠵᠢ ᠢᠮᠠᠭᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠳᠤᠷᠠᠲᠠᠶ᠎ᠠ ᠤᠷᠤᠰ᠎ᠯᠤᠭ᠎ᠠ ᠬᠤᠶᠠᠷ ᠲᠠᠯ᠎ᠠ ᠵᠢᠨ ᠣᠯᠣᠯᠴᠠᠭ᠎ᠠ᠎ᠪᠠᠨ ᠨᠢᠭᠲᠠᠷᠠᠭᠤᠯᠵᠤ᠂ ᠠᠯᠳᠠᠨ ᠲᠣᠭᠤᠰᠭ᠋᠎ᠠ ᠤᠯᠤᠰ᠎ᠤᠳ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠡᠷᠭᠡ ᠤᠯᠠᠨ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠨᠡᠩ ᠤᠯᠠᠨ ᠬᠠᠷᠢᠭᠤᠴᠠᠯᠭ᠎ᠠ ᠵᠢ ᠢᠯᠡᠷᠡᠭᠦᠯᠵᠦ᠂ ᠡᠷᠬᠡ ᠲᠡᠭᠰᠢ᠂ ᠨᠡᠭᠡᠭᠡᠯᠲᠡᠲᠡᠢ᠂ ᠢᠯᠡ ᠲᠣᠳᠣ᠂ ᠪᠠᠭᠲᠠᠭ᠋ᠠᠮᠵᠢᠲᠠᠢ ᠵᠣᠷᠢᠭ ᠰᠠᠨᠠᠭ᠎ᠠ᠎ᠪᠠᠷ 《ᠪᠦᠭᠦ ᠪᠥᠮᠪᠥᠷᠴᠡᠭ᠎ᠤᠨ ᠬᠥᠭᠵᠢᠵᠦ ᠪᠠᠶ᠋ᠢᠭ᠎ᠠ》 ᠤᠯᠤᠰ᠎ᠤᠳ᠎ᠲᠠᠢ ᠪᠦᠯᠬᠦᠮᠳᠡᠵᠦ᠂ ᠪᠦᠭᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠤᠨ ᠬᠤᠪᠢᠰᠤᠯᠲᠠ ᠵᠢ ᠠᠬᠢᠭᠤᠯᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠬᠦᠴᠦᠲᠡᠢ ᠬᠥᠲᠥᠯᠥᠨ ᠳᠠᠭ᠋ᠠᠭᠤᠯᠤᠨ᠎ᠠ ᠭᠡᠵᠦ ᠴᠢᠬᠤᠯᠠᠴᠢᠯᠠᠪᠠ᠃
      ᠯᠠᠹᠯᠤᠹ ᠶᠡᠷᠦᠩᠬᠡᠶ᠋ᠢᠯᠡᠭᠴᠢ ᠫᠦᠲ᠋ᠢᠨ᠎ᠤ ᠲᠡᠷᠢᠭᠦᠯᠡᠭᠴᠢ ᠰᠢ ᠵᠢᠨ ᠫᠢᠩ᠎ᠳᠤ ᠳᠡᠪᠰᠢᠭᠦᠯᠦᠭᠰᠡᠨ ᠳᠣᠲᠣᠨᠣ ᠮᠡᠨᠳᠦᠴᠢᠯᠡᠯ ᠪᠣᠯᠣᠨ ᠰᠠᠶ᠋ᠢᠨ ᠰᠠᠶ᠋ᠢᠬᠠᠨ ᠵᠥᠩᠨᠡᠯ᠎ᠢ ᠳᠠᠮᠵᠢᠭᠤᠯᠪᠠ᠃ ᠲᠡᠷᠢᠭᠦᠯᠡᠭᠴᠢ ᠰᠢ ᠵᠢᠨ ᠫᠢᠩ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠠᠮᠵᠢᠯᠲᠠ ᠣᠯᠵᠤ᠂ ᠪᠤᠰᠤᠳ ᠤᠯᠤᠰ᠎ᠤᠨ ᠬᠠᠮᠲᠤ ᠵᠢᠨ ᠬᠥᠭᠵᠢᠯᠲᠡ ᠵᠢ ᠪᠡᠶᠡᠯᠡᠭᠦᠯᠬᠦ᠎ᠳᠤ ᠴᠢᠬᠤᠯᠠ ᠠᠵᠠ ᠲᠣᠭᠢᠶᠠᠯ ᠬᠠᠩᠭ᠋ᠠᠵᠠᠢ᠂ ᠤᠷᠤᠰ᠎ᠤᠨ᠎ᠬᠢᠨ ᠡᠭᠦᠨ᠎ᠢ ᠶᠡᠬᠡᠳᠡ ᠪᠢᠰᠢᠷᠡᠵᠦ ᠪᠠᠶ᠋ᠢᠨ᠎ᠠ᠃ ᠤᠷᠤᠰ᠎ᠤᠨ ᠭᠠᠳᠠᠭ᠋ᠠᠳᠤ ᠲᠦᠷᠦ ᠵᠢᠨ ᠪᠣᠳᠣᠯᠭ᠎ᠠ ᠵᠢᠨ ᠲᠡᠷᠢᠭᠦᠨ ᠴᠢᠬᠤᠯᠠ ᠴᠢᠭᠯᠡᠯᠲᠡ ᠪᠣᠯ ᠳᠤᠮᠳᠠᠳᠤ ᠤᠯᠤᠰ᠎ᠯᠤᠭ᠎ᠠ ᠵᠢᠨ ᠬᠠᠷᠢᠯᠴᠠᠭ᠎ᠠ ᠵᠢ ᠪᠦᠭᠦ ᠲᠠᠯ᠎ᠠ᠎ᠪᠠᠷ ᠪᠠᠬᠢᠵᠢᠭᠦᠯᠦᠨ ᠳᠡᠭᠡᠭᠰᠢᠯᠡᠭᠦᠯᠦᠨ᠎ᠡ᠃ ᠶᠡᠷᠦᠩᠬᠡᠶ᠋ᠢᠯᠡᠭᠴᠢ ᠫᠦᠲ᠋ᠢᠨ ᠤᠷᠤᠭᠰᠢᠲᠠᠢ᠎ᠪᠠᠷ ᠰᠣᠩᠭᠤᠭᠳᠠᠵᠤ ᠦᠷᠭᠦᠯᠵᠢᠯᠡᠨ ᠲᠤᠰᠢᠶᠠᠯ ᠡᠭᠦᠷᠭᠡᠯᠡᠬᠦ ᠪᠣᠯᠤᠭᠰᠠᠨ᠎ᠨᠢ ᠤᠷᠤᠰ ᠳᠤᠮᠳᠠᠳᠤ ᠵᠢᠨ ᠬᠠᠷᠢᠯᠴᠠᠭ᠋ᠠᠨ᠎ᠤ ᠦᠷᠭᠦᠯᠵᠢᠯᠡᠬᠦ ᠴᠢᠨᠠᠷ᠎ᠢ ᠪᠠᠲᠤᠯᠠᠪᠠ᠃ ᠤᠷᠤᠰ ᠳᠤᠮᠳᠠᠳᠤ ᠵᠢᠨ ᠬᠠᠷᠢᠯᠴᠠᠭ᠎ᠠ ᠡᠷᠬᠡ ᠲᠡᠭᠰᠢ ᠬᠠᠷᠢᠯᠴᠠᠨ ᠠᠰᠢᠭᠲᠠᠢ ᠪᠠᠶ᠋ᠢᠬᠤ ᠰᠠᠭᠤᠷᠢᠨ ᠳᠡᠭᠡᠷ᠎ᠡ ᠪᠠᠶ᠋ᠢᠭᠤᠯᠤᠭᠳᠠᠵᠤ᠂ ᠬᠦᠢ᠍ᠲᠡᠨ ᠲᠠᠶ᠋ᠢᠨ ᠎ᠤ ᠦᠶ᠎ᠡ ᠵᠢᠨ ᠬᠤᠯᠪᠣᠭ᠋ᠠᠨ᠎ᠤ ᠬᠠᠷᠢᠴᠠᠭ᠎ᠠ ᠵᠢ ᠳᠠᠪᠠᠵᠤ᠂ ᠬᠦᠴᠦᠷᠬᠡᠭ ᠶᠡᠭᠡ ᠤᠶᠠᠨ ᠬᠠᠳᠠᠨ ᠴᠢᠨᠠᠷ ᠵᠶ᠋ᠠᠨ ᠢᠯᠡᠷᠡᠭᠦᠯᠪᠡ᠃ ᠤᠷᠤᠰ᠎ᠤᠨ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠤᠶᠠᠷ ᠤᠯᠤᠰ᠎ᠤᠨ ᠲᠡᠷᠢᠭᠦᠨ᠎ᠤ ᠴᠢᠬᠤᠯᠠ ᠬᠠᠮᠲᠤ ᠵᠢᠨ ᠲᠠᠨᠢᠯᠲᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠬᠤᠶᠠᠷ ᠲᠠᠯ᠎ᠠ ᠵᠢᠨ ᠪᠠ ᠤᠯᠠᠨ ᠲᠠᠯ᠎ᠠ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠪᠤᠰᠤᠳ 《ᠪᠦᠭᠦ ᠪᠥᠮᠪᠥᠷᠴᠡᠭ᠎ᠤᠨ ᠬᠥᠭᠵᠢᠵᠦ ᠪᠠᠶ᠋ᠢᠭ᠎ᠠ》 ᠤᠯᠤᠰ᠎ᠤᠳ᠎ᠲᠠᠢ ᠬᠠᠮᠲᠤ᠎ᠪᠠᠷ ᠪᠦᠯᠬᠦᠮᠳᠡᠯ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠨᠡᠩ ᠡᠷᠬᠡ ᠲᠡᠭᠰᠢ ᠲᠥᠪ ᠭᠤᠣᠯᠴᠢ ᠤᠯᠠᠨ ᠤᠯᠤᠰ᠎ᠤᠨ ᠡᠮᠬᠢ ᠳᠢᠭᠯᠢᠮ᠎ᠢ ᠠᠬᠢᠭᠤᠯᠤᠨ ᠪᠦᠷᠢᠯᠳᠦᠭᠦᠯᠬᠦ᠎ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃
      ᠸᠠᠩ ᠢ ᠠᠭᠤᠯᠵᠠᠯᠲᠠ᠎ᠳᠤ ᠣᠷᠣᠯᠴᠠᠵᠠᠢ᠃


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠮᠠ ᠶᠢᠩ ᠵᠢᠦ ᠨᠠᠷ᠎ᠲᠠᠢ ᠠᠭᠤᠯᠵᠠᠪᠠ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ᠎ᠲᠤ ᠭᠠᠷ᠎ᠤᠨ ᠥᠰᠥᠭ ᠵᠢᠷᠤᠵᠤ 《ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠵᠢᠨ ᠳᠦᠷᠢᠮ》᠎ᠢ ᠨᠡᠶ᠋ᠢᠲᠡᠯᠡᠪᠡ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠰᠢᠨ᠎ᠡ ᠴᠠᠭ ᠦᠶ᠎ᠡ᠎ᠳᠤ ᠳᠤᠮᠳᠠ ᠬᠡᠰᠡᠭ᠎ᠤᠨ ᠭᠠᠵᠠᠷ ᠣᠷᠣᠨ᠎ᠤ ᠬᠥᠭᠵᠢᠯᠲᠡ᠎ᠪᠠᠨ ᠲᠦᠷᠭᠡᠳᠬᠡᠬᠦ ᠵᠢ ᠠᠬᠢᠭᠤᠯᠬᠤ ᠬᠤᠯᠪᠣᠭᠳᠠᠯ ᠪᠦᠬᠦᠢ ᠠᠵᠢᠯ ᠵᠡᠷᠭᠡ ᠵᠢ ᠰᠤᠳᠤᠯᠪᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠵᠢ ᠴᠢᠩᠭ᠋ᠠᠳᠬᠠᠵᠤ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠶ᠎ᠠ
ᠰᠢ ᠵᠢᠨ ᠫᠢᠩ ᠭᠧᠷᠮᠠᠨ᠎ᠤ ᠶᠡᠷᠦᠩᠬᠡᠢ ᠰᠠᠶ᠋ᠢᠳ ᠱᠦᠸᠧᠷᠼᠢ᠎ᠲᠠᠢ ᠠᠭᠤᠯᠵᠠᠪᠠ
 
             蒙ICP备05000248号