ᠰᠢᠨᠬᠤᠸᠠ ᠬᠤᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 19᠎ᠤ ᠴᠠᠭᠢᠯᠭ᠋ᠠᠨ ᠮᠡᠳᠡᠭᠡ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠪᠠᠶ᠋ᠢᠭᠤᠯᠤᠭᠳᠠᠭᠰᠠᠨ ᠶᠡᠭᠡ ᠬᠤᠷᠠᠯ 19᠎ᠤ ᠡᠳᠦᠷ ᠪᠡᠭᠡᠵᠢᠩ᠎ᠤᠨ 《8·1》 ᠶᠡᠭᠡ ᠠᠰᠠᠷ᠎ᠲᠤ ᠦᠪᠡᠳᠡᠭᠰᠢ ᠶᠡᠭᠡ᠎ᠪᠠᠷ ᠶᠠᠪᠤᠭᠳᠠᠪᠠ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ᠎ᠳᠤ ᠴᠡᠷᠢᠭ᠎ᠤᠨ ᠲᠤᠭ ᠣᠯᠭᠤᠭᠰᠠᠨ ᠪᠥᠭᠡᠳ ᠰᠤᠷᠭ᠋ᠠᠯ ᠬᠠᠶ᠋ᠢᠷᠠᠯᠠᠵᠤ᠂ ᠨᠠᠮ᠎ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠡᠮᠦᠨ᠎ᠡ᠎ᠠᠴᠠ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠵᠢᠨ ᠪᠦᠭᠦ ᠳᠠᠷᠤᠭ᠎ᠠ ᠪᠠᠶ᠋ᠢᠯᠳᠤᠭᠴᠢᠳ᠎ᠲᠤ ᠬᠠᠯᠠᠭᠤᠨ ᠪᠠᠶᠠᠷ ᠬᠦᠷᠭᠡᠪᠡ᠃ ᠲᠡᠷᠡ᠂ ᠰᠢᠨ᠎ᠡ ᠴᠠᠭ ᠦᠶ᠎ᠡ ᠵᠢᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ ᠵᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠵᠢᠨ ᠴᠡᠷᠢᠭ᠎ᠤᠨ ᠶᠠᠪᠤᠳᠠᠯ᠎ᠤᠨ ᠪᠠᠶ᠋ᠢᠯᠳᠤᠬᠤ ᠪᠣᠳᠣᠯᠭ᠎ᠠ ᠵᠢᠨ ᠴᠢᠭᠯᠡᠯᠲᠡ ᠵᠢ ᠲᠤᠭᠤᠰᠢᠯᠠᠭᠤᠯᠵᠤ᠂ ᠤᠯᠤᠰ ᠲᠥᠷᠥ᠎ᠪᠠᠷ ᠴᠡᠷᠢᠭ᠎ᠢ ᠪᠠᠶ᠋ᠢᠭᠤᠯᠬᠤ᠂ ᠥᠭᠡᠷᠡᠴᠢᠯᠡᠯᠲᠡ᠎ᠪᠠᠷ ᠴᠡᠷᠢᠭ᠎ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠴᠡᠷᠢᠭ᠎ᠢ ᠬᠦᠴᠦᠷᠬᠡᠭᠵᠢᠭᠦᠯᠬᠦ᠂ ᠴᠢᠳᠠᠪᠤᠷᠢᠲᠠᠨ ᠵᠶ᠋ᠠᠷ ᠴᠡᠷᠢᠭ᠎ᠢ ᠬᠦᠴᠦᠷᠬᠡᠭᠵᠢᠭᠦᠯᠬᠦ᠂ ᠬᠠᠤᠯᠢ᠎ᠪᠠᠷ ᠴᠡᠷᠢᠭ᠎ᠢ ᠵᠠᠰᠠᠬᠤ ᠵᠢ ᠪᠠᠷᠢᠮᠲᠠᠯᠠᠵᠤ᠂ ᠲᠡᠶ᠋ᠢᠨ᠎ᠳᠤ ᠪᠡᠯᠡᠳᠬᠡᠵᠦ ᠲᠡᠶ᠋ᠢᠨ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠰᠲ᠋ᠧᠮ᠎ᠤᠨ ᠠᠭᠤᠰᠤᠯᠴᠠᠯ᠂ ᠪᠦᠭᠦ ᠣᠷᠣᠨ ᠪᠦᠰᠡ᠎ᠳᠤ ᠲᠤᠯᠭ᠋ᠠᠭᠤᠷᠢᠯᠠᠭᠰᠠᠨ ᠪᠠᠶ᠋ᠢᠯᠳᠤᠬᠤ ᠪᠣᠳᠣᠯᠭ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠡᠷᠡᠮᠡᠬᠡᠶ᠋ᠢᠯᠡᠨ ᠤᠷᠤᠭᠰᠢᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠬᠦᠴᠦᠷᠬᠡᠭ ᠶᠡᠭᠡ ᠣᠳᠣᠬᠢᠴᠢᠯᠠᠭᠰᠠᠨ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠵᠢ ᠴᠢᠷᠮᠠᠶ᠋ᠢᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

4 ᠰᠠᠷ᠎ᠠ ᠵᠢᠨ 19᠎ᠤ ᠡᠳᠦᠷ᠂ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠪᠠᠶ᠋ᠢᠭᠤᠯᠤᠭᠳᠠᠭᠰᠠᠨ ᠶᠡᠭᠡ ᠬᠤᠷᠠᠯ ᠪᠡᠭᠡᠵᠢᠩ᠎ᠤᠨ 《8·1》 ᠶᠡᠭᠡ ᠠᠰᠠᠷ᠎ᠲᠤ ᠦᠪᠡᠳᠡᠭᠰᠢ ᠶᠡᠭᠡ᠎ᠪᠠᠷ ᠶᠠᠪᠤᠭᠳᠠᠪᠠ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ᠎ᠳᠤ ᠴᠡᠷᠢᠭ᠎ᠤᠨ ᠲᠤᠭ ᠣᠯᠭᠤᠭᠰᠠᠨ ᠪᠥᠭᠡᠳ ᠰᠤᠷᠭ᠋ᠠᠯ ᠬᠠᠶ᠋ᠢᠷᠠᠯᠠᠪᠠ᠃ ᠵᠢᠷᠤᠭ ᠪᠣᠯ ᠰᠢ ᠵᠢᠨ ᠫᠢᠩ ᠰᠤᠷᠭ᠋ᠠᠯ ᠬᠠᠶ᠋ᠢᠷᠠᠯᠠᠵᠤ ᠪᠠᠶ᠋ᠢᠭ᠎ᠠ᠎ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠯᠢ ᠭᠠᠩ ᠰᠡᠭᠦᠳᠡᠷᠯᠡᠪᠡ
ᠦᠳᠡ ᠵᠢᠨ ᠬᠤᠶ᠋ᠢᠨᠠᠬᠢ 4 ᠴᠠᠭ᠎ᠲᠤ᠂ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠪᠠᠶ᠋ᠢᠭᠤᠯᠤᠭᠳᠠᠭᠰᠠᠨ ᠶᠡᠭᠡ ᠬᠤᠷᠠᠯ ᠡᠬᠢᠯᠡᠵᠦ᠂ ᠲᠠᠯᠠᠪᠠᠢ ᠳᠠᠶᠠᠭ᠋ᠠᠷ ᠵᠶ᠋ᠠᠨ ᠤᠯᠤᠰ᠎ᠤᠨ ᠰᠦᠯᠳᠡ ᠳᠠᠭᠤᠤ ᠵᠢ ᠬᠠᠩᠭᠢᠨᠠᠲᠠᠯ᠎ᠠ ᠳᠠᠭᠤᠯᠠᠪᠠ᠃ ᠶᠣᠰᠣᠯᠠᠯ᠎ᠤᠨ ᠴᠡᠷᠢᠭ ᠴᠡᠷᠢᠭ᠎ᠤᠨ ᠲᠤᠭ᠎ᠢ ᠬᠠᠮᠠᠭ᠋ᠠᠯᠠᠨ ᠲᠥᠪ ᠠᠯᠬᠤᠭ᠎ᠠ᠎ᠪᠠᠷ ᠲᠡᠷᠢᠭᠦᠯᠡᠭᠴᠢ ᠵᠢᠨ ᠲᠠᠶ᠋ᠢᠰᠠᠨ᠎ᠤ ᠡᠮᠦᠨ᠎ᠡ ᠭᠦᠷᠪᠡ᠃ ᠰᠢ ᠵᠢᠨ ᠫᠢᠩ ᠴᠡᠷᠢᠭ᠎ᠤᠨ ᠲᠤᠭ᠎ᠢ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠵᠢᠨ ᠺᠤᠮᠠᠨᠳᠠᠯᠠᠭᠴᠢ ᠪᠢ ᠢ᠂ ᠺᠣᠮᠢᠰᠰᠠᠷ ᠯᠢ ᠸᠧᠢ᠎ᠳᠤ ᠭᠠᠷᠳᠠᠭᠤᠯᠪᠠ᠃ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠵᠢᠨ ᠭᠤᠣᠯ ᠤᠳᠤᠷᠢᠳᠤᠯᠭ᠎ᠠ ᠰᠢ ᠵᠢᠨ ᠫᠢᠩ᠎ᠳᠤ ᠶᠣᠰᠣᠯᠠᠵᠤ᠂ ᠰᠢ ᠵᠢᠨ ᠫᠢᠩ᠎ᠤᠨ ᠭᠠᠷ᠎ᠠᠴᠠ ᠴᠡᠷᠢᠭ᠎ᠤᠨ ᠲᠤᠭ᠎ᠢ ᠲᠤᠰ᠎ᠤᠨ ᠠᠪᠴᠤ᠂ ᠲᠤᠭ᠎ᠢ ᠠᠳᠬᠤᠨ ᠲᠥᠪ ᠵᠣᠭᠰᠣᠪᠠ᠃ ᠪᠦᠭᠦ ᠳᠠᠷᠤᠭ᠎ᠠ ᠪᠠᠶ᠋ᠢᠯᠳᠤᠭᠴᠢᠳ ᠴᠡᠷᠢᠭ᠎ᠤᠨ ᠲᠤᠭ᠎ᠲᠤ ᠲᠥᠪ ᠴᠢᠩᠭ᠎ᠠ᠎ᠪᠠᠷ ᠶᠣᠰᠣᠯᠠᠪᠠ᠃

4 ᠰᠠᠷ᠎ᠠ ᠵᠢᠨ 19᠎ᠤ ᠡᠳᠦᠷ᠂ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠪᠠᠶ᠋ᠢᠭᠤᠯᠤᠭᠳᠠᠭᠰᠠᠨ ᠶᠡᠭᠡ ᠬᠤᠷᠠᠯ ᠪᠡᠭᠡᠵᠢᠩ᠎ᠤᠨ 《8·1》 ᠶᠡᠭᠡ ᠠᠰᠠᠷ᠎ᠲᠤ ᠦᠪᠡᠳᠡᠭᠰᠢ ᠶᠡᠭᠡ᠎ᠪᠠᠷ ᠶᠠᠪᠤᠭᠳᠠᠪᠠ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ᠎ᠳᠤ ᠴᠡᠷᠢᠭ᠎ᠤᠨ ᠲᠤᠭ ᠣᠯᠭᠤᠭᠰᠠᠨ ᠪᠥᠭᠡᠳ ᠰᠤᠷᠭ᠋ᠠᠯ ᠬᠠᠶ᠋ᠢᠷᠠᠯᠠᠪᠠ᠃ ᠵᠢᠷᠤᠭ ᠪᠣᠯ ᠰᠢ ᠵᠢᠨ ᠫᠢᠩ ᠴᠡᠷᠢᠭ᠎ᠤᠨ ᠲᠤᠭ᠎ᠢ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠵᠢᠨ ᠺᠤᠮᠠᠨᠳᠠᠯᠠᠭᠴᠢ ᠪᠢ ᠢ᠂ ᠺᠣᠮᠢᠰᠰᠠᠷ ᠯᠢ ᠸᠧᠢ᠎ᠳᠤ ᠭᠠᠷᠳᠠᠭᠤᠯᠵᠤ ᠪᠠᠶ᠋ᠢᠭ᠎ᠠ᠎ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠯᠢ ᠭᠠᠩ ᠰᠡᠭᠦᠳᠡᠷᠯᠡᠪᠡ
ᠲᠤᠭ ᠣᠯᠭᠤᠬᠤ ᠶᠣᠰᠣᠯᠠᠯ᠎ᠤᠨ ᠳᠠᠷᠠᠭ᠎ᠠ᠂ ᠰᠢ ᠵᠢᠨ ᠫᠢᠩ ᠰᠤᠷᠭ᠋ᠠᠯ ᠬᠠᠶ᠋ᠢᠷᠠᠯᠠᠪᠠ᠃ ᠲᠡᠷᠡ᠂ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠵᠢ ᠲᠣᠬᠢᠷᠠᠭᠤᠯᠤᠨ ᠵᠣᠬᠢᠶᠠᠨ ᠪᠠᠶ᠋ᠢᠭᠤᠯᠤᠭᠰᠠᠨ᠎ᠨᠢ ᠨᠠᠮ᠎ᠤᠨ ᠲᠥᠪ ᠬᠤᠷᠢᠶ᠎ᠠ ᠪᠣᠯᠣᠨ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ᠎ᠠᠴᠠ ᠴᠡᠷᠢᠭ᠎ᠢ ᠬᠦᠴᠦᠷᠬᠡᠭᠵᠢᠭᠦᠯᠬᠦ ᠦᠢ᠍ᠯᠡᠰ᠎ᠤᠨ ᠪᠦᠭᠦ ᠲᠠᠯ᠎ᠠ᠎ᠠᠴᠠ ᠡᠭᠦᠰᠴᠦ ᠲᠣᠭᠲᠠᠭ᠋ᠠᠭᠰᠠᠨ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠮᠥᠨ᠂ ᠰᠢᠨ᠎ᠡ ᠭᠡᠯᠪᠡᠷᠢ ᠵᠢᠨ ᠴᠡᠷᠢᠭ᠎ᠤᠨ ᠲᠥᠷᠥᠯ᠎ᠤᠨ ᠪᠦᠲᠦᠴᠡ ᠵᠢᠨ ᠪᠠᠶ᠋ᠢᠷᠢᠰᠢᠭᠤᠯᠤᠯᠲᠠ ᠵᠢ ᠪᠠᠶ᠋ᠢᠭᠤᠯᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠲᠣ ᠦᠶ᠎ᠡ ᠵᠢᠨ ᠴᠡᠷᠢᠭ᠎ᠤᠨ ᠶᠠᠪᠤᠳᠠᠯ᠎ᠤᠨ ᠬᠦᠴᠦᠨ᠎ᠤ ᠰᠢᠰᠲ᠋ᠧᠮ᠎ᠢ ᠲᠡᠭᠦᠯᠳᠡᠷᠵᠢᠭᠦᠯᠬᠦ ᠪᠠᠶ᠋ᠢᠯᠳᠤᠬᠤ ᠪᠣᠳᠣᠯᠭ᠎ᠠ ᠵᠢᠨ ᠠᠷᠭ᠎ᠠ ᠬᠡᠮᠵᠢᠶ᠎ᠡ ᠮᠥᠨ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠪᠣᠯᠣᠨ ᠴᠡᠷᠢᠭ ᠠᠩᠭᠢ ᠵᠢᠨ ᠣᠳᠣᠬᠢᠴᠢᠯᠠᠯᠲᠠ ᠵᠢ ᠲᠦᠷᠭᠡᠳᠬᠡᠬᠦ᠂ ᠰᠢᠨ᠎ᠡ ᠴᠠᠭ ᠦᠶ᠎ᠡ ᠵᠢᠨ ᠠᠷᠠᠳ᠎ᠤᠨ ᠴᠡᠷᠢᠭ ᠠᠩᠭᠢ ᠵᠢᠨ ᠡᠭᠦᠷᠭᠡ ᠬᠠᠷᠢᠭᠤᠴᠠᠯᠭ᠎ᠠ᠎ᠪᠠᠨ ᠪᠦᠲᠦᠮᠵᠢᠲᠡᠶ ᠭᠦᠢ᠍ᠴᠡᠳᠬᠡᠬᠦ᠎ᠳᠤ ᠴᠢᠬᠤᠯᠠ ᠶᠡᠭᠡ ᠪᠥᠭᠡᠳ ᠠᠯᠤᠰ ᠭᠡᠲᠦ ᠵᠢᠨ ᠠᠴᠢ ᠬᠤᠯᠪᠣᠭᠳᠠᠯ᠎ᠲᠠᠢ ᠶᠤᠮ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠪᠣᠯ ᠴᠣ᠋ ᠰᠢᠨ᠎ᠡ᠎ᠪᠠᠷ ᠡᠭᠦᠳᠦᠨ ᠪᠠᠶ᠋ᠢᠭᠤᠯᠤᠭᠰᠠᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠴᠡᠷᠢᠭ᠎ᠤᠨ ᠲᠥᠷᠥᠯ ᠮᠥᠨ᠂ ᠰᠦᠯᠵᠢᠶᠡᠨ᠎ᠤ ᠮᠡᠳᠡᠭᠡ ᠵᠠᠩᠭᠢ ᠵᠢᠨ ᠰᠢᠰᠲ᠋ᠧᠮ᠎ᠤᠨ ᠪᠠᠶ᠋ᠢᠭᠤᠯᠤᠯᠲᠠ ᠬᠡᠷᠡᠭᠯᠡᠯᠲᠡ ᠵᠢ ᠨᠢᠭᠡᠳᠦᠯᠲᠡᠢ ᠲᠥᠯᠥᠪᠵᠢᠭᠦᠯᠬᠦ ᠵᠠᠩᠭᠢᠯᠠᠭ᠎ᠠ ᠵᠢᠨ ᠲᠤᠯᠭ᠋ᠠᠭᠤᠷᠢᠯᠠᠯ ᠮᠥᠨ᠂ ᠮᠠᠨ᠎ᠤ ᠴᠡᠷᠢᠭ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠠ ᠣᠲᠣ ᠦᠶ᠎ᠡ ᠵᠢᠨ ᠲᠡᠶ᠋ᠢᠨ᠎ᠳᠤ ᠢᠯᠠᠬᠤ ᠳᠤᠮᠳᠠ ᠴᠢᠬᠤᠯᠠ ᠪᠠᠶ᠋ᠢᠷᠢ ᠰᠠᠭᠤᠷᠢ᠎ᠲᠠᠢ᠂ ᠬᠦᠨᠳᠦ ᠶᠡᠭᠡ ᠬᠠᠷᠢᠭᠤᠴᠠᠯᠭ᠎ᠠ᠎ᠲᠠᠢ ᠶᠤᠮ᠃ ᠨᠠᠮ᠎ᠤᠨ ᠵᠢᠯᠣᠭᠤᠳᠤᠯᠭ᠎ᠠ ᠵᠢ ᠡᠷᠡᠰ ᠲᠠᠭ᠋ᠠᠵᠤ᠂ ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ ᠵᠢᠨ ᠦᠨᠳᠦᠰᠦᠨ ᠵᠠᠷᠴᠢᠮ ᠪᠠ ᠳᠦᠷᠢᠮ᠎ᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠴᠡᠷᠢᠭ ᠠᠩᠭᠢ ᠵᠢᠨ ᠨᠠᠮ᠎ᠤᠨ ᠪᠠᠶ᠋ᠢᠭᠤᠯᠤᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠵᠤ᠂ ᠬᠦᠰᠡᠯᠡᠩ ᠢᠲᠡᠭᠡᠯ ᠵᠣᠷᠢᠭ ᠵᠶ᠋ᠠᠨ ᠪᠠᠲᠤᠳᠬᠠᠵᠤ᠂ ᠰᠠᠬᠢᠯᠭ᠎ᠠ ᠪᠠᠲᠤ ᠶᠣᠰᠣ ᠳᠦᠷᠢᠮ᠎ᠢ ᠴᠢᠩᠳᠠᠯᠠᠵᠤ᠂ ᠰᠢᠯᠢᠳᠡᠭ ᠰᠤᠷᠲᠠᠯ᠎ᠢ ᠪᠠᠳᠠᠷᠠᠭᠤᠯᠵᠤ᠂ ᠴᠡᠷᠢᠭ ᠠᠩᠭᠢ ᠵᠢᠨ ᠲᠤᠶ᠋ᠢᠯ᠎ᠤᠨ ᠦᠨᠡᠨᠴᠢ ᠰᠢᠳᠤᠷᠭᠤ᠂ ᠲᠤᠶ᠋ᠢᠯ᠎ᠤᠨ ᠠᠷᠢᠭᠤᠨ ᠴᠡᠪᠡᠷ᠂ ᠲᠤᠶ᠋ᠢᠯ᠎ᠤᠨ ᠨᠠᠶ᠋ᠢᠳᠠᠪᠤᠷᠢᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠪᠠᠶ᠋ᠢᠯᠳᠤᠭ᠋ᠠᠨᠢ ᠬᠦᠴᠦᠲᠡᠢ ᠲᠤᠯᠭ᠋ᠠᠭᠤᠷᠢᠯᠠᠵᠤ᠂ ᠮᠡᠳᠡᠭᠡ ᠵᠠᠩᠭᠢ᠎ᠪᠠᠷ ᠭᠤᠣᠯᠯᠠᠭᠤᠯᠬᠤ᠂ ᠬᠤᠯᠪᠤᠭ᠋ᠠᠯᠠᠨ ᠢᠯᠠᠯᠲᠠ ᠣᠯᠬᠤ ᠵᠢ ᠪᠠᠷᠢᠮᠲᠠᠯᠠᠵᠤ᠂ ᠮᠡᠳᠡᠭᠡ ᠵᠠᠩᠭᠢ ᠵᠢᠨ ᠬᠡᠯᠬᠢᠶ᠎ᠡ ᠵᠠᠮ᠎ᠢ ᠰᠢᠯᠤᠭᠤᠳᠬᠠᠵᠤ᠂ ᠮᠡᠳᠡᠭᠡ ᠵᠠᠩᠭᠢ ᠵᠢᠨ ᠡᠬᠢ ᠪᠠᠶᠠᠯᠢᠭ᠎ᠢ ᠠᠭᠤᠰᠤᠯᠴᠠᠭᠤᠯᠵᠤ᠂ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠪᠦᠭᠦ ᠴᠡᠷᠢᠭ᠎ᠤᠨ ᠬᠠᠮᠲᠤᠷᠠᠭᠰᠠᠨ ᠪᠠᠶ᠋ᠢᠯᠳᠤᠭ᠋ᠠᠨ᠎ᠤ ᠰᠢᠰᠲ᠋ᠧᠮ᠎ᠳᠤ ᠭᠦᠨᠵᠡᠭᠡᠢ ᠠᠭᠤᠰᠤᠯᠴᠠᠵᠤ᠂ ᠮᠡᠳᠡᠭᠡ ᠵᠠᠩᠭᠢ ᠵᠢᠨ ᠲᠤᠰᠠᠯᠠᠮᠵᠢ ᠦᠵᠡᠭᠦᠯᠭᠦ ᠵᠢ ᠤᠨᠢᠨ ᠳᠡᠭᠡᠷ᠎ᠡ᠎ᠨᠢ ᠥᠨᠳᠥᠷ ᠪᠦᠲᠦᠮᠵᠢᠲᠡᠢ ᠬᠡᠷᠡᠭᠵᠢᠭᠦᠯᠵᠦ᠂ ᠡᠯ᠎ᠡ ᠴᠢᠭᠯᠡᠯ ᠡᠯ᠎ᠡ ᠬᠦᠷᠢᠶᠡᠨ᠎ᠤ ᠴᠡᠷᠢᠭ᠎ᠤᠨ ᠶᠠᠪᠤᠳᠠᠯ᠎ᠤᠨ ᠲᠡᠮᠡᠴᠡᠯ᠎ᠳᠤ ᠦᠢ᠍ᠯᠡᠴᠢᠯᠡᠨ ᠪᠠᠲᠤᠯᠠᠬᠤ ᠬᠡᠷᠡᠭᠲᠡᠢ᠃ ᠰᠢᠨ᠎ᠡ ᠵᠢ ᠡᠭᠦᠳᠦᠨ ᠬᠥᠭᠵᠢᠬᠦ ᠵᠢ ᠲᠦᠷᠭᠡᠳᠬᠡᠵᠦ᠂ ᠪᠠᠶ᠋ᠢᠯᠳᠤᠭ᠋ᠠᠨ᠎ᠤ ᠬᠡᠷᠡᠭᠴᠡᠭᠡ᠎ᠪᠠᠷ ᠦᠨᠳᠦᠰᠦᠨ ᠵᠢᠯᠣᠭᠤᠳᠤᠮᠵᠢ ᠪᠤᠯᠭ᠋ᠠᠬᠤ ᠵᠢ ᠪᠠᠷᠢᠮᠲᠠᠯᠠᠵᠤ᠂ ᠰᠢᠰᠲ᠋ᠧᠮ᠎ᠲᠠᠢ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠵᠤ᠂ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠣᠲᠣ ᠦᠶ᠎ᠡ ᠵᠢᠨ ᠲᠡᠶ᠋ᠢᠨ᠎ᠤ ᠱᠠᠭ᠋ᠠᠷᠳᠠᠯᠭ᠎ᠠ᠎ᠳᠤ ᠨᠡᠶ᠋ᠢᠴᠡᠭᠰᠡᠨ᠂ ᠮᠠᠨ᠎ᠤ ᠴᠡᠷᠢᠭ᠎ᠤᠨ ᠣᠨᠴᠠᠯᠢᠭ᠎ᠲᠠᠢ ᠰᠦᠯᠵᠢᠶᠡᠨ᠎ᠤ ᠮᠡᠳᠡᠭᠡ ᠵᠠᠩᠭᠢ ᠵᠢᠨ ᠰᠢᠰᠲ᠋ᠧᠮ᠎ᠢ ᠪᠠᠶ᠋ᠢᠭᠤᠯᠵᠤ᠂ ᠰᠢᠰᠲ᠋ᠧᠮ᠎ᠳᠤ ᠲᠡᠶ᠋ᠢᠨ ᠬᠢᠬᠦ ᠴᠢᠳᠠᠪᠤᠷᠢ ᠵᠢ ᠲᠦᠷᠭᠡᠨ ᠳᠡᠭᠡᠭᠰᠢᠯᠡᠭᠦᠯᠭᠦ ᠵᠢ ᠴᠢᠨᠠᠷ ᠰᠠᠶ᠋ᠢᠲᠠᠢ ᠠᠬᠢᠭᠤᠯᠬᠤ ᠬᠡᠷᠡᠭᠲᠡᠢ᠃ ᠴᠡᠷᠢᠭ ᠠᠩᠭᠢ ᠵᠢᠨ ᠰᠠᠭᠤᠷᠢ ᠵᠢ ᠪᠠᠬᠢᠵᠢᠭᠦᠯᠵᠦ᠂ ᠪᠦᠭᠦ ᠲᠠᠯ᠎ᠠ᠎ᠪᠠᠷ ᠴᠡᠷᠢᠭ᠎ᠢ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠴᠢᠩᠭ᠎ᠠ ᠬᠥᠮᠥᠵᠢᠭᠦᠯᠦᠨ ᠬᠠᠮᠢᠶᠠᠷᠴᠤ᠂ ᠵᠢᠩᠬᠢᠨᠢ ᠡᠮᠬᠢ ᠳᠢᠭᠯᠢᠮ᠎ᠢ ᠪᠠᠲᠤᠯᠠᠵᠤ᠂ ᠬᠥᠳᠡᠯᠭᠡᠬᠦ ᠬᠦᠴᠦᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠴᠠᠭ᠋ᠠᠷᠠᠭᠰᠠᠨ ᠦᠨᠳᠦᠰᠦᠨ ᠱᠠᠲᠤ ᠵᠢ ᠪᠦᠭᠦ ᠲᠠᠯ᠎ᠠ᠎ᠪᠠᠷ ᠳᠠᠪᠲᠠᠨ ᠪᠤᠯᠪᠠᠰᠤᠷᠠᠭᠤᠯᠵᠤ᠂ ᠴᠡᠷᠢᠭ ᠠᠩᠭᠢ ᠵᠢᠨ ᠳᠡᠭᠡᠳᠦ ᠬᠡᠮᠵᠢᠶᠡᠨ᠎ᠤ ᠲᠥᠪᠯᠡᠷᠡᠯ ᠨᠢᠭᠡᠳᠦᠯ ᠪᠣᠯᠣᠨ ᠠᠮᠤᠷ ᠲᠦᠪᠰᠢᠨ ᠲᠣᠭᠲᠠᠭᠤᠨ᠎ᠢ ᠪᠠᠲᠤᠯᠠᠵᠤ᠂ ᠴᠡᠷᠢᠭ ᠠᠩᠭᠢ ᠵᠢᠨ ᠪᠠᠶ᠋ᠢᠭᠤᠯᠤᠯᠲᠠ ᠵᠢᠨ ᠰᠢᠨ᠎ᠡ ᠪᠠᠶ᠋ᠢᠳᠠᠯ᠎ᠢ ᠴᠢᠷᠮᠠᠶ᠋ᠢᠨ ᠡᠭᠦᠳᠴᠦ᠂ ᠨᠠᠮ ᠪᠣᠯᠣᠨ ᠠᠷᠠᠳ ᠲᠦᠮᠡᠨ᠎ᠠᠴᠠ ᠣᠯᠭᠤᠭᠰᠠᠨ ᠡᠯ᠎ᠡ ᠵᠦᠢ᠍ᠯ᠎ᠤᠨ ᠡᠭᠦᠷᠭᠡ ᠵᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠯᠢ ᠸᠧᠢ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠵᠢ ᠲᠥᠯᠥᠭᠡᠯᠡᠨ ᠦᠭᠡ ᠬᠡᠯᠡᠵᠦ᠂ ᠲᠡᠷᠢᠭᠦᠯᠡᠭᠴᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠡᠷᠡᠰ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠪᠣᠯᠣᠨ ᠲᠡᠷᠢᠭᠦᠯᠡᠭᠴᠢ ᠰᠢ ᠵᠢᠨ ᠫᠢᠩ᠎ᠤᠨ ᠵᠢᠯᠣᠭᠤᠳᠤᠯᠭ᠎ᠠ ᠵᠢ ᠡᠷᠡᠰ ᠳᠠᠭ᠋ᠠᠵᠤ᠂ ᠬᠦᠴᠦ᠎ᠪᠠᠨ ᠲᠥᠪᠯᠡᠷᠡᠭᠦᠯᠦᠨ ᠲᠡᠶ᠋ᠢᠨ᠎ᠳᠤ ᠪᠡᠯᠡᠳᠬᠡᠵᠦ ᠲᠡᠶ᠋ᠢᠨ ᠬᠢᠵᠦ᠂ ᠡᠭᠦᠷᠭᠡ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ᠎ᠪᠠᠷ ᠭᠦᠢ᠍ᠴᠡᠳᠬᠡᠵᠦ᠂ ᠨᠠᠮ ᠪᠣᠯᠣᠨ ᠠᠷᠠᠳ ᠲᠦᠮᠡᠨ᠎ᠤ ᠬᠦᠨᠳᠦ ᠬᠦᠰᠡᠯ ᠨᠠᠶ᠋ᠢᠳᠠᠯᠭ᠎ᠠ ᠵᠢ ᠶᠠᠭ᠋ᠠᠬᠢᠭᠰᠠᠨ ᠴᠤ᠌ ᠬᠥᠰᠡᠷᠳᠡᠭᠦᠯᠬᠦ ᠦᠭᠡᠢ ᠭᠡᠵᠦ ᠢᠯᠡᠳᠬᠡᠪᠡ᠃
ᠶᠡᠭᠡ ᠬᠤᠷᠠᠯ᠎ᠨᠢ ᠰᠦᠷ ᠵᠢᠪᠬᠤᠯᠠᠩᠲᠤ ᠴᠡᠷᠢᠭ᠎ᠤᠨ ᠳᠠᠭᠤᠤ ᠵᠢᠨ ᠠᠶᠠᠰ ᠳᠤᠮᠳᠠ ᠲᠡᠭᠦᠰᠪᠡ᠃ ᠲᠠᠷᠠᠭ᠎ᠠ᠎ᠨᠢ᠂ ᠰᠢ ᠵᠢᠨ ᠫᠢᠩ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠵᠢᠨ ᠤᠳᠤᠷᠢᠳᠬᠤ ᠪᠠᠭ᠎ᠤᠨ ᠪᠦᠷᠢᠯᠳᠦᠭᠦᠨ ᠨᠠᠷ᠎ᠲᠠᠢ ᠠᠭᠤᠯᠵᠠᠵᠤ᠂ ᠤᠯᠠᠨ᠎ᠲᠠᠢ ᠬᠠᠮᠲᠤ ᠵᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃
ᠪᠠᠶ᠋ᠢᠭᠤᠯᠤᠭᠳᠠᠭᠰᠠᠨ ᠶᠡᠭᠡ ᠬᠤᠷᠠᠯ ᠳᠡᠭᠡᠷ᠎ᠡ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠳᠡᠳ᠋ ᠲᠡᠷᠢᠭᠦᠯᠡᠭᠴᠢ ᠵᠠᠩ ᠶᠢᠦ ᠰᠢᠶᠠ᠎ᠠᠴᠠ ᠰᠢ ᠵᠢᠨ ᠫᠢᠩ᠎ᠤᠨ ᠭᠠᠷᠤᠨ ᠦᠰᠦᠭ ᠵᠢᠷᠤᠭᠰᠠᠨ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠵᠢ ᠪᠠᠶ᠋ᠢᠭᠤᠯᠬᠤ ᠲᠤᠬᠠᠢ ᠵᠠᠷᠯᠢᠭ᠂ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠵᠢᠨ ᠤᠳᠤᠷᠢᠳᠬᠤ ᠪᠠᠭ᠎ᠤᠨ ᠪᠦᠷᠢᠯᠳᠦᠭᠦᠨ᠎ᠢ ᠲᠤᠰᠢᠶᠠᠯ᠎ᠳᠤ ᠲᠣᠮᠢᠯᠠᠬᠤ ᠵᠠᠷᠯᠢᠭ ᠪᠣᠯᠣᠨ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠵᠢᠨ ᠪᠦᠷᠢᠯᠳᠦᠯ᠎ᠤᠨ ᠮᠡᠳᠡᠭᠳᠡᠯ᠎ᠢ ᠤᠩᠰᠢᠨ ᠨᠡᠶ᠋ᠢᠲᠡᠯᠡᠪᠡ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠳᠡᠳ᠋ ᠲᠡᠷᠢᠭᠦᠯᠡᠭᠴᠢ ᠾᠧ ᠸᠧᠢ ᠳ᠋ᠦᠩ ᠶᠡᠭᠡ ᠬᠤᠷᠠᠯ᠎ᠢ ᠡᠷᠭᠢᠯᠡᠪᠡ᠃
ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠶᠡᠭᠡ ᠬᠤᠷᠠᠯ᠎ᠳᠤ ᠣᠷᠣᠯᠴᠠᠪᠠ᠃ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠪᠠᠶ᠋ᠢᠭᠤᠯᠭ᠎ᠠ ᠵᠢᠨ ᠡᠯ᠎ᠡ ᠬᠡᠯᠲᠡᠰ ᠬᠤᠷᠢᠶ᠎ᠠ᠂ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠡᠯ᠎ᠡ ᠰᠢᠭᠤᠳ ᠬᠠᠷᠢᠶ᠎ᠠ ᠪᠠᠶ᠋ᠢᠭᠤᠯᠤᠮᠵᠢ᠂ ᠡᠯ᠎ᠡ ᠪᠠᠶ᠋ᠢᠯᠳᠤᠭ᠋ᠠᠨ᠎ᠤ ᠲᠣᠭᠤᠷᠢᠭ᠂ ᠡᠯ᠎ᠡ ᠴᠡᠷᠢᠭ᠎ᠤᠨ ᠲᠦᠷᠦᠯ᠂ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠡᠯ᠎ᠡ ᠰᠢᠭᠤᠳ ᠬᠠᠷᠢᠶ᠎ᠠ ᠨᠢᠭᠡᠴᠢ᠂ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠦᠳ᠂ ᠡᠯ᠎ᠡ ᠴᠡᠷᠢᠭ᠎ᠤᠨ ᠲᠦᠷᠦᠯ ᠪᠣᠯᠣᠨ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ ᠳᠠᠷᠤᠭ᠎ᠠ ᠪᠠᠶ᠋ᠢᠯᠳᠤᠭᠴᠢᠳ᠎ᠤᠨ ᠲᠥᠯᠥᠭᠡᠯᠡᠭᠴᠢ᠂ ᠪᠢᠴᠢᠭ᠎ᠤᠨ ᠲᠤᠰᠢᠶᠠᠯᠲᠠᠨ᠎ᠤ ᠲᠥᠯᠥᠭᠡᠯᠡᠭᠴᠢ ᠨᠠᠷ ᠶᠡᠭᠡ ᠬᠤᠷᠠᠯ᠎ᠳᠤ ᠣᠷᠣᠯᠴᠠᠪᠠ᠃
ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠣᠭᠲᠠᠭ᠋ᠠᠯ᠎ᠢ ᠦᠨᠳᠦᠰᠦᠯᠡᠪᠡᠯ᠂ ᠰᠢᠨ᠎ᠡ᠎ᠪᠠᠷ ᠪᠠᠶ᠋ᠢᠭᠤᠯᠤᠭᠰᠠᠨ ᠮᠡᠳᠡᠭᠡ ᠵᠠᠩᠭᠢ ᠵᠢᠨ ᠲᠤᠰᠠᠯᠠᠬᠤ ᠴᠡᠷᠢᠭ ᠠᠩᠭᠢ ᠵᠢ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ᠎ᠠᠴᠠ ᠰᠢᠭᠤᠳ ᠤᠳᠤᠷᠢᠳᠤᠨ ᠵᠢᠯᠤᠭᠤᠳᠬᠤ ᠵᠢᠨ ᠬᠠᠮᠲᠤ ᠪᠠᠶ᠋ᠢᠯᠳᠤᠬᠤ ᠪᠣᠳᠣᠯᠭ᠎ᠠ ᠵᠢᠨ ᠲᠤᠰᠠᠯᠠᠬᠤ ᠴᠡᠷᠢᠭ ᠠᠩᠭᠢ ᠵᠢᠨ ᠳ᠋ᠤᠭ᠋ᠠᠷ᠎ᠢ ᠬᠠᠰᠤᠵᠤ᠂ ᠴᠡᠷᠢᠭ᠎ᠤᠨ ᠶᠠᠪᠤᠳᠠᠯ᠎ᠤᠨ ᠰᠠᠨᠰᠠᠷ᠎ᠤᠨ ᠠᠶᠠᠯᠠᠯ᠎ᠤᠨ ᠴᠡᠷᠢᠭ ᠠᠩᠭᠢ᠂ ᠰᠦᠯᠵᠢᠶᠡᠨ᠎ᠤ ᠣᠷᠣᠨ ᠵᠠᠢ ᠵᠢᠨ ᠴᠡᠷᠢᠭ ᠠᠩᠭᠢ ᠵᠢᠨ ᠤᠳᠤᠷᠢᠳᠤᠨ ᠬᠠᠮᠢᠶᠠᠷᠬᠤ ᠬᠠᠷᠢᠴᠠᠭ᠎ᠠ ᠵᠢ ᠬᠠᠷᠠᠭ᠋ᠠᠯᠵᠠᠭᠤᠯᠤᠨ ᠲᠣᠬᠢᠷᠠᠭᠤᠯᠤᠨ᠎ᠠ᠃