ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 11᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠶ᠋ᠢᠷ᠎ᠠ᠎ᠳᠤ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠶ᠋ᠢᠭᠤᠯᠤᠯᠲᠠ᠎ᠳᠤ ᠴᠢᠬᠤᠯᠠ ᠵᠢᠭ᠋ᠠᠪᠤᠷᠢ ᠥᠭᠴᠦ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠤᠷᠢᠶ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠶ᠋ᠢᠭᠤᠯᠤᠯᠲᠠ ᠵᠢ ᠰᠤᠷᠭ᠋ᠠᠨ ᠬᠥᠮᠦᠵᠢᠯ᠎ᠤᠨ ᠠᠵᠢᠯ᠎ᠤᠨ ᠴᠢᠬᠤᠯᠠ ᠪᠠᠶ᠋ᠢᠷᠢᠨ᠎ᠳᠤ ᠲᠠᠯᠪᠢᠬᠤ ᠵᠢ ᠢᠮᠠᠭᠲᠠ ᠪᠠᠷᠢᠮᠲᠠᠯᠠᠵᠤ᠂ ᠨᠠᠮ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠶ᠋ᠢᠭᠤᠯᠤᠯᠲᠠ᠎ᠳᠠᠬᠢ ᠤᠳᠤᠷᠢᠳᠤᠯᠭ᠎ᠠ ᠪᠦᠭᠦ ᠲᠠᠯ᠎ᠠ᠎ᠪᠠᠷ ᠴᠢᠩᠭ᠋ᠠᠷᠠᠵᠤ᠂ ᠡᠯ᠎ᠡ ᠱᠠᠲᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠨᠡᠶ᠋ᠢᠭᠡᠮ ᠵᠢᠷᠤᠮ᠎ᠤᠨ ᠰᠤᠷᠭ᠋ᠠᠭᠤᠯᠢ ᠡᠷᠭᠢᠯᠡᠭᠦ ᠴᠢᠭᠯᠡᠯ ᠨᠠᠩ ᠢᠯᠡ ᠲᠣᠳᠣ ᠪᠣᠯᠵᠤ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠭ᠋ᠠᠨ ᠰᠤᠷᠭ᠋ᠠᠬᠤ᠎ᠳᠤ ᠪᠠᠭ᠍ᠠᠲᠠᠢ᠂ ᠵᠢᠭ᠋ᠠᠨ ᠰᠤᠷᠭ᠋ᠠᠬᠤ᠎ᠳᠤ ᠴᠢᠳᠠᠮᠠᠭ᠋ᠠᠢ᠂ ᠨᠢᠭᠡᠨ ᠰᠡᠳᠬᠢᠯ ᠵᠶ᠋ᠠᠷ ᠬᠥᠮᠥᠨ ᠬᠥᠮᠥᠵᠢᠭᠦᠯᠬᠦ ᠢᠲᠡᠭᠡᠯ ᠵᠣᠷᠢᠭ ᠨᠠᠩ ᠲᠡᠭᠦᠯᠳᠡᠷ ᠪᠣᠯᠵᠤ᠂ ᠥᠷᠭᠡᠨ ᠣᠯᠠᠨ ᠵᠠᠯᠠᠭᠤ ᠪᠠᠭ᠎ᠠ ᠰᠤᠷᠤᠬ᠍ᠴᠢᠳ᠎ᠤᠨ 《 ᠳᠥᠷᠪᠡᠨ ᠢᠲᠡᠭᠡᠯ 》 ᠢᠯᠡᠳᠲᠡ ᠴᠢᠩᠭ᠋ᠠᠷᠠᠵᠤ᠂ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ ᠴᠤᠭ ᠪᠠᠳᠠᠷᠠᠩᠭᠤᠢ ᠪᠣᠯᠵᠤ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠬᠥᠭᠵᠢᠯᠲᠡ ᠵᠢᠨ ᠣᠷᠴᠢᠨ ᠲᠣᠭᠤᠷᠢᠨ ᠪᠠ ᠪᠦᠬᠦᠯᠢ ᠴᠣᠭᠴᠠ ᠵᠢᠨ ᠠᠮᠢ ᠠᠬᠤᠢ ᠪᠦᠭᠦ ᠲᠠᠯ᠎ᠠ ᠵᠢᠨ ᠴᠢᠨᠠᠷᠲᠠᠢ᠂ ᠦᠨᠳᠦᠰᠦᠨ ᠴᠢᠨᠠᠷᠲᠠᠢ ᠬᠤᠪᠢᠷᠠᠯᠲᠠ ᠭᠠᠷᠴᠠᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠶ᠋ᠢᠭᠤᠯᠤᠯᠲᠠ᠎ᠳᠤ ᠰᠢᠨ᠎ᠡ ᠪᠠᠶ᠋ᠢᠳᠠᠯ ᠰᠢᠨ᠎ᠡ ᠡᠭᠦᠷᠭᠡ ᠲᠤᠯᠭ᠋ᠠᠷᠠᠵᠤ ᠪᠠᠶ᠋ᠢᠨ᠎ᠠ᠂ ᠡᠷᠬᠡᠪᠰᠢ ᠰᠢᠨ᠎ᠡ ᠳᠦᠷᠰᠦ ᠪᠠᠶ᠋ᠢᠳᠠᠯ᠎ᠲᠠᠢ ᠪᠠᠶ᠋ᠢᠵᠤ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠵᠶ᠋ᠠᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠶ᠋ᠢᠭᠤᠯᠤᠯᠲᠠ ᠪᠣᠯᠣᠨ ᠨᠠᠮ᠎ᠤᠨ ᠰᠢᠨ᠎ᠡ ᠡᠭᠦᠳᠦᠭᠰᠡᠨ ᠤᠨᠤᠯ ᠵᠶ᠋ᠠᠷ ᠵᠡᠪᠰᠡᠭᠯᠡᠬᠦ ᠵᠢ ᠵᠡᠷᠭᠡ᠎ᠪᠠᠷ ᠠᠬᠢᠭᠤᠯᠬᠤ ᠵᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠭᠤᠣᠯ ᠠᠭᠤᠯᠭ᠎ᠠ ᠪᠤᠯᠭ᠋ᠠᠬᠰᠠᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠤᠨ ᠰᠢᠰᠲ᠋ᠧᠮ᠎ᠢ ᠪᠠᠶ᠋ᠢᠭᠤᠯᠵᠤ᠂ ᠶᠡᠭᠡ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠰᠤᠷᠭ᠋ᠠᠨ ᠬᠥᠮᠦᠵᠢᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠬᠤ ᠬᠡᠷᠡᠭᠲᠡᠢ᠃ ᠮᠠᠷᠺᠰ᠎ᠤᠨ ᠦᠵᠡᠯ᠎ᠤᠨ ᠵᠢᠯᠤᠭᠤᠳᠬᠤ ᠪᠠᠶ᠋ᠢᠷᠢ ᠰᠠᠭᠤᠷᠢ ᠵᠢ ᠢᠮᠠᠭᠲᠠ ᠪᠠᠷᠢᠮᠲᠠᠯᠠᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠣᠯᠣᠭᠰᠠᠨ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠠᠮᠵᠢᠯᠲᠠ ᠪᠦᠲᠦᠮᠵᠢ᠎ᠪᠠᠷ ᠠᠭᠤᠯᠭ᠎ᠠ ᠵᠢᠨ ᠲᠦᠰᠢᠭ ᠲᠤᠯᠭ᠋ᠠᠭᠤᠷᠢ ᠪᠤᠯᠭ᠋ᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠪᠠ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ ᠵᠶ᠋ᠠᠷ ᠬᠦᠴᠦᠨ ᠴᠢᠳᠠᠯ᠎ᠤᠨ ᠰᠠᠭᠤᠷᠢ ᠪᠤᠯᠭ᠋ᠠᠵᠤ᠂ ᠶᠣᠰᠣ ᠤᠴᠢᠷ᠎ᠢ ᠭᠦᠨᠵᠡᠭᠡᠢ ᠪᠥᠭᠡᠳ ᠨᠡᠪᠲᠡᠷᠬᠡᠢ ᠶᠠᠷᠢᠵᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠶ᠋ᠢᠭᠤᠯᠤᠯᠲᠠ ᠵᠢᠨ ᠠᠭᠤᠯᠤᠭᠳᠠᠬᠤᠨ ᠮᠠᠶᠢᠭ᠎ᠤᠨ ᠬᠥᠭᠵᠢᠯᠲᠡ ᠵᠢ ᠠᠬᠢᠭᠤᠯᠵᠤ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠬᠠᠨᠳᠤᠯᠭ᠋ᠠᠲᠤ ᠴᠢᠨᠠᠷ ᠪᠠ ᠲᠠᠲᠠᠬᠤ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠤᠯᠤᠰ ᠲᠦᠷᠦ ᠵᠢᠨ ᠲᠠᠯ᠎ᠠ᠎ᠪᠠᠷ ᠪᠠᠲᠤ ᠴᠢᠩᠭ᠎ᠠ᠂ ᠬᠠᠶ᠋ᠢᠷ᠎ᠠ ᠰᠡᠳᠬᠢᠯᠭᠡ ᠭᠦᠨ ᠵᠤᠵᠠᠭ᠋ᠠᠨ᠂ ᠰᠡᠳᠬᠢᠬᠦᠢ ᠰᠢᠨ᠎ᠡ᠂ ᠬᠠᠷᠠᠭ᠋ᠠᠰᠤ ᠥᠷᠭᠡᠨ᠂ ᠪᠡᠶ᠎ᠡ᠎ᠪᠠᠨ ᠴᠢᠩᠭ᠎ᠠ ᠱᠠᠭ᠋ᠠᠷᠳᠠᠬᠤ᠂ ᠬᠥᠮᠥᠨ ᠴᠢᠨᠠᠷ ᠲᠥᠪ ᠴᠢᠬᠡᠴᠢ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠭᠰᠢ ᠵᠢᠨ ᠡᠩᠨᠡᠭᠡ ᠵᠢ ᠬᠦᠴᠦᠯᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠡᠯ᠎ᠡ ᠱᠠᠲᠤᠨ᠎ᠤ ᠨᠠᠮ᠎ᠤᠨ ᠬᠤᠷᠢᠶ᠎ᠠ ( ᠨᠠᠮ᠎ᠤᠨ ᠤᠳᠤᠷᠢᠳᠬᠤ ᠳᠤᠭᠤᠶ᠋ᠢᠯᠠᠩ ) ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠶ᠋ᠢᠭᠤᠯᠤᠯᠲᠠ ᠵᠢ ᠴᠢᠬᠤᠯᠠ ᠵᠥᠪᠯᠡᠬᠦ ᠵᠦᠢ᠍ᠯ᠎ᠳᠤ ᠣᠷᠣᠭᠤᠯᠵᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠤᠬᠠᠮᠰᠠᠷ᠎ᠠᠴᠠ᠎ᠪᠠᠨ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠰᠢᠨ᠎ᠡ ᠴᠠᠭ ᠦᠶ᠎ᠡ ᠵᠢᠨ ᠦᠵᠡᠯ ᠰᠠᠨᠠᠭ᠎ᠠ ᠤᠯᠤᠰ ᠲᠥᠷᠥ ᠵᠢᠨ ᠰᠤᠷᠭ᠋ᠠᠨ ᠬᠥᠮᠦᠵᠢᠯ᠎ᠤᠨ ᠰᠢᠨ᠎ᠡ ᠪᠠᠶ᠋ᠢᠳᠠᠯ᠎ᠢ ᠲᠠᠰᠤᠷᠠᠯᠲᠠ ᠦᠭᠡᠢ ᠡᠭᠦᠳᠴᠦ᠂ ᠨᠠᠮ᠎ᠢ ᠰᠠᠨᠠᠭ᠎ᠠ ᠠᠮᠤᠷ ᠪᠠᠶ᠋ᠢᠯᠭ᠋ᠠᠬᠤ᠂ ᠤᠯᠤᠰ ᠵᠶ᠋ᠠᠨ ᠬᠠᠶ᠋ᠢᠷᠠᠯᠠᠵᠤ ᠬᠤᠪᠢ ᠨᠡᠮᠡᠷᠢ ᠦᠵᠡᠭᠦᠯᠭᠦ᠂ ᠦᠨᠳᠦᠰᠦᠲᠡᠨ ᠵᠶ᠋ᠠᠨ ᠰᠡᠷᠭᠦᠭᠡᠨ ᠮᠠᠨᠳᠤᠭᠤᠯᠬᠤ ᠬᠦᠨᠳᠦ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠥᠨ᠎ᠢ ᠨᠠᠩ ᠣᠯᠠᠨ ᠴᠢᠷᠮᠠᠶ᠋ᠢᠨ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢᠨ᠎ᠡ ᠴᠠᠭ ᠦᠶ᠎ᠡ ᠵᠢᠨ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠶ᠋ᠢᠭᠤᠯᠤᠯᠲᠠ ᠵᠢ ᠠᠬᠢᠭᠤᠯᠬᠤ ᠬᠤᠷᠠᠯ 5 ᠰᠠᠷ᠎ᠠ ᠵᠢᠨ 11᠎ᠤ ᠡᠳᠦᠷ ᠪᠡᠭᠡᠵᠢᠩ᠎ᠳᠤ ᠬᠤᠷᠠᠯᠳᠤᠪᠠ᠃ ᠬᠤᠷᠠᠯ ᠳᠡᠭᠡᠷ᠎ᠡ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠤᠯᠠᠮᠵᠢᠯᠠᠪᠠ᠃ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠶ᠋ᠢᠳ ᠳ᠋ᠢᠩ ᠰᠢᠤᠸᠠᠢ ᠰᠢᠶᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠳ᠋ᠢᠩ ᠰᠢᠤᠸᠠᠢ ᠰᠢᠶᠠᠩ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠭ᠋ᠠᠨ ᠬᠥᠮᠦᠵᠢᠯ᠎ᠤᠨ ᠤᠯᠤᠰ ᠲᠦᠷᠦ ᠵᠢᠨ ᠰᠢᠨᠵᠢ ᠴᠢᠨᠠᠷ᠂ ᠪᠠᠶ᠋ᠢᠯᠳᠤᠬᠤ ᠪᠣᠳᠣᠯᠭ᠎ᠠ ᠵᠢᠨ ᠰᠢᠨᠵᠢ ᠴᠢᠨᠠᠷ᠂ ᠠᠷᠠᠳ᠎ᠤᠨ ᠠᠮᠢᠳᠤᠷᠠᠯ᠎ᠤᠨ ᠰᠢᠨᠵᠢ ᠴᠢᠨᠠᠷ᠎ᠢ ᠪᠠᠲᠤ ᠡᠵᠡᠮᠳᠡᠵᠦ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠶ᠋ᠢᠭᠤᠯᠤᠯᠲᠠ ᠵᠢ ᠨᠠᠮ᠎ᠠᠴᠠ ᠰᠤᠷᠭ᠋ᠠᠨ ᠬᠥᠮᠦᠵᠢᠯ᠎ᠤᠨ ᠠᠵᠢᠯ᠎ᠢ ᠤᠳᠤᠷᠢᠳᠬᠤ ᠵᠢᠨ ᠴᠢᠬᠤᠯᠠ᠎ᠠᠴᠠ ᠴᠢᠬᠤᠯᠠ ᠵᠦᠢ᠍ᠯ ᠪᠤᠯᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠰᠢᠨ᠎ᠡ ᠡᠭᠦᠳᠦᠭᠰᠡᠨ ᠤᠨᠤᠯ ᠵᠶ᠋ᠠᠷ ᠵᠢᠯᠣᠭᠤᠳᠤᠯᠭ᠎ᠠ ᠪᠤᠯᠭ᠋ᠠᠵᠤ᠂ ᠰᠢᠨ᠎ᠡ ᠴᠠᠭ ᠦᠶ᠎ᠡ ᠵᠢᠨ ᠠᠭᠤᠤ ᠶᠡᠭᠡ ᠦᠢ᠍ᠯᠡᠳᠦᠯᠭᠡ᠎ᠳᠤ ᠰᠠᠭᠤᠷᠢᠯᠠᠵᠤ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠲᠠᠰᠤᠷᠠᠯᠳᠠ ᠦᠭᠡᠢ ᠠᠬᠢᠭᠤᠯᠵᠤ᠂ ᠨᠠᠮ᠎ᠤᠨ ᠦᠢ᠍ᠯᠡᠰ ᠪᠣᠯᠣᠨ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠵᠠᠯᠭ᠋ᠠᠮᠵᠢᠯᠠᠭᠴᠢ᠎ᠲᠠᠢ ᠪᠠᠶ᠋ᠢᠬᠤ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
ᠳ᠋ᠢᠩ ᠰᠢᠤᠸᠠᠢ ᠰᠢᠶᠠᠩ᠂ ᠰᠢᠨ᠎ᠡ ᠴᠠᠭ ᠦᠶ᠎ᠡ ᠰᠢᠨ᠎ᠡ ᠠᠶᠠᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠲᠠᠢ ᠨᠢᠭᠲᠠ ᠤᠶᠠᠯᠳᠤᠭᠤᠯᠵᠤ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠶ᠋ᠢᠭᠤᠯᠤᠯᠲᠠ ᠪᠣᠯᠣᠨ ᠨᠠᠮ᠎ᠤᠨ ᠰᠢᠨ᠎ᠡ ᠡᠭᠦᠳᠦᠭᠰᠡᠨ ᠤᠨᠤᠯ ᠵᠶ᠋ᠠᠷ ᠵᠡᠪᠰᠡᠭᠯᠡᠬᠦ ᠵᠢ ᠵᠡᠷᠭᠡ᠎ᠪᠠᠷ ᠠᠬᠢᠭᠤᠯᠬᠤ ᠵᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠥᠮᠦᠵᠢᠯ᠎ᠤᠨ ᠰᠢᠨ᠎ᠡ ᠪᠠᠶ᠋ᠢᠳᠠᠯ᠎ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠭᠤᠣᠯ ᠠᠭᠤᠯᠭ᠎ᠠ ᠪᠤᠯᠭ᠋ᠠᠬᠰᠠᠨ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠤᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠨᠠᠮ᠎ᠤᠨ ᠰᠢᠨ᠎ᠡ ᠡᠭᠦᠳᠦᠭᠰᠡᠨ ᠣᠨᠣᠯ᠎ᠤᠨ ᠬᠠᠮᠤᠭ᠎ᠤᠨ ᠰᠢᠨ᠎ᠡ ᠦᠷ᠎ᠡ ᠪᠦᠲᠦᠭᠡᠯ᠎ᠢ ᠲᠠᠷᠢᠬᠢᠨ᠎ᠳᠤ ᠬᠠᠳᠠᠩᠰᠢᠭᠤᠯᠤᠨ ᠰᠡᠳᠬᠢᠯ᠎ᠳᠤ ᠰᠠᠭᠤᠭᠳᠠᠭᠤᠯᠬᠤ ᠵᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠠᠭᠤᠤ ᠶᠡᠭᠡ ᠠᠮᠵᠢᠯᠲᠠ ᠪᠦᠲᠦᠮᠵᠢ ᠵᠢᠨ ᠬᠥᠮᠥᠵᠢᠭᠦᠯᠦᠨ ᠤᠷᠮᠠᠰᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠠᠭᠤᠯᠭ᠎ᠠ ᠵᠢ ᠪᠠᠶᠠᠯᠢᠭᠵᠢᠭᠤᠯᠤᠨ᠂ ᠰᠢᠨ᠎ᠡ ᠴᠠᠭ ᠦᠶ᠎ᠡ ᠵᠢᠨ ᠥᠯᠢᠭᠡᠷ᠎ᠢ ᠰᠠᠶ᠋ᠢᠲᠤᠷ ᠶᠠᠷᠢᠵᠤ᠂ ᠰᠤᠷᠤᠬ᠍ᠴᠢᠳ᠎ᠢ ᠬᠥᠲᠥᠯᠥᠨ ᠵᠢᠯᠤᠭᠤᠳᠴᠤ ᠨᠠᠮ᠎ᠤᠨ ᠰᠢᠨ᠎ᠡ ᠡᠭᠦᠳᠦᠭᠰᠡᠨ ᠣᠨᠣᠯ᠎ᠤᠨ ᠦᠢ᠍ᠯᠡᠳᠦᠯᠭᠡ ᠵᠢᠨ ᠠᠤᠭ᠎ᠠ ᠬᠦᠴᠦᠨ᠎ᠢ ᠮᠡᠳᠡᠷᠡᠭᠦᠯᠬᠦ ᠬᠡᠷᠡᠭᠲᠡᠢ᠃ 《 ᠦᠵᠡᠯ ᠰᠠᠨᠠᠭ᠎ᠠ ᠤᠯᠤᠰ ᠲᠥᠷᠥ ᠵᠢᠨ ᠬᠠᠮ ᠬᠢᠴᠢᠶᠡᠯ 》 ᠵᠶ᠋ᠠᠷ ᠪᠦᠭᠦ ᠲᠠᠯ᠎ᠠ᠎ᠪᠠᠷ ᠬᠥᠮᠥᠨ ᠬᠥᠮᠥᠵᠢᠭᠦᠯᠬᠦ ᠰᠢᠨ᠎ᠡ ᠪᠠᠶ᠋ᠢᠷᠢᠰᠢᠯ᠎ᠢ ᠥᠷᠭᠡᠳᠬᠡᠵᠦ᠂ ᠦᠵᠡᠯ ᠰᠠᠨᠠᠭ᠎ᠠ ᠤᠯᠤᠰ ᠲᠥᠷᠥ ᠵᠢᠨ ᠵᠢᠵᠢᠭ ᠬᠢᠴᠢᠶᠡᠯ᠎ᠤᠨ ᠲᠠᠩᠬᠢᠮ ᠪᠠ ᠨᠡᠶ᠋ᠢᠭᠡᠮ᠎ᠤᠨ ᠶᠡᠭᠡ ᠬᠢᠴᠢᠶᠡᠯ᠎ᠤᠨ ᠲᠠᠩᠬᠢᠮ᠎ᠢ ᠤᠶᠠᠯᠳᠤᠭᠤᠯᠵᠤ᠂ ᠰᠤᠷᠤᠬ᠍ᠴᠢᠳ᠎ᠲᠤ ᠤᠯᠤᠰ᠎ᠤᠨ ᠪᠠᠶ᠋ᠢᠳᠠᠯ ᠠᠷᠠᠳ᠎ᠤᠨ ᠪᠠᠶ᠋ᠢᠳᠠᠯ᠎ᠢ ᠨᠠᠩ ᠰᠠᠶ᠋ᠢᠲᠤᠷ ᠣᠶ᠋ᠢᠯᠠᠭ᠋ᠠᠭᠤᠯᠬᠤ ᠵᠢ ᠠᠬᠢᠭᠤᠯᠵᠤ᠂ ᠬᠦᠰᠡᠯᠡᠩ ᠢᠲᠡᠭᠡᠯ ᠪᠢᠰᠢᠷᠡᠯ᠎ᠢ᠎ᠨᠢ ᠪᠠᠲᠤᠳᠬᠠᠬᠤ ᠬᠡᠷᠡᠭᠲᠡᠢ᠃ ᠰᠤᠷᠭ᠋ᠠᠨ ᠬᠥᠮᠦᠵᠢᠯ᠎ᠤᠨ ᠵᠢᠮ᠎ᠡ ᠶᠣᠰᠣ ᠵᠢ ᠵᠢᠷᠤᠮᠯᠠᠵᠤ᠂ ᠶᠡᠭᠡ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠰᠤᠷᠭ᠋ᠠᠨ ᠬᠥᠮᠦᠵᠢᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠬᠢᠴᠢᠶᠡᠯ᠎ᠤᠨ ᠬᠠᠷᠠᠯᠲᠠ ᠵᠢ ᠠᠯᠬᠤᠮ ᠳᠠᠷᠠᠭ᠎ᠠ᠎ᠲᠠᠢ᠎ᠪᠠᠷ᠂ ᠱᠠᠲᠤ ᠱᠠᠲᠤ᠎ᠪᠠᠷ ᠳᠡᠭᠡᠭᠰᠢᠯᠡᠭᠦᠯᠦᠨ ᠲᠥᠯᠥᠪᠯᠡᠵᠦ᠂ ᠰᠤᠷᠤᠬ᠍ᠴᠢᠳ᠎ᠤᠨ ᠦᠵᠡᠯ ᠰᠠᠨᠠᠭ᠎ᠠ᠂ ᠰᠤᠷᠤᠯᠴᠠᠯᠭ᠎ᠠ ᠪᠠ ᠠᠮᠢᠳᠤᠷᠠᠯ᠎ᠤᠨ ᠪᠣᠳᠠᠲᠤ ᠪᠠᠶ᠋ᠢᠳᠠᠯ᠎ᠳᠤ ᠣᠶ᠋ᠢᠷᠠᠲᠤᠭᠤᠯᠵᠤ᠂ ᠰᠤᠷᠤᠬ᠍ᠴᠢᠳ᠎ᠢ ᠰᠣᠨᠣᠰᠬᠤ ᠳᠤᠷᠠᠲᠠᠢ ᠰᠤᠷᠤᠯᠴᠠᠬᠤ ᠳᠤᠷᠠᠲᠠᠢ ᠪᠤᠯᠭ᠋ᠠᠵᠤ᠂ ᠣᠶ᠋ᠢᠯᠠᠭ᠋ᠠᠭᠤᠯᠤᠨ ᠡᠵᠡᠮᠰᠢᠭᠦᠯᠬᠦ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠢᠭ᠋ᠠᠨ ᠰᠤᠷᠭ᠋ᠠᠯᠲᠠ ᠵᠢ ᠲᠡᠷᠢᠭᠦᠨ᠎ᠳᠤ ᠲᠠᠯᠪᠢᠬᠤ ᠵᠢ ᠳᠣᠪᠤᠶ᠋ᠢᠯᠭ᠋ᠠᠬᠰᠠᠨ ᠦᠨᠡᠯᠡᠯᠲᠡ ᠵᠢᠨ ᠰᠢᠰᠲ᠋ᠧᠮ᠎ᠢ ᠪᠦᠷᠢᠨᠰᠢᠭᠦᠯᠵᠦ᠂ ᠪᠠᠭᠰᠢ ᠵᠢᠨ ᠪᠠᠶ᠋ᠢᠷᠢ ᠰᠠᠭᠤᠷᠢ ᠪᠠ ᠬᠥᠯᠥᠰᠦ ᠣᠯᠭᠤᠮᠵᠢ ᠵᠢ ᠪᠠᠲᠤᠯᠠᠬᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠵᠤ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠶ᠋ᠢᠭᠤᠯᠤᠯᠲᠠ ᠵᠢᠨ ᠬᠦᠴᠦᠷᠬᠡᠭ ᠶᠡᠭᠡ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠲᠥᠪ᠎ᠤᠨ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠬᠤᠷᠢᠶ᠎ᠠ ᠵᠢᠨ ᠠᠯᠪᠠᠨ ᠭᠡᠷ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠪᠡᠭᠡᠵᠢᠩ ᠬᠤᠲᠠ᠂ ᠹᠦᠵᠢᠶᠠᠨ ᠮᠤᠵᠢ᠂ ᠳᠤᠮᠳᠠᠳᠤ ᠤᠯᠤᠰ᠎ᠤᠨ ᠠᠷᠠᠳ᠎ᠤᠨ ᠶᠡᠭᠡ ᠰᠤᠷᠭ᠋ᠠᠭᠤᠯᠢ᠂ ᠹᠦᠳᠠᠨ ᠶᠡᠭᠡ ᠰᠤᠷᠭ᠋ᠠᠭᠤᠯᠢ᠂ ᠵᠡᠭᠦᠨ ᠬᠤᠶ᠋ᠢᠲᠤ ᠵᠢᠨ ᠪᠠᠭᠰᠢ ᠵᠢᠨ ᠶᠡᠭᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ᠂ ᠴᠠᠩᠱ᠌ᠠ ᠬᠤᠲᠠ ᠵᠢᠨ ᠢᠦᠢ ᠶᠢᠩ ᠪᠠᠭ᠎ᠠ ᠰᠤᠷᠭ᠋ᠠᠭᠤᠯᠢ ᠵᠢᠨ ᠬᠤᠯᠪᠣᠭᠳᠠᠯ ᠪᠦᠬᠦᠢ ᠨᠥᠬᠦᠳ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃
ᠯᠢ ᠭᠠᠨ ᠵᠢᠶᠧ᠂ ᠯᠢ ᠱᠤ᠌ ᠯᠧᠢ ᠬᠤᠷᠠᠯ᠎ᠳᠤ ᠣᠷᠣᠯᠴᠠᠪᠠ᠃
ᠲᠥᠪ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠭᠦᠨ᠂ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠰᠢᠯᠢᠳᠡᠭ ᠪᠠᠭᠰᠢ ᠨᠠᠷ᠎ᠤᠨ ᠲᠥᠯᠥᠭᠡᠯᠡᠭᠴᠢᠳ ᠬᠤᠷᠠᠯ᠎ᠳᠤ ᠣᠷᠣᠯᠴᠠᠵᠠᠢ᠃
ᠬᠤᠷᠠᠯ᠎ᠠᠴᠠ ᠡᠮᠦᠨ᠎ᠡ᠂ ᠳ᠋ᠢᠩ ᠰᠢᠤᠸᠠᠢ ᠰᠢᠶᠠᠩ ᠪᠡᠭᠡᠵᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠭᠡ ᠰᠤᠷᠭ᠋ᠠᠭᠤᠯᠢ ᠪᠣᠯᠣᠨ ᠪᠡᠭᠡᠵᠢᠩ ᠬᠤᠳᠠ ᠵᠢᠨ 159 ᠳ᠋ᠦ᠍ᠭᠡᠷ ᠳᠤᠮᠳᠠᠳᠤ ᠰᠤᠷᠭ᠋ᠠᠭᠤᠯᠢ᠎ᠳᠤ ᠪᠠᠶ᠋ᠢᠴᠠᠭ᠋ᠠᠨ ᠰᠤᠳᠤᠯᠤᠯᠲᠠ ᠬᠢᠵᠦ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠰᠦᠯᠵᠢᠶᠡᠨ ᠳᠡᠭᠡᠷ᠎ᠡ ᠪᠠ ᠬᠢᠴᠢᠶᠡᠯ᠎ᠤᠨ ᠲᠠᠩᠬᠢᠮ᠎ᠳᠤ ᠬᠠᠮᠲᠤ᠎ᠪᠠᠷ ᠬᠢᠴᠢᠶᠡᠯ ᠪᠡᠯᠡᠳᠬᠡᠵᠦ ᠪᠠᠶ᠋ᠢᠭ᠎ᠠ ᠪᠠᠶ᠋ᠢᠳᠠᠯ᠎ᠢ ᠣᠶ᠋ᠢᠯᠠᠭ᠋ᠠᠵᠤ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠲᠤᠬᠠᠢ ᠵᠢᠨ ᠲᠠᠯᠠᠪᠠᠢ ᠵᠢᠨ ᠵᠢᠭ᠋ᠠᠨ ᠰᠤᠷᠭ᠋ᠠᠯᠲᠠ ᠵᠢ ᠰᠣᠨᠣᠰᠴᠤ᠂ ᠪᠠᠭᠰᠢ ᠪᠣᠯᠣᠨ ᠰᠤᠷᠤᠬ᠍ᠴᠢᠳ᠎ᠲᠠᠢ ᠰᠠᠨᠠᠯ ᠵᠶ᠋ᠠᠨ ᠰᠣᠯᠢᠯᠴᠠᠪᠠ᠃