ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠰᠢᠨ᠎ᠡ ᠴᠠᠭ ᠦᠶ᠎ᠡ ᠵᠢᠨ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠶᠡᠭᠡ ᠬᠠᠮᠠᠭ᠋ᠠᠯᠠᠯᠲᠠ ᠶᠡᠭᠡ ᠨᠡᠭᠡᠭᠡᠯᠲᠡ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠪᠠᠶ᠋ᠢᠷᠢᠰᠢᠯ᠎ᠢ ᠴᠢᠨᠠᠭᠰᠢᠳᠠ ᠪᠦᠷᠢᠯᠳᠦᠭᠦᠯᠵᠦ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠪᠠ
ᠨᠡᠶ᠋ᠢᠲᠡᠯᠡᠭᠰᠡᠨ ᠴᠠᠭ᠄ 2024-04-25

      ᠰᠢᠨᠬᠤᠸᠠ ᠬᠤᠷᠢᠶ᠎ᠠ ᠵᠢᠨ ᠴᠦᠩᠴᠢᠩ᠎ᠤᠨ 4 ᠰᠠᠷ᠎ᠠ ᠵᠢᠨ 23᠎ᠤ ᠴᠠᠭᠢᠯᠭ᠋ᠠᠨ ᠮᠡᠳᠡᠭᠡ  ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 23᠎ᠤ ᠦᠳᠡ ᠵᠢᠨ ᠬᠤᠶ᠋ᠢᠨ᠎ᠠ ᠴᠦᠩᠴᠢᠩ᠎ᠳᠤ ᠰᠢᠨ᠎ᠡ ᠴᠠᠭ ᠦᠶ᠎ᠡ ᠵᠢᠨ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠪᠠᠷᠠᠭᠤᠨ ᠣᠷᠣᠨ᠎ᠨᠢ ᠪᠦᠭᠦ ᠤᠯᠤᠰ᠎ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠶᠡᠭᠡ ᠲᠠᠯ᠎ᠠ᠎ᠳᠤ ᠲᠤᠶ᠋ᠢᠯ᠎ᠤᠨ ᠴᠢᠬᠤᠯᠠ ᠠᠴᠢ ᠬᠤᠯᠪᠣᠭᠳᠠᠯ ᠎ᠲᠠᠢ ᠶᠤᠮ᠃ ᠨᠠᠮ᠎ᠤᠨ ᠲᠥᠪ ᠬᠤᠷᠢᠶ᠎ᠠ ᠵᠢᠨ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠢᠮᠠᠭᠲᠠ ᠬᠤᠪᠢᠷᠠᠰᠢ ᠦᠭᠡᠢ ᠰᠠᠶ᠋ᠢᠲᠤᠷ ᠠᠳᠬᠤᠵᠤ᠂ ᠶᠡᠭᠡ ᠬᠠᠮᠠᠭ᠋ᠠᠯᠠᠯᠲᠠ᠂ ᠶᠡᠭᠡ ᠨᠡᠭᠡᠭᠡᠯᠲᠡ᠂ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠪᠠᠶ᠋ᠢᠷᠢᠰᠢᠯ᠎ᠢ ᠴᠢᠨᠠᠭᠰᠢᠳᠠ ᠪᠦᠷᠢᠯᠳᠦᠭᠦᠯᠵᠦ᠂ ᠣᠷᠣᠨ ᠪᠦᠰᠡ ᠵᠢᠨ ᠪᠦᠬᠦᠯᠢ ᠴᠣᠭᠴᠠ ᠵᠢᠨ ᠪᠣᠳᠠᠲᠤ ᠬᠦᠴᠦᠨ ᠪᠠ ᠦᠷᠭᠦᠯᠵᠢᠯᠡᠬᠦ ᠬᠥᠭᠵᠢᠯᠲᠡ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠳᠤᠮᠳᠠ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃


6384957396431588736927363.jpg


      4 ᠰᠠᠷ᠎ᠠ ᠵᠢᠨ 23᠎ᠤ ᠦᠳᠡ ᠵᠢᠨ ᠬᠤᠶ᠋ᠢᠨ᠎ᠠ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠴᠦᠩᠴᠢᠩ᠎ᠳᠤ ᠰᠢᠨ᠎ᠡ ᠴᠠᠭ ᠦᠶ᠎ᠡ ᠵᠢᠨ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃
      ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ  ᠸᠠᠩ ᠶᠧ  ᠰᠡᠭᠦᠳᠡᠷᠯᠡᠪᠡ


      ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠶ᠋ᠢᠳ ᠯᠢ ᠴᠢᠶᠠᠩ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠶ᠋ᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ᠎ᠳᠤ ᠣᠷᠣᠯᠴᠠᠪᠠ᠃
      ᠶᠠᠷᠢᠯᠴᠠᠬᠤ ᠬᠤᠷᠠᠯ ᠳᠡᠭᠡᠷ᠎ᠡ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠷᠭᠢᠯᠡᠭᠴᠢ ᠵᠧᠩ ᠱᠠᠨ ᠵᠢᠶᠧ᠂ ᠴᠦᠩᠴᠢᠩ ᠬᠤᠳᠠ ᠵᠢᠨ ᠨᠠᠮ᠎ᠤᠨ ᠬᠤᠷᠢᠶ᠎ᠠ  ᠵᠢᠨ ᠱᠦᠵᠢ ᠶᠤᠸᠠᠨ ᠵᠢᠶᠠ ᠵᠢᠶᠦ᠋ᠨ᠂ ᠰᠧᠴᠤᠸᠠᠨ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠸᠠᠩ ᠰᠢᠶᠣᠣ ᠬᠤᠢ᠂ ᠱᠠᠨᠰᠢ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠵᠤᠤ ᠢ ᠳ᠋ᠧ᠂ ᠰᠢᠨᠵᠢᠶᠠᠩ᠎ᠤᠨ ᠤᠶ᠋ᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠮᠠ ᠰᠢᠩ ᠷᠦᠢ ᠤᠷᠢᠳ ᠬᠤᠵᠢᠳ ᠦᠭᠡ ᠬᠡᠯᠡᠵᠦ᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠵᠢ ᠠᠬᠢᠭᠤᠯᠬᠤ ᠲᠤᠬᠠᠢ ᠠᠵᠢᠯ᠎ᠤᠨ ᠪᠠᠶ᠋ᠢᠳᠠᠯ ᠵᠶ᠋ᠠᠨ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠪᠠ᠃ ᠶᠠᠷᠢᠯᠴᠠᠬᠤ ᠬᠤᠷᠠᠯ᠎ᠳᠤ ᠣᠷᠣᠯᠴᠠᠬᠰᠠᠨ ᠪᠤᠰᠤᠳ ᠮᠤᠵᠢ ᠣᠷᠣᠨ ᠪᠣᠯᠣᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠭᠤᠣᠯ ᠬᠠᠷᠢᠭᠤᠴᠠᠯᠭ᠋ᠠᠲᠠᠨ ᠨᠥᠬᠦᠳ ᠪᠢᠴᠢᠭ᠎ᠤᠨ ᠭᠡᠯᠪᠡᠷᠢ᠎ᠪᠠᠷ ᠦᠭᠡ ᠬᠡᠯᠡᠪᠡ᠃
      ᠤᠯᠠᠨ᠎ᠤ ᠬᠡᠯᠡᠬᠦ ᠵᠢ ᠰᠣᠨᠣᠰᠤᠭᠰᠠᠨ᠎ᠤ ᠳᠠᠷᠠᠭ᠎ᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ᠎ᠤᠨ ᠲᠥᠪ ᠬᠤᠷᠢᠶ᠎ᠠ ᠰᠢᠨ᠎ᠡ ᠴᠠᠭ ᠦᠶ᠎ᠡ᠎ᠳᠤ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠵᠢ ᠠᠬᠢᠭᠤᠯᠵᠤ ᠰᠢᠨ᠎ᠡ ᠪᠠᠶ᠋ᠢᠷᠢᠰᠢᠯ᠎ᠢ ᠪᠦᠷᠢᠯᠳᠦᠭᠦᠯᠬᠦ ᠲᠤᠬᠠᠢ ᠪᠠᠶ᠋ᠢᠷᠢᠯᠠᠭᠤᠯᠤᠯᠲᠠ ᠬᠢᠭᠰᠡᠨ 5 ᠵᠢᠯ᠎ᠤᠨ ᠲᠤᠷᠰᠢ᠂ ᠪᠠᠷᠠᠭᠤᠨ ᠣᠷᠣᠨ᠎ᠤ ᠠᠮᠢ ᠠᠬᠤᠢ ᠣᠷᠴᠢᠨ ᠲᠣᠭᠤᠷᠢᠨ᠎ᠢ ᠬᠠᠮᠠᠭ᠋ᠠᠯᠠᠨ ᠰᠡᠷᠭᠦᠭᠡᠬᠦ ᠠᠵᠢᠯ ᠴᠢᠬᠤᠯᠠ ᠶᠡᠭᠡ ᠦᠷ᠎ᠡ ᠪᠦᠲᠦᠮᠵᠢ ᠣᠯᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠴᠢᠳᠠᠪᠤᠷᠢ ᠢᠯᠡᠳᠲᠡ ᠳᠡᠭᠡᠭᠰᠢᠯᠡᠵᠦ᠂ ᠨᠡᠭᠡᠭᠡᠯᠲᠡᠲᠤ ᠭᠡᠯᠪᠡᠷᠢ ᠵᠢᠨ ᠠᠵᠤ ᠠᠬᠤᠢ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠵᠤ᠂ ᠰᠠᠭᠤᠷᠢ ᠲᠥᠬᠦᠭᠡᠷᠦᠮᠵᠢ ᠵᠢᠨ ᠨᠥᠬᠦᠴᠡᠯ ᠶᠡᠭᠡ᠎ᠪᠠᠷ ᠰᠠᠶ᠋ᠢᠵᠢᠷᠠᠵᠤ᠂ ᠠᠷᠠᠳ᠎ᠤᠨ ᠠᠮᠢᠳᠤᠷᠠᠯ᠎ᠤᠨ ᠲᠦᠪᠰᠢᠨ ᠲᠣᠭᠲᠠᠭᠤᠨ ᠵᠶ᠋ᠠᠷ ᠳᠡᠭᠡᠭᠰᠢᠯᠡᠵᠦ᠂ ᠲᠣᠭᠲᠠᠭᠰᠠᠨ ᠬᠤᠭᠤᠴᠠᠭ᠋ᠠᠨ᠎ᠳᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠵᠤ᠂ ᠪᠦᠭᠦ ᠤᠯᠤᠰ᠎ᠲᠠᠢ ᠬᠠᠮᠲᠤ᠎ᠪᠠᠷ ᠴᠢᠨᠡᠭᠡᠯᠢᠭ ᠨᠡᠶ᠋ᠢᠭᠡᠮ᠎ᠢ ᠪᠦᠭᠦ ᠲᠠᠯ᠎ᠠ᠎ᠪᠠᠷ ᠪᠡᠶᠡᠯᠡᠭᠦᠯᠵᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ᠎ᠳᠤ ᠮᠣᠷᠳᠠᠪᠠ᠃ ᠡᠭᠦᠨ᠎ᠤ ᠬᠠᠮᠲᠤ᠂ ᠪᠠᠷᠠᠭᠤᠨ ᠣᠷᠣᠨ᠎ᠤ ᠬᠥᠭᠵᠢᠯᠲᠡ᠎ᠳᠤ ᠮᠥᠨ ᠬᠦ᠌ ᠴᠥᠭᠡᠨ ᠪᠤᠰᠤ ᠬᠦᠴᠢᠷᠳᠡᠯ ᠪᠠ ᠰᠢᠯᠭ᠋ᠠᠯᠲᠠ ᠲᠤᠯᠭ᠋ᠠᠷᠠᠵᠤ ᠪᠠᠶ᠋ᠢᠬᠤ ᠵᠢ ᠣᠯᠵᠤ ᠬᠠᠷᠠᠬᠤ ᠬᠡᠷᠡᠭᠲᠡᠢ᠂ ᠦᠨᠡᠨ ᠬᠦ᠌ ᠰᠤᠳᠤᠯᠤᠨ ᠰᠢᠢ᠍ᠳᠪᠦᠷᠢᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠢ ᠬᠥᠭᠵᠢᠭᠦᠯᠬᠦ᠎ᠪᠠᠷ ᠭᠤᠣᠯ ᠰᠢᠪᠲᠤᠯᠬᠤ ᠴᠢᠭᠯᠡᠯ ᠪᠤᠯᠭ᠋ᠠᠬᠤ ᠵᠢ ᠪᠠᠷᠢᠮᠲᠠᠯᠠᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠬᠥᠭᠵᠢᠭᠦᠯᠵᠦ᠂ ᠪᠠᠷᠠᠭᠤᠨ ᠣᠷᠣᠨ᠎ᠤ ᠠᠵᠤ ᠦᠢ᠍ᠯᠡᠰ᠎ᠤᠨ ᠭᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠭᠦᠯᠬᠦ ᠵᠢ ᠲᠦᠷᠭᠡᠳᠬᠡᠬᠦ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠴᠢᠩᠭ᠋ᠠᠳᠬᠠᠵᠤ᠂ ᠳᠡᠭᠡᠳᠦ ᠲᠠᠰ ᠳᠠᠪᠬᠤᠷᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢᠲᠠᠨ᠎ᠢ ᠢᠳᠡᠪᠬᠢᠲᠡᠢ ᠬᠥᠮᠥᠵᠢᠭᠦᠯᠬᠦ ᠪᠠ ᠣᠷᠣᠭᠤᠯᠤᠨ ᠠᠪᠴᠢᠷᠠᠵᠤ ᠰᠠᠶ᠋ᠢᠲᠤᠷ ᠬᠡᠷᠡᠭᠯᠡᠵᠦ᠂ ᠨᠢᠭᠡ ᠪᠦᠯᠦᠭ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠢ ᠴᠢᠷᠮᠠᠶ᠋ᠢᠨ ᠰᠢᠪᠲᠤᠯᠬᠤ ᠬᠡᠷᠡᠭᠲᠡᠢ᠃ ᠵᠡᠭᠦᠨ ᠳᠤᠮᠳᠠ ᠪᠠᠷᠠᠭᠤᠨ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠭᠦ ᠣᠷᠣᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ           ᠪᠦᠲᠦᠭᠡᠯ ᠎ᠢ ᠰᠢᠯᠵᠢᠭᠦᠯᠦᠨ ᠣᠨᠳᠣᠣᠰᠢᠭᠤᠯᠬᠤ ᠵᠢᠱ᠌ᠢᠶ᠎ᠡ ᠦᠵᠡᠭᠦᠯᠭᠦ ᠣᠷᠣᠨ᠎ᠢ ᠰᠠᠶ᠋ᠢᠲᠤᠷ ᠪᠦᠲᠦᠭᠡᠨ ᠪᠠᠶ᠋ᠢᠭᠤᠯᠬᠤ ᠬᠡᠷᠡᠭᠲᠡᠢ᠃ ᠤᠯᠠᠮᠵᠢᠯᠠᠯᠲᠤ ᠠᠵᠤ ᠦᠢ᠍ᠯᠡᠰ᠎ᠤᠨ ᠮᠡᠷᠭᠡᠵᠢᠯ᠎ᠤᠨ ᠥᠭᠡᠷᠡᠴᠢᠯᠡᠯᠲᠡ ᠵᠢ ᠲᠦᠷᠭᠡᠳᠬᠡᠵᠦ᠂ ᠭᠤᠣᠯᠳᠠᠯᠭ᠎ᠠ᠎ᠲᠠᠢ ᠠᠵᠢᠯ ᠲᠦᠷᠦᠯ᠎ᠤᠨ ᠲᠥᠬᠦᠭᠡᠷᠦᠮᠵᠢ ᠵᠢ ᠰᠢᠨᠡᠳᠬᠡᠨ ᠥᠭᠡᠷᠡᠴᠢᠯᠡᠬᠦ ᠵᠢ ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠠᠵᠤ ᠦᠢ᠍ᠯᠡᠰ᠎ᠢ ᠲᠡᠰ ᠳᠡᠪᠰᠢᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠭᠦ᠂ ᠦᠷ᠎ᠡ           ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠦᠷ᠎ᠡ ᠪᠦᠲᠦᠮᠵᠢ ᠪᠠ ᠦᠢ᠍ᠯᠡᠳᠬᠦᠨ᠎ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠬᠡᠮᠵᠢᠶ᠎ᠡ ᠵᠢ ᠳᠡᠭᠡᠭᠰᠢᠯᠡᠭᠦᠯᠭᠦ ᠬᠡᠷᠡᠭᠲᠡᠢ᠃ ᠲᠥᠪ᠎ᠠᠴᠠ ᠬᠠᠮᠢᠶᠠᠷᠴᠤ ᠪᠠᠶ᠋ᠢᠭ᠎ᠠ ᠠᠵᠤ ᠠᠬᠤᠶ᠋ᠢᠯᠠᠯ᠎ᠤᠨ ᠪᠠᠷᠠᠭᠤᠨ ᠣᠷᠣᠨ᠎ᠯᠤᠭ᠎ᠠ ᠠᠭᠤᠰᠤᠯᠴᠠᠨ ᠬᠥᠭᠵᠢᠬᠦ ᠵᠢ ᠠᠬᠢᠭᠤᠯᠬᠤ ᠬᠡᠷᠡᠭᠲᠡᠢ᠃ ᠵᠢᠭᠤᠯᠴᠢᠯᠠᠯ ᠵᠡᠷᠭᠡ ᠦᠢ᠍ᠯᠡᠴᠢᠯᠡᠭᠡᠨ᠎ᠤ ᠦᠢ᠍ᠯᠡᠰ᠎ᠢ ᠣᠷᠣᠨ ᠪᠦᠰᠡ ᠵᠢᠨ ᠲᠤᠯᠭ᠋ᠠᠭᠤᠷᠢ ᠠᠵᠤ ᠦᠢ᠍ᠯᠡᠰ ᠪᠣᠯᠭ᠋ᠠᠨ ᠪᠠᠶ᠋ᠢᠭᠤᠯᠬᠤ ᠬᠡᠷᠡᠭᠲᠡᠢ᠃ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠤᠳᠤ ᠦᠶ᠎ᠡ ᠵᠢᠨ ᠦᠢ᠍ᠯᠡᠳᠬᠦ ᠦᠢ᠍ᠯᠡᠰ ᠪᠠ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠰᠦᠪᠡᠭᠴᠢᠯᠡᠨ ᠬᠥᠭᠵᠢᠭᠦᠯᠵᠦ᠂ ᠢᠷᠡᠭᠡᠳᠦᠢ ᠵᠢᠨ ᠠᠵᠤ ᠦᠢ᠍ᠯᠡᠰ᠎ᠢ ᠪᠠᠶ᠋ᠢᠷᠢᠰᠢᠭᠤᠯᠤᠨ ᠪᠦᠲᠦᠭᠡᠨ ᠪᠠᠶ᠋ᠢᠭᠤᠯᠵᠤ᠂ ᠭᠠᠵᠠᠷ ᠣᠷᠣᠨ᠎ᠤ ᠬᠥᠭᠵᠢᠯᠲᠡ ᠵᠢᠨ ᠰᠢᠨ᠎ᠡ ᠬᠥᠳᠡᠯᠭᠡᠬᠦ ᠬᠦᠴᠦᠨ᠎ᠢ ᠪᠤᠢ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠥᠨᠳᠥᠷ ᠲᠦᠪᠰᠢᠨ ᠪᠦᠬᠦᠢ ᠬᠠᠮᠠᠭ᠋ᠠᠯᠠᠯᠲᠠ᠎ᠪᠠᠷ ᠴᠢᠨᠠᠷ ᠰᠠᠶ᠋ᠢᠲᠠᠢ ᠬᠥᠭᠵᠢᠯᠲᠡ ᠵᠢ ᠲᠤᠯᠭ᠋ᠠᠭᠤᠷᠢᠯᠠᠬᠤ ᠵᠢ ᠪᠠᠷᠢᠮᠲᠠᠯᠠᠵᠤ᠂ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠬᠡᠷᠡᠭᠲᠡᠢ᠃ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢ ᠨᠡᠭᠡᠭᠡᠨ ᠬᠥᠭᠵᠢᠭᠦᠯᠵᠦ ᠬᠠᠮᠠᠭ᠋ᠠᠯᠠᠬᠤ ᠪᠠᠶ᠋ᠢᠷᠢᠰᠢᠯ᠎ᠢ ᠰᠢᠯᠢᠳᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠴᠢᠬᠤᠯᠠ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ᠎ᠢ ᠲᠦᠷᠭᠡᠳᠬᠡᠨ ᠠᠬᠢᠭᠤᠯᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠬᠡᠷᠡᠭᠲᠡᠢ᠃ ᠠᠮᠢ ᠠᠬᠤᠢ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠣᠶ ᠰᠢᠭᠤᠢ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠨ ᠲᠦᠢ᠍ᠮᠡᠷ᠎ᠢ ᠤᠨᠲᠠᠷᠠᠭ᠋ᠠᠬᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠭᠤᠣᠯᠳᠠᠯᠭ᠎ᠠ᠎ᠲᠠᠢ ᠣᠷᠣᠨ ᠪᠦᠰᠡ᠂ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠪᠣᠬᠢᠷᠳᠤᠯ᠎ᠢ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ           ᠬᠡᠷᠡᠭᠲᠡᠢ᠃ ᠤᠯᠠᠮᠵᠢᠯᠠᠯᠲᠤ ᠠᠵᠤ ᠦᠢ᠍ᠯᠡᠰ᠎ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠥᠭᠡᠷᠡᠴᠢᠯᠡᠯᠲᠡ ᠵᠢ ᠶᠡᠭᠡ᠎ᠪᠠᠷ ᠠᠬᠢᠭᠤᠯᠵᠤ᠂ ᠨᠡᠭᠦᠷᠡᠰᠦ ᠵᠢ ᠴᠡᠪᠡᠷ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠡᠮᠬᠢ ᠵᠢᠷᠤᠮ᠎ᠲᠠᠢ᠎ᠪᠠᠷ ᠠᠬᠢᠭᠤᠯᠬᠤ ᠬᠡᠷᠡᠭᠲᠡᠢ᠃ ᠠᠮᠢ ᠠᠬᠤᠢ ᠵᠢᠨ ᠦᠢ᠍ᠯᠡᠳᠬᠦᠨ᠎ᠤ ᠦᠷᠳᠡᠭ᠎ᠢ ᠪᠡᠶᠡᠯᠡᠭᠦᠯᠬᠦ ᠲᠣᠭᠲᠠᠴᠠ ᠪᠠ ᠠᠮᠢ ᠠᠬᠤᠢ ᠵᠢᠨ ᠬᠠᠮᠠᠭ᠋ᠠᠯᠠᠯᠲᠠ᠎ᠳᠤ ᠨᠥᠬᠦᠪᠦᠷᠢ ᠥᠭᠬᠦ ᠬᠥᠨᠳᠡᠯᠡᠨ ᠴᠢᠭᠯᠡᠯ᠎ᠤᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠶᠡᠭᠡ ᠨᠡᠭᠡᠭᠡᠯᠲᠡ᠎ᠪᠠᠷ ᠶᠡᠭᠡ ᠨᠡᠭᠡᠭᠡᠨ ᠬᠥᠭᠵᠢᠭᠦᠯᠦᠯᠲᠡ ᠵᠢ ᠠᠬᠢᠭᠤᠯᠬᠤ ᠵᠢ ᠪᠠᠷᠢᠮᠲᠠᠯᠠᠵᠤ᠂ ᠪᠠᠷᠠᠭᠤᠨ ᠣᠷᠣᠨ᠎ᠤ ᠳᠣᠲᠣᠭ᠋ᠠᠳᠤ ᠭᠠᠳᠠᠭ᠋ᠠᠳᠤ ᠨᠡᠭᠡᠭᠡᠯᠲᠡ ᠵᠢᠨ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠪᠠᠷᠠᠭᠤᠨ ᠣᠷᠣᠨ᠎ᠤ ᠡᠬᠡ ᠬᠠᠭᠤᠷᠠᠢ ᠪᠠ ᠳᠠᠯᠠᠢ ᠵᠢᠨ ᠰᠢᠨ᠎ᠡ ᠨᠡᠪᠲᠡᠷᠡᠬᠦ ᠵᠠᠮ ᠱᠤᠭᠤᠮ᠎ᠤᠨ ᠪᠦᠲᠦᠭᠡᠨ ᠪᠠᠶ᠋ᠢᠭᠤᠯᠤᠯᠲᠠ ᠵᠢ ᠶᠡᠭᠡ᠎ᠪᠠᠷ ᠠᠬᠢᠭᠤᠯᠵᠤ᠂ ᠵᠠᠮ ᠳᠠᠭ᠋ᠠᠤ ᠵᠢᠨ ᠭᠠᠵᠠᠷ ᠣᠷᠣᠨ᠎ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠵᠢ ᠠᠬᠢᠭᠤᠯᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠭᠦᠨᠵᠡᠭᠡᠢ ᠠᠭᠤᠰᠤᠯᠴᠠᠬᠤ ᠬᠡᠷᠡᠭᠲᠡᠢ᠃ ᠬᠢᠯᠢ ᠳᠠᠭ᠋ᠠᠤ ᠭᠠᠵᠠᠷ ᠣᠷᠣᠨ᠎ᠤ ᠡᠯ᠎ᠡ ᠲᠦᠷᠦᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠂ ᠬᠢᠯᠢ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠂ ᠬᠢᠯᠢ ᠠᠯᠤᠰᠯᠠᠭᠰᠠᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠎ᠤ ᠪᠠᠶ᠋ᠢᠷᠢᠰᠢᠭᠤᠯᠤᠯᠲᠠ ᠵᠢ ᠲᠡᠭᠦᠯᠳᠡᠷᠵᠢᠭᠦᠯᠵᠦ᠂ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠳᠦᠷᠢᠮ᠎ᠤᠨ ᠭᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶ᠋ᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠢ ᠪᠤᠢ ᠪᠤᠯᠭ᠋ᠠᠬᠤ ᠬᠡᠷᠡᠭᠲᠡᠢ᠃ ᠣᠷᠣᠨ ᠪᠦᠰᠡ ᠵᠢᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ᠎ᠳᠤ ᠨᠡᠩ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠦ᠂ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ᠎ᠪᠠᠷ ᠠᠭᠤᠰᠤᠯᠴᠠᠵᠤ᠂ ᠵᠡᠭᠦᠨ ᠳᠤᠮᠳᠠ ᠪᠠᠷᠠᠭᠤᠨ ᠣᠷᠣᠨ᠎ᠤ ᠨᠡᠭᠡᠭᠡᠯᠲᠡ ᠵᠢᠨ ᠲᠠᠪᠴᠠᠩ᠎ᠤᠨ ᠵᠣᠯᠭ᠋ᠠᠭᠤᠯᠬᠤ ᠲᠣᠭᠲᠠᠴᠠ ᠵᠢᠨ ᠰᠢᠨ᠎ᠡ ᠵᠢ ᠡᠭᠦᠳᠴᠦ᠂ ᠵᠡᠭᠦᠨ ᠳᠤᠮᠳᠠ ᠬᠡᠰᠡᠭ᠂ ᠵᠡᠭᠦᠨ ᠬᠤᠶ᠋ᠢᠲᠤ ᠣᠷᠣᠨ᠎ᠯᠤᠭ᠎ᠠ ᠵᠢᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠬᠥᠭᠵᠢᠯᠲᠡ ᠪᠣᠯᠣᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ ᠵᠢ ᠪᠠᠷᠢᠮᠲᠠᠯᠠᠵᠤ᠂ ᠡᠨᠧᠷᠭᠢ ᠵᠢᠨ ᠡᠬᠢ ᠪᠠᠶᠠᠯᠢᠭ ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠠᠬᠢ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠭᠡᠯᠪᠡᠷᠢ ᠵᠢᠨ ᠡᠨᠧᠷᠭᠢ ᠵᠢᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠤᠯᠤᠰ᠎ᠤᠨ ᠨᠢᠭᠡ ᠪᠦᠯᠦᠭ ᠴᠢᠬᠤᠯᠠ ᠡᠨᠧᠷᠭᠢ ᠵᠢᠨ ᠰᠠᠭᠤᠷᠢᠨ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠬᠤᠭᠤᠯᠠᠢ ᠲᠣᠣᠷ᠎ᠤᠨ ᠬᠤᠯᠪᠣᠯᠳᠤᠨ ᠨᠡᠪᠲᠡᠷᠡᠯᠴᠡᠬᠦ ᠵᠢ ᠴᠢᠩᠭ᠋ᠠᠳᠬᠠᠵᠤ᠂ 《ᠪᠠᠷᠠᠭᠤᠨᠳᠡᠬᠢ ᠴᠠᠭᠢᠯᠭ᠋ᠠᠨ᠎ᠢ ᠵᠡᠭᠦᠨᠰᠢ ᠬᠦᠷᠭᠡᠬᠦ》 ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ᠃ ᠠᠭᠤᠷᠬᠠᠢ ᠵᠢᠨ ᠡᠬᠢ ᠪᠠᠶᠠᠯᠢᠭ᠎ᠢ ᠲᠥᠯᠥᠪᠵᠢᠭᠦᠯᠦᠨ ᠬᠠᠮᠢᠶᠠᠷᠤᠨ ᠡᠵᠡᠮᠳᠡᠬᠦ ᠪᠠ ᠬᠡᠪᠴᠢᠶᠡᠵᠢᠭᠦᠯᠦᠨ ᠡᠷᠴᠢᠮᠵᠢᠭᠦᠯᠵᠦ ᠨᠡᠭᠡᠭᠡᠨ ᠠᠰᠢᠭᠯᠠᠬᠤ ᠵᠢ ᠴᠢᠩᠭ᠋ᠠᠳᠬᠠᠵᠤ᠂ ᠤᠯᠤᠰ᠎ᠤᠨ ᠲᠡᠰ᠎ᠤᠨ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ ᠪᠠ ᠪᠤᠯᠪᠠᠰᠤᠷᠠᠭᠤᠯᠬᠤ ᠨᠢᠭᠡ ᠪᠦᠯᠦᠭ ᠰᠠᠭᠤᠷᠢᠨ᠎ᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ ᠤᠰᠤᠨ᠎ᠤ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠬᠤ ᠲᠦᠪᠰᠢᠨ᠎ᠢ ᠲᠡᠭᠡᠭᠰᠢᠯᠡᠭᠦᠯᠭᠦ ᠬᠡᠷᠡᠭᠲᠡᠢ᠃ ᠭᠠᠵᠠᠷ ᠣᠷᠣᠨ ᠠᠯᠤᠰᠯᠠᠭᠰᠠᠨ ᠠᠵᠤ ᠦᠢ᠍ᠯᠡᠰ᠎ᠤᠨ ᠬᠠᠮᠵᠢᠯᠴᠠᠭ᠎ᠠ ᠪᠠ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ ᠲᠣᠭᠲᠠᠴᠠ ᠵᠢᠨ ᠰᠢᠨ᠎ᠡ ᠵᠢ ᠡᠭᠦᠳᠴᠦ᠂ ᠠᠵᠤ ᠦᠢ᠍ᠯᠡᠰ᠎ᠤᠨ ᠱᠠᠲᠤᠯᠢᠭ ᠰᠢᠯᠵᠢᠯᠲᠡ ᠵᠢ ᠡᠮᠬᠢ ᠵᠢᠷᠤᠮ᠎ᠲᠠᠢ᠎ᠪᠠᠷ ᠵᠣᠯᠭ᠋ᠠᠭᠤᠯᠬᠤ ᠬᠡᠷᠡᠭᠲᠡᠢ᠃ ᠴᠧᠩᠳᠦ᠋ ᠴᠦᠩᠴᠢᠩ ᠣᠷᠣᠨ᠎ᠤ ᠬᠤᠶᠠᠷ ᠬᠤᠳᠠ ᠵᠢᠨ ᠠᠵᠤ ᠠᠬᠤᠢ ᠵᠢᠨ ᠴᠠᠭ᠋ᠠᠷᠢᠭ᠎ᠤᠨ ᠪᠦᠲᠦᠭᠡᠨ ᠪᠠᠶ᠋ᠢᠭᠤᠯᠤᠯᠲᠠ ᠵᠢ ᠶᠡᠭᠡ᠎ᠪᠠᠷ ᠠᠬᠢᠭᠤᠯᠵᠤ᠂ ᠬᠤᠳᠠ ᠵᠢᠨ ᠰᠦᠷᠦᠭᠵᠢᠯ᠎ᠢ ᠢᠳᠡᠪᠬᠢᠲᠡᠢ᠎ᠪᠠᠷ ᠪᠣᠶ᠋ᠢᠵᠢᠭᠤᠯᠤᠨ᠂ ᠨᠢᠭᠡ ᠪᠦᠯᠦᠭ ᠮᠤᠵᠢ ᠵᠢᠨ ᠬᠡᠪᠴᠢᠶᠡᠨ᠎ᠤ ᠳᠡᠳ᠋ ᠭᠤᠣᠯ ᠬᠤᠳᠠ ᠵᠢ ᠬᠥᠭᠵᠢᠭᠦᠯᠦᠨ ᠪᠤᠵᠠᠭ᠋ᠠᠶ᠋ᠢᠷᠠᠭᠤᠯᠵᠤ᠂ ᠬᠤᠳᠠ ᠵᠢᠨ ᠬᠤᠭᠤᠷᠣᠨᠳᠣᠭᠢ ᠰᠠᠭᠤᠷᠢ ᠲᠥᠬᠦᠭᠡᠷᠦᠮᠵᠢ ᠵᠢᠨ ᠬᠤᠯᠪᠣᠯᠳᠤᠨ ᠨᠡᠪᠲᠡᠷᠡᠯᠴᠡᠬᠦ᠂ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠠᠮᠲᠤ᠎ᠪᠠᠷ ᠡᠳ᠋ᠯᠡᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠰᠢᠨ᠎ᠡ ᠭᠡᠯᠪᠡᠷᠢ ᠵᠢᠨ ᠬᠤᠲᠠ ᠪᠠᠯᠭ᠋ᠠᠰᠤᠵᠢᠯᠲᠠ ᠪᠠ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠪᠠᠷᠢᠮᠲᠠᠯᠠᠨ᠂ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ ᠬᠡᠷᠡᠭᠲᠡᠢ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠤᠯᠤᠰ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠳᠣᠣᠷ᠎ᠠ ᠣᠷᠣᠯᠭ᠎ᠠ᠎ᠲᠠᠢ ᠬᠥᠮᠥᠨ ᠠᠮᠠ ᠪᠣᠯᠣᠨ ᠬᠥᠭᠵᠢᠭᠡᠳᠦᠢ ᠭᠠᠵᠠᠷ ᠣᠷᠣᠨ᠎ᠢ ᠪᠠᠶ᠋ᠢᠩᠭᠤ ᠬᠠᠪᠰᠤᠷᠤᠨ ᠲᠡᠳᠬᠦᠬᠦ ᠲᠣᠭᠲᠠᠴᠠ ᠵᠢ ᠪᠠᠶ᠋ᠢᠭᠤᠯᠵᠤ᠂ ᠬᠡᠪᠴᠢᠶᠡᠵᠢᠯ᠎ᠤᠨ ᠴᠢᠨᠠᠷᠲᠠᠢ ᠲᠠᠭᠢᠨ ᠶᠠᠳᠠᠭᠤᠷᠠᠬᠤ ᠵᠢ ᠡᠷᠡᠰ ᠰᠡᠷᠭᠡᠶ᠋ᠢᠯᠡᠬᠦ ᠬᠡᠷᠡᠭᠲᠡᠢ᠃ 《ᠮᠢᠩᠭ᠎ᠠ ᠲᠦᠮᠡ ᠵᠢᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ᠂ ᠣᠷᠣᠨ ᠪᠦᠰᠡ ᠵᠢᠨ ᠣᠨᠴᠠᠯᠢᠭ᠎ᠲᠠᠢ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠵᠢᠨ ᠵᠠᠭᠪᠤᠷ᠎ᠢ ᠪᠤᠢ ᠪᠤᠯᠭ᠋ᠠᠬᠤ ᠬᠡᠷᠡᠭᠲᠡᠢ᠃ ᠲᠤᠰ ᠲᠤᠰ᠎ᠤᠨ ᠣᠨᠴᠠᠯᠢᠭ ᠪᠦᠬᠦᠢ ᠰᠢᠶᠠᠨ᠎ᠤ ᠬᠡᠪᠴᠢᠶᠡᠨ᠎ᠤ ᠠᠵᠤ ᠠᠬᠤᠢ ᠵᠢ ᠬᠥᠭᠵᠢᠭᠦᠯᠵᠦ᠂ ᠨᠢᠭᠡ ᠪᠦᠯᠦᠭ ᠲᠠᠷᠢᠶᠠᠯᠠᠩ᠎ᠤᠨ ᠬᠦᠴᠦᠷᠬᠡᠭ ᠰᠢᠶᠠᠨ᠂ ᠠᠵᠤ ᠦᠢ᠍ᠯᠡᠳᠪᠦᠷᠢ ᠵᠢᠨ ᠲᠣᠮᠣ ᠰᠢᠶᠠᠨ᠂ ᠵᠢᠭᠤᠯᠴᠢᠯᠠᠯ᠎ᠤᠨ ᠨᠡᠷᠡᠳᠤ ᠰᠢᠶᠠᠨ᠎ᠢ ᠪᠣᠶ᠋ᠢᠵᠢᠭᠤᠯᠵᠤ᠂ ᠲᠠᠷᠢᠶᠠᠴᠢᠨ ᠲᠦᠮᠡᠨ᠎ᠤ ᠣᠶ᠋ᠢᠷ᠎ᠠ ᠬᠠᠪᠢ᠎ᠳᠠᠭᠠᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠬᠤᠳᠠ ᠪᠠᠯᠭ᠋ᠠᠰᠤᠵᠢᠯᠲᠠ ᠵᠢᠨ ᠠᠬᠢᠴᠠ ᠵᠢ ᠠᠬᠢᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠤᠨᠠᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠬᠤ ᠬᠠᠷᠢᠭᠤᠴᠠᠯᠭ᠎ᠠ ᠵᠢ ᠰᠠᠶ᠋ᠢᠲᠤᠷ ᠡᠭᠦᠷᠭᠡᠯᠡᠵᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠭᠦ           ᠬᠡᠷᠡᠭᠲᠡᠢ᠃ ᠬᠥᠳᠡᠭᠡ ᠲᠣᠰᠬᠤᠨ᠎ᠤ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠣᠯᠬᠢ ᠳᠠᠳᠬᠠᠯ᠎ᠢ ᠲᠡᠪᠴᠢᠵᠦ ᠰᠢᠨ᠎ᠡ ᠬᠡᠪ ᠰᠤᠷᠲᠠᠯ᠎ᠢ ᠳᠡᠯᠭᠡᠷᠡᠭᠦᠯᠬᠦ ᠵᠢ ᠠᠬᠢᠭᠤᠯᠵᠤ᠂ ᠴᠠᠭ ᠦᠶ᠎ᠡ ᠵᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶ᠋ᠢᠳᠠᠯ᠎ᠢ ᠢᠳᠡᠪᠬᠢᠲᠡᠢ ᠪᠤᠢ ᠪᠤᠯᠭ᠋ᠠᠬᠤ ᠬᠡᠷᠡᠭᠲᠡᠢ᠃ ᠨᠠᠮ᠎ᠤᠨ ᠵᠣᠬᠢᠶᠠᠨ ᠪᠠᠶ᠋ᠢᠭᠤᠯᠤᠯᠲᠠ᠎ᠠᠴᠠ ᠤᠳᠤᠷᠢᠳᠤᠭᠰᠠᠨ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ᠎ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠵᠢᠨ 《ᠹᠧᠩ ᠴᠢᠶᠣᠣ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠵᠢ ᠪᠠᠶ᠋ᠢᠩᠭᠤᠵᠢᠭᠤᠯᠬᠤ ᠵᠢ ᠪᠡᠶᠡᠯᠡᠭᠦᠯᠵᠦ᠂ ᠦᠨᠳᠦᠰᠦᠨ ᠱᠠᠲᠤᠨ᠎ᠤ ᠲᠣᠭᠲᠠᠭᠤᠨ᠂ ᠤᠯᠠᠨ ᠲᠦᠮᠡᠨ᠎ᠤ ᠠᠮᠤᠷ ᠠᠮᠤᠭᠤᠯᠠᠩ᠎ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ ᠪᠣᠯᠣᠨ ᠬᠢᠯᠢ ᠬᠢᠵᠠᠭ᠋ᠠᠷ᠎ᠤᠨ ᠲᠣᠭᠲᠠᠭᠤᠨ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ᠃ ᠦᠨᠳᠦᠰᠦᠲᠡᠨ᠎ᠤ ᠭᠠᠵᠠᠷ ᠣᠷᠣᠨ᠎ᠤ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠬᠥᠭᠵᠢᠯᠲᠡ ᠵᠢᠨ ᠪᠦᠭᠦ ᠶᠠᠪᠤᠴᠠ ᠪᠠ ᠡᠯ᠎ᠡ ᠲᠠᠯ᠎ᠠ᠎ᠳᠤ ᠲᠤᠭᠤᠰᠢᠯᠠᠭᠤᠯᠬᠤ ᠬᠡᠷᠡᠭᠲᠡᠢ᠃ ᠠᠷᠠᠳ᠎ᠤᠨ ᠠᠮᠢᠳᠤᠷᠠᠯ᠎ᠲᠠᠢ ᠨᠢᠭᠲᠠ ᠤᠶᠠᠯᠳᠤᠭᠤᠯᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠵᠤ᠂ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠭᠦᠯᠦᠨ᠂ ᠠᠷᠠᠳ᠎ᠤᠨ ᠠᠮᠢᠳᠤᠷᠠᠯ᠎ᠤᠨ ᠬᠤᠷᠢᠭ᠎ᠠ ᠱᠤᠭᠤᠮ᠎ᠢ ᠪᠠᠲᠤ ᠰᠠᠬᠢᠵᠤ᠂ ᠤᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶ᠋ᠢᠭ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ᠃ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠪᠦᠭᠦ ᠲᠠᠯ᠎ᠠ᠎ᠪᠠᠷ ᠣᠨᠣᠪᠴᠢᠲᠠᠶ ᠲᠤᠭᠤᠰᠢᠯᠠᠭᠤᠯᠵᠤ᠂ ᠬᠠᠷᠢᠯᠴᠠᠨ ᠠᠭᠤᠰᠤᠯᠴᠠᠭᠰᠠᠨ ᠮᠠᠶᠢᠭ᠎ᠤᠨ ᠨᠡᠶ᠋ᠢᠭᠡᠮ᠎ᠤᠨ ᠪᠦᠲᠦᠴᠡ ᠪᠠ ᠨᠡᠶ᠋ᠢᠭᠡᠮ ᠲᠣᠭᠤᠷᠢᠭ᠎ᠤᠨ ᠣᠷᠴᠢᠨ ᠲᠣᠭᠤᠷᠢᠨ᠎ᠢ ᠲᠦᠷᠭᠡᠳᠬᠡᠨ ᠪᠠᠶ᠋ᠢᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠨᠠᠮ᠎ᠤᠨ ᠱᠠᠰᠢᠨ ᠰᠤᠷᠲᠠᠬᠤᠨ᠎ᠤ ᠠᠵᠢᠯ᠎ᠤᠨ ᠦᠨᠳᠦᠰᠦᠨ ᠴᠢᠭᠯᠡᠯᠲᠡ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ᠂ ᠮᠠᠨ᠎ᠤ ᠤᠯᠤᠰ᠎ᠤᠨ ᠱᠠᠰᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠵᠤ᠂ ᠬᠠᠤᠯᠢ ᠪᠤᠰᠤ ᠱᠠᠰᠢᠨ ᠰᠤᠷᠲᠠᠬᠤᠨ᠎ᠤ ᠠᠵᠢᠯᠯᠠᠭ᠎ᠠ ᠵᠢ ᠦᠷᠭᠦᠯᠵᠢᠯᠡᠨ ᠵᠠᠰᠠᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠬᠢᠯᠢ ᠬᠢᠵᠠᠭ᠋ᠠᠷ ᠣᠷᠣᠨ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠬᠢᠯᠢ ᠬᠢᠵᠠᠭ᠋ᠠᠷ ᠣᠷᠣᠨ᠎ᠤ ᠰᠠᠭᠤᠷᠢ ᠲᠥᠬᠦᠭᠡᠷᠦᠮᠵᠢ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠢᠯᠢ ᠬᠢᠵᠠᠭ᠋ᠠᠷ᠎ᠤᠨ ᠵᠢᠭᠤᠯᠴᠢᠯᠠᠯ ᠵᠡᠷᠭᠡ ᠠᠵᠤ ᠦᠢ᠍ᠯᠡᠰ᠎ᠢ ᠬᠥᠭᠵᠢᠭᠦᠯᠵᠦ᠂ ᠬᠢᠯᠢ ᠬᠢᠵᠠᠭ᠋ᠠᠷ᠎ᠤᠨ ᠠᠷᠠᠳ ᠪᠠᠶᠠᠨ᠂ ᠬᠢᠯᠢ ᠵᠢᠨ ᠪᠣᠭᠤᠮᠲᠠ ᠦᠵᠡᠰᠭᠦᠯᠡᠩ ᠰᠠᠶ᠋ᠢᠬᠠᠨ᠂ ᠬᠢᠯᠢ ᠬᠢᠵᠠᠭ᠋ᠠᠷ ᠲᠣᠭᠲᠠᠭᠤᠨ᠂ ᠬᠢᠯᠢ ᠬᠢᠵᠠᠭ᠋ᠠᠷ ᠪᠠᠲᠤ ᠪᠠᠬᠢ ᠪᠠᠶ᠋ᠢᠬᠤ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ ᠬᠠᠮᠤᠭ᠎ᠤᠨ ᠡᠴᠦᠰ᠎ᠲᠤ᠂ ᠲᠥᠪ᠎ᠤᠨ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠤᠳᠤᠷᠢᠳᠬᠤ ᠳᠤᠭᠤᠶ᠋ᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠲᠥᠪ᠎ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠬᠠᠨᠳᠤᠯᠭ᠋ᠠᠲᠤ ᠴᠢᠨᠠᠷᠲᠠᠢ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠳᠤᠷᠠᠳᠬᠤ ᠬᠡᠷᠡᠭᠲᠡᠢ᠃ ᠪᠠᠷᠠᠭᠤᠨ ᠣᠷᠣᠨ᠎ᠤ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠣᠨ ᠵᠠᠰᠠᠭ᠎ᠤᠨ ᠣᠷᠳᠣᠨ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃ ᠵᠡᠭᠦᠨ ᠪᠠᠷᠠᠭᠤᠨ ᠣᠷᠣᠨ᠎ᠤ ᠬᠠᠮᠵᠢᠯᠴᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠠᠵᠢᠯ ᠲᠦᠷᠦᠯ ᠵᠶ᠋ᠠᠷ ᠵᠶ᠋ᠠᠨ ᠲᠤᠰᠠᠯᠠᠬᠤ᠂ ᠴᠡᠭ ᠲᠣᠭᠲᠠᠭ᠋ᠠᠨ ᠬᠠᠪᠰᠤᠷᠤᠨ ᠲᠡᠳᠬᠦᠬᠦ ᠵᠢ ᠭᠦᠨᠵᠡᠭᠡᠶ᠋ᠢᠷᠡᠭᠦᠯᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ           ᠥᠷᠭᠡᠳᠬᠡᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠰᠠᠶ᠋ᠢᠲᠤᠷ ᠠᠳᠬᠤᠵᠤ᠂ ᠬᠡᠯᠪᠡᠷᠢᠴᠢ ᠦᠵᠡᠯ᠎ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ           ᠬᠡᠷᠡᠭᠲᠡᠢ᠃ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠣᠭᠲᠠᠴᠠ ᠵᠢ ᠲᠡᠭᠦᠯᠳᠡᠷᠵᠢᠭᠦᠯᠵᠦ᠂ ᠴᠢᠬᠤᠯᠠ ᠶᠡᠭᠡ ᠲᠦᠷᠦ ᠵᠢᠨ ᠪᠣᠳᠣᠯᠭ᠎ᠠ ᠢᠯᠠᠩᠭᠤᠶ᠎ᠠ ᠠᠷᠠᠳ᠎ᠤᠨ ᠠᠮᠢᠳᠤᠷᠠᠯ᠎ᠳᠤ ᠬᠤᠯᠪᠣᠭᠳᠠᠬᠤ ᠲᠦᠷᠦ ᠵᠢᠨ ᠪᠣᠳᠣᠯᠭ᠎ᠠ ᠵᠢ ᠨᠡᠶ᠋ᠢᠲᠡᠯᠡᠬᠦ᠎ᠠᠴᠠ ᠡᠮᠦᠨ᠎ᠡ ᠭᠦᠢ᠍ᠴᠡᠳ ᠨᠤᠲᠠᠯᠠᠯᠲᠠ ᠬᠢᠬᠦ ᠪᠠ ᠠᠶᠤᠯ ᠲᠦᠭᠰᠢᠭᠦᠷᠢ ᠵᠢᠨ ᠦᠨᠡᠯᠡᠯᠲᠡ ᠬᠢᠵᠦ᠂ ᠬᠡᠷᠡᠭᠵᠢᠭᠦᠯᠬᠦ ᠶᠠᠪᠤᠴᠠ᠎ᠳᠤ ᠢᠯᠡᠷᠡᠭᠰᠡᠨ ᠠᠰᠠᠭᠤᠳᠠᠯ᠎ᠢ ᠴᠠᠭ ᠲᠤᠬᠠᠢ᠎ᠳᠤᠨᠢ ᠪᠠᠶ᠋ᠢᠴᠠᠭ᠋ᠠᠵᠤ᠂ ᠡᠷᠡᠰ ᠰᠢᠭᠤᠷᠬᠠᠢ ᠰᠢᠢ᠍ᠳᠪᠦᠷᠢᠯᠡᠬᠦ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ᠎ᠲᠠᠢ ᠲᠤᠰᠬᠠᠶ᠋ᠢᠵᠢᠭᠰᠠᠨ ᠺᠠᠳ᠋ᠷ᠎ᠤᠨ ᠡᠩᠨᠡᠭᠡ ᠵᠢ ᠪᠠᠶ᠋ᠢᠭᠤᠯᠵᠤ᠂ ᠬᠢᠨᠠᠨ ᠰᠢᠯᠭ᠋ᠠᠵᠤ ᠤᠷᠮᠠᠰᠢᠭᠤᠯᠬᠤ ᠳᠦᠷᠢᠮ᠎ᠢ ᠲᠣᠭᠲᠠᠭ᠋ᠠᠨ ᠪᠦᠷᠢᠨᠰᠢᠭᠦᠯᠵᠦ᠂ ᠦᠨᠳᠦᠰᠦᠨ ᠱᠠᠲᠤᠨ᠎ᠤ ᠺᠠᠳ᠋ᠷ ᠢᠯᠠᠩᠭᠤᠶ᠎ᠠ ᠨᠥᠬᠦᠴᠡᠯ ᠬᠠᠲᠠᠭᠤᠵᠢᠯᠲᠠᠢ ᠭᠠᠵᠠᠷ ᠣᠷᠣᠨ᠎ᠤ ᠺᠠᠳ᠋ᠷ᠎ᠢ ᠬᠠᠯᠠᠮᠵᠢᠯᠠᠨ ᠬᠠᠶ᠋ᠢᠷᠠᠯᠠᠵᠤ᠂ ᠺᠠᠳ᠋ᠷ᠎ᠤᠨ ᠡᠷᠡᠮᠡᠬᠡᠶ᠋ᠢᠯᠡᠨ ᠲᠠᠪᠰᠢᠬᠤ᠂ ᠵᠣᠷᠢᠭᠲᠠᠢ᠎ᠪᠠᠷ ᠵᠠᠮ ᠨᠡᠭᠡᠭᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠯᠢ ᠴᠢᠶᠠᠩ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠶ᠋ᠢᠯᠠᠭ᠋ᠠᠵᠤ᠂ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠭᠡ ᠲᠠᠯ᠎ᠠ᠎ᠠᠴᠠ ᠪᠣᠳᠣᠯᠬᠢᠯᠠᠵᠤ᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠵᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮᠲᠤ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠦᠭᠦ ᠲᠠᠯ᠎ᠠ᠎ᠳᠤ ᠲᠠᠯᠪᠢᠵᠤ ᠪᠠᠶ᠋ᠢᠷᠢ ᠲᠣᠭᠲᠠᠭ᠋ᠠᠨ ᠪᠣᠳᠣᠯᠬᠢᠯᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠨᠠᠷᠢᠯᠢᠬ ᠵᠦᠢ᠍ᠯᠡᠰ᠎ᠠᠴᠠ ᠭᠠᠷᠳᠠᠵᠤ᠂ ᠡᠯ᠎ᠡ ᠭᠠᠵᠠᠷ᠎ᠤᠨ ᠤᠤᠯ᠎ᠠᠴᠠ᠎ᠪᠠᠨ ᠪᠠᠶ᠋ᠢᠬᠤ ᠳᠠᠪᠠᠭᠤᠯᠢᠭ ᠨᠥᠬᠦᠴᠡᠯ᠂ ᠬᠥᠭᠵᠢᠯᠲᠡ ᠵᠢᠨ ᠳᠠᠯᠳᠠ ᠬᠦᠴᠦᠨ ᠵᠡᠷᠭᠡ ᠵᠥᠷᠢᠶ᠎ᠡ ᠵᠢ ᠦᠨᠳᠦᠰᠦᠯᠡᠨ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠢ᠃ ᠥᠪᠡᠷᠮᠢᠴᠡ ᠳᠠᠪᠠᠭᠤᠯᠢᠭ᠎ᠲᠠᠭᠠᠨ ᠰᠠᠭᠤᠷᠢᠯᠠᠵᠤ᠂ ᠣᠷᠣᠨ ᠪᠦᠰᠡ ᠵᠢᠨ ᠬᠥᠭᠵᠢᠯᠲᠡ ᠵᠢ ᠳᠠᠶ᠋ᠢᠴᠢᠯᠠᠬᠤ ᠨᠡᠩ ᠤᠯᠠᠨ ᠨᠡᠮᠡᠭᠳᠡᠯ᠎ᠤᠨ ᠲᠤᠶ᠋ᠢᠯ ᠨᠡᠮᠡᠭᠳᠡᠯ᠎ᠤᠨ ᠪᠦᠰᠡ ᠵᠢ ᠪᠣᠶ᠋ᠢᠵᠢᠭᠤᠯᠵᠤ᠂ ᠤᠯᠤᠰ ᠎ᠤᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠵᠤ᠂ ᠣᠨᠴᠠᠭ᠋ᠠᠢ ᠲᠦᠷᠦᠯ ᠭᠡᠯᠪᠡᠷᠢ ᠵᠢᠨ ᠭᠠᠵᠠᠷ ᠣᠷᠣᠨ᠎ᠤ ᠬᠥᠭᠵᠢᠯᠲᠡ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠣᠷᠣᠨ ᠨᠤᠲᠤᠭ᠎ᠤᠨ ᠥᠷᠢ ᠥᠭᠴᠡᠭᠡ ᠵᠢᠨ ᠠᠶᠤᠯ ᠲᠦᠭᠰᠢᠭᠦᠷᠢ ᠵᠢ ᠠᠷᠢᠯᠭ᠋ᠠᠬᠤ ᠪᠠ ᠲᠣᠭᠲᠠᠭᠤᠨ ᠵᠶ᠋ᠠᠷ ᠬᠥᠭᠵᠢᠭᠦᠯᠬᠦ ᠵᠢ ᠰᠠᠶ᠋ᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠳᠣᠲᠣᠭ᠋ᠠᠳᠤ ᠭᠠᠳᠠᠭ᠋ᠠᠳᠤ ᠨᠡᠭᠡᠭᠡᠯᠲᠡ ᠵᠢ ᠥᠷᠭᠡᠳᠬᠡᠵᠦ᠂ ᠤᠯᠤᠰ᠎ᠤᠨ ᠳᠣᠲᠣᠭ᠋ᠠᠳᠤ ᠵᠢᠨ ᠪᠤᠰᠤᠳ ᠣᠷᠣᠨ ᠪᠦᠰᠡ ᠵᠢᠨ ᠪᠠᠶ᠋ᠢᠯᠳᠤᠬᠤ ᠪᠣᠳᠣᠯᠭ᠎ᠠ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠤᠯᠠᠨ ᠤᠯᠤᠰ᠎ᠤᠨ ᠣᠷᠴᠢᠯ᠎ᠳᠤ ᠢᠳᠡᠪᠬᠢᠲᠡᠢ ᠠᠭᠤᠰᠤᠯᠴᠠᠵᠤ᠂ ᠪᠠᠷᠠᠭᠤᠨ ᠣᠷᠣᠨ᠎ᠤ ᠬᠥᠭᠵᠢᠯᠲᠡ ᠵᠢᠨ ᠬᠥᠳᠡᠯᠭᠡᠬᠦ ᠬᠦᠴᠦᠨ ᠠᠮᠢᠵᠢᠷᠠᠯ᠎ᠤᠨ ᠬᠦᠴᠦᠨ᠎ᠢ ᠴᠢᠩᠭ᠋ᠠᠳᠬᠠᠬᠤ ᠬᠡᠷᠡᠭᠲᠡᠢ ᠭᠡᠵᠦ           ᠢᠯᠡᠷᠬᠡᠶ᠋ᠢᠯᠡᠪᠡ᠃
      ᠳ᠋ᠢᠩ ᠰᠢᠤᠸᠠᠢ ᠰᠢᠶᠠᠩ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭ᠋ᠠᠯᠠᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠵᠢ ᠲᠠᠰᠤᠷᠠᠯᠲᠠ ᠦᠭᠡᠢ ᠰᠢᠨ᠎ᠡ ᠳᠡᠭᠲᠡᠷ᠎ᠲᠤ ᠭᠠᠷᠭ᠋ᠠᠬᠤ ᠵᠢ ᠠᠬᠢᠭᠤᠯᠬᠤ ᠬᠡᠷᠡᠭᠲᠡᠢ᠃ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ ᠴᠢᠬᠤᠯᠠ ᠶᠡᠭᠡ ᠡᠭᠦᠷᠭᠡ ᠵᠢ ᠰᠠᠶ᠋ᠢᠲᠤᠷ ᠡᠭᠦᠷᠭᠡᠯᠡᠵᠦ᠂ ᠠᠮᠢ ᠠᠬᠤᠢ ᠵᠢ ᠬᠠᠮᠠᠭ᠋ᠠᠯᠠᠬᠤ ᠪᠠ ᠵᠠᠰᠠᠨ ᠰᠡᠷᠭᠦᠭᠡᠬᠦ ᠵᠢ ᠴᠢᠩᠭ᠋ᠠᠳᠬᠠᠵᠤ᠂ ᠠᠮᠢ ᠠᠬᠤᠢ ᠵᠢᠨ ᠰᠢᠰᠲ᠋ᠧᠮ᠎ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ᠎ᠢ ᠳᠡᠭᠡᠭᠰᠢᠯᠡᠭᠦᠯᠭᠦ ᠬᠡᠷᠡᠭᠲᠡᠢ᠃ ᠪᠣᠬᠢᠷᠳᠤᠯ᠎ᠢ ᠰᠡᠷᠭᠡᠶ᠋ᠢᠯᠡᠨ ᠵᠠᠰᠠᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠦᠷᠭᠦᠯᠵᠢᠯᠡᠨ ᠭᠦᠨᠵᠡᠭᠡᠢ ᠰᠠᠶ᠋ᠢᠲᠤᠷ ᠬᠢᠵᠦ᠂ ᠣᠨᠣᠴᠠᠲᠠᠢ᠂ ᠰᠢᠨᠵᠢᠯᠡᠬᠦ ᠤᠬᠠᠭ᠋ᠠᠨᠴᠢ᠂ ᠬᠠᠤᠯᠢ ᠶᠣᠰᠣᠭ᠋ᠠᠷ ᠪᠣᠬᠢᠷᠳᠤᠯ᠎ᠢ ᠵᠠᠰᠠᠬᠤ ᠵᠢ ᠪᠠᠷᠢᠮᠲᠠᠯᠠᠨ᠂ ᠠᠮᠢ ᠠᠬᠤᠢ ᠣᠷᠴᠢᠨ ᠲᠣᠭᠤᠷᠢᠨ᠎ᠤ ᠶᠠᠰᠤ ᠴᠢᠨᠠᠷ᠎ᠢ ᠲᠠᠰᠤᠷᠠᠯᠲᠠ ᠦᠭᠡᠢ ᠰᠠᠶ᠋ᠢᠵᠢᠷᠠᠭᠤᠯᠬᠤ ᠬᠡᠷᠡᠭᠲᠡᠢ᠃ ᠬᠥᠭᠵᠢᠯᠲᠡ ᠵᠢᠨ ᠭᠡᠯᠪᠡᠷᠢ ᠵᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠬᠥᠭᠵᠢᠭᠦᠯᠵᠦ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠢᠳᠡᠪᠬᠢᠲᠡᠢ ᠪᠥᠭᠡᠳ ᠯᠠᠪᠳᠠᠭᠤᠨ ᠵᠶ᠋ᠠᠷ ᠠᠬᠢᠭᠤᠯᠬᠤ ᠬᠡᠷᠡᠭᠲᠡᠢ ᠭᠡᠵᠦ ᠢᠯᠡᠷᠬᠡᠶ᠋ᠢᠯᠡᠪᠡ᠃
      ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ᠍ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ᠎ᠳᠤ ᠣᠷᠣᠯᠴᠠᠵᠤ᠂ ᠲᠥᠪ ᠪᠠ ᠲᠥᠷᠥ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠨᠥᠬᠦᠳ ᠶᠠᠷᠢᠯᠴᠠᠬᠤ ᠬᠤᠷᠠᠯ᠎ᠳᠤ ᠣᠷᠣᠯᠴᠠᠪᠠ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠴᠦᠩᠴᠢᠩ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠥᠭᠡᠷᠡᠴᠢᠯᠡᠯᠲᠡ ᠨᠡᠭᠡᠭᠡᠯᠲᠡ ᠵᠢ ᠴᠢᠨᠠᠭᠰᠢᠳᠠ ᠭᠦᠨᠵᠡᠭᠡᠶ᠋ᠢᠷᠡᠭᠦᠯᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠴᠦᠩᠴᠢᠩ᠎ᠤᠨ ᠬᠠᠭᠤᠳᠠᠰᠤ ᠵᠢ ᠲᠠᠰᠤᠷᠠᠯᠲᠠ ᠦᠭᠡᠢ ᠪᠢᠴᠢᠭᠯᠡᠬᠦ ᠬᠡᠷᠡᠭᠲᠡᠢ ᠼᠠᠢ ᠴᠢ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ
ᠰᠢ ᠵᠢᠨ ᠫᠢᠩ ᠬᠠᠭᠤᠷᠠᠢ ᠵᠠᠮ᠎ᠤᠨ ᠴᠡᠷᠢᠭ᠎ᠤᠨ ᠡᠮᠴᠢ ᠵᠢᠨ ᠶᠡᠭᠡ ᠰᠤᠷᠭ᠋ᠠᠭᠤᠯᠢ᠎ᠳᠤ ᠠᠵᠢᠯ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠲᠠᠶ᠋ᠢᠨ᠎ᠤ ᠲᠠᠯᠠᠪᠤᠷ᠎ᠲᠤ ᠬᠠᠨᠳᠤᠵᠤ ᠴᠡᠷᠢᠭ ᠠᠩᠭᠢ᠎ᠳᠤ ᠬᠠᠨᠳᠤᠵᠤ ᠢᠷᠡᠭᠡᠳᠦᠢ᠎ᠳᠤ ᠬᠠᠨᠳᠤᠵᠤ ᠳᠡᠯᠡᠬᠡᠢ ᠵᠢᠨ ᠲᠡᠷᠢᠭᠦᠨ ᠵᠡᠷᠭᠡ ᠵᠢᠨ ᠴᠡᠷᠢᠭ᠎ᠤᠨ ᠡᠮᠴᠢ ᠵᠢᠨ ᠶᠡᠭᠡ ᠰᠤᠷᠭ᠋ᠠᠭᠤᠯᠢ ᠵᠢ ᠴᠢᠷᠮᠠᠶ᠋ᠢᠨ ᠪᠠᠶ᠋ᠢᠭᠤᠯᠬᠤ ᠬᠡᠷᠡᠭᠲᠡᠢ
ᠰᠢ ᠵᠢᠨ ᠫᠢᠩ ᠫᠠᠷᠢᠰ᠎ᠲᠤ ᠬᠦᠷᠴᠦ ᠹᠷᠠᠨᠼᠢ᠎ᠳᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠵᠦ ᠡᠬᠢᠯᠡᠪᠡ
ᠰᠢ ᠵᠢᠨ ᠫᠢᠩ ᠰᠧᠷᠪᠢᠶ᠎ᠠ ᠵᠢᠨ ᠶᠡᠷᠦᠩᠬᠡᠶ᠋ᠢᠯᠡᠭᠴᠢ ᠥᠴᠢᠴᠢ᠎ᠲᠠᠢ ᠬᠡᠯᠡᠯᠴᠡᠭᠡ ᠬᠢᠪᠡ
ᠰᠢ ᠵᠢᠨ ᠫᠢᠩ ᠪᠦᠳᠠᠫᠧᠰᠲ᠎ᠲᠤ ᠬᠦᠷᠴᠦ ᠬᠠᠩᠭ᠋ᠠᠷᠢ᠎ᠳᠠᠬᠢ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ᠎ᠪᠠᠨ ᠡᠬᠢᠯᠡᠭᠦᠯᠪᠡ
 
             蒙ICP备05000248号