ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ 10᠎ᠤ ᠦᠳᠡ ᠵᠢᠨ ᠬᠤᠶ᠋ᠢᠨ᠎ᠠ ᠪᠡᠭᠡᠵᠢᠩ᠎ᠳᠤ ᠮᠠ ᠶᠢᠩ ᠵᠢᠦ ᠨᠠᠷ᠎ᠲᠠᠢ ᠠᠭᠤᠯᠵᠠᠪᠠ᠃

4 ᠰᠠᠷ᠎ᠠ ᠵᠢᠨ 10᠎ᠤ ᠦᠳᠡ ᠵᠢᠨ ᠬᠤᠶ᠋ᠢᠨ᠎ᠠ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠪᠡᠭᠡᠵᠢᠩ᠎ᠳᠤ ᠮᠠ ᠶᠢᠩ ᠵᠢᠦ ᠨᠠᠷ᠎ᠲᠠᠢ ᠠᠭᠤᠯᠵᠠᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠵᠢᠦᠢ ᠫᠧᠩ ᠰᠡᠭᠦᠳᠡᠷᠯᠡᠪᠡ᠃
ᠰᠢ ᠵᠢᠨ ᠫᠢᠩ᠂ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ ᠴᠥᠮ ᠳᠤᠮᠳᠠᠳᠤ ᠵᠢᠨ ᠦᠨᠳᠦᠰᠦᠲᠡᠨ᠎ᠳᠤ ᠬᠠᠷᠢᠶᠠᠯᠠᠭᠳᠠᠨ᠎ᠠ᠃ ᠳᠤᠮᠳᠠᠳᠤ ᠵᠢᠨ ᠦᠨᠳᠦᠰᠦᠲᠡᠨ ᠪᠣᠯ ᠳᠡᠯᠡᠬᠡᠢ ᠳᠡᠭᠡᠷᠡᠬᠢ ᠠᠭᠤᠤ ᠶᠡᠭᠡ ᠦᠨᠳᠦᠰᠦᠲᠡᠨ ᠪᠠᠶ᠋ᠢᠵᠤ᠂ ᠥᠨᠢ ᠤᠳᠠᠭ᠋ᠠᠨ ᠤᠯᠠᠮᠵᠢᠯᠠᠯ᠎ᠲᠠᠢ᠂ ᠭᠡᠷᠡᠯ ᠰᠠᠴᠤᠷᠠᠩᠭᠤᠢ ᠪᠥᠭᠡᠳ ᠳᠡᠯᠡᠬᠡᠢ ᠳ᠋ᠠᠬᠢᠨ᠎ᠳᠤ ᠬᠤᠣᠰ ᠦᠭᠡᠢ ᠳᠤᠮᠳᠠᠳᠤ ᠵᠢᠨ ᠪᠣᠯᠪᠠᠰᠤᠨ᠎ᠢ ᠡᠭᠦᠳᠦᠨ ᠪᠦᠲᠦᠭᠡᠭᠰᠡᠨ ᠶᠤᠮ᠂ ᠳᠤᠮᠳᠠᠳᠤ ᠵᠢᠨ ᠬᠥᠪᠡᠭᠦᠳ ᠥᠬᠢᠳ ᠨᠢᠭᠡ ᠪᠦᠷᠢ ᠴᠥᠮ ᠡᠭᠦᠨ᠎ᠤ ᠲᠥᠯᠥᠭᠡ ᠣᠮᠣᠭᠰᠢᠳᠠᠭ ᠪᠥᠭᠡᠳ ᠢᠷᠠᠭᠤ ᠠᠯᠳᠠᠷ ᠲᠠᠢ ᠰᠠᠨᠠᠭᠳᠠᠳᠠᠭ᠃ ᠳᠤᠮᠳᠠᠳᠤ ᠵᠢᠨ ᠦᠨᠳᠦᠰᠦᠲᠡᠨ᠎ᠤ 5000 ᠭᠠᠷᠤᠢ ᠵᠢᠯ᠎ᠤᠨ ᠤᠷᠲᠤ ᠤᠳᠠᠭ᠋ᠠᠨ ᠲᠡᠦᠬᠡᠨ᠎ᠳᠤ ᠦᠶ᠎ᠡ ᠦᠶ᠎ᠡ ᠵᠢᠨ ᠡᠪᠦᠭᠡ ᠳᠡᠭᠡᠳᠦᠰ ᠲᠠᠶ᠋ᠢᠸᠠᠨ᠎ᠳᠤ ᠨᠡᠭᠦᠳᠡᠯᠯᠡᠨ ᠰᠠᠭᠤᠷᠢᠰᠢᠵᠤ᠂ ᠤᠳᠤᠮ ᠤᠭᠰᠠᠭ᠎ᠠ ᠵᠠᠯᠭ᠋ᠠᠵᠤ ᠠᠮᠢᠳᠤᠷᠠᠭᠰᠠᠨᠢ ᠲᠡᠮᠳᠡᠭᠯᠡᠵᠦ᠂ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ ᠭᠠᠳᠠᠭ᠋ᠠᠳᠤ ᠵᠢᠨ ᠳᠠᠷᠤᠯᠠᠯ᠎ᠢ ᠬᠠᠮᠲᠤ᠎ᠪᠠᠷ ᠡᠰᠡᠷᠭᠦᠴᠡᠵᠦ᠂ ᠲᠠᠶ᠋ᠢᠸᠠᠨ᠎ᠢ ᠰᠡᠷᠭᠦᠭᠡᠨ ᠮᠠᠨᠳᠤᠭᠤᠯᠤᠭᠰᠠᠨᠢ ᠲᠡᠮᠳᠡᠭᠯᠡᠵᠡᠢ᠃ ᠳᠤᠮᠳᠠᠳᠤ ᠵᠢᠨ ᠦᠨᠳᠦᠰᠦᠲᠡᠨ ᠶᠡᠷᠦ᠎ᠠᠴᠠ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠰᠠᠯᠵᠤ ᠪᠣᠯᠣᠰᠢ ᠦᠭᠡᠢ ᠲᠡᠦᠬᠡ ᠵᠢ ᠪᠢᠴᠢᠭᠯᠡᠵᠦ᠂ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ᠎ᠤᠨ ᠴᠢᠰᠤ ᠮᠢᠬᠠᠨ᠎ᠤ ᠪᠠᠷᠢᠯᠳᠤᠯᠭ᠎ᠠ᠎ᠲᠠᠢ ᠲᠡᠦᠬᠡ ᠵᠢᠨ ᠪᠣᠳᠠᠲᠤ ᠬᠡᠷᠡᠭ᠎ᠢ ᠰᠡᠶ᠋ᠢᠯᠦᠭᠰᠡᠨ ᠶᠤᠮ᠃
ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ ᠪᠣᠯ ᠴᠥᠮ ᠳᠤᠮᠳᠠᠳᠤ ᠤᠯᠤᠰ᠎ᠤᠨ ᠬᠥᠮᠥᠨ ᠮᠥᠨ᠂ ᠶᠠᠮᠠᠷ ᠴᠤ᠌ ᠠᠯᠳᠠᠷᠠᠭ᠋ᠠᠵᠤ ᠲᠠᠶ᠋ᠢᠯᠭᠦ ᠦᠭᠡᠢ ᠰᠡᠳᠬᠢᠯ᠎ᠤᠨ ᠵᠠᠩᠭᠢᠷᠠᠭ᠎ᠠ ᠭᠡᠵᠦ ᠪᠠᠶ᠋ᠢᠳᠠᠭ ᠦᠭᠡᠢ᠂ ᠶᠠᠮᠠᠷ ᠴᠤ᠌ ᠵᠥᠪᠳᠡᠯᠴᠡᠵᠦ ᠲᠠᠶ᠋ᠢᠯᠭᠦ ᠦᠭᠡᠢ ᠠᠰᠠᠭᠤᠳᠠᠯ ᠭᠡᠵᠦ ᠪᠠᠶ᠋ᠢᠳᠠᠭ ᠦᠭᠡᠢ᠂ ᠶᠠᠮᠠᠷ ᠴᠤ᠌ ᠬᠦᠴᠦᠨ ᠭᠡᠳ ᠪᠢᠳᠡᠨ᠎ᠢ ᠰᠠᠯᠭ᠋ᠠᠵᠤ ᠳᠡᠶ᠋ᠢᠯᠭᠦ ᠦᠭᠡᠢ ᠶᠤᠮ᠃ ᠳᠠᠯᠠᠢ ᠵᠢᠨ ᠬᠤᠭᠤᠯᠠᠢ ᠵᠢᠨ ᠬᠤᠭᠤᠷᠣᠨᠳᠣᠭᠢ ᠵᠠᠢ᠎ᠨᠢ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ᠎ᠤᠨ ᠴᠢᠰᠤ ᠮᠢᠬᠠᠨ᠎ᠤ ᠪᠠᠷᠢᠯᠳᠤᠯᠭ᠎ᠠ ᠵᠢ ᠲᠠᠰᠤᠯᠵᠤ ᠲᠠᠶ᠋ᠢᠯᠭᠦ ᠦᠭᠡᠢ ᠶᠤᠮ᠃ ᠪᠠᠶ᠋ᠢᠭᠤᠯᠤᠯ᠎ᠤᠨ ᠠᠳᠠᠯᠢ ᠪᠤᠰᠤ᠎ᠨᠢ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ᠎ᠬᠢᠨ ᠴᠥᠮ ᠨᠢᠭᠡ ᠤᠯᠤᠰ᠂ ᠨᠢᠭᠡ ᠦᠨᠳᠦᠰᠦᠲᠡᠨ᠎ᠳᠤ ᠬᠠᠷᠢᠶᠠᠯᠠᠭᠳᠠᠬᠤ ᠪᠤᠰᠤᠳᠴᠢ ᠪᠣᠳᠠᠲᠤ ᠬᠡᠷᠡᠭ᠎ᠢ ᠬᠤᠪᠢᠷᠠᠭᠤᠯᠵᠤ ᠴᠢᠳᠠᠬᠤ ᠦᠭᠡᠢ ᠶᠤᠮ᠃ ᠭᠠᠳᠠᠭ᠋ᠠᠳᠤ ᠵᠢᠨ ᠭᠠᠷ ᠳᠦᠷᠦᠯᠲᠡ᠎ᠨᠢ ᠤᠯᠤᠰ ᠭᠡᠷ ᠵᠶ᠋ᠠᠷ ᠵᠶ᠋ᠠᠨ ᠪᠦᠯᠬᠦᠮᠳᠡᠨ ᠨᠢᠭᠡᠳᠬᠦ ᠲᠡᠦᠬᠡ ᠵᠢᠨ ᠶᠡᠭᠡ ᠬᠠᠨᠳᠤᠰᠢ ᠵᠢ ᠬᠤᠷᠢᠭᠯᠠᠵᠤ ᠴᠢᠳᠠᠬᠤ ᠦᠭᠡᠢ ᠶᠤᠮ᠃ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ ᠶᠠᠪᠤᠵᠤ ᠢᠷᠡᠭᠰᠡᠨ ᠵᠠᠮ ᠲᠤᠷᠰᠢ ᠢᠮᠠᠭᠲᠠ ᠤᠳᠤᠮ ᠤᠯᠠᠮᠵᠢᠯᠠᠯ ᠨᠢᠭᠡᠲᠡᠢ ᠪᠠᠶ᠋ᠢᠵᠤ᠂ ᠰᠡᠳᠬᠢᠯ ᠵᠢᠷᠦᠬᠡ᠎ᠪᠠᠨ ᠬᠤᠯᠪᠣᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠢᠷᠡᠭᠰᠡᠨ ᠶᠤᠮ᠃
ᠵᠠᠯᠠᠭᠤᠴᠤᠳ ᠪᠣᠯ ᠤᠯᠤᠰ ᠣᠷᠣᠨ᠎ᠤ ᠬᠦᠰᠡᠯ ᠡᠷᠡᠮᠡᠯᠵᠡᠯ᠂ ᠦᠨᠳᠦᠰᠦᠲᠡᠨ᠎ᠤ ᠢᠷᠡᠭᠡᠳᠦᠢ ᠮᠥᠨ᠃ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠵᠠᠯᠠᠭᠤᠴᠤᠳ ᠰᠠᠶ᠋ᠢᠨ ᠪᠠᠶ᠋ᠢᠪᠠᠯ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠢᠷᠡᠭᠡᠳᠦᠢ ᠰᠠᠶᠢ ᠰᠠᠶ᠋ᠢᠨ ᠪᠠᠶ᠋ᠢᠵᠤ ᠴᠢᠳᠠᠨ᠎ᠠ᠃ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠵᠠᠯᠠᠭᠤᠴᠤᠳ ᠳᠤᠮᠳᠠᠳᠤ ᠤᠯᠤᠰ᠎ᠤᠨ ᠬᠥᠮᠥᠨ ᠪᠣᠯᠤᠭᠰᠠᠨ᠎ᠤ ᠡᠷᠴᠢ ᠵᠣᠷᠢᠭ᠂ ᠰᠥᠰᠥ ᠵᠣᠷᠢᠭ᠂ ᠢᠲᠡᠭᠡᠯ ᠵᠣᠷᠢᠭ ᠵᠶ᠋ᠠᠨ ᠴᠢᠩᠭ᠋ᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠥᠨᠢ ᠤᠳᠠᠭ᠋ᠠᠨ᠎ᠤ ᠪᠤᠶᠠᠨ ᠵᠢᠷᠭ᠋ᠠᠯ᠎ᠢ ᠬᠠᠮᠲᠤ᠎ᠪᠠᠷ ᠡᠭᠦᠳᠴᠦ᠂ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠰᠢᠨ᠎ᠡ ᠭᠡᠷᠡᠯ ᠰᠠᠴᠤᠷᠠᠩᠭᠤᠢ ᠬᠠᠭᠤᠳᠠᠰᠤ ᠵᠢ ᠦᠷᠭᠦᠯᠵᠢᠯᠡᠨ ᠪᠢᠴᠢᠭᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ ᠪᠣᠯ ᠬᠠᠮᠲᠤ ᠵᠢᠨ ᠤᠳᠤᠮ ᠤᠯᠠᠮᠵᠢᠯᠠᠯ᠎ᠲᠠᠢ᠂ ᠬᠠᠮᠲᠤ ᠵᠢᠨ ᠰᠣᠶᠣᠯ᠂ ᠬᠠᠮᠲᠤ ᠵᠢᠨ ᠲᠡᠦᠬᠡ᠎ᠲᠠᠢ ᠶᠤᠮ᠂ ᠨᠠᠩ ᠴᠢᠬᠤᠯᠠ᠎ᠨᠢ ᠪᠢᠳᠡ ᠦᠨᠳᠦᠰᠦᠲᠡᠨ᠎ᠳᠡᠭᠡᠨ ᠬᠠᠮᠲᠤ ᠵᠢᠨ ᠬᠠᠷᠢᠭᠤᠴᠠᠯᠭ᠎ᠠ᠎ᠲᠠᠢ᠂ ᠢᠷᠡᠭᠡᠳᠦᠢ᠎ᠳᠡᠭᠡᠨ ᠬᠠᠮᠲᠤ ᠵᠢᠨ ᠬᠦᠰᠡᠯ ᠡᠷᠡᠮᠡᠯᠵᠡᠯ᠎ᠲᠠᠢ ᠪᠠᠶ᠋ᠢᠬᠤ ᠶᠠᠪᠤᠳᠠᠯ ᠪᠣᠯᠣᠨ᠎ᠠ᠃ ᠪᠢᠳᠡ ᠳᠤᠮᠳᠠᠳᠤ ᠵᠢᠨ ᠦᠨᠳᠦᠰᠦᠲᠡᠨ᠎ᠤ ᠪᠦᠬᠦᠯᠢ ᠴᠣᠭᠴᠠ ᠵᠢᠨ ᠠᠰᠢᠭ ᠲᠤᠰᠠ ᠪᠣᠯᠣᠨ ᠠᠯᠤᠰ ᠭᠡᠳᠤ ᠵᠢᠨ ᠬᠥᠭᠵᠢᠯᠲᠡ᠎ᠠᠴᠠ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠬᠠᠷᠢᠴᠠᠭ᠋ᠠᠨ᠎ᠤ ᠶᠡᠭᠡ ᠲᠠᠯ᠎ᠠ ᠵᠢ ᠡᠵᠡᠮᠳᠡᠬᠦ ᠬᠡᠷᠡᠭᠲᠡᠢ᠃
ᠨᠢᠭᠡᠳᠦᠭᠡᠷ᠎ᠲᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠭᠡᠷ ᠣᠷᠣᠨ᠎ᠢ ᠡᠷᠡᠰ ᠰᠠᠬᠢᠨ ᠬᠠᠮᠠᠭ᠋ᠠᠯᠠᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠪᠣᠯᠪᠠᠰᠤᠨ ᠬᠡᠳᠦᠨ ᠮᠢᠩᠭ᠋ᠠᠨ ᠵᠢᠯ᠎ᠤᠨ ᠲᠤᠷᠰᠢ ᠤᠯᠠᠷᠢᠨ ᠬᠤᠪᠢᠰᠤᠯᠲᠠ ᠵᠢ ᠥᠩᠭᠡᠷᠡᠭᠡᠵᠦ᠂ ᠬᠠᠯᠠ ᠵᠣᠪᠠᠯᠠᠩ᠎ᠢ ᠬᠠᠰᠢᠷᠠᠲᠠᠯ᠎ᠠ ᠠᠮᠰᠠᠭᠰᠠᠨ ᠪᠤᠯᠪᠠᠴᠤ ᠦᠶ᠎ᠡ ᠵᠢᠨ ᠦᠶ᠎ᠡ᠎ᠪᠠᠷ ᠣᠷᠣᠰᠢᠨ ᠲᠣᠭᠲᠠᠨᠢᠵᠤ᠂ ᠲᠠᠰᠤᠷᠠᠯᠳᠠ ᠦᠭᠡᠢ ᠦᠷᠭᠦᠯᠵᠢᠯᠡᠭᠰᠡᠨᠤ ᠵᠠᠩᠭᠢᠯᠠᠭ᠎ᠠ᠎ᠨᠢ ᠳᠤᠮᠳᠠᠳᠤ ᠵᠢᠨ ᠦᠨᠳᠦᠰᠦᠲᠡᠨ᠎ᠳᠤ ᠢᠮᠠᠭᠲᠠ ᠤᠯᠤᠰ᠎ᠤᠨ ᠨᠤᠲᠤᠭ ᠳᠡᠪᠢᠰᠬᠡᠷ᠎ᠢ ᠰᠠᠯᠭ᠋ᠠᠵᠤ ᠪᠤᠯᠬᠤ ᠦᠭᠡᠢ᠂ ᠤᠯᠤᠰ ᠣᠷᠣᠨ᠎ᠢ ᠰᠠᠮᠠᠭᠤᠷᠠᠭᠤᠯᠵᠤ ᠪᠤᠯᠬᠤ ᠦᠭᠡᠢ᠂ ᠦᠨᠳᠦᠰᠦᠲᠡᠨ᠎ᠢ ᠰᠠᠷᠨᠢᠭᠤᠯᠵᠤ ᠪᠤᠯᠬᠤ ᠦᠭᠡᠢ᠂ ᠪᠣᠯᠪᠠᠰᠤᠨ᠎ᠢ ᠲᠠᠰᠤᠯᠳᠠᠭᠤᠯᠵᠤ ᠪᠤᠯᠬᠤ ᠦᠭᠡᠢ ᠭᠡᠰᠡᠨ ᠬᠠᠮᠲᠤ ᠵᠢᠨ ᠢᠲᠡᠭᠡᠯ ᠵᠣᠷᠢᠭᠲᠠᠢ ᠪᠠᠶ᠋ᠢᠳᠠᠭ᠎ᠲᠤ ᠣᠷᠣᠰᠢᠨ᠎ᠠ᠃ ᠨᠢᠭᠡᠨ ᠡᠷᠡᠰ ᠴᠢᠩᠭ᠎ᠠ ᠨᠢᠭᠡᠳᠦᠭᠰᠡᠨ ᠤᠯᠤᠰ ᠪᠣᠯ ᠢᠮᠠᠭᠲᠠ ᠲᠠᠶ᠋ᠢᠸᠠᠨ᠎ᠤ ᠠᠬ᠎ᠠ ᠳᠡᠭᠦᠦ ᠨᠠᠷ᠎ᠢ ᠪᠠᠭᠲᠠᠭ᠋ᠠᠭᠰᠠᠨ ᠪᠦᠭᠦ ᠳᠤᠮᠳᠠᠳᠤ ᠵᠢᠨ ᠬᠥᠪᠡᠭᠦᠳ ᠥᠬᠢᠳ᠎ᠤᠨ ᠬᠤᠪᠢ ᠵᠠᠶᠠᠭ᠎ᠠ᠎ᠲᠠᠢ ᠬᠤᠯᠪᠣᠭᠳᠠᠵᠤ ᠪᠠᠶ᠋ᠢᠳᠠᠭ᠃ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ 《ᠲᠠᠶ᠋ᠢᠸᠠᠨ᠎ᠢ ᠲᠤᠰᠠᠭ᠋ᠠᠷ ᠲᠣᠭᠲᠠᠨᠢᠭᠤᠯᠬᠤ》 ᠬᠠᠭ᠋ᠠᠴᠠᠭᠤᠯᠬᠤ ᠠᠵᠢᠯᠯᠠᠭ᠎ᠠ ᠪᠠ ᠭᠠᠳᠠᠭ᠋ᠠᠳᠤ ᠵᠢᠨ ᠬᠦᠴᠦᠨ᠎ᠤ ᠭᠠᠷ ᠲᠦᠷᠦᠭᠦ ᠵᠢ ᠡᠷᠡᠰ ᠡᠰᠡᠷᠭᠦᠴᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠭᠡᠷ ᠣᠷᠣᠨ ᠵᠶ᠋ᠠᠨ ᠡᠷᠡᠰ ᠰᠠᠬᠢᠨ ᠬᠠᠮᠠᠭ᠋ᠠᠯᠠᠵᠤ᠂ ᠨᠠᠶ᠋ᠢᠷᠠᠮᠳᠠᠯ ᠵᠶ᠋ᠠᠷ ᠨᠢᠭᠡᠳᠬᠡᠬᠦ ᠰᠠᠶ᠋ᠢᠨ ᠰᠠᠶ᠋ᠢᠬᠠᠨ ᠢᠷᠡᠭᠡᠳᠦᠢ ᠵᠢ ᠬᠠᠮᠲᠤ᠎ᠪᠠᠷ ᠬᠥᠭᠡᠭᠡᠴᠡᠯᠳᠦᠨ᠂ ᠳᠤᠮᠳᠠᠳᠤ ᠵᠢᠨ ᠦᠨᠳᠦᠰᠦᠲᠡᠨ᠎ᠤ ᠬᠤᠪᠢ ᠵᠠᠶᠠᠭ᠎ᠠ ᠵᠢ ᠳᠤᠮᠳᠠᠳᠤᠴᠤᠳ᠎ᠤᠨ ᠥᠪᠡᠷ᠎ᠤᠨ ᠬᠢᠨᠢ ᠭᠠᠷ᠎ᠲᠤ ᠪᠠᠲᠤ ᠡᠵᠡᠮᠰᠢᠭᠦᠯᠬᠦ ᠬᠡᠷᠡᠭᠲᠡᠢ᠃
ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ ᠴᠥᠮ ᠭᠡᠷ ᠣᠷᠣᠨ᠎ᠨᠢ ᠡᠩᠬᠡ ᠲᠠᠶ᠋ᠢᠪᠤᠩ ᠠᠮᠤᠷ ᠠᠮᠤᠭᠤᠯᠠᠩ᠂ ᠭᠡᠷ ᠪᠦᠯᠢ᠎ᠪᠠᠷ ᠵᠶ᠋ᠠᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠵᠢ ᠬᠦᠰᠡᠨ ᠡᠷᠡᠮᠡᠯᠵᠡᠵᠦ ᠪᠠᠶ᠋ᠢᠳᠠᠭ᠂ ᠡᠶ᠋ᠢᠮᠦ᠎ᠠᠴᠠ ᠡᠷᠬᠡᠪᠰᠢ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠬᠠᠷᠢᠴᠠᠭ᠎ᠠ ᠵᠢᠨ ᠨᠠᠶ᠋ᠢᠷᠠᠮᠳᠠᠯ ᠵᠶ᠋ᠠᠷ ᠬᠥᠭᠵᠢᠬᠦ ᠵᠢ ᠠᠬᠢᠭᠤᠯᠬᠤ ᠬᠡᠷᠡᠭᠲᠡᠢ᠂ ᠵᠠᠩᠭᠢᠯᠠᠭ᠎ᠠ᠎ᠨᠢ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠢᠯᠡᠷᠡᠭᠦᠯᠦᠭᠰᠡᠨ 《ᠶᠡᠷᠡᠨ ᠬᠤᠶᠠᠷ ᠣᠨ᠎ᠤ ᠬᠠᠮᠲᠤ ᠵᠢᠨ ᠲᠠᠨᠢᠯᠲᠠ》 ᠵᠢ ᠪᠠᠷᠢᠮᠲᠠᠯᠠᠬᠤ᠎ᠳᠤ ᠪᠤᠢ᠂ ᠭᠤᠣᠯᠳᠠᠯᠭ᠎ᠠ᠎ᠨᠢ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ᠎ᠬᠢᠨ ᠪᠣᠯ ᠨᠢᠭᠡ ᠤᠯᠤᠰ᠂ ᠨᠢᠭᠡ ᠦᠨᠳᠦᠰᠦᠲᠡᠨ᠎ᠳᠤ ᠬᠠᠷᠢᠶᠠᠯᠠᠭᠳᠠᠬᠤ ᠦᠨᠳᠦᠰᠦᠨ ᠪᠣᠳᠠᠲᠤ ᠬᠡᠷᠡᠭ᠎ᠤᠨ ᠲᠤᠬᠠᠢ ᠬᠠᠮᠲᠤ ᠵᠢᠨ ᠲᠠᠨᠢᠯᠲᠠ᠎ᠲᠠᠢ ᠪᠠᠶ᠋ᠢᠬᠤ ᠳᠤ ᠪᠤᠢ᠃ ᠤᠯᠤᠰ ᠣᠷᠣᠨ᠎ᠢ ᠬᠠᠭ᠋ᠠᠴᠠᠭᠤᠯᠬᠤ ᠦᠭᠡᠢ ᠯᠡ ᠶᠤᠮ ᠪᠣᠯ᠂ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ᠎ᠬᠢᠨ ᠴᠥᠮ ᠳᠤᠮᠳᠠᠳᠤ ᠤᠯᠤᠰ᠎ᠤᠨ ᠬᠥᠮᠥᠨ᠂ ᠨᠢᠭᠡ ᠭᠡᠷ᠎ᠤᠨ ᠬᠥᠮᠥᠨ ᠮᠥᠨ ᠭᠡᠳᠡᠭ᠎ᠢ ᠮᠡᠳᠡᠷᠡᠳᠡᠭ ᠯᠡ ᠶᠤᠮ ᠪᠣᠯ᠂ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ ᠬᠠᠮᠲᠤ ᠰᠠᠭᠤᠯᠴᠠᠵᠤ᠂ ᠭᠡᠷ᠎ᠤᠨ ᠬᠥᠮᠥᠰ᠎ᠤᠨ ᠤᠴᠢᠷ ᠵᠶ᠋ᠠᠨ ᠤᠷᠢᠳ ᠵᠶ᠋ᠠᠷ ᠬᠠᠷᠢᠯᠴᠠᠵᠤ ᠰᠠᠨᠠᠯ ᠵᠶ᠋ᠠᠨ ᠰᠣᠯᠢᠯᠴᠠᠵᠤ᠂ ᠣᠶ᠋ᠢᠯᠠᠭ᠋ᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠢᠲᠡᠭᠡᠯᠴᠡᠭᠡ᠎ᠪᠠᠨ ᠨᠡᠮᠡᠭᠳᠡᠭᠦᠯᠵᠦ᠂ ᠵᠥᠷᠢᠴᠡᠯ᠎ᠢ ᠠᠷᠢᠯᠭ᠋ᠠᠵᠤ᠂ ᠬᠠᠮᠲᠤ ᠵᠢᠨ ᠲᠠᠨᠢᠯᠲᠠ᠎ᠪᠠᠨ ᠡᠷᠢᠯᠬᠢᠯᠡᠵᠦ ᠪᠦᠷᠢᠮᠦᠰᠦᠨ ᠪᠤᠯᠬᠤ ᠶᠤᠮ᠃
ᠬᠤᠶᠠᠳᠤᠭ᠋ᠠᠷ᠎ᠲᠤ᠂ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠪᠤᠶᠠᠨ ᠵᠢᠷᠭ᠋ᠠᠯ᠎ᠢ ᠡᠷᠡᠰ ᠪᠠᠲᠤ ᠬᠠᠮᠲᠤ᠎ᠪᠠᠷ ᠴᠣᠭᠴᠠᠯᠠᠬᠤ ᠬᠡᠷᠡᠭᠲᠡᠢ᠃ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ᠎ᠲᠤ ᠪᠤᠶᠠᠨ ᠵᠢᠷᠭ᠋ᠠᠯ ᠣᠯᠭᠤᠬᠤ ᠪᠣᠯ ᠪᠢᠳᠡᠨ᠎ᠤ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠬᠠᠷᠢᠴᠠᠭ᠎ᠠ ᠵᠢ ᠬᠥᠭᠵᠢᠭᠦᠯᠬᠦ ᠵᠢᠨ ᠵᠣᠷᠢᠯᠲᠠ ᠪᠠ ᠲᠤᠰᠤᠯᠲᠠ ᠮᠥᠨ᠃ ᠳᠤᠮᠳᠠᠳᠤ ᠵᠢᠨ ᠦᠨᠳᠦᠰᠦᠲᠡᠨ᠎ᠤ ᠥᠨᠢ ᠤᠳᠠᠭ᠋ᠠᠨ᠎ᠤ ᠪᠤᠶᠠᠨ ᠵᠢᠷᠭ᠋ᠠᠯ᠎ᠢ ᠬᠠᠮᠲᠤ᠎ᠪᠠᠷ ᠴᠣᠭᠴᠠᠯᠠᠬᠤ ᠬᠠᠷᠠᠯᠲᠠ ᠮᠠᠰᠢ ᠠᠤᠭ᠎ᠠ ᠶᠡᠭᠡ᠂ ᠮᠠᠰᠢ ᠪᠣᠷᠣᠭᠵᠢᠭᠤᠨ ᠶᠤᠮ᠂ ᠡᠴᠦᠰ᠎ᠤᠨ ᠡᠴᠦᠰ᠎ᠲᠡᠭᠡᠨ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ᠎ᠤᠨ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠵᠦ᠂ ᠲᠠᠶ᠋ᠢᠸᠠᠨ᠎ᠤ ᠠᠬ᠎ᠠ ᠳᠡᠭᠦᠦ ᠨᠠᠷ᠎ᠢ ᠪᠠᠭᠲᠠᠭ᠋ᠠᠭᠰᠠᠨ ᠪᠦᠭᠦ ᠳᠤᠮᠳᠠᠳᠤᠴᠤᠳ᠎ᠢ ᠨᠡᠩ ᠰᠠᠶ᠋ᠢᠨ ᠰᠠᠶ᠋ᠢᠬᠠᠨ ᠠᠮᠢᠳᠤᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ ᠶᠠᠪᠤᠳᠠᠯ ᠪᠣᠯᠣᠨ᠎ᠠ᠃ ᠪᠢᠳᠡ ᠡᠬᠡ ᠬᠠᠭᠤᠷᠠᠢ ᠵᠢᠨ 14 ᠳ᠋ᠦᠩᠰᠢᠭᠤᠷ ᠭᠠᠷᠤᠢ ᠠᠬ᠎ᠠ ᠳᠡᠭᠦᠦ ᠨᠠᠷ ᠵᠶ᠋ᠠᠨ ᠳᠠᠭ᠋ᠠᠭᠤᠯᠤᠨ ᠰᠠᠶ᠋ᠢᠨ ᠰᠠᠶ᠋ᠢᠬᠠᠨ ᠠᠮᠢᠳᠤᠷᠠᠯ᠎ᠢ ᠡᠳ᠋ᠯᠡᠬᠦ ᠴᠢᠳᠠᠪᠤᠷᠢ᠎ᠲᠠᠢ ᠪᠥᠭᠡᠳ ᠲᠠᠶ᠋ᠢᠸᠠᠨ᠎ᠤ ᠠᠬ᠎ᠠ ᠳᠡᠭᠦᠦ ᠨᠠᠷ᠎ᠲᠠᠢ ᠬᠠᠮᠲᠤ ᠰᠠᠶ᠋ᠢᠨ ᠰᠠᠶ᠋ᠢᠬᠠᠨ ᠢᠷᠡᠭᠡᠳᠦᠢ ᠵᠢ ᠬᠠᠮᠲᠤ᠎ᠪᠠᠷ ᠴᠣᠭᠴᠠᠯᠠᠬᠤ ᠪᠦᠷᠢᠨ ᠴᠢᠳᠠᠪᠤᠷᠢ᠎ᠲᠠᠢ ᠶᠤᠮ᠃
ᠪᠢᠳᠡ ᠢᠮᠠᠭᠲᠠ ᠲᠠᠶ᠋ᠢᠸᠠᠨ᠎ᠤ ᠠᠬ᠎ᠠ ᠳᠡᠭᠦᠦ ᠨᠠᠷ᠎ᠤᠨ ᠪᠤᠶᠠᠨ ᠵᠢᠷᠭ᠋ᠠᠯ᠎ᠢ ᠪᠣᠳᠣᠯᠬᠢᠯᠠᠵᠤ᠂ ᠡᠩ ᠲᠡᠷᠢᠭᠦᠨ᠎ᠳᠤ ᠲᠠᠶ᠋ᠢᠸᠠᠨ᠎ᠤ ᠠᠬ᠎ᠠ ᠳᠡᠭᠦᠦ ᠨᠠᠷ᠎ᠲᠠᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠥᠭᠵᠢᠯᠲᠡ ᠵᠢᠨ ᠠᠵᠠ ᠲᠣᠭᠢᠶᠠᠯ᠎ᠢ ᠬᠤᠪᠢᠶᠠᠯᠴᠠᠵᠤ᠂ ᠡᠬᠡ ᠤᠯᠤᠰ᠎ᠤᠨ ᠡᠬᠡ ᠬᠠᠭᠤᠷᠠᠢ ᠵᠢᠨ ᠬᠥᠭᠵᠢᠯᠲᠡ ᠲᠠᠪᠰᠢᠯᠳᠠ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠵᠦ᠂ ᠢᠳᠡᠪᠬᠢᠲᠡᠢ᠎ᠪᠠᠷ ᠲᠠᠶ᠋ᠢᠸᠠᠨ᠎ᠤ ᠠᠬ᠎ᠠ ᠳᠡᠭᠦᠦ ᠨᠠᠷ᠎ᠲᠤ ᠪᠣᠳᠠᠲᠤ ᠶᠠᠪᠤᠳᠠᠯ ᠬᠢᠵᠦ᠂ ᠰᠠᠶ᠋ᠢᠨ ᠶᠠᠪᠤᠳᠠᠯ ᠬᠢᠵᠦ᠂ ᠬᠦᠴᠢᠷ ᠶᠠᠪᠤᠳᠠᠯ᠎ᠢ᠎ᠨᠢ ᠰᠢᠢ᠍ᠳᠪᠦᠷᠢᠯᠡᠵᠦ᠂ ᠲᠠᠶ᠋ᠢᠸᠠᠨ᠎ᠤ ᠠᠬ᠎ᠠ ᠳᠡᠭᠦᠦ ᠨᠠᠷ᠎ᠤᠨ ᠠᠰᠢᠭ ᠲᠤᠰᠠ ᠵᠢ ᠨᠡᠩ ᠤᠯᠠᠨ᠂ ᠪᠤᠶᠠᠨ ᠵᠢᠷᠭ᠋ᠠᠯ᠎ᠢ ᠨᠡᠩ ᠪᠣᠳᠠᠲᠠᠢ᠂ ᠢᠷᠡᠭᠡᠳᠦᠢ ᠵᠢ ᠨᠡᠩ ᠰᠠᠶ᠋ᠢᠨ ᠰᠠᠶ᠋ᠢᠬᠠᠨ ᠪᠣᠯᠭ᠋ᠠᠨ᠎ᠠ᠃
ᠭᠤᠷᠪᠠᠳᠤᠭ᠋ᠠᠷ᠎ᠲᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ ᠤᠷᠲᠤ ᠤᠳᠠᠭ᠋ᠠᠨ ᠲᠡᠦᠬᠡᠨ ᠶᠠᠪᠤᠴᠠ᠎ᠳᠤ᠂ ᠡᠷᠳᠡᠨᠢ ᠵᠢᠨ ᠠᠷᠠᠯ ᠲᠠᠶ᠋ᠢᠸᠠᠨ ᠵᠡᠷᠭᠡ ᠵᠢ ᠪᠠᠭᠲᠠᠭ᠋ᠠᠭᠰᠠᠨ ᠡᠬᠡ ᠣᠷᠣᠨ᠎ᠤ ᠬᠢᠯᠢ ᠬᠢᠵᠠᠭ᠋ᠠᠷ᠎ᠢ ᠬᠠᠮᠲᠤ᠎ᠪᠠᠷ ᠪᠦᠲᠦᠭᠡᠨ ᠪᠠᠶ᠋ᠢᠭᠤᠯᠵᠤ᠂ ᠳᠤᠮᠳᠠᠳᠤ ᠤᠯᠤᠰ᠎ᠤᠨ ᠲᠡᠦᠬᠡ ᠵᠢ ᠬᠠᠮᠲᠤ᠎ᠪᠠᠷ ᠪᠢᠴᠢᠭᠯᠡᠵᠦ᠂ ᠳᠤᠮᠳᠠᠳᠤ ᠵᠢᠨ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠵᠦ᠂ ᠦᠨᠳᠦᠰᠦᠲᠡᠨ᠎ᠤ ᠵᠣᠷᠢᠭ ᠰᠠᠨᠠᠭ᠎ᠠ ᠵᠢ ᠬᠠᠮᠲᠤ᠎ᠪᠠᠷ ᠪᠤᠢ ᠪᠤᠯᠭ᠋ᠠᠬᠰᠠᠨ ᠶᠤᠮ᠃ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ ᠪᠣᠯ ᠶᠡᠷᠦ᠎ᠠᠴᠠ ᠨᠢᠭᠡ ᠭᠡᠷ᠎ᠤᠨ ᠬᠥᠮᠥᠨ ᠪᠣᠯᠬᠤᠷ ᠦᠷᠭᠦᠯᠵᠢ ᠶᠠᠪᠤᠯᠴᠠᠵᠤ᠂ ᠶᠠᠪᠤᠬᠤ ᠲᠤᠳᠤᠮ ᠣᠶ᠋ᠢᠷ᠎ᠠ ᠳᠣᠲᠣᠨᠣ ᠪᠣᠯᠪᠠᠯ ᠵᠣᠬᠢᠨ᠎ᠠ᠃ ᠪᠢᠳᠡ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠢ ᠢᠳᠡᠪᠬᠢᠲᠡᠢ ᠠᠬᠢᠭᠤᠯᠵᠤ᠂ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ᠎ᠤᠨ ᠰᠣᠯᠢᠯᠴᠠᠭ᠋ᠠᠨ᠎ᠤ ᠳᠤᠮᠳᠠ ᠰᠡᠳᠬᠢᠯ ᠵᠶ᠋ᠠᠨ ᠰᠣᠯᠢᠯᠴᠠᠬᠤ᠂ ᠶᠠᠪᠤᠯᠴᠠᠭ᠋ᠠᠨ᠎ᠤ ᠳᠤᠮᠳᠠ ᠢᠲᠡᠭᠡᠯ ᠵᠶ᠋ᠠᠨ ᠨᠡᠮᠡᠭᠳᠡᠭᠦᠯᠬᠦ᠂ ᠰᠡᠳᠬᠢᠯ ᠰᠠᠨᠠᠭ᠎ᠠ᠎ᠪᠠᠨ ᠣᠯᠣᠯᠴᠠᠬᠤ ᠵᠢ ᠠᠬᠢᠭᠤᠯᠤᠨ᠎ᠠ᠃ ᠪᠢᠳᠡ ᠥᠷᠭᠡᠨ ᠤᠯᠠᠨ ᠲᠠᠶ᠋ᠢᠸᠠᠨ᠎ᠤ ᠠᠬ᠎ᠠ ᠳᠡᠭᠦᠦ ᠨᠠᠷ᠎ᠢ ᠡᠬᠡ ᠬᠠᠭᠤᠷᠠᠢ᠎ᠳᠤ ᠢᠯᠡᠭᠦᠬᠡᠨ ᠢᠷᠡᠵᠦ ᠠᠶ᠋ᠢᠯᠴᠢᠯᠠᠬᠤ ᠵᠢ ᠬᠠᠯᠠᠭᠤᠨ ᠵᠶ᠋ᠠᠷ ᠤᠷᠢᠵᠤ ᠪᠠᠶ᠋ᠢᠬᠤ ᠪᠥᠭᠡᠳ ᠡᠬᠡ ᠬᠠᠭᠤᠷᠠᠢ ᠵᠢᠨ ᠠᠷᠠᠳ ᠤᠯᠠᠨ ᠡᠬᠡ ᠤᠯᠤᠰ᠎ᠤᠨ ᠡᠷᠳᠡᠨᠢ ᠵᠢᠨ ᠠᠷᠠᠯ᠎ᠳᠤ ᠢᠯᠡᠭᠦᠬᠡᠨ ᠣᠴᠢᠵᠤ ᠦᠵᠡᠬᠦ ᠵᠢ ᠬᠦᠰᠡᠵᠦ ᠪᠠᠶ᠋ᠢᠨ᠎ᠠ᠃
ᠳᠤᠮᠳᠠᠳᠤ ᠵᠢᠨ ᠰᠣᠶᠣᠯ ᠪᠣᠯ ᠳᠤᠮᠳᠠᠳᠤ ᠵᠢᠨ ᠦᠨᠳᠦᠰᠦᠲᠡᠨ᠎ᠤ ᠵᠣᠷᠢᠭ ᠰᠠᠨᠠᠭ᠋ᠠᠨ᠎ᠤ ᠠᠮᠢᠨ ᠰᠤᠳᠠᠰᠤ ᠮᠥᠨ᠂ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ᠎ᠤᠨ ᠬᠠᠮᠲᠤ ᠵᠢᠨ ᠵᠣᠷᠢᠭ ᠰᠠᠨᠠᠭ᠋ᠠᠨ᠎ᠤ ᠭᠡᠷ ᠣᠷᠣᠨ ᠮᠥᠨ᠃ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ ᠳᠤᠮᠳᠠᠳᠤ ᠵᠢᠨ ᠰᠣᠶᠣᠯ᠎ᠤᠨ ᠢᠲᠡᠭᠡᠯ ᠵᠶ᠋ᠠᠨ ᠪᠠᠲᠤᠳᠬᠠᠵᠤ᠂ ᠤᠬᠠᠮᠰᠠᠷ᠎ᠠᠴᠠ᠎ᠪᠠᠨ ᠳᠤᠮᠳᠠᠳᠤ ᠵᠢᠨ ᠰᠣᠶᠣᠯ᠎ᠤᠨ ᠰᠠᠬᠢᠨ ᠬᠠᠮᠠᠭ᠋ᠠᠯᠠᠭᠴᠢ᠂ ᠤᠯᠠᠮᠵᠢᠯᠠᠨ ᠵᠠᠯᠭ᠋ᠠᠮᠵᠢᠯᠠᠭᠴᠢ᠂ ᠪᠠᠳᠠᠷᠠᠭᠤᠯᠤᠨ ᠮᠠᠨᠳᠤᠭᠤᠯᠤᠭᠴᠢ ᠪᠣᠯᠵᠤ᠂ ᠳᠤᠮᠳᠠᠳᠤ ᠵᠢᠨ ᠦᠨᠳᠦᠰᠦᠲᠡᠨ᠎ᠤ ᠬᠠᠷᠢᠶᠠᠯᠠᠭᠳᠠᠬᠤᠢ ᠲᠥᠷᠥᠭᠳᠡᠯ᠂ ᠮᠡᠳᠡᠷᠡᠬᠦ ᠰᠡᠳᠬᠢᠯᠭᠡ᠂ ᠢᠷᠠᠭᠤ ᠠᠯᠳᠠᠷᠲᠤ ᠰᠡᠳᠬᠢᠯᠭᠡ᠎ᠪᠠᠨ ᠨᠡᠮᠡᠭᠳᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠡᠷᠡᠭᠲᠡᠢ᠃
ᠳᠥᠷᠪᠡᠳᠦᠭᠡᠷ᠎ᠲᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠡᠷᠡᠰ ᠪᠡᠶᠡᠯᠡᠭᠦᠯᠬᠦ ᠬᠡᠷᠡᠭᠲᠡᠢ᠃ ᠵᠠᠭᠤᠨ ᠵᠢᠯ᠎ᠤᠨ ᠲᠡᠮᠡᠴᠡᠯ ᠵᠶ᠋ᠠᠷ ᠳᠠᠮᠵᠢᠭ᠋ᠠᠳ᠂ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠠᠮ ᠵᠶ᠋ᠠᠷ ᠠᠮᠵᠢᠯᠲᠠ᠎ᠲᠠᠢ ᠵᠠᠮᠨᠠᠵᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠭᠡᠭᠡᠨ ᠰᠠᠷᠠᠭᠤᠯ ᠢᠷᠡᠭᠡᠳᠦᠢ ᠵᠢ ᠤᠭᠲᠤᠨ ᠠᠪᠴᠢᠷᠠᠵᠤ᠂ ᠰᠦᠨ ᠵᠦᠩ ᠱᠠᠨ ᠠᠪᠤᠭ᠋ᠠᠢ ᠵᠢᠨ ᠲᠤᠬᠠᠢ ᠵᠢᠨ ᠵᠢᠯ᠎ᠤᠨ ᠵᠢᠷᠤᠭᠯᠠᠭᠰᠠᠨ ᠵᠢᠷᠤᠭ ᠲᠥᠰᠥᠪ᠎ᠢ ᠪᠡᠶᠡᠯᠡᠭᠦᠯᠦᠭᠰᠡᠨ ᠵᠶ᠋ᠠᠷ ᠪᠠᠷᠠᠬᠤ ᠦᠭᠡᠢ᠂ ᠰᠦᠨ ᠵᠦᠩ ᠱᠠᠨ ᠠᠪᠤᠭ᠋ᠠᠢ ᠵᠢᠨ ᠵᠢᠱ᠌ᠢᠭᠰᠡᠨ ᠠᠯᠤᠰ᠎ᠤᠨ ᠲᠥᠰᠥᠪ᠎ᠠᠴᠠ ᠬᠤᠯᠠ ᠳᠠᠪᠠᠭᠰᠠᠨ ᠮᠠᠰᠢ ᠤᠯᠠᠨ ᠠᠮᠵᠢᠯᠲᠠ ᠪᠦᠲᠦᠮᠵᠢ ᠵᠢ ᠡᠭᠦᠳᠦᠨ ᠪᠦᠲᠦᠭᠡᠭᠰᠡᠨ ᠶᠤᠮ᠃ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠲᠡᠦᠬᠡᠨ ᠬᠦᠷᠳᠦ ᠦᠷᠭᠦᠯᠵᠢᠯᠡᠨ ᠤᠷᠤᠭᠰᠢᠯᠠᠬᠤ᠎ᠳᠤ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ᠎ᠤᠨ ᠲᠡᠮᠡᠴᠡᠯ ᠪᠠ ᠬᠦᠴᠦ ᠬᠥᠯᠥᠰᠦ ᠰᠢᠩᠭᠡᠵᠦ ᠪᠠᠶ᠋ᠢᠭ᠎ᠠ ᠪᠣᠯᠬᠤᠷ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ ᠰᠡᠳᠬᠢᠯ ᠨᠢᠭᠡᠳᠦᠨ ᠬᠠᠮᠲᠤ᠎ᠪᠠᠷ ᠡᠭᠦᠳᠴᠦ᠂ ᠦᠷᠭᠦᠯᠵᠢᠯᠡᠨ ᠲᠡᠮᠡᠴᠡᠬᠦ ᠴᠢᠬᠤᠯᠠᠲᠠᠢ ᠪᠥᠭᠡᠳ ᠡᠴᠦᠰ᠎ᠲᠡᠭᠡᠨ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ᠎ᠤᠨ ᠪᠤᠤᠬᠢᠶ᠎ᠠ ᠳᠠᠮᠵᠢᠭᠤᠯᠤᠨ ᠲᠡᠮᠡᠴᠡᠬᠦ ᠶᠠᠪᠤᠴᠠ᠎ᠳᠤ ᠪᠡᠶᠡᠯᠡᠭᠳᠡᠬᠦ ᠪᠣᠯᠣᠨ᠎ᠠ᠃ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠵᠠᠯᠠᠭᠤᠴᠤᠳ ᠯᠠᠪᠲᠠᠢ ᠶᠡᠭᠡ ᠦᠢ᠍ᠯᠡᠰ᠎ᠢ ᠪᠦᠲᠦᠭᠡᠵᠦ ᠪᠤᠯᠬᠤ ᠪᠥᠭᠡᠳ ᠶᠡᠭᠡ ᠦᠢ᠍ᠯᠡᠰ᠎ᠢ ᠪᠦᠲᠦᠭᠡᠵᠦ ᠯᠠᠪᠲᠠᠢ ᠴᠢᠳᠠᠬᠤ ᠶᠤᠮ᠃ ᠪᠢᠳᠡ ᠲᠠᠶ᠋ᠢᠸᠠᠨ᠎ᠤ ᠵᠠᠯᠠᠭᠤᠴᠤᠳ᠎ᠤᠨ ᠡᠬᠡ ᠤᠯᠤᠰ᠎ᠤᠨ ᠡᠬᠡ ᠬᠠᠭᠤᠷᠠᠢ᠎ᠳᠤ ᠢᠷᠡᠵᠦ ᠬᠦᠰᠡᠯ ᠵᠡᠭᠦᠳᠦ᠎ᠪᠠᠨ ᠬᠥᠭᠡᠭᠡᠴᠡᠯᠳᠦᠬᠦ᠂ ᠬᠦᠰᠡᠯ ᠵᠡᠭᠦᠳᠦ᠎ᠪᠠᠨ ᠴᠣᠭᠴᠠᠯᠠᠬᠤ᠂ ᠬᠦᠰᠡᠯ ᠵᠡᠭᠦᠳᠦ᠎ᠪᠠᠨ ᠲᠡᠷᠭᠡᠯᠰᠢᠭᠦᠯᠬᠦ ᠵᠢ ᠪᠠᠶᠠᠷᠯᠠᠨ ᠤᠭᠲᠤᠵᠤ᠂ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠵᠠᠯᠠᠭᠤᠴᠤᠳ᠎ᠤᠨ ᠦᠰᠦᠨ ᠪᠣᠶ᠋ᠢᠵᠢᠬᠤ᠂ ᠴᠢᠳᠠᠪᠤᠷᠢᠲᠠᠨ ᠪᠤᠯᠬᠤ᠂ ᠠᠮᠵᠢᠯᠲᠠ ᠣᠯᠬᠤ᠎ᠳᠤ ᠨᠡᠩ ᠰᠠᠶ᠋ᠢᠨ ᠨᠥᠬᠦᠴᠡᠯ᠂ ᠨᠡᠩ ᠤᠯᠠᠨ ᠠᠵᠠ ᠲᠣᠭᠢᠶᠠᠯ᠎ᠢ ᠦᠷᠭᠦᠯᠵᠢᠯᠡᠨ ᠪᠦᠷᠢᠯᠳᠦᠭᠦᠯᠵᠦ ᠥᠭᠭᠦᠨ᠎ᠡ᠃ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠵᠠᠯᠠᠭᠤᠴᠤᠳ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠨ᠂ ᠬᠠᠷᠢᠯᠴᠠᠨ ᠲᠦᠰᠢᠭᠯᠡᠯᠴᠡᠵᠦ᠂ ᠰᠡᠳᠬᠢᠯ ᠨᠢᠭᠡᠳᠦᠨ ᠬᠠᠮᠲᠤ᠎ᠪᠠᠷ ᠤᠷᠤᠭᠰᠢᠯᠠᠵᠤ᠂ ᠲᠡᠦᠬᠡ ᠵᠢᠨ ᠪᠤᠤᠬᠢᠶ᠎ᠠ ᠵᠢ ᠰᠠᠶ᠋ᠢᠲᠤᠷ ᠭᠦᠶᠦᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠶ᠋ᠢᠨ᠎ᠠ ᠭᠡᠵᠦ ᠴᠢᠬᠤᠯᠠᠴᠢᠯᠠᠪᠠ᠃
ᠰᠢ ᠵᠢᠨ ᠫᠢᠩ᠂ 4 ᠰᠠᠷ᠎ᠠ ᠵᠢᠨ 3᠎ᠤ ᠡᠳᠦᠷ᠂ ᠬᠤᠸᠠ ᠯᠢᠶᠠᠨ ᠰᠢᠶᠠᠨ᠎ᠤ ᠲᠡᠯᠡᠶ ᠵᠢᠨ ᠣᠷᠣᠨ᠎ᠳᠤ 7.3 ᠲᠠᠰ᠎ᠤᠨ ᠭᠠᠵᠠᠷ ᠬᠥᠳᠡᠯᠦᠯᠲᠡ ᠡᠭᠦᠰᠴᠦ᠂ ᠬᠥᠮᠥᠨ ᠬᠠᠷ᠎ᠠ ᠠᠳᠡᠵᠦ ᠰᠢᠷᠬᠠᠲᠤᠨ᠂ ᠡᠳ᠋ ᠬᠥᠷᠥᠩᠭᠡ ᠬᠤᠬᠢᠷᠠᠯ᠎ᠳᠤ ᠤᠴᠠᠷᠠᠭᠰᠠᠨ᠎ᠳᠤ᠂ ᠪᠢ ᠠᠳᠡᠭᠰᠡᠨ ᠠᠬᠠᠨ ᠳᠡᠭᠦᠦᠰᠢ ᠡᠮᠭᠡᠨᠢᠨ ᠭᠠᠰᠢᠭᠤᠳᠠᠵᠤ ᠪᠠᠶ᠋ᠢᠬᠤ ᠪᠥᠭᠡᠳ ᠭᠠᠮᠰᠢᠭᠳᠠᠭᠰᠠᠨ ᠣᠷᠣᠨ᠎ᠤ ᠣᠯᠠᠨ ᠲᠦᠮᠡᠨ᠎ᠢ ᠲᠣᠬᠤᠨᠢᠭᠤᠯᠵᠤ ᠪᠠᠶ᠋ᠢᠬᠤ᠎ᠪᠠᠨ ᠢᠯᠡᠳᠬᠡᠵᠦ ᠪᠠᠶ᠋ᠢᠨ᠎ᠠ ᠭᠡᠵᠦ ᠬᠡᠯᠡᠪᠡ᠃
ᠮᠠ ᠶᠢᠩ ᠵᠢᠦ᠂ 《ᠶᠡᠷᠡᠨ ᠬᠤᠶᠠᠷ ᠣᠨ᠎ᠤ ᠬᠠᠮᠲᠤ ᠵᠢᠨ ᠲᠠᠨᠢᠯᠲᠠ》 ᠵᠢ ᠪᠠᠷᠢᠮᠲᠠᠯᠠᠨ᠂ 《ᠲᠠᠶ᠋ᠢᠸᠠᠨ᠎ᠢ ᠲᠤᠰᠠᠭ᠋ᠠᠷ ᠲᠣᠭᠲᠠᠨᠢᠭᠤᠯᠬᠤ》 ᠵᠢ ᠡᠰᠡᠷᠭᠦᠴᠡᠬᠦ ᠪᠣᠯ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠬᠠᠷᠢᠴᠠᠭ᠎ᠠ ᠵᠢ ᠨᠠᠶ᠋ᠢᠷᠠᠮᠳᠠᠯ ᠵᠶ᠋ᠠᠷ ᠬᠥᠭᠵᠢᠭᠦᠯᠬᠦ ᠵᠢᠨ ᠬᠠᠮᠲᠤ ᠵᠢᠨ ᠤᠯᠤᠰ ᠲᠥᠷᠥ ᠵᠢᠨ ᠰᠠᠭᠤᠷᠢ ᠮᠥᠨ᠃ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠷᠠᠳ ᠲᠦᠮᠡᠨ ᠪᠣᠯ ᠴᠥᠮ ᠳᠤᠮᠳᠠᠳᠤ ᠵᠢᠨ ᠦᠨᠳᠦᠰᠦᠲᠡᠨ ᠮᠥᠨ᠂ ᠴᠥᠮ ᠶᠠᠨᠳᠢ ᠬᠤᠸᠠᠩᠳᠢ ᠵᠢᠨ ᠦᠷ᠎ᠡ ᠬᠤᠶ᠋ᠢᠴᠢᠰ ᠮᠥᠨ᠂ ᠰᠣᠯᠢᠯᠴᠠᠭ᠎ᠠ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠳᠤᠮᠳᠠᠳᠤ ᠵᠢᠨ ᠰᠣᠶᠣᠯ᠎ᠢ ᠬᠠᠮᠲᠤ᠎ᠪᠠᠷ ᠤᠯᠠᠮᠵᠢᠯᠠᠨ ᠵᠠᠯᠭ᠋ᠠᠮᠵᠢᠯᠠᠵᠤ᠂ ᠲᠠᠶ᠋ᠢᠸᠠᠨ ᠬᠤᠭᠤᠯᠠᠢ ᠵᠢᠨ ᠬᠤᠶᠠᠷ ᠬᠥᠪᠡᠭᠡᠨ᠎ᠤ ᠠᠬ᠎ᠠ ᠳᠡᠭᠦᠦ ᠨᠠᠷ᠎ᠤᠨ ᠪᠤᠶᠠᠨ ᠵᠢᠷᠭ᠋ᠠᠯ᠎ᠢ ᠨᠡᠮᠡᠭᠳᠡᠭᠦᠯᠦᠨ᠂ ᠭᠠᠷ ᠬᠤᠯᠪᠣᠯᠴᠠᠨ ᠤᠷᠤᠭᠰᠢᠯᠠᠵᠤ᠂ ᠳᠤᠮᠳᠠᠳᠤ ᠤᠯᠤᠰ ᠵᠶ᠋ᠠᠨ ᠬᠥᠭᠵᠢᠭᠦᠯᠦᠨ ᠮᠠᠨᠳᠤᠭᠤᠯᠬᠤ᠎ᠪᠠᠷ ᠬᠦᠴᠦᠯᠡᠨ ᠴᠢᠷᠮᠠᠶ᠋ᠢᠨ᠎ᠠ ᠭᠡᠵᠦ ᠬᠡᠯᠡᠪᠡ᠃
ᠬᠤᠷᠠᠯ᠎ᠳᠤ ᠣᠷᠣᠯᠴᠠᠬᠰᠠᠨ ᠲᠠᠶ᠋ᠢᠸᠠᠨ᠎ᠤ ᠵᠠᠯᠠᠭᠤᠴᠤᠳ᠎ᠤᠨ ᠲᠥᠯᠥᠭᠡᠯᠡᠭᠴᠢ ᠦᠭᠡ ᠬᠡᠯᠡᠪᠡ᠃
ᠸᠠᠩ ᠬᠤ᠌ ᠨᠢᠩ᠂ ᠼᠠᠢ ᠴᠢ ᠨᠠᠷ ᠠᠭᠤᠯᠵᠠᠯᠲᠠ᠎ᠳᠤ ᠣᠷᠣᠯᠴᠠᠵᠠᠢ᠃