ᠰᠢᠨᠬᠤᠸᠠ ᠬᠤᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 2᠎ᠤᠨ ᠴᠠᠭᠢᠯᠭ᠋ᠠᠨ ᠮᠡᠳᠡᠭᠡ 4 ᠰᠠᠷ᠎ᠠ ᠵᠢᠨ 2᠎ᠤᠨ ᠣᠷᠣᠢ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠣᠯᠵᠤᠭ᠎ᠠ᠎ᠪᠠᠷ ᠠᠮᠧᠷᠢᠺᠠ ᠵᠢᠨ ᠶᠡᠷᠦᠩᠬᠡᠶ᠋ᠢᠯᠡᠭᠴᠢ ᠪᠠᠶ᠋ᠢᠳᠧᠨ᠎ᠲᠠᠢ ᠤᠲᠠᠰᠤ᠎ᠪᠠᠷ ᠶᠠᠷᠢᠯᠴᠠᠪᠠ᠃ ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠵᠢᠨ ᠬᠠᠷᠢᠯᠴᠠᠭ᠎ᠠ ᠵᠢᠴᠢ ᠬᠤᠶᠠᠷ ᠲᠠᠯ᠎ᠠ ᠵᠢᠨ ᠬᠠᠮᠲᠤ᠎ᠪᠠᠷ ᠠᠩᠬᠠᠷᠴᠤ ᠪᠠᠶ᠋ᠢᠭ᠎ᠠ ᠠᠰᠠᠭᠤᠳᠠᠯ᠎ᠤᠨ ᠲᠤᠬᠠᠢ ᠰᠠᠨᠠᠯ ᠵᠶ᠋ᠠᠨ ᠦᠨᠡᠨᠴᠢ᠎ᠪᠠᠷ ᠭᠦᠨᠵᠡᠭᠡᠢ ᠰᠣᠯᠢᠯᠴᠠᠪᠠ᠃
ᠰᠢ ᠵᠢᠨ ᠫᠢᠩ᠂ ᠨᠢᠳᠤᠨᠤᠨ᠎ᠤ 11 ᠰᠠᠷ᠎ᠠ᠎ᠳᠤ ᠪᠢ ᠶᠡᠷᠦᠩᠬᠡᠶ᠋ᠢᠯᠡᠭᠴᠢ ᠠᠪᠤᠭ᠋ᠠᠢ᠎ᠲᠠᠢ ᠰᠠᠨ ᠹᠷᠠᠨᠰᠢᠰᠺᠦ᠎ᠳᠤ ᠠᠭᠤᠯᠵᠠᠵᠤ᠂ ᠢᠷᠡᠭᠡᠳᠦᠢ᠎ᠳᠤ ᠬᠠᠨᠳᠤᠭᠰᠠᠨ 《ᠰᠠᠨ ᠹᠷᠠᠨᠰᠢᠰᠺᠦ ᠵᠢᠨ ᠬᠦᠰᠡᠯ ᠪᠠᠷᠠᠯᠠᠯ》᠎ᠢ ᠡᠬᠢᠯᠡᠭᠦᠯᠪᠡ᠃ ᠡᠨᠡ ᠬᠡᠳᠦᠨ ᠰᠠᠷ᠎ᠠ᠎ᠳᠤ ᠬᠤᠶᠠᠷ ᠲᠠᠯ᠎ᠠ ᠵᠢᠨ ᠪᠦᠯᠭᠦᠮ ᠪᠢᠳᠠᠨ᠎ᠤ ᠲᠣᠬᠢᠷᠠᠯᠴᠠᠭᠰᠠᠨ ᠬᠠᠮᠲᠤ ᠵᠢᠨ ᠲᠠᠨᠢᠯᠲᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠳᠤᠮᠳᠠᠳᠤ ᠠᠮᠧᠷᠢᠺᠠ ᠵᠢᠨ ᠬᠠᠷᠢᠯᠴᠠᠭ᠎ᠠ᠎ᠳᠤ ᠲᠣᠭᠲᠠᠭᠤᠨ ᠪᠠᠶ᠋ᠢᠳᠠᠯ ᠢᠯᠡᠷᠡᠵᠦ᠂ ᠬᠤᠶᠠᠷ ᠤᠯᠤᠰ᠎ᠤᠨ ᠡᠯ᠎ᠡ ᠡᠲᠡᠭᠡᠳ ᠪᠣᠯᠣᠨ ᠳᠡᠯᠡᠬᠡᠢ ᠨᠡᠶ᠋ᠢᠭᠡᠮ᠎ᠤᠨ ᠬᠦᠷᠢᠶᠡᠯᠡᠯ᠎ᠢ ᠣᠯᠪᠠ᠃ ᠨᠦᠭᠦᠭᠡ ᠲᠠᠯ᠎ᠠ᠎ᠪᠠᠷ᠂ ᠬᠤᠶᠠᠷ ᠤᠯᠤᠰ᠎ᠤᠨ ᠬᠠᠷᠢᠯᠴᠠᠭ᠋ᠠᠨᠳᠠᠬᠢ ᠨᠠᠵᠠᠭ᠋ᠠᠢ ᠬᠦᠴᠦᠨ ᠵᠦᠢ᠍ᠯ ᠴᠦ᠍ ᠡᠳᠦᠢ ᠲᠡᠳᠦᠢ ᠨᠡᠮᠡᠭᠳᠡᠵᠦ ᠪᠠᠶ᠋ᠢᠨ᠎ᠠ᠂ ᠬᠤᠶᠠᠷ ᠲᠠᠯ᠎ᠠ᠎ᠪᠠᠷ ᠵᠶ᠋ᠠᠨ ᠴᠢᠬᠤᠯᠠᠴᠢᠯᠠᠨ ᠦᠵᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
ᠰᠢ ᠵᠢᠨ ᠫᠢᠩ᠂ ᠪᠠᠶ᠋ᠢᠯᠳᠤᠬᠤ ᠪᠣᠳᠣᠯᠭ᠎ᠠ ᠵᠢᠨ ᠲᠠᠨᠢᠯᠲᠠ ᠵᠢᠨ ᠠᠰᠠᠭᠤᠳᠠᠯ ᠪᠣᠯ ᠢᠮᠠᠭᠲᠠ ᠳᠤᠮᠳᠠᠳᠤ ᠠᠮᠧᠷᠢᠺᠠ ᠵᠢᠨ ᠬᠠᠷᠢᠯᠴᠠᠭ᠎ᠠ ᠵᠢᠨ ᠡᠷᠬᠡᠪᠰᠢ ᠰᠠᠶ᠋ᠢᠲᠤᠷ ᠴᠢᠬᠤᠯᠠᠴᠢᠯᠠᠬᠤ 《ᠠᠩᠬᠠᠨ᠎ᠤ ᠠᠯᠬᠤᠮ》 ᠪᠣᠯᠣᠨ᠎ᠠ᠃ ᠳᠤᠮᠳᠠᠳᠤ ᠠᠮᠧᠷᠢᠺᠠ ᠡᠶ᠋ᠢᠮᠦ ᠬᠤᠶᠠᠷ ᠲᠣᠮᠣ ᠤᠯᠤᠰ ᠶᠠᠪᠤᠯᠴᠠᠬᠤ ᠦᠭᠡᠢ᠂ ᠬᠠᠷᠢᠯᠴᠠᠬᠤ ᠦᠭᠡᠢ ᠪᠠᠶ᠋ᠢᠵᠤ ᠪᠤᠯᠬᠤ ᠦᠭᠡᠢ᠂ ᠨᠡᠩ ᠴᠤ᠌ ᠮᠥᠷᠭᠦᠯᠳᠦᠨ ᠡᠰᠡᠷᠭᠦᠴᠡᠯᠳᠦᠵᠦ ᠪᠤᠯᠬᠤ ᠦᠭᠡᠢ᠂ ᠬᠠᠷᠢᠯᠴᠠᠨ ᠭᠦᠨᠳᠦᠳᠭᠡᠵᠦ᠂ ᠨᠠᠶ᠋ᠢᠷᠠᠮᠳᠠᠯ ᠵᠶ᠋ᠠᠷ ᠵᠡᠷᠭᠡᠴᠡᠨ ᠣᠷᠣᠰᠢᠵᠤ᠂ ᠬᠠᠮᠲᠤᠷᠠᠯᠴᠠᠨ ᠬᠠᠮᠲᠤ᠎ᠪᠠᠷ ᠠᠰᠢᠭ ᠬᠦᠷᠲᠡᠵᠦ᠂ ᠦᠷᠭᠦᠯᠵᠢᠯᠡᠨ ᠲᠣᠭᠲᠠᠭᠤᠨ᠂ ᠡᠷᠡᠭᠦᠯ᠂ ᠦᠷᠭᠦᠯᠵᠢᠯᠡᠬᠦ ᠵᠠᠮ ᠵᠶ᠋ᠠᠷ ᠤᠷᠤᠭᠰᠢᠯᠠᠪᠠᠯ ᠵᠣᠬᠢᠨ᠎ᠠ᠂ ᠬᠠᠷᠢᠨ ᠥᠩᠭᠡᠷᠡᠭᠰᠡᠨ᠎ᠤ ᠵᠠᠮ ᠵᠶ᠋ᠠᠷ ᠵᠶ᠋ᠠᠨ ᠵᠠᠮᠨᠠᠵᠤ ᠪᠤᠯᠬᠤ ᠦᠭᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠡᠨᠡ ᠵᠢᠯ ᠳᠤᠮᠳᠠᠳᠤ ᠠᠮᠧᠷᠢᠺᠠ ᠵᠢᠨ ᠬᠠᠷᠢᠯᠴᠠᠭ᠎ᠠ ᠬᠡᠳᠦᠨ ᠶᠡᠭᠡ ᠵᠠᠷᠴᠢᠮ᠎ᠢ ᠪᠠᠷᠢᠮᠲᠠᠯᠠᠬᠤ ᠬᠡᠷᠡᠭᠲᠡᠢ᠃ ᠨᠢᠭᠡ᠎ᠳᠤ᠂ ᠨᠠᠶ᠋ᠢᠷᠠᠮᠳᠠᠯᠢ ᠡᠷᠬᠢᠮᠯᠡᠵᠦ᠂ ᠮᠥᠷᠭᠦᠯᠳᠦᠬᠦ ᠦᠭᠡᠢ ᠡᠰᠡᠷᠭᠦᠴᠡᠯᠳᠦᠬᠦ ᠦᠭᠡᠢ ᠪᠠᠶ᠋ᠢᠬᠤ ᠬᠤᠷᠢᠭ᠎ᠠ ᠱᠤᠭᠤᠮ᠎ᠢ ᠪᠠᠲᠤ ᠰᠠᠬᠢᠵᠤ᠂ ᠳᠤᠮᠳᠠᠳᠤ ᠠᠮᠧᠷᠢᠺᠠ ᠵᠢᠨ ᠬᠠᠷᠢᠯᠴᠠᠭ᠎ᠠ᠎ᠳᠠᠬᠢ ᠵᠥᠪ ᠲᠠᠯ᠎ᠠ ᠵᠢᠨ ᠵᠢᠱ᠌ᠢᠯᠲᠡ ᠵᠢ ᠲᠠᠰᠤᠷᠠᠯᠲᠠ ᠦᠭᠡᠢ ᠳᠡᠭᠡᠭᠰᠢᠯᠡᠭᠦᠯᠦᠶ᠎ᠡ᠃ ᠬᠤᠶᠠᠷ᠎ᠲᠤ᠂ ᠲᠣᠭᠲᠠᠭᠤᠨ ᠪᠠᠶ᠋ᠢᠬᠤ ᠵᠢ ᠴᠢᠬᠤᠯᠠᠴᠢᠯᠠᠵᠤ᠂ ᠳᠡᠩᠰᠡᠯᠭᠡᠬᠦ ᠦᠭᠡᠢ᠂ ᠬᠡᠷᠡᠭ ᠥᠳᠥᠭᠡᠬᠦ ᠦᠭᠡᠢ᠂ ᠬᠠᠷᠢᠯᠴᠠᠨ ᠭᠠᠷ ᠲᠦᠷᠦᠭᠦ ᠦᠭᠡᠢ ᠪᠠᠶ᠋ᠢᠵᠤ᠂ ᠳᠤᠮᠳᠠᠳᠤ ᠠᠮᠧᠷᠢᠺᠠ ᠵᠢᠨ ᠬᠠᠷᠢᠯᠴᠠᠭ᠋ᠠᠨ᠎ᠤ ᠶᠡᠷᠦᠩᠬᠡᠢ᠎ᠳᠡᠭᠡᠨ ᠲᠣᠭᠲᠠᠭᠤᠨ ᠪᠠᠶ᠋ᠢᠬᠤ ᠵᠢ ᠪᠠᠲᠤᠯᠠᠶ᠎ᠠ᠃ ᠭᠤᠷᠪᠠ᠎ᠳᠤ᠂ ᠦᠨᠡᠨᠴᠢ ᠢᠲᠡᠭᠡᠮᠵᠢ᠎ᠪᠠᠷ ᠦᠨᠳᠦᠰᠦ ᠪᠤᠯᠭ᠋ᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠲᠤᠰ ᠲᠤᠰ᠎ᠤᠨ ᠠᠮᠠᠯᠠᠯᠲᠠ᠎ᠪᠠᠨ ᠪᠡᠶᠡᠯᠡᠭᠦᠯᠵᠦ᠂ 《ᠰᠠᠨ ᠹᠷᠠᠨᠰᠢᠰᠺᠤ ᠵᠢᠨ ᠬᠦᠰᠡᠯ ᠪᠠᠷᠠᠯᠠᠯ》᠎ᠢ 《ᠪᠣᠳᠠᠲᠤ ᠠᠬᠤᠢ ᠪᠠᠶ᠋ᠢᠳᠠᠯ》 ᠪᠣᠯᠭ᠋ᠠᠨ ᠬᠤᠪᠢᠷᠠᠭᠤᠯᠤᠶ᠎ᠠ᠃ ᠬᠤᠶᠠᠷ ᠲᠠᠯ᠎ᠠ᠎ᠪᠠᠷ ᠵᠶ᠋ᠠᠨ ᠬᠠᠷᠢᠯᠴᠠᠨ ᠬᠦᠨᠳᠦᠳᠬᠡᠬᠦ ᠭᠡᠯᠪᠡᠷᠢ᠎ᠪᠠᠷ ᠶᠠᠷᠢᠯᠴᠠᠭ᠎ᠠ᠎ᠪᠠᠨ ᠴᠢᠩᠭ᠋ᠠᠳᠬᠠᠵᠤ᠂ ᠵᠥᠷᠢᠴᠡᠯ ᠵᠶ᠋ᠠᠨ ᠪᠣᠯᠭᠤᠮᠵᠢᠲᠠᠢ ᠣᠪᠣᠷ ᠵᠶ᠋ᠠᠷ ᠬᠠᠮᠢᠶᠠᠷᠤᠨ ᠡᠵᠡᠮᠳᠡᠵᠦ᠂ ᠬᠠᠷᠢᠯᠴᠠᠨ ᠠᠰᠢᠭᠲᠠᠢ ᠪᠠᠶ᠋ᠢᠬᠤ ᠵᠣᠷᠢᠭ ᠰᠠᠨᠠᠭ᠎ᠠ᠎ᠪᠠᠷ ᠬᠠᠮᠲᠤᠷᠠᠯᠴᠠᠭ᠎ᠠ᠎ᠪᠠᠨ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠯ ᠵᠶ᠋ᠠᠷ ᠤᠯᠠᠨ ᠤᠯᠤᠰ᠎ᠤᠨ ᠵᠣᠬᠢᠴᠠᠭᠤᠯᠭ᠎ᠠ ᠵᠢ ᠴᠢᠩᠭ᠋ᠠᠳᠬᠠᠶ᠎ᠠ ᠭᠡᠵᠦ ᠵᠢᠭ᠋ᠠᠵᠤ ᠭᠠᠷᠭ᠋ᠠᠵᠠᠢ᠃
ᠰᠢ ᠵᠢᠨ ᠫᠢᠩ᠂ ᠲᠠᠶ᠋ᠢᠸᠠᠨ᠎ᠤ ᠠᠰᠠᠭᠤᠳᠠᠯ ᠪᠣᠯ ᠳᠤᠮᠳᠠᠳᠤ ᠠᠮᠧᠷᠢᠺᠠ ᠵᠢᠨ ᠬᠠᠷᠢᠯᠴᠠᠭ᠋ᠠᠨ᠎ᠤ ᠡᠩ ᠲᠦᠷᠦᠭᠦᠨᠤ ᠳᠠᠪᠠᠵᠤ ᠪᠣᠯᠣᠰᠢ ᠦᠭᠡᠢ ᠤᠯᠠᠭ᠋ᠠᠨ ᠱᠤᠭᠤᠮ ᠮᠥᠨ᠃ 《ᠲᠠᠶ᠋ᠢᠸᠠᠨ᠎ᠢ ᠲᠤᠰᠠᠭ᠋ᠠᠷ ᠲᠣᠭᠲᠠᠨᠢᠭᠤᠯᠬᠤ》 ᠬᠦᠴᠦᠨ᠎ᠤ ᠬᠠᠭ᠋ᠠᠴᠠᠭᠤᠯᠬᠤ ᠠᠵᠢᠯᠯᠠᠭ᠎ᠠ ᠪᠠ ᠭᠠᠳᠠᠭ᠋ᠠᠳᠤ ᠵᠢᠨ ᠳᠤᠷ᠎ᠠ᠎ᠪᠠᠷ᠎ᠨᠢ ᠲᠠᠯᠪᠢᠵᠤ ᠬᠠᠪᠰᠤᠷᠤᠨ ᠳᠡᠮᠵᠢᠬᠦ ᠠᠵᠢᠯᠯᠠᠭ᠎ᠠ ᠵᠢ ᠪᠢᠳᠡ ᠰᠣᠨᠣᠰᠤᠭ᠋ᠠᠳ ᠯᠡ ᠥᠩᠭᠡᠷᠡᠭᠦᠯᠬᠦ ᠪᠢᠰᠢ ᠶᠤᠮ᠃ ᠠᠮᠧᠷᠢᠺᠠ ᠵᠢᠨ᠎ᠬᠢᠨ ᠶᠡᠷᠦᠩᠬᠡᠶ᠋ᠢᠯᠡᠭᠴᠢ ᠠᠪᠤᠭ᠋ᠠᠢ ᠵᠢᠨ 《ᠲᠠᠶ᠋ᠢᠸᠠᠨ᠎ᠤ ᠲᠤᠰᠠᠭ᠋ᠠᠷ ᠲᠣᠭᠲᠠᠨᠢᠬᠤ》 ᠵᠢ ᠦᠯᠦ ᠳᠡᠮᠵᠢᠬᠦ ᠢᠳᠡᠪᠬᠢᠲᠡᠢ ᠣᠪᠣᠷ᠎ᠢ ᠠᠵᠢᠯᠯᠠᠭ᠎ᠠ ᠳᠡᠭᠡᠷ᠎ᠡ᠎ᠪᠠᠨ ᠨᠠᠶ᠋ᠢᠳᠠᠪᠤᠷᠢᠵᠢᠭᠤᠯᠬᠤ ᠵᠢ ᠬᠦᠰᠡᠵᠦ ᠪᠠᠶ᠋ᠢᠨ᠎ᠠ᠃ ᠠᠮᠧᠷᠢᠺᠠ ᠵᠢᠨ ᠳᠤᠮᠳᠠᠳᠤ ᠤᠯᠤᠰ᠎ᠤᠨ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠳᠤ ᠴᠢᠭᠯᠡᠭᠦᠯᠦᠭᠰᠡᠨ ᠳᠠᠷᠤᠯᠲᠠ ᠦᠵᠡᠭᠦᠯᠭᠦ ᠠᠷᠭ᠎ᠠ ᠬᠡᠮᠵᠢᠶ᠎ᠡ ᠲᠠᠰᠤᠷᠠᠯᠲᠠ ᠦᠭᠡᠢ ᠭᠠᠷᠴᠤ ᠢᠷᠡᠵᠤ᠂ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠢ ᠵᠠᠯᠬᠠᠭ᠋ᠠᠬᠤ ᠳᠠᠩᠰᠠ ᠶᠠᠪᠤᠬᠤ ᠲᠤᠲᠤᠮ ᠨᠡᠮᠡᠭᠳᠡᠵᠦ ᠪᠠᠶ᠋ᠢᠨ᠎ᠠ᠃ ᠡᠨᠡ᠎ᠨᠢ 《ᠲᠦᠭᠰᠢᠭᠦᠷᠢ ᠵᠢ ᠠᠷᠢᠯᠭ᠋ᠠᠬᠤ》 ᠶᠠᠪᠤᠳᠠᠯ ᠪᠢᠰᠢ᠂ ᠬᠠᠷᠢᠨ ᠲᠦᠭᠰᠢᠭᠦᠷᠢ ᠵᠢ ᠪᠤᠢ ᠪᠤᠯᠭ᠋ᠠᠬᠤ ᠶᠠᠪᠤᠳᠠᠯ ᠪᠣᠯᠣᠨ᠎ᠠ᠃ ᠬᠡᠷᠪᠡ ᠠᠮᠧᠷᠢᠺᠠ ᠵᠢᠨ ᠲᠠᠯ᠎ᠠ ᠵᠢᠨ᠎ᠬᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠵᠢ ᠥᠷᠨᠢᠭᠦᠯᠵᠦ᠂ ᠳᠤᠮᠳᠠᠳᠤ ᠤᠯᠤᠰ᠎ᠤᠨ ᠬᠥᠭᠵᠢᠯᠲᠡ ᠵᠢᠨ ᠠᠰᠢᠭ ᠲᠤᠰᠠ ᠵᠢ ᠬᠠᠮᠲᠤ᠎ᠪᠠᠷ ᠡᠳ᠋ᠯᠡᠬᠦ ᠳᠤᠷᠠᠲᠠᠢ ᠪᠣᠯ᠂ ᠳᠤᠮᠳᠠᠳᠤ ᠵᠢᠨ ᠲᠠᠯ᠎ᠠ ᠵᠢᠨ᠎ᠬᠢᠨ ᠬᠡᠵᠢᠶᠡᠳᠡ ᠡᠭᠦᠳᠡ᠎ᠪᠠᠨ ᠨᠡᠭᠡᠭᠡᠵᠦ ᠤᠬᠳᠤᠨ᠎ᠠ ; ᠬᠡᠷᠪᠡ ᠠᠮᠧᠷᠢᠺᠠ ᠵᠢᠨ ᠲᠠᠯ᠎ᠠ ᠵᠢᠨ᠎ᠬᠢᠨ ᠮᠤᠵᠢᠭᠤᠳᠠ᠎ᠪᠠᠷ ᠳᠤᠮᠳᠠᠳᠤ ᠤᠯᠤᠰ᠎ᠤᠨ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢ ᠳᠠᠷᠤᠵᠤ᠂ ᠳᠤᠮᠳᠠᠳᠤ ᠤᠯᠤᠰ᠎ᠤᠨ ᠵᠦᠢ ᠶᠣᠰᠣᠨ᠎ᠤ ᠬᠥᠭᠵᠢᠯᠲᠡ ᠵᠢᠨ ᠡᠷᠬᠡ ᠵᠢ ᠦᠭᠡᠶ᠋ᠢᠰᠭᠡᠭᠦᠳᠤ ᠭᠦᠷᠪᠡᠯ ᠪᠢᠳᠡ ᠪᠠᠰᠠ ᠬᠠᠮᠢᠶᠠᠷᠬᠤ ᠦᠭᠡᠢ ᠰᠠᠭᠤᠬᠤ ᠪᠢᠰᠢ ᠭᠡᠵᠦ ᠴᠢᠬᠤᠯᠠᠴᠢᠯᠠᠪᠠ᠃
ᠰᠢ ᠵᠢᠨ ᠫᠢᠩ ᠰᠢᠶᠠᠩᠭ᠋ᠠᠩ᠂ ᠬᠥᠮᠥᠨ᠎ᠤ ᠡᠷᠬᠡ᠂ ᠡᠮᠦᠨᠡᠲᠦ ᠲᠠᠩᠭᠢᠰ ᠵᠡᠷᠭᠡ᠎ᠳᠤ ᠬᠤᠯᠪᠣᠭᠳᠠᠭᠰᠠᠨ ᠠᠰᠠᠭᠤᠳᠠᠯ᠎ᠤᠨ ᠲᠠᠯ᠎ᠠ᠎ᠪᠠᠷ᠎ᠬᠢ ᠳᠤᠮᠳᠠᠳᠤ ᠤᠯᠤᠰ᠎ᠤᠨ ᠵᠣᠭᠰᠣᠯᠲᠠ ᠵᠢ ᠲᠣᠳᠣᠷᠬᠠᠶ᠋ᠢᠯᠠᠨ ᠥᠭᠦᠯᠡᠪᠡ᠃
ᠪᠠᠶ᠋ᠢᠳᠧᠨ᠂ ᠠᠮᠧᠷᠢᠺᠠ ᠳᠤᠮᠳᠠᠳᠤ ᠵᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ᠎ᠤᠨ ᠭᠦᠨ ᠭᠦᠨᠵᠡᠭᠡᠢ ᠨᠥᠯᠥᠭᠡ᠎ᠲᠠᠢ ᠬᠤᠶᠠᠷ ᠲᠠᠯ᠎ᠠ ᠵᠢᠨ ᠬᠠᠷᠢᠯᠴᠠᠭ᠎ᠠ ᠪᠣᠯᠣᠨ᠎ᠠ᠃ ᠰᠠᠨ ᠹᠷᠠᠨᠰᠢᠰᠺᠤ ᠵᠢᠨ ᠠᠭᠤᠯᠵᠠᠯᠲᠠ᠎ᠠᠴᠠ ᠨᠠᠭ᠋ᠠᠰᠢᠬᠢ ᠠᠮᠧᠷᠢᠺᠠ ᠳᠤᠮᠳᠠᠳᠤ ᠵᠢᠨ ᠬᠠᠷᠢᠯᠴᠠᠭ᠋ᠠᠨ᠎ᠤ ᠣᠯᠣᠭᠰᠠᠨ ᠠᠬᠢᠴᠠ᠎ᠨᠢ ᠬᠤᠶᠠᠷ ᠲᠠᠯ᠎ᠠ᠎ᠪᠠᠷ ᠵᠶ᠋ᠠᠨ ᠬᠠᠮᠲᠤᠷᠠᠯᠴᠠᠭ᠎ᠠ᠎ᠪᠠᠨ ᠢᠳᠡᠪᠬᠢᠲᠡᠢ᠎ᠪᠠᠷ ᠠᠬᠢᠭᠤᠯᠬᠤ ᠵᠢᠨ ᠬᠠᠮᠲᠤ ᠬᠠᠷᠢᠭᠤᠴᠠᠬᠤ ᠣᠪᠣᠷ ᠵᠶ᠋ᠠᠷ ᠵᠥᠷᠢᠯᠳᠦᠭᠡᠨ ᠵᠶ᠋ᠠᠨ ᠬᠠᠮᠢᠶᠠᠷᠴᠤ ᠪᠤᠯᠬᠤ ᠵᠢ ᠬᠠᠷᠠᠭᠤᠯᠪᠠ᠃ ᠠᠮᠧᠷᠢᠺᠠ ᠵᠢᠨ ᠲᠠᠯ᠎ᠠ ᠵᠢᠨ᠎ᠬᠢᠨ 《ᠰᠢᠨ᠎ᠡ ᠬᠦᠢ᠍ᠲᠡᠨ ᠳᠠᠶ᠋ᠢᠨ》᠎ᠢ ᠡᠷᠢᠯᠬᠢᠯᠡᠬᠦ ᠦᠭᠡᠢ᠂ ᠳᠤᠮᠳᠠᠳᠤ ᠤᠯᠤᠰ᠎ᠤᠨ ᠪᠠᠶ᠋ᠢᠭᠤᠯᠤᠯ᠎ᠢ ᠥᠭᠡᠷᠡᠴᠢᠯᠡᠬᠦ ᠵᠢ ᠡᠷᠢᠯᠬᠢᠯᠡᠬᠦ ᠦᠭᠡᠢ᠂ ᠬᠤᠯᠪᠣᠭ᠋ᠠᠨ᠎ᠤ ᠬᠠᠷᠢᠯᠴᠠᠭ᠎ᠠ᠎ᠪᠠᠨ ᠴᠢᠩᠭ᠋ᠠᠳᠬᠠᠬᠤ᠎ᠪᠠᠷ ᠳᠠᠮᠵᠢᠭᠤᠯᠤᠨ ᠳᠤᠮᠳᠠᠳᠤ ᠤᠯᠤᠰ᠎ᠢ ᠡᠰᠡᠷᠭᠦᠴᠡᠬᠦ ᠵᠢ ᠡᠷᠢᠯᠬᠢᠯᠡᠬᠦ ᠦᠭᠡᠢ᠂ 《ᠲᠠᠶ᠋ᠢᠸᠠᠨ᠎ᠤ ᠲᠤᠰᠠᠭ᠋ᠠᠷ ᠲᠣᠭᠲᠠᠨᠢᠬᠤ》 ᠵᠢ ᠳᠡᠮᠵᠢᠬᠦ ᠦᠭᠡᠢ᠂ ᠳᠤᠮᠳᠠᠳᠤ ᠤᠯᠤᠰ᠎ᠲᠠᠢ ᠮᠥᠷᠭᠦᠯᠳᠦᠭᠡᠨ ᠡᠭᠦᠰᠬᠦ ᠪᠤᠳᠤᠯ ᠦᠭᠡᠢ ᠭᠡᠵᠦ ᠪᠢ ᠳᠠᠪᠲᠠᠨ ᠢᠯᠡᠷᠬᠡᠶ᠋ᠢᠯᠡᠶ᠎ᠡ᠃ ᠠᠮᠧᠷᠢᠺᠠ ᠵᠢᠨ᠎ᠬᠢᠨ ᠨᠢᠭᠡ ᠳᠤᠮᠳᠠᠳᠤ ᠤᠯᠤᠰ ᠪᠠᠶ᠋ᠢᠬᠤ ᠲᠦᠷᠦ ᠵᠢᠨ ᠪᠣᠳᠣᠯᠭ᠎ᠠ ᠵᠢ ᠪᠠᠷᠢᠮᠲᠠᠯᠠᠨ᠎ᠠ᠃ ᠳᠤᠮᠳᠠᠳᠤ ᠤᠯᠤᠰ᠎ᠤᠨ ᠬᠥᠭᠵᠢᠯᠲᠡ ᠳᠡᠯᠡᠬᠡᠢ ᠳ᠋ᠠᠬᠢᠨ᠎ᠳᠤ ᠠᠰᠢᠭᠲᠠᠢ᠂ ᠠᠮᠧᠷᠢᠺᠠ ᠳᠤᠮᠳᠠᠳᠤ ᠤᠯᠤᠰ᠎ᠤᠨ ᠬᠥᠭᠵᠢᠯᠲᠡ ᠵᠢ ᠬᠤᠷᠢᠭᠯᠠᠬᠤ ᠵᠢ ᠡᠷᠢᠯᠬᠢᠯᠡᠬᠦ ᠦᠭᠡᠢ᠂ ᠳᠤᠮᠳᠠᠳᠤ ᠤᠯᠤᠰ᠎ᠲᠠᠢ 《ᠬᠠᠷᠢᠯᠴᠠᠭ᠎ᠠ᠎ᠪᠠᠨ ᠲᠠᠰᠤᠯᠬᠤ》 ᠵᠢ ᠡᠷᠢᠯᠬᠢᠯᠡᠬᠦ ᠦᠭᠡᠢ᠃ ᠳᠤᠷᠠᠲᠠᠶ᠎ᠠ ᠡᠳ᠋᠎ᠤᠨ ᠵᠠᠰᠠᠭ ᠤᠨ ᠶᠠᠮᠤᠨ᠎ᠤ ᠰᠠᠶ᠋ᠢᠳ ᠶᠧᠯᠤᠨ᠂ ᠲᠦᠷᠦ ᠵᠢᠨ ᠶᠠᠪᠤᠳᠠᠯ᠎ᠤᠨ ᠰᠠᠶ᠋ᠢᠳ ᠪᠦᠯᠢᠨᠺᠧᠨᠢ ᠣᠶ᠋ᠢᠷ᠎ᠠ ᠵᠢᠨ ᠬᠤᠭᠤᠴᠠᠭ᠋ᠠᠨ᠎ᠳᠤ ᠳᠤᠮᠳᠠᠳᠤ ᠤᠯᠤᠰ᠎ᠲᠤ ᠠᠶ᠋ᠢᠯᠴᠢᠯᠠᠬᠤ᠎ᠪᠠᠷ ᠲᠣᠬᠢᠷᠠᠭᠤᠯᠵᠤ᠂ ᠳᠤᠮᠳᠠᠳᠤ ᠤᠯᠤᠰ᠎ᠯᠤᠭ᠎ᠠ ᠶᠠᠷᠢᠯᠴᠠᠭ᠎ᠠ ᠣᠯᠣᠯᠴᠠᠭ᠎ᠠ᠎ᠪᠠᠨ ᠴᠢᠩᠭ᠋ᠠᠳᠬᠠᠵᠤ᠂ ᠪᠤᠷᠤᠭᠤ ᠮᠠᠭ᠋ᠠᠳᠯᠠᠬᠤ᠎ᠠᠴᠠ ᠵᠠᠶ᠋ᠢᠯᠠᠰᠬᠢᠵᠦ᠂ ᠬᠠᠮᠲᠤᠷᠠᠯᠴᠠᠭ᠎ᠠ᠎ᠪᠠᠨ ᠠᠬᠢᠭᠤᠯᠵᠤ᠂ ᠬᠤᠶᠠᠷ ᠤᠯᠤᠰ᠎ᠤᠨ ᠬᠠᠷᠢᠯᠴᠠᠭ᠎ᠠ ᠵᠢᠨ ᠲᠣᠭᠲᠠᠭᠤᠨ ᠬᠥᠭᠵᠢᠯᠲᠡ ᠵᠢ ᠠᠬᠢᠭᠤᠯᠵᠤ᠂ ᠪᠦᠭᠦ ᠪᠥᠮᠪᠥᠷᠴᠡᠭ᠎ᠤᠨ ᠴᠢᠨᠠᠷᠲᠠᠢ ᠥᠷᠢᠰᠦᠯᠳᠦᠭᠡᠨ᠎ᠢ ᠬᠠᠮᠲᠤ᠎ᠪᠠᠷ ᠠᠷᠭ᠋ᠠᠴᠠᠭ᠋ᠠᠨ᠎ᠠ ᠭᠡᠵᠦ ᠢᠯᠡᠳᠬᠡᠪᠡ᠃
ᠬᠤᠶᠠᠷ ᠤᠯᠤᠰ᠎ᠤᠨ ᠲᠡᠷᠢᠭᠦᠨ ᠪᠠᠰᠠ ᠦᠺᠷᠠᠶ᠋ᠢᠨ᠎ᠤ ᠬᠢᠮᠤᠷᠠᠯ᠂ ᠰᠣᠯᠣᠩᠭᠤᠰ ᠬᠤᠶ᠋ᠢᠭ᠎ᠤᠨ ᠪᠠᠶ᠋ᠢᠳᠠᠯ ᠵᠡᠷᠭᠡ ᠵᠢᠨ ᠲᠤᠬᠠᠢ ᠰᠠᠨᠠᠯ ᠵᠶ᠋ᠠᠨ ᠰᠣᠯᠢᠯᠴᠠᠪᠠ᠃
ᠬᠤᠶᠠᠷ ᠤᠯᠤᠰ᠎ᠤᠨ ᠲᠡᠷᠢᠭᠦᠨ᠂ ᠡᠨᠡ ᠤᠳᠠᠭ᠎ᠠ ᠵᠢᠨ ᠤᠲᠠᠰᠤ᠎ᠪᠠᠷ ᠶᠠᠷᠢᠯᠴᠠᠭᠰᠠᠨ᠎ᠨᠢ ᠦᠨᠡᠨᠴᠢ ᠪᠥᠭᠡᠳ ᠪᠦᠲᠦᠭᠡᠯᠴᠢ ᠴᠢᠨᠠᠷᠲᠠᠢ ᠭᠡᠵᠦ ᠦᠵᠡᠪᠡ᠃ ᠬᠤᠶᠠᠷ ᠲᠠᠯ᠎ᠠ᠎ᠪᠠᠷ ᠵᠶ᠋ᠠᠨ ᠣᠯᠣᠯᠴᠠᠭ᠎ᠠ᠎ᠪᠠᠨ ᠦᠷᠭᠦᠯᠵᠢᠯᠡᠨ ᠪᠠᠲᠤᠯᠠᠵᠤ᠂ ᠬᠤᠶᠠᠷ ᠲᠠᠯ᠎ᠠ ᠵᠢᠨ ᠠᠵᠢᠯᠯᠠᠬᠤ ᠳᠤᠭᠤᠶ᠋ᠢᠯᠠᠩ ᠵᠶ᠋ᠠᠷ 《ᠰᠠᠨ ᠹᠷᠠᠨᠰᠢᠰᠺᠤ ᠵᠢᠨ ᠬᠦᠰᠡᠯ ᠪᠠᠷᠠᠯᠠᠯ》᠎ᠢ ᠰᠠᠶ᠋ᠢᠲᠤᠷ ᠨᠠᠶ᠋ᠢᠳᠠᠪᠤᠷᠢᠵᠢᠭᠤᠯᠬᠤ ᠵᠢ ᠬᠠᠷᠢᠭᠤᠴᠠᠭᠤᠯᠵᠤ᠂ ᠭᠠᠳᠠᠭ᠋ᠠᠳᠤ ᠬᠠᠷᠢᠯᠴᠠᠭ᠎ᠠ᠂ ᠠᠵᠤ ᠠᠬᠤᠢ᠂ ᠮᠥᠩᠭᠦᠨ ᠭᠦᠢ᠍ᠯᠭᠡᠭᠡᠨ᠂ ᠬᠤᠳᠠᠯᠳᠤᠭ᠋ᠠᠨ᠎ᠤ ᠶᠠᠪᠤᠳᠠᠯ ᠵᠡᠷᠭᠡ ᠬᠦᠷᠢᠶ᠎ᠡ ᠴᠠᠷᠠᠭ᠎ᠠ᠎ᠳᠠᠬᠢ ᠵᠥᠪᠳᠡᠯᠴᠡᠬᠦ ᠲᠣᠭᠲᠠᠴᠠ ᠵᠢᠴᠢ ᠬᠤᠶᠠᠷ ᠤᠯᠤᠰ᠎ᠤᠨ ᠴᠡᠷᠢᠭ᠎ᠤᠨ ᠣᠯᠣᠯᠴᠠᠭ᠎ᠠ ᠵᠢ ᠠᠬᠢᠭᠤᠯᠵᠤ᠂ ᠬᠤᠣᠷ ᠴᠠᠭ᠋ᠠᠵᠠᠯᠠᠬᠤ᠂ ᠵᠣᠬᠢᠶᠠᠮᠠᠯ ᠤᠶᠤᠨ ᠴᠢᠳᠠᠪᠤᠷᠢ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠡᠷᠭᠡ ᠬᠦᠷᠢᠶ᠎ᠡ ᠴᠠᠷᠠᠭ᠎ᠠ᠎ᠳᠤ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠴᠢᠨᠠᠭᠰᠢᠳᠠ ᠠᠷᠭ᠎ᠠ ᠬᠡᠮᠵᠢᠶ᠎ᠡ ᠠᠪᠴᠤ ᠬᠤᠶᠠᠷ ᠤᠯᠤᠰ᠎ᠤᠨ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠥᠷᠭᠡᠳᠬᠡᠵᠦ᠂ ᠳᠡᠯᠡᠬᠡᠢ ᠵᠢᠨ ᠪᠠ ᠭᠠᠵᠠᠷ ᠣᠷᠣᠨ᠎ᠤ ᠠᠰᠠᠭᠤᠳᠠᠯ᠎ᠤᠨ ᠲᠤᠬᠠᠢ ᠣᠯᠣᠯᠴᠠᠭ᠎ᠠ᠎ᠪᠠᠨ ᠴᠢᠩᠭ᠋ᠠᠳᠬᠠᠬᠤ ᠵᠢ ᠵᠥᠪᠰᠢᠶᠡᠷᠡᠪᠡ᠃ ᠳᠤᠮᠳᠠᠳᠤ ᠤᠯᠤᠰ ᠡᠳ᠋᠎ᠤᠨ ᠵᠠᠰᠠᠭ᠎ᠤᠨ ᠶᠠᠮᠤᠨ᠎ᠤ ᠰᠠᠶ᠋ᠢᠳ ᠶᠧᠯᠤᠨ᠂ ᠲᠦᠷᠦ ᠵᠢᠨ ᠶᠠᠪᠤᠳᠠᠯ᠎ᠤᠨ ᠰᠠᠶ᠋ᠢᠳ ᠪᠦᠯᠢᠨᠺᠧᠨᠤ ᠣᠶ᠋ᠢᠷ᠎ᠠ ᠵᠢᠨ ᠬᠤᠭᠤᠴᠠᠭ᠋ᠠᠨ᠎ᠳᠤ ᠳᠤᠮᠳᠠᠳᠤ ᠤᠯᠤᠰ᠎ᠲᠤ ᠠᠶ᠋ᠢᠯᠴᠢᠯᠠᠬᠤ ᠵᠢ ᠪᠠᠶᠠᠷᠯᠠᠨ ᠤᠭᠲᠤᠵᠤ ᠪᠠᠶ᠋ᠢᠨ᠎ᠠ᠃