ᠰᠢᠨᠬᠤᠸᠠ ᠬᠤᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 3᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 3᠎ᠤ ᠦᠳᠡ ᠵᠢᠨ ᠡᠮᠦᠨ᠎ᠡ ᠨᠡᠶ᠋ᠢᠰᠯᠡᠯ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠤᠯᠴᠠᠬᠤ᠎ᠳᠠᠭᠠᠨ᠂ ᠬᠠᠩᠰᠢ ᠵᠢᠨ ᠡᠳᠦᠷ᠎ᠤᠨ ᠤᠷᠢᠳ ᠬᠤᠵᠢᠳ ᠵᠶ᠋ᠠᠷ ᠳᠤᠮᠳᠠᠳᠤ ᠵᠢᠨ ᠡᠬᠡ ᠭᠠᠵᠠᠷ᠎ᠲᠤ ᠠᠮᠢᠵᠢᠷᠠᠯ᠎ᠤᠨ ᠬᠦᠴᠦᠨ ᠵᠶ᠋ᠠᠷ ᠪᠢᠯᠬᠠᠵᠤ᠂ ᠶᠠᠭ ᠮᠣᠳᠣ ᠲᠠᠷᠢᠬᠤ ᠰᠠᠶ᠋ᠢᠬᠠᠨ ᠴᠠᠭ ᠪᠣᠯᠣᠨ᠎ᠠ᠃ ᠡᠨᠡ ᠡᠳᠦᠷ ᠪᠢᠳᠡ ᠬᠠᠮᠲᠤ᠎ᠪᠠᠷ ᠮᠣᠳᠣ ᠲᠠᠷᠢᠬᠤ᠎ᠨᠢ ᠳᠠᠷᠤᠢ ᠤᠯᠠᠨ ᠵᠶ᠋ᠠᠷ ᠵᠶ᠋ᠠᠨ ᠬᠥᠳᠡᠯᠦᠯᠴᠡᠵᠦ᠂ ᠮᠣᠳᠣ ᠲᠠᠷᠢᠵᠤ ᠣᠶ᠋ᠢᠵᠢᠭᠤᠯᠬᠤ᠎ᠳᠤ ᠢᠳᠡᠪᠬᠢᠲᠡᠢ ᠣᠷᠣᠯᠴᠠᠵᠤ᠂ ᠬᠥᠮᠥᠨ ᠪᠦᠭᠦᠨ ᠨᠣᠭᠤᠭ᠋ᠠᠨ ᠥᠩᠭᠡ ᠵᠢᠨ ᠡᠯᠴᠢᠨ᠂ ᠠᠮᠢ ᠠᠬᠤᠢ ᠵᠢᠨ ᠬᠤᠰᠢᠭᠤᠴᠢ ᠪᠤᠯᠬᠤ᠎ᠪᠠᠷ ᠴᠢᠷᠮᠠᠶ᠋ᠢᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ᠎ᠳᠤ ᠨᠣᠭᠤᠭ᠋ᠠᠨ ᠥᠩᠭᠡ ᠨᠡᠮᠡᠷᠢᠯᠡᠵᠦ᠂ ᠬᠥᠮᠥᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠬᠦ ᠵᠢ ᠤᠷᠢᠶᠠᠯᠠᠵᠤ ᠪᠠᠶ᠋ᠢᠨ᠎ᠠ ᠭᠡᠵᠦ ᠴᠢᠬᠤᠯᠠᠴᠢᠯᠠᠪᠠ᠃

4 ᠰᠠᠷ᠎ᠠ ᠵᠢᠨ 3᠎ᠤ ᠡᠳᠦᠷ᠂ ᠨᠠᠮ ᠪᠠ ᠲᠥᠷᠥ ᠵᠢᠨ ᠤᠳᠤᠷᠢᠳᠬᠤ ᠬᠥᠮᠥᠨ ᠰᠢ ᠵᠢᠨ ᠫᠢᠩ᠂ ᠯᠢ ᠴᠢᠶᠠᠩ᠂ ᠵᠣᠣ ᠯᠧ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠪᠡᠭᠡᠵᠢᠩ ᠬᠤᠲᠠ ᠵᠢᠨ ᠲᠦᠩᠵᠸᠦ ᠲᠣᠭᠤᠷᠢᠭ᠎ᠤᠨ ᠯᠦᠴᠧᠩ ᠪᠠᠯᠭ᠋ᠠᠰᠤᠨ᠎ᠳᠤ ᠬᠦᠷᠴᠦ᠂ ᠨᠡᠶ᠋ᠢᠰᠯᠡᠯ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠪᠠ᠃ ᠵᠢᠷᠤᠭ ᠪᠣᠯ ᠰᠢ ᠵᠢᠨ ᠫᠢᠩ ᠤᠯᠠᠨ᠎ᠲᠠᠢ ᠬᠠᠮᠲᠤ ᠮᠣᠳᠣ ᠲᠠᠷᠢᠵᠤ ᠪᠠᠶ᠋ᠢᠭ᠎ᠠ᠎ᠨᠢ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠵᠢᠦᠢ ᠫᠧᠩ ᠰᠡᠭᠦᠳᠡᠷᠯᠡᠪᠡ
ᠪᠡᠭᠡᠵᠢᠩ᠎ᠤᠨ ᠬᠤᠳᠠ ᠵᠢᠨ ᠲᠡᠭᠦᠷᠭᠡ᠎ᠳᠤ ᠬᠠᠪᠤᠷ᠎ᠤᠨ ᠠᠭᠤᠷ ᠠᠮᠢᠰᠬᠤᠯ ᠵᠶ᠋ᠠᠷ ᠪᠢᠯᠬᠠᠵᠤ ᠪᠠᠶ᠋ᠢᠯ᠎ᠠ᠃ ᠦᠳᠡ ᠵᠢᠨ ᠡᠮᠦᠨᠡᠬᠢ 10 ᠴᠠᠭ 40 ᠮᠢᠨᠦ᠋ᠲ᠎ᠤᠨ ᠦᠶ᠎ᠡ᠎ᠪᠠᠷ ᠨᠠᠮ ᠪᠠ ᠲᠥᠷᠥ ᠵᠢᠨ ᠤᠳᠤᠷᠢᠳᠬᠤ ᠬᠥᠮᠥᠨ ᠰᠢ ᠵᠢᠨ ᠫᠢᠩ᠂ ᠯᠢ ᠴᠢᠶᠠᠩ᠂ ᠵᠣᠣ ᠯᠧ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠬᠠᠮᠲᠤ᠎ᠪᠠᠷ ᠮᠠᠰᠢᠨ ᠲᠡᠷᠭᠡᠨ᠎ᠳᠤ ᠰᠠᠭᠤᠵᠤ ᠪᠡᠭᠡᠵᠢᠩ ᠬᠤᠲᠠ ᠵᠢᠨ ᠲᠦᠩᠵᠸᠦ ᠲᠣᠭᠤᠷᠢᠭ᠎ᠤᠨ ᠯᠦᠴᠧᠩ ᠪᠠᠯᠭ᠋ᠠᠰᠤᠨ᠎ᠳᠤ ᠬᠦᠷᠴᠦ᠂ ᠨᠡᠶ᠋ᠢᠰᠯᠡᠯ᠎ᠤᠨ ᠣᠯᠠᠨ ᠲᠦᠮᠡᠨ᠎ᠲᠠᠢ ᠬᠠᠮᠲᠤ᠎ᠪᠠᠷ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠪᠠ᠃
ᠮᠣᠳᠣ ᠲᠠᠷᠢᠬᠤ ᠭᠠᠵᠠᠷ᠎ᠨᠢ ᠪᠡᠭᠡᠵᠢᠩ ᠬᠤᠳᠠ ᠵᠢᠨ ᠲᠦᠩᠵᠸᠤ ᠲᠣᠭᠤᠷᠢᠭ ᠪᠣᠯᠣᠨ ᠾᠧᠪᠧᠢ ᠮᠤᠵᠢ ᠵᠢᠨ ᠯᠠᠩᠹᠠᠩ ᠬᠤᠳᠠ ᠵᠢᠨ ᠬᠤᠶ᠋ᠢᠲᠤ ᠭᠤᠷᠪᠠᠨ ᠰᠢᠶᠠᠨ᠎ᠤ ᠠᠭᠤᠯᠵᠠᠷ᠎ᠲᠠᠬᠢ ᠴᠤᠤ ᠪᠠᠢ ᠾᠧ ᠭᠤᠣᠯ᠎ᠤᠨ ᠬᠥᠪᠡᠭᠡᠨ᠎ᠳᠠᠬᠢ ᠪᠡᠭᠡᠵᠢᠩ ᠾᠧᠪᠧᠢ ᠵᠢᠨ ᠠᠩᠬᠠᠳᠠᠭᠴᠢ ᠬᠢᠯᠢ ᠠᠯᠤᠰᠯᠠᠨ ᠬᠠᠮᠲᠤ᠎ᠪᠠᠷ ᠪᠠᠶ᠋ᠢᠭᠤᠯᠤᠭᠰᠠᠨ ᠤᠢ ᠰᠢᠭᠤᠢ ᠵᠢᠨ ᠴᠡᠴᠡᠷᠯᠢᠭ᠎ᠲᠤ ᠪᠠᠶ᠋ᠢᠷᠢᠯᠠᠵᠤ᠂ ᠤᠰᠤ ᠵᠢ ᠬᠠᠪᠢᠳᠠᠭᠰᠠᠨ ᠮᠠᠰᠢ ᠰᠠᠶ᠋ᠢᠨ ᠠᠮᠢ ᠠᠬᠤᠢ ᠵᠢᠨ ᠨᠥᠬᠦᠴᠡᠯ᠎ᠲᠠᠢ ᠶᠤᠮ᠃
ᠶᠡᠷᠦᠩᠬᠡᠢ ᠱᠦᠵᠢ ᠢᠷᠡᠭᠰᠡᠨ᠎ᠢ ᠦᠵᠡᠭᠡᠳ ᠮᠣᠳᠣ ᠲᠠᠷᠢᠵᠤ ᠪᠠᠶ᠋ᠢᠭᠰᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ᠎ᠲᠠᠢ ᠬᠠᠯᠠᠭᠤᠮᠰᠤᠭ ᠵᠶ᠋ᠠᠷ ᠮᠡᠨᠳᠦᠴᠢᠯᠡᠪᠡ᠃ ᠰᠢ ᠵᠢᠨ ᠫᠢᠩ ᠤᠯᠠᠨ᠎ᠤ ᠵᠦᠭ ᠭᠠᠷ ᠳᠠᠯᠠᠯᠤᠨ ᠮᠡᠨᠳᠦᠴᠢᠯᠡᠵᠦ᠂ ᠬᠦᠷᠵᠡ ᠪᠠᠷᠢᠨ ᠮᠣᠳᠣ ᠲᠠᠷᠢᠬᠤ ᠭᠠᠵᠠᠷ᠎ᠲᠤ ᠬᠦᠷᠴᠦ᠂ ᠪᠡᠭᠡᠵᠢᠩ ᠬᠤᠳᠠ᠂ ᠤᠯᠤᠰ᠎ᠤᠨ ᠤᠢ ᠰᠢᠭᠤᠢ ᠪᠠ ᠲᠠᠯ᠎ᠠ ᠨᠤᠲᠤᠭ᠎ᠤᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠦᠳ ᠵᠢᠴᠢ ᠨᠡᠶ᠋ᠢᠰᠯᠡᠯ᠎ᠤᠨ ᠺᠠᠳ᠋ᠷ ᠤᠯᠠᠨ ᠲᠦᠮᠡᠨ᠂ ᠪᠠᠭ᠋ᠠᠴᠤᠳ᠎ᠤᠨ ᠬᠤᠰᠢᠭᠤᠴᠢ ᠠᠩᠭᠢ ᠵᠢᠨ ᠭᠡᠰᠢᠭᠦᠳ᠎ᠲᠠᠢ ᠬᠠᠮᠲᠤ ᠶᠠᠭ᠋ᠠᠷᠠᠯᠳᠤᠵᠤ ᠡᠬᠢᠯᠡᠪᠡ᠃
ᠬᠦᠷᠵᠡ ᠪᠠᠷᠢᠨ ᠨᠦᠬᠡ ᠮᠠᠯᠲᠠᠵᠤ᠂ ᠬᠦᠷᠢᠶᠡᠯᠡᠨ ᠬᠠᠰᠢᠵᠤ᠂ ᠰᠠᠭᠤᠯᠠᠭ᠎ᠠ ᠳᠡᠭᠦᠵᠢᠯᠡᠨ ᠤᠰᠤ ᠵᠥᠭᠡᠭᠡᠨ᠎ᠡ ᠁ ᠰᠢ ᠵᠢᠨ ᠫᠢᠩ ᠨᠠᠷᠠᠰᠤᠨ ᠮᠣᠳᠣ᠂ ᠰᠢᠷ᠎ᠠ ᠴᠠᠶ᠋ᠢᠷ ᠮᠣᠳᠣ᠂ ᠬᠠᠲᠠᠭᠤ ᠴᠠᠭ᠋ᠠᠨ᠂ ᠢᠩᠲᠣᠣᠷ᠂ ᠤᠯᠠᠭ᠋ᠠᠨ ᠨᠠᠪᠴᠢᠲᠤ ᠪᠢᠨᠳᠡᠷ ᠴᠡᠴᠡᠭ᠂ ᠬᠠᠪᠲᠠᠭ᠋ᠠᠢ ᠠᠷᠴᠠ ᠵᠡᠷᠭᠡ ᠤᠯᠠᠨ ᠴᠢᠬᠢ ᠮᠣᠳᠣ ᠵᠢ ᠵᠠᠯᠭ᠋ᠠᠭ᠎ᠠ᠎ᠪᠠᠷ ᠲᠠᠷᠢᠪᠠ᠃ ᠰᠢ ᠵᠢᠨ ᠫᠢᠩ ᠮᠣᠳᠣ ᠳᠠᠷᠢᠬᠤ ᠵᠢᠨ ᠳᠠᠭ᠋ᠠᠤ ᠬᠡᠦᠬᠡᠳ᠎ᠤᠨ ᠰᠤᠷᠤᠯᠭ᠎ᠠ ᠠᠮᠢᠳᠤᠷᠠᠯ᠂ ᠬᠥᠳᠡᠯᠮᠦᠷᠢᠯᠡᠵᠦ ᠳᠠᠪᠲᠠᠨ ᠪᠣᠯᠪᠠᠰᠤᠷᠠᠵᠤ ᠪᠠᠶ᠋ᠢᠭ᠎ᠠ ᠪᠠᠶ᠋ᠢᠳᠠᠯ᠎ᠢ ᠠᠰᠠᠭᠤᠪᠠ᠃ ᠲᠡᠷᠡ᠂ ᠥᠷᠭᠡᠨ ᠣᠯᠠᠨ ᠵᠠᠯᠠᠭᠤᠴᠤᠳ ᠪᠠᠭ᠋ᠠᠴᠤᠳ ᠪᠣᠯ ᠡᠬᠡ ᠤᠯᠤᠰ᠎ᠤᠨ ᠢᠷᠡᠭᠡᠳᠦᠢ ᠮᠥᠨ᠂ ᠬᠠᠷᠠᠬᠠᠨ ᠪᠠᠭ᠎ᠠ᠎ᠠᠴᠠ᠎ᠪᠠᠨ ᠭᠦᠳᠡᠯᠮᠦᠷᠢ᠎ᠳᠤ ᠢᠳᠡᠪᠬᠢᠲᠡᠢ ᠣᠷᠣᠯᠴᠠᠵᠤ᠂ ᠮᠣᠳᠣ ᠳᠠᠷᠢᠵᠤ ᠣᠶ᠋ᠢᠵᠢᠭᠤᠯᠤᠨ᠂ ᠨᠣᠭᠤᠭ᠋ᠠᠨ ᠦᠷ᠎ᠡ ᠵᠢ ᠰᠡᠳᠬᠢᠯ᠎ᠳᠡᠭᠡᠨ ᠲᠠᠷᠢᠵᠤ᠂ ᠪᠠᠶ᠋ᠢᠭ᠋ᠠᠯᠢ ᠵᠢ ᠬᠦᠨᠳᠦᠳᠬᠡᠬᠦ᠂ ᠪᠠᠶ᠋ᠢᠭ᠋ᠠᠯᠢ ᠵᠢ ᠬᠠᠶ᠋ᠢᠷᠠᠯᠠᠬᠤ ᠤᠬᠠᠮᠰᠠᠷ᠎ᠲᠠᠢ ᠪᠣᠯᠵᠤ᠂ ᠰᠢᠷᠭ᠋ᠠᠭᠤ ᠰᠤᠷᠤᠯᠴᠠᠵᠤ᠂ ᠪᠡᠶ᠎ᠡ ᠮᠠᠬᠠᠪᠤᠳ ᠵᠶ᠋ᠠᠨ ᠳᠠᠪᠲᠠᠨ ᠪᠤᠯᠪᠠᠰᠤᠷᠠᠭᠤᠯᠵᠤ᠂ ᠢᠳᠡᠷᠡᠭᠦᠨ ᠵᠶ᠋ᠠᠷ ᠦᠰᠦᠨ ᠪᠣᠶ᠋ᠢᠵᠢᠵᠤ᠂ ᠶᠣᠰᠣ ᠰᠤᠷᠲᠠᠬᠤᠨ ᠣᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠶ᠋ᠢᠬᠠᠨ ᠭᠦᠳᠡᠯᠮᠦᠷᠢ ᠵᠡᠷᠭᠡ ᠪᠦᠭᠦ ᠲᠠᠯ᠎ᠠ᠎ᠪᠠᠷ ᠬᠥᠭᠵᠢᠵᠦ᠂ ᠤᠯᠤᠰ᠎ᠤᠨ ᠨᠢᠷᠤᠭᠤ ᠲᠤᠯᠭ᠋ᠠᠭᠤᠷᠢ ᠪᠤᠯᠬᠤ᠎ᠪᠠᠷ ᠴᠢᠷᠮᠠᠶ᠋ᠢᠬᠤ ᠬᠡᠷᠡᠭᠲᠡᠢ ᠭᠡᠵᠦ ᠴᠢᠬᠤᠯᠠᠴᠢᠯᠠᠵᠠᠢ᠃ ᠮᠣᠳᠣ ᠲᠠᠷᠢᠬᠤ ᠲᠤᠬᠠᠢ ᠵᠢᠨ ᠲᠠᠯᠠᠪᠠᠢ᠎ᠳᠤ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠢᠳᠡ ᠭᠦᠭ᠎ᠲᠠᠢ ᠬᠥᠳᠡᠯᠮᠦᠷᠢᠯᠡᠵᠡᠭᠡᠵᠦ᠂ ᠤᠳᠤᠷᠢᠳᠬᠤ ᠨᠥᠬᠦᠳ ᠤᠯᠠᠨ᠎ᠲᠠᠢ ᠬᠠᠮᠲᠤ ᠰᠢᠷᠣᠢ ᠨᠡᠮᠡᠨ ᠤᠰᠤ ᠬᠢᠵᠦ᠂ ᠭᠦᠷ ᠬᠥᠭᠵᠢᠶᠡᠨ᠎ᠲᠠᠢ ᠠᠵᠢᠯᠯᠠᠨ᠎ᠠ᠃
ᠮᠣᠳᠣ ᠲᠠᠷᠢᠬᠤ ᠬᠤᠭᠤᠴᠠᠭ᠋ᠠᠨ᠎ᠳᠤ ᠰᠢ ᠵᠢᠨ ᠫᠢᠩ ᠲᠤᠬᠠᠢ ᠵᠢᠨ ᠲᠠᠯᠠᠪᠠᠢ᠎ᠳᠤ ᠪᠠᠶ᠋ᠢᠭᠰᠠᠨ ᠺᠠᠳ᠋ᠷ ᠤᠯᠠᠨ ᠲᠦᠮᠡᠨ᠎ᠲᠠᠢ ᠳᠣᠲᠣᠨᠣ᠎ᠪᠠᠷ ᠶᠠᠷᠢᠯᠴᠠᠪᠠ᠃ ᠲᠡᠷᠡ᠂ ᠲᠥᠪ ᠬᠤᠷᠢᠶ᠎ᠠ᠎ᠳᠤ ᠢᠷᠡᠵᠦ ᠠᠵᠢᠯᠯᠠᠭᠰᠠᠨ᠎ᠤ ᠲᠠᠷᠠᠭ᠎ᠠ ᠨᠢᠭᠡᠨᠲᠡ 17 ᠵᠢᠯ ᠳᠠᠷᠠᠭ᠋ᠠᠯᠠᠨ ᠨᠡᠶ᠋ᠢᠰᠯᠡᠯ᠎ᠤᠨ ᠠᠯᠪᠠᠨ ᠵᠢᠷᠤᠮ᠎ᠤᠨ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠵᠤ ᠪᠠᠶ᠋ᠢᠨ᠎ᠠ ᠭᠡᠪᠡ᠃ ᠲᠡᠷᠡ᠂ ᠡᠨᠡ ᠵᠢᠯ ᠪᠣᠯ ᠰᠢᠨ᠎ᠡ ᠳᠤᠮᠳᠠᠳᠤ ᠤᠯᠤᠰ᠎ᠤᠨ ᠮᠣᠳᠣ ᠲᠠᠷᠢᠬᠤ ᠡᠳᠦᠷ᠎ᠢ ᠲᠣᠭᠲᠠᠭ᠋ᠠᠭᠰᠠᠨ 45 ᠵᠢᠯ᠎ᠤᠨ ᠤᠢ ᠪᠣᠯᠣᠨ᠎ᠠ᠃ ᠪᠦᠭᠦ ᠤᠯᠤᠰ᠎ᠤᠨ ᠠᠷᠠᠳ ᠲᠦᠮᠡᠨ ᠮᠣᠳᠣ ᠲᠠᠷᠢᠵᠤ ᠣᠶ᠋ᠢᠵᠢᠭᠤᠯᠬᠤ ᠵᠢ ᠪᠠᠷᠢᠮᠲᠠᠯᠠᠵᠤ᠂ ᠬᠤᠪᠠᠭ᠍ᠠᠢ ᠠᠭᠤᠯᠠ ᠦᠵᠡᠰᠭᠦᠯᠡᠩ ᠰᠠᠶ᠋ᠢᠬᠠᠨ ᠪᠣᠯᠵᠤ᠂ ᠡᠯᠡᠰᠦ ᠮᠠᠩᠬ᠎ᠠ ᠨᠣᠭᠤᠭ᠋ᠠᠨ ᠪᠦᠷᠢᠳᠦ ᠪᠣᠯᠵᠤ᠂ ᠣᠯᠣᠭᠰᠠᠨ ᠠᠮᠵᠢᠯᠲᠠ ᠪᠦᠲᠦᠭᠡᠯ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠠᠢ᠃ ᠡᠭᠦᠨ᠎ᠤ ᠬᠠᠮᠲᠤ ᠮᠠᠨ᠎ᠤ ᠤᠯᠤᠰ᠎ᠤᠨ ᠣᠶ ᠰᠢᠭᠤᠢ ᠵᠢᠨ ᠨᠣᠭᠤᠭ᠋ᠠᠷᠠᠭᠤᠯᠤᠯᠲᠠ ᠲᠤᠲᠠᠭᠳᠠᠵᠤ ᠪᠠᠶ᠋ᠢᠭ᠎ᠠ ᠠᠰᠠᠭᠤᠳᠠᠯ ᠮᠥᠨ ᠬᠦ᠌ ᠲᠣᠪᠣᠶ᠋ᠢᠮ᠎ᠠ ᠪᠠᠶ᠋ᠢᠵᠤ᠂ ᠣᠶ ᠰᠢᠭᠤᠢ ᠵᠢᠨ 《ᠡᠷᠳᠡᠨᠢ ᠵᠢᠨ ᠬᠥᠮᠥᠷᠭᠡ》 ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠭ᠋ᠠᠳᠤᠢ ᠪᠠᠶ᠋ᠢᠬᠤ ᠵᠢ ᠣᠯᠵᠤ ᠬᠠᠷᠠᠬᠤ ᠬᠡᠷᠡᠭᠲᠡᠢ᠃ ᠨᠣᠭᠤᠭ᠋ᠠᠷᠠᠭᠤᠯᠬᠤ ᠪᠣᠯ ᠳᠠᠷᠤᠢ ᠳᠠᠪᠠᠭᠤᠯᠢᠭ ᠵᠶ᠋ᠠᠨ ᠨᠡᠮᠡᠭᠳᠡᠭᠦᠯᠵᠦ ᠪᠠᠶ᠋ᠢᠭ᠎ᠠ ᠶᠠᠪᠤᠳᠠᠯ ᠮᠥᠨ᠂ ᠮᠣᠳᠣ ᠳᠠᠷᠢᠬᠤ ᠪᠣᠯ ᠢᠷᠡᠭᠡᠳᠦᠢ ᠵᠢ ᠳᠠᠷᠢᠵᠤ ᠪᠠᠶ᠋ᠢᠭ᠎ᠠ ᠶᠠᠪᠤᠳᠠᠯ ᠮᠥᠨ᠃ ᠨᠢᠭᠡ ᠨᠢᠭᠡ ᠡᠭᠡᠯᠵᠢ᠎ᠪᠠᠷ ᠲᠠᠷᠢᠵᠤ᠂ ᠦᠶ᠎ᠡ ᠵᠢᠨ ᠦᠶ᠎ᠡ ᠵᠠᠯᠭ᠋ᠠᠮᠵᠢᠯᠠᠨ ᠠᠵᠢᠯᠯᠠᠵᠤ᠂ ᠮᠠᠨ᠎ᠤ 《ᠨᠣᠮᠢᠨ ᠨᠣᠭᠤᠭ᠋ᠠᠨ ᠬᠥᠷᠥᠩᠭᠡ》᠎ᠪᠠᠨ ᠲᠠᠰᠤᠷᠠᠯᠳᠠ ᠦᠭᠡᠢ ᠵᠤᠵᠠᠭ᠋ᠠᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠰᠢ ᠵᠢᠨ ᠫᠢᠩ᠂ ᠡᠬᠡ ᠤᠯᠤᠰ ᠵᠶ᠋ᠠᠨ ᠨᠣᠭᠤᠭ᠋ᠠᠷᠠᠭᠤᠯᠬᠤ᠎ᠳᠤ ᠨᠣᠭᠤᠭ᠋ᠠᠷᠠᠭᠤᠯᠤᠯᠲᠠ ᠵᠢ ᠥᠷᠭᠡᠳᠬᠡᠵᠦ᠂ ᠨᠣᠭᠤᠭ᠋ᠠᠷᠠᠭᠤᠯᠤᠯᠲᠠ ᠵᠢ ᠬᠥᠭᠵᠢᠭᠦᠯᠵᠦ᠂ ᠨᠣᠭᠤᠭ᠋ᠠᠷᠠᠭᠤᠯᠤᠯᠲᠠ ᠵᠢ ᠬᠠᠮᠠᠭ᠋ᠠᠯᠠᠬᠤ ᠵᠢ ᠵᠡᠷᠭᠡ᠎ᠪᠠᠷ ᠴᠢᠬᠤᠯᠠᠴᠢᠯᠠᠬᠤ ᠬᠡᠷᠡᠭᠲᠡᠢ᠃ ᠨᠣᠭᠤᠭ᠋ᠠᠷᠠᠭᠤᠯᠤᠯᠲᠠ ᠵᠢ ᠥᠷᠭᠡᠳᠬᠡᠬᠦ᠎ᠳᠤ ᠳᠠᠷᠤᠢ ᠶᠡᠭᠡ ᠬᠡᠪᠴᠢᠶᠡᠨ᠎ᠤ ᠤᠯᠤᠰ᠎ᠤᠨ ᠨᠤᠲᠤᠭ ᠳᠡᠪᠢᠰᠬᠡᠷ᠎ᠤᠨ ᠨᠣᠭᠤᠭ᠋ᠠᠷᠠᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠵᠤ᠂ ᠲᠣᠬᠢᠷᠠᠮᠵᠢᠲᠠᠢ ᠭᠠᠵᠠᠷ᠎ᠲᠤ ᠲᠣᠬᠢᠷᠠᠮᠵᠢᠲᠠᠢ ᠮᠣᠳᠣ ᠵᠢ ᠳᠠᠷᠢᠵᠤ᠂ ᠲᠣᠬᠢᠷᠠᠮᠵᠢᠲᠠᠢ ᠴᠠᠭ᠎ᠲᠤ ᠲᠣᠬᠢᠷᠠᠮᠵᠢᠲᠠᠢ ᠠᠷᠭ᠎ᠠ ᠠᠪᠴᠤ᠂ ᠨᠢᠭᠡ ᠰᠠᠭᠤᠷᠢ ᠳᠠᠷᠢᠪᠠᠯ ᠨᠢᠭᠡ ᠰᠠᠭᠤᠷᠢ ᠵᠢ ᠡᠳᠡᠭᠡᠭᠡᠵᠦ᠂ ᠨᠢᠭᠡ ᠬᠡᠰᠡᠭ ᠣᠶ᠋ᠢᠵᠢᠭᠤᠯᠪᠠᠯ ᠨᠢᠭᠡ ᠬᠡᠰᠡᠭ᠎ᠢ ᠨᠣᠭᠤᠭ᠋ᠠᠷᠠᠭᠤᠯᠬᠤ ᠬᠡᠷᠡᠭᠲᠡᠢ᠃ ᠨᠣᠭᠤᠭ᠋ᠠᠷᠠᠭᠤᠯᠤᠯᠲᠠ ᠵᠢ ᠬᠥᠭᠵᠢᠭᠦᠯᠬᠦ᠎ᠳᠤ ᠳᠠᠷᠤᠢ ᠶᠠᠰᠤ ᠴᠢᠨᠠᠷ ᠦᠷ᠎ᠡ ᠠᠰᠢᠭ᠎ᠢ ᠴᠢᠬᠤᠯᠠᠴᠢᠯᠠᠵᠤ᠂ ᠬᠥᠬᠡᠮᠳᠦᠭ ᠨᠣᠭᠤᠭ᠋ᠠᠨ ᠠᠭᠤᠯᠠ ᠤᠰᠤ ᠵᠢ ᠠᠯᠳᠠ ᠮᠥᠩᠭᠦᠨ ᠠᠭᠤᠯᠠ ᠪᠤᠯᠭ᠋ᠠᠬᠤ ᠠᠷᠭ᠎ᠠ ᠵᠠᠮ᠎ᠢ ᠥᠷᠭᠡᠳᠬᠡᠵᠦ᠂ ᠤᠢ ᠰᠢᠭᠤᠢ 《ᠤᠰᠤᠨ ᠴᠥᠭᠦᠷᠥᠮ᠂ ᠵᠣᠭᠤᠰ᠎ᠤᠨ ᠬᠥᠮᠥᠷᠭᠡ᠂ ᠠᠮᠤ ᠪᠤᠳᠠᠭ᠋ᠠᠨ᠎ᠤ ᠬᠥᠮᠥᠷᠭᠡ᠂ ᠨᠡᠭᠦᠷᠡᠰᠦᠲᠥ᠋ᠷᠥᠭᠴᠢ ᠵᠢᠨ ᠬᠥᠮᠥᠷᠭᠡ》 ᠵᠢᠨ ᠨᠡᠩ ᠰᠠᠶ᠋ᠢᠲᠤᠷ ᠬᠤᠯᠪᠤᠭ᠋ᠠᠯᠠᠨ ᠬᠥᠳᠡᠯᠦᠯᠴᠡᠬᠦ ᠵᠢ ᠠᠬᠢᠭᠤᠯᠵᠤ᠂ ᠠᠮᠢ ᠠᠬᠤᠢ ᠵᠢᠨ ᠦᠷ᠎ᠡ ᠠᠰᠢᠭ᠂ ᠠᠵᠤ ᠠᠬᠤᠢ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ᠎ᠤᠨ ᠨᠢᠭᠡᠳᠦᠯ᠎ᠢ ᠪᠡᠶᠡᠯᠡᠭᠦᠯᠬᠦ ᠬᠡᠷᠡᠭᠲᠡᠢ᠃ ᠨᠣᠭᠤᠭ᠋ᠠᠷᠠᠭᠤᠯᠤᠯᠲᠠ ᠵᠢ ᠬᠠᠮᠠᠭ᠋ᠠᠯᠠᠬᠤ᠎ᠳᠤ ᠳᠠᠷᠤᠢ ᠤᠢ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠲᠦᠢ᠍ᠮᠡᠷ᠎ᠢ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠰᠠᠶ᠋ᠢᠲᠤᠷ ᠬᠢᠵᠦ᠂ ᠬᠦᠨᠳᠦ ᠶᠡᠭᠡ ᠭᠡᠮ ᠰᠣᠭᠤᠭ᠎ᠢ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠭᠦᠨᠵᠡᠭᠡᠢ ᠥᠷᠨᠢᠭᠦᠯᠵᠦ᠂ ᠭᠢᠯᠪᠠᠷ ᠪᠤᠰᠤ᠎ᠪᠠᠷ ᠣᠯᠣᠭᠰᠠᠨ ᠨᠣᠭᠤᠭ᠋ᠠᠷᠠᠭᠤᠯᠤᠯᠲᠠ ᠵᠢᠨ ᠦᠷ᠎ᠡ ᠪᠦᠲᠦᠭᠡᠯ᠎ᠢ ᠰᠠᠶ᠋ᠢᠲᠤᠷ ᠰᠠᠬᠢᠨ ᠬᠠᠮᠠᠭ᠋ᠠᠯᠠᠬᠤ ᠬᠡᠷᠡᠭᠲᠡᠢ᠃ ᠤᠮᠠᠷᠠᠲᠤ ᠵᠢᠨ ᠭᠤᠷᠪᠠᠨ ᠣᠷᠣᠨ ᠪᠣᠯ ᠤᠯᠤᠰ᠎ᠤᠨ ᠨᠤᠲᠤᠭ ᠳᠡᠪᠢᠰᠬᠡᠷ᠎ᠤᠨ ᠨᠣᠭᠤᠭ᠋ᠠᠷᠠᠭᠤᠯᠤᠯᠲᠠ ᠵᠢᠨ ᠭᠤᠣᠯ ᠲᠡᠶ᠋ᠢᠨ᠎ᠤ ᠲᠠᠯᠠᠪᠤᠷ ᠮᠥᠨ᠂ ᠨᠠᠩ ᠣᠯᠠᠨ ᠬᠦᠴᠦᠨ᠎ᠢ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠳᠡᠭᠡᠷ᠎ᠡ ᠲᠥᠪᠯᠡᠷᠡᠭᠦᠯᠵᠦ᠂ ᠤᠮᠠᠷᠠᠲᠤ ᠬᠢᠯᠢ ᠵᠢᠨ ᠨᠣᠮᠢᠨ ᠨᠣᠭᠤᠭ᠋ᠠᠨ ᠣᠷᠳᠣ ᠴᠠᠭ᠋ᠠᠨ ᠬᠡᠷᠡᠮ᠎ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠡᠬᠡ ᠤᠯᠤᠰ ᠵᠶ᠋ᠠᠨ ᠨᠣᠭᠤᠭ᠋ᠠᠷᠠᠭᠤᠯᠬᠤ᠎ᠳᠤ ᠬᠥᠮᠥᠨ ᠪᠦᠭᠦᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠢ᠃ ᠣᠯᠠᠨ ᠲᠦᠮᠡᠨ᠎ᠤ ᠣᠷᠤᠯᠴᠠᠬᠤ ᠠᠷᠭ᠎ᠠ ᠵᠠᠮ᠎ᠢ ᠰᠢᠯᠤᠭᠤᠳᠬᠠᠵᠤ᠂ ᠬᠠᠷᠢᠭᠤᠴᠠᠯᠭ᠎ᠠ᠎ᠪᠠᠨ ᠭᠦᠢ᠍ᠴᠡᠳᠬᠡᠬᠦ ᠭᠡᠯᠪᠡᠷᠢ ᠵᠢᠨ ᠰᠢᠨ᠎ᠡ ᠵᠢ ᠡᠭᠦᠳᠴᠦ᠂ ᠣᠶ ᠵᠢᠨ ᠳᠠᠷᠤᠭ᠎ᠠ ᠵᠢᠨ ᠳᠦᠷᠢᠮ᠎ᠤᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠡᠯ᠎ᠡ ᠲᠠᠯ᠎ᠠ ᠵᠢᠨ ᠬᠦᠴᠦᠨ᠎ᠢ ᠳᠠᠶ᠋ᠢᠴᠢᠯᠠᠵᠤ᠂ ᠪᠦᠭᠦ ᠠᠷᠠᠳ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯ᠎ᠤᠨ ᠲᠠᠰᠤᠷᠠᠯᠲᠠ ᠦᠭᠡᠢ ᠭᠦᠨᠵᠡᠭᠡᠶ᠋ᠢᠷᠡᠨ ᠪᠣᠳᠠᠲᠠᠶ᠋ᠢᠵᠢᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠪᠡᠭᠡᠵᠢᠩ᠎ᠳᠤ ᠪᠠᠶ᠋ᠢᠭ᠎ᠠ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ᠂ ᠲᠦᠷᠦ ᠵᠢᠨ ᠶᠠᠪᠤᠳᠠᠯ ᠤᠨ ᠭᠡᠰᠢᠭᠦᠨ ᠨᠠᠷ ᠮᠣᠳᠣ ᠲᠠᠷᠢᠬᠤ ᠠᠵᠢᠯᠯᠠᠭ᠎ᠠ᠎ᠳᠤ ᠣᠷᠣᠯᠴᠠᠪᠠ᠃