ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠰᠢᠨ᠎ᠡ ᠴᠠᠭ ᠦᠶ᠎ᠡ᠎ᠳᠤ ᠳᠤᠮᠳᠠ ᠬᠡᠰᠡᠭ᠎ᠤᠨ ᠭᠠᠵᠠᠷ ᠣᠷᠣᠨ᠎ᠤ ᠬᠥᠭᠵᠢᠯᠲᠡ᠎ᠪᠠᠨ ᠲᠦᠷᠭᠡᠳᠬᠡᠬᠦ ᠵᠢ ᠠᠬᠢᠭᠤᠯᠬᠤ ᠬᠤᠯᠪᠣᠭᠳᠠᠯ ᠪᠦᠬᠦᠢ ᠠᠵᠢᠯ ᠵᠡᠷᠭᠡ ᠵᠢ ᠰᠤᠳᠤᠯᠪᠠ
ᠨᠡᠶ᠋ᠢᠲᠡᠯᠡᠭᠰᠡᠨ ᠴᠠᠭ᠄ 2024-04-16

      ᠰᠢᠨᠬᠤᠸᠠ ᠬᠤᠷᠢᠶᠠᠨ᠎ᠤ ᠪᠡᠭᠡᠵᠢᠩ᠎ᠤᠨ 4 ᠳ᠋ᠦ᠍ᠭᠡᠷ ᠰᠠᠷ᠎ᠠ ᠵᠢᠨ 12᠎ᠤᠨ ᠡᠳᠦᠷ᠎ᠤᠨ ᠴᠠᠬᠢᠯᠭ᠋ᠠᠨ ᠮᠡᠳᠡᠭᠡ  ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ 4 ᠳ᠋ᠦ᠍ᠭᠡᠷ ᠰᠠᠷ᠎ᠠ ᠵᠢᠨ 12᠎ᠤᠨ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠰᠢᠨ᠎ᠡ ᠴᠠᠭ ᠦᠶ᠎ᠡ᠎ᠳᠤ ᠳᠤᠮᠳᠠ ᠬᠡᠰᠡᠭ᠎ᠤᠨ ᠭᠠᠵᠠᠷ ᠣᠷᠣᠨ᠎ᠤ ᠬᠥᠭᠵᠢᠯᠲᠡ᠎ᠪᠠᠨ ᠲᠦᠷᠭᠡᠳᠬᠡᠬᠦ ᠵᠢ ᠠᠬᠢᠭᠤᠯᠬᠤ ᠬᠤᠯᠪᠣᠭᠳᠠᠯ ᠪᠦᠬᠦᠢ ᠠᠵᠢᠯ᠂ ᠠᠵᠤ ᠠᠬᠤᠶ᠋ᠢᠯᠠᠯ᠎ᠤᠨ ᠳᠠᠩᠰᠠᠨ ᠵᠣᠭᠤᠰ᠎ᠢ ᠥᠷᠢᠲᠦᠵᠦ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠬᠦ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠭᠦᠯᠬᠦ ᠠᠷᠭ᠎ᠠ ᠬᠡᠮᠵᠢᠶ᠎ᠡ ᠵᠢ ᠰᠤᠳᠤᠯᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ ᠠᠵᠢᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡᠨ᠎ᠤ ᠠᠮᠤᠷ ᠲᠦᠪᠰᠢᠨ᠎ᠤ ᠳᠠᠯᠳᠠ ᠬᠡᠮ᠎ᠢ ᠪᠦᠬᠦ ᠬᠡᠯᠬᠢᠶ᠎ᠡ᠎ᠪᠠᠷ ᠴᠡᠭᠴᠡᠯᠡᠨ ᠵᠠᠰᠠᠬᠤ ᠠᠵᠢᠯ ᠦᠷᠨᠢᠭᠦᠯᠬᠦ ᠵᠢ ᠪᠠᠶ᠋ᠢᠷᠢᠯᠠᠭᠤᠯᠪᠠ᠃
      ᠬᠤᠷᠠᠯ᠎ᠳᠤ ᠴᠢᠬᠤᠯᠠᠴᠢᠯᠠᠭᠰᠠᠨ᠎ᠨᠢ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ᠎ᠳᠤ ᠳᠤᠮᠳᠠ ᠬᠡᠰᠡᠭ᠎ᠤᠨ ᠭᠠᠵᠠᠷ ᠣᠷᠣᠨ᠎ᠤ ᠬᠥᠭᠵᠢᠯᠲᠡ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠴᠢᠬᠤᠯᠠ ᠶᠡᠭᠡ ᠠᠵᠢᠯ᠎ᠤᠨ ᠡᠭᠦᠷᠭᠡ᠂ ᠴᠢᠬᠤᠯᠠ ᠶᠡᠭᠡ ᠥᠭᠡᠷᠡᠴᠢᠯᠡᠯᠲᠡ ᠵᠢᠨ ᠵᠦᠢ᠍ᠯᠡᠰ᠎ᠢ ᠨᠠᠶ᠋ᠢᠳᠠᠪᠤᠷᠢᠵᠢᠭᠤᠯᠤᠨ ᠪᠤᠲᠠᠲᠠᠶ᠋ᠢᠵᠢᠭᠤᠯᠬᠤ ᠵᠢ ᠰᠠᠶ᠋ᠢᠲᠤᠷ ᠠᠳᠬᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠣᠷᠣᠨ ᠪᠦᠰᠡ ᠵᠢᠨ ᠵᠣᠬᠢᠴᠠᠯᠳᠤᠨ ᠬᠤᠯᠪᠣᠯᠳᠤᠬᠤ ᠵᠢ ᠴᠢᠩᠭ᠋ᠠᠳᠬᠠᠨ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠨᠡᠭᠡᠭᠡᠯᠲᠡ ᠵᠢ ᠥᠷᠭᠡᠳᠬᠡᠬᠦ᠎ᠪᠠᠷ ᠬᠦᠴᠦᠯᠡᠵᠦ᠂ ᠨᠡᠩ ᠪᠣᠳᠠᠲᠠᠢ ᠵᠢ ᠡᠷᠬᠢᠮᠯᠡᠭᠰᠡᠨ ᠪᠦᠲᠦᠮᠵᠢᠲᠡᠶ ᠠᠷᠭ᠎ᠠ ᠬᠡᠮᠵᠢᠶ᠎ᠡ᠎ᠪᠠᠷ ᠳᠤᠮᠳᠠ ᠬᠡᠰᠡᠭ᠎ᠤᠨ ᠭᠠᠵᠠᠷ ᠣᠷᠣᠨ᠎ᠤ ᠣᠷᠣᠨ ᠪᠠᠶ᠋ᠢᠷᠢ ᠵᠢᠨ ᠳᠠᠪᠠᠭᠤᠯᠢᠭ᠂ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠬᠤ ᠵᠢ ᠲᠡᠮᠵᠢᠵᠤ᠂ ᠪᠦᠬᠦᠯᠢ ᠴᠣᠭᠴᠠ ᠵᠢᠨ ᠪᠣᠳᠠᠲᠤ ᠬᠦᠴᠦᠨ ᠪᠠ ᠥᠷᠢᠰᠦᠯᠳᠦᠬᠦ ᠬᠦᠴᠦᠨ ᠵᠶ᠋ᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃
      ᠬᠤᠷᠠᠯ᠎ᠳᠤ᠂ ᠠᠵᠤ ᠠᠬᠤᠶ᠋ᠢᠯᠠᠯ᠎ᠤᠨ ᠳᠠᠩᠰᠠᠨ ᠵᠣᠭᠤᠰ᠎ᠢ ᠦᠷᠢᠲᠦᠵᠦ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠬᠦ᠎ᠨᠢ ᠬᠤᠳᠠᠯᠳᠤᠭ᠋ᠠᠨ᠎ᠤ ᠣᠷᠴᠢᠨ ᠨᠦᠬᠦᠴᠡᠯ᠎ᠤᠨ ᠰᠠᠶ᠋ᠢᠵᠢᠷᠠᠯᠲᠠ᠎ᠲᠠᠢ ᠬᠤᠯᠪᠣᠭᠳᠠᠵᠤ᠂ ᠠᠵᠤ ᠠᠬᠤᠢ ᠵᠢᠨ ᠰᠠᠶ᠋ᠢᠵᠢᠷᠠᠯᠲᠠ ᠵᠢᠨ ᠶᠡᠭᠡ ᠲᠠᠯ᠎ᠠ᠎ᠲᠠᠢ ᠬᠤᠯᠪᠣᠭᠳᠠᠵᠤ᠂ ᠵᠠᠰᠠᠭ᠎ᠤᠨ ᠣᠷᠳᠣᠨ᠎ᠤ ᠳᠦᠷᠢ ᠲᠥᠷᠬᠦ ᠪᠠ ᠨᠡᠶ᠋ᠢᠲᠡ᠎ᠳᠤ ᠢᠲᠡᠭᠡᠭᠦᠯᠬᠦ ᠬᠦᠴᠦᠨ᠎ᠲᠠᠢ ᠬᠤᠯᠪᠣᠭᠳᠠᠨ᠎ᠠ᠃ ᠥᠷᠢ ᠰᠢᠷᠢ ᠵᠢ ᠠᠷᠢᠯᠭ᠋ᠠᠬᠤ ᠲᠤᠰᠬᠠᠢ ᠠᠵᠢᠯᠯᠠᠭ᠎ᠠ ᠵᠢ ᠴᠢᠨᠠᠷ ᠰᠠᠶ᠋ᠢᠲᠠᠢ ᠠᠬᠢᠭᠤᠯᠵᠤ᠂ ᠣᠳᠣᠬᠠᠨ᠎ᠤ ᠥᠷᠢ ᠰᠢᠷᠢ ᠵᠢ ᠠᠷᠢᠯᠭ᠋ᠠᠬᠤ ᠬᠡᠷᠡᠭᠲᠡᠢ ᠮᠥᠷᠲᠡᠭᠡᠨ ᠪᠠᠰᠠ ᠬᠦᠴᠦ ᠣᠷᠣᠭᠤᠯᠵᠤ ᠪᠠᠶ᠋ᠢᠭ᠋ᠠᠳ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠭᠦᠯᠵᠦ᠂ 《ᠴᠡᠪᠡᠷᠯᠡᠬᠦ ᠵᠢᠨ ᠳᠠᠭ᠋ᠠᠤ ᠥᠷᠢᠲᠦᠬᠦ》᠂ 《ᠴᠡᠪᠡᠷᠯᠡᠭᠰᠡᠨ ᠴᠦ᠍ ᠳᠠᠬᠢᠭ᠋ᠠᠳ ᠥᠷᠢᠲᠦᠬᠦ》 ᠵᠢ ᠡᠷᠡᠰ ᠬᠤᠷᠢᠭᠯᠠᠬᠤ ᠬᠡᠷᠡᠭᠲᠡᠢ᠃ ᠵᠠᠰᠠᠭ᠎ᠤᠨ ᠣᠷᠳᠣᠨ᠎ᠤ ᠠᠵᠤ ᠠᠬᠤᠶ᠋ᠢᠯᠠᠯ᠎ᠤᠨ ᠳᠠᠩᠰᠠᠨ ᠵᠣᠭᠤᠰ᠎ᠢ ᠥᠷᠢᠲᠦᠵᠦ ᠪᠠᠶ᠋ᠢᠭ᠎ᠠ ᠠᠰᠠᠭᠤᠳᠠᠯ ᠪᠠ ᠲᠣᠮᠣ ᠬᠡᠯᠪᠡᠷᠢ ᠵᠢᠨ ᠠᠵᠤ ᠠᠬᠤᠶ᠋ᠢᠯᠠᠯ᠎ᠨᠢ ᠳᠤᠮᠳᠠ ᠵᠢᠵᠢᠭ ᠠᠵᠤ ᠠᠬᠤᠶ᠋ᠢᠯᠠᠯ᠎ᠤᠨ ᠳᠠᠩᠰᠠᠨ ᠵᠣᠭᠤᠰ᠎ᠢ ᠥᠷᠢᠲᠦᠵᠦ ᠪᠠᠶ᠋ᠢᠭ᠎ᠠ ᠠᠰᠠᠭᠤᠳᠠᠯ᠎ᠳᠤ ᠠᠩᠬᠠᠷᠤᠯ  ᠵᠶ᠋ᠠᠨ ᠲᠥᠪᠯᠡᠷᠡᠭᠦᠯᠵᠦ᠂ ᠥᠷᠢ᠎ᠲᠠᠢ ᠭᠤᠣᠯ ᠴᠣᠭᠴᠠ ᠵᠢᠨ ᠲᠣᠭᠲᠠᠭ᠋ᠠᠯ᠎ᠠᠴᠠ ᠵᠦᠷᠢᠴᠡᠬᠦ ᠥᠪᠡᠷ᠎ᠤᠨ ᠥᠷᠲᠡᠭ᠎ᠢ ᠤᠯᠠᠮ ᠨᠢᠭᠡ ᠠᠯᠬᠤᠮ ᠨᠡᠮᠡᠭᠳᠡᠭᠦᠯᠵᠦ᠂ ᠠᠪᠴᠠᠭ᠎ᠠ᠎ᠲᠠᠢ ᠠᠵᠤ ᠠᠬᠤᠶ᠋ᠢᠯᠠᠯ᠎ᠤᠨ ᠡᠷᠬᠡ᠎ᠪᠠᠨ ᠬᠠᠮᠠᠭ᠋ᠠᠯᠠᠬᠤ ᠥᠪᠡᠷ᠎ᠤᠨ ᠥᠷᠲᠡᠭ᠎ᠢ ᠪᠠᠭᠤᠷᠠᠭᠤᠯᠤᠨ᠂ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠢᠨᠵᠧᠨᠧᠷᠢᠩ᠎ᠤᠨ ᠦᠨ᠎ᠡ ᠵᠢᠨ ᠵᠣᠭᠤᠰ᠎ᠢ ᠳ᠋ᠦᠩᠨᠡᠨ ᠪᠣᠳᠣᠬᠤ᠂ ᠬᠤᠳᠠᠯᠳᠤᠭ᠋ᠠᠨ᠎ᠤ ᠭᠤᠪᠢᠭᠤᠯᠭ᠎ᠠ ᠵᠢᠨ ᠬᠠᠭᠤᠳᠠᠰᠤ ᠵᠢ ᠬᠠᠮᠢᠶᠠᠷᠬᠤ ᠵᠡᠷᠭᠡ ᠳᠦᠷᠢᠮ ᠲᠣᠭᠲᠠᠭ᠋ᠠᠯ᠎ᠢ ᠱᠠᠯᠠᠪᠳᠠᠨ ᠲᠡᠭᠦᠯᠳᠡᠷᠵᠢᠭᠦᠯᠵᠦ᠂ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠠᠯᠢ ᠲᠦᠷᠭᠡᠨ ᠵᠶ᠋ᠠᠷ ᠰᠠᠭ᠋ᠠᠳ ᠦᠭᠡᠢ ᠠᠵᠢᠯᠯᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠳᠤ 《2024 — 2025 ᠣᠨ᠎ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ ᠠᠵᠢᠯᠯᠠᠭ᠎ᠠ ᠵᠢᠨ ᠲᠥᠰᠥᠯ》 ᠪᠠ 《ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠬᠤᠣᠰ ᠡᠵᠡᠮᠳᠡᠯ᠎ᠤᠨ ᠲᠣᠭᠲᠠᠯᠴᠠᠭ᠎ᠠ ᠵᠢ ᠲᠦᠷᠭᠡᠳᠬᠡᠨ ᠪᠠᠶ᠋ᠢᠭᠤᠯᠬᠤ ᠠᠵᠢᠯ᠎ᠤᠨ ᠲᠥᠰᠥᠯ》᠎ᠢ ᠬᠢᠨᠠᠨ ᠵᠥᠪᠯᠡᠵᠦ ᠪᠠᠲᠤᠯᠠᠪᠠ᠃ ᠭᠤᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ           ᠲᠥᠪᠯᠡᠷᠡᠭᠦᠯᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ ᠵᠢ ᠠᠬᠢᠭᠤᠯᠵᠤ᠂ ᠲᠡᠭᠦᠨ᠎ᠢ ᠪᠦᠲᠦᠮᠵᠢᠲᠡᠢ ᠪᠡᠯᠡ ᠣᠷᠣᠭᠤᠯᠤᠯᠲᠠ ᠵᠢ ᠥᠷᠭᠡᠳᠬᠡᠬᠦ᠂ ᠬᠠᠭᠤᠴᠢᠨ ᠰᠠᠭᠤᠭ᠋ᠠᠯᠢ ᠲᠣᠭᠤᠷᠢᠭ᠎ᠢ ᠥᠭᠡᠷᠡᠴᠢᠯᠡᠬᠦ᠂ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠡᠷᠭᠡ᠎ᠯᠦᠭᠡ ᠤᠶᠠᠯᠳᠤᠭᠤᠯᠵᠤ᠂ ᠳᠥᠭᠦᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠬᠡᠷᠡᠭᠯᠡᠭᠡᠨ᠎ᠤ ᠠᠷᠭ᠎ᠠ ᠬᠡᠯᠪᠡᠷᠢ ᠵᠢ ᠰᠠᠨᠠᠭ᠋ᠠᠴᠢᠯᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ ᠠᠵᠤ ᠠᠬᠤᠢ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ ᠪᠠ ᠠᠮᠢ ᠠᠬᠤᠢ ᠵᠢᠨ ᠦᠷ᠎ᠡ ᠠᠰᠢᠭ᠎ᠢ ᠨᠡᠩ ᠰᠠᠶ᠋ᠢᠲᠤᠷ ᠪᠠᠳᠠᠷᠠᠭᠤᠯᠬᠤ           ᠬᠡᠷᠡᠭᠲᠡᠢ᠃ ᠤᠯᠤᠰ᠎ᠤᠨ ᠪᠠᠶ᠋ᠢᠳᠠᠯ᠎ᠤᠨ ᠪᠤᠲᠠᠲᠠᠢ᠎ᠳᠤ ᠰᠠᠭᠤᠷᠢᠯᠠᠵᠤ᠂ ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠥᠭᠡᠷᠡᠴᠢᠯᠡᠬᠦ ᠵᠢ ᠪᠠᠷᠢᠮᠲᠠᠯᠠᠵᠤ᠂ ᠠᠵᠢᠯ᠎ᠤᠨ ᠡᠷᠴᠢᠮ ᠬᠢᠭᠡᠳ ᠠᠶ᠋ᠢᠵᠠᠮ᠎ᠢ ᠯᠠᠪᠳᠠᠭᠤᠨ ᠡᠵᠡᠮᠳᠡᠵᠦ᠂ ᠴᠢᠨᠠᠷ ᠰᠠᠶ᠋ᠢᠲᠠᠢ ᠬᠥᠭᠵᠢᠯᠲᠡ  ᠵᠢᠨ ᠡᠨᠧᠷᠭᠢ ᠵᠢᠨ ᠬᠡᠷᠡᠭᠴᠡᠭᠡ ᠵᠢ ᠰᠠᠶ᠋ᠢᠲᠤᠷ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠳᠤ ᠵᠢᠭ᠋ᠠᠵᠤ ᠭᠠᠷᠭ᠋ᠠᠭᠰᠠᠨ᠎ᠨᠢ᠂ ᠣᠶ᠋ᠢᠷ᠎ᠠ ᠵᠢᠨ ᠵᠢᠯ᠎ᠤᠳ᠎ᠠᠴᠠ ᠨᠠᠭ᠋ᠠᠰᠢ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ᠎ᠠᠴᠠ ᠪᠣᠯᠤᠭᠰᠠᠨ ᠭᠠᠯ᠎ᠤᠨ ᠠᠶᠤᠯ᠎ᠤᠨ ᠠᠳᠡᠯ ᠲᠦᠷᠭᠡᠨ ᠵᠶ᠋ᠠᠷ ᠨᠡᠮᠡᠭᠳᠡᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠦᠨᠳᠦ ᠨᠣᠴᠢᠲᠠᠢ ᠰᠦᠷᠳᠡᠭᠦᠯᠵᠦ ᠪᠠᠶ᠋ᠢᠭ᠎ᠠ ᠪᠣᠯᠬᠤᠷ ᠡᠷᠬᠡᠪᠰᠢ ᠵᠣᠷᠢᠭ ᠰᠢᠭᠤᠳᠤᠨ ᠴᠡᠭᠴᠡᠯᠡᠨ ᠵᠠᠰᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠢᠭᠲᠠ ᠬᠠᠮᠵᠢᠯᠴᠠᠨ᠂ ᠦᠯᠡᠳᠡᠭᠡᠯ ᠲᠦᠭᠰᠢᠭᠦᠷᠢ ᠵᠢ ᠲᠦᠷᠭᠡᠳᠬᠡᠨ ᠠᠷᠢᠯᠭ᠋ᠠᠵᠤ᠂ ᠨᠡᠮᠡᠭᠳᠡᠯ ᠲᠦᠭᠰᠢᠭᠦᠷᠢ ᠵᠢ ᠦᠨᠡᠨ ᠬᠦ᠌ ᠬᠤᠷᠢᠭᠯᠠᠬᠤ ᠬᠡᠷᠡᠭᠲᠡᠢ᠃ ᠰᠢᠰᠲ᠋ᠧᠮ ᠎ᠲᠠᠢ᠎ᠪᠠᠷ ᠵᠠᠰᠠᠬᠤ ᠵᠢ ᠴᠢᠬᠤᠯᠠᠴᠢᠯᠠᠵᠤ᠂ ᠪᠠᠷᠢᠮᠵᠢᠶ᠎ᠠ᠎ᠪᠠᠷ ᠬᠥᠲᠥᠯᠥᠨ ᠳᠠᠭ᠋ᠠᠭᠤᠯᠬᠤ ᠪᠠ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠵᠤ᠂ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠦᠢ᠍ᠯᠡᠳᠪᠦᠷᠢᠯᠡᠬᠦ᠂ ᠪᠣᠷᠣᠯᠠᠭᠤᠯᠬᠤ᠂  ᠬᠡᠷᠡᠭᠯᠡᠬᠦ᠂ ᠵᠣᠭᠰᠤᠭ᠋ᠠᠬᠤ᠂ ᠴᠡᠨᠡᠭᠯᠡᠬᠦ᠂ ᠬᠡᠷᠡᠭᠯᠡᠭᠡᠨ ᠎ᠠᠴᠠ ᠭᠠᠷᠭ᠋ᠠᠵᠤ ᠬᠤᠷᠢᠶᠠᠨ ᠠᠪᠬᠤ ᠵᠡᠷᠭᠡ ᠡᠯ᠎ᠡ ᠭᠤᠭᠴᠣᠭ᠋ᠠᠨ᠎ᠤ ᠠᠮᠤᠷ ᠲᠦᠪᠰᠢᠨ᠎ᠤ ᠬᠢᠷᠢ ᠲᠦᠪᠰᠢᠨ ᠎ᠢ ᠪᠥᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠨᠡᠪᠲᠡᠷᠡᠭᠦᠯᠬᠦ ᠪᠠ ᠬᠤᠷᠢᠭᠯᠠᠬᠤ ᠵᠢ ᠤᠶᠠᠯᠳᠤᠭᠤᠯᠬᠤ ᠵᠢ ᠴᠢᠬᠤᠯᠠᠴᠢᠯᠠᠵᠤ᠂ ᠢᠵᠢ ᠲᠦᠬᠦᠷ ᠦᠢ᠍ᠯᠡᠴᠢᠯᠡᠭᠡ ᠪᠠ ᠳᠡᠮᠵᠢᠯᠭᠡ ᠵᠢᠨ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠴᠠᠬᠢᠯᠭ᠋ᠠᠨ ᠴᠡᠨᠡᠭᠯᠡᠬᠦ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠂ ᠬᠡᠯᠬᠢᠶ᠎ᠡ ᠴᠡᠨᠡᠭ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠡᠷᠭᠡ ᠠᠵᠢᠯ᠎ᠢ ᠶᠡᠭᠡ ᠎ᠪᠠᠷ ᠠᠬᠢᠭᠤᠯᠵᠤ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢᠨ ᠬᠠᠮᠲᠤ ᠤᠯᠠᠨ ᠲᠦᠮᠡᠨ᠎ᠤ ᠠᠮᠢᠳᠤᠷᠠᠯ᠎ᠤᠨ ᠬᠡᠷᠡᠭᠴᠡᠭᠡ ᠵᠢ ᠨᠡᠩ ᠰᠠᠶ᠋ᠢᠲᠤᠷ ᠬᠠᠩᠭ᠋ᠠᠬᠤ ᠬᠡᠷᠡᠭᠲᠡᠢ ᠭᠡᠵᠡᠢ᠃
      ᠬᠤᠷᠠᠯ᠎ᠳᠤ ᠪᠠᠰᠠ ᠪᠤᠰᠤᠳ ᠵᠦᠢ᠍ᠯᠡᠰ᠎ᠢ ᠰᠤᠳᠤᠯᠪᠠ᠃



ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠵᠢ ᠴᠢᠩᠭ᠋ᠠᠳᠬᠠᠵᠤ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠶ᠎ᠠ
ᠰᠢ ᠵᠢᠨ ᠫᠢᠩ ᠭᠧᠷᠮᠠᠨ᠎ᠤ ᠶᠡᠷᠦᠩᠬᠡᠢ ᠰᠠᠶ᠋ᠢᠳ ᠱᠦᠸᠧᠷᠼᠢ᠎ᠲᠠᠢ ᠠᠭᠤᠯᠵᠠᠪᠠ
ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶ᠎ᠠ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠵᠢᠩ ᠬᠠᠢ ᠫᠧᠩ᠎ᠳᠤ 《ᠣᠨᠴᠠ ᠲᠡᠰ᠎ᠤᠨ ᠰᠠᠨᠰᠠᠷ᠎ᠤᠨ ᠠᠶᠠᠯᠠᠯ᠎ᠤᠨ ᠭᠠᠪᠢᠶᠠᠨ ᠲᠡᠮᠳᠡᠭ》 ᠣᠯᠭᠤᠵᠤ ᠵᠦ᠍ ᠶᠠᠩ ᠵᠦ᠍ ᠭᠦᠢ ᠬᠠᠢ ᠴᠤᠤ᠎ᠳᠤ 《ᠪᠠᠭ᠋ᠠᠲᠤᠷ ᠰᠠᠨᠰᠠᠷᠴᠢᠨ》᠎ᠤ ᠢᠷᠠᠭᠤ ᠠᠯᠳᠠᠷ᠎ᠤᠨ ᠴᠣᠯᠠ ᠣᠯᠭᠤᠬᠤ ᠵᠢᠨ ᠬᠠᠮᠲᠤ 《ᠭᠤᠷᠪᠠᠳᠤᠭ᠋ᠠᠷ ᠳᠡᠰ᠎ᠤᠨ ᠰᠠᠨᠰᠠᠷ᠎ᠤᠨ ᠠᠶᠠᠯᠠᠯ᠎ᠤᠨ ᠭᠠᠪᠢᠶᠠᠨ ᠲᠡᠮᠳᠡᠭ》 ᠣᠯᠭᠤᠬᠤ ᠲᠤᠬᠠᠢ ᠲᠣᠭᠲᠠᠭ᠋ᠠᠯ
ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠪᠠᠶ᠋ᠢᠭᠤᠯᠤᠭᠳᠠᠭᠰᠠᠨ ᠶᠡᠭᠡ ᠬᠤᠷᠠᠯ ᠪᠡᠭᠡᠵᠢᠩ᠎ᠳᠤ ᠬᠤᠷᠠᠯᠳᠤᠪᠠ ᠰᠢ ᠵᠢᠨ ᠫᠢᠩ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ᠎ᠳᠤ ᠴᠡᠷᠢᠭ᠎ᠤᠨ ᠲᠤᠭ ᠣᠯᠭᠤᠭᠰᠠᠨ ᠪᠥᠭᠡᠳ ᠰᠤᠷᠭ᠋ᠠᠯ ᠬᠠᠶ᠋ᠢᠷᠠᠯᠠᠪᠠ
ᠰᠢ ᠵᠢᠨ ᠫᠢᠩ ᠰᠢᠨ᠎ᠡ ᠴᠠᠭ ᠦᠶ᠎ᠡ ᠵᠢᠨ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠶᠡᠭᠡ ᠬᠠᠮᠠᠭ᠋ᠠᠯᠠᠯᠲᠠ ᠶᠡᠭᠡ ᠨᠡᠭᠡᠭᠡᠯᠲᠡ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠪᠠᠶ᠋ᠢᠷᠢᠰᠢᠯ᠎ᠢ ᠴᠢᠨᠠᠭᠰᠢᠳᠠ ᠪᠦᠷᠢᠯᠳᠦᠭᠦᠯᠵᠦ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠪᠠ
 
             蒙ICP备05000248号