ᠰᠢᠨᠬᠤᠸᠠ ᠬᠤᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 28᠎ᠤ ᠴᠠᠭᠢᠯᠭ᠋ᠠᠨ ᠮᠡᠳᠡᠭᠡ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ ᠳᠤ ᠳᠡᠪᠰᠢᠭᠦᠯᠬᠦ ᠶᠣᠰᠣᠯᠠᠯ 28᠎ᠤ ᠡᠳᠦᠷ ᠪᠡᠭᠡᠵᠢᠩ᠎ᠤᠨ 《8 · 1》᠎ᠤ ᠶᠡᠭᠡ ᠠᠰᠠᠷ᠎ᠲᠤ ᠶᠠᠪᠤᠭᠳᠠᠪᠠ᠃ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠴᠣᠯᠠ᠎ᠳᠤ ᠳᠡᠪᠰᠢᠭᠦᠯᠬᠦ ᠶᠣᠰᠣᠯᠠᠯ᠎ᠳᠤ ᠣᠷᠣᠯᠴᠠᠵᠠᠢ᠃

3 ᠰᠠᠷ᠎ᠠ ᠵᠢᠨ 28᠎ᠤ ᠡᠳᠦᠷ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ᠎ᠳᠤ ᠳᠡᠪᠰᠢᠭᠦᠯᠬᠦ ᠶᠣᠰᠣᠯᠠᠯ ᠪᠡᠭᠡᠵᠢᠩ᠎ᠤᠨ 《8 · 1》᠎ᠤ ᠶᠡᠭᠡ ᠠᠰᠠᠷ᠎ᠲᠤ ᠶᠠᠪᠤᠭᠳᠠᠪᠠ᠃ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠴᠣᠯᠠ᠎ᠳᠤ ᠳᠡᠪᠰᠢᠭᠦᠯᠬᠦ ᠶᠣᠰᠣᠯᠠᠯ᠎ᠳᠤ ᠣᠷᠣᠯᠴᠠᠪᠠ᠃ ᠵᠢᠷᠤᠭ ᠪᠣᠯ ᠰᠢ ᠵᠢᠨ ᠫᠢᠩ ᠵᠡᠷᠭᠡ ᠤᠳᠤᠷᠢᠳᠬᠤ ᠨᠥᠬᠦᠳ ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ᠎ᠳᠤ ᠳᠡᠪᠰᠢᠭᠰᠡᠨ ᠣᠹᠢᠼᠧᠷ᠎ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶ᠋ᠢᠭ᠎ᠠ᠎ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠯᠢ ᠭᠠᠩ ᠰᠡᠭᠦᠳᠡᠷᠯᠡᠪᠡ
ᠦᠳᠡ ᠵᠢᠨ ᠬᠤᠶ᠋ᠢᠨᠠᠬᠢ 5 ᠴᠠᠭ᠎ᠤᠨ ᠦᠶ᠎ᠡ᠎ᠪᠠᠷ᠂ ᠴᠣᠯᠠ᠎ᠳᠤ ᠳᠡᠪᠰᠢᠭᠦᠯᠬᠦ ᠶᠣᠰᠣᠯᠠᠯ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ ᠵᠢᠨ ᠳᠤᠮᠳᠠ ᠡᠬᠢᠯᠡᠪᠡ᠃ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ᠎ᠤᠨ ᠭᠠᠷᠤᠨ ᠦᠰᠦᠭ ᠵᠢᠷᠤᠭᠰᠠᠨ ᠬᠤᠷᠠᠩᠳᠠ ᠭᠧᠨᠧᠷᠡᠯ᠎ᠤᠨ ᠴᠡᠷᠢᠭ᠎ᠤᠨ ᠴᠣᠯᠠ᠎ᠳᠤ ᠳᠡᠪᠰᠢᠭᠦᠯᠬᠦ ᠵᠠᠷᠯᠢᠭ᠎ᠢ ᠤᠩᠰᠢᠨ ᠨᠡᠶ᠋ᠢᠲᠡᠯᠡᠪᠡ᠃ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠳᠡᠳ᠋ ᠲᠡᠷᠢᠭᠦᠯᠡᠭᠴᠢ ᠾᠧ ᠸᠧᠢ ᠳ᠋ᠦᠩ ᠴᠣᠯᠠ᠎ᠳᠤ ᠳᠡᠪᠰᠢᠭᠦᠯᠬᠦ ᠶᠣᠰᠣᠯᠠᠯ᠎ᠢ ᠡᠷᠭᠢᠯᠡᠪᠡ᠃
ᠡᠨᠡ ᠤᠳᠠᠭ᠎ᠠ ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ᠎ᠳᠤ ᠳᠡᠪᠰᠢᠭᠰᠡᠨ ᠣᠹᠢᠼᠧᠷ ᠪᠣᠯ᠄ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠤᠷᠢᠶ᠎ᠠ ᠵᠢᠨ ᠱᠦᠵᠢ ᠸᠠᠩ ᠷᠧᠨ ᠬᠤᠸᠠ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠶᠡᠭᠡ ᠰᠤᠷᠭ᠋ᠠᠭᠤᠯᠢ ᠵᠢᠨ ᠵᠠᠬᠢᠷᠤᠯ ᠰᠢᠶᠣᠣ ᠲᠢᠶᠠᠨ ᠯᠢᠶᠠᠩ ᠪᠣᠯᠣᠨ᠎ᠠ᠃
ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ᠎ᠳᠤ ᠳᠡᠪᠰᠢᠭᠰᠡᠨ 2 ᠣᠹᠢᠼᠧᠷ ᠰᠦᠷ ᠵᠢᠪᠬᠤᠭ᠎ᠠ᠎ᠲᠠᠢ᠎ᠪᠠᠷ ᠲᠡᠷᠢᠭᠦᠯᠡᠭᠴᠢ ᠵᠢᠨ ᠲᠠᠶ᠋ᠢᠰᠠᠨ᠎ᠤ ᠡᠮᠦᠨ᠎ᠡ ᠢᠷᠡᠪᠡ᠃ ᠰᠢ ᠵᠢᠨ ᠫᠢᠩ ᠲᠡᠳᠡᠨ ᠳᠤ ᠵᠠᠷᠯᠢᠭ᠎ᠤᠨ ᠪᠢᠴᠢᠭ ᠭᠠᠷᠳᠠᠭᠤᠯᠵᠤ᠂ ᠪᠠᠶᠠᠷ ᠬᠦᠷᠭᠡᠵᠦ ᠪᠠᠶ᠋ᠢᠬᠤ᠎ᠪᠠᠨ ᠢᠯᠡᠳᠬᠡᠪᠡ᠃ ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ ᠵᠢᠨ ᠮᠥᠷᠥᠨ᠎ᠤ ᠲᠡᠮᠳᠡᠭ᠎ᠢ ᠵᠡᠭᠦᠭᠰᠡᠨ 2 ᠣᠹᠢᠼᠧᠷ ᠰᠢ ᠵᠢᠨ ᠫᠢᠩ᠎ᠳᠤ ᠶᠣᠰᠣᠯᠠᠵᠤ᠂ ᠶᠣᠰᠣᠯᠠᠯ᠎ᠳᠤ ᠣᠷᠣᠯᠴᠠᠬᠰᠠᠨ ᠪᠦᠭᠦ ᠨᠥᠬᠦᠳ᠎ᠲᠤ ᠶᠣᠰᠣᠯᠠᠭᠰᠠᠨ᠎ᠳᠤ ᠲᠠᠯᠠᠪᠠᠢ ᠳᠠᠶᠠᠭ᠋ᠠᠷ ᠨᠢᠵᠢᠭᠢᠨᠡᠲᠡᠯ᠎ᠡ ᠠᠯᠠᠭ᠎ᠠ ᠲᠠᠰᠢᠵᠠᠭ᠋ᠠᠪᠠ᠃
ᠴᠣᠯᠠ᠎ᠳᠤ ᠳᠡᠪᠰᠢᠭᠦᠯᠬᠦ ᠶᠣᠰᠣᠯᠠᠯ ᠬᠠᠩᠭᠢᠨᠠᠮ᠎ᠠ ᠰᠠᠶ᠋ᠢᠬᠠᠨ ᠴᠡᠷᠢᠭ᠎ᠤᠨ ᠳᠠᠭᠤᠤ ᠵᠢᠨ ᠳᠤᠮᠳᠠ ᠲᠡᠭᠦᠰᠪᠡ᠃ ᠳᠠᠷᠠᠭ᠎ᠠ᠎ᠨᠢ᠂ ᠰᠢ ᠵᠢᠨ ᠫᠢᠩ ᠵᠡᠷᠭᠡ ᠤᠳᠤᠷᠢᠳᠬᠤ ᠨᠥᠬᠦᠳ ᠬᠤᠷᠠᠩᠳᠠ ᠭᠧᠨᠧᠷᠡᠯ᠎ᠤᠨ ᠴᠡᠷᠢᠭ᠎ᠤᠨ ᠴᠣᠯᠠ᠎ᠳᠤ ᠳᠡᠪᠰᠢᠭᠰᠡᠨ ᠣᠹᠢᠼᠧᠷ᠎ᠲᠠᠢ ᠬᠠᠮᠲᠤ ᠭᠡᠷᠡᠯ ᠵᠢᠷᠤᠭ ᠲᠠᠲᠠᠭᠤᠯᠪᠠ᠃
ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ᠂ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠪᠠᠶ᠋ᠢᠭᠤᠯᠭ᠎ᠠ ᠵᠢᠨ ᠡᠯ᠎ᠡ ᠰᠠᠯᠠᠭ᠎ᠠ ᠮᠥᠴᠢᠷ᠂ ᠪᠡᠭᠡᠵᠢᠩ᠎ᠳᠤ ᠰᠠᠭᠤᠭ᠎ᠠ ᠴᠡᠷᠢᠭ ᠠᠩᠭᠢ ᠵᠢᠨ ᠬᠤᠯᠪᠣᠭᠳᠠᠯ ᠪᠦᠬᠦᠢ ᠨᠢᠭᠡᠴᠢ ᠵᠢᠨ ᠭᠤᠣᠯ ᠬᠠᠷᠢᠭᠤᠴᠠᠯᠭ᠋ᠠᠲᠠᠨ ᠨᠥᠬᠦᠳ ᠴᠣᠯᠠ᠎ᠳᠤ ᠳᠡᠪᠰᠢᠭᠦᠯᠬᠦ ᠶᠣᠰᠣᠯᠠᠯ᠎ᠳᠤ ᠣᠷᠣᠯᠴᠠᠵᠠᠢ᠃