ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ᠎ᠲᠤ ᠭᠠᠷ᠎ᠤᠨ ᠥᠰᠥᠭ ᠵᠢᠷᠤᠵᠤ 《ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠵᠢᠨ ᠳᠦᠷᠢᠮ》᠎ᠢ ᠨᠡᠶ᠋ᠢᠲᠡᠯᠡᠪᠡ
ᠨᠡᠶ᠋ᠢᠲᠡᠯᠡᠭᠰᠡᠨ ᠴᠠᠭ᠄ 2024-04-12

      ᠰᠢᠨᠬᠤᠸᠠ ᠬᠤᠷᠢᠶᠠᠨ᠎ᠤ ᠪᠡᠭᠡᠵᠢᠩ᠎ᠤᠨ 4  ᠳ᠋ᠦ᠍ᠭᠡᠷ  ᠰᠠᠷ᠎ᠠ ᠵᠢᠨ 10᠎ᠤ ᠡᠳᠦᠷ᠎ᠤᠨ ᠮᠡᠳᠡᠭᠡ  ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ ᠲᠦᠷᠦᠭᠦᠬᠡᠨ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ᠎ᠲᠤ ᠭᠠᠷ᠎ᠤᠨ ᠥᠰᠥᠭ  ᠵᠢᠷᠤᠨ ᠂ 《ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠵᠢᠨ           ᠳᠦᠷᠢᠮ》 (ᠳᠣᠷᠣᠭᠰᠢ 《ᠳᠦᠷᠢᠮ》 ᠭᠡᠵᠦ  ᠲᠣᠪᠴᠢᠯᠠᠪᠠ )᠎ᠢ  ᠨᠡᠶ᠋ᠢᠲᠡᠯᠡᠵᠦ᠂ 2024 ᠣᠨ᠎ᠤ 6  ᠳ᠋ᠤᠭ᠋ᠠᠷ  ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
      ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠵᠢᠨ ᠳᠦᠷᠢᠮ ᠪᠣᠯ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠴᠢᠬᠤᠯᠠ ᠪᠦᠷᠢᠯᠳᠦᠭᠦᠨ ᠬᠡᠰᠡᠭ ᠮᠥᠨ ᠃ 《ᠳᠦᠷᠢᠮ》᠎ᠨᠢ  ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠪᠦᠬᠦ ᠲᠠᠯ᠎ᠠ᠎ᠪᠠᠷ  ᠲᠤᠭᠤᠰᠢᠯᠠᠭᠤᠯᠤᠨ  ᠨᠠᠶ᠋ᠢᠳᠠᠪᠤᠷᠢᠵᠢᠭᠤᠯᠵᠤ᠂ ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠭᠡᠬᠦ  ᠣᠶ᠋ᠢᠯᠠᠭ᠋ᠠᠭᠳᠠᠬᠤᠨ᠎ᠢ  ᠪᠠᠷᠢᠮᠲᠠᠯᠠᠨ ᠂ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠵᠢᠨ ᠲᠤᠬᠠᠢ ᠨᠠᠮ᠎ᠤᠨ ᠲᠥᠪ ᠬᠤᠷᠢᠶ᠎ᠠ ᠂ ᠲᠦᠷᠦ ᠵᠢᠨ ᠶᠠᠪᠤᠳᠠᠯ᠎ᠤᠨ ᠬᠤᠷᠢᠶᠠᠨ ᠎ᠤ ᠲᠣᠭᠲᠠᠭ᠋ᠠᠯ ᠪᠠ ᠱᠠᠭ᠋ᠠᠷᠳᠠᠯᠭ᠎ᠠ ᠵᠢᠴᠢ ᠪᠦᠲᠦᠮᠵᠢᠲᠡᠶ ᠲᠤᠷᠰᠢᠯᠭ᠎ᠠ ᠠᠷᠭ᠎ᠠ ᠬᠢᠳᠡᠯ᠎ᠤᠳ᠎ᠢ ᠶᠡᠷᠦᠩᠬᠡᠶ᠋ᠢᠯᠡᠭᠰᠡᠨ ᠴᠢᠨᠠᠷᠲᠠᠢ ᠂ ᠰᠠᠭᠤᠷᠢ ᠴᠢᠨᠠᠷᠲᠠᠢ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠬᠡᠯᠪᠡᠷᠢ᠎ᠪᠠᠷ ᠪᠠᠬᠢᠵᠢᠭᠦᠯᠦᠨ  ᠥᠷᠭᠡᠳᠬᠡᠬᠦ ᠪᠣᠯᠣᠨ᠎ᠠ᠃ ᠪᠠᠰᠠ  ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠵᠢᠨ ᠦᠨᠳᠦᠰᠦᠨ ᠳᠦᠷᠢᠮ ᠲᠣᠭᠲᠠᠭ᠋ᠠᠯ᠎ᠢ  ᠳᠣᠭᠲᠠᠭ᠋ᠠᠭᠰᠨ᠎ᠠᠴᠠ  ᠬᠠᠤᠯᠢ᠎ᠪᠠᠷ ᠵᠠᠰᠠᠬᠤ ᠵᠢᠨ ᠦᠨᠳᠦᠰᠦ ᠵᠢ ᠪᠠᠲᠤᠳᠬᠠᠬᠤ ᠂ ᠵᠢᠱ᠌ᠢᠯᠲᠡ ᠵᠢ ᠲᠣᠭᠲᠠᠪᠤᠷᠢᠵᠢᠭᠤᠯᠬᠤ ᠂ ᠠᠯᠤᠰ ᠬᠡᠳᠦ᠎ᠳᠤ ᠠᠰᠢᠭᠲᠠᠢ ᠦᠢ᠍ᠯᠡᠳᠦᠯ᠎ᠤᠳ᠎ᠢ᠎ᠨᠢ  ᠭᠦᠢ᠍ᠴᠡᠳ  ᠪᠠᠳᠠᠷᠠᠭᠤᠯᠬᠤ ᠪᠣᠯᠣᠨ᠎ᠠ ᠃ 《ᠳᠦᠷᠢᠮ》 ᠨᠡᠶ᠋ᠢᠲᠡ 6 ᠪᠦᠯᠦᠭ 33 ᠵᠦᠢ᠍ᠯ᠎ᠲᠠᠢ᠂ ᠭᠤᠣᠯᠳᠠᠭᠤ  ᠳᠠᠷᠠᠭ᠋ᠠᠬᠢ  ᠠᠭᠤᠯᠭ᠎ᠠ᠎ᠨᠤᠭᠤᠳ᠎ᠢ ᠲᠣᠭᠲᠠᠭ᠋ᠠᠵᠠᠢ᠄
      ᠨᠢᠭᠡ᠂ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠵᠢᠨ ᠠᠭᠤᠯᠤᠭᠳᠠᠬᠤᠨ᠎ᠢ  ᠲᠣᠳᠣᠷᠬᠠᠶ᠋ᠢᠯᠠᠪᠠ᠃ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠭᠡᠳᠡᠭ ᠪᠣᠯ ᠡᠳ᠋᠎ᠤᠨ ᠵᠠᠰᠠᠭ ᠭᠤᠯᠳᠤ᠎ᠪᠠᠷ ᠨᠥᠬᠦᠪᠦᠷᠢ ᠥᠭᠬᠦ ᠂ ᠭᠠᠵᠠᠷ ᠣᠷᠣᠨ᠎ᠨᠤᠭᠤᠳ ᠬᠤᠭᠤᠷᠣᠨᠳᠤ᠎ᠪᠠᠨ ᠬᠥᠨᠳᠡᠯᠡᠨ ᠵᠶ᠋ᠠᠷ ᠨᠥᠬᠦᠪᠦᠷᠢ ᠥᠭᠬᠦ ᠂ ᠵᠠᠬ᠎ᠠ ᠳᠡᠯᠭᠡᠭᠦᠷ᠎ᠤᠨ ᠲᠣᠭᠲᠠᠴᠠ ᠨᠥᠬᠦᠪᠦᠷᠢ ᠥᠭᠬᠦ ᠵᠡᠷᠭᠡ ᠲᠣᠭᠲᠠᠴᠠ᠎ᠪᠠᠷ ᠳᠠᠮᠵᠢᠭᠤᠯᠤᠨ ᠂ ᠲᠣᠭᠲᠠᠭ᠋ᠠᠯ ᠪᠤᠶᠤ ᠪᠣᠯᠵᠣᠯ ᠶᠣᠰᠣᠭ᠋ᠠᠷ ᠠᠮᠢ ᠠᠬᠤᠢ ᠵᠢᠨ ᠬᠠᠮᠠᠭ᠋ᠠᠯᠠᠯᠲᠠ ᠥᠷᠨᠢᠭᠦᠯᠦᠭᠰᠡᠨ ᠨᠢᠭᠡᠴᠢ ᠪᠠ ᠬᠤᠪᠢ ᠬᠥᠮᠥᠨ᠎ᠳᠤ ᠨᠥᠬᠦᠪᠦᠷᠢ ᠥᠭᠬᠦ  ᠤᠷᠮᠠᠰᠢᠭᠤᠯᠤᠯ᠎ᠤᠨ ᠴᠢᠨᠠᠷᠲᠠᠢ ᠳᠦᠷᠢᠮ᠎ᠤᠨ ᠲᠣᠬᠢᠷᠠᠭᠤᠯᠤᠯᠲᠠ ᠵᠢ ᠵᠢᠭ᠋ᠠᠵᠤ ᠪᠠᠶ᠋ᠢᠨ᠎ᠠ ᠃
      ᠬᠤᠶᠠᠷ ᠂ ᠠᠵᠢᠯ᠎ᠤᠨ ᠵᠠᠷᠴᠢᠮ᠎ᠢ  ᠲᠣᠳᠣᠷᠬᠠᠶ᠋ᠢᠯᠠᠨ᠂ ᠠᠵᠢᠯ᠎ᠤᠨ ᠲᠣᠭᠲᠠᠴᠠ ᠵᠢ  ᠪᠦᠷᠢᠨᠰᠢᠭᠦᠯᠪᠡ ᠃ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠵᠢᠨ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ  ᠪᠠᠷᠢᠮᠲᠠᠯᠠᠨ᠂ ᠵᠠᠰᠠᠭ᠎ᠤᠨ ᠣᠷᠳᠣᠨ  ᠭᠤᠣᠯᠯᠠᠬᠤ᠂ ᠨᠡᠶ᠋ᠢᠭᠡᠮ ᠣᠷᠣᠯᠴᠠᠬᠤ ᠂ ᠵᠠᠬ᠎ᠠ ᠳᠡᠯᠭᠡᠭᠦᠷ ᠲᠣᠬᠢᠷᠠᠭᠤᠯᠬᠤ ᠵᠢ ᠤᠶᠠᠯᠳᠤᠭᠤᠯᠬᠤ ᠵᠢ ᠪᠠᠷᠢᠮᠲᠠᠯᠠᠵᠤ ᠂ ᠤᠷᠮᠠᠰᠢᠭᠤᠯᠬᠤ  ᠬᠢᠭᠡᠳ  ᠬᠢᠵᠠᠭ᠋ᠠᠷᠯᠠᠬᠤ ᠵᠢ  ᠵᠡᠷᠭᠡ᠎ᠳᠤ  ᠴᠢᠬᠤᠯᠠᠴᠢᠯᠠᠬᠤ ᠵᠢ ᠪᠠᠷᠢᠮᠲᠠᠯᠠᠵᠤ ᠂ ᠨᠢᠭᠡᠳᠦᠯᠲᠡᠢ  ᠲᠥᠯᠥᠪᠯᠡᠨ  ᠬᠠᠮᠵᠢᠯᠴᠠᠨ ᠠᠬᠢᠭᠤᠯᠬᠤ ᠵᠢ ᠪᠠᠷᠢᠮᠲᠠᠯᠠᠵᠤ ᠂ ᠠᠮᠢ ᠠᠬᠤᠢ ᠵᠢᠨ ᠦᠷ᠎ᠡ ᠠᠰᠢᠭ᠎ᠢ  ᠠᠵᠤ ᠠᠬᠤᠢ  ᠪᠠ  ᠨᠡᠶ᠋ᠢᠭᠡᠮ᠎ᠤᠨ ᠦᠷ᠎ᠡ ᠠᠰᠢᠭ᠎ᠲᠠᠢ  ᠨᠢᠭᠡᠳᠦᠯᠲᠡᠢ ᠪᠠᠶ᠋ᠢᠯᠭ᠋ᠠᠬᠤ ᠵᠢ ᠪᠠᠷᠢᠮᠲᠠᠯᠠᠨ᠎ᠠ ᠃ ᠰᠢᠶᠠᠨ᠎ᠤ ᠱᠠᠲᠤᠨ᠎ᠠᠴᠠ ᠳᠡᠭᠡᠭᠰᠢᠬᠢ ᠵᠠᠰᠠᠭ᠎ᠤᠨ ᠣᠷᠳᠣᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠲᠤᠰ᠎ᠤᠨ ᠲᠤᠰᠢᠶᠠᠯ ᠬᠠᠷᠢᠭᠤᠴᠠᠯᠭ᠎ᠠ᠎ᠪᠠᠨ  ᠦᠨᠳᠦᠰᠦᠯᠡᠨ ᠬᠠᠮᠢᠶ᠎ᠠ ᠪᠦᠬᠦᠢ ᠠᠵᠢᠯ᠎ᠢ ᠬᠠᠷᠢᠭᠤᠴᠠᠨ᠎ᠠ᠃ 
      ᠭᠤᠷᠪᠠ ᠂  ᠡᠳ᠋᠎ᠤᠨ ᠵᠠᠰᠠᠭ ᠭᠤᠯᠳᠤ᠎ᠪᠠᠷ ᠨᠥᠬᠦᠪᠦᠷᠢ ᠥᠭᠬᠦ ᠵᠢ  ᠵᠢᠷᠤᠮᠵᠢᠭᠤᠯᠤᠨ᠎ᠠ᠃  ᠤᠯᠤᠰ ᠡᠳ᠋᠎ᠤᠨ ᠵᠠᠰᠠᠭ᠎ᠠᠴᠠ ᠰᠢᠯᠵᠢᠭᠦᠯᠦᠨ ᠥᠭᠬᠦ ᠵᠡᠷᠭᠡ ᠠᠷᠭ᠎ᠠ᠎ᠪᠠᠷ ᠳᠠᠮᠵᠢᠭᠤᠯᠤᠨ ᠂ ᠴᠢᠬᠤᠯᠠ ᠠᠮᠢ ᠠᠬᠤᠢ ᠵᠢᠨ ᠣᠷᠴᠢᠨ  ᠲᠣᠭᠤᠷᠢᠨ᠎ᠤ  ᠬᠦᠴᠦᠨ ᠵᠦᠢ᠍ᠯ᠎ᠤᠨ  ᠬᠠᠮᠠᠭ᠋ᠠᠯᠠᠯᠲᠠ  ᠥᠷᠨᠢᠭᠦᠯᠦᠭᠰᠡᠨ  ᠵᠢᠴᠢ ᠠᠮᠢ ᠠᠬᠤᠢ ᠵᠢᠨ  ᠴᠢᠳᠠᠮᠵᠢ  ᠴᠢᠬᠤᠯᠠ ᠣᠷᠣᠨ ᠪᠦᠰᠡ᠎ᠳᠤ ᠠᠮᠢ ᠠᠬᠤᠢ ᠵᠢᠨ  ᠬᠠᠮᠠᠭ᠋ᠠᠯᠠᠯᠲᠠ ᠥᠷᠨᠢᠭᠦᠯᠦᠭᠰᠡᠨ  ᠨᠢᠭᠡᠴᠢ ᠪᠠ ᠬᠤᠪᠢ ᠬᠥᠮᠥᠨ᠎ᠳᠤ ᠨᠥᠬᠦᠪᠦᠷᠢ ᠥᠭᠭᠦᠨ᠎ᠡ ᠃ ᠣᠷᠣᠨ ᠨᠤᠲᠤᠭ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠥᠬᠦᠪᠦᠷᠢ ᠪᠡᠯᠡ ᠮᠥᠩᠭᠦ ᠵᠢ ᠠᠮᠢ ᠠᠬᠤᠢ ᠵᠢᠨ ᠬᠠᠮᠠᠭ᠋ᠠᠯᠠᠯᠲᠠ  ᠥᠷᠨᠢᠭᠦᠯᠦᠭᠰᠡᠨ  ᠨᠢᠭᠡᠴᠢ ᠪᠠ ᠬᠤᠪᠢ ᠬᠥᠮᠥᠨ᠎ᠳᠤ ᠴᠠᠭ ᠲᠤᠬᠠᠢ᠎ᠳᠤ᠎ᠨᠢ ᠣᠯᠭᠤᠬᠤ  ᠬᠡᠷᠡᠭᠲᠡᠢ; ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠨᠢᠭᠡᠳᠦᠯᠲᠡᠢ ᠲᠥᠯᠥᠪᠯᠡᠨ ᠬᠡᠷᠡᠭᠯᠡᠬᠦ ᠪᠡᠯᠡ ᠮᠥᠩᠭᠦ ᠵᠢ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠠᠮᠠᠭ᠋ᠠᠯᠠᠬᠤ ᠂ ᠠᠮᠢ ᠠᠬᠤᠢ ᠵᠢᠨ ᠣᠷᠴᠢᠨ  ᠲᠣᠭᠤᠷᠢᠨ᠎ᠢ ᠵᠠᠰᠠᠬᠤ ᠪᠠ ᠵᠠᠰᠠᠨ ᠰᠡᠷᠭᠦᠭᠡᠬᠦ ᠵᠡᠷᠭᠡ᠎ᠳᠤ  ᠤᠷᠢᠳ ᠵᠶ᠋ᠠᠷ  ᠬᠡᠷᠡᠭᠯᠡᠬᠦ ᠬᠡᠷᠡᠭᠲᠡᠢ ᠃
      ᠳᠥᠷᠪᠡ᠂ ᠭᠠᠵᠠᠷ ᠣᠷᠣᠨ᠎ᠨᠤᠭᠤᠳ  ᠬᠤᠭᠤᠷᠤᠨᠳᠤ᠎ᠪᠠᠨ  ᠬᠥᠨᠳᠡᠯᠡᠨ ᠵᠶ᠋ᠠᠷ ᠨᠥᠬᠦᠪᠦᠷᠢ  ᠥᠭᠬᠦ ᠵᠢ  ᠲᠡᠭᠦᠯᠳᠡᠷᠵᠢᠭᠦᠯᠦᠨ᠎ᠡ ᠃ ᠠᠮᠢ ᠠᠬᠤᠢ ᠵᠢᠨ ᠠᠰᠢᠭ ᠭᠥᠷᠳᠡᠬᠦ ᠭᠠᠵᠠᠷ ᠣᠷᠣᠨ ᠬᠢᠭᠡᠳ ᠠᠮᠢ ᠠᠬᠤᠢ ᠵᠢᠨ ᠬᠠᠮᠠᠭ᠋ᠠᠯᠠᠯᠲᠠ ᠵᠢᠨ ᠭᠠᠵᠠᠷ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠳᠡᠯᠴᠡᠬᠦ ᠵᠡᠷᠭᠡ ᠠᠷᠭ᠎ᠠ᠎ᠪᠠᠷ ᠳᠠᠮᠵᠢᠭᠤᠯᠤᠨ ᠂  ᠠᠮᠢ ᠠᠬᠤᠢ ᠵᠢᠨ ᠬᠠᠮᠠᠭ᠋ᠠᠯᠠᠯᠲᠠ ᠵᠢᠨ  ᠨᠦᠬᠦᠪᠦᠷᠢ ᠵᠢᠨ  ᠲᠣᠭᠲᠠᠴᠠ ᠪᠠᠶ᠋ᠢᠭᠤᠯᠬᠤ ᠵᠢ᠎ᠨᠢ ᠵᠣᠷᠢᠭᠵᠢᠭᠤᠯᠵᠤ  ᠵᠢᠯᠤᠭᠤᠳᠴᠤ ᠠᠬᠢᠭᠤᠯᠤᠨ᠎ᠠ᠃ ᠠᠮᠢ ᠠᠬᠤᠢ ᠵᠢᠨ ᠴᠢᠳᠠᠮᠵᠢ  ᠣᠨᠴᠠ  ᠴᠢᠬᠤᠯᠠ ᠣᠷᠣᠨ ᠪᠦᠰᠡ᠎ᠳᠤ ᠂  ᠭᠠᠵᠠᠷ ᠣᠷᠣᠨ᠎ᠨᠤᠭᠤᠳ  ᠬᠤᠭᠤᠷᠤᠨᠳᠤ᠎ᠪᠠᠨ  ᠬᠥᠨᠳᠡᠯᠡᠨ ᠵᠶ᠋ᠠᠷ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ  ᠥᠭᠭᠦᠭᠰᠡᠨ  ᠪᠠᠶ᠋ᠢᠪᠠᠯ ᠂ ᠲᠥᠪ᠎ᠤᠨ ᠡᠳ᠋᠎ᠤᠨ ᠵᠠᠰᠠᠭ ᠪᠠ ᠮᠤᠵᠢ ᠵᠢᠨ ᠱᠠᠲᠤᠨ᠎ᠤ ᠡᠳ᠋᠎ᠤᠨ ᠵᠠᠰᠠᠭ ᠬᠥᠲᠥᠯᠥᠨ ᠵᠢᠯᠤᠭᠤᠳᠴᠤ ᠲᠡᠮᠵᠢᠵᠤ ᠪᠣᠯᠣᠨ᠎ᠠ; ᠨᠥᠬᠦᠪᠦᠷᠢ ᠥᠭᠬᠦ ᠲᠣᠭᠲᠠᠴᠠ ᠵᠢᠨ ᠪᠠᠶ᠋ᠢᠭᠤᠯᠤᠯᠲᠠ᠎ᠳᠤ ᠢᠯᠡᠳᠲᠡ ᠦᠷ᠎ᠡ ᠪᠦᠲᠦᠮᠵᠢ ᠣᠯᠣᠭᠰᠠᠨ ᠪᠠᠶ᠋ᠢᠪᠠᠯ ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠥᠭᠵᠢᠭᠦᠯᠦᠯᠲᠡ  ᠪᠠ  ᠥᠭᠡᠷᠡᠴᠢᠯᠡᠯᠲᠡ ᠂ ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠤᠳ  ᠲᠥᠯᠥᠪᠯᠡᠭᠡ᠂ ᠪᠡᠯᠡ ᠮᠥᠩᠭᠦ ᠂  ᠲᠦᠰᠦᠯ᠎ᠤᠨ ᠲᠣᠬᠢᠷᠠᠭᠤᠯᠤᠯᠲᠠ ᠵᠡᠷᠭᠡ ᠲᠠᠯ᠎ᠠ᠎ᠪᠠᠷ ᠵᠣᠬᠢᠰᠲᠠᠢ  ᠳᠡᠮᠵᠢᠵᠦ  ᠪᠣᠯᠣᠨ᠎ᠠ ᠃
      ᠲᠠᠪᠤ᠂ ᠵᠠᠬ᠎ᠠ ᠳᠡᠯᠭᠡᠭᠦᠷ᠎ᠤᠨ ᠲᠣᠭᠲᠠᠴᠠ ᠨᠥᠬᠦᠪᠦᠷᠢ  ᠥᠭᠬᠦ ᠵᠢ  ᠵᠣᠷᠢᠭᠵᠢᠭᠤᠯᠤᠨ ᠠᠬᠢᠭᠤᠯᠤᠨ᠎ᠠ᠃ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠶ᠋ᠢᠭᠡᠮ᠎ᠤᠨ ᠬᠦᠴᠦᠨ ᠵᠢᠴᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠠᠬ᠎ᠠ ᠳᠡᠯᠭᠡᠭᠦᠷ᠎ᠤᠨ ᠳᠦᠷᠢᠮ ᠶᠣᠰᠣᠭ᠋ᠠᠷ᠂  ᠪᠤᠬᠢᠷᠳᠤᠯ ᠦᠭᠡᠢ ᠦᠢ᠍ᠯᠡᠳᠬᠦᠨ  ᠪᠠ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ᠎ᠪᠠᠷ ᠳᠠᠮᠵᠢᠭᠤᠯᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠥᠭᠬᠦ ᠵᠢ᠎ᠨᠢ  ᠵᠣᠷᠢᠭᠵᠢᠭᠤᠯᠤᠨ᠎ᠠ᠃ ᠨᠡᠶ᠋ᠢᠭᠡᠮ᠎ᠤᠨ ᠪᠡᠯᠡ ᠮᠥᠩᠭᠦ ᠵᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶ᠋ᠢᠭ᠋ᠠᠳ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠵᠢᠨ ᠰᠠᠭᠤᠷᠢ ᠮᠥᠩᠭᠦ  ᠪᠠᠶ᠋ᠢᠭᠤᠯᠤᠨ᠂ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ᠎ᠳᠤ ᠬᠠᠤᠯᠢ ᠶᠣᠰᠣᠭ᠋ᠠᠷ ᠡᠮᠬᠢ ᠵᠢᠷᠤᠮ᠎ᠲᠠᠢ᠎ᠪᠠᠷ ᠣᠷᠣᠯᠴᠠᠭᠤᠯᠤᠨ᠎ᠠ ᠃
      ᠵᠢᠷᠭᠤᠭ᠎ᠠ ᠂  ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ ᠃ ᠵᠠᠰᠠᠭ᠎ᠤᠨ ᠣᠷᠳᠣᠨ ᠵᠢᠴᠢ ᠲᠡᠭᠦᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠪᠡᠯᠡ ᠮᠥᠩᠭᠦ ᠵᠢ ᠴᠠᠭ ᠲᠤᠬᠠᠢ᠎ᠳᠤ᠎ᠨᠢ  ᠪᠠᠭᠤᠯᠭ᠋ᠠᠬᠤ ᠪᠠ ᠬᠠᠷᠭᠤᠭᠤᠯᠤᠨ ᠥᠭᠬᠦ ᠬᠡᠷᠡᠭᠲᠡᠢ ᠂ ᠪᠡᠯᠡ ᠮᠥᠩᠭᠦ ᠵᠢ ᠦᠯᠡᠳᠡᠭᠡᠨ ᠠᠪᠤᠭᠰᠠᠨ ᠂ ᠡᠵᠡᠯᠡᠨ ᠬᠡᠷᠡᠭᠯᠡᠭᠰᠡᠨ ᠂ ᠨᠡᠭᠦᠯᠭᠡᠨ ᠬᠡᠷᠡᠭᠯᠡᠭᠰᠡᠨ ᠂ ᠥᠷᠢᠲᠦᠵᠦ ᠤᠳᠠᠭ᠋ᠠᠰᠢᠷᠠᠭᠤᠯᠤᠭᠰᠠᠨ ᠪᠤᠶᠤ ᠲᠣᠭᠲᠠᠭ᠋ᠠᠯ ᠶᠣᠰᠣᠭ᠋ᠠᠷ ᠬᠡᠷᠡᠭᠯᠡᠭᠰᠡᠨ ᠦᠭᠡᠢ ᠮᠥᠷᠲᠡᠭᠡᠨ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶ᠋ᠢᠪᠠᠯ ᠂ ᠪᠡᠯᠡ ᠮᠥᠩᠭᠦ ᠵᠢ ᠬᠤᠶ᠋ᠢᠰᠢᠯᠠᠭᠤᠯᠤᠨ ᠰᠠᠯᠭ᠋ᠠᠨ ᠥᠭᠬᠦ ᠂  ᠪᠠᠭ᠋ᠠᠰᠬᠠᠨ ᠰᠠᠯᠭ᠋ᠠᠨ ᠥᠭᠬᠦ ᠂ ᠰᠠᠯᠭ᠋ᠠᠨ ᠥᠭᠬᠦ ᠵᠢ ᠵᠣᠭᠰᠤᠭ᠋ᠠᠬᠤ ᠪᠤᠶᠤ ᠨᠡᠬᠡᠮᠵᠢᠯᠡᠨ ᠠᠪᠴᠢᠷᠠᠵᠤ ᠪᠣᠯᠣᠨ᠎ᠠ ᠃ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠵᠢᠨ ᠠᠵᠢᠯ᠎ᠤᠨ ᠪᠠᠶ᠋ᠢᠳᠠᠯ᠎ᠢ ᠬᠠᠤᠯᠢ ᠶᠣᠰᠣᠭ᠋ᠠᠷ ᠴᠠᠭ ᠲᠤᠬᠠᠢ᠎ᠳᠤ᠎ᠨᠢ  ᠢᠯᠡ ᠪᠣᠯᠭ᠋ᠠᠵᠤ᠂  ᠬᠢᠨᠠᠨ ᠪᠤᠳᠤᠬᠤ ᠪᠠᠶ᠋ᠢᠭᠤᠯᠭ᠎ᠠ ᠪᠡᠯᠡ  ᠮᠦᠩᠭᠦᠨ᠎ᠤ  ᠬᠠᠮᠢᠶᠠᠷᠤᠯᠲᠠ ᠬᠡᠷᠡᠭᠯᠡᠯᠲᠡ ᠵᠢᠨ ᠪᠠᠶ᠋ᠢᠳᠠᠯ᠎ᠢ ᠬᠠᠤᠯᠢ ᠶᠣᠰᠣᠭ᠋ᠠᠷ ᠬᠢᠨᠠᠨ ᠪᠤᠳᠤᠵᠤ ᠬᠢᠨᠠᠯᠲᠠ  ᠲᠠᠯᠪᠢᠬᠤ ᠬᠡᠷᠡᠭᠲᠡᠢ ᠃


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠰᠢᠨ᠎ᠡ ᠴᠠᠭ ᠦᠶ᠎ᠡ᠎ᠳᠤ ᠳᠤᠮᠳᠠ ᠬᠡᠰᠡᠭ᠎ᠤᠨ ᠭᠠᠵᠠᠷ ᠣᠷᠣᠨ᠎ᠤ ᠬᠥᠭᠵᠢᠯᠲᠡ᠎ᠪᠠᠨ ᠲᠦᠷᠭᠡᠳᠬᠡᠬᠦ ᠵᠢ ᠠᠬᠢᠭᠤᠯᠬᠤ ᠬᠤᠯᠪᠣᠭᠳᠠᠯ ᠪᠦᠬᠦᠢ ᠠᠵᠢᠯ ᠵᠡᠷᠭᠡ ᠵᠢ ᠰᠤᠳᠤᠯᠪᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠵᠢ ᠴᠢᠩᠭ᠋ᠠᠳᠬᠠᠵᠤ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠶ᠎ᠠ
ᠰᠢ ᠵᠢᠨ ᠫᠢᠩ ᠭᠧᠷᠮᠠᠨ᠎ᠤ ᠶᠡᠷᠦᠩᠬᠡᠢ ᠰᠠᠶ᠋ᠢᠳ ᠱᠦᠸᠧᠷᠼᠢ᠎ᠲᠠᠢ ᠠᠭᠤᠯᠵᠠᠪᠠ
ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶ᠎ᠠ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠵᠢᠩ ᠬᠠᠢ ᠫᠧᠩ᠎ᠳᠤ 《ᠣᠨᠴᠠ ᠲᠡᠰ᠎ᠤᠨ ᠰᠠᠨᠰᠠᠷ᠎ᠤᠨ ᠠᠶᠠᠯᠠᠯ᠎ᠤᠨ ᠭᠠᠪᠢᠶᠠᠨ ᠲᠡᠮᠳᠡᠭ》 ᠣᠯᠭᠤᠵᠤ ᠵᠦ᠍ ᠶᠠᠩ ᠵᠦ᠍ ᠭᠦᠢ ᠬᠠᠢ ᠴᠤᠤ᠎ᠳᠤ 《ᠪᠠᠭ᠋ᠠᠲᠤᠷ ᠰᠠᠨᠰᠠᠷᠴᠢᠨ》᠎ᠤ ᠢᠷᠠᠭᠤ ᠠᠯᠳᠠᠷ᠎ᠤᠨ ᠴᠣᠯᠠ ᠣᠯᠭᠤᠬᠤ ᠵᠢᠨ ᠬᠠᠮᠲᠤ 《ᠭᠤᠷᠪᠠᠳᠤᠭ᠋ᠠᠷ ᠳᠡᠰ᠎ᠤᠨ ᠰᠠᠨᠰᠠᠷ᠎ᠤᠨ ᠠᠶᠠᠯᠠᠯ᠎ᠤᠨ ᠭᠠᠪᠢᠶᠠᠨ ᠲᠡᠮᠳᠡᠭ》 ᠣᠯᠭᠤᠬᠤ ᠲᠤᠬᠠᠢ ᠲᠣᠭᠲᠠᠭ᠋ᠠᠯ
ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠪᠠᠶ᠋ᠢᠭᠤᠯᠤᠭᠳᠠᠭᠰᠠᠨ ᠶᠡᠭᠡ ᠬᠤᠷᠠᠯ ᠪᠡᠭᠡᠵᠢᠩ᠎ᠳᠤ ᠬᠤᠷᠠᠯᠳᠤᠪᠠ ᠰᠢ ᠵᠢᠨ ᠫᠢᠩ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ᠎ᠳᠤ ᠴᠡᠷᠢᠭ᠎ᠤᠨ ᠲᠤᠭ ᠣᠯᠭᠤᠭᠰᠠᠨ ᠪᠥᠭᠡᠳ ᠰᠤᠷᠭ᠋ᠠᠯ ᠬᠠᠶ᠋ᠢᠷᠠᠯᠠᠪᠠ
 
             蒙ICP备05000248号