ᠰᠢᠨᠬᠤᠸᠠ ᠬᠤᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 7᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ ᠣᠶ᠋ᠢᠷ᠎ᠠ᠎ᠳᠤ 《ᠪᠦᠭᠦ ᠨᠠᠮ᠎ᠤᠨ ᠳᠣᠲᠣᠭ᠋ᠠᠳᠤ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠳᠥᠭᠦᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠪᠠ᠃
《ᠮᠡᠳᠡᠭᠳᠡᠯ》᠎ᠳᠤ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》 (ᠳᠣᠷᠣᠭᠰᠢ 《ᠳᠦᠷᠢᠮ》 ᠭᠡᠵᠦ ᠳᠥᠭᠦᠮᠴᠢᠯᠡᠨ᠎ᠡ)᠎ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ ᠨᠠᠮ᠎ᠤᠨ ᠲᠥᠪ ᠬᠤᠷᠢᠶ᠎ᠠ ᠵᠢᠨ ᠵᠥᠪᠰᠢᠶᠡᠷᠡᠯ ᠵᠶ᠋ᠠᠷ᠂ 2024 ᠣᠨ᠎ᠤ 4 ᠰᠠᠷ᠎ᠠ᠎ᠠᠴᠠ 7 ᠰᠠᠷ᠎ᠠ ᠪᠤᠯᠲᠠᠯ᠎ᠠ ᠪᠦᠭᠦ ᠨᠠᠮ᠎ᠤᠨ ᠳᠣᠲᠣᠭ᠋ᠠᠳᠤ᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠨ᠎ᠡ ᠭᠡᠵᠦ ᠵᠢᠭ᠋ᠠᠵᠤ ᠭᠠᠷᠭ᠋ᠠᠪᠠ᠃
《ᠮᠡᠳᠡᠭᠳᠡᠯ》᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠵᠠᠷᠢᠮ ᠨᠠᠮ᠎ᠤᠨ ᠭᠡᠰᠢᠭᠦᠨ᠂ ᠺᠠᠳ᠋ᠷᠴᠤᠳ᠎ᠤᠨ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ᠎ᠳᠤ ᠰᠠᠨᠠᠭ᠎ᠠ ᠲᠠᠯᠪᠢᠬᠤ ᠦᠭᠡᠢ᠂ ᠣᠶ᠋ᠢᠯᠠᠭ᠋ᠠᠬᠤ ᠦᠭᠡᠢ᠂ ᠡᠵᠡᠮᠰᠢᠬᠦ ᠦᠭᠡᠢ ᠵᠡᠷᠭᠡ ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠭᠡᠰᠢᠭᠦᠨ ᠢᠯᠠᠩᠭᠤᠶ᠎ᠠ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ᠎ᠢ ᠵᠣᠬᠢᠶᠠᠨ ᠪᠠᠶ᠋ᠢᠭᠤᠯᠤᠨ 《ᠳᠦᠷᠢᠮ》᠎ᠢ ᠨᠠᠷᠢᠨ ᠬᠢᠨᠠᠮᠠᠭ᠋ᠠᠢ ᠰᠤᠷᠤᠯᠴᠠᠭᠤᠯᠵᠤ᠂ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ ᠵᠢ ᠣᠶ᠋ᠢᠯᠠᠭ᠋ᠠᠬᠤ᠂ ᠰᠠᠬᠢᠯᠭ᠎ᠠ ᠪᠠᠲᠤ ᠵᠢ ᠰᠠᠬᠢᠬᠤ ᠵᠢ ᠪᠡᠶᠡᠯᠡᠭᠦᠯᠵᠦ᠂ ᠨᠠᠮ᠎ᠤᠨ ᠰᠠᠬᠢᠯᠭ᠎ᠠ ᠪᠠᠲᠤ ᠶᠣᠰᠣ ᠳᠦᠷᠢᠮ ᠭᠡᠭᠴᠢ ᠶᠠᠭᠤ ᠪᠤᠯᠬᠤ ᠵᠢ ᠲᠣᠳᠣᠷᠬᠠᠢ ᠣᠶ᠋ᠢᠯᠠᠭ᠋ᠠᠵᠤ᠂ ᠶᠠᠭᠤ ᠵᠢ ᠬᠢᠵᠦ ᠪᠤᠯᠬᠤ᠂ ᠶᠠᠭᠤ ᠵᠢ ᠬᠢᠵᠦ ᠦᠯᠦ ᠪᠤᠯᠬᠤ ᠵᠢ ᠣᠶ᠋ᠢᠯᠠᠭ᠋ᠠᠵᠤ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠰᠡᠳᠬᠢᠯ᠎ᠳᠡᠭᠡᠨ ᠬᠠᠳᠠᠩᠰᠢᠭᠤᠯᠵᠤ᠂ ᠦᠭᠡ ᠶᠠᠷᠢᠶ᠎ᠠ ᠦᠢ᠍ᠯᠡ ᠠᠵᠢᠯᠯᠠᠭ᠋ᠠᠨ᠎ᠤ᠎ᠪᠠᠨ ᠪᠠᠷᠢᠮᠵᠢᠶ᠎ᠠ ᠪᠤᠯᠭ᠋ᠠᠵᠤ᠂ ᠴᠢᠨᠠᠭᠰᠢᠳᠠ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠥᠪᠡᠷ᠎ᠢ᠎ᠪᠠᠨ ᠬᠢᠵᠠᠭ᠋ᠠᠷᠯᠠᠬᠤ ᠵᠢ ᠴᠢᠩᠭ᠋ᠠᠳᠬᠠᠵᠤ᠂ ᠦᠯᠦ ᠬᠠᠯᠳᠠᠭ᠋ᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠤᠯᠤᠰ ᠲᠦᠷᠦ ᠵᠢᠨ ᠲᠣᠭᠲᠠᠯ ᠬᠦᠴᠦᠨ᠂ ᠰᠠᠬᠢᠯᠭ᠎ᠠ ᠪᠠᠲᠤ ᠵᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠠᠷᠠᠯ᠎ᠢ ᠡᠰᠡᠷᠭᠦᠴᠡᠬᠦ ᠲᠣᠭᠲᠠᠯ ᠬᠦᠴᠦᠨ ᠵᠶ᠋ᠠᠨ ᠴᠢᠩᠭ᠋ᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠵᠢ ᠪᠡᠶᠡᠯᠡᠭᠦᠯᠬᠦ ᠬᠡᠷᠡᠭᠲᠡᠢ ᠭᠡᠵᠦ ᠲᠣᠳᠣᠷᠬᠠᠶ᠋ᠢᠯᠠᠪᠠ᠃
《ᠮᠡᠳᠡᠭᠳᠡᠯ》᠎ᠳᠤ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠡᠳᠦᠷ ᠳᠤᠳᠤᠮ᠎ᠤᠨ ᠠᠮᠢᠳᠤᠷᠠᠯ᠎ᠳᠤ ᠠᠭᠤᠰᠤᠯᠴᠠᠭᠤᠯᠬᠤ᠂ ᠪᠠᠶ᠋ᠢᠩᠭᠤ ᠠᠳᠬᠤᠬᠤ ᠵᠢ ᠴᠢᠬᠤᠯᠠᠴᠢᠯᠠᠬᠤ ᠬᠡᠷᠡᠭᠲᠡᠢ᠃ ᠲᠡᠷᠡ ᠬᠡᠪ ᠵᠶ᠋ᠠᠷ᠎ᠨᠢ ᠰᠤᠷᠤᠯᠴᠠᠵᠤ᠂ ᠬᠤᠪᠢ ᠬᠥᠮᠥᠨ᠎ᠤ ᠥᠪᠡᠰᠦᠪᠡᠨ ᠰᠤᠷᠤᠯᠴᠠᠬᠤ ᠪᠠ ᠲᠥᠪᠯᠡᠷᠡᠭᠦᠯᠦᠨ ᠰᠤᠷᠤᠯᠴᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠨᠠᠮ᠎ᠤᠨ ᠤᠯᠤᠰ ᠲᠦᠷᠦ ᠵᠢᠨ ᠰᠠᠬᠢᠯᠭ᠎ᠠ ᠪᠠᠲᠤ᠂ ᠵᠣᠬᠢᠶᠠᠨ ᠪᠠᠶ᠋ᠢᠭᠤᠯᠤᠯᠲᠠ ᠵᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠵᠢᠨ ᠰᠠᠬᠢᠯᠭ᠎ᠠ ᠪᠠᠲᠤ᠂ ᠤᠯᠠᠨ ᠲᠦᠮᠡᠨ᠎ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ᠎ᠤᠨ ᠰᠠᠬᠢᠯᠭ᠎ᠠ ᠪᠠᠲᠤᠯᠤᠭᠠ ᠨᠢᠭᠲᠠ ᠤᠶᠠᠯᠳᠤᠭᠤᠯᠤᠨ ᠰᠤᠳᠤᠯᠤᠨ ᠶᠠᠷᠢᠯᠴᠠᠵᠤ᠂ 《ᠳᠦᠷᠢᠮ》᠎ᠢ ᠲᠠᠷᠢᠬᠢᠨ᠎ᠳᠠᠭᠠᠨ ᠰᠢᠩᠭᠡᠭᠡᠵᠦ ᠰᠡᠳᠬᠢᠯ᠎ᠳᠡᠭᠡᠨ ᠬᠠᠳᠠᠩᠰᠢᠭᠤᠯᠬᠤ ᠵᠢ ᠠᠬᠢᠭᠤᠯᠬᠤ ᠬᠡᠷᠡᠭᠲᠡᠢ᠃ ᠰᠡᠷᠡᠮᠵᠢᠯᠡᠭᠦᠯᠭᠦ ᠬᠥᠮᠦᠵᠢᠯ᠎ᠢ ᠴᠢᠩᠭ᠋ᠠᠳᠬᠠᠵᠤ᠂ ᠰᠠᠬᠢᠯᠭ᠎ᠠ ᠪᠠᠲᠤ ᠵᠢ ᠵᠥᠷᠢᠴᠡᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠭᠦᠨᠵᠡᠭᠡᠢ ᠵᠠᠳᠠᠯᠤᠨ ᠰᠢᠨᠵᠢᠯᠡᠵᠦ᠂ ᠳᠡᠷᠭᠡᠳᠡᠬᠢ ᠶᠠᠪᠤᠳᠠᠯ ᠵᠶ᠋ᠠᠷ ᠵᠶ᠋ᠠᠨ ᠳᠡᠷᠭᠡᠳᠡᠬᠢ ᠬᠥᠮᠥᠰ ᠵᠶ᠋ᠠᠨ ᠬᠥᠮᠥᠵᠢᠭᠦᠯᠬᠦ ᠵᠢ ᠴᠢᠬᠤᠯᠠᠴᠢᠯᠠᠵᠤ᠂ ᠨᠠᠮ᠎ᠤᠨ ᠭᠡᠰᠢᠭᠦᠨ᠂ ᠺᠠᠳ᠋ᠷᠴᠤᠳ᠎ᠢ ᠰᠡᠷᠡᠮᠵᠢ ᠠᠪᠬᠤ᠂ ᠬᠤᠷᠢᠭ᠎ᠠ ᠱᠤᠭᠤᠮ᠎ᠢ ᠲᠣᠳᠣᠷᠬᠠᠢ ᠮᠡᠳᠡᠬᠦ᠂ ᠪᠢᠰᠢᠷᠡᠨ ᠵᠢᠷᠦᠬᠡᠰᠢᠶᠡᠬᠦ ᠰᠡᠳᠬᠢᠯᠭᠡ᠎ᠲᠠᠢ ᠪᠤᠯᠭ᠋ᠠᠬᠤ ᠬᠡᠷᠡᠭᠲᠡᠢ᠃ ᠲᠠᠶ᠋ᠢᠯᠤᠮᠵᠢ ᠪᠠ ᠪᠣᠯᠪᠠᠰᠤᠷᠠᠯ᠎ᠢ ᠴᠢᠩᠭ᠋ᠠᠳᠬᠠᠵᠤ᠂ 《ᠳᠦᠷᠢᠮ》᠎ᠢ ᠣᠶ᠋ᠢᠯᠠᠭ᠋ᠠᠨ ᠬᠡᠷᠡᠭᠯᠡᠬᠦ ᠵᠢ ᠭᠦᠨᠵᠡᠭᠡᠶ᠋ᠢᠷᠡᠭᠦᠯᠬᠦ ᠬᠡᠷᠡᠭᠲᠡᠢ᠃ 2024 ᠣᠨ᠎ᠤ ᠰᠢᠶᠠᠨ ᠭᠠᠵᠠᠷ᠎ᠤᠨ ᠲᠡᠰ᠎ᠠᠴᠠ ᠳᠡᠭᠡᠭᠰᠢᠬᠢ ᠤᠳᠤᠷᠢᠳᠬᠤ ᠪᠠᠭ᠎ᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠣᠯᠣᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠬᠤᠷᠠᠯ᠎ᠨᠢ᠂ 《ᠳᠦᠷᠢᠮ》᠎ᠢ ᠰᠤᠷᠤᠯᠴᠠᠨ ᠲᠤᠭᠤᠰᠢᠯᠠᠭᠤᠯᠤᠭᠰᠠᠨ ᠪᠠᠶ᠋ᠢᠳᠠᠯ᠎ᠢ ᠬᠠᠷᠢᠴᠠᠭᠤᠯᠤᠨ ᠪᠠᠶ᠋ᠢᠴᠠᠭ᠋ᠠᠬᠤ ᠵᠢᠨ ᠴᠢᠬᠤᠯᠠ ᠠᠭᠤᠯᠭ᠎ᠠ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
《ᠮᠡᠳᠡᠭᠳᠡᠯ》᠎ᠳᠤ᠂ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠴᠢᠬᠤᠯᠠ ᠤᠯᠤᠰ ᠲᠥᠷᠥ ᠵᠢᠨ ᠡᠭᠦᠷᠭᠡ ᠪᠤᠯᠭ᠋ᠠᠵᠤ᠂ ᠨᠠᠷᠢᠨ ᠨᠢᠮᠪᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠱᠠᠯᠠᠪᠳᠠᠭᠤᠯᠤᠨ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠠᠵᠢᠯ᠎ᠢ ᠰᠠᠶ᠋ᠢᠲᠤᠷ ᠬᠢᠵᠦ᠂ ᠬᠡᠯᠪᠡᠷᠢᠴᠢ ᠦᠵᠡᠯ᠎ᠢ ᠡᠷᠡᠰ ᠡᠰᠡᠷᠭᠦᠴᠡᠵᠦ᠂ 《ᠨᠠᠮ᠎ᠤᠨ ᠤᠯᠤᠰ ᠲᠦᠷᠦ ᠵᠢᠨ ᠢᠲᠡᠭᠡᠯ ᠪᠢᠰᠢᠷᠡᠯ ᠪᠣᠯᠣᠨ ᠤᠯᠤᠰ ᠲᠦᠷᠦ ᠵᠢᠨ ᠵᠣᠷᠢᠯᠲᠠ ᠵᠢ ᠰᠠᠨᠠᠭ᠋ᠠᠴᠢᠯᠠᠭ᠎ᠠ᠎ᠲᠠᠢ ᠪᠤᠶᠤ ᠰᠠᠨᠠᠭ᠋ᠠᠴᠢᠯᠠᠭ᠋ᠠᠲᠤ ᠪᠤᠰᠤ᠎ᠪᠠᠷ ᠳᠥᠭᠦᠮᠴᠢᠯᠡᠬᠦ ᠪᠣᠯᠭᠢᠴᠢᠯᠠᠬᠤ》᠂ 《ᠨᠠᠮ᠎ᠤᠨ ᠢᠲᠡᠭᠡᠯ ᠪᠢᠰᠢᠷᠡᠯ ᠪᠣᠯᠣᠨ ᠤᠯᠤᠰ ᠲᠦᠷᠦ ᠵᠢᠨ ᠵᠣᠷᠢᠯᠲᠠ ᠵᠢ ᠬᠡᠯᠡᠨ᠎ᠤ ᠤᠷ᠎ᠠ᠎ᠨᠢ ᠠᠰᠢᠭᠯᠠᠵᠤ ᠭᠦᠳᠬᠡᠬᠦ ᠲᠠᠭ᠋ᠠᠷᠢᠬᠤ》 ᠵᠢ ᠰᠡᠷᠭᠡᠶ᠋ᠢᠯᠡᠬᠦ ᠬᠡᠷᠡᠭᠲᠡᠢ ᠭᠡᠵᠦ ᠱᠠᠭ᠋ᠠᠷᠳᠠᠪᠠ᠃