ᠰᠢᠨᠬᠤᠸᠠ ᠬᠤᠷᠢᠶ᠎ᠠ ᠵᠢᠨ ᠴᠦᠩᠴᠢᠩ᠎ᠤᠨ 4 ᠰᠠᠷ᠎ᠠ ᠵᠢᠨ 25᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠂ ᠤᠯᠤᠰ᠎ᠤᠨ ᠲᠡᠷᠢᠭᠦᠯᠡᠭᠴᠢ ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 4 ᠰᠠᠷ᠎ᠠ ᠵᠢᠨ 23᠎ᠤ ᠡᠳᠦᠷ ᠬᠠᠭᠤᠷᠠᠢ ᠵᠠᠮ᠎ᠤᠨ ᠴᠡᠷᠢᠭ᠎ᠤᠨ ᠡᠮᠴᠢ ᠵᠢᠨ ᠶᠡᠭᠡ ᠰᠤᠷᠭ᠋ᠠᠭᠤᠯᠢ᠎ᠳᠤ ᠠᠵᠢᠯ ᠪᠠᠶ᠋ᠢᠴᠠᠭ᠋ᠠᠵᠤ ᠂ ᠰᠢᠨ᠎ᠡ ᠴᠠᠭ ᠦᠶ᠎ᠡ ᠵᠢᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠂ ᠰᠢᠨ᠎ᠡ ᠴᠠᠭ ᠦᠶ᠎ᠡ ᠵᠢᠨ ᠴᠡᠷᠢᠭ᠎ᠤᠨ ᠶᠠᠪᠤᠳᠠᠯ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠭᠦ ᠲᠠᠯ᠎ᠠ᠎ᠪᠠᠷ ᠨᠠᠶ᠋ᠢᠳᠠᠪᠤᠷᠢᠵᠢᠭᠤᠯᠵᠤ ᠂ ᠲᠠᠶ᠋ᠢᠨ᠎ᠤ ᠲᠠᠯᠠᠪᠤᠷ᠎ᠲᠤ ᠬᠠᠨᠳᠤᠵᠤ ᠂ ᠴᠡᠷᠢᠭ ᠠᠩᠭᠢ᠎ᠳᠤ ᠬᠠᠨᠳᠤᠵᠤ ᠂ ᠢᠷᠡᠭᠡᠳᠦᠢ᠎ᠳᠤ ᠬᠠᠨᠳᠤᠵᠤ ᠂ ᠰᠤᠷᠭ᠋ᠠᠭᠤᠯᠢ ᠡᠷᠭᠢᠯᠡᠵᠤ ᠬᠥᠮᠥᠨ᠎ᠢ ᠬᠥᠮᠥᠵᠢᠭᠦᠯᠬᠦ ᠲᠦᠪᠰᠢᠨ ᠪᠣᠯᠣᠨ ᠡᠷᠡᠭᠦᠯ ᠬᠠᠮᠠᠭ᠋ᠠᠯᠠᠯ᠎ᠤᠨ ᠠᠷᠤ ᠲᠠᠯ᠎ᠠ ᠵᠢᠨ ᠦᠢ᠍ᠯᠡᠴᠢᠯᠡᠭᠡ ᠪᠠᠲᠤᠯᠠᠭ᠎ᠠ ᠵᠢᠨ ᠴᠢᠳᠠᠪᠤᠷᠢ᠎ᠪᠠᠨ ᠳᠡᠭᠡᠭᠰᠢᠯᠡᠭᠦᠯᠵᠦ ᠂ ᠳᠡᠯᠡᠬᠡᠢ ᠵᠢᠨ ᠲᠡᠷᠢᠭᠦᠨ ᠵᠡᠷᠭᠡ ᠵᠢᠨ ᠴᠡᠷᠢᠭ᠎ᠤᠨ ᠡᠮᠴᠢ ᠵᠢᠨ ᠶᠡᠭᠡ ᠰᠤᠷᠭ᠋ᠠᠭᠤᠯᠢ ᠵᠢ ᠴᠢᠷᠮᠠᠶ᠋ᠢᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

4 ᠰᠠᠷ᠎ᠠ ᠵᠢᠨ 23᠎ᠤ ᠡᠳᠦᠷ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠬᠠᠭᠤᠷᠠᠢ ᠵᠠᠮ᠎ᠤᠨ ᠴᠡᠷᠢᠭ᠎ᠤᠨ ᠡᠮᠴᠢ ᠵᠢᠨ ᠶᠡᠭᠡ ᠰᠤᠷᠭ᠋ᠠᠭᠤᠯᠢ᠎ᠳᠤ ᠠᠵᠢᠯ ᠪᠠᠶ᠋ᠢᠴᠠᠭ᠋ᠠᠪᠠ᠃ ᠵᠢᠷᠤᠭ ᠪᠣᠯ ᠰᠢ ᠵᠢᠨ ᠫᠢᠩ ᠬᠠᠭᠤᠷᠠᠢ ᠵᠠᠮ᠎ᠤᠨ ᠴᠡᠷᠢᠭ᠎ᠤᠨ ᠡᠮᠴᠢ ᠵᠢᠨ ᠶᠡᠭᠡ ᠰᠤᠷᠭ᠋ᠠᠭᠤᠯᠢ ᠵᠢᠨ ᠳᠠᠷᠤᠭ᠎ᠠ ᠪᠠᠶ᠋ᠢᠯᠳᠤᠭᠴᠢᠳ᠎ᠤᠨ ᠲᠥᠯᠥᠭᠡᠯᠡᠭᠴᠢᠳ᠎ᠢ ᠳᠣᠲᠣᠨᠣ᠎ᠪᠠᠷ ᠭᠥᠯᠢᠶᠡᠨ ᠠᠪᠴᠤ ᠠᠭᠤᠯᠵᠠᠵᠤ ᠪᠠᠶ᠋ᠢᠭ᠎ᠠ᠎ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠯᠢ ᠭᠠᠩ ᠰᠡᠭᠦᠳᠡᠷᠯᠡᠪᠡ
ᠦᠳᠡ ᠵᠢᠨ ᠡᠮᠦᠨᠡᠬᠢ 9 ᠴᠠᠭ 45 ᠮᠢᠨᠦ᠋ᠲ᠎ᠤᠨ ᠦᠶ᠎ᠡ᠎ᠪᠠᠷ ᠂ ᠰᠢ ᠵᠢᠨ ᠫᠢᠩ ᠬᠠᠭᠤᠷᠠᠢ ᠵᠠᠮ᠎ᠤᠨ ᠴᠡᠷᠢᠭ᠎ᠤᠨ ᠡᠮᠴᠢ ᠵᠢᠨ ᠶᠡᠭᠡ ᠰᠤᠷᠭ᠋ᠠᠭᠤᠯᠢ᠎ᠳᠤ ᠬᠦᠷᠴᠦ ᠂ ᠡᠩ ᠲᠡᠷᠢᠭᠦᠨ᠎ᠳᠤ ᠶᠡᠭᠡ ᠰᠤᠷᠭ᠋ᠠᠭᠤᠯᠢ ᠵᠢᠨ ᠦᠨᠳᠦᠰᠦᠨ ᠪᠠᠶ᠋ᠢᠳᠠᠯ ᠪᠣᠯᠣᠨ ᠳᠠᠶ᠋ᠢᠨ᠎ᠤ ᠲᠠᠯᠠᠪᠤᠷ᠎ᠤᠨ ᠡᠮᠴᠢᠯᠡᠭᠡᠨ᠎ᠤ ᠠᠪᠤᠷᠠᠨ ᠵᠠᠰᠠᠬᠤ ᠭᠤᠣᠯᠳᠠᠯᠭ᠎ᠠ᠎ᠲᠠᠢ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠳᠠᠯ᠎ᠢ ᠣᠶ᠋ᠢᠯᠠᠭ᠋ᠠᠵᠤ᠂ ᠲᠡᠶ᠋ᠢᠨ᠎ᠳᠤ ᠰᠢᠷᠬᠠᠲᠤᠭᠰᠠᠳ᠎ᠢ ᠲᠦᠷᠭᠡᠨ ᠠᠪᠤᠷᠠᠬᠤ ᠪᠠᠭ᠋ᠠᠵᠢ ᠬᠡᠷᠡᠭᠰᠡᠯ ᠪᠣᠯᠣᠨ ᠰᠤᠷᠤᠯᠭ᠋ᠠᠲᠠᠳ᠎ᠤᠨ ᠪᠣᠳᠠᠲᠤ ᠠᠵᠢᠯᠯᠠᠭ᠋ᠠᠨ᠎ᠤ ᠦᠵᠡᠭᠦᠯᠭᠡ ᠵᠢ ᠪᠠᠶ᠋ᠢᠴᠠᠭ᠋ᠠᠨ ᠦᠵᠡᠪᠡ᠃ ᠬᠠᠭᠤᠷᠠᠢ ᠵᠠᠮ᠎ᠤᠨ ᠴᠡᠷᠢᠭ᠎ᠤᠨ ᠡᠮᠴᠢ ᠵᠢᠨ ᠶᠡᠭᠡ ᠰᠤᠷᠭ᠋ᠠᠭᠤᠯᠢ᠎ᠨᠢ ᠢᠷᠠᠭᠤ ᠠᠯᠳᠠᠷᠲᠤ ᠲᠡᠦᠬᠡ ᠵᠢᠨ ᠤᠯᠠᠮᠵᠢᠯᠠᠯ᠎ᠲᠠᠢ ᠪᠠᠶ᠋ᠢᠵᠤ᠂ ᠣᠷᠳᠣ ᠬᠤᠭᠤᠴᠠᠭ᠋ᠠᠨ᠎ᠤ ᠰᠤᠷᠭ᠋ᠠᠭᠤᠯᠢ ᠡᠷᠭᠢᠯᠡᠭᠦ ᠦᠢ᠍ᠯᠡᠳᠦᠯᠭᠡ ᠳᠤᠮᠳᠠ ᠥᠨᠳᠦᠷᠯᠢᠭ ᠤᠨ ᠴᠡᠷᠢᠭ᠎ᠤᠨ ᠶᠠᠪᠤᠳᠠᠯ᠎ᠤᠨ ᠠᠨᠠᠭ᠋ᠠᠬᠤ ᠤᠬᠠᠭ᠋ᠠᠨ ᠂ ᠲᠡᠶ᠋ᠢᠨ᠎ᠳᠤ ᠰᠢᠷᠬᠠᠲᠤᠭᠰᠠᠳ᠎ᠤᠨ ᠰᠢᠷᠬ᠎ᠠ ᠵᠢᠨ ᠠᠨᠠᠭ᠋ᠠᠬᠤ ᠤᠬᠠᠭ᠋ᠠᠨ ᠂ ᠲᠦᠯᠡᠭᠳᠡᠭᠰᠡᠨ ᠰᠢᠷᠬ᠎ᠠ ᠵᠢᠨ ᠠᠨᠠᠭ᠋ᠠᠬᠤ ᠤᠬᠠᠭ᠋ᠠᠨ ᠵᠡᠷᠭᠡ ᠢᠯᠡ ᠲᠣᠳᠣ ᠣᠨᠴᠠᠯᠢᠭ ᠪᠠ ᠳᠠᠪᠠᠭᠤᠯᠢᠭ᠎ᠢ ᠪᠦᠷᠢᠯᠳᠦᠭᠦᠯᠵᠡᠢ ᠃ 2017 ᠣᠨ᠎ᠳᠤ ᠲᠣᠬᠢᠷᠠᠭᠤᠯᠤᠯᠲᠠ ᠬᠢᠵᠦ ᠪᠠᠶ᠋ᠢᠭᠤᠯᠤᠭᠰᠠᠨ᠎ᠠᠴᠠ ᠨᠠᠭ᠋ᠠᠰᠢ ᠂ ᠶᠡᠭᠡ ᠰᠤᠷᠭ᠋ᠠᠭᠤᠯᠢ᠎ᠨᠢ ᠴᠡᠷᠢᠭ᠎ᠤᠨ᠎ᠬᠢ ᠪᠠᠶ᠋ᠢᠬᠤ ᠲᠠᠶ᠋ᠢᠨ᠎ᠤ ᠲᠥᠯᠥᠭᠡ ᠪᠠᠶ᠋ᠢᠬᠤ ᠵᠢ ᠪᠠᠷᠢᠮᠲᠠᠯᠠᠵᠤ᠂ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠵᠤ᠂ ᠴᠡᠷᠢᠭ᠎ᠤᠨ ᠶᠠᠪᠤᠳᠠᠯ᠎ᠤᠨ ᠲᠡᠮᠡᠴᠡᠯ᠎ᠤᠨ ᠡᠷᠡᠭᠦᠯ ᠬᠠᠮᠠᠭ᠋ᠠᠯᠠᠯ᠎ᠤᠨ ᠠᠷᠤ ᠲᠠᠯ᠎ᠠ ᠵᠢᠨ ᠪᠠᠲᠤᠯᠠᠭ᠎ᠠ ᠵᠢᠨ ᠠᠵᠢᠯ ᠂ ᠰᠢᠨ᠎ᠡ ᠲᠢᠲᠢᠮᠯᠢᠭ ᠸᠢᠷᠦ᠋ᠰ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠡᠷᠭᠡ ᠠᠯᠢ ᠣᠯᠠᠨ ᠴᠢᠬᠤᠯᠠ ᠶᠡᠭᠡ ᠡᠭᠦᠷᠭᠡ ᠵᠢ ᠭᠠᠷᠮᠠᠭ᠋ᠠᠢ ᠪᠡᠶᠡᠯᠡᠭᠦᠯᠪᠡ ᠃ ᠰᠢ ᠵᠢᠨ ᠫᠢᠩ ᠬᠠᠭᠤᠷᠠᠢ ᠵᠠᠮ᠎ᠤᠨ ᠴᠡᠷᠢᠭ᠎ᠤᠨ ᠡᠮᠴᠢ ᠵᠢᠨ ᠶᠡᠭᠡ ᠰᠤᠷᠭ᠋ᠠᠭᠤᠯᠢ ᠵᠢᠨ ᠪᠠᠶ᠋ᠢᠭᠤᠯᠤᠯᠲᠠ ᠪᠠ ᠡᠭᠦᠷᠭᠡ᠎ᠪᠠᠨ ᠪᠡᠶᠡᠯᠡᠭᠦᠯᠦᠭᠰᠡᠨ ᠪᠠᠶ᠋ᠢᠳᠠᠯ᠎ᠢ ᠨᠤᠲᠠᠯᠠᠪᠠ ᠃
ᠬᠠᠯᠠᠭᠤᠨ ᠠᠯᠠᠭ᠎ᠠ ᠲᠡᠰᠢᠯᠲᠡ ᠵᠢᠨ ᠳᠤᠮᠳᠠ ᠂ ᠰᠢ ᠵᠢᠨ ᠫᠢᠩ ᠬᠠᠭᠤᠷᠠᠢ ᠵᠠᠮ᠎ᠤᠨ ᠴᠡᠷᠢᠭ᠎ᠤᠨ ᠡᠮᠴᠢ ᠵᠢᠨ ᠶᠡᠭᠡ ᠰᠤᠷᠭ᠋ᠠᠭᠤᠯᠢ ᠵᠢᠨ ᠳᠠᠷᠤᠭ᠎ᠠ ᠪᠠᠶ᠋ᠢᠯᠳᠤᠭᠴᠢᠳ᠎ᠤᠨ ᠲᠥᠯᠥᠭᠡᠯᠡᠭᠴᠢᠳ᠎ᠢ ᠳᠣᠲᠣᠨᠣ᠎ᠪᠠᠷ ᠭᠥᠯᠢᠶᠡᠨ ᠠᠪᠴᠤ ᠠᠭᠤᠯᠵᠠᠭᠰᠠᠨ ᠪᠥᠭᠡᠳ ᠤᠯᠠᠨ᠎ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ ᠃
ᠰᠢ ᠵᠢᠨ ᠫᠢᠩ᠂ ᠬᠠᠭᠤᠷᠠᠢ ᠵᠠᠮ᠎ᠤᠨ ᠴᠡᠷᠢᠭ᠎ᠤᠨ ᠡᠮᠴᠢ ᠵᠢᠨ ᠶᠡᠭᠡ ᠰᠤᠷᠭ᠋ᠠᠭᠤᠯᠢ ᠪᠣᠯ ᠮᠠᠨ᠎ᠤ ᠴᠡᠷᠢᠭ᠎ᠤᠨ ᠠᠨᠠᠭ᠋ᠠᠬᠤ ᠤᠬᠠᠭ᠋ᠠᠨ᠎ᠤ ᠲᠦᠷᠦᠯ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠶᠡᠭᠡ ᠳᠡᠭᠡᠳᠦ ᠰᠤᠷᠭ᠋ᠠᠭᠤᠯᠢ ᠪᠠᠶ᠋ᠢᠵᠤ ᠂ ᠪᠦᠭᠦ ᠴᠡᠷᠢᠭ᠎ᠤᠨ ᠡᠷᠡᠭᠦᠯ ᠬᠠᠮᠠᠭ᠋ᠠᠯᠠᠯ᠎ᠤᠨ ᠠᠷᠤ ᠲᠠᠯ᠎ᠠ ᠵᠢᠨ ᠪᠠᠲᠤᠯᠠᠭ᠎ᠠ ᠵᠢᠨ ᠬᠦᠴᠦᠨ᠎ᠤ ᠰᠢᠰᠲ᠋ᠧᠮ᠎ᠤᠨ ᠴᠢᠬᠤᠯᠠ ᠪᠦᠷᠢᠯᠳᠦᠭᠦᠨ ᠬᠡᠰᠡᠭ ᠮᠥᠨ᠃ ᠶᠣᠰᠣ ᠰᠤᠷᠲᠠᠬᠤᠨ ᠵᠶ᠋ᠠᠷ ᠬᠥᠮᠥᠨ᠎ᠢ ᠬᠥᠮᠥᠵᠢᠭᠦᠯᠬᠦ ᠂ ᠲᠠᠶ᠋ᠢᠨ᠎ᠳᠤ ᠪᠡᠯᠡᠳᠬᠡᠨ ᠬᠥᠮᠥᠨ ᠬᠥᠮᠥᠵᠢᠭᠦᠯᠬᠦ ᠵᠢ ᠪᠠᠷᠢᠮᠲᠠᠯᠠᠵᠤ ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠂ ᠮᠣᠷᠠᠯ ᠴᠢᠳᠠᠪᠤᠷᠢ ᠬᠤᠣᠰᠯᠠᠭᠰᠠᠨ ᠰᠢᠨ᠎ᠡ ᠴᠠᠭ ᠦᠶ᠎ᠡ ᠵᠢᠨ ᠬᠤᠪᠢᠰᠬᠠᠯᠲᠤ ᠴᠡᠷᠢᠭ᠎ᠤᠨ ᠡᠮᠴᠢ ᠵᠢ ᠬᠥᠮᠥᠵᠢᠭᠦᠯᠬᠦ ᠬᠡᠷᠡᠭᠲᠡᠢ᠃ ᠣᠨᠴᠠᠯᠢᠭᠲᠤ ᠠᠨᠠᠭ᠋ᠠᠬᠤ ᠤᠬᠠᠭ᠋ᠠᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠨ᠎ᠡ ᠵᠢ ᠡᠭᠦᠳᠬᠦ ᠵᠢ ᠶᠡᠭᠡ᠎ᠪᠠᠷ ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠵᠶ᠋ᠠᠨ ᠪᠠᠬᠢᠵᠢᠭᠦᠯᠦᠨ᠂ ᠬᠥᠭᠵᠢᠯᠲᠡ ᠵᠢᠨ ᠡᠮᠦᠨ᠎ᠡ᠎ᠨᠢ ᠬᠤᠰᠢᠭᠤᠷᠠᠵᠤ᠂ ᠴᠡᠷᠢᠭ᠎ᠤᠨ ᠶᠠᠪᠤᠳᠠᠯ᠎ᠤᠨ ᠠᠨᠠᠭ᠋ᠠᠬᠤ ᠤᠬᠠᠭ᠋ᠠᠨ᠎ᠤ ᠨᠣᠶᠠᠨ ᠤᠷᠭᠢᠯ᠎ᠳᠤ ᠵᠣᠷᠢᠭᠲᠠᠢ᠎ᠪᠠᠷ ᠠᠪᠠᠷᠢᠬᠤ ᠬᠡᠷᠡᠭᠲᠡᠢ᠃ ᠡᠷᠡᠭᠦᠯ ᠬᠠᠮᠠᠭ᠋ᠠᠯᠠᠯ᠎ᠤᠨ ᠠᠷᠤ ᠲᠠᠯ᠎ᠠ ᠵᠢᠨ ᠪᠠᠲᠤᠯᠠᠭ᠎ᠠ ᠵᠢᠨ ᠡᠯ᠎ᠡ ᠵᠦᠢ᠍ᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ ᠂ ᠴᠡᠷᠢᠭ ᠠᠩᠭᠢ ᠵᠢᠨ ᠳᠠᠶ᠋ᠢᠴᠢᠨ ᠬᠦᠴᠦᠨ᠎ᠳᠤ ᠬᠦᠴᠦᠲᠡᠢ ᠦᠢ᠍ᠯᠡᠴᠢᠯᠡᠵᠦ᠂ ᠳᠠᠷᠤᠭ᠎ᠠ ᠪᠠᠶ᠋ᠢᠯᠳᠤᠭᠴᠢᠳ᠎ᠤᠨ ᠪᠡᠶ᠎ᠡ ᠰᠡᠳᠬᠢᠴᠡ ᠵᠢᠨ ᠡᠷᠡᠭᠦᠯ ᠮᠡᠨᠳᠦ᠎ᠳᠤ ᠦᠢ᠍ᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃
ᠰᠢ ᠵᠢᠨ ᠫᠢᠩ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠨᠠᠮ᠎ᠤᠨ ᠰᠢᠨ᠎ᠡ ᠡᠭᠦᠳᠦᠭᠰᠡᠨ ᠤᠨᠤᠯ ᠵᠶ᠋ᠠᠷ ᠵᠡᠪᠰᠡᠭᠯᠡᠬᠦ ᠵᠢ ᠴᠢᠩᠭ᠋ᠠᠳᠬᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠰᠠᠶ᠋ᠢᠲᠤᠷ ᠠᠳᠬᠤᠵᠤ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠵᠢᠯ ᠲᠦᠷᠦᠯ᠎ᠤᠨ ᠴᠡᠭᠴᠡᠯᠡᠨ ᠵᠠᠰᠠᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠶᠡᠭᠡ ᠰᠤᠷᠭ᠋ᠠᠭᠤᠯᠢ ᠵᠢᠨ ᠳᠡᠭᠡᠳᠦ ᠬᠡᠮᠵᠢᠶᠡᠨ᠎ᠤ ᠲᠥᠪᠯᠡᠷᠡᠩᠭᠦᠢ ᠨᠢᠭᠡᠳᠦᠯ ᠪᠠ ᠴᠢᠬᠡᠴᠢ ᠴᠡᠪᠡᠷ ᠪᠠᠲᠤ ᠪᠠᠬᠢ ᠪᠠᠶ᠋ᠢᠬᠤ ᠵᠢ ᠪᠠᠲᠤᠯᠠᠬᠤ ᠬᠡᠷᠡᠭᠲᠡᠢ᠃ ᠬᠠᠤᠯᠢ ᠶᠣᠰᠣᠭ᠋ᠠᠷ ᠰᠤᠷᠭ᠋ᠠᠭᠤᠯᠢ ᠵᠢ ᠵᠠᠰᠠᠬᠤ᠂ ᠰᠤᠷᠭ᠋ᠠᠭᠤᠯᠢ ᠵᠢ ᠴᠢᠩᠭ᠎ᠠ ᠵᠠᠰᠠᠬᠤ ᠵᠢ ᠴᠢᠩᠭ᠎ᠠ ᠠᠳᠬᠤᠵᠤ᠂ ᠬᠥᠮᠦᠵᠢᠯ ᠬᠠᠮᠢᠶᠠᠷᠤᠯᠲᠠ ᠵᠢ ᠴᠢᠩᠳᠠᠯᠠᠵᠤ᠂ ᠦᠨᠳᠦᠰᠦᠨ ᠱᠠᠲᠤ ᠵᠢ ᠠᠳᠬᠤᠵᠤ ᠰᠠᠭᠤᠷᠢ ᠲᠠᠯᠪᠢᠬᠤ ᠠᠵᠢᠯ᠎ᠢ ᠰᠠᠶ᠋ᠢᠲᠤᠷ ᠬᠢᠵᠦ ᠂ ᠪᠦᠭᠦ ᠰᠤᠷᠭ᠋ᠠᠭᠤᠯᠢ ᠵᠢᠨ ᠪᠠᠭᠰᠢ ᠰᠤᠷᠤᠬ᠍ᠴᠢ ᠠᠵᠢᠯᠲᠠᠨ᠎ᠤ ᠠᠵᠢᠯ ᠬᠢᠵᠦ ᠦᠢ᠍ᠯᠡᠰ ᠪᠣᠰᠬᠠᠬᠤ ᠢᠳᠡᠪᠬᠢᠵᠢᠯ᠎ᠢ ᠬᠥᠭᠵᠢᠭᠡᠵᠦ ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠶᠡᠭᠡ ᠰᠤᠷᠭ᠋ᠠᠭᠤᠯᠢ ᠵᠢᠨ ᠪᠠᠶ᠋ᠢᠭᠤᠯᠤᠯᠲᠠ ᠵᠢᠨ ᠰᠢᠨ᠎ᠡ ᠪᠠᠶ᠋ᠢᠳᠠᠯ᠎ᠢ ᠡᠭᠦᠳᠦᠨ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ ᠃
ᠾᠧ ᠸᠧᠢ ᠳ᠋ᠦᠩ ᠨᠠᠷ ᠠᠵᠢᠯᠯᠠᠭ᠎ᠠ᠎ᠳᠤ ᠣᠷᠣᠯᠴᠠᠵᠠᠢ ᠃