ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 31᠎ᠤ ᠴᠠᠬᠢᠯᠭ᠋ᠠᠨ ᠮᠡᠳᠡᠭᠡ 4 ᠰᠠᠷ᠎ᠠ ᠵᠢᠨ 1᠎ᠤ ᠡᠳᠦᠷ ᠬᠡᠪᠯᠡᠭᠳᠡᠭᠰᠡᠨ 7 ᠳ᠋ᠤᠭ᠋ᠠᠷ ᠬᠤᠭᠤᠴᠠᠭ᠋ᠠᠨ᠎ᠤ 《ᠦᠨᠡᠨ》 ᠰᠡᠳᠬᠦᠯ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ᠎ᠤᠨ 《ᠠᠷᠠᠳ ᠲᠦᠮᠡᠨ᠎ᠢ ᠳᠡᠭᠡᠳᠦᠯᠡᠬᠦ ᠵᠢ ᠡᠷᠬᠡᠪᠰᠢ ᠪᠠᠷᠢᠮᠲᠠᠯᠠᠬᠤ ᠬᠡᠷᠡᠭᠲᠡᠢ》 ᠭᠡᠬᠦ ᠴᠢᠬᠤᠯᠠ ᠵᠣᠬᠢᠶᠠᠯ᠎ᠢ ᠨᠡᠶ᠋ᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠤᠨ 2012 ᠣᠨ᠎ᠤ 11 ᠰᠠᠷ᠎ᠠ᠎ᠠᠴᠠ 2023 ᠣᠨ᠎ᠤ 12 ᠰᠠᠷ᠎ᠠ ᠪᠣᠯᠲᠠᠯᠠᠬᠢ ᠬᠤᠭᠤᠴᠠᠭ᠋ᠠᠨ᠎ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠵᠢᠨ ᠲᠣᠪᠴᠢᠯᠠᠪᠤᠷᠢ ᠪᠣᠯᠣᠨ᠎ᠠ᠃
ᠵᠣᠬᠢᠶᠠᠯ᠎ᠳᠤ᠂ ᠠᠷᠠᠳ ᠲᠦᠮᠡᠨ ᠪᠣᠯ ᠲᠡᠦᠬᠡ ᠵᠢ ᠡᠭᠦᠳᠦᠨ ᠪᠦᠲᠦᠭᠡᠭᠴᠢ ᠮᠥᠨ᠂ ᠠᠷᠠᠳ ᠲᠦᠮᠡᠨ ᠪᠣᠯ ᠵᠢᠩᠬᠢᠨᠢ ᠪᠠᠭ᠋ᠠᠲᠤᠷ ᠮᠥᠨ᠃ ᠮᠠᠨ᠎ᠤ ᠨᠠᠮ ᠪᠣᠯ ᠠᠷᠠᠳ ᠲᠦᠮᠡᠨ᠎ᠤ ᠳᠤᠮᠳᠠ ᠠᠴᠠ ᠢᠷᠡᠵᠦ᠂ ᠠᠷᠠᠳ ᠲᠦᠮᠡᠨ᠎ᠤ ᠳᠤᠮᠳᠠ ᠦᠨᠳᠦᠰᠦᠯᠡᠵᠦ᠂ ᠠᠷᠠᠳ ᠲᠦᠮᠡᠨ᠎ᠳᠤ ᠦᠢ᠍ᠯᠡᠴᠢᠯᠡᠳᠡᠭ᠂ ᠨᠠᠮ᠎ᠤᠨ ᠦᠨᠳᠦᠰᠦ ᠰᠠᠭᠤᠷᠢᠨ᠎ᠢ ᠠᠷᠠᠳ ᠲᠦᠮᠡᠨ᠎ᠤ ᠳᠤᠮᠳᠠ ᠪᠠᠶ᠋ᠢᠵᠤ᠂ ᠠᠮᠢᠨ ᠰᠤᠳᠠᠰᠤ᠎ᠨᠢ ᠠᠷᠠᠳ ᠲᠦᠮᠡᠨ᠎ᠤ ᠳᠤᠮᠳᠠ ᠪᠠᠶ᠋ᠢᠵᠤ᠂ ᠬᠦᠴᠦᠨ ᠴᠢᠳᠠᠯ᠎ᠨᠢ ᠠᠷᠠᠳ ᠲᠦᠮᠡᠨ ᠤ ᠳᠤᠮᠳᠠ ᠪᠠᠶ᠋ᠢᠳᠠᠭ᠃ ᠠᠷᠠᠳ ᠲᠦᠮᠡᠨ ᠪᠣᠯ ᠮᠠᠨ᠎ᠤ ᠨᠠᠮ᠎ᠤᠨ ᠲᠥᠷᠥ ᠪᠠᠷᠢᠬᠤ ᠬᠠᠮᠤᠭ᠎ᠤᠨ ᠶᠡᠭᠡ ᠢᠳᠡ ᠬᠦᠴᠦᠨ ᠮᠥᠨ᠂ ᠮᠠᠨ᠎ᠤ ᠪᠦᠭᠦᠳᠡ ᠨᠠᠶ᠋ᠢᠷᠠᠮᠳᠠᠬᠤ ᠤᠯᠤᠰ᠎ᠤᠨ ᠪᠠᠲᠤ ᠪᠠᠬᠢ ᠦᠨᠳᠦᠰᠦ ᠰᠠᠭᠤᠷᠢ ᠮᠥᠨ᠂ ᠮᠠᠨ᠎ᠤ ᠨᠠᠮ ᠵᠶ᠋ᠠᠨ ᠬᠦᠴᠦᠷᠬᠡᠭᠵᠢᠭᠦᠯᠵᠦ ᠤᠯᠤᠰ ᠵᠶ᠋ᠠᠨ ᠮᠠᠨᠳᠤᠭᠤᠯᠬᠤ ᠵᠢᠨ ᠦᠨᠳᠦᠰᠦ ᠰᠠᠭᠤᠷᠢ ᠮᠥᠨ᠃ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ᠎ᠤ ᠲᠡᠮᠡᠴᠡᠬᠦ ᠬᠠᠷᠠᠯᠲᠠ ᠮᠥᠨ᠃ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠣᠯ ᠳᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ ᠶᠠᠪᠤᠳᠠᠯ ᠪᠣᠯᠣᠨ᠎ᠠ᠃ ᠡᠨᠡ ᠬᠦ᠌ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠢ ᠤᠷᠮᠠᠰᠢᠭᠤᠯᠤᠨ ᠵᠣᠷᠢᠭᠵᠢᠭᠤᠯᠵᠤ ᠲᠠᠰᠤᠷᠠᠯᠲᠠ ᠦᠭᠡᠢ ᠤᠷᠤᠭᠰᠢᠯᠠᠭᠤᠯᠬᠤ ᠦᠨᠳᠦᠰᠦᠨ ᠬᠥᠳᠡᠯᠭᠡᠬᠦ ᠬᠦᠴᠦᠨ ᠮᠥᠨ ᠭᠡᠵᠦ ᠴᠢᠬᠤᠯᠠᠴᠢᠯᠠᠪᠠ᠃
ᠵᠣᠬᠢᠶᠠᠯ᠎ᠳᠤ᠂ ᠲᠥᠷᠥ ᠭᠥᠷᠥᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠥᠷᠥ ᠭᠦᠴᠦᠨ ᠮᠥᠨ᠂ ᠲᠥᠷᠥ ᠭᠥᠷᠥᠨᠢ ᠪᠠᠶ᠋ᠢᠭᠤᠯᠵᠤ᠂ ᠲᠥᠷᠥ ᠭᠥᠷᠥᠨᠢ ᠰᠠᠬᠢᠬᠤ᠎ᠳᠤ ᠰᠠᠬᠢᠵᠤ ᠪᠠᠶ᠋ᠢᠭ᠎ᠠ᠎ᠨᠢ ᠳᠠᠷᠤᠢ ᠠᠷᠠᠳ ᠲᠦᠮᠡᠨ᠎ᠤ ᠰᠡᠳᠬᠢᠯ᠎ᠢ ᠰᠠᠬᠢᠵᠤ ᠪᠠᠶ᠋ᠢᠨ᠎ᠠ᠃ ᠠᠷᠠᠳ ᠲᠦᠮᠡᠨ᠎ᠤ ᠵᠣᠭᠰᠣᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠨ ᠤᠯᠤᠰ ᠲᠥᠷᠥ ᠵᠢᠨ ᠵᠣᠭᠰᠣᠯᠲᠠ ᠮᠥᠨ᠂ ᠮᠠᠷᠺᠰ᠎ᠤᠨ ᠦᠵᠡᠯ᠎ᠤᠨ ᠲᠥᠷᠥ ᠵᠢᠨ ᠨᠠᠮ ᠪᠣᠯᠣᠨ ᠲᠥᠷᠥ ᠵᠢᠨ ᠨᠠᠮ᠎ᠠᠴᠠ ᠢᠯᠭ᠋ᠠᠭᠳᠠᠬᠤ ᠢᠯᠡᠷᠬᠡᠢ ᠰᠢᠨᠵᠢ ᠲᠡᠮᠳᠡᠭ ᠮᠥᠨ᠃ ᠨᠠᠮ ᠠᠷᠠᠳ ᠲᠦᠮᠡᠨ᠎ᠤ ᠠᠰᠢᠭ ᠲᠤᠰᠠ᠎ᠠᠴᠠ ᠭᠠᠳᠠᠨ᠎ᠠ ᠥᠪᠡᠷ᠎ᠤᠨ ᠣᠨᠴᠠᠭ᠋ᠠᠢ ᠠᠰᠢᠭ ᠲᠤᠰᠠ ᠭᠡᠵᠦ ᠪᠠᠶ᠋ᠢᠬᠤ ᠦᠭᠡᠢ᠂ ᠨᠠᠮ᠎ᠤᠨ ᠠᠯᠢᠪᠠ ᠠᠵᠢᠯ ᠪᠣᠯ ᠴᠥᠮ ᠬᠠᠮᠤᠭ᠎ᠤᠨ ᠥᠷᠭᠡᠨ ᠣᠯᠠᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠰᠠᠶ᠋ᠢᠲᠤᠷ ᠪᠡᠶᠡᠯᠡᠭᠦᠯᠵᠦ᠂ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠬᠥᠭᠵᠢᠭᠦᠯᠬᠦ ᠵᠢᠨ ᠲᠥᠯᠥᠭᠡ ᠶᠤᠮ᠃ ᠪᠥᠬᠦ ᠰᠡᠳᠬᠢᠯ ᠪᠥᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠦᠨᠳᠦᠰᠦᠨ ᠵᠣᠷᠢᠯᠲᠠ ᠵᠢ ᠪᠠᠷᠢᠮᠲᠠᠯᠠᠨ᠂ ᠣᠯᠠᠨ ᠲᠦᠮᠡᠨᠴᠢ ᠱᠤᠭᠤᠮ᠎ᠢ ᠲᠤᠭᠤᠰᠢᠯᠠᠭᠤᠯᠵᠤ᠂ ᠠᠷᠠᠳ ᠲᠦᠮᠡᠨ᠎ᠤ ᠭᠤᠣᠯ ᠴᠣᠭᠴᠠ ᠵᠢᠨ ᠪᠠᠶ᠋ᠢᠷᠢ ᠰᠠᠭᠤᠷᠢ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠵᠢ ᠬᠦᠨᠳᠦᠳᠬᠡᠨ᠂ ᠠᠷᠠᠳ ᠣᠯᠠᠨᠯᠤᠭᠠ ᠵᠢᠨ ᠴᠢᠰᠤ ᠮᠢᠬᠠᠨ᠎ᠤ ᠬᠠᠷᠢᠴᠠᠭ᠎ᠠ ᠵᠢ ᠢᠮᠠᠭᠲᠠ ᠪᠠᠲᠤᠯᠠᠵᠤ᠂ ᠠᠷᠠᠳ ᠲᠦᠮᠡᠨ᠎ᠲᠠᠢ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠤᠨ᠂ ᠠᠷᠠᠳ ᠲᠦᠮᠡᠨ᠎ᠲᠠᠢ ᠰᠡᠳᠬᠢᠯ ᠵᠢᠷᠦᠬᠡ᠎ᠪᠠᠨ ᠬᠤᠯᠪᠣᠵᠤ᠂ ᠠᠷᠠᠳ ᠲᠦᠮᠡᠨ᠎ᠤ ᠪᠣᠳᠣᠵᠤ ᠪᠠᠶ᠋ᠢᠭ᠎ᠠ ᠵᠦᠢ᠍ᠯ᠎ᠢ ᠰᠠᠨᠠᠭ᠋ᠠᠰᠢᠷᠠᠨ᠂ ᠠᠷᠠᠳ ᠲᠦᠮᠡᠨ᠎ᠤ ᠬᠦᠰᠡᠯ ᠨᠠᠶ᠋ᠢᠳᠠᠯᠭ᠎ᠠ ᠵᠢ ᠭᠦᠢ᠍ᠴᠡᠳᠬᠡᠵᠦ᠂ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠪᠣᠳᠠᠲᠤ ᠠᠬᠤᠢ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠵᠣᠬᠢᠶᠠᠯ᠎ᠳᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠥᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠠᠷᠠᠳ ᠲᠦᠮᠡᠨ ᠪᠣᠯ ᠰᠢᠢ᠍ᠳᠪᠦᠷᠢᠯᠡᠭᠴᠢ ᠴᠢᠨᠠᠷᠲᠠᠢ ᠬᠦᠴᠦᠨ ᠮᠥᠨ᠃ ᠡᠷᠬᠡᠪᠰᠢ ᠪᠥᠬᠦ ᠠᠷᠠᠳ ᠲᠦᠮᠡᠨ ᠬᠠᠮᠲᠤ᠎ᠪᠠᠷ ᠣᠷᠣᠯᠴᠠᠬᠤ᠂ ᠬᠠᠮᠲᠤ᠎ᠪᠠᠷ ᠪᠦᠲᠦᠭᠡᠨ ᠪᠠᠶ᠋ᠢᠭᠤᠯᠬᠤ᠂ ᠬᠠᠮᠲᠤ᠎ᠪᠠᠷ ᠡᠳ᠋ᠯᠡᠬᠦ ᠵᠢ ᠪᠠᠷᠢᠮᠲᠠᠯᠠᠵᠤ᠂ ᠪᠥᠬᠦ ᠠᠷᠠᠳ ᠲᠦᠮᠡᠨ᠎ᠤ ᠰᠡᠳᠬᠢᠯ ᠨᠢᠭᠡᠳᠦᠨ ᠬᠠᠮᠲᠤᠷᠠᠯᠴᠠᠬᠤ᠂ ᠶᠡᠭᠡ ᠦᠢ᠍ᠯᠡᠰ᠎ᠢ ᠬᠠᠮᠲᠤ᠎ᠪᠠᠷ ᠪᠦᠲᠦᠭᠡᠬᠦ᠎ᠳᠤ ᠴᠢᠩᠭ᠎ᠠ ᠲᠦᠰᠢᠭᠯᠡᠬᠦ ᠬᠡᠷᠡᠭᠲᠡᠢ᠃ ᠪᠥᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠢᠳᠡᠪᠬᠢᠲᠡᠢ ᠬᠥᠭᠵᠢᠭᠦᠯᠵᠦ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠣᠷᠭ᠋ᠠᠨᠢᠭ ᠵᠶ᠋ᠠᠷ ᠨᠢᠭᠡᠳᠬᠡᠬᠦ ᠵᠢ ᠪᠠᠷᠢᠮᠲᠠᠯᠠᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠠᠶ᠋ᠢᠭᠤᠯᠤᠯ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠪᠥᠬᠦ ᠠᠷᠠᠳ ᠲᠦᠮᠡᠨ᠎ᠤ ᠢᠳᠡᠪᠬᠢᠵᠢᠯ ᠰᠠᠨᠠᠭ᠋ᠠᠴᠢᠯᠠᠭ᠋ᠠᠲᠤ ᠴᠢᠨᠠᠷ ᠪᠦᠲᠦᠭᠡᠯᠴᠢ ᠴᠢᠨᠠᠷ᠎ᠢ ᠭᠦᠢ᠍ᠴᠡᠳ ᠬᠥᠭᠵᠢᠭᠡᠬᠦ ᠬᠡᠷᠡᠭᠲᠡᠢ᠃ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠲᠤᠭᠤᠰᠢᠯᠠᠭᠤᠯᠵᠤ᠂ ᠠᠷᠠᠳ ᠣᠯᠠᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶ᠋ᠢᠭ᠎ᠠ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠵᠦ᠂ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠪᠥᠬᠦ ᠠᠷᠠᠳ ᠲᠦᠮᠡᠨ᠎ᠳᠤ ᠨᠡᠩ ᠣᠯᠠᠨ ᠨᠡᠩ ᠭᠤᠣᠯᠴᠢ᠎ᠪᠠᠷ ᠬᠦᠷᠲᠡᠭᠡᠵᠦ᠂ ᠪᠥᠬᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠵᠢ ᠠᠬᠢᠭᠤᠯᠬᠤ ᠲᠠᠯ᠎ᠠ᠎ᠪᠠᠷ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠢ ᠪᠣᠯᠭ᠋ᠠᠬᠤ ᠬᠡᠷᠡᠭᠲᠡᠢ᠃ ᠪᠥᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠶᠡᠭᠡ ᠪᠦᠯᠬᠦᠮᠳᠡᠯ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠳᠤᠮᠳᠠᠳᠤ ᠵᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠢᠳᠡᠪᠬᠢ ᠬᠦᠴᠦᠨ ᠵᠦᠢ᠍ᠯ ᠪᠥᠬᠦᠨ᠎ᠢ ᠭᠦᠢ᠍ᠴᠡᠳ ᠳᠠᠶ᠋ᠢᠴᠢᠯᠠᠨ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠦᠷ ᠳᠠᠯᠠᠶ᠋ᠢᠴᠠᠲᠠᠢ ᠬᠦᠴᠦᠨ᠎ᠢ ᠨᠢᠭᠲᠠᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃