ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠰᠧᠷᠪᠢᠶ᠎ᠠ ᠵᠢᠨ ᠶᠡᠷᠦᠩᠬᠡᠶ᠋ᠢᠯᠡᠭᠴᠢ ᠥᠴᠢᠴᠢ᠎ᠲᠠᠢ ᠬᠡᠯᠡᠯᠴᠡᠭᠡ ᠬᠢᠪᠡ
ᠨᠡᠶ᠋ᠢᠲᠡᠯᠡᠭᠰᠡᠨ ᠴᠠᠭ᠄ 2024-05-13

      ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 8᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠧᠯᠭᠷᠠᠳ᠋᠎ᠤᠨ ᠰᠧᠷᠪᠢᠶ᠎ᠠ ᠲᠣᠮᠣ ᠠᠰᠠᠷ᠎ᠲᠤ ᠰᠧᠷᠪᠢᠶ᠎ᠠ ᠵᠢᠨ ᠶᠡᠷᠦᠩᠬᠡᠶ᠋ᠢᠯᠡᠭᠴᠢ ᠥᠴᠢᠴᠢ᠎ᠲᠠᠢ ᠬᠡᠯᠡᠯᠴᠡᠭᠡ ᠬᠢᠪᠡ᠃ ᠬᠤᠶᠠᠷ ᠤᠯᠤᠰ᠎ᠤᠨ ᠲᠡᠷᠢᠭᠦᠨ᠂ ᠳᠤᠮᠳᠠᠳᠤ ᠰᠧᠷᠪᠢᠶ᠎ᠠ ᠵᠢᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢ ᠭᠦᠨᠵᠡᠭᠡᠶ᠋ᠢᠷᠡᠭᠦᠯᠦᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠵᠢᠨ ᠳᠤᠮᠳᠠᠳᠤ ᠰᠧᠷᠪᠢᠶ᠎ᠠ  ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠤᠨ᠎ᠠ ᠭᠡᠵᠦ ᠨᠡᠶ᠋ᠢᠲᠡᠯᠡᠪᠡ᠃


6385084735638714358521210.jpg


      ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 8᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠧᠯᠭᠷᠠᠳ᠋᠎ᠤᠨ ᠰᠧᠷᠪᠢᠶ᠎ᠠ ᠲᠣᠮᠣ ᠠᠰᠠᠷ᠎ᠲᠤ ᠰᠧᠷᠪᠢᠶ᠎ᠠ ᠵᠢᠨ ᠶᠡᠷᠦᠩᠬᠡᠶ᠋ᠢᠯᠡᠭᠴᠢ ᠥᠴᠢᠴᠢ᠎ᠲᠠᠢ ᠬᠡᠯᠡᠯᠴᠡᠭᠡ ᠬᠢᠪᠡ᠃
      ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠯᠢ ᠰᠢᠤᠸᠠᠢ ᠷᠧᠨ ᠰᠡᠭᠦᠳᠡᠷᠯᠡᠪᠡ


6385084736666839663327485.jpg


      ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 8᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠧᠯᠭᠷᠠᠳ᠋᠎ᠤᠨ ᠰᠧᠷᠪᠢᠶ᠎ᠠ ᠲᠣᠮᠣ ᠠᠰᠠᠷ᠎ᠲᠤ ᠰᠧᠷᠪᠢᠶ᠎ᠠ ᠵᠢᠨ ᠶᠡᠷᠦᠩᠬᠡᠶ᠋ᠢᠯᠡᠭᠴᠢ ᠥᠴᠢᠴᠢ᠎ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ᠎ᠠᠴᠠ ᠡᠮᠦᠨ᠎ᠡ ᠥᠴᠢᠴᠢ᠎ᠠᠴᠠ ᠦᠪᠡᠳᠡᠭᠰᠢ ᠶᠡᠭᠡ ᠶᠣᠰᠣᠯᠠᠯ ᠶᠠᠪᠤᠭᠳᠠᠭᠤᠯᠵᠤ ᠰᠢ ᠵᠢᠨ ᠫᠢᠩ᠎ᠢ ᠤᠭᠲᠤᠵᠤ ᠪᠠᠶ᠋ᠢᠭ᠎ᠠ᠎ᠨᠢ᠃
      ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠫᠠᠩ ᠰᠢᠩ ᠯᠧᠢ ᠰᠡᠭᠦᠳᠡᠷᠯᠡᠪᠡ


6385084737594964576663416.jpg


      ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 8᠎ᠤ ᠦᠳᠡ ᠵᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠧᠯᠭᠷᠠᠳ᠋᠎ᠤᠨ ᠰᠧᠷᠪᠢᠶ᠎ᠠ ᠲᠣᠮᠣ ᠠᠰᠠᠷ᠎ᠲᠤ ᠰᠧᠷᠪᠢᠶ᠎ᠠ ᠵᠢᠨ ᠶᠡᠷᠦᠩᠬᠡᠶ᠋ᠢᠯᠡᠭᠴᠢ ᠥᠴᠢᠴᠢ᠎ᠲᠠᠢ ᠬᠡᠯᠡᠯᠴᠡᠭᠡ ᠬᠢᠪᠡ᠃ ᠬᠡᠯᠡᠯᠴᠡᠭᠡ ᠲᠡᠭᠦᠰᠦᠭᠰᠡᠨ᠎ᠤ ᠲᠠᠷᠠᠭ᠎ᠠ᠂ ᠬᠤᠶᠠᠷ ᠤᠯᠤᠰ᠎ᠤᠨ ᠲᠡᠷᠢᠭᠦᠨ ᠬᠠᠮᠲᠤ᠎ᠪᠠᠷ 《ᠳᠤᠮᠳᠠᠳᠤ ᠰᠧᠷᠪᠢᠶ᠎ᠠ ᠵᠢᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢ ᠭᠦᠨᠵᠡᠭᠡᠶ᠋ᠢᠷᠡᠭᠦᠯᠦᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠵᠢᠨ ᠳᠤᠮᠳᠠᠳᠤ ᠰᠧᠷᠪᠢᠶ᠎ᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠲᠤᠬᠠᠢ ᠬᠠᠮᠲᠤᠷᠠᠭᠰᠠᠨ ᠢᠯᠡᠷᠬᠡᠶ᠋ᠢᠯᠡᠯᠲᠡ》᠎ᠳᠤ ᠭᠠᠷ᠎ᠤᠨ ᠦᠰᠦᠭ ᠵᠢᠷᠤᠪᠠ᠃
      ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠬᠤᠸᠠᠩ ᠵᠢᠩ ᠸᠧᠨ ᠰᠡᠭᠦᠳᠡᠷᠯᠡᠪᠡ


      5 ᠰᠠᠷ᠎ᠠ ᠵᠢᠨ ᠪᠧᠯᠭᠷᠡᠳ᠋᠎ᠲᠤ ᠨᠠᠷᠡ ᠲᠤᠨᠤᠷᠠᠨ᠎ᠠ᠃ ᠰᠧᠷᠪᠢᠶ᠎ᠠ ᠲᠣᠮᠣ ᠠᠰᠠᠷ᠎ᠤᠨ ᠡᠮᠦᠨ᠎ᠡ᠂ ᠳᠤᠮᠳᠠᠳᠤ ᠰᠧᠷᠪᠢᠶ᠎ᠠ ᠬᠤᠶᠠᠷ ᠤᠯᠤᠰ᠎ᠤᠨ ᠤᠯᠤᠰ᠎ᠤᠨ ᠲᠤᠭ ᠰᠠᠯᠬᠢᠨ᠎ᠤ ᠠᠶ᠎ᠠ᠎ᠪᠠᠷ ᠨᠠᠮᠢᠷᠠᠵᠤ᠂ ᠶᠣᠰᠣᠯᠠᠯ᠎ᠤᠨ ᠠᠩᠭᠢ ᠰᠦᠷ ᠵᠢᠪᠬᠤᠭ᠎ᠠ᠎ᠲᠠᠢ ᠪᠠᠶ᠋ᠢᠯ᠎ᠠ᠃ ᠰᠢ ᠵᠢᠨ ᠫᠢᠩ ᠬᠠᠳᠤᠨ ᠫᠧᠩ ᠯᠢ ᠶᠤᠸᠠᠨ᠎ᠲᠠᠢ᠎ᠪᠠᠨ ᠲᠡᠷᠭᠡᠨ᠎ᠳᠤ ᠰᠠᠭᠤᠵᠤ ᠬᠦᠷᠴᠦ ᠢᠷᠡᠬᠦ᠎ᠳᠤ᠂ ᠰᠧᠷᠪᠢᠶ᠎ᠠ ᠵᠢᠨ ᠶᠡᠷᠦᠩᠬᠡᠶ᠋ᠢᠯᠡᠭᠴᠢ ᠥᠴᠢᠴᠢ ᠪᠣᠯᠣᠨ ᠲᠡᠭᠦᠨ᠎ᠤ ᠬᠠᠳᠤᠨ ᠲᠠᠮᠠᠯᠠ ᠲᠡᠷᠭᠡᠨ᠎ᠠᠴᠠ ᠪᠠᠭᠤᠬᠤ ᠭᠠᠵᠠᠷ᠎ᠲᠤ ᠬᠠᠯᠠᠭᠤᠨ ᠵᠶ᠋ᠠᠷ ᠤᠭᠲᠤᠵᠤ ᠠᠪᠤᠪᠠ᠃
      ᠥᠴᠢᠴᠢ ᠦᠪᠡᠳᠡᠭᠰᠢ ᠶᠣᠰᠣᠯᠠᠯ ᠶᠠᠪᠤᠭᠳᠠᠭᠤᠯᠵᠤ ᠰᠢ ᠵᠢᠨ ᠫᠢᠩ᠎ᠢ ᠤᠭᠲᠤᠪᠠ᠃ ᠬᠤᠶᠠᠷ ᠤᠯᠤᠰ          ᠎ᠤᠨ ᠲᠡᠷᠢᠭᠦᠨ ᠬᠠᠮᠲᠤ᠎ᠪᠠᠷ ᠰᠢᠯᠭ᠋ᠠᠨ ᠦᠵᠡᠬᠦ ᠲᠠᠶ᠋ᠢᠰᠠᠨ᠎ᠳᠤ ᠭᠠᠷᠴᠤ᠂ ᠴᠡᠷᠢᠭ᠎ᠤᠨ ᠬᠥᠭᠵᠢᠮ᠎ᠤᠨ ᠪᠦᠯᠭᠦᠮ ᠳᠤᠮᠳᠠᠳᠤ ᠰᠧᠷᠪᠢᠶ᠎ᠠ ᠬᠤᠶᠠᠷ ᠤᠯᠤᠰ᠎ᠤᠨ ᠰᠦᠯᠳᠡ ᠳᠠᠭᠤᠤ ᠵᠢ ᠬᠥᠭᠵᠢᠮᠳᠡᠵᠦ᠂ ᠶᠣᠰᠣᠯᠠᠯ᠎ᠤᠨ ᠫᠤᠤ ᠵᠢ 10 ᠳᠤᠤᠭ᠋ᠠᠷᠭ᠋ᠠᠪᠠ᠃ ᠰᠢ ᠵᠢᠨ ᠫᠢᠩ ᠥᠴᠢᠴᠢ ᠵᠢᠨ ᠪᠠᠷ᠎ᠠ ᠪᠤᠯᠤᠯᠭ᠎ᠠ᠎ᠲᠠᠢ᠎ᠪᠠᠷ ᠶᠣᠰᠣᠯᠠᠯ᠎ᠤᠨ ᠠᠩᠭᠢ ᠵᠢ ᠰᠢᠯᠭ᠋ᠠᠨ ᠦᠵᠡᠪᠡ᠃ ᠬᠤᠶᠠᠷ ᠤᠯᠤᠰ᠎ᠤᠨ ᠲᠡᠷᠢᠭᠦᠨ ᠬᠤᠶᠠᠷ ᠲᠠᠯ᠎ᠠ ᠵᠢᠨ ᠪᠠᠷ᠎ᠠ ᠪᠣᠯᠣᠭᠰᠠᠳ᠎ᠲᠠᠢ ᠨᠢᠭᠡᠳ ᠨᠢᠭᠡ᠎ᠪᠠᠷ ᠭᠠᠷ ᠠᠳᠬᠤᠨ ᠮᠡᠨᠳᠦᠴᠢᠯᠡᠪᠡ᠃
      ᠥᠴᠢᠴᠢ ᠰᠢ ᠵᠢᠨ ᠫᠢᠩ᠎ᠳᠤ ᠪᠠᠷ᠎ᠠ ᠪᠣᠯᠵᠤ ᠵᠠᠰᠠᠭ᠎ᠤᠨ ᠣᠷᠳᠣᠨ᠎ᠤ ᠲᠣᠮᠣ ᠠᠰᠠᠷ᠎ᠤᠨ ᠲᠠᠪᠴᠠᠩ᠎ᠳᠤ ᠭᠦᠷᠪᠡ᠃ ᠲᠣᠮᠣ ᠠᠰᠠᠷ᠎ᠤᠨ ᠠᠭᠤᠳᠠᠮ ᠲᠠᠯᠠᠪᠠᠢ᠎ᠳᠤ᠂ ᠲᠦᠮᠡ ᠲᠠᠪᠤᠨ ᠮᠢᠩᠭ᠋ᠠᠨ ᠰᠧᠷᠪᠢᠶ᠎ᠠ ᠵᠢᠨ ᠠᠷᠠᠳ ᠤᠯᠠᠨ ᠳᠤᠮᠳᠠᠳᠤ ᠰᠧᠷᠪᠢᠶ᠎ᠠ ᠬᠤᠶᠠᠷ ᠤᠯᠤᠰ᠎ᠤᠨ ᠤᠯᠤᠰ᠎ᠤᠨ ᠲᠤᠭ᠎ᠢ ᠬᠤᠷᠤᠶ᠋ᠢᠯᠠᠵᠤ᠂ ᠰᠢ ᠵᠢᠨ ᠫᠢᠩ᠎ᠢ ᠬᠠᠯᠠᠭᠤᠨ ᠵᠶ᠋ᠠᠷ ᠤᠭᠲᠤᠵᠤ ᠪᠠᠶ᠋ᠢᠬᠤ᠎ᠪᠠᠨ ᠢᠯᠡᠳᠬᠡᠪᠡ᠃ ᠰᠢ ᠵᠢᠨ ᠫᠢᠩ ᠤᠭᠲᠤᠬᠤ᠎ᠪᠠᠷ ᠢᠷᠡᠭᠰᠡᠨ ᠬᠥᠮᠥᠰ᠎ᠤᠨ ᠵᠦᠭ ᠭᠠᠷ ᠳᠠᠯᠠᠯᠤᠨ ᠮᠡᠨᠳᠦᠴᠢᠯᠡᠪᠡ᠃ ᠠᠭᠤᠳᠠᠮ ᠲᠠᠯᠠᠪᠠᠢ᠎ᠳᠤ ᠠᠯᠠᠭ᠎ᠠ ᠲᠡᠰᠢᠯᠲᠡ ᠵᠢᠨ ᠲᠠᠭᠤᠨ ᠨᠢᠵᠢᠭᠢᠨᠡᠵᠦ᠂ ᠤᠷᠠᠢ ᠬᠠᠰᠬᠢᠷᠬᠤ ᠲᠠᠭᠤᠨ ᠤᠳᠠᠲᠠᠯ᠎ᠠ ᠦᠷᠭᠦᠯᠵᠢᠯᠡᠪᠡ᠃
      ᠤᠭᠲᠤᠬᠤ ᠶᠣᠰᠣᠯᠠᠯ᠎ᠤᠨ ᠳᠠᠷᠠᠭ᠎ᠠ᠂ ᠬᠤᠶᠠᠷ ᠤᠯᠤᠰ᠎ᠤᠨ ᠲᠡᠷᠢᠭᠦᠨ ᠲᠤᠰ ᠲᠤᠰ ᠪᠠᠭ᠎ᠠ ᠬᠡᠪᠴᠢᠶᠡᠨ᠎ᠤ ᠠᠭᠤᠯᠵᠠᠯᠲᠠ ᠪᠠ ᠶᠡᠭᠡ ᠬᠡᠪᠴᠢᠶᠡᠨ᠎ᠤ ᠬᠡᠯᠡᠯᠴᠡᠭᠡ ᠬᠢᠪᠡ᠃
      ᠰᠢ ᠵᠢᠨ ᠫᠢᠩ᠂ ᠶᠡᠷᠦᠩᠬᠡᠶ᠋ᠢᠯᠡᠭᠴᠢ ᠥᠴᠢᠴᠢ ᠵᠢᠨ ᠤᠯᠠᠨ ᠤᠳᠠᠭ᠎ᠠ ᠵᠢᠨ ᠤᠷᠢᠯᠭ᠎ᠠ᠎ᠪᠠᠷ᠂ 8 ᠵᠢᠯ ᠠᠯᠤᠰᠯᠠᠭ᠋ᠠᠳ ᠦᠵᠡᠰᠬᠦᠯᠡᠩᠲᠦ ᠰᠠᠶ᠋ᠢᠬᠠᠨ ᠰᠧᠷᠪᠢᠶ᠎ᠠ᠎ᠳᠤ ᠳᠠᠬᠢᠨᠲᠠ ᠠᠶ᠋ᠢᠯᠴᠢᠯᠠᠬᠰᠠᠨ᠎ᠳᠠᠭᠠᠨ ᠪᠢ ᠮᠠᠰᠢ ᠪᠠᠶᠠᠷ᠎ᠲᠠᠢ ᠪᠠᠶ᠋ᠢᠨ᠎ᠠ᠃ ᠶᠡᠷᠦᠩᠬᠡᠶ᠋ᠢᠯᠡᠭᠴᠢ ᠥᠴᠢᠴᠢ ᠵᠠᠰᠠᠭ᠎ᠤᠨ ᠣᠷᠳᠣᠨ᠎ᠤ ᠤᠯᠠᠨ ᠴᠢᠬᠤᠯᠠ ᠳᠡᠭᠡᠳᠦ ᠲᠤᠰᠢᠶᠠᠯᠲᠠᠨ᠎ᠢ ᠳᠠᠭ᠋ᠠᠭᠤᠯᠤᠨ ᠨᠢᠰᠬᠡᠯ᠎ᠤᠨ ᠪᠠᠭᠤᠳᠠᠯ᠎ᠳᠤ ᠬᠦᠷᠴᠦ ᠤᠭᠲᠤᠪᠠ᠂ ᠢᠯᠠᠩᠭᠤᠶ᠎ᠠ ᠰᠠᠶᠢᠬᠠᠨ ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠳᠠᠭᠤᠯᠵᠤ ᠨᠠᠳᠠ ᠵᠢ ᠤᠭᠲᠤᠭᠰᠠᠨ᠎ᠨᠢ ᠨᠠᠳᠠ ᠵᠢ ᠶᠡᠬᠡᠳᠡ ᠳᠣᠭᠳᠣᠯᠤᠭᠤᠯᠵᠤ᠂ ᠰᠧᠷᠪᠢᠶ᠎ᠠ ᠵᠢᠨ ᠠᠷᠠᠳ ᠲᠦᠮᠡᠨ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠰᠠᠶ᠋ᠢᠨ ᠨᠠᠶ᠋ᠢᠵᠠ᠂ ᠳᠤᠮᠳᠠᠳᠤ ᠤᠯᠤᠰ᠎ᠲᠤ ᠦᠨᠡᠨᠴᠢ ᠨᠥᠭᠦᠷᠰᠡᠭ ᠬᠠᠶ᠋ᠢᠷ᠎ᠠ ᠰᠡᠳᠬᠢᠯᠭᠡ᠎ᠲᠠᠢ ᠭᠡᠳᠡᠭ᠎ᠢ ᠭᠦᠨᠵᠡᠭᠡᠢ ᠮᠡᠳᠡᠷᠡᠭᠦᠯᠵᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠳᠤᠮᠳᠠᠳᠤ ᠰᠧᠷᠪᠢᠶ᠎ᠠ ᠵᠢᠨ ᠦᠨᠡᠨᠴᠢ ᠨᠥᠬᠦᠷᠯᠡᠯ ᠳᠡᠯᠡᠬᠡᠢ ᠵᠢᠨ ᠤᠷᠪᠠᠭ᠋ᠠᠨ ᠬᠥᠷᠪᠡᠭᠡᠨ᠎ᠲᠠᠢ ᠪᠠᠶ᠋ᠢᠳᠠᠯ᠎ᠤᠨ ᠰᠢᠯᠭ᠋ᠠᠯᠲᠠ ᠵᠢ ᠲᠤᠭᠤᠯᠵᠥ᠂ ᠭᠦᠨ ᠵᠤᠵᠠᠭ᠋ᠠᠨ ᠲᠡᠦᠬᠡ ᠵᠢᠨ ᠠᠭᠤᠯᠤᠭᠳᠠᠬᠤᠨ᠂ ᠪᠠᠲᠤ ᠪᠠᠬᠢ ᠤᠯᠤᠰ ᠲᠦᠷᠦ ᠵᠢᠨ ᠰᠠᠭᠤᠷᠢ᠂ ᠥᠷᠭᠡᠨ ᠳᠡᠯᠭᠡᠷ ᠬᠠᠮᠲᠤ ᠵᠢᠨ ᠠᠰᠢᠭ ᠲᠤᠰᠠ᠂ ᠯᠠᠪᠳᠠᠭᠤᠨ ᠪᠠᠲᠤᠲᠠᠢ ᠠᠷᠠᠳ᠎ᠤᠨ ᠰᠠᠨᠠᠭ᠋ᠠᠨ᠎ᠤ ᠰᠠᠭᠤᠷᠢ᠎ᠲᠠᠢ ᠶᠤᠮ᠃ ᠣᠶ᠋ᠢᠷ᠎ᠠ ᠵᠢᠨ ᠵᠢᠯ᠎ᠠᠴᠠ᠂ ᠪᠢ ᠶᠡᠷᠦᠩᠬᠡᠶ᠋ᠢᠯᠡᠭᠴᠢ ᠠᠪᠤᠭ᠋ᠠᠢ᠎ᠲᠠᠢ ᠬᠠᠮᠲᠤ᠎ᠪᠠᠷ ᠬᠤᠶᠠᠷ ᠤᠯᠤᠰ᠎ᠤᠨ ᠬᠠᠷᠢᠯᠴᠠᠭ᠎ᠠ ᠵᠢ ᠬᠥᠲᠥᠯᠥᠨ ᠳᠠᠭ᠋ᠠᠭᠤᠯᠵᠤ ᠲᠠᠪᠠᠯᠳᠠᠳᠤ ᠴᠢᠨᠠᠷᠲᠠᠢ ᠬᠥᠭᠵᠢᠯᠲᠡ ᠵᠢ ᠪᠡᠶᠡᠯᠡᠭᠦᠯᠵᠦ᠂ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠪᠠ᠃ ᠢᠯᠠᠩᠭᠤᠶ᠎ᠠ 2016 ᠣᠨ᠎ᠳᠤ ᠳᠤᠮᠳᠠᠳᠤ ᠰᠧᠷᠪᠢᠶ᠎ᠠ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠪᠠᠶ᠋ᠢᠭᠤᠯᠤᠭᠰᠠᠨ᠎ᠠᠴᠠ ᠨᠠᠭ᠋ᠠᠰᠢ᠂ ᠬᠤᠶᠠᠷ ᠲᠠᠯ᠎ᠠ ᠵᠢᠨ ᠬᠠᠷᠢᠯᠴᠠᠭ᠋ᠠᠨ᠎ᠤ ᠠᠭᠤᠯᠤᠭᠳᠠᠬᠤᠨ ᠨᠡᠩ ᠪᠠᠶᠠᠯᠢᠭᠵᠢᠵᠤ᠂ ᠠᠭᠤᠯᠬᠤᠨ ᠦᠷᠭᠦᠯᠵᠢᠯᠡᠨ ᠥᠷᠭᠡᠵᠢᠵᠦ᠂ ᠨᠢᠭᠡᠨᠲᠡ ᠳᠤᠮᠳᠠᠳᠤ ᠤᠯᠤᠰ ᠪᠣᠯᠣᠨ ᠡᠸᠦ᠋ᠷᠦᠫᠡ ᠲᠢᠪ᠎ᠤᠨ ᠤᠯᠤᠰ᠎ᠤᠳ᠎ᠤᠨ ᠬᠤᠭᠤᠷᠣᠨᠳᠣᠭᠢ ᠨᠥᠭᠦᠷᠰᠡᠭ ᠬᠠᠷᠢᠯᠴᠠᠭ᠋ᠠᠨ᠎ᠤ ᠬᠡᠪ ᠳᠠᠭᠤᠷᠢᠶᠠᠯ ᠪᠣᠯᠵᠠᠢ᠃ ᠬᠢᠬᠦ᠎ᠨᠢ ᠬᠡᠯᠡᠬᠦ᠎ᠠᠴᠠ ᠳᠡᠭᠡᠷ᠎ᠡ ᠭᠡᠳᠡᠭ᠃ ᠳᠤᠮᠳᠠᠳᠤ ᠤᠯᠤᠰ ᠳᠤᠷᠠᠲᠠᠶ᠎ᠠ ᠰᠧᠷᠪᠢᠶ᠎ᠠ ᠵᠢᠨ ᠲᠠᠯ᠎ᠠ᠎ᠯᠤᠭ᠎ᠠ ᠬᠠᠮᠲᠤ᠎ᠪᠠᠷ᠂ ᠦᠷᠭᠦᠯᠵᠢᠯᠡᠨ ᠬᠠᠲᠠᠭᠤ ᠪᠡᠷᠬᠡᠰᠢᠶᠡᠯ᠎ᠢ ᠬᠠᠮᠲᠤ᠎ᠪᠠᠷ ᠳᠤᠭᠤᠯᠵᠤ᠂ ᠬᠤᠪᠢ ᠵᠠᠶᠠᠭ᠎ᠠ᠎ᠪᠠᠨ ᠬᠠᠮᠲᠤᠳᠬᠠᠨ᠂ ᠦᠨᠡᠨᠴᠢ ᠨᠥᠬᠦᠷᠯᠡᠯ᠎ᠤᠨ ᠵᠣᠷᠢᠭ ᠰᠠᠨᠠᠭ᠎ᠠ ᠵᠢ ᠪᠠᠷᠢᠮᠲᠠᠯᠠᠵᠤ᠂ ᠳᠤᠮᠳᠠᠳᠤ ᠰᠧᠷᠪᠢᠶ᠎ᠠ ᠵᠢᠨ ᠨᠥᠬᠦᠷᠯᠡᠯ᠎ᠢ ᠪᠠᠷᠢᠮᠲᠠᠯᠠᠨ ᠬᠥᠭᠵᠢᠭᠦᠯᠵᠦ᠂ ᠬᠤᠶᠠᠷ ᠤᠯᠤᠰ᠎ᠤᠨ ᠦᠨᠳᠦᠰᠦᠨ ᠪᠠ ᠠᠯᠤᠰ ᠭᠡᠲᠦ ᠵᠢᠨ ᠠᠰᠢᠭ ᠲᠤᠰᠠ ᠵᠢ ᠬᠠᠮᠲᠤ᠎ᠪᠠᠷ ᠬᠠᠮᠠᠭ᠋ᠠᠯᠠᠨ᠂ ᠲᠣᠰ ᠲᠣᠰ᠎ᠤᠨ ᠤᠯᠤᠰ᠎ᠤᠨ ᠵᠶ᠋ᠠᠨ ᠬᠥᠭᠵᠢᠯᠲᠡ ᠪᠠ ᠦᠨᠳᠦᠰᠦᠲᠡᠨ᠎ᠤ ᠬᠥᠭᠵᠢᠯ ᠮᠠᠨᠳᠤᠯ᠎ᠢ ᠮᠥᠷᠥ ᠵᠡᠷᠭᠡᠴᠡᠨ ᠡᠷᠢᠯᠬᠢᠯᠡᠵᠦ᠂ ᠭᠠᠷ ᠬᠤᠯᠪᠣᠨ ᠰᠢᠨ᠎ᠡ ᠴᠠᠭ ᠦᠶ᠎ᠡ ᠵᠢᠨ ᠳᠤᠮᠳᠠᠳᠤ ᠰᠧᠷᠪᠢᠶ᠎ᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠤᠨ᠎ᠠ ᠭᠡᠵᠦ ᠴᠢᠬᠤᠯᠠᠴᠢᠯᠠᠪᠠ᠃
      ᠰᠢ ᠵᠢᠨ ᠫᠢᠩ᠂ ᠰᠧᠷᠪᠢᠶ᠎ᠠ ᠪᠣᠯ ᠳᠤᠮᠳᠠᠳᠤ ᠤᠯᠤᠰ᠎ᠤᠨ ᠳᠤᠮᠳᠠ ᠵᠡᠭᠦᠨ ᠡᠸᠦ᠋ᠷᠦᠫᠡ ᠵᠢᠨ ᠭᠠᠵᠠᠷ ᠣᠷᠣᠨ᠎ᠳᠠᠬᠢ ᠠᠩᠬᠠᠳᠠᠭᠴᠢ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ ᠮᠥᠨ᠃ ᠬᠤᠶᠠᠷ ᠲᠠᠯ᠎ᠠ ᠵᠢᠨ ᠬᠠᠮᠲᠤᠷᠠᠯᠴᠠᠭ᠎ᠠ᠎ᠨᠢ ᠲᠤᠰ ᠲᠤᠰ᠎ᠤᠨ ᠬᠥᠭᠵᠢᠯ ᠮᠠᠨᠳᠤᠯ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠬᠤᠶᠠᠷ ᠤᠯᠤᠰ᠎ᠤᠨ ᠠᠷᠠᠳ ᠲᠦᠮᠡᠨ᠎ᠳᠤ ᠦᠨᠡᠨ ᠪᠣᠳᠠᠲᠠᠢ ᠠᠰᠢᠭ ᠬᠦᠷᠲᠡᠭᠡᠪᠡ᠃ ᠰᠢᠨ᠎ᠡ ᠪᠠᠶ᠋ᠢᠳᠠᠯ ᠳᠣᠣᠷ᠎ᠠ᠂ ᠰᠧᠷᠪᠢᠶ᠎ᠠ᠎ᠨᠢ ᠳᠤᠮᠳᠠᠳᠤ ᠤᠯᠤᠰ᠎ᠯᠤᠭ᠎ᠠ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠬᠠᠮᠲᠤ᠎ᠪᠠᠷ ᠪᠠᠶ᠋ᠢᠭᠤᠯᠤᠭᠰᠠᠨ ᠠᠩᠬᠠᠳᠠᠭᠴᠢ ᠡᠸᠦ᠋ᠷᠦᠫᠡ ᠲᠢᠪ᠎ᠤᠨ ᠤᠯᠤᠰ ᠪᠣᠯᠵᠤ᠂ ᠳᠤᠮᠳᠠᠳᠤ ᠰᠧᠷᠪᠢᠶ᠎ᠠ ᠵᠢᠨ ᠬᠠᠷᠢᠯᠴᠠᠭ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷ᠂ ᠣᠨᠴᠠᠭ᠋ᠠᠢ ᠴᠢᠨᠠᠷ ᠪᠣᠯᠣᠨ ᠥᠨᠳᠥᠷ ᠲᠦᠪᠰᠢᠨ᠎ᠢ ᠭᠦᠢ᠍ᠴᠡᠳ ᠢᠯᠡᠷᠡᠭᠦᠯᠪᠡ᠃ ᠰᠢᠨ᠎ᠡ ᠴᠠᠭ ᠦᠶ᠎ᠡ ᠵᠢᠨ ᠳᠤᠮᠳᠠᠳᠤ ᠰᠧᠷᠪᠢᠶ᠎ᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠪᠣᠯ ᠳᠤᠮᠳᠠᠳᠤ ᠰᠧᠷᠪᠢᠶ᠎ᠠ ᠵᠢᠨ ᠦᠨᠡᠨᠴᠢ ᠨᠥᠬᠦᠷᠯᠡᠯ᠎ᠤᠨ ᠳᠡᠭᠡᠭᠰᠢᠯᠡᠯᠲᠡ ᠮᠥᠨ᠂ ᠪᠠᠰᠠ ᠬᠤᠶᠠᠷ ᠲᠠᠯ᠎ᠠ ᠵᠢᠨ ᠬᠠᠮᠲᠤ ᠵᠢᠨ ᠦᠷᠳᠡᠭ᠎ᠤᠨ ᠣᠶ᠋ᠢᠯᠠᠭ᠋ᠠᠭᠳᠠᠬᠤᠨ ᠪᠣᠯᠣᠨ ᠬᠠᠷᠠᠯᠲᠠ ᠬᠥᠭᠡᠭᠡᠴᠡᠯᠳᠦᠯ᠎ᠢ ᠲᠥᠯᠥᠭᠡᠯᠡᠵᠦ ᠪᠠᠶ᠋ᠢᠨ᠎ᠠ᠂ ᠲᠤᠬᠠᠶ᠋ᠢᠯᠠᠪᠠᠯ ᠬᠥᠭᠵᠢᠯᠲᠡ ᠵᠢ ᠬᠠᠮᠲᠤ᠎ᠪᠠᠷ ᠡᠷᠢᠯᠬᠢᠯᠡᠬᠦ᠂ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ ᠭᠦᠷᠳᠡᠭᠦ᠂ ᠬᠠᠷᠢᠯᠴᠠᠨ ᠠᠮᠵᠢᠯᠲᠠ ᠪᠦᠲᠦᠮᠵᠢ ᠣᠯᠬᠤ ᠪᠣᠯᠣᠨ᠎ᠠ᠂ ᠡᠨᠡ ᠪᠣᠯ ᠳᠤᠮᠳᠠᠳᠤ ᠰᠧᠷᠪᠢᠶ᠎ᠠ ᠵᠢᠨ ᠬᠤᠶᠠᠷ ᠤᠯᠤᠰ ᠵᠢᠴᠢ ᠳᠡᠯᠡᠬᠡᠢ ᠳᠡᠭᠡᠷᠡᠬᠢ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ ᠵᠢ ᠪᠠᠷᠢᠮᠲᠠᠯᠠᠵᠤ᠂ ᠡᠩᠬᠡ ᠲᠠᠶ᠋ᠢᠪᠤᠩ ᠪᠠ ᠬᠥᠭᠵᠢᠯᠲᠡ ᠵᠢ ᠡᠷᠢᠯᠬᠢᠯᠡᠬᠦ ᠤᠯᠤᠰ ᠪᠦᠭᠦᠨ᠎ᠤ ᠬᠠᠮᠲᠤ ᠵᠢᠨ ᠬᠦᠰᠡᠯ ᠡᠷᠡᠮᠡᠯᠵᠡᠯ ᠪᠣᠯᠣᠨ᠎ᠠ᠃ ᠬᠤᠶᠠᠷ ᠲᠠᠯ᠎ᠠ᠎ᠪᠠᠷ ᠵᠶ᠋ᠠᠨ ᠰᠢᠨ᠎ᠡ ᠴᠠᠭ ᠦᠶ᠎ᠡ ᠵᠢᠨ ᠳᠤᠮᠳᠠᠳᠤ ᠰᠧᠷᠪᠢᠶ᠎ᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠪᠠᠷ ᠳᠠᠮᠵᠢᠭᠤᠯᠵᠤ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠪᠠ ᠳᠤᠮᠳᠠᠳᠤ ᠤᠯᠤᠰ - ᠳᠤᠮᠳᠠ ᠵᠡᠭᠦᠨ ᠡᠸᠦ᠋ᠷᠦᠫᠡ ᠵᠢᠨ ᠤᠯᠤᠰ᠎ᠤᠳ᠎ᠤᠨ ᠬᠠᠮᠲᠤᠷᠠᠯᠴᠠᠭ᠎ᠠ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠦᠨ ᠥᠷᠭᠡᠳᠬᠡᠵᠦ᠂ ᠬᠤᠶᠠᠷ ᠤᠯᠤᠰ᠎ᠤᠨ ᠲᠣᠰ ᠲᠣᠰ᠎ᠤᠨ ᠣᠳᠣᠬᠢᠴᠢᠯᠠᠯᠲᠠ ᠵᠢᠨ ᠠᠬᠢᠴᠠ᠎ᠳᠤ ᠬᠦᠴᠦᠨ ᠨᠡᠮᠡᠷᠢᠯᠡᠶ᠎ᠡ᠃
      ᠨᠢᠭᠡᠳᠦᠭᠡᠷ᠎ᠲᠤ᠂ ᠬᠤᠶᠠᠷ ᠤᠯᠤᠰ᠎ᠤᠨ ᠬᠠᠷᠢᠯᠴᠠᠭ᠋ᠠᠨ᠎ᠤ ᠪᠠᠶ᠋ᠢᠯᠳᠤᠬᠤ ᠪᠣᠳᠣᠯᠭ᠎ᠠ ᠵᠢᠨ ᠴᠢᠨᠠᠷ᠎ᠢ ᠲᠤᠪᠤᠶ᠋ᠢᠯᠭ᠋ᠠᠵᠥ᠂ ᠬᠤᠶᠠᠷ ᠲᠠᠯ᠎ᠠ ᠵᠢᠨ ᠬᠠᠷᠢᠯᠴᠠᠭ᠋ᠠᠨ᠎ᠤ ᠶᠡᠭᠡ ᠴᠢᠭᠯᠡᠯ᠎ᠢ ᠡᠵᠡᠮᠳᠡᠶ᠎ᠡ᠃ ᠳᠤᠮᠳᠠᠳᠤ ᠤᠯᠤᠰ ᠰᠧᠷᠪᠢᠶ᠎ᠠ ᠵᠢᠨ᠎ᠬᠢᠨ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ ᠵᠢ ᠪᠠᠷᠢᠮᠲᠠᠯᠠᠵᠤ᠂ ᠲᠤᠰ ᠤᠯᠤᠰ᠎ᠤᠨ ᠵᠶ᠋ᠠᠨ ᠪᠠᠶ᠋ᠢᠳᠠᠯ᠎ᠳᠤ ᠲᠣᠬᠢᠷᠠᠭᠰᠠᠨ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠲᠡᠮᠵᠢᠵᠥ᠂ ᠰᠧᠷᠪᠢᠶ᠎ᠠ ᠵᠢᠨ ᠤᠯᠤᠰ᠎ᠤᠨ ᠵᠶ᠋ᠠᠨ ᠡᠷᠬᠡ ᠮᠡᠳᠡᠯ ᠪᠣᠯᠣᠨ ᠨᠤᠲᠤᠭ ᠳᠡᠪᠢᠰᠬᠡᠷ᠎ᠤᠨ ᠪᠦᠷᠢᠨ ᠪᠦᠲᠦᠨ ᠪᠠᠶ᠋ᠢᠬᠤ ᠵᠢ ᠬᠠᠮᠠᠭ᠋ᠠᠯᠠᠬᠤ ᠴᠢᠷᠮᠠᠶ᠋ᠢᠯᠭ᠎ᠠ ᠵᠢ ᠲᠡᠮᠵᠢᠨ᠎ᠡ᠃ ᠬᠤᠶᠠᠷ ᠲᠠᠯ᠎ᠠ᠎ᠪᠠᠷ ᠵᠶ᠋ᠠᠨ ᠦᠷᠭᠦᠯᠵᠢᠯᠡᠨ ᠡᠷᠡᠰ ᠳᠡᠮᠵᠢᠯᠴᠡᠵᠦ᠂ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠲᠣᠰ ᠲᠣᠰ᠎ᠤᠨ ᠤᠯᠤᠰ ᠲᠥᠷᠥ ᠵᠢᠨ ᠠᠮᠤᠷ ᠲᠦᠪᠰᠢᠨ ᠪᠣᠯᠣᠨ ᠦᠨᠳᠦᠰᠦᠨ ᠠᠰᠢᠭ ᠲᠤᠰᠠ᠎ᠪᠠᠨ ᠰᠠᠶ᠋ᠢᠲᠤᠷ ᠬᠠᠮᠠᠭ᠋ᠠᠯᠠᠶ᠎ᠠ᠃
      ᠬᠤᠶᠠᠳᠤᠭ᠋ᠠᠷ᠎ᠲᠤ᠂ ᠬᠤᠶᠠᠷ ᠤᠯᠤᠰ᠎ᠤᠨ ᠬᠠᠮᠲᠤᠷᠠᠯᠴᠠᠭ᠋ᠠᠨ᠎ᠤ ᠪᠣᠳᠠᠲᠠᠢ ᠵᠢ ᠡᠷᠭᠢᠮᠯᠡᠭᠦ ᠴᠢᠨᠠᠷ᠎ᠢ ᠪᠠᠷᠢᠮᠲᠠᠯᠠᠵᠤ᠂ ᠬᠤᠶᠠᠷ ᠤᠯᠤᠰ᠎ᠤᠨ ᠠᠷᠠᠳ ᠲᠦᠮᠡᠨ᠎ᠳᠤ ᠪᠤᠶᠠᠨ ᠵᠢᠷᠭ᠋ᠠᠯ ᠬᠦᠷᠲᠡᠭᠡᠶ᠎ᠡ᠃ ᠳᠤᠮᠳᠠᠳᠤ ᠰᠧᠷᠪᠢᠶ᠎ᠠ ᠵᠢᠨ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠶ᠋ᠢᠲᠠᠢ ᠪᠦᠲᠦᠭᠡᠨ ᠪᠠᠶ᠋ᠢᠭᠤᠯᠬᠤ ᠬᠠᠮᠲᠤᠷᠠᠯᠴᠠᠭ᠎ᠠ ᠪᠠᠶᠠᠷᠯᠠᠭᠤᠰᠢᠲᠠᠢ ᠦᠷ᠎ᠡ ᠪᠦᠲᠦᠮᠵᠢ ᠣᠯᠪᠠ᠃ ᠬᠤᠶᠠᠷ ᠲᠠᠯ᠎ᠠ᠎ᠪᠠᠷ ᠵᠶ᠋ᠠᠨ ᠵᠠᠮ ᠬᠠᠷᠢᠯᠴᠠᠭ᠎ᠠ ᠪᠣᠯᠣᠨ ᠡᠨᠧᠷᠭᠢ ᠵᠢᠨ ᠰᠠᠭᠤᠷᠢ ᠲᠥᠬᠦᠭᠡᠷᠦᠮᠵᠢ ᠵᠡᠷᠭᠡ ᠤᠯᠠᠮᠵᠢᠯᠠᠯᠲᠤ ᠬᠦᠷᠢᠶᠡᠨ᠎ᠤ ᠬᠠᠮᠲᠤᠷᠠᠯᠴᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠬᠠᠩᠭ᠋ᠠᠷᠢ ᠰᠧᠷᠪᠢᠶ᠎ᠠ ᠵᠢᠨ ᠲᠡᠮᠦᠷ ᠵᠠᠮ᠎ᠤᠨ ᠰᠧᠷᠪᠢᠶ᠎ᠠ ᠵᠢᠨ ᠬᠡᠰᠡᠭ᠎ᠤᠨ ᠪᠦᠭᠦ ᠱᠤᠭᠤᠮ ᠵᠶ᠋ᠠᠷ ᠲᠡᠷᠭᠡ ᠨᠡᠪᠲᠡᠷᠡᠬᠦ ᠬᠠᠷᠠᠯᠲᠠ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠵᠦ᠂ ᠬᠤᠶᠠᠷ ᠤᠯᠤᠰ᠎ᠤᠨ ᠬᠠᠮᠲᠤᠷᠠᠯᠴᠠᠭ᠋ᠠᠨ᠎ᠤ ᠶᠡᠭᠡ ᠲᠦᠷᠦᠯ ᠵᠦᠢ᠍ᠯ᠎ᠢ ᠬᠠᠮᠲᠤ᠎ᠪᠠᠷ ᠰᠠᠶ᠋ᠢᠲᠤᠷ ᠡᠵᠡᠩᠨᠡᠵᠦ᠂ 《ᠪᠠᠭ᠎ᠠ ᠠᠳᠠᠯ᠎ᠠ ᠭᠤᠶᠤ》 ᠠᠷᠠᠳ᠎ᠤᠨ ᠠᠮᠢᠳᠤᠷᠠᠯ᠎ᠤᠨ ᠨᠡᠩ ᠤᠯᠠᠨ ᠲᠦᠷᠦᠯ ᠵᠦᠢ᠍ᠯ᠎ᠢ ᠴᠣᠭᠴᠠᠯᠠᠵᠤ᠂ ᠢᠳᠡᠪᠬᠢᠲᠡᠢ ᠠᠵᠤ ᠠᠬᠤᠢ ᠨᠡᠶ᠋ᠢᠭᠡᠮ᠎ᠤᠨ ᠦᠷ᠎ᠡ ᠠᠰᠢᠭ᠎ᠢ ᠦᠷᠭᠦᠯᠵᠢᠯᠡᠨ ᠪᠠᠳᠠᠷᠠᠭᠤᠯᠤᠶ᠎ᠠ᠃ ᠳᠤᠮᠳᠠᠳᠤ ᠰᠧᠷᠪᠢᠶ᠎ᠠ ᠵᠢᠨ ᠴᠢᠯᠦᠭᠡᠲᠦ ᠠᠷᠠᠯᠵᠢᠶᠠᠨ᠎ᠤ ᠵᠥᠪᠳᠡᠯᠴᠡᠭᠡᠷ ᠡᠨᠡ ᠵᠢᠯ᠎ᠤᠨ 7 ᠰᠠᠷ᠎ᠠ ᠵᠢᠨ 1 ᠎ᠤ ᠡᠳᠦᠷ ᠬᠦᠴᠦᠨ᠎ᠲᠠᠢ ᠪᠣᠯᠣᠨ᠎ᠠ᠂ ᠳᠤᠮᠳᠠᠳᠤ ᠰᠧᠷᠪᠢᠶ᠎ᠠ ᠵᠢᠨ ᠥᠨᠳᠥᠷ ᠲᠦᠪᠰᠢᠨ ᠪᠦᠬᠦᠢ ᠬᠠᠷᠢᠯᠴᠠᠨ ᠨᠡᠭᠡᠭᠡᠯᠲᠡ ᠬᠢᠬᠦ᠎ᠨᠢ ᠯᠠᠪᠲᠠᠢ ᠰᠢᠨ᠎ᠡ ᠱᠠᠲᠤᠨ᠎ᠳᠤ ᠣᠷᠣᠬᠤ ᠪᠣᠯᠣᠨ᠎ᠠ᠃ ᠳᠤᠮᠳᠠᠳᠤ ᠤᠯᠤᠰ᠎ᠤᠨ᠎ᠬᠢᠨ ᠰᠧᠷᠪᠢᠶ᠎ᠠ ᠵᠢᠨ  ᠥᠪᠡᠷᠮᠢᠴᠡ ᠣᠨᠴᠠᠯᠢᠭᠲᠤ ᠴᠢᠨᠠᠷ ᠰᠠᠶ᠋ᠢᠲᠠᠢ ᠲᠠᠷᠢᠶᠠᠯᠠᠩ᠎ᠤᠨ ᠪᠦᠲᠦᠭᠡᠭᠳᠡᠬᠦᠨ᠎ᠢ ᠣᠷᠣᠭᠤᠯᠬᠤ᠎ᠪᠠᠨ ᠦᠷᠭᠦᠯᠵᠢᠯᠡᠨ ᠥᠷᠭᠡᠳᠬᠡᠵᠦ᠂ ᠳᠤᠷᠠᠲᠠᠶ᠎ᠠ ᠢᠷᠡᠬᠦ 3 ᠵᠢᠯ᠎ᠳᠤ ᠰᠧᠷᠪᠢᠶ᠎ᠠ ᠵᠢᠨ 300 ᠵᠠᠯᠠᠭᠤᠴᠤᠳ ᠪᠠᠭ᠋ᠠᠴᠤᠳ᠎ᠢ ᠳᠤᠮᠳᠠᠳᠤ ᠤᠯᠤᠰ᠎ᠲᠤ ᠤᠷᠢᠵᠤ ᠰᠤᠷᠤᠯᠴᠠᠭᠤᠯᠤᠨ ᠰᠣᠯᠢᠯᠴᠠᠭᠤᠯᠤᠨ᠎ᠠ᠃ ᠰᠧᠷᠪᠢᠶ᠎ᠠ ᠵᠢᠨ᠎ᠬᠢᠨ ᠪᠧᠯᠭᠷᠠᠳ᠋᠎ᠠᠴᠠ ᠱᠠᠩᠬᠠᠢ᠎ᠳᠤ ᠰᠢᠭᠤᠳ ᠬᠦᠷᠬᠦ ᠠᠶᠠᠯᠠᠯ᠎ᠤᠨ ᠱᠤᠭᠤᠮ᠎ᠢ ᠨᠡᠮᠡᠨ ᠲᠣᠬᠢᠷᠠᠭᠤᠯᠵᠤ᠂ ᠰᠣᠶᠣᠯ ᠢᠷᠭᠡᠨᠰᠢᠯ᠎ᠤᠨ ᠰᠣᠯᠢᠯᠴᠠᠭ᠎ᠠ᠎ᠪᠠᠨ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠪᠠᠶᠠᠷᠯᠠᠨ ᠤᠭᠲᠤᠵᠤ ᠪᠠᠶ᠋ᠢᠨ᠎ᠠ᠃
      ᠭᠤᠷᠪᠠᠳᠤᠭ᠋ᠠᠷ᠎ᠲᠤ᠂ ᠬᠤᠶᠠᠷ ᠤᠯᠤᠰ᠎ᠤᠨ ᠬᠠᠷᠢᠯᠴᠠᠭ᠋ᠠᠨ᠎ᠤ ᠰᠢᠨ᠎ᠡ ᠵᠢ ᠡᠭᠦᠳᠬᠦ ᠴᠢᠨᠠᠷ᠎ᠢ ᠪᠠᠳᠠᠷᠠᠭᠤᠯᠵᠤ᠂ ᠰᠢᠨ᠎ᠡ ᠬᠠᠮᠲᠤᠷᠠᠯᠴᠠᠭ᠋ᠠᠨ᠎ᠤ ᠢᠷᠡᠭᠡᠳᠦᠢ ᠵᠢ ᠨᠡᠭᠡᠭᠡᠵᠦ᠂ ᠰᠢᠨ᠎ᠡ ᠵᠢ ᠡᠭᠦᠳᠬᠦ ᠬᠠᠮᠲᠤᠷᠠᠯᠴᠠᠭ᠎ᠠ ᠵᠢ ᠬᠤᠶᠠᠷ ᠲᠠᠯ᠎ᠠ ᠵᠢᠨ ᠬᠠᠷᠢᠯᠴᠠᠭ᠋ᠠᠨ᠎ᠤ ᠰᠢᠨ᠎ᠡ ᠨᠡᠮᠡᠭᠳᠡᠯ᠎ᠤᠨ ᠴᠡᠭ ᠪᠣᠯᠭ᠋ᠠᠶ᠎ᠠ᠃ ᠳᠤᠮᠳᠠᠳᠤ ᠤᠯᠤᠰ ᠢᠷᠡᠭᠡᠳᠦᠢ ᠵᠢᠨ 3 ᠵᠢᠯ᠎ᠳᠤ ᠰᠧᠷᠪᠢᠶ᠎ᠠ ᠵᠢᠨ 50 ᠵᠠᠯᠠᠭᠤ ᠰᠢᠨᠵᠢᠯᠡᠬᠦ ᠤᠬᠠᠭ᠋ᠠᠨᠲᠠᠨ᠎ᠤ ᠳᠤᠮᠳᠠᠳᠤ ᠤᠯᠤᠰ᠎ᠲᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠣᠯᠢᠯᠴᠠᠭ᠎ᠠ ᠠᠶ᠋ᠢᠯᠴᠢᠯᠠᠯᠲᠠ ᠬᠢᠬᠦ ᠵᠢ ᠳᠡᠮᠵᠢᠨ᠎ᠠ᠂ ᠳᠤᠷᠠᠲᠠᠶ᠎ᠠ ᠰᠧᠷᠪᠢᠶ᠎ᠠ ᠵᠢᠨ᠎ᠬᠢᠨ᠎ᠲᠠᠢ ᠵᠣᠬᠢᠶᠠᠮᠠᠯ ᠤᠶᠤᠨ ᠴᠢᠳᠠᠪᠤᠷᠢ ᠵᠢᠨ ᠬᠦᠷᠢᠶᠡᠨ᠎ᠳᠠᠬᠢ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠪᠦᠭᠦ ᠬᠥᠮᠥᠨ ᠲᠥᠷᠥᠯᠬᠢᠲᠡᠨ᠎ᠤ ᠵᠣᠬᠢᠶᠠᠮᠠᠯ ᠤᠶᠤᠨ ᠴᠢᠳᠠᠪᠤᠷᠢ ᠵᠢ ᠵᠦᠢ ᠵᠣᠬᠢᠰᠲᠠᠢ ᠬᠥᠭᠵᠢᠭᠦᠯᠬᠦ ᠪᠠ ᠬᠡᠷᠡᠭᠯᠡᠬᠦ ᠵᠢ ᠠᠬᠢᠭᠤᠯᠤᠨ᠎ᠠ᠃ ᠡᠵᠡᠷᠬᠡᠬᠦ ᠦᠵᠡᠯ ᠪᠠ ᠬᠦᠴᠦᠷᠬᠡᠭᠯᠡᠯ᠎ᠤᠨ ᠤᠯᠤᠰ ᠲᠦᠷᠦ ᠵᠢ ᠬᠠᠮᠲᠤ᠎ᠪᠠᠷ ᠡᠰᠡᠷᠭᠦᠴᠡᠵᠦ᠂ ᠪᠦᠯᠦᠭᠯᠡᠯ᠎ᠤᠨ ᠤᠯᠤᠰ ᠲᠦᠷᠦ ᠪᠠ ᠯᠡᠭᠧᠷ᠎ᠤᠨ ᠡᠰᠡᠷᠭᠦᠴᠡᠯᠳᠦᠯ᠎ᠢ ᠬᠠᠮᠲᠤ᠎ᠪᠠᠷ ᠡᠰᠡᠷᠭᠦᠴᠡᠵᠦ᠂ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠦᠨᠳᠦᠰᠦᠨ ᠳᠦᠷᠢᠮ᠎ᠤᠨ ᠵᠣᠷᠢᠯᠲᠠ ᠪᠠ ᠵᠠᠷᠴᠢᠮ᠎ᠢ ᠬᠠᠮᠠᠭ᠋ᠠᠯᠠᠵᠤ᠂ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ᠂ ᠤᠯᠠᠨ ᠤᠯᠤᠰ᠎ᠤᠨ ᠲᠥᠪ ᠭᠤᠣᠯᠴᠢ ᠰᠢᠳᠤᠷᠭᠤ ᠶᠣᠰᠣ ᠵᠢ ᠠᠬᠢᠭᠤᠯᠤᠶ᠎ᠠ ᠭᠡᠵᠦ ᠴᠢᠬᠤᠯᠠᠴᠢᠯᠠᠪᠠ᠃
      ᠦᠴᠢᠴᠢ ᠲᠡᠷᠢᠭᠦᠯᠡᠭᠴᠢ ᠰᠢ ᠵᠢᠨ ᠫᠢᠩ᠎ᠢ ᠬᠠᠯᠠᠭᠤᠨ ᠵᠶ᠋ᠠᠷ ᠤᠭᠲᠤᠵᠤ ᠪᠠᠶ᠋ᠢᠬᠤ᠎ᠪᠠᠨ ᠢᠯᠡᠳᠬᠡᠵᠦ᠂ ᠳᠤᠮᠳᠠᠳᠤ ᠤᠯᠤᠰ ᠪᠣᠯ ᠰᠧᠷᠪᠢᠶ᠎ᠠ ᠵᠢᠨ ᠬᠠᠮᠤᠭ᠎ᠤᠨ ᠴᠢᠩ ᠦᠨᠡᠨᠴᠢ ᠨᠠᠶ᠋ᠢᠵᠠ ᠮᠥᠨ᠃ ᠰᠧᠷᠪᠢᠶ᠎ᠠ ᠪᠣᠯ ᠵᠢᠵᠢᠭ ᠤᠯᠤᠰ ᠶᠤᠮ᠂ ᠭᠡᠪᠡᠴᠦ ᠳᠤᠮᠳᠠᠳᠤ ᠤᠯᠤᠰ ᠰᠧᠷᠪᠢᠶ᠎ᠠ ᠵᠢᠨ ᠡᠷᠬᠡ ᠮᠡᠳᠡᠯ ᠪᠣᠯᠣᠨ ᠨᠤᠲᠤᠭ ᠳᠡᠪᠢᠰᠬᠡᠷ᠎ᠤᠨ ᠪᠦᠷᠢᠨ ᠪᠦᠲᠦᠨ ᠪᠠᠶ᠋ᠢᠬᠤ ᠵᠢ ᠢᠮᠠᠭᠲᠠ ᠭᠦᠢ᠍ᠴᠡᠳ ᠭᠦᠨᠳᠦᠳᠭᠡᠵᠦ᠂ ᠰᠧᠷᠪᠢᠶ᠎ᠠ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠡᠷᠬᠢᠮ ᠨᠠᠨᠳᠢᠨ ᠳᠡᠮᠵᠢᠯᠭᠡ ᠬᠠᠩᠭ᠋ᠠᠵᠠᠢ᠃ ᠲᠡᠷᠢᠭᠦᠯᠡᠭᠴᠢ ᠰᠢ ᠵᠢᠨ ᠫᠢᠩ ᠪᠣᠯ ᠠᠭᠤᠤ ᠶᠡᠭᠡ ᠳᠡᠯᠡᠬᠡᠢ ᠵᠢᠨ ᠤᠳᠤᠷᠢᠳᠤᠭᠴᠢ ᠮᠥᠨ᠃ ᠲᠡᠷᠢᠭᠦᠯᠡᠭᠴᠢ ᠰᠢ ᠵᠢᠨ ᠫᠢᠩ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠠᠮᠵᠢᠯᠲᠠ ᠪᠦᠲᠦᠮᠵᠢ ᠣᠯᠵᠤ᠂ ᠳᠡᠯᠡᠬᠡᠢ ᠵᠢᠨ ᠬᠥᠭᠵᠢᠯᠲᠡ ᠲᠠᠪᠰᠢᠯᠳᠠ ᠵᠢᠨ ᠬᠡᠷᠡᠯᠳᠦ ᠴᠠᠮᠬᠠᠭ ᠪᠣᠯᠵᠤ᠂ ᠳᠡᠯᠡᠬᠡᠢ  ᠵᠢᠨ ᠬᠡᠷᠡᠭ ᠶᠠᠪᠤᠳᠠᠯ᠎ᠳᠤ ᠡᠳᠦᠷ ᠢᠷᠡᠬᠦᠶ᠎ᠡ ᠴᠢᠬᠤᠯᠠ ᠤᠳᠤᠷᠢᠳᠬᠤ ᠦᠢ᠍ᠯᠡᠳᠦᠯ ᠦᠵᠡᠭᠦᠯᠵᠦ ᠪᠠᠶ᠋ᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ ᠎ᠳᠤ ᠵᠣᠯ ᠵᠢᠷᠭ᠋ᠠᠯ ᠣᠯᠭᠤᠬᠤ ᠪᠥᠭᠡᠳ ᠪᠠᠰᠠ ᠳᠡᠯᠡᠬᠡᠢ ᠵᠢᠨ ᠠᠷᠠᠳ ᠲᠦᠮᠡᠨ᠎ᠳᠤ ᠠᠰᠢᠭ ᠲᠤᠰᠠ ᠣᠯᠭᠤᠬᠤ ᠪᠣᠯᠣᠨ᠎ᠠ᠃ ᠰᠧᠷᠪᠢᠶ᠎ᠠ ᠵᠢᠨ ᠠᠷᠠᠳ ᠲᠦᠮᠡᠨ ᠳᠤᠮᠳᠠᠳᠤ ᠤᠯᠤᠰ ᠢᠯᠠᠩᠭᠤᠶ᠎ᠠ ᠲᠡᠷᠢᠭᠦᠯᠡᠭᠴᠢ ᠰᠢ ᠵᠢᠨ ᠫᠢᠩ᠎ᠳᠤ ᠮᠠᠰᠢ ᠲᠠᠯᠠᠷᠬᠠᠨ ᠭᠦᠨᠳᠤᠳᠭᠡᠵᠤ᠂ ᠳᠤᠮᠳᠠᠳᠤ ᠤᠯᠤᠰ ᠰᠢᠭ᠋ ᠡᠶ᠋ᠢᠮᠦ ᠠᠭᠤᠤ           ᠶᠡᠭᠡ ᠤᠯᠤᠰ᠎ᠯᠤᠭ᠎ᠠ ᠦᠨᠡᠨᠴᠢ ᠨᠠᠶ᠋ᠢᠵᠠ ᠪᠣᠯᠣᠯᠴᠠᠭᠰᠠᠨ᠎ᠳᠠᠭᠠᠨ ᠴᠢᠩ ᠰᠡᠳᠬᠢᠯ᠎ᠠᠴᠠ᠎ᠪᠠᠨ ᠣᠮᠣᠭᠰᠢᠵᠤ           ᠪᠠᠶ᠋ᠢᠨ᠎ᠠ᠃ ᠰᠧᠷᠪᠢᠶ᠎ᠠ ᠵᠢᠨ᠎ᠬᠢᠨ ᠲᠠᠶ᠋ᠢᠸᠠᠨ ᠵᠡᠷᠭᠡ ᠭᠤᠣᠯᠯᠠᠬᠤ ᠠᠰᠢᠭ ᠲᠤᠰᠠ ᠵᠢᠨ ᠠᠰᠠᠭᠤᠳᠠᠯ ᠳᠡᠭᠡᠷᠡᠬᠢ ᠲᠤᠮᠳᠠᠳᠤ ᠤᠯᠤᠰ᠎ᠤᠨ ᠵᠦᠢ ᠶᠣᠰᠣᠨ᠎ᠤ ᠵᠣᠭᠰᠣᠯᠲᠠ ᠵᠢ ᠡᠷᠡᠰ ᠳᠡᠮᠵᠢᠨ᠎ᠠ᠃ ᠳᠡᠯᠡᠬᠡᠢ ᠳᠡᠭᠡᠷ᠎ᠡ ᠨᠢᠭᠡ ᠯᠡ ᠳᠤᠮᠳᠠᠳᠤ ᠤᠯᠤᠰ ᠪᠠᠶ᠋ᠢᠨ᠎ᠠ᠂ ᠰᠧᠷᠪᠢᠶ᠎ᠠ ᠵᠢᠨ ᠎ᠬᠢᠨ ᠦᠷᠭᠦᠯᠵᠢᠯᠡᠨ ᠭᠤᠶ᠋ᠢᠪᠢᠰᠢ ᠦᠭᠡᠢ᠎ᠪᠠᠷ ᠳᠤᠮᠳᠠᠳᠤ ᠤᠯᠤᠰ᠎ᠢ ᠡᠷᠡᠰ ᠳᠡᠮᠵᠢᠨ᠎ᠠ ᠭᠡᠵᠦ ᠢᠯᠡᠳᠬᠡᠪᠡ᠃
      ᠥᠴᠢᠴᠢ᠂ ᠳᠤᠮᠳᠠᠳᠤ ᠤᠯᠤᠰ᠎ᠤᠨ ᠪᠡᠯᠡ ᠣᠷᠣᠭᠤᠯᠤᠯᠲᠠ ᠪᠣᠯᠣᠨ ᠬᠠᠮᠲᠤᠷᠠᠯᠴᠠᠭ᠎ᠠ᠎ᠨᠢ ᠰᠧᠷᠪᠢᠶ᠎ᠠ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠶᠡᠭᠡ᠎ᠪᠠᠷ ᠠᠬᠢᠭᠤᠯᠤᠭᠰᠠᠨ ᠪᠥᠭᠡᠳ ᠰᠧᠷᠪᠢᠶ᠎ᠠ ᠵᠢᠨ ᠠᠷᠠᠳ ᠲᠦᠮᠡᠨ᠎ᠤ ᠠᠮᠢᠳᠤᠷᠠᠯ᠎ᠤᠨ ᠲᠦᠪᠰᠢᠨ᠎ᠢ ᠴᠦ᠍ ᠳᠡᠭᠡᠭᠰᠢᠯᠡᠭᠦᠯᠪᠡ᠃  ᠢᠯᠠᠩᠭᠤᠶ᠎ᠠ 2016 ᠣᠨ᠎ᠠᠴᠠ ᠨᠠᠭ᠋ᠠᠰᠢ᠂ ᠲᠡᠷᠢᠭᠦᠯᠡᠭᠴᠢ ᠰᠢ ᠵᠢᠨ ᠫᠢᠩ᠎ᠤᠨ ᠬᠠᠯᠠᠮᠵᠢᠯᠠᠯ ᠪᠠ ᠳᠡᠮᠵᠢᠯᠭᠡ ᠳᠣᠣᠷ᠎ᠠ᠂ ᠾᠧ ᠭᠠᠩ ᠪᠦᠯᠦᠭᠯᠡᠯ᠎ᠤᠨ ᠰᠧᠮᠸᠢᠢ᠍ᠯᠸᠢᠢ᠍ᠸᠧ ᠪᠣᠯᠣᠳ ᠲᠡᠮᠦᠷ᠎ᠤᠨ ᠦᠢ᠍ᠯᠡᠳᠪᠦᠷᠢ ᠯᠤᠲᠤ ᠶᠡᠭᠡ ᠠᠵᠤ ᠠᠬᠤᠢ ᠨᠡᠶ᠋ᠢᠭᠡᠮ᠎ᠤᠨ ᠦᠷ᠎ᠡ ᠠᠰᠢᠭ ᠣᠯᠵᠤ᠂ ᠪᠣᠯᠣᠳ ᠲᠡᠮᠦᠷ᠎ᠤᠨ ᠦᠢ᠍ᠯᠡᠳᠪᠦᠷᠢ ᠵᠢᠨ ᠬᠤᠪᠢ ᠵᠠᠶᠠᠭ᠎ᠠ ᠵᠢ ᠲᠤᠶ᠋ᠢᠯᠪᠤᠷᠢᠲᠠᠢ ᠬᠤᠪᠢᠷᠠᠭᠤᠯᠤᠭᠰᠠᠨ ᠪᠥᠭᠡᠳ ᠠᠷᠠᠳ ᠤᠯᠠᠨ᠎ᠤ ᠢᠲᠡᠭᠡᠯ ᠵᠣᠷᠢᠭ ᠪᠠ ᠬᠦᠰᠡᠯ ᠡᠷᠡᠮᠡᠯᠵᠡᠯ᠎ᠢ ᠨᠡᠮᠡᠭᠳᠡᠭᠦᠯᠦᠭᠰᠡᠨ ᠪᠠᠶ᠋ᠢᠨ᠎ᠠ᠃ ᠰᠧᠷᠪᠢᠶ᠎ᠠ ᠵᠢᠨ ᠢᠷᠡᠭᠡᠳᠦᠢ ᠳᠤᠮᠳᠠᠳᠤ ᠤᠯᠤᠰ᠎ᠲᠠᠢ ᠨᠢᠭᠲᠠ ᠬᠤᠯᠪᠤᠭ᠎ᠠ᠎ᠲᠠᠢ᠃ ᠰᠧᠷᠪᠢᠶ᠎ᠠ ᠵᠢᠨ᠎ᠬᠢᠨ ᠳᠤᠮᠳᠠᠳᠤ ᠤᠯᠤᠰ᠎ᠯᠤᠭ᠎ᠠ ᠡᠯ᠎ᠡ ᠬᠦᠷᠢᠶ᠎ᠡ᠂ ᠡᠯ᠎ᠡ ᠲᠡᠰ ᠳᠠᠪᠬᠤᠷᠭ᠎ᠠ ᠵᠢᠨ ᠰᠣᠯᠢᠯᠴᠠᠭ᠎ᠠ᠎ᠪᠠᠨ ᠨᠢᠭᠲᠠᠷᠠᠭᠤᠯᠵᠤ᠂ ᠰᠠᠭᠤᠷᠢ ᠲᠥᠬᠦᠭᠡᠷᠦᠮᠵᠢ᠂ ᠰᠢᠨ᠎ᠡ ᠡᠨᠧᠷᠭᠢ᠂ ᠰᠢᠨ᠎ᠡ ᠵᠢ ᠡᠭᠦᠳᠬᠦ᠂ ᠵᠣᠬᠢᠶᠠᠮᠠᠯ ᠤᠶᠤᠨ ᠴᠢᠳᠠᠪᠤᠷᠢ᠂ ᠰᠣᠶᠣᠯ ᠢᠷᠭᠡᠨᠰᠢᠯ ᠵᠡᠷᠭᠡ ᠡᠯ᠎ᠡ ᠬᠦᠷᠢᠶᠡᠨ᠎ᠤ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢ ᠬᠦᠰᠡᠵᠦ ᠪᠠᠶ᠋ᠢᠨ᠎ᠠ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠶ᠋ᠢᠲᠠᠢ ᠪᠦᠲᠦᠭᠡᠨ ᠪᠠᠶ᠋ᠢᠭᠤᠯᠬᠤ ᠵᠢ ᠢᠳᠡᠪᠬᠢᠲᠡᠢ ᠠᠬᠢᠭᠤᠯᠵᠤ᠂ ᠬᠠᠩᠭ᠋ᠠᠷᠢ ᠰᠧᠷᠪᠢᠶ᠎ᠠ ᠵᠢᠨ ᠲᠡᠮᠦᠷ ᠵᠠᠮ᠎ᠤᠨ ᠰᠧᠷᠪᠢᠶ᠎ᠠ ᠵᠢᠨ ᠬᠡᠰᠡᠭ᠎ᠤᠨ ᠪᠦᠲᠦᠭᠡᠨ ᠪᠠᠶ᠋ᠢᠭᠤᠯᠤᠯᠲᠠ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠵᠦ᠂ ᠨᠡᠩ ᠤᠯᠠᠨ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠰᠧᠷᠪᠢᠶ᠎ᠠ᠎ᠳᠤ ᠢᠷᠡᠵᠦ ᠪᠡᠯᠡ ᠣᠷᠣᠭᠤᠯᠤᠨ ᠬᠠᠮᠲᠤᠷᠠᠯᠴᠠᠭ᠎ᠠ ᠬᠢᠬᠦ ᠵᠢ ᠪᠠᠶᠠᠷᠯᠠᠨ ᠤᠭᠲᠤᠵᠤ᠂ ᠬᠤᠶᠠᠷ ᠤᠯᠤᠰ᠎ᠤᠨ ᠬᠤᠭᠤᠷᠣᠨᠳᠤ ᠨᠡᠩ ᠤᠯᠠᠨ ᠰᠢᠭᠤᠳ ᠨᠡᠪᠲᠡᠷᠡᠬᠦ ᠠᠭ᠋ᠠᠷ᠎ᠤᠨ ᠠᠶᠠᠯᠠᠯ᠎ᠤᠨ ᠱᠤᠭᠤᠮ ᠨᠠᠪᠲᠠᠷᠡᠭᠦᠯᠵᠦ᠂ ᠰᠧᠷᠪᠢᠶ᠎ᠠ ᠳᠤᠮᠳᠠᠳᠤ ᠵᠢᠨ ᠴᠢᠯᠦᠭᠡᠲᠦ ᠠᠷᠠᠯᠵᠢᠶᠠᠨ᠎ᠤ ᠵᠥᠪᠳᠡᠯᠴᠡᠭᠡᠷ ᠬᠦᠴᠦᠨ᠎ᠲᠠᠢ ᠪᠣᠯᠤᠭᠰᠠᠨ ᠵᠶ᠋ᠠᠷ ᠠᠵᠠ ᠲᠣᠭᠢᠶᠠᠯ ᠪᠤᠯᠭ᠋ᠠᠵᠤ᠂ ᠬᠤᠶᠠᠷ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠵᠢ ᠤᠯᠠᠮ ᠥᠷᠭᠡᠳᠬᠡᠬᠦ ᠵᠢ ᠬᠦᠰᠡᠵᠦ ᠪᠠᠶ᠋ᠢᠨ᠎ᠠ᠃ ᠥᠨᠥᠳᠥᠷ ᠪᠢᠳᠡ ᠰᠧᠷᠪᠢᠶ᠎ᠠ ᠳᠤᠮᠳᠠᠳᠤ ᠵᠢᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠵᠢᠨ ᠰᠧᠷᠪᠢᠶ᠎ᠠ ᠳᠤᠮᠳᠠᠳᠤ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠤᠨ᠎ᠠ ᠭᠡᠵᠦ ᠨᠡᠶ᠋ᠢᠲᠡᠯᠡᠪᠡ᠂ ᠡᠨᠡ᠎ᠨᠢ ᠯᠠᠪᠲᠠᠢ ᠰᠧᠷᠪᠢᠶ᠎ᠠ ᠳᠤᠮᠳᠠᠳᠤ ᠵᠢᠨ ᠬᠠᠷᠢᠯᠴᠠᠭ᠋ᠠᠨ᠎ᠤ ᠲᠡᠦᠬᠡᠨ ᠳᠡᠭᠡᠷᠡᠬᠢ ᠰᠢᠨ᠎ᠡ ᠬᠥᠰᠢᠶ᠎ᠡ ᠲᠡᠮᠳᠡᠭ ᠪᠤᠯᠬᠤ ᠶᠤᠮ᠃ ᠰᠧᠷᠪᠢᠶ᠎ᠠ ᠵᠢᠨ᠎ᠬᠢᠨ ᠲᠡᠷᠢᠭᠦᠯᠡᠭᠴᠢ ᠰᠢ ᠵᠢᠨ ᠫᠢᠩ᠎ᠤᠨ ᠳᠤᠷᠠᠳᠤᠭᠰᠠᠨ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠡᠷᠡᠰ ᠳᠡᠮᠵᠢᠬᠦ ᠪᠥᠭᠡᠳ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ᠎ᠯᠤᠭ᠎ᠠ ᠤᠯᠠᠨ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠵᠢᠯᠴᠠᠭ᠎ᠠ᠎ᠪᠠᠨ ᠨᠢᠭᠲᠠᠷᠠᠭᠤᠯᠵᠤ᠂ ᠡᠵᠡᠷᠬᠡᠭᠯᠡᠯ ᠬᠦᠴᠦᠷᠬᠡᠭᠯᠡᠯ᠎ᠢ ᠬᠠᠮᠲᠤ᠎ᠪᠠᠷ ᠡᠰᠡᠷᠭᠦᠴᠡᠵᠦ᠂ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠦᠨᠳᠦᠰᠦᠨ ᠳᠦᠷᠢᠮ᠎ᠤᠨ ᠵᠣᠷᠢᠯᠲᠠ ᠵᠢ ᠬᠠᠮᠠᠭ᠋ᠠᠯᠠᠵᠤ᠂ ᠳᠡᠯᠡᠬᠡᠢ ᠵᠢᠨ ᠲᠥᠪ ᠭᠤᠣᠯᠴᠢ ᠰᠢᠳᠤᠷᠭᠤ ᠶᠣᠰᠣ ᠵᠢ ᠬᠠᠮᠠᠭ᠋ᠠᠯᠠᠨ᠎ᠠ ᠭᠡᠵᠦ ᠢᠯᠡᠳᠬᠡᠪᠡ᠃
      ᠬᠡᠯᠡᠯᠴᠡᠭᠡ ᠲᠡᠭᠦᠰᠦᠭᠰᠡᠨ᠎ᠤ ᠲᠠᠷᠠᠭ᠎ᠠ᠂ ᠬᠤᠶᠠᠷ ᠤᠯᠤᠰ᠎ᠤᠨ ᠲᠡᠷᠢᠭᠦᠨ ᠬᠠᠮᠲᠤ᠎ᠪᠠᠷ 《ᠳᠤᠮᠳᠠᠳᠤ ᠰᠧᠷᠪᠢᠶ᠎ᠠ ᠵᠢᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢ ᠭᠦᠨᠵᠡᠭᠡᠶ᠋ᠢᠷᠡᠭᠦᠯᠦᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠵᠢᠨ ᠳᠤᠮᠳᠠᠳᠤ ᠰᠧᠷᠪᠢᠶ᠎ᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠲᠤᠬᠠᠢ ᠬᠠᠮᠲᠤᠷᠠᠭᠰᠠᠨ ᠢᠯᠡᠷᠬᠡᠶ᠋ᠢᠯᠡᠯᠲᠡ》᠎ᠳᠤ ᠭᠠᠷ᠎ᠤᠨ ᠦᠰᠦᠭ ᠵᠢᠷᠤᠭᠰᠠᠨ ᠪᠥᠭᠡᠳ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ᠂ ᠪᠣᠬᠢᠷᠳᠤᠯ ᠦᠭᠡᠢ ᠬᠥᠭᠵᠢᠯᠲᠡ᠂ ᠲᠣᠭ᠋ᠠᠴᠢᠯᠠᠭᠰᠠᠨ ᠠᠵᠤ ᠠᠬᠤᠢ᠂ ᠡᠯᠧᠺᠳ᠋ᠷᠣᠨ ᠬᠤᠳᠠᠯᠳᠤᠭ᠎ᠠ᠂ ᠰᠠᠭᠤᠷᠢ ᠲᠥᠬᠦᠭᠡᠷᠦᠮᠵᠢ᠂ ᠠᠵᠤ ᠠᠬᠤᠢ ᠮᠡᠷᠭᠡᠵᠢᠯ᠂ ᠮᠡᠳᠡᠭᠡ ᠵᠠᠩᠭᠢ ᠴᠢᠮᠡᠭᠡ ᠬᠤᠯᠪᠤᠭ᠎ᠠ᠂ ᠠᠮᠤ ᠪᠤᠳᠠᠭ᠎ᠠ᠂ ᠵᠠᠭᠤᠴᠢᠯᠠᠭᠤᠷ ᠵᠡᠷᠭᠡ ᠬᠦᠷᠢᠶᠡᠨ᠎ᠤ ᠤᠯᠠᠨ ᠵᠦᠢ᠍ᠯ᠎ᠤᠨ ᠬᠤᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠪᠢᠴᠢᠭ ᠵᠶ᠋ᠠᠨ ᠰᠣᠯᠢᠯᠴᠠᠬᠤ ᠵᠢ ᠬᠠᠮᠲᠤ᠎ᠪᠠᠷ ᠭᠡᠷᠡᠴᠢᠯᠡᠪᠡ᠃
      ᠬᠤᠶᠠᠷ ᠤᠯᠤᠰ᠎ᠤᠨ ᠲᠡᠷᠢᠭᠦᠨ ᠪᠠᠰᠠ ᠬᠠᠮᠲᠤ᠎ᠪᠠᠷ ᠰᠤᠷᠪᠤᠯᠵᠢᠯᠠᠬ᠍ᠴᠢᠳ᠎ᠲᠠᠢ ᠠᠭᠤᠯᠵᠠᠪᠠ᠃
      ᠲᠤᠰ ᠡᠳᠦᠷ᠎ᠤᠨ ᠦᠳᠡ᠎ᠳᠤ᠂ ᠥᠴᠢᠴᠢ ᠪᠣᠯᠣᠨ ᠲᠠᠮᠠᠯᠠ ᠰᠧᠷᠪᠢᠶ᠎ᠠ ᠲᠣᠮᠣ ᠠᠰᠠᠷ᠎ᠲᠤ ᠦᠪᠡᠳᠡᠭᠰᠢ ᠶᠡᠭᠡ ᠳᠠᠶ᠋ᠢᠯᠠᠯᠭ᠎ᠠ ᠬᠢᠵᠦ ᠰᠢ ᠵᠢᠨ ᠫᠢᠩ ᠪᠣᠯᠣᠨ ᠫᠧᠩ ᠯᠢ ᠶᠤᠸᠠᠨ᠎ᠢ ᠤᠭᠲᠤᠪᠠ᠃
      ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃

 

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠪᠦᠳᠠᠫᠧᠰᠲ᠎ᠲᠤ ᠬᠦᠷᠴᠦ ᠬᠠᠩᠭ᠋ᠠᠷᠢ᠎ᠳᠠᠬᠢ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ᠎ᠪᠠᠨ ᠡᠬᠢᠯᠡᠭᠦᠯᠪᠡ
ᠰᠢ ᠵᠢᠨ ᠫᠢᠩ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠶ᠋ᠢᠭᠤᠯᠤᠯᠲᠠ᠎ᠳᠤ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠰᠢᠨ᠎ᠡ ᠴᠠᠭ ᠦᠶ᠎ᠡ ᠵᠢᠨ ᠦᠵᠡᠯ ᠰᠠᠨᠠᠭ᠎ᠠ ᠤᠯᠤᠰ ᠲᠥᠷᠥ ᠵᠢᠨ ᠰᠤᠷᠭ᠋ᠠᠨ ᠬᠥᠮᠦᠵᠢᠯ᠎ᠤᠨ ᠰᠢᠨ᠎ᠡ ᠪᠠᠶ᠋ᠢᠳᠠᠯ᠎ᠢ ᠲᠠᠰᠤᠷᠠᠯᠲᠠ ᠦᠭᠡᠢ ᠡᠭᠦᠳᠴᠦ ᠨᠠᠮ᠎ᠢ ᠰᠠᠨᠠᠭ᠎ᠠ ᠠᠮᠤᠷ ᠪᠠᠶ᠋ᠢᠯᠭ᠋ᠠᠬᠤ ᠤᠯᠤᠰ ᠵᠶ᠋ᠠᠨ ᠬᠠᠶ᠋ᠢᠷᠠᠯᠠᠵᠤ ᠬᠤᠪᠢ ᠨᠡᠮᠡᠷᠢ ᠦᠵᠡᠭᠦᠯᠭᠦ ᠦᠨᠳᠦᠰᠦᠲᠡᠨ ᠵᠶ᠋ᠠᠨ ᠰᠡᠷᠭᠦᠭᠡᠨ ᠮᠠᠨᠳᠤᠭᠤᠯᠬᠤ ᠬᠦᠨᠳᠦ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠥᠨ᠎ᠢ ᠨᠠᠩ ᠣᠯᠠᠨ ᠴᠢᠷᠮᠠᠶ᠋ᠢᠨ ᠬᠥᠮᠥᠵᠢᠭᠦᠯᠬᠦ ᠬᠡᠷᠡᠭᠲᠡᠢ ᠳ᠋ᠢᠩ ᠰᠢᠤᠸᠠᠢ ᠰᠢᠶᠠᠩ ᠰᠢᠨ᠎ᠡ ᠴᠠᠭ ᠦᠶ᠎ᠡ ᠵᠢᠨ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠶ᠋ᠢᠭᠤᠯᠤᠯᠲᠠ ᠵᠢ ᠠᠬᠢᠭᠤᠯᠬᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ
ᠰᠢ ᠵᠢᠨ ᠫᠢᠩ ᠪᠡᠭᠡᠵᠢᠩ ᠬᠤᠲᠠ ᠵᠢᠨ ᠪᠠ ᠳ᠋ᠠ ᠯᠢᠩ ᠳᠠᠪᠠᠭ᠎ᠠ ᠵᠢᠨ ᠤᠷᠲᠤ ᠴᠠᠭ᠋ᠠᠨ ᠬᠡᠷᠡᠮ᠎ᠤᠨ ᠬᠤᠷᠮᠣᠢ᠎ᠳᠠᠬᠢ ᠨᠤᠲᠤᠭ᠎ᠤᠨ ᠠᠬ᠎ᠠ ᠳᠡᠭᠦᠦ ᠨᠠᠷ᠎ᠲᠤ ᠬᠠᠷᠢᠭᠤ ᠵᠠᠬᠢᠳᠠᠯ ᠢᠯᠡᠭᠡᠵᠦ ᠵᠣᠷᠢᠭᠵᠢᠭᠤᠯᠤᠭᠰᠠᠨ᠎ᠨᠢ ᠨᠡᠩ ᠣᠯᠠᠨ ᠬᠥᠮᠥᠰ᠎ᠢ ᠳᠠᠶ᠋ᠢᠴᠢᠯᠠᠨ ᠤᠷᠲᠤ ᠴᠠᠭ᠋ᠠᠨ ᠬᠡᠷᠡᠮ᠎ᠢ ᠣᠶ᠋ᠢᠯᠠᠭ᠋ᠠᠭᠤᠯᠤᠨ ᠤᠷᠲᠤ ᠴᠠᠭ᠋ᠠᠨ ᠬᠡᠷᠡᠮ᠎ᠢ ᠬᠠᠮᠠᠭ᠋ᠠᠯᠠᠵᠤ ᠡᠪᠦᠭᠡ ᠳᠡᠭᠡᠳᠦᠰ᠎ᠤᠨ ᠦᠯᠡᠳᠡᠭᠡᠭᠰᠡᠨ ᠡᠨᠡ ᠬᠦ᠌ ᠬᠤᠪᠣᠷ ᠨᠠᠨᠳᠢᠨ ᠥᠪ ᠬᠥᠷᠥᠩᠭᠡ ᠵᠢ ᠦᠶ᠎ᠡ ᠵᠢᠨ ᠦᠶ᠎ᠡ᠎ᠳᠤ ᠤᠯᠠᠮᠵᠢᠯᠠᠬᠤ ᠬᠡᠷᠡᠭᠲᠡᠢ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠵᠦ ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ
ᠰᠢ ᠵᠢᠨ ᠫᠢᠩ ᠣᠷᠣᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠰᠤᠷᠪᠤᠯᠵᠢᠯᠠᠭᠴᠢᠳ᠎ᠲᠠᠢ ᠠᠭᠤᠯᠵᠠᠪᠠ
 
             蒙ICP备05000248号