ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶ᠎ᠠ ᠲᠥᠪ᠎ᠤᠨ ᠴᠡᠷᠢᠭ᠎ᠤᠨ
ᠶᠠᠪᠤᠳᠠᠯ᠎ᠤᠨ ᠬᠤᠷᠢᠶ᠎ᠠ ᠵᠢᠨ ᠵᠢᠩ ᠬᠠᠢ ᠫᠧᠩ᠎ᠳᠤ 《ᠣᠨᠴᠠ ᠲᠡᠰ᠎ᠤᠨ ᠰᠠᠨᠰᠠᠷ᠎ᠤᠨ
ᠠᠶᠠᠯᠠᠯ᠎ᠤᠨ ᠭᠠᠪᠢᠶᠠᠨ ᠲᠡᠮᠳᠡᠭ》 ᠣᠯᠭᠤᠵᠤ ᠵᠦ᠍ ᠶᠠᠩ ᠵᠦ᠍ ᠭᠦᠢ ᠬᠠᠢ ᠴᠤᠤᠳᠤ
《ᠪᠠᠭ᠋ᠠᠲᠤᠷ ᠰᠠᠨᠰᠠᠷᠴᠢᠨ》᠎ᠤ ᠢᠷᠠᠭᠤ ᠠᠯᠳᠠᠷ᠎ᠤᠨ ᠴᠣᠯᠠ ᠣᠯᠭᠤᠬᠤ ᠵᠢᠨ ᠬᠠᠮᠲᠤ
《ᠭᠤᠷᠪᠠᠳᠤᠭ᠋ᠠᠷ ᠳᠡᠰ᠎ᠤᠨ ᠰᠠᠨᠰᠠᠷ᠎ᠤᠨ ᠠᠶᠠᠯᠠᠯ᠎ᠤᠨ ᠭᠠᠪᠢᠶᠠᠨ ᠲᠡᠮᠳᠡᠭ》 ᠣᠯᠭᠤᠬᠤ
ᠲᠤᠬᠠᠢ ᠲᠣᠭᠲᠠᠭ᠋ᠠᠯ
(2024 ᠣᠨ᠎ᠤ 4 ᠰᠠᠷ᠎ᠠ ᠵᠢᠨ 18᠎ᠤ ᠡᠳᠦᠷ)
2023 ᠣᠨ᠎ᠤ 5 ᠰᠠᠷ᠎ᠠ ᠵᠢᠨ 30᠎ᠤ ᠡᠳᠦᠷ᠂ ᠬᠤᠪᠢᠯᠭ᠋ᠠᠨ ᠣᠩᠭᠤᠴᠠ ᠠᠷᠪᠠᠨ ᠵᠢᠷᠭᠤᠳᠤᠭ᠋ᠠᠷ ᠬᠥᠮᠥᠨ ᠰᠠᠭᠤᠯᠭ᠋ᠠᠭᠰᠠᠨ ᠨᠢᠰᠬᠦ ᠣᠩᠭᠤᠴᠠ ᠵᠢ ᠠᠮᠵᠢᠯᠲᠠ᠎ᠲᠠᠢ ᠬᠠᠷᠪᠤᠵᠤ᠂ ᠰᠠᠨᠰᠠᠷᠴᠢᠨ ᠵᠢᠩ ᠬᠠᠢ ᠫᠧᠩ᠂ ᠵᠦ᠍ ᠶᠠᠩ ᠵᠦ᠍᠂ ᠭᠦᠢ ᠬᠠᠢ ᠴᠤᠤ ᠨᠢᠰᠬᠦ ᠣᠩᠭᠤᠴᠠ ᠵᠢ ᠵᠢᠯᠣᠭᠤᠳᠤᠨ ᠲᠢᠶᠠᠨ ᠾᠧ ᠭᠤᠣᠯ ᠦᠷᠦᠭᠡ᠎ᠳᠤ ᠠᠮᠵᠢᠯᠲᠠ᠎ᠲᠠᠢ ᠣᠷᠣᠵᠤ᠂ ᠲᠣᠭᠤᠷᠢᠯᠲᠠ ᠵᠢᠨ ᠵᠠᠮ᠎ᠳᠤ 5 ᠰᠠᠷ᠎ᠠ ᠠᠶᠠᠯᠠᠵᠤ᠂ ᠤᠷᠢᠳ ᠬᠤᠵᠢᠳ 1 ᠤᠳᠠᠭ᠎ᠠ ᠦᠷᠦᠭᠡ᠎ᠠᠴᠠ ᠭᠠᠷᠬᠤ ᠠᠵᠢᠯᠯᠠᠭ᠎ᠠ ᠥᠷᠨᠢᠭᠦᠯᠵᠦ᠂ 1 ᠤᠳᠠᠭ᠎ᠠ ᠰᠠᠨᠰᠠᠷ᠎ᠠᠴᠠ ᠬᠢᠴᠢᠶᠡᠯ ᠣᠷᠣᠵᠤ᠂ ᠠᠯᠢ ᠤᠯᠠᠨ ᠣᠭᠲᠠᠷᠭᠤᠢ ᠵᠢᠨ ᠰᠢᠨᠵᠢᠯᠡᠬᠦ ᠤᠬᠠᠭ᠋ᠠᠨ᠎ᠤ ᠲᠤᠷᠰᠢᠯᠲᠠ ᠪᠣᠯᠣᠨ ᠬᠡᠷᠡᠭᠯᠡᠭᠡᠨ᠎ᠤ ᠠᠴᠢᠶᠠᠯᠠᠯᠲᠠ ᠵᠢᠨ ᠲᠣᠭᠤᠷᠢᠯᠲᠠ ᠵᠢᠨ ᠵᠠᠮ᠎ᠳᠠᠬᠢ ᠲᠤᠷᠰᠢᠯᠲᠠ ᠬᠢᠵᠦ᠂ ᠰᠠᠨᠰᠠᠷ᠎ᠤᠨ ᠦᠷᠳᠡᠭᠡ ᠵᠢᠨ 《ᠭᠤᠷᠪᠠᠨ ᠦᠷᠦᠭᠡ ᠭᠤᠷᠪᠠᠨ ᠣᠩᠭᠤᠴᠠ》 ᠵᠢᠨ ᠪᠦᠲᠦᠴᠡ ᠳᠣᠣᠷᠠᠬᠢ ᠲᠠᠪᠴᠠᠩ᠎ᠤᠨ ᠬᠠᠮᠢᠶᠠᠷᠤᠯᠲᠠ ᠠᠷᠠᠴᠢᠯᠠᠯᠲᠠ ᠵᠢ ᠪᠡᠶᠡᠯᠡᠭᠦᠯᠵᠦ᠂ 2023 ᠣᠨ᠎ᠤ 10 ᠰᠠᠷ᠎ᠠ ᠵᠢᠨ 31᠎ᠤ ᠡᠳᠦᠷ ᠠᠮᠤᠷ ᠲᠦᠪᠰᠢᠨ ᠪᠤᠴᠠᠵᠤ ᠢᠷᠡᠪᠡ᠃ ᠬᠤᠪᠢᠯᠭ᠋ᠠᠨ ᠣᠩᠭᠤᠴᠠ ᠠᠷᠪᠠᠨ ᠵᠢᠷᠭᠤᠳᠤᠭ᠋ᠠᠷ ᠬᠥᠮᠥᠨ ᠰᠠᠭᠤᠯᠭ᠋ᠠᠭᠰᠠᠨ ᠨᠢᠰᠦᠯᠲᠡ ᠵᠢᠨ ᠡᠭᠦᠷᠭᠡ ᠪᠣᠯ ᠰᠠᠨᠰᠠᠷ᠎ᠤᠨ ᠥᠷᠲᠡᠭᠡ ᠵᠢ ᠪᠦᠭᠦ ᠲᠠᠯ᠎ᠠ᠎ᠪᠠᠷ ᠪᠠᠶ᠋ᠢᠭᠤᠯᠤᠨ ᠳᠠᠭᠤᠰᠬᠠᠵᠤ᠂ ᠬᠥᠮᠥᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠢᠨᠵᠧᠨᠧᠷᠢᠩ ᠬᠡᠷᠡᠭᠯᠡᠭᠡᠨ᠎ᠤ ᠪᠠ ᠬᠥᠭᠵᠢᠯᠲᠡ ᠵᠢᠨ ᠰᠢᠨ᠎ᠡ ᠱᠠᠲᠤᠨ᠎ᠳᠤ ᠣᠷᠣᠭᠰᠠᠨ᠎ᠤ ᠳᠠᠷᠠᠭ᠋ᠠᠬᠢ ᠠᠩᠬᠠᠳᠠᠭᠴᠢ ᠬᠥᠮᠥᠨ ᠰᠠᠭᠤᠯᠭ᠋ᠠᠭᠰᠠᠨ ᠨᠢᠰᠦᠯᠲᠡ ᠵᠢᠨ ᠡᠭᠦᠷᠭᠡ ᠪᠠᠶ᠋ᠢᠵᠤ᠂ ᠠᠩᠬ᠎ᠠ ᠤᠳᠠᠭ᠎ᠠ ᠰᠠᠨᠰᠠᠷ᠎ᠤᠨ ᠵᠢᠯᠣᠭᠤᠴᠢ᠂ ᠰᠠᠨᠰᠠᠷ᠎ᠤᠨ ᠨᠢᠰᠦᠯᠲᠡ ᠵᠢᠨ ᠢᠨᠵᠧᠨᠧᠷ᠂ ᠠᠴᠢᠶᠠᠯᠠᠯᠲᠠ ᠵᠢᠨ ᠲᠤᠰᠬᠠᠢ ᠮᠡᠷᠭᠡᠵᠢᠯᠲᠡᠨ ᠵᠡᠷᠭᠡ 3 ᠲᠥᠷᠥᠯ᠎ᠤᠨ ᠰᠠᠨᠰᠠᠷᠴᠢᠨ ᠬᠠᠮᠲᠤ᠎ᠪᠠᠷ ᠡᠭᠦᠷᠭᠡ ᠭᠦᠢ᠍ᠴᠡᠳᠬᠡᠪᠡ᠂ ᠡᠨᠡ᠎ᠨᠢ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠦᠢ᠍ᠯᠡᠰ᠎ᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠲᠠᠯ᠎ᠠ᠎ᠪᠠᠷ ᠰᠢᠨ᠎ᠡ ᠠᠯᠬᠤᠮ᠎ᠢ ᠠᠯᠬᠤᠵᠤ᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠲᠠᠯ᠎ᠠ᠎ᠪᠠᠷ ᠰᠢᠨ᠎ᠡ ᠰᠢᠪᠲᠤᠯᠤᠯᠲᠠ ᠵᠢ ᠪᠡᠶᠡᠯᠡᠭᠦᠯᠦᠭᠰᠡᠨ᠎ᠢ ᠬᠠᠷᠠᠭᠤᠯᠵᠤ᠂ ᠮᠠᠨ᠎ᠤ ᠤᠯᠤᠰ᠎ᠤᠨ ᠤᠯᠤᠰ᠎ᠤᠨ ᠶᠡᠷᠦᠩᠬᠡᠢ ᠬᠦᠴᠦᠨ᠎ᠢ ᠳᠡᠭᠡᠭᠰᠢᠯᠡᠭᠦᠯᠭᠦ ᠪᠠ ᠳᠤᠮᠳᠠᠳᠤ ᠵᠢᠨ ᠦᠨᠳᠦᠰᠦᠲᠡᠨ᠎ᠤ ᠨᠢᠭᠲᠠᠷᠠᠭᠤᠯᠬᠤ ᠬᠦᠴᠦᠨ᠎ᠢ ᠴᠢᠩᠭ᠋ᠠᠳᠬᠠᠬᠤ᠂ ᠪᠦᠭᠦ ᠨᠠᠮ ᠪᠦᠭᠦ ᠴᠡᠷᠢᠭ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠲᠡᠮᠡᠴᠡᠯ᠎ᠤᠨ ᠵᠣᠷᠢᠭ᠎ᠢ ᠬᠥᠭᠵᠢᠭᠡᠬᠦ᠂ ᠪᠦᠯᠬᠦᠮᠳᠡᠨ ᠲᠡᠮᠡᠴᠡᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃
ᠬᠤᠪᠢᠯᠭ᠋ᠠᠨ ᠣᠩᠭᠤᠴᠠ ᠠᠷᠪᠠᠨ ᠵᠢᠷᠭᠤᠳᠤᠭ᠋ᠠᠷ ᠬᠥᠮᠥᠨ ᠰᠠᠭᠤᠯᠭ᠋ᠠᠭᠰᠠᠨ ᠨᠢᠰᠦᠯᠲᠡ ᠵᠢᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠬᠦ᠎ᠳᠤ ᠥᠷᠭᠡᠨ ᠤᠯᠠᠨ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠠᠵᠢᠯᠲᠠᠨ᠂ ᠰᠠᠨᠰᠠᠷᠴᠢᠨ᠂ ᠺᠠᠳ᠋ᠷ ᠠᠵᠢᠯᠲᠠᠨ᠂ ᠴᠢᠯᠦᠭᠡᠯᠡᠬᠦ ᠴᠡᠷᠢᠭ᠎ᠤᠨ ᠵᠢᠯᠣᠭᠤᠳᠤᠭᠴᠢ ᠪᠠᠶ᠋ᠢᠯᠳᠤᠭᠴᠢ ᠵᠢᠨ ᠤᠶᠤᠨ ᠤᠬᠠᠭ᠋ᠠᠨ ᠪᠠ ᠬᠦᠴᠦ ᠬᠥᠯᠥᠰᠦ ᠰᠢᠩᠭᠡᠵᠦ ᠪᠠᠶ᠋ᠢᠨ᠎ᠠ᠃ ᠵᠢᠩ ᠬᠠᠢ ᠫᠧᠩ᠂ ᠵᠦ᠍ ᠶᠠᠩ ᠵᠦ᠍᠂ ᠭᠦᠢ ᠬᠠᠢ ᠴᠤᠤ ᠨᠥᠬᠦᠷ ᠪᠣᠯ ᠡᠭᠦᠨ᠎ᠤ ᠳᠣᠲᠣᠷᠠᠬᠢ ᠭᠠᠷᠮᠠᠭ᠋ᠠᠢ ᠲᠥᠯᠥᠭᠡᠯᠡᠭᠴᠢ ᠪᠣᠯᠣᠨ᠎ᠠ᠂ ᠲᠡᠳᠡ ᠡᠬᠡ ᠤᠯᠤᠰ᠎ᠤᠨ ᠵᠶ᠋ᠠᠨ ᠲᠥᠯᠥᠭᠡ ᠵᠢᠳᠬᠦᠬᠦ᠎ᠪᠠᠷ ᠵᠣᠷᠢᠭ ᠰᠢᠭᠤᠳᠴᠤ᠂ ᠡᠭᠦᠷᠭᠡ ᠬᠠᠷᠢᠭᠤᠴᠠᠯᠭ᠎ᠠ᠎ᠳᠠᠭᠠᠨ ᠦᠨᠡᠨᠴᠢ ᠰᠢᠳᠤᠷᠭᠤ᠂ ᠠᠶᠤᠯ ᠲᠦᠭᠰᠢᠭᠦᠷᠢ᠎ᠠᠴᠠ ᠰᠦᠷᠳᠡᠬᠦ ᠦᠭᠡᠢ᠂ ᠪᠦᠯᠬᠦᠮᠳᠡᠨ ᠬᠠᠮᠵᠢᠯᠴᠠᠵᠤ᠂ ᠳᠡᠯᠡᠬᠡᠢ ᠳ᠋ᠠᠬᠢᠨ᠎ᠳᠤ ᠬᠦᠴᠦᠷᠬᠡᠭ ᠶᠡᠭᠡ ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠬᠦᠴᠦᠨ ᠴᠢᠳᠠᠯ᠎ᠢ ᠬᠠᠷᠠᠭᠤᠯᠪᠠ᠃ ᠵᠢᠩ ᠬᠠᠢ ᠫᠧᠩ ᠨᠥᠬᠦᠷ 4 ᠤᠳᠠᠭ᠎ᠠ ᠬᠥᠮᠥᠨ ᠰᠠᠭᠤᠯᠭ᠋ᠠᠭᠰᠠᠨ ᠨᠢᠰᠦᠯᠲᠡ ᠵᠢᠨ ᠡᠭᠦᠷᠭᠡ ᠵᠢ ᠭᠦᠢ᠍ᠴᠡᠳᠬᠡᠵᠦ᠂ 3 ᠤᠳᠠᠭ᠎ᠠ ᠵᠢᠭ᠋ᠠᠪᠤᠷᠢ ᠥᠭᠬᠦ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ᠂ ᠬᠥᠮᠥᠨ ᠰᠠᠭᠤᠯᠭ᠋ᠠᠭᠰᠠᠨ ᠨᠢᠰᠦᠯᠲᠡ ᠵᠢᠨ ᠡᠭᠦᠷᠭᠡ ᠵᠢ ᠬᠠᠮᠤᠭ᠎ᠤᠨ ᠤᠯᠠᠨ ᠭᠦᠢ᠍ᠴᠡᠳᠬᠡᠭᠰᠡᠨ ᠳᠤᠮᠳᠠᠳᠤ ᠤᠯᠤᠰ᠎ᠤᠨ ᠰᠠᠨᠰᠠᠷᠴᠢᠨ ᠪᠣᠯᠪᠠ᠃ ᠵᠦ᠍ ᠶᠠᠩ ᠵᠦ᠍ ᠨᠥᠬᠦᠷ ᠡᠷᠡᠰ ᠰᠢᠭᠤᠷᠬᠠᠢ᠂ ᠵᠣᠷᠢᠭᠲᠠᠢ ᠥᠷᠢᠰᠦᠯᠳᠦᠵᠦ᠂ ᠨᠠᠷᠢᠨ ᠨᠢᠮᠪᠠᠢ ᠠᠵᠢᠯᠯᠠᠵᠤ᠂ ᠮᠠᠨ᠎ᠤ ᠤᠯᠤᠰ᠎ᠤᠨ ᠠᠩᠬᠠᠳᠠᠭᠴᠢ ᠬᠥᠮᠥᠨ ᠰᠠᠭᠤᠯᠭ᠋ᠠᠭᠰᠠᠨ ᠨᠢᠰᠦᠯᠲᠡ ᠵᠢᠨ ᠡᠭᠦᠷᠭᠡ ᠵᠢ ᠭᠦᠢ᠍ᠴᠡᠳᠬᠡᠬᠦ᠂ ᠦᠷᠦᠭᠡ᠎ᠠᠴᠠ ᠭᠠᠷᠭ᠋ᠠᠬᠤ ᠠᠵᠢᠯᠯᠠᠭ᠎ᠠ ᠵᠢ ᠥᠷᠨᠢᠭᠦᠯᠬᠦ ᠰᠠᠨᠰᠠᠷ᠎ᠤᠨ ᠠᠶᠠᠯᠠᠯ᠎ᠤᠨ ᠨᠢᠰᠦᠯᠲᠡ ᠵᠢᠨ ᠢᠨᠵᠧᠨᠧᠷ ᠪᠣᠯᠪᠠ᠃ ᠭᠦᠢ ᠬᠠᠢ ᠴᠤᠤ ᠨᠥᠬᠦᠷ ᠬᠠᠲᠠᠭᠤᠵᠢᠯᠲᠠᠢ ᠪᠣᠯᠪᠠᠰᠤᠷᠠᠵᠤ᠂ ᠳᠠᠪᠬᠤᠷ ᠳᠠᠪᠬᠤᠷ ᠬᠢᠨᠠᠨ ᠰᠢᠯᠭ᠋ᠠᠯᠲᠠ ᠵᠢ ᠥᠩᠭᠡᠷᠡᠭᠡᠵᠦ᠂ ᠢᠷᠠᠭᠤ ᠠᠯᠳᠠᠷᠲᠠᠢ᠎ᠪᠠᠷ ᠬᠤᠪᠢᠯᠭ᠋ᠠᠨ ᠣᠩᠭᠤᠴᠠ ᠠᠷᠪᠠᠨ ᠵᠢᠷᠭᠤᠳᠤᠭ᠋ᠠᠷ᠎ᠤᠨ ᠨᠢᠰᠦᠯᠲᠡ ᠵᠢᠨ ᠳᠤᠭᠤᠶ᠋ᠢᠯᠠᠩ᠎ᠤᠨ ᠭᠡᠰᠢᠭᠦᠨ ᠵᠶ᠋ᠠᠷ ᠰᠣᠩᠭᠤᠭᠳᠠᠵᠤ᠂ ᠮᠠᠨ᠎ᠤ ᠤᠯᠤᠰ᠎ᠤᠨ ᠠᠩᠬᠠᠳᠠᠭᠴᠢ ᠬᠥᠮᠥᠨ ᠰᠠᠭᠤᠯᠭ᠋ᠠᠭᠰᠠᠨ ᠨᠢᠰᠦᠯᠲᠡ ᠵᠢᠨ ᠡᠭᠦᠷᠭᠡ ᠵᠢ ᠭᠦᠢ᠍ᠴᠡᠳᠬᠡᠭᠰᠡᠨ ᠠᠴᠢᠶᠠᠯᠠᠯᠲᠠ ᠵᠢᠨ ᠲᠤᠰᠬᠠᠢ ᠮᠡᠷᠭᠡᠵᠢᠯᠲᠡᠨ ᠪᠣᠯᠪᠠ᠃ ᠲᠡᠳᠡᠨ᠎ᠤ ᠮᠠᠨ᠎ᠤ ᠤᠯᠤᠰ᠎ᠤᠨ ᠬᠥᠮᠥᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠦᠢ᠍ᠯᠡᠰ᠎ᠲᠤ ᠦᠵᠡᠭᠦᠯᠦᠭᠰᠡᠨ ᠭᠠᠷᠮᠠᠭ᠋ᠠᠢ ᠭᠠᠪᠢᠶ᠎ᠠ ᠵᠢᠳᠬᠦᠯ᠎ᠢ ᠬᠥᠬᠢᠭᠦᠯᠦᠨ ᠰᠠᠶ᠋ᠢᠰᠢᠶᠠᠬᠤ ᠵᠢᠨ ᠲᠤᠯᠠᠳᠠ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠩ ᠬᠠᠢ ᠫᠧᠩ ᠨᠥᠬᠦᠷ᠎ᠲᠤ 《ᠣᠨᠴᠠ ᠲᠡᠰ᠎ᠤᠨ ᠰᠠᠨᠰᠠᠷ᠎ᠤᠨ ᠠᠶᠠᠯᠠᠯ᠎ᠤᠨ ᠭᠠᠪᠢᠶᠠᠨ ᠲᠡᠮᠳᠡᠭ》 ᠣᠯᠭᠤᠵᠤ᠂ ᠵᠦ᠍ ᠶᠠᠩ ᠵᠦ᠍᠂ ᠭᠦᠢ ᠬᠠᠢ ᠴᠤᠤ ᠨᠥᠬᠦᠷ᠎ᠲᠤ 《ᠪᠠᠭ᠋ᠠᠲᠤᠷ ᠰᠠᠨᠰᠠᠷᠴᠢᠨ》᠎ᠤ ᠢᠷᠠᠭᠤ ᠠᠯᠳᠠᠷ᠎ᠤᠨ ᠴᠣᠯᠠ ᠣᠯᠭᠤᠬᠤ ᠵᠢᠨ ᠬᠠᠮᠲᠤ 《ᠭᠤᠷᠪᠠᠳᠤᠭ᠋ᠠᠷ ᠳᠡᠰ᠎ᠤᠨ ᠰᠠᠨᠰᠠᠷ᠎ᠤᠨ ᠠᠶᠠᠯᠠᠯ᠎ᠤᠨ ᠭᠠᠪᠢᠶᠠᠨ ᠲᠡᠮᠳᠡᠭ》 ᠣᠯᠭᠤᠬᠤ᠎ᠪᠠᠷ ᠲᠣᠭᠲᠠᠪᠠ᠃
ᠵᠢᠩ ᠬᠠᠢ ᠫᠧᠩ᠂ ᠵᠦ᠍ ᠶᠠᠩ ᠵᠦ᠍᠂ ᠭᠦᠢ ᠬᠠᠢ ᠴᠤᠤ ᠨᠥᠬᠦᠷ ᠪᠣᠯ ᠤᠭ ᠰᠠᠨᠠᠭ᠎ᠠ᠎ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠂ ᠡᠷᠬᠢᠮ ᠳᠡᠭᠡᠳᠦ ᠦᠢ᠍ᠯᠡᠰ᠎ᠲᠤ ᠠᠮᠢ ᠪᠡᠶ᠎ᠡ᠎ᠪᠠᠨ ᠵᠣᠷᠢᠭᠤᠯᠬᠤ ᠴᠠᠭ ᠦᠶ᠎ᠡ ᠵᠢᠨ ᠬᠤᠰᠢᠭᠤᠴᠢ ᠮᠥᠨ᠂ ᠣᠷᠴᠢᠯᠠᠩ᠎ᠢ ᠬᠠᠶ᠋ᠢᠨ ᠰᠦᠪᠡᠭᠴᠢᠯᠡᠬᠦ᠂ ᠬᠦᠰᠡᠯ ᠵᠡᠭᠦᠳᠦ᠎ᠪᠠᠨ ᠲᠡᠷᠭᠡᠯᠰᠢᠭᠦᠯᠬᠦ᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠵᠢᠱ᠌ᠢᠶᠡᠴᠢ ᠮᠥᠨ᠃ ᠨᠠᠮ᠎ᠤᠨ ᠲᠥᠪ ᠬᠤᠷᠢᠶ᠎ᠠ ᠵᠢᠨ ᠤᠷᠢᠶᠠᠯᠠᠭ᠎ᠠ᠂ ᠪᠦᠭᠦ ᠨᠠᠮ ᠪᠦᠭᠦ ᠴᠡᠷᠢᠭ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠠᠶ᠋ᠢᠰᠢᠶᠠᠨ ᠬᠥᠬᠢᠭᠦᠯᠦᠭᠳᠡᠭᠰᠡᠨ ᠰᠠᠨᠰᠠᠷᠴᠢᠨ ᠵᠶ᠋ᠠᠷ ᠳᠠᠭᠤᠷᠢᠶᠠᠯ ᠪᠤᠯᠭ᠋ᠠᠵᠤ᠂ 《ᠬᠤᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠵᠢᠨ ᠲᠣᠭᠤᠷᠢᠨ᠎ᠳᠤ ᠨᠠᠩ ᠨᠢᠭᠲᠠᠷᠠᠨ ᠪᠦᠯᠬᠦᠮᠳᠡᠵᠦ᠂ 《ᠬᠤᠶᠠᠷ ᠪᠥᠮᠪᠦᠭᠡ ᠨᠢᠭᠡ ᠤᠳᠤ》 ᠵᠢᠨ ᠵᠣᠷᠢᠭ ᠰᠠᠨᠠᠭ᠎ᠠ ᠪᠠ ᠬᠥᠮᠥᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ ᠢᠲᠡᠭᠡᠯ ᠲᠡᠭᠦᠯᠳᠡᠷ ᠵᠶ᠋ᠠᠷ ᠥᠪᠡᠷ᠎ᠢ᠎ᠪᠠᠨ ᠬᠦᠴᠦᠷᠬᠡᠭᠵᠢᠭᠦᠯᠵᠦ᠂ ᠨᠢᠭᠡ ᠰᠡᠳᠬᠢᠯ ᠨᠢᠭᠡ ᠵᠣᠷᠢᠭ ᠵᠶ᠋ᠠᠷ᠂ ᠣᠮᠤᠭ ᠵᠣᠷᠢᠭ ᠪᠠᠳᠠᠷᠠᠩᠭᠤᠢ᠎ᠪᠠᠷ ᠡᠷᠡᠯᠬᠡᠭᠯᠡᠨ ᠴᠢᠷᠮᠠᠶ᠋ᠢᠵᠤ᠂ ᠡᠷᠡᠮᠡᠬᠡᠶ᠋ᠢᠯᠡᠨ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠬᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠤᠨ ᠲᠥᠯᠥᠭᠡ ᠪᠦᠯᠬᠦᠮᠳᠡᠨ ᠲᠡᠮᠡᠴᠡᠰᠦᠭᠡᠢ!