ᠰᠢᠨᠬᠤᠸᠠ ᠬᠤᠷᠢᠶ᠎ᠠ ᠵᠢᠨ ᠴᠦᠩᠴᠢᠩ᠎ᠤᠨ 4 ᠰᠠᠷ᠎ᠠ ᠵᠢᠨ 24᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠶ᠋ᠢᠷ᠎ᠠ ᠵᠢᠨ ᠡᠳᠦᠷ ᠴᠦᠩᠴᠢᠩ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ᠂ ᠴᠦᠩᠴᠢᠩ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠨᠠᠮ᠎ᠤᠨ ᠭᠤᠣᠯ ᠡᠭᠦᠷᠭᠡ ᠪᠣᠯᠣᠨ ᠨᠠᠮ᠎ᠤᠨ ᠲᠥᠪ ᠬᠤᠷᠢᠶ᠎ᠠ᠎ᠠᠴᠠ ᠳᠠᠭ᠋ᠠᠭ᠋ᠠᠯᠭ᠋ᠠᠭᠰᠠᠨ ᠡᠭᠦᠷᠭᠡ᠎ᠪᠠᠷ ᠪᠠᠷᠢᠮᠵᠢᠶᠠᠯᠠᠵᠤ᠂ ᠬᠠᠷᠢᠴᠠᠩᠭᠤᠢ ᠳᠠᠪᠠᠭᠤᠯᠢᠭ᠂ ᠬᠤᠵᠢᠭᠤ ᠬᠥᠭᠵᠢᠯᠲᠡ ᠵᠢᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠤᠨ᠂ ᠥᠭᠡᠷᠡᠴᠢᠯᠡᠯᠲᠡ ᠨᠡᠭᠡᠭᠡᠯᠲᠡ ᠵᠢ ᠴᠢᠨᠠᠭᠰᠢᠳᠠ ᠭᠦᠨᠵᠡᠭᠡᠶ᠋ᠢᠷᠡᠭᠦᠯᠵᠦ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠰᠢᠨ᠎ᠡ ᠴᠠᠭ ᠦᠶ᠎ᠡ ᠵᠢᠨ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠴᠢᠬᠤᠯᠠ ᠪᠠᠶ᠋ᠢᠯᠳᠤᠬᠤ ᠪᠣᠳᠣᠯᠭ᠎ᠠ ᠵᠢᠨ ᠲᠤᠯᠬᠤ ᠴᠡᠭ᠂ ᠳᠣᠲᠣᠭ᠋ᠠᠳᠤ ᠬᠠᠭᠤᠷᠠᠢ ᠵᠢᠨ ᠨᠡᠭᠡᠭᠡᠯᠲᠡ ᠵᠢᠨ ᠶᠡᠷᠦᠩᠬᠡᠶ᠋ᠢᠯᠡᠭᠰᠡᠨ ᠬᠦᠢ᠍ᠰᠦ ᠵᠢ ᠬᠦᠴᠦᠯᠡᠨ ᠪᠠᠶ᠋ᠢᠭᠤᠯᠵᠤ᠂ 《ᠭᠤᠷᠪᠠᠨ ᠦᠢ᠍ᠯᠡᠳᠦᠯ》 ᠢ ᠪᠠᠳᠠᠷᠠᠭᠤᠯᠬᠤ ᠲᠠᠯ᠎ᠠ᠎ᠪᠠᠷ ᠨᠡᠩ ᠶᠡᠭᠡ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠴᠦᠩᠴᠢᠩ᠎ᠤᠨ ᠬᠠᠭᠤᠳᠠᠰᠤ ᠵᠢ ᠲᠠᠰᠤᠷᠠᠯᠲᠠ ᠦᠭᠡᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃

4 ᠰᠠᠷ᠎ᠠ ᠵᠢᠨ 22᠎ᠠᠴᠠ 24᠎ᠤ ᠡᠳᠦᠷ ᠪᠤᠯᠲᠠᠯ᠎ᠠ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠴᠦᠩᠴᠢᠩ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠣᠯ 22᠎ᠤᠨ ᠦᠳᠡ ᠵᠢᠨ ᠬᠤᠶ᠋ᠢᠨ᠎ᠠ᠂ᠰᠢ ᠵᠢᠨ ᠫᠢᠩ ᠴᠦᠩᠴᠢᠩ᠎ᠤᠨ ᠤᠯᠠᠨ ᠤᠯᠤᠰ᠎ᠤᠨ ᠪᠠᠷᠠᠭ᠋ᠠᠨ᠎ᠤ ᠭᠦᠢ᠍ᠯᠭᠡᠭᠡ ᠵᠢᠨ ᠬᠦᠢ᠍ᠰᠦ ᠬᠦᠷᠢᠶᠡᠯᠡᠩ ᠲᠣᠭᠤᠷᠢᠭ᠎ᠤᠨ ᠴᠦᠩᠴᠢᠩ᠎ᠤᠨ ᠲᠡᠮᠦᠷ ᠵᠠᠮ᠎ᠤᠨ ᠴᠢᠩᠭᠡᠯᠢᠭᠲᠦ ᠪᠠᠷᠠᠭ᠎ᠠ ᠵᠢᠨ ᠲᠡᠭᠡᠭᠡᠪᠦᠷᠢᠯᠡᠯᠲᠡ ᠵᠢᠨ ᠭᠤᠣᠯ ᠥᠷᠲᠡᠭᠡ᠎ᠳᠤ ᠠᠴᠢᠶᠠᠨ᠎ᠤ ᠮᠠᠰᠢᠨ ᠲᠡᠷᠭᠡᠨ᠎ᠤ ᠵᠢᠯᠣᠭᠤᠴᠢ᠂ ᠭᠠᠯᠲᠤ ᠲᠡᠷᠭᠡᠨ᠎ᠤ ᠵᠢᠯᠣᠭᠤᠴᠢ᠂ ᠲᠡᠭᠡᠭᠡᠵᠦ ᠪᠠᠭᠤᠯᠭ᠋ᠠᠬᠤ ᠠᠵᠢᠯᠴᠢᠨ᠂ ᠲᠠᠯᠠᠪᠤᠷ ᠥᠷᠲᠡᠭᠡ ᠵᠢᠨ ᠬᠠᠮᠢᠶᠠᠷᠤᠯᠲᠠ ᠵᠢᠨ ᠠᠵᠢᠯᠲᠠᠳ᠎ᠲᠠᠢ ᠳᠣᠲᠣᠨᠣ᠎ᠪᠠᠷ ᠶᠠᠷᠢᠯᠴᠠᠵᠤ ᠪᠠᠶ᠋ᠢᠭ᠎ᠠ᠎ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠸᠠᠩ ᠶᠧ ᠰᠡᠭᠦᠳᠡᠷᠯᠡᠪᠡ
4 ᠰᠠᠷ᠎ᠠ ᠵᠢᠨ 22᠎ᠠᠴᠠ 24᠎ᠤ ᠡᠳᠦᠷ ᠪᠤᠯᠲᠠᠯ᠎ᠠ᠂ ᠰᠢ ᠵᠢᠨ ᠫᠢᠩ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ᠂ ᠴᠦᠩᠴᠢᠩ ᠬᠤᠳᠠ ᠵᠢᠨ ᠨᠠᠮ᠎ᠤᠨ ᠬᠤᠷᠢᠶ᠎ᠠ ᠵᠢᠨ ᠱᠦᠵᠢ ᠶᠤᠸᠠᠨ ᠵᠢᠶᠠ ᠵᠢᠶᠦ᠋ᠨ ᠪᠣᠯᠣᠨ ᠬᠤᠳᠠ ᠵᠢᠨ ᠳᠠᠷᠤᠭ᠎ᠠ ᠬᠤ᠌ ᠾᠧᠩ ᠬᠤᠸᠠ ᠵᠢᠨ ᠪᠠᠷ᠎ᠠ ᠪᠤᠯᠤᠯᠭ᠎ᠠ᠎ᠲᠠᠢ᠎ᠪᠠᠷ᠂ ᠪᠠᠷᠠᠭ᠋ᠠᠨ᠎ᠤ ᠭᠦᠢ᠍ᠯᠭᠡᠭᠡ ᠵᠢᠨ ᠬᠦᠷᠢᠶᠡᠯᠡᠩ ᠲᠣᠭᠤᠷᠢᠭ᠂ ᠬᠤᠳᠠ ᠵᠢᠨ ᠨᠡᠶ᠋ᠢᠭᠡᠮ ᠲᠣᠭᠤᠷᠢᠭ᠂ ᠲᠣᠭ᠋ᠠᠴᠢᠯᠠᠭᠰᠠᠨ ᠬᠤᠳᠠ ᠵᠢᠨ ᠠᠵᠢᠯᠯᠠᠭ᠋ᠠᠨ ᠪᠣᠯᠣᠨ ᠵᠠᠰᠠᠯᠲᠠ ᠵᠢᠨ ᠲᠥᠪ ᠵᠡᠷᠭᠡ᠎ᠪᠠᠷ ᠭᠦᠨᠵᠡᠭᠡᠶ᠋ᠢᠷᠡᠨ ᠰᠢᠨᠵᠢᠯᠡᠨ ᠪᠠᠶ᠋ᠢᠴᠠᠭ᠋ᠠᠪᠠ᠃

4 ᠰᠠᠷ᠎ᠠ ᠵᠢᠨ 22᠎ᠠᠴᠠ 24᠎ᠤ ᠡᠳᠦᠷ ᠪᠤᠯᠲᠠᠯ᠎ᠠ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠴᠦᠩᠴᠢᠩ᠎ᠳᠤ ᠰᠢᠨᠵᠢᠯᠡᠨ ᠪᠠᠶ᠋ᠢᠴᠠᠭ᠋ᠠᠪᠠ᠃ ᠵᠢᠷᠤᠭ ᠪᠣᠯ 22᠎ᠤᠨ ᠦᠳᠡ ᠵᠢᠨ ᠬᠤᠶ᠋ᠢᠨ᠎ᠠ᠂ ᠰᠢ ᠵᠢᠨ ᠫᠢᠩ ᠵᠢᠦ ᠯᠦᠩ ᠫᠥᠸᠧ ᠲᠣᠭᠤᠷᠢᠭ᠎ᠤᠨ ᠰᠢᠶᠧ ᠵᠢᠶᠠ ᠸᠠᠨ ᠵᠡᠭᠡᠯᠢ ᠭᠤᠳᠤᠮᠵᠢ ᠵᠢᠨ ᠮᠢᠨ ᠵᠦ᠍ ᠲᠣᠰᠬᠤᠨ᠎ᠤ ᠨᠡᠶ᠋ᠢᠭᠡᠮ ᠲᠣᠭᠤᠷᠢᠭ᠎ᠲᠤ ᠰᠢᠨᠵᠢᠯᠡᠨ ᠪᠠᠶ᠋ᠢᠴᠠᠭ᠋ᠠᠬᠤ ᠦᠶ᠎ᠡ᠎ᠳᠤ᠂ ᠨᠡᠶ᠋ᠢᠭᠡᠮ ᠲᠣᠭᠤᠷᠢᠭ᠎ᠤᠨ ᠰᠠᠭᠤᠭ᠋ᠠᠯᠢ ᠠᠷᠠᠳ᠎ᠲᠠᠢ ᠳᠣᠲᠣᠨᠣ᠎ᠪᠠᠷ ᠶᠠᠷᠢᠯᠴᠠᠵᠤ ᠪᠠᠶ᠋ᠢᠭ᠎ᠠ᠎ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠵᠢᠦᠢ ᠫᠧᠩ ᠰᠡᠭᠦᠳᠡᠷᠯᠡᠪᠡ
22᠎ᠤᠨ ᠦᠳᠡ ᠵᠢᠨ ᠬᠤᠶ᠋ᠢᠨ᠎ᠠ᠂ ᠰᠢ ᠵᠢᠨ ᠫᠢᠩ ᠡᠩ ᠲᠡᠷᠢᠭᠦᠨ᠎ᠳᠤ ᠴᠦᠩᠴᠢᠩ᠎ᠤᠨ ᠤᠯᠠᠨ ᠤᠯᠤᠰ᠎ᠤᠨ ᠪᠠᠷᠠᠭ᠋ᠠᠨ᠎ᠤ ᠭᠦᠢ᠍ᠯᠭᠡᠭᠡ ᠵᠢᠨ ᠬᠦᠢ᠍ᠰᠦ ᠬᠦᠷᠢᠶᠡᠯᠡᠩ ᠲᠣᠭᠤᠷᠢᠭ᠎ᠲᠤ ᠰᠢᠨᠵᠢᠯᠡᠨ ᠪᠠᠶ᠋ᠢᠴᠠᠭ᠋ᠠᠪᠠ᠃ ᠲᠡᠷᠡ ᠪᠠᠷᠠᠭᠤᠨ ᠣᠷᠣᠨ᠎ᠤ ᠡᠬᠡ ᠬᠠᠭᠤᠷᠠᠢ ᠪᠠ ᠲᠡᠯᠡᠶ ᠵᠢᠨ ᠰᠢᠨ᠎ᠡ ᠨᠡᠪᠲᠡᠷᠡᠬᠦ ᠵᠠᠮ᠎ᠤᠨ ᠴᠦᠩᠴᠢᠩ᠎ᠤᠨ ᠬᠠᠭᠤᠷᠠᠢ ᠭᠠᠷᠠᠮ᠎ᠤᠨ ᠡᠵᠡᠩᠨᠡᠯᠲᠡ ᠲᠣᠬᠢᠷᠠᠭᠤᠯᠤᠯᠲᠠ ᠵᠢᠨ ᠲᠥᠪ᠎ᠲᠤ ᠬᠦᠷᠴᠦ᠂ ᠰᠢᠨ᠎ᠡ ᠨᠡᠪᠲᠡᠷᠡᠬᠦ ᠵᠠᠮ᠎ᠤᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠰᠢ ᠵᠢᠨ ᠫᠢᠩ᠂ ᠪᠠᠷᠠᠭ᠋ᠠᠨ᠎ᠤ ᠭᠦᠢ᠍ᠯᠭᠡᠭᠡ ᠪᠣᠯ ᠪᠣᠳᠠᠲᠤ ᠴᠣᠭᠴᠠ ᠵᠢᠨ ᠠᠵᠤ ᠠᠬᠤᠢ ᠵᠢᠨ 《ᠰᠤᠳᠠᠰᠤ 》 ᠮᠥᠨ᠃ ᠪᠠᠷᠠᠭᠤᠨ ᠣᠷᠣᠨ᠎ᠤ ᠡᠬᠡ ᠬᠠᠭᠤᠷᠠᠢ ᠪᠠ ᠲᠠᠯᠠᠢ ᠵᠢᠨ ᠰᠢᠨ᠎ᠡ ᠨᠡᠪᠲᠡᠷᠡᠬᠦ ᠵᠠᠮ᠎ᠢ ᠪᠠᠶ᠋ᠢᠭᠤᠯᠬᠤ᠎ᠨᠢ 《ᠡᠬᠡ ᠬᠠᠭᠤᠷᠠᠢ ᠲᠠᠯᠠᠢ ᠲᠠᠩᠭᠢᠰ ᠳᠣᠲᠣᠭ᠋ᠠᠳᠤ ᠭᠠᠳᠠᠭ᠋ᠠᠳᠤ ᠬᠤᠯᠪᠣᠯᠳᠤᠨ ᠬᠥᠳᠡᠯᠦᠯᠴᠡᠵᠦ᠂ ᠵᠡᠭᠦᠨᠰᠢ ᠪᠠᠷᠠᠭᠤᠨᠰᠢ ᠬᠤᠣᠰ ᠴᠢᠭᠯᠡᠯ ᠵᠶ᠋ᠠᠷ ᠬᠠᠷᠢᠯᠴᠠᠨ ᠲᠤᠰᠠᠯᠠᠬᠤ 》 ᠭᠠᠳᠠᠭ᠋ᠠᠳᠤ ᠨᠡᠭᠡᠭᠡᠯᠲᠡ ᠵᠢᠨ ᠪᠠᠶ᠋ᠢᠷᠢᠰᠢᠯ᠎ᠢ ᠪᠤᠢ ᠪᠤᠯᠭ᠋ᠠᠬᠤ ᠵᠢ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠡᠯ᠎ᠡ ᠬᠤᠯᠪᠣᠭᠳᠠᠯ ᠪᠦᠬᠦᠢ ᠲᠠᠯ᠎ᠠ ᠵᠢᠨ᠎ᠬᠢᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠡᠨᠡ ᠬᠦ᠌ ᠪᠡᠯᠭᠡ ᠲᠡᠮᠳᠡᠭ᠎ᠤᠨ ᠴᠢᠨᠠᠷᠲᠠᠢ ᠲᠥᠷᠥᠯ ᠵᠦᠢ᠍ᠯ᠎ᠢ ᠰᠠᠶ᠋ᠢᠲᠤᠷ ᠪᠦᠲᠦᠭᠡᠨ ᠪᠠᠶ᠋ᠢᠭᠤᠯᠵᠤ᠂ ᠰᠠᠶ᠋ᠢᠲᠤᠷ ᠡᠵᠡᠩᠨᠡᠵᠦ᠂ ᠪᠠᠷᠠᠭᠤᠨ ᠣᠷᠣᠨ ᠪᠣᠯᠣᠨ ᠳᠣᠲᠣᠭ᠋ᠠᠳᠤ ᠬᠠᠭᠤᠷᠠᠢ ᠵᠢᠨ ᠭᠠᠵᠠᠷ ᠣᠷᠣᠨ᠎ᠤ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠳᠠᠶ᠋ᠢᠴᠢᠯᠠᠬᠤ ᠬᠡᠷᠡᠭᠲᠡᠢ᠃ ᠪᠠᠷᠠᠭ᠋ᠠᠨ᠎ᠤ ᠭᠦᠢ᠍ᠯᠭᠡᠭᠡ ᠵᠢᠨ ᠬᠦᠷᠢᠶᠡᠯᠡᠩ ᠲᠣᠭᠤᠷᠢᠭ ᠲᠡᠷᠢᠭᠦᠨ᠎ᠤ ᠮᠡᠷᠭᠡᠵᠢᠯ᠎ᠢ ᠢᠳᠡᠪᠬᠢᠲᠡᠢ᠎ᠪᠠᠷ ᠬᠡᠷᠡᠭᠯᠡᠨ᠂ ᠬᠤᠯᠪᠤᠭ᠋ᠠᠯᠠᠨ ᠲᠡᠭᠡᠭᠡᠪᠦᠷᠢᠯᠡᠬᠦ ᠵᠠᠭᠪᠤᠷ᠎ᠢ ᠲᠠᠰᠤᠷᠠᠯᠲᠠ ᠦᠭᠡᠢ ᠰᠢᠨᠡᠳᠬᠡᠵᠦ᠂ ᠰᠢᠨᠵᠢᠯᠡᠬᠦ ᠤᠬᠠᠭ᠋ᠠᠨᠴᠢ ᠬᠠᠮᠢᠶᠠᠷᠤᠯᠲᠠ ᠵᠢᠨ ᠲᠦᠪᠰᠢᠨ ᠵᠶ᠋ᠠᠨ ᠳᠡᠭᠡᠭᠰᠢᠯᠡᠭᠦᠯᠦᠨ᠂ ᠣᠳᠣ ᠦᠶ᠎ᠡ ᠵᠢᠨ ᠪᠠᠷᠠᠭ᠋ᠠᠨ᠎ᠤ ᠭᠦᠢ᠍ᠯᠭᠡᠭᠡ ᠵᠢᠨ ᠰᠢᠰᠲ᠋ᠧᠮ᠎ᠢ ᠪᠠᠶ᠋ᠢᠭᠤᠯᠬᠤ᠎ᠳᠤ ᠨᠡᠩ ᠶᠡᠭᠡ ᠦᠢ᠍ᠯᠡᠳᠦᠯ ᠵᠶ᠋ᠠᠨ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠳᠠᠷᠠᠭ᠎ᠠ᠎ᠨᠢ᠂ ᠰᠢ ᠵᠢᠨ ᠫᠢᠩ ᠴᠦᠩᠴᠢᠩ᠎ᠤᠨ ᠲᠡᠮᠦᠷ ᠵᠠᠮ᠎ᠤᠨ ᠴᠢᠩᠭᠡᠯᠢᠭᠲᠦ ᠪᠠᠷᠠᠭ᠎ᠠ ᠵᠢᠨ ᠲᠡᠭᠡᠭᠡᠪᠦᠷᠢᠯᠡᠯᠲᠡ ᠵᠢᠨ ᠭᠤᠣᠯ ᠥᠷᠲᠡᠭᠡ᠎ᠳᠤ ᠬᠦᠷᠴᠦ᠂ ᠡᠳ᠋ ᠪᠠᠷᠠᠭ᠎ᠠ ᠵᠢ ᠲᠥᠪᠯᠡᠷᠡᠭᠦᠯᠵᠦ ᠲᠠᠷᠬᠠᠭ᠋ᠠᠬᠤ᠂ ᠲᠡᠭᠡᠭᠡᠪᠦᠷᠢ ᠵᠢᠨ ᠵᠠᠮ ᠱᠤᠭᠤᠮ᠂ ᠡᠵᠡᠩᠨᠡᠯᠲᠡ ᠵᠢᠨ ᠥᠪᠡᠷ᠎ᠤᠨ ᠥᠷᠲᠡᠭ ᠪᠠ ᠦᠷ᠎ᠡ ᠠᠰᠢᠭ ᠵᠡᠷᠭᠡ ᠵᠢᠨ ᠲᠠᠨᠢᠯᠴᠠᠭᠤᠯᠭ᠎ᠠ ᠵᠢ ᠰᠣᠨᠣᠰᠴᠤ᠂ ᠠᠴᠢᠶᠠᠨ᠎ᠤ ᠮᠠᠰᠢᠨ ᠲᠡᠷᠭᠡᠨ᠎ᠤ ᠵᠢᠯᠣᠭᠤᠴᠢ᠂ ᠭᠠᠯᠲᠤ ᠲᠡᠷᠭᠡᠨ᠎ᠤ ᠵᠢᠯᠣᠭᠤᠴᠢ᠂ ᠲᠡᠭᠡᠭᠡᠵᠦ ᠪᠠᠭᠤᠯᠭ᠋ᠠᠬᠤ ᠠᠵᠢᠯᠴᠢᠨ᠂ ᠲᠠᠯᠠᠪᠤᠷ ᠥᠷᠲᠡᠭᠡ ᠵᠢᠨ ᠬᠠᠮᠢᠶᠠᠷᠤᠯᠲᠠ ᠵᠢᠨ ᠠᠵᠢᠯᠲᠠᠳ᠎ᠲᠠᠢ ᠳᠣᠲᠣᠨᠣ᠎ᠪᠠᠷ ᠶᠠᠷᠢᠯᠴᠠᠵᠤ᠂ ᠲᠡᠳᠡᠨ᠎ᠤ ᠠᠵᠢᠯ᠎ᠤᠨ ᠡᠷᠴᠢᠮ᠂ ᠭᠦᠳᠡᠯᠮᠦᠷᠢ ᠵᠢᠨ ᠡᠷᠬᠡ ᠠᠰᠢᠭ᠎ᠤᠨ ᠬᠠᠮᠠᠭ᠋ᠠᠯᠠᠯᠲᠠ᠂ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠤᠨ ᠠᠮᠠᠷᠠᠯᠲᠠ ᠪᠠ ᠣᠷᠣᠯᠭ᠎ᠠ ᠵᠢᠨ ᠪᠠᠶ᠋ᠢᠳᠠᠯ᠎ᠢ᠎ᠨᠢ ᠠᠰᠠᠭᠤᠨ ᠣᠶ᠋ᠢᠯᠠᠭ᠋ᠠᠪᠠ᠃ ᠰᠢ ᠵᠢᠨ ᠫᠢᠩ᠂ ᠤᠯᠠᠨ ᠵᠶ᠋ᠠᠷ ᠵᠶ᠋ᠠᠨ ᠪᠠᠷᠠᠭ᠋ᠠᠨ᠎ᠤ ᠭᠦᠢ᠍ᠯᠭᠡᠭᠡ ᠵᠢᠨ ᠡᠮᠦᠨ᠎ᠡ ᠹᠷᠣᠨᠲ᠎ᠲᠤ ᠠᠵᠢᠯᠯᠠᠵᠤ ᠪᠤᠢ᠂ ᠮᠥᠨ ᠴᠦ᠍ ᠭᠠᠳᠠᠭ᠋ᠠᠳᠤ ᠨᠡᠭᠡᠭᠡᠯᠲᠡ ᠵᠢᠨ ᠡᠮᠦᠨ᠎ᠡ ᠹᠷᠣᠨᠲ᠎ᠲᠤ ᠪᠤᠢ᠂ ᠲᠠ ᠨᠠᠷ᠎ᠤᠨ ᠰᠢᠷᠭ᠋ᠠᠭᠤ ᠭᠦᠳᠡᠯᠮᠦᠷᠢ᠎ᠪᠠᠷ ᠳᠠᠮᠵᠢᠨ᠂ ᠮᠠᠰᠢ ᠤᠯᠠᠨ ᠲᠠᠸᠠᠷ ᠠᠭᠤᠯᠠ ᠤᠰᠤ ᠵᠢ ᠲᠤᠭᠤᠯᠤᠨ᠂ ᠳᠡᠯᠡᠬᠡᠢ ᠳ᠋ᠠᠬᠢᠨ᠎ᠳᠤ ᠭᠠᠷᠴᠤ ᠪᠠᠶ᠋ᠢᠨ᠎ᠠ᠂ ᠲᠠ ᠨᠠᠷ᠎ᠤᠨ ᠠᠵᠢᠯ ᠮᠠᠰᠢ ᠤᠳᠬ᠎ᠠ ᠠᠭᠤᠯᠭ᠎ᠠ ᠲᠠᠢ ᠶᠤᠮ᠃ ᠪᠠᠷᠠᠭᠤᠨ ᠣᠷᠣᠨ᠎ᠤ ᠶᠡᠭᠡ ᠨᠡᠭᠡᠭᠡᠯᠲᠡ ᠵᠢ ᠠᠬᠢᠭᠤᠯᠵᠤ᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠵᠢ ᠠᠬᠢᠭᠤᠯᠬᠤ᠎ᠳᠤ ᠪᠠᠷᠠᠭ᠋ᠠᠨ᠎ᠤ ᠭᠦᠢ᠍ᠯᠭᠡᠭᠡ ᠮᠠᠰᠢ ᠴᠢᠬᠤᠯᠠ ᠶᠤᠮ᠂ ᠤᠯᠠᠨ ᠵᠶ᠋ᠠᠷ ᠵᠶ᠋ᠠᠨ ᠦᠷᠭᠦᠯᠵᠢᠯᠡᠨ ᠴᠢᠷᠮᠠᠶ᠋ᠢᠵᠤ᠂ ᠲᠠᠰᠤᠷᠠᠯᠳᠠ ᠦᠭᠡᠢ ᠰᠢᠨ᠎ᠡ ᠬᠢᠷᠢ ᠪᠦᠲᠦᠮᠵᠢ ᠡᠭᠦᠳᠴᠦ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠬᠡᠯᠡᠪᠡ᠃
ᠰᠢ ᠵᠢᠨ ᠫᠢᠩ ᠪᠠᠰᠠ ᠴᠦᠩᠴᠢᠩ᠎ᠤᠨ ᠴᠧᠩᠳᠦ᠋ ᠴᠦᠩᠴᠢᠩ ᠣᠷᠣᠨ᠎ᠤ ᠬᠤᠶᠠᠷ ᠬᠤᠳᠠ ᠵᠢᠨ ᠠᠵᠤ ᠠᠬᠤᠢ ᠵᠢᠨ ᠴᠠᠭ᠋ᠠᠷᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠴᠦᠩᠴᠢᠩ᠎ᠤᠨ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠰᠢᠨ᠎ᠡ ᠡᠭᠦᠳᠦᠯᠲᠡ ᠪᠣᠯᠣᠨ ᠠᠵᠤ ᠦᠢ᠍ᠯᠡᠰ᠎ᠤᠨ ᠬᠥᠭᠵᠢᠯᠲᠡ ᠵᠢᠨ ᠦᠷ᠎ᠡ ᠪᠦᠲᠦᠭᠡᠯ᠎ᠤᠨ ᠦᠵᠡᠭᠦᠯᠭᠡ ᠵᠢ ᠲᠣᠭᠤᠷᠢᠨ ᠦᠵᠡᠪᠡ᠃ ᠰᠢ ᠵᠢᠨ ᠫᠢᠩ᠂ ᠴᠧᠩᠳᠦ᠋ ᠴᠦᠩᠴᠢᠩ ᠣᠷᠣᠨ᠎ᠤ ᠬᠤᠶᠠᠷ ᠬᠤᠲᠠ ᠵᠢᠨ ᠠᠵᠤ ᠠᠬᠤᠢ ᠵᠢᠨ ᠴᠠᠭ᠋ᠠᠷᠢᠭ᠎ᠢ ᠪᠦᠲᠦᠭᠡᠨ ᠪᠠᠶ᠋ᠢᠭᠤᠯᠬᠤ ᠪᠣᠯ ᠨᠠᠮ᠎ᠤᠨ ᠲᠥᠪ ᠬᠤᠷᠢᠶ᠎ᠠ᠎ᠠᠴᠠ ᠲᠣᠭᠲᠠᠭ᠋ᠠᠭᠰᠠᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢᠨ ᠰᠢᠢ᠍ᠳᠪᠦᠷᠢᠲᠦ ᠪᠣᠳᠣᠯᠭ᠎ᠠ ᠮᠥᠨ᠃ ᠴᠦᠩᠴᠢᠩ᠂ ᠰᠧᠴᠤᠸᠠᠨ ᠬᠤᠶᠠᠷ ᠭᠠᠵᠠᠷ᠎ᠤᠨ᠎ᠬᠢᠨ ᠨᠢᠭᠲᠠ ᠬᠠᠮᠲᠤᠷᠠᠯᠴᠠᠵᠤ᠂ ᠬᠥᠭᠵᠢᠯᠲᠡ ᠵᠢᠨ ᠴᠢᠳᠠᠪᠤᠷᠢ ᠵᠢᠨ ᠲᠡᠰ ᠵᠶ᠋ᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠵᠢᠨ ᠪᠠᠷᠠᠭᠤᠨ ᠣᠷᠣᠨ᠎ᠤ 《ᠬᠤᠶᠠᠷ ᠬᠤᠳᠠ ᠵᠢᠨ ᠲᠡᠮᠳᠡᠭᠯᠡᠯ》᠎ᠢ ᠬᠠᠮᠲᠤ᠎ᠪᠠᠷ ᠰᠠᠶ᠋ᠢᠲᠤᠷ ᠳᠠᠭᠤᠷᠢᠰᠤᠭᠤᠯᠬᠤ ᠬᠡᠷᠡᠭᠲᠡᠢ᠃ ᠲᠤᠯᠭ᠋ᠠᠭᠤᠷᠢ ᠠᠵᠤ ᠦᠢ᠍ᠯᠡᠰ ᠪᠣᠯ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠭᠤᠣᠯ ᠵᠢᠭᠰᠠᠭ᠋ᠠᠯ᠎ᠤᠨ ᠭᠠᠵᠠᠷ ᠮᠥᠨ᠃ ᠴᠦᠩᠴᠢᠩ᠎ᠤᠨ ᠦᠢ᠍ᠯᠡᠳᠬᠦ ᠦᠢ᠍ᠯᠡᠰ᠎ᠨᠢ ᠲᠤᠰ ᠪᠡᠶ᠎ᠡ ᠵᠢᠨ ᠪᠦᠲᠦᠴᠡ ᠵᠢᠨ ᠣᠨᠴᠠᠯᠢᠭ᠎ᠲᠠᠢ᠂ ᠬᠠᠷᠠᠭ᠋ᠠᠯᠵᠠᠭᠰᠠᠨ ᠳᠠᠪᠠᠭᠤᠯᠢᠭ᠎ᠲᠠᠢ ᠶᠤᠮ᠂ ᠴᠦᠩᠴᠢᠩ᠎ᠤᠨ᠎ᠬᠢᠨ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠰᠢᠨ᠎ᠡ ᠵᠢ ᠡᠭᠦᠳᠬᠦ ᠡᠨᠡ ᠬᠦ᠌ ᠵᠠᠩᠭᠢᠯᠠᠭ᠎ᠠ ᠵᠢ ᠴᠢᠩᠭ᠎ᠠ ᠠᠳᠬᠤᠵᠤ᠂ ᠳᠠᠪᠠᠭᠤᠯᠢᠭ ᠵᠶ᠋ᠠᠨ ᠪᠠᠳᠠᠷᠠᠭᠤᠯᠵᠤ᠂ ᠳᠤᠲᠠᠭᠤᠳᠠᠯ ᠵᠶ᠋ᠠᠨ ᠨᠥᠬᠦᠪᠦᠷᠢᠯᠡᠵᠦ᠂ ᠣᠳᠣᠬᠠᠨ᠎ᠤ ᠠᠵᠢᠯ ᠵᠶ᠋ᠠᠨ ᠠᠳᠬᠤᠵᠤ᠂ ᠢᠷᠡᠭᠡᠳᠦᠢ᠎ᠪᠠᠨ ᠪᠣᠳᠣᠯᠬᠢᠯᠠᠵᠤ᠂ ᠡᠷᠡᠰ ᠭᠤᠶ᠋ᠢᠪᠢᠰᠢ ᠦᠭᠡᠢ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠦᠢ᠍ᠯᠡᠳᠬᠦ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠬᠤ ᠵᠢ ᠬᠦᠰᠡᠵᠦ ᠪᠠᠶ᠋ᠢᠨ᠎ᠠ ᠭᠡᠵᠦ ᠢᠯᠡᠷᠬᠡᠶ᠋ᠢᠯᠡᠪᠡ᠃
ᠵᠢᠦ ᠯᠦᠩ ᠫᠥᠸᠧ ᠲᠣᠭᠤᠷᠢᠭ᠎ᠤᠨ ᠰᠢᠶᠧ ᠵᠢᠶᠠ ᠸᠠᠨ ᠵᠡᠭᠡᠯᠢ ᠭᠤᠳᠤᠮᠵᠢ ᠵᠢᠨ ᠮᠢᠨ ᠵᠦ᠍ ᠲᠣᠰᠬᠤᠨ᠎ᠤ ᠨᠡᠶ᠋ᠢᠭᠡᠮ ᠲᠣᠭᠤᠷᠢᠭ ᠪᠣᠯ ᠨᠢᠭᠡᠨ ᠬᠠᠭᠤᠴᠢᠨ ᠰᠠᠭᠤᠭ᠋ᠠᠯᠢ ᠠᠷᠠᠳ᠎ᠤᠨ ᠲᠣᠭᠤᠷᠢᠭ ᠪᠠᠶ᠋ᠢᠵᠤ᠂ 2022 ᠣᠨ᠎ᠤ ᠡᠬᠢ᠎ᠪᠠᠷ ᠥᠭᠡᠷᠡᠴᠢᠯᠡᠨ ᠰᠢᠨᠡᠳᠬᠡᠬᠦ ᠲᠦᠷᠦᠯ ᠵᠦᠢ᠍ᠯ᠎ᠢ ᠡᠬᠢᠯᠡᠭᠦᠯᠬᠦ ᠵᠢᠨ ᠵᠡᠷᠭᠡ᠎ᠪᠠᠷ ᠪᠦᠭᠦ ᠤᠯᠤᠰ᠎ᠤᠨ ᠬᠤᠯᠪᠣᠭᠳᠠᠯ ᠪᠦᠬᠦᠢ ᠲᠤᠷᠰᠢᠯᠲᠠ ᠵᠢᠨ ᠴᠡᠭ᠎ᠲᠤ ᠣᠷᠣᠪᠠ᠃ ᠰᠢ ᠵᠢᠨ ᠫᠢᠩ ᠠᠳᠡ ᠢᠷᠡᠵᠦ᠂ ᠰᠠᠭᠤᠭ᠋ᠠᠯᠢ ᠠᠷᠠᠳ᠎ᠤᠨ ᠲᠣᠭᠤᠷᠢᠭ᠎ᠢ ᠥᠭᠡᠷᠡᠴᠢᠯᠡᠨ ᠰᠢᠨᠡᠳᠬᠡᠭᠰᠡᠨ ᠪᠠ ᠠᠷᠠᠳ᠎ᠲᠤ ᠲᠦᠭᠦᠮ ᠦᠵᠡᠭᠦᠯᠦᠭᠰᠡᠨ ᠦᠢ᠍ᠯᠡᠴᠢᠯᠡᠭᠡᠨ᠎ᠤ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠦᠨᠳᠦᠰᠦᠨ ᠱᠠᠲᠤᠨ᠎ᠤ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠭᠰᠡᠨ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠦᠭᠰᠡᠨ ᠪᠠᠶ᠋ᠢᠳᠠᠯ᠎ᠤᠨ ᠲᠤᠬᠠᠢ ᠲᠠᠨᠢᠯᠴᠠᠭᠤᠯᠭ᠎ᠠ ᠵᠢ ᠰᠣᠨᠣᠰᠴᠠᠢ᠃ ᠲᠡᠷᠡ ᠪᠠᠰᠠ ᠨᠡᠶ᠋ᠢᠭᠡᠮ ᠲᠣᠭᠤᠷᠢᠭ᠎ᠤᠨ ᠬᠤᠭᠤᠯᠠᠨ ᠭᠡᠷ᠎ᠲᠤ ᠣᠷᠣᠵᠤ᠂ ᠶᠠᠭ ᠰᠠᠶ᠋ᠢᠬᠠᠨ ᠬᠤᠭᠤᠯᠠ᠎ᠪᠠᠨ ᠢᠳᠡᠵᠦ ᠪᠠᠶ᠋ᠢᠭᠰᠠᠨ ᠤᠯᠠᠨ ᠲᠦᠮᠡᠨ᠎ᠲᠠᠢ ᠳᠣᠲᠣᠨᠣ᠎ᠪᠠᠷ ᠶᠠᠷᠢᠯᠴᠠᠵᠤ᠂ ᠨᠡᠶ᠋ᠢᠭᠡᠮ ᠲᠣᠭᠤᠷᠢᠭ᠎ᠤᠨ ᠬᠤᠭᠤᠯᠠᠨ ᠭᠡᠷ᠎ᠤᠨ ᠦᠷᠭᠦᠯᠵᠢᠯᠡᠬᠦ ᠬᠥᠭᠵᠢᠯᠲᠡ ᠵᠢ ᠪᠡᠶᠡᠯᠡᠭᠦᠯᠬᠦ ᠵᠢ ᠵᠣᠷᠢᠭᠵᠢᠭᠤᠯᠪᠠ᠃ ᠰᠢ ᠵᠢᠨ ᠫᠢᠩ᠂ ᠬᠠᠭᠤᠴᠢᠨ ᠰᠠᠭᠤᠭ᠋ᠠᠯᠢ ᠠᠷᠠᠳ᠎ᠤᠨ ᠲᠣᠭᠤᠷᠢᠭ᠎ᠢ ᠥᠭᠡᠷᠡᠴᠢᠯᠡᠨ ᠰᠢᠨᠡᠳᠬᠡᠬᠦ ᠪᠣᠯ ᠬᠤᠲᠠ ᠵᠢᠨ ᠰᠢᠨᠡᠴᠢᠯᠡᠯᠲᠡ ᠵᠢᠨ ᠨᠢᠭᠡᠨ ᠭᠤᠣᠯᠳᠠᠯᠭ᠎ᠠ ᠪᠤᠯᠬᠤ ᠪᠥᠭᠡᠳ ᠪᠠᠰᠠ ᠴᠤ᠌ ᠠᠷᠠᠳ᠎ᠤᠨ ᠠᠮᠢᠳᠤᠷᠠᠯ᠎ᠤᠨ ᠢᠨᠵᠧᠨᠧᠷᠢᠩ ᠮᠥᠨ᠂ ᠡᠭᠦᠨ᠎ᠳᠤ ᠲᠡᠦᠬᠡ ᠵᠢᠨ ᠳᠤᠷᠠᠰᠤᠮᠵᠢ ᠪᠠ ᠥᠪᠡᠷᠮᠢᠴᠡ ᠣᠨᠴᠠᠯᠢᠭᠲᠤ ᠲᠥᠷᠬᠦ ᠵᠢ ᠦᠯᠡᠳᠡᠭᠡᠨ ᠬᠠᠳᠠᠭ᠋ᠠᠯᠠᠬᠤ ᠬᠡᠷᠡᠭᠲᠡᠢ ᠪᠥᠭᠡᠳ ᠪᠠᠰᠠ ᠰᠠᠭᠤᠭ᠋ᠠᠯᠢ ᠠᠷᠠᠳ᠎ᠤᠨ ᠠᠩᠬᠠᠷᠴᠤ ᠪᠠᠶ᠋ᠢᠭ᠎ᠠ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ᠃ ᠡᠨᠡ ᠲᠠᠯ᠎ᠠ ᠵᠢᠨ ᠠᠮᠵᠢᠯᠲᠠ᠎ᠲᠠᠢ ᠲᠤᠷᠰᠢᠯᠭ᠎ᠠ ᠵᠢ ᠳ᠋ᠦᠩᠨᠡᠨ ᠳᠡᠯᠭᠡᠷᠡᠭᠦᠯᠵᠦ᠂ ᠥᠷᠭᠡᠨ ᠤᠯᠠᠨ ᠨᠡᠶ᠋ᠢᠭᠡᠮ ᠲᠣᠭᠤᠷᠢᠭ᠎ᠤᠨ ᠰᠠᠭᠤᠭ᠋ᠠᠯᠢ ᠠᠷᠠᠳ᠎ᠲᠤ ᠨᠡᠩ ᠰᠠᠶ᠋ᠢᠲᠤᠷ ᠠᠰᠢᠭ ᠬᠦᠷᠲᠡᠭᠡᠬᠦ ᠬᠡᠷᠡᠭᠲᠡᠢ᠃ ᠬᠤᠳᠠ ᠵᠢᠨ ᠵᠠᠰᠠᠯᠲᠠ ᠵᠢᠨ ᠮᠠᠰᠢ ᠤᠯᠠᠨ ᠠᠵᠢᠯ᠎ᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠭᠡᠬᠦ ᠡᠨᠡ ᠬᠦ᠌ ᠲᠠᠶ᠋ᠢᠴᠢᠨ ᠪᠠᠬᠢᠯᠡᠯᠲᠡ ᠪᠣᠯᠣᠨ ᠨᠡᠶ᠋ᠢᠭᠡᠮ ᠲᠣᠭᠤᠷᠢᠭ᠎ᠤᠨ ᠲᠠᠪᠴᠠᠩ᠎ᠳᠤ ᠲᠦᠰᠢᠭᠯᠡᠨ ᠨᠠᠶ᠋ᠢᠳᠠᠪᠤᠷᠢᠵᠢᠭᠤᠯᠵᠤ᠂ ᠬᠤᠳᠠ ᠵᠢᠨ ᠨᠡᠶ᠋ᠢᠭᠡᠮ ᠲᠣᠭᠤᠷᠢᠭ᠎ᠤᠨ ᠡᠭᠦᠷᠭᠡ ᠬᠠᠷᠢᠭᠤᠴᠠᠯᠭ᠎ᠠ ᠵᠢᠨ ᠵᠦᠢ᠍ᠯᠡᠰ᠎ᠢ ᠲᠣᠳᠣᠷᠬᠠᠶ᠋ᠢᠯᠠᠵᠤ᠂ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠪᠠᠭᠤᠯᠭ᠋ᠠᠬᠤ᠂ ᠦᠢ᠍ᠯᠡᠴᠢᠯᠡᠭᠡᠨ᠎ᠤ ᠲᠥᠬᠦᠭᠡᠷᠦᠮᠵᠢ ᠵᠢ ᠲᠡᠭᠦᠯᠳᠡᠷᠵᠢᠭᠦᠯᠬᠦ ᠵᠢ ᠦᠷᠭᠦᠯᠵᠢᠯᠡᠨ ᠠᠬᠢᠭᠤᠯᠵᠤ᠂ ᠲᠣᠣᠷᠵᠢᠭᠤᠯᠤᠬᠰᠠᠨ ᠬᠠᠮᠢᠶᠠᠷᠤᠯᠲᠠ᠂ ᠮᠡᠳᠡᠭᠡ ᠵᠠᠩᠭᠢᠵᠢᠯᠲᠠ ᠵᠢᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠨᠡᠶ᠋ᠢᠭᠡᠮ ᠲᠣᠭᠤᠷᠢᠭ᠎ᠤᠨ ᠨᠠᠷᠢᠯᠢᠭᠵᠢᠭᠤᠯᠤᠭᠰᠠᠨ ᠵᠠᠰᠠᠯᠲᠠ᠂ ᠨᠠᠷᠢᠯᠢᠭ ᠣᠨᠣᠪᠴᠢᠲᠠᠢ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠠᠶᠠᠷᠯᠠᠬᠤ ᠦᠶ᠎ᠡ᠎ᠳᠤ᠂ ᠨᠡᠶ᠋ᠢᠭᠡᠮ ᠲᠣᠭᠤᠷᠢᠭ᠎ᠤᠨ ᠰᠠᠭᠤᠭ᠋ᠠᠯᠢ ᠠᠷᠠᠳ ᠬᠤᠶ᠋ᠢᠨ᠎ᠠ ᠬᠤᠶ᠋ᠢᠨ᠎ᠠ᠎ᠠᠴᠠ᠎ᠪᠠᠨ ᠬᠦᠷᠢᠶᠡᠯᠡᠨ ᠢᠷᠡᠵᠦ ᠶᠡᠷᠦᠩᠬᠡᠢ ᠱᠦᠵᠢ ᠵᠢ ᠦᠳᠡᠨ ᠮᠣᠷᠳᠠᠭᠤᠯᠵᠠᠢ᠃ ᠰᠢ ᠵᠢᠨ ᠫᠢᠩ ᠤᠯᠠᠨ᠎ᠳᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠠᠷᠠᠳ᠎ᠤᠨ ᠠᠮᠢᠳᠤᠷᠠᠯ᠎ᠢ ᠲᠡᠷᠢᠭᠦᠨ ᠴᠢᠬᠤᠯᠠ ᠪᠠᠶ᠋ᠢᠷᠢᠨ᠎ᠳᠤ ᠲᠠᠯᠪᠢᠨ᠎ᠠ᠃ ᠨᠠᠮ ᠪᠠ ᠵᠠᠰᠠᠭ᠎ᠤᠨ ᠣᠷᠳᠣᠨ᠎ᠤ ᠠᠯᠢᠪᠠ ᠠᠵᠢᠯ ᠪᠣᠯ ᠴᠥᠮ ᠠᠷᠠᠳ ᠤᠯᠠᠨ᠎ᠳᠤ ᠨᠡᠩ ᠵᠣᠯ ᠵᠢᠷᠭ᠋ᠠᠯ᠎ᠲᠠᠢ ᠠᠮᠢᠳᠤᠷᠠᠯ᠎ᠢ ᠡᠳ᠋ᠯᠡᠭᠦᠯᠭᠦ ᠵᠢᠨ ᠲᠥᠯᠥᠭᠡ ᠶᠤᠮ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠣᠨ ᠵᠠᠰᠠᠭ᠎ᠤᠨ ᠣᠷᠳᠣᠨ ᠴᠥᠮ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠰᠢᠢ᠍ᠳᠪᠦᠷᠢᠯᠡᠬᠦ᠎ᠳᠤ ᠨᠡᠩ ᠤᠯᠠᠨ ᠡᠳ᠋᠎ᠤᠨ ᠬᠦᠴᠦᠨ ᠪᠣᠳᠠᠰ᠎ᠤᠨ ᠬᠦᠴᠦᠨ᠎ᠢ ᠣᠷᠣᠭᠤᠯᠵᠤ᠂ ᠵᠢᠯ ᠪᠦᠷᠢ ᠨᠢᠭᠡ ᠪᠦᠯᠦᠭ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠳ᠎ᠢ ᠪᠦᠲᠦᠭᠡᠵᠦ᠂ ᠠᠷᠠᠳ ᠤᠯᠠᠨ᠎ᠤ ᠬᠦᠷᠲᠡᠮᠵᠢ ᠵᠢᠨ ᠲᠥᠷᠥᠭᠳᠡᠯ ᠵᠢᠷᠭ᠋ᠠᠯᠲᠤ ᠲᠥᠷᠥᠭᠳᠡᠯ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠵᠢ ᠬᠦᠰᠡᠵᠦ ᠪᠠᠶ᠋ᠢᠨ᠎ᠠ ᠭᠡᠵᠦ ᠬᠡᠯᠡᠪᠡ᠃
23᠎ᠤ ᠦᠳᠡ ᠵᠢᠨ ᠡᠮᠦᠨ᠎ᠡ᠂ ᠰᠢ ᠵᠢᠨ ᠫᠢᠩ ᠴᠦᠩᠴᠢᠩ ᠬᠤᠲᠠ ᠵᠢᠨ ᠲᠣᠭ᠋ᠠᠴᠢᠯᠠᠭᠰᠠᠨ ᠬᠤᠲᠠ ᠵᠢᠨ ᠠᠵᠢᠯᠯᠠᠭ᠋ᠠᠨ ᠪᠠ ᠵᠠᠰᠠᠯᠲᠠ ᠵᠢᠨ ᠲᠥᠪ᠎ᠲᠤ ᠰᠢᠨᠵᠢᠯᠡᠨ ᠪᠠᠶ᠋ᠢᠴᠠᠭ᠋ᠠᠵᠤ᠂ ᠲᠤᠬᠠᠢ ᠵᠢᠨ ᠭᠠᠵᠠᠷ᠎ᠤᠨ᠎ᠬᠢᠨ᠎ᠤ ᠬᠤᠲᠠ ᠵᠢᠨ ᠲᠣᠭ᠋ᠠᠴᠢᠯᠠᠭᠰᠠᠨ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠵᠦ᠂ ᠭᠡᠲᠦ ᠶᠡᠭᠡ ᠬᠤᠲᠠ ᠵᠢᠨ ᠵᠠᠰᠠᠯᠲᠠ ᠵᠢᠨ ᠰᠢᠨ᠎ᠡ ᠵᠠᠮ᠎ᠢ ᠰᠦᠪᠡᠭᠴᠢᠯᠡᠭᠰᠡᠨ ᠵᠡᠷᠭᠡ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠰᠢᠰᠲ᠋ᠧᠮ᠎ᠤᠨ ᠬᠡᠷᠡᠭᠯᠡᠭᠡᠨ᠎ᠤ ᠦᠵᠡᠭᠦᠯᠭᠡ ᠵᠢ ᠰᠣᠨᠢᠷᠬᠠᠪᠠ᠃ ᠰᠢ ᠵᠢᠨ ᠫᠢᠩ᠂ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠪᠠᠶ᠋ᠢᠪᠠᠰᠤ ᠵᠣᠬᠢᠬᠤ ᠠᠭᠤᠯᠭ᠎ᠠ ᠮᠥᠨ᠃ ᠲᠣᠭ᠋ᠠᠴᠢᠯᠠᠯᠳᠠ᠎ᠪᠠᠷ ᠬᠦᠴᠦᠨ ᠴᠢᠳᠠᠯ ᠣᠯᠭᠤᠬᠤ ᠵᠢ ᠴᠢᠩᠭ᠋ᠠᠳᠬᠠᠵᠤ᠂ ᠬᠤᠳᠠ ᠵᠢᠨ ᠵᠠᠰᠠᠯᠲᠠ ᠵᠢᠨ ᠣᠳᠣᠬᠢᠴᠢᠯᠠᠯᠲᠠ ᠵᠢ ᠠᠬᠢᠭᠤᠯᠬᠤ᠎ᠳᠤ ᠲᠣᠮᠣ ᠳ᠋ᠠᠶ᠋ᠢᠲ᠋ᠠ ᠵᠢᠨ ᠲᠠᠪᠴᠠᠩ ᠪᠣᠯᠣᠨ ᠰᠦᠯᠵᠢᠶᠡᠨ᠎ᠤ ᠰᠢᠰᠲ᠋ᠧᠮ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ ᠪᠠᠶ᠋ᠢᠭᠤᠯᠵᠤ᠂ ᠬᠤᠯᠪᠤᠭ᠋ᠠᠯᠠᠨ ᠵᠢᠯᠤᠭᠤᠳᠬᠤ ᠪᠠ ᠡᠯ᠎ᠡ ᠲᠠᠯ᠎ᠠ ᠵᠢᠨ᠎ᠬᠢᠨ ᠬᠠᠮᠵᠢᠯᠴᠠᠬᠤ ᠵᠢ ᠴᠢᠩᠭ᠋ᠠᠳᠬᠠᠵᠤ᠂ ᠬᠡᠷᠡᠭᠵᠢᠭᠦᠯᠬᠦ ᠬᠦᠴᠦᠨ᠎ᠢ ᠦᠨᠡᠨ ᠬᠦ᠌ ᠳᠡᠭᠡᠭᠰᠢᠯᠡᠭᠦᠯᠭᠦ ᠬᠡᠷᠡᠭᠲᠡᠢ᠃ ᠬᠤᠲᠠ ᠵᠢᠨ ᠵᠠᠰᠠᠯᠲᠠ᠎ᠨᠢ ᠡᠯ᠎ᠡ ᠲᠠᠯ᠎ᠠ᠎ᠳᠤ ᠬᠤᠯᠪᠣᠭᠳᠠᠨ᠎ᠠ᠂ ᠡᠩ ᠲᠡᠷᠢᠭᠦᠨ᠎ᠳᠤ 《ᠴᠠᠭ ᠢᠮᠠᠭᠲᠠ ᠰᠠᠨᠠᠭ᠎ᠠ ᠲᠠᠯᠪᠢᠬᠤ 》 ᠬᠠᠷᠢᠭᠤᠴᠠᠯᠭ᠋ᠠᠲᠤ ᠰᠡᠳᠬᠢᠯᠭᠡ᠎ᠪᠠᠷ ᠪᠡᠯᠡᠳᠬᠡᠯ ᠲᠥᠰᠥᠯ᠎ᠢ ᠰᠠᠶ᠋ᠢᠲᠤᠷ ᠬᠢᠵᠦ᠂ ᠣᠨᠣᠴᠠᠲᠠᠢ ᠬᠠᠮᠢᠶᠠᠷᠤᠨ ᠡᠵᠡᠮᠳᠡᠵᠦ᠂ ᠦᠳᠲᠡᠷ ᠲᠦᠷᠭᠡᠨ ᠲᠤᠰᠬᠠᠯ ᠭᠠᠷᠭ᠋ᠠᠵᠤ᠂ ᠡᠯ᠎ᠡ ᠲᠥᠷᠥᠯ᠎ᠤᠨ ᠬᠡᠷᠡᠭ ᠶᠠᠪᠤᠳᠠᠯ᠎ᠢ ᠪᠦᠲᠦᠮᠵᠢᠲᠡᠶ ᠰᠢᠢ᠍ᠳᠪᠦᠷᠢᠯᠡᠵᠦ᠂ ᠬᠤᠲᠠ ᠵᠢᠨ ᠠᠮᠤᠷ ᠲᠦᠪᠰᠢᠨ ᠡᠮᠬᠢ ᠵᠢᠷᠤᠮ᠎ᠲᠠᠢ ᠠᠵᠢᠯᠯᠠᠭ᠋ᠠᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠲᠠ ᠨᠠᠷ᠎ᠤᠨ ᠲᠠᠰᠤᠷᠠᠯᠲᠠ ᠦᠭᠡᠢ ᠰᠦᠪᠡᠭᠴᠢᠯᠡᠵᠦ᠂ ᠰᠢᠨ᠎ᠡ ᠲᠤᠷᠰᠢᠯᠭ᠎ᠠ ᠬᠤᠷᠠᠮᠳᠤᠭᠤᠯᠬᠤ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
24᠎ᠤ ᠦᠳᠡ ᠵᠢᠨ ᠡᠮᠦᠨ᠎ᠡ᠂ ᠰᠢ ᠵᠢᠨ ᠫᠢᠩ ᠴᠦᠩᠴᠢᠩ ᠬᠤᠳᠠ ᠵᠢᠨ ᠨᠠᠮ᠎ᠤᠨ ᠬᠤᠷᠢᠶ᠎ᠠ ᠪᠣᠯᠣᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠴᠦᠩᠴᠢᠩ᠎ᠤᠨ ᠡᠯ᠎ᠡ ᠵᠦᠢ᠍ᠯ᠎ᠤᠨ ᠠᠵᠢᠯ᠎ᠤᠨ ᠣᠯᠣᠭᠰᠠᠨ ᠬᠢᠷᠢ ᠪᠦᠲᠦᠮᠵᠢ ᠵᠢ ᠨᠤᠲᠠᠯᠠᠪᠠ᠃
ᠰᠢ ᠵᠢᠨ ᠫᠢᠩ᠂ ᠴᠦᠩᠴᠢᠩ᠎ᠤᠨ ᠦᠢ᠍ᠯᠡᠳᠬᠦ ᠦᠢ᠍ᠯᠡᠰ᠎ᠤᠨ ᠰᠠᠭᠤᠷᠢ ᠨᠡᠯᠢᠶᠡᠳ ᠰᠠᠶ᠋ᠢᠨ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠤ ᠡᠬᠢ ᠪᠠᠶᠠᠯᠢᠭ ᠡᠯᠪᠡᠭ ᠶᠤᠮ᠂ ᠲᠡᠷᠢᠭᠦᠨ᠎ᠤ ᠦᠢ᠍ᠯᠡᠳᠬᠦ ᠦᠢ᠍ᠯᠡᠰ ᠵᠶ᠋ᠠᠷ ᠭᠤᠣᠯᠯᠠᠭᠴᠢ ᠪᠤᠯᠭ᠋ᠠᠬᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠬᠦᠴᠦᠯᠡᠨ ᠪᠠᠶ᠋ᠢᠭᠤᠯᠬᠤ ᠬᠡᠷᠡᠭᠲᠡᠢ᠃ ᠦᠢ᠍ᠯᠡᠳᠬᠦ ᠦᠢ᠍ᠯᠡᠰ᠎ᠤᠨ ᠴᠢᠬᠤᠯᠠ ᠶᠡᠭᠡ ᠮᠡᠷᠭᠡᠵᠢᠯ᠎ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠪᠠ ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠤᠯᠠᠮᠵᠢᠯᠠᠯᠲᠤ ᠠᠵᠤ ᠦᠢ᠍ᠯᠡᠰ᠎ᠤᠨ ᠭᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠲᠦᠷᠭᠡᠳᠬᠡᠵᠦ᠂ ᠳᠡᠯᠡᠬᠡᠢ ᠵᠢᠨ ᠲᠡᠷᠢᠭᠦᠨ᠎ᠤ ᠲᠦᠪᠰᠢᠨ ᠪᠠ ᠥᠷᠢᠰᠦᠯᠳᠦᠬᠦ ᠬᠦᠴᠦᠨ ᠪᠦᠬᠦᠢ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠢᠳᠡᠪᠬᠢᠲᠡᠢ ᠪᠣᠶ᠋ᠢᠵᠢᠭᠤᠯᠬᠤ ᠬᠡᠷᠡᠭᠲᠡᠢ᠃ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠤᠮᠲᠠ ᠰᠢᠪᠲᠤᠯᠬᠤ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠴᠢᠩᠭ᠋ᠠᠳᠬᠠᠵᠤ᠂ ᠰᠢᠨ᠎ᠡ ᠡᠵᠡᠩᠨᠡᠯᠲᠡ ᠵᠢᠨ ᠭᠡᠯᠪᠡᠷᠢ ᠰᠢᠨ᠎ᠡ ᠵᠠᠭᠪᠤᠷ ᠰᠢᠨ᠎ᠡ ᠬᠥᠳᠡᠯᠭᠡᠬᠦ ᠬᠦᠴᠦᠨ᠎ᠢ ᠢᠳᠡᠪᠬᠢᠲᠡᠢ ᠪᠣᠶ᠋ᠢᠵᠢᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ᠃ ᠴᠧᠩᠳᠦ᠋ ᠴᠦᠩᠴᠢᠩ ᠣᠷᠣᠨ᠎ᠤ ᠬᠤᠣᠰ ᠬᠤᠳᠠ ᠵᠢᠨ ᠠᠵᠤ ᠠᠬᠤᠢ ᠵᠢᠨ ᠴᠠᠭ᠋ᠠᠷᠢᠭ᠎ᠤᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠵᠤ᠂ ᠪᠦᠭᠦ ᠤᠯᠤᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠴᠢᠬᠤᠯᠠ ᠨᠡᠮᠡᠭᠳᠡᠯ᠎ᠤᠨ ᠲᠤᠶ᠋ᠢᠯ ᠪᠣᠯᠣᠨ ᠰᠢᠨ᠎ᠡ ᠬᠥᠳᠡᠯᠭᠡᠬᠦ ᠬᠦᠴᠦᠨ᠎ᠤ ᠡᠬᠢ ᠰᠤᠷᠪᠤᠯᠵᠢ ᠵᠢᠨ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠬᠤ ᠬᠡᠷᠡᠭᠲᠡᠢ᠃ ᠪᠣᠬᠢᠷᠳᠤᠯ ᠦᠭᠡᠢ ᠬᠥᠭᠵᠢᠯᠲᠡ ᠵᠢ ᠶᠡᠭᠡ᠎ᠪᠠᠷ ᠠᠬᠢᠭᠤᠯᠵᠤ᠂ ᠦᠵᠡᠰᠬᠦᠯᠡᠩᠲᠦ ᠰᠠᠶ᠋ᠢᠬᠠᠨ ᠴᠦᠩᠴᠢᠩᠢ ᠪᠦᠲᠦᠭᠡᠨ ᠪᠠᠶ᠋ᠢᠭᠤᠯᠵᠤ᠂ ᠬᠥᠬᠡᠮᠥ᠋ᠷᠡᠨ᠎ᠤ ᠳᠡᠭᠡᠳᠦ ᠤᠷᠤᠰᠬᠠᠯ᠎ᠤᠨ ᠴᠢᠬᠤᠯᠠ ᠠᠮᠢ ᠠᠬᠤᠢ ᠵᠢᠨ ᠬᠠᠯᠬᠠᠪᠴᠢ ᠵᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠴᠦᠩᠴᠢᠩ᠎ᠤᠨ᠎ᠬᠢᠨ ᠵᠣᠷᠢᠭᠲᠠᠢ᠎ᠪᠠᠷ ᠲᠦᠷᠦᠭᠦᠯᠡᠬᠦ ᠰᠥᠰᠥ ᠵᠣᠷᠢᠭ ᠵᠶ᠋ᠠᠷ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠬᠡᠬᠦ ᠬᠡᠷᠡᠭᠲᠡᠢ᠃ 《ᠬᠤᠶᠠᠷ ᠡᠷᠡᠰ ᠭᠤᠶ᠋ᠢᠪᠢᠰᠢ ᠦᠭᠡᠢ》 ᠵᠢ ᠪᠠᠷᠢᠮᠲᠠᠯᠠᠨ ᠨᠠᠶ᠋ᠢᠳᠠᠪᠤᠷᠢᠵᠢᠭᠤᠯᠵᠤ᠂ ᠨᠢᠭᠡ ᠲᠠᠯ᠎ᠠ᠎ᠪᠠᠷ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢ ᠠᠳᠬᠤᠵᠤ᠂ ᠨᠢᠭᠡ ᠪᠦᠯᠦᠭ ᠭᠤᠣᠯᠯᠠᠬᠤ ᠥᠷᠢᠰᠦᠯᠳᠦᠬᠦ ᠬᠦᠴᠦᠨ ᠵᠶ᠋ᠠᠷ ᠴᠢᠩᠭ᠎ᠠ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠢ ᠪᠣᠶ᠋ᠢᠵᠢᠭᠤᠯᠵᠤ᠂ ᠨᠦᠭᠦᠭᠡ ᠲᠠᠯ᠎ᠠ᠎ᠪᠠᠷ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠨ ᠪᠤᠵᠠᠭ᠋ᠠᠶ᠋ᠢᠷᠠᠬᠤ ᠵᠢ ᠠᠬᠢᠭᠤᠯᠵᠤ᠂ ᠡᠯ᠎ᠡ ᠲᠦᠷᠦᠯ᠎ᠤᠨ ᠡᠵᠡᠩᠨᠡᠯᠲᠡ ᠵᠢᠨ ᠭᠤᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠵᠢ ᠠᠳᠬᠤᠬᠤ ᠬᠡᠷᠡᠭᠲᠡᠢ᠃ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠠᠭᠤᠰᠤᠯᠴᠠᠵᠤ᠂ ᠤᠯᠤᠰ᠎ᠤᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ᠎ᠳᠤ ᠰᠠᠨᠠᠭ᠋ᠠᠴᠢᠯᠠᠭ᠎ᠠ᠎ᠠᠴᠠ ᠪᠠᠨ ᠠᠭᠤᠰᠤᠯᠴᠠᠬᠤ ᠪᠠ ᠦᠢ᠍ᠯᠡᠴᠢᠯᠡᠵᠦ᠂ 《ᠨᠢᠭᠡ ᠪᠦᠰᠡ ᠨᠢᠭᠡ ᠵᠠᠮ 》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡ᠂ ᠪᠠᠷᠠᠭᠤᠨ ᠣᠷᠣᠨ᠎ᠤ ᠡᠬᠡ ᠬᠠᠭᠤᠷᠠᠢ ᠪᠠ ᠲᠠᠯᠠᠢ ᠵᠢᠨ ᠰᠢᠨ᠎ᠡ ᠵᠠᠮ᠎ᠤᠨ ᠬᠤᠯᠪᠤᠭ᠋ᠠᠯᠠᠨ ᠬᠥᠳᠡᠯᠦᠯᠴᠡᠵᠦ ᠬᠥᠭᠵᠢᠬᠦ ᠵᠢ ᠠᠬᠢᠭᠤᠯᠬᠤ᠎ᠳᠤ ᠨᠡᠩ ᠶᠡᠭᠡ ᠦᠢ᠍ᠯᠡᠳᠦᠯ ᠦᠵᠡᠭᠦᠯᠭᠦ ᠬᠡᠷᠡᠭᠲᠡᠢ᠃ ᠥᠨᠳᠥᠷ ᠪᠠᠷᠢᠮᠵᠢᠶᠠᠲᠤ ᠣᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠳᠦᠷᠢᠮ᠎ᠯᠦᠭᠡ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶ᠋ᠢᠵᠢᠭᠰᠡᠨ ᠲᠡᠷᠢᠭᠦᠨ ᠵᠡᠷᠭᠡ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠪᠤᠶ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠴᠦᠩᠴᠢᠩ ᠪᠣᠯ ᠮᠠᠨ᠎ᠤ ᠤᠯᠤᠰ᠎ᠤᠨ ᠬᠠᠷᠢᠶ᠎ᠠ ᠣᠷᠣᠨ᠎ᠤ ᠲᠠᠯᠠᠪᠠᠶ ᠪᠠ ᠬᠥᠮᠥᠨ ᠠᠮᠠ ᠵᠢᠨ ᠬᠡᠪᠴᠢᠶ᠎ᠡ᠎ᠪᠠᠷ ᠬᠠᠮᠤᠭ᠎ᠤᠨ ᠶᠡᠭᠡ ᠬᠤᠲᠠ ᠪᠣᠯᠣᠨ᠎ᠠ᠂ ᠠᠷᠠᠳ ᠲᠦᠮᠡᠨ ᠤ ᠬᠤᠲᠠ ᠵᠢᠨ ᠣᠶ᠋ᠢᠯᠠᠭ᠋ᠠᠭᠳᠠᠬᠤᠨ᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠭᠡᠲᠦ ᠶᠡᠭᠡ ᠬᠤᠲᠠ ᠵᠢᠨ ᠣᠳᠣᠬᠢᠴᠢᠯᠠᠭᠰᠠᠨ ᠵᠠᠰᠠᠯᠲᠠ ᠵᠢᠨ ᠰᠢᠨ᠎ᠡ ᠵᠠᠮ᠎ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠣᠶᠤᠨᠴᠢ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢᠨ ᠠᠯᠬᠤᠭ᠎ᠠ᠎ᠪᠠᠨ ᠲᠦᠷᠭᠡᠳᠬᠡᠵᠦ᠂ ᠬᠤᠲᠠ ᠵᠢᠨ ᠠᠵᠢᠯᠯᠠᠭ᠋ᠠᠨ ᠪᠠ ᠵᠠᠰᠠᠯᠲᠠ ᠵᠢᠨ ᠣᠶᠤᠨᠴᠢ ᠭᠤᠣᠯ ᠰᠢᠰᠲ᠋ᠧᠮ᠎ᠢ ᠪᠠᠶ᠋ᠢᠭᠤᠯᠵᠤ᠂ 《ᠶᠡᠭᠡ ᠶᠡᠷᠦᠩᠬᠡᠶ᠋ᠢᠯᠡᠭᠰᠡᠨ ᠨᠢᠭᠡ ᠴᠣᠭᠴᠠᠵᠢᠭᠤᠯᠤᠭᠰᠠᠨ》 ᠬᠤᠲᠠ ᠵᠢᠨ ᠶᠡᠷᠦᠩᠬᠡᠶ᠋ᠢᠯᠡᠭᠰᠡᠨ ᠵᠠᠰᠠᠯᠲᠠ ᠵᠢᠨ ᠪᠠᠶ᠋ᠢᠭᠤᠯᠤᠮᠵᠢ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠬᠤᠲᠠ ᠵᠢᠨ ᠵᠠᠰᠠᠯᠲᠠ ᠵᠢ ᠨᠠᠩ ᠣᠶᠤᠨᠴᠢ᠂ ᠨᠠᠩ ᠥᠨᠳᠥᠷ ᠪᠦᠲᠦᠮᠵᠢᠲᠡᠶ᠂ ᠨᠠᠩ ᠣᠨᠣᠴᠠᠲᠠᠢ ᠪᠤᠯᠭ᠋ᠠᠬᠤ ᠬᠡᠷᠡᠭᠲᠡᠢ᠃ ᠨᠠᠮ᠎ᠤᠨ ᠪᠠᠶ᠋ᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢ ᠬᠥᠲᠥᠯᠥᠨ ᠳᠠᠭ᠋ᠠᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠵᠢᠨ 《ᠹᠧᠩᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠬᠤᠳᠠ ᠬᠥᠳᠡᠭᠡ ᠵᠢᠨ ᠤᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠵᠦ᠂ ᠪᠣᠯᠬᠢ ᠳᠠᠳᠬᠠᠯ᠎ᠢ ᠲᠡᠪᠴᠢᠵᠦ ᠰᠢᠨ᠎ᠡ ᠬᠡᠪ ᠰᠤᠷᠲᠠᠯ᠎ᠢ ᠳᠡᠯᠭᠡᠷᠡᠭᠦᠯᠬᠦ ᠵᠢ ᠠᠬᠢᠭᠤᠯᠵᠤ᠂ ᠪᠦᠭᠦ ᠨᠡᠶ᠋ᠢᠭᠡᠮ᠎ᠤᠨ ᠪᠣᠯᠪᠠᠰᠤᠨ᠎ᠤ ᠬᠡᠮᠵᠢᠶ᠎ᠡ ᠵᠢ ᠳᠡᠭᠡᠭᠰᠢᠯᠡᠭᠦᠯᠭᠦ ᠬᠡᠷᠡᠭᠲᠡᠢ᠃ ᠤᠶᠠᠨ ᠬᠠᠳᠠᠨ ᠴᠢᠨᠠᠷᠲᠠᠢ ᠬᠤᠳᠠ ᠵᠢᠨ ᠪᠦᠲᠦᠭᠡᠨ ᠪᠠᠶ᠋ᠢᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠵᠤ᠂ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠴᠢᠳᠠᠪᠤᠷᠢ ᠵᠢ ᠪᠦᠲᠦᠮᠵᠢᠲᠡᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠴᠦᠩᠴᠢᠩ ᠪᠣᠯ ᠶᠡᠭᠡ ᠬᠤᠳᠠ᠂ ᠶᠡᠭᠡ ᠬᠥᠳᠡᠭᠡ ᠲᠣᠰᠬᠤᠨ᠂ ᠶᠡᠭᠡ ᠠᠭᠤᠯᠠᠷᠬᠠᠭ ᠣᠷᠣᠨ᠂ ᠶᠡᠭᠡ ᠴᠦᠭᠦᠷᠤᠮ᠎ᠤᠨ ᠣᠷᠣᠨ᠎ᠢ ᠨᠢᠭᠡ ᠴᠣᠭᠴᠠᠵᠢᠭᠤᠯᠤᠭᠰᠠᠨ ᠪᠠᠶ᠋ᠢᠵᠤ᠂ ᠬᠤᠳᠠ ᠬᠥᠳᠡᠭᠡ ᠵᠢᠨ ᠠᠭᠤᠰᠤᠯᠴᠠᠨ ᠬᠥᠭᠵᠢᠬᠦ ᠵᠢ ᠶᠡᠭᠡ᠎ᠪᠠᠷ ᠠᠬᠢᠭᠤᠯᠬᠤ ᠬᠡᠷᠡᠭᠲᠡᠢ᠃ ᠰᠢᠶᠠᠨ ( ᠲᠣᠭᠤᠷᠢᠭ )᠎ᠤ ᠲᠥᠪ ᠵᠶ᠋ᠠᠷ ᠴᠢᠬᠤᠯᠠ ᠠᠴᠢᠶᠠᠯᠠᠪᠤᠷᠢ ᠪᠤᠯᠭ᠋ᠠᠬᠰᠠᠨ ᠰᠢᠨ᠎ᠡ ᠮᠠᠶᠢᠭ᠎ᠤᠨ ᠬᠤᠳᠠ ᠪᠠᠯᠭ᠋ᠠᠰᠤᠵᠢᠯᠲᠠ ᠵᠢᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠵᠤ᠂ ᠬᠤᠳᠠ ᠵᠢᠨ ᠦᠢ᠍ᠯᠡᠳᠪᠦᠷᠢ ᠬᠤᠳᠠᠯᠳᠤᠭ᠋ᠠᠨ᠎ᠤ ᠬᠥᠷᠥᠩᠭᠡ ᠪᠣᠯᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠴᠢᠳᠠᠪᠤᠷᠢᠲᠠᠨ᠎ᠢ ᠬᠥᠳᠡᠭᠡ ᠪᠠᠭᠤᠯᠭ᠋ᠠᠬᠤ ᠵᠢ ᠡᠮᠬᠢ ᠵᠢᠷᠤᠮ᠎ᠲᠠᠢ ᠬᠥᠲᠥᠯᠥᠨ ᠵᠢᠯᠤᠭᠤᠳᠴᠤ᠂ ᠬᠠᠤᠯᠢ ᠶᠣᠰᠣᠭ᠋ᠠᠷ ᠵᠢᠷᠤᠮᠵᠢᠭᠤᠯᠵᠤ᠂ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠬᠡᠷᠡᠭᠲᠡᠢ᠃ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠴᠢᠩᠭ᠎ᠠ ᠠᠳᠬᠤᠨ ᠪᠣᠳᠠᠲᠠᠢ ᠠᠳᠬᠤᠵᠤ᠂ ᠠᠭᠤᠯᠠ ᠵᠢ ᠲᠦᠰᠢᠭᠰᠡᠨ ᠳᠠᠪᠠᠭᠤᠯᠢᠭ ᠵᠶ᠋ᠠᠨ ᠠᠰᠢᠭᠯᠠᠨ ᠠᠮᠢ ᠠᠬᠤᠢ ᠵᠢᠨ ᠣᠨᠴᠠᠯᠢᠭᠲᠤ ᠲᠠᠷᠢᠶᠠᠯᠠᠩ᠎ᠢ ᠬᠥᠭᠵᠢᠭᠦᠯᠬᠦ ᠬᠡᠷᠡᠭᠲᠡᠢ᠃ 《ᠮᠢᠩᠭ᠎ᠠ ᠲᠦᠮᠡ ᠵᠢᠨ ᠢᠨᠵᠧᠨᠧᠷᠢᠩ 》᠎ᠤᠨ ᠲᠤᠷᠰᠢᠯᠭ᠎ᠠ ᠵᠢ ᠰᠠᠶ᠋ᠢᠲᠤᠷ ᠰᠤᠷᠤᠯᠴᠠᠨ ᠰᠠᠶ᠋ᠢᠲᠤᠷ ᠬᠡᠷᠡᠭᠯᠡᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠵᠦ᠂ ᠣᠳᠣᠬᠢ ᠱᠠᠲᠤ ᠬᠤᠭᠤᠴᠠᠭ᠋ᠠᠨ᠎ᠤ ᠲᠠᠷᠢᠶᠠᠴᠢᠨ ᠤᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠪᠠᠷ ᠴᠢᠩᠭ᠎ᠠ ᠪᠠᠶ᠋ᠢᠬᠤ᠂ ᠠᠳᠬᠤᠵᠤ ᠳᠡᠶ᠋ᠢᠯᠭᠦ᠂ ᠬᠡᠳᠦᠨ ᠵᠢᠯ ᠠᠳᠬᠤᠪᠠᠯ ᠦᠷ᠎ᠡ ᠪᠦᠲᠦᠮᠵᠢ ᠣᠯᠵᠤ ᠳᠡᠶ᠋ᠢᠯᠭᠦ ᠭᠤᠣᠯᠳᠠᠯᠭ᠎ᠠ᠎ᠲᠠᠢ ᠪᠣᠳᠠᠲᠤ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠢᠭᠡ ᠵᠢ ᠠᠳᠬᠤᠪᠠᠯ ᠨᠢᠭᠡ ᠵᠢ ᠪᠦᠲᠦᠭᠡᠵᠦ᠂ ᠲᠠᠷᠢᠶᠠᠴᠢᠨ ᠤᠯᠠᠨ ᠲᠦᠮᠡᠨ᠎ᠤ ᠨᠢᠳᠦᠨ᠎ᠳᠤ ᠦᠵᠡᠭᠳᠡᠵᠦ ᠭᠠᠷ᠎ᠲᠤ ᠪᠠᠷᠢᠭᠳᠠᠮ᠎ᠠ ᠪᠣᠳᠠᠲᠤ ᠠᠰᠢᠭ ᠬᠦᠷᠲᠡᠭᠡᠬᠦ ᠬᠡᠷᠡᠭᠲᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ᠎ᠤᠨ ᠴᠢᠨᠠᠷᠲᠠᠢ ᠳᠠᠭᠢᠨ ᠶᠠᠳᠠᠭᠤᠷᠠᠬᠤ ᠪᠠᠶ᠋ᠢᠳᠠᠯ ᠡᠭᠦᠰᠬᠦ ᠦᠭᠡᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠨᠠᠮ᠎ᠤᠨ ᠤᠳᠤᠷᠢᠳᠤᠯᠭ᠎ᠠ ᠵᠢ ᠥᠴᠥᠬᠡᠨ ᠴᠦ᠍ ᠰᠤᠯᠠᠷᠠᠭᠤᠯᠤᠯ ᠦᠭᠡᠢ ᠪᠠᠷᠢᠮᠲᠠᠯᠠᠵᠤ᠂ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠤᠷᠳᠤ ᠬᠤᠭᠤᠴᠠᠭ᠋ᠠᠨ᠎ᠤ ᠪᠦᠲᠦᠮᠵᠢᠲᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠨᠠᠮ᠎ᠤᠨ ᠭᠡᠰᠢᠭᠦᠨ᠂ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ᠎ᠤᠨ ᠤᠯᠤᠰ ᠲᠦᠷᠦ ᠵᠢᠨ ᠴᠢᠳᠠᠪᠤᠷᠢ᠎ᠪᠠᠨ ᠳᠡᠭᠡᠭᠰᠢᠯᠡᠭᠦᠯᠭᠦ᠂ ᠠᠵᠢᠯ᠎ᠤᠨ ᠲᠦᠪᠰᠢᠨ ᠵᠶ᠋ᠠᠨ ᠳᠡᠭᠡᠭᠰᠢᠯᠡᠭᠦᠯᠭᠦ᠂ ᠦᠨᠡᠨ ᠬᠦ᠌ ᠠᠳᠬᠤᠨ ᠪᠣᠳᠠᠲᠠᠢ ᠠᠵᠢᠯᠯᠠᠬᠤ᠂ ᠢᠳᠡᠪᠬᠢᠲᠡᠢ ᠤᠷᠤᠭᠰᠢᠯᠠᠨ ᠲᠠᠪᠰᠢᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠠᠬᠢᠭᠤᠯᠬᠤ ᠬᠡᠷᠡᠭᠲᠡᠢ᠃ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠵᠦ᠂ ᠦᠨᠳᠦᠰᠦᠨ ᠱᠠᠲᠤᠨ᠎ᠤ ᠺᠠᠳ᠋ᠷ᠎ᠤᠨ ᠠᠵᠢᠯ ᠬᠢᠵᠦ ᠦᠢ᠍ᠯᠡᠰ ᠪᠣᠰᠬᠠᠬᠤ᠎ᠳᠤ ᠰᠠᠶ᠋ᠢᠨ ᠰᠠᠶ᠋ᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ᠎ᠤᠨ ᠭᠡᠰᠢᠭᠦᠨ᠂ ᠺᠠᠳ᠋ᠷᠴᠤᠳ᠎ᠢ ᠬᠥᠲᠥᠯᠥᠨ ᠵᠢᠯᠤᠭᠤᠳᠴᠤ ᠰᠠᠬᠢᠯᠭ᠎ᠠ ᠪᠠᠲᠤ ᠶᠣᠰᠣ ᠳᠦᠷᠢᠮ᠎ᠢ ᠦᠨᠡᠨ ᠬᠦ᠌ ᠤᠯᠤᠰ ᠲᠥᠷᠥ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠦᠶᠯᠡ ᠠᠵᠢᠯᠯᠠᠭ᠋ᠠᠨ᠎ᠤ ᠤᠬᠠᠮᠰᠠᠷ ᠪᠣᠯᠭ᠋ᠠᠨ ᠬᠤᠪᠢᠷᠠᠭᠤᠯᠬᠤ ᠬᠡᠷᠡᠭᠲᠡᠢ᠃ ᠢᠯᠵᠠᠷᠠᠯ᠎ᠢ ᠡᠰᠡᠷᠭᠦᠴᠡᠬᠦ ᠪᠠ ᠵᠠᠯᠬᠠᠭ᠋ᠠᠨ ᠰᠢᠢ᠍ᠳᠬᠡᠬᠦ ᠵᠢ ᠢᠮᠠᠭᠲᠠ ᠲᠤᠭᠤᠰᠢᠯᠠᠭᠤᠯᠵᠤ᠂ ᠢᠯᠵᠠᠷᠠᠯ᠎ᠤᠨ ᠪᠤᠢ ᠪᠤᠯᠬᠤ ᠬᠥᠷᠥᠰᠥ ᠰᠢᠷᠣᠢ ᠪᠠ ᠨᠥᠬᠦᠴᠡᠯ᠎ᠢ ᠲᠠᠰᠤᠷᠠᠯᠲᠠ ᠦᠭᠡᠢ ᠠᠷᠢᠯᠭ᠋ᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠠᠮᠢ ᠠᠬᠤᠢ ᠵᠢ ᠪᠤᠢ ᠪᠤᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠃
ᠯᠢ ᠭᠠᠨ ᠵᠢᠶᠧ᠂ ᠾᠧ ᠯᠢ ᠹᠧᠩ ᠵᠢᠴᠢ ᠲᠥᠪ ᠪᠠ ᠲᠥᠷᠥ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ᠃