ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠫᠠᠷᠢᠰ᠎ᠲᠤ ᠬᠦᠷᠴᠦ ᠹᠷᠠᠨᠼᠢ᠎ᠳᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠵᠦ ᠡᠬᠢᠯᠡᠪᠡ
ᠨᠡᠶ᠋ᠢᠲᠡᠯᠡᠭᠰᠡᠨ ᠴᠠᠭ᠄ 2024-05-13

      ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 5᠎ᠤ ᠦᠳᠡ ᠵᠢᠨ ᠬᠤᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠲᠤᠰᠬᠠᠢ ᠨᠢᠰᠬᠡᠯ ᠵᠶ᠋ᠠᠷ ᠫᠠᠷᠢᠰ᠎ᠲᠤ ᠬᠦᠷᠴᠦ᠂ ᠪᠦᠭᠦᠳᠠ ᠨᠠᠶ᠋ᠢᠷᠠᠮᠳᠠᠭ᠍ᠤ ᠹᠷᠠᠨᠼᠢ ᠤᠯᠤᠰ᠎ᠤᠨ ᠶᠡᠷᠦᠩᠬᠡᠶ᠋ᠢᠯᠡᠭᠴᠢ ᠮᠠᠶ᠋ᠢᠺᠷᠤᠨ᠎ᠤ ᠤᠷᠢᠯᠭ᠎ᠠ᠎ᠪᠠᠷ ᠹᠷᠠᠨᠼᠢ᠎ᠳᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠪᠡ᠃
      ᠰᠢ ᠵᠢᠨ ᠫᠢᠩ ᠲᠤᠰᠬᠠᠢ ᠨᠢᠰᠬᠡᠯ ᠵᠶ᠋ᠠᠷ ᠫᠠᠷᠢᠰ᠎ᠤᠨ ᠣᠯᠢ ᠨᠢᠰᠬᠡᠯ᠎ᠤᠨ ᠪᠠᠭᠤᠳᠠᠯ᠎ᠳᠤ ᠬᠦᠷᠬᠦ ᠦᠶ᠎ᠡ᠎ᠳᠤ᠂ ᠹᠷᠠᠨᠼᠢ ᠵᠢᠨ ᠶᠡᠷᠦᠩᠬᠡᠢ ᠰᠠᠶ᠋ᠢᠳ ᠠᠲ᠋ᠠᠯ ᠵᠡᠷᠭᠡ ᠹᠷᠠᠨᠼᠢ ᠵᠢᠨ ᠵᠠᠰᠠᠭ᠎ᠤᠨ ᠣᠷᠳᠣᠨ᠎ᠤ ᠳᠡᠭᠡᠳᠦ ᠲᠡᠰ᠎ᠤᠨ ᠲᠥᠯᠥᠭᠡᠯᠡᠭᠴᠢ ᠬᠠᠯᠠᠭᠤᠨ ᠵᠶ᠋ᠠᠷ ᠤᠭᠲᠤᠵᠠᠢ᠃


6385058575899930125251420.jpg


      ᠲᠤᠬᠠᠢ ᠵᠢᠨ ᠭᠠᠵᠠᠷ᠎ᠤᠨ ᠴᠠᠭ ᠵᠶ᠋ᠠᠷ 5 ᠰᠠᠷ᠎ᠠ ᠵᠢᠨ 5᠎ᠤ ᠦᠳᠡ ᠵᠢᠨ ᠬᠤᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠲᠤᠰᠬᠠᠢ ᠨᠢᠰᠬᠡᠯ ᠵᠶ᠋ᠠᠷ ᠫᠠᠷᠢᠰ᠎ᠲᠤ ᠬᠦᠷᠴᠦ᠂ ᠪᠦᠭᠦᠳᠠ ᠨᠠᠶ᠋ᠢᠷᠠᠮᠳᠠᠭ᠍ᠤ ᠹᠷᠠᠨᠼᠢ ᠤᠯᠤᠰ᠎ᠤᠨ ᠶᠡᠷᠦᠩᠬᠡᠶ᠋ᠢᠯᠡᠭᠴᠢ ᠮᠠᠶ᠋ᠢᠺᠷᠤᠨ᠎ᠤ ᠤᠷᠢᠯᠭ᠎ᠠ᠎ᠪᠠᠷ ᠹᠷᠠᠨᠼᠢ ᠎ᠳᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠪᠡ᠃ ᠰᠢ ᠵᠢᠨ ᠫᠢᠩ ᠲᠤᠰᠬᠠᠢ ᠨᠢᠰᠬᠡᠯ ᠵᠶ᠋ᠠᠷ ᠫᠠᠷᠢᠰ᠎ᠤᠨ ᠣᠯᠢ ᠨᠢᠰᠬᠡᠯ᠎ᠤᠨ ᠪᠠᠭᠤᠳᠠᠯ᠎ᠳᠤ ᠬᠦᠷᠬᠦ ᠦᠶ᠎ᠡ᠎ᠳᠤ᠂ ᠹᠷᠠᠨᠼᠢ ᠵᠢᠨ ᠶᠡᠷᠦᠩᠬᠡᠢ ᠰᠠᠶ᠋ᠢᠳ ᠠᠲ᠋ᠠᠯ ᠵᠡᠷᠭᠡ ᠹᠷᠠᠨᠼᠢ ᠵᠢᠨ ᠵᠠᠰᠠᠭ᠎ᠤᠨ ᠣᠷᠳᠣᠨ᠎ᠤ ᠳᠡᠭᠡᠳᠦ ᠲᠡᠰ᠎ᠤᠨ ᠲᠥᠯᠥᠭᠡᠯᠡᠭᠴᠢ ᠬᠠᠯᠠᠭᠤᠨ ᠵᠶ᠋ᠠᠷ ᠤᠭᠲᠤᠪᠠ᠃
      ᠰᠢᠠᠭ᠍ᠤᠸᠠ ᠬᠤᠷᠢᠶ᠎ᠠ ᠵᠢᠨ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ


      ᠰᠢ ᠵᠢᠨ ᠫᠢᠩ ᠪᠢᠴᠢᠭ᠎ᠤᠨ ᠭᠡᠯᠪᠡᠷᠢ᠎ᠪᠠᠷ ᠶᠠᠷᠢᠶ᠎ᠠ ᠲᠠᠯᠪᠢᠪᠠ᠃ ᠰᠢ ᠵᠢᠨ ᠫᠢᠩ᠂ ᠪᠢ ᠹᠷᠠᠨᠼᠢ᠎ᠳᠤ ᠭᠤᠷᠪᠠᠳᠠᠭᠢ ᠤᠳᠠᠭ᠎ᠠ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠵᠦ᠂ ᠹᠷᠠᠨᠼᠢ ᠵᠢᠨ ᠠᠷᠠᠳ ᠲᠦᠮᠡᠨ᠎ᠲᠠᠢ ᠬᠠᠮᠲᠤ᠎ᠪᠠᠷ ᠳᠤᠮᠳᠠᠳᠤ ᠹᠷᠠᠨᠼᠢ ᠵᠢᠨ ᠬᠠᠷᠢᠯᠴᠠᠭ᠎ᠠ ᠪᠠᠶ᠋ᠢᠭᠤᠯᠤᠭᠰᠠᠨ 60 ᠵᠢᠯ᠎ᠤᠨ ᠤᠢ ᠵᠢ ᠪᠡᠯᠭᠡᠯᠡᠬᠦ ᠪᠣᠯᠤᠭᠰᠠᠨ᠎ᠳᠠᠭᠠᠨ ᠮᠠᠰᠢ ᠪᠠᠶᠠᠷ᠎ᠲᠠᠢ ᠪᠠᠶ᠋ᠢᠨ᠎ᠠ᠃ ᠳᠣᠷᠣᠨᠠᠳᠠᠬᠢᠨ ᠥᠷᠥᠨᠡᠳᠠᠬᠢᠨ᠎ᠤ ᠪᠣᠯᠪᠠᠰᠤᠨ᠎ᠤ ᠴᠢᠬᠤᠯᠠ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ ᠪᠣᠯᠣᠨ ᠹᠷᠠᠨᠼᠢ ᠤᠷᠳᠤ ᠬᠤᠭᠤᠴᠠᠭ᠋ᠠᠨ᠎ᠤ ᠲᠤᠷᠰᠢ ᠬᠠᠷᠢᠯᠴᠠᠨ ᠪᠠᠭ᠍ᠠᠷᠬᠠᠵᠤ᠂ ᠬᠠᠷᠢᠯᠴᠠᠨ ᠬᠠᠯᠠᠮᠵᠢᠯᠠᠭᠰᠠᠭ᠋ᠠᠷ ᠢᠷᠡᠵᠠᠢ᠃ 60 ᠵᠢᠯ᠎ᠤᠨ ᠡᠮᠦᠨ᠎ᠡ᠂ ᠳᠤᠮᠳᠠᠳᠤ ᠹᠷᠠᠨᠼᠢ ᠬᠤᠶᠠᠷ ᠤᠯᠤᠰ ᠬᠦᠢ᠍ᠲᠡᠨ ᠲᠠᠶ᠋ᠢᠨ᠎ᠤ ᠲᠣᠳᠬᠠᠷ᠎ᠢ ᠰᠢᠪᠲᠤᠯᠵᠤ᠂ ᠡᠯᠴᠢᠨ ᠰᠠᠶ᠋ᠢᠳ᠎ᠤᠨ ᠲᠡᠰ᠎ᠤᠨ ᠭᠠᠳᠠᠭ᠋ᠠᠳᠤ ᠬᠠᠷᠢᠯᠴᠠᠭ᠎ᠠ ᠪᠠᠶ᠋ᠢᠭᠤᠯᠪᠠ᠃ 60 ᠵᠢᠯ᠎ᠤᠨ ᠲᠤᠷᠰᠢ᠂ ᠳᠤᠮᠳᠠᠳᠤ ᠹᠷᠠᠨᠼᠢ ᠵᠢᠨ ᠬᠠᠷᠢᠯᠴᠠᠭ᠎ᠠ ᠢᠮᠠᠭᠲᠠ ᠳᠤᠮᠳᠠᠳᠤ ᠤᠯᠤᠰ ᠪᠣᠯᠣᠨ ᠥᠷᠥᠨᠡᠳᠠᠬᠢᠨ᠎ᠤ ᠤᠯᠤᠰ᠎ᠤᠳ᠎ᠤᠨ ᠬᠠᠷᠢᠯᠴᠠᠭ᠋ᠠᠨ᠎ᠤ ᠡᠮᠦᠨ᠎ᠡ ᠡᠩᠨᠡᠭᠡᠨ᠎ᠳᠤ ᠬᠤᠰᠢᠭᠤᠷᠠᠪᠠ᠃ ᠳᠤᠮᠳᠠᠳᠤ ᠹᠷᠠᠨᠼᠢ ᠵᠢᠨ ᠬᠠᠷᠢᠯᠴᠠᠭ᠎ᠠ ᠵᠢᠨ ᠬᠥᠭᠵᠢᠯᠲᠡ ᠎ᠨᠢ ᠬᠤᠶᠠᠷ ᠤᠯᠤᠰ᠎ᠤᠨ ᠠᠷᠠᠳ ᠲᠦᠮᠡᠨ᠎ᠳᠤ ᠪᠤᠶᠠᠨ ᠵᠢᠷᠭ᠋ᠠᠯ ᠠᠪᠴᠢᠷᠠᠵᠤ ᠥᠭᠭᠦᠭᠰᠡᠨ ᠵᠶ᠋ᠠᠷ ᠪᠠᠷᠠᠭ᠍ᠤ ᠦᠭᠡᠢ᠂ ᠪᠠᠰᠠ ᠣᠷᠤᠭ᠎ᠠ ᠪᠤᠰᠬᠠᠭ᠎ᠠ ᠳᠡᠯᠡᠬᠡᠢ ᠶᠢᠷᠲᠢᠨᠴᠦ᠎ᠳᠤ ᠲᠣᠭᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠪᠡ᠃ ᠠᠶ᠋ᠢᠯᠴᠢᠯᠠᠯᠲᠠ ᠵᠢᠨ ᠬᠤᠭᠤᠴᠠᠭ᠋ᠠᠨ᠎ᠳᠤ᠂ ᠪᠢ ᠶᠡᠷᠦᠩᠬᠡᠶ᠋ᠢᠯᠡᠭᠴᠢ ᠮᠠᠶ᠋ᠢᠺᠷᠤᠨ᠎ᠲᠠᠢ ᠰᠢᠨ᠎ᠡ ᠪᠠᠶ᠋ᠢᠳᠠᠯ ᠳᠣᠣᠷᠠᠬᠢ ᠳᠤᠮᠳᠠᠳᠤ ᠹᠷᠠᠨᠼᠢ᠂ ᠳᠤᠮᠳᠠᠳᠤ ᠡᠸᠦ᠋ᠷᠦᠫᠡ ᠵᠢᠨ ᠬᠠᠷᠢᠯᠴᠠᠭ᠋ᠠᠨ᠎ᠤ ᠬᠥᠭᠵᠢᠯᠲᠡ ᠵᠢᠴᠢ ᠣᠳᠣᠬᠠᠨ᠎ᠤ ᠳᠡᠯᠡᠬᠡᠢ ᠵᠢᠨ ᠪᠠ ᠭᠠᠵᠠᠷ ᠣᠷᠣᠨ᠎ᠤ ᠴᠢᠬᠤᠯᠠ ᠶᠡᠭᠡ ᠠᠰᠠᠭᠤᠳᠠᠯ᠎ᠤᠨ ᠲᠤᠬᠠᠢ ᠰᠠᠨᠠᠯ ᠵᠶ᠋ᠠᠨ ᠭᠦᠨᠵᠡᠭᠡᠢ ᠰᠣᠯᠢᠯᠴᠠᠨ᠎ᠠ᠃ ᠪᠢ ᠡᠨᠡ ᠤᠳᠠᠭ᠎ᠠ ᠵᠢᠨ ᠠᠶ᠋ᠢᠯᠴᠢᠯᠠᠯᠲᠠ᠎ᠪᠠᠷ ᠳᠠᠮᠵᠢᠨ᠂ ᠬᠤᠶᠠᠷ ᠤᠯᠤᠰ᠎ᠤᠨ ᠤᠯᠠᠮᠵᠢᠯᠠᠯᠲᠤ ᠨᠥᠬᠦᠷᠯᠡᠯ ᠵᠶ᠋ᠠᠨ ᠪᠠᠬᠢᠵᠢᠭᠦᠯᠵᠦ᠂ ᠤᠯᠤᠰ ᠲᠦᠷᠦ ᠵᠢᠨ ᠢᠲᠡᠭᠡᠯᠴᠡᠭᠡ᠎ᠪᠠᠨ ᠨᠡᠮᠡᠭᠳᠡᠭᠦᠯᠵᠦ᠂ ᠪᠠᠶ᠋ᠢᠯᠳᠤᠬᠤ ᠪᠣᠳᠣᠯᠭ᠎ᠠ ᠵᠢᠨ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠵᠤ᠂ ᠡᠯ᠎ᠡ ᠬᠦᠷᠢᠶᠡᠨ᠎ᠤ ᠰᠣᠯᠢᠯᠴᠠᠭ᠎ᠠ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠲᠡᠦᠬᠡ ᠵᠢᠨ ᠭᠠᠯ ᠪᠠᠮᠪᠠᠷ ᠵᠶ᠋ᠠᠷ ᠤᠷᠤᠭᠰᠢᠯᠠᠯᠲᠠ  ᠵᠢᠨ ᠵᠠᠮ ᠵᠶ᠋ᠠᠨ ᠭᠡᠷᠡᠯᠳᠦᠭᠦᠯᠵᠦ᠂ ᠳᠤᠮᠳᠠᠳᠤ ᠹᠷᠠᠨᠼᠢ ᠵᠢᠨ ᠬᠠᠷᠢᠯᠴᠠᠭ᠎ᠠ ᠵᠢᠨ ᠨᠡᠩ ᠰᠠᠶ᠋ᠢᠨ ᠰᠠᠶ᠋ᠢᠬᠠᠨ ᠢᠷᠡᠭᠡᠳᠦᠢ ᠵᠢ ᠴᠣᠭᠴᠠᠯᠠᠵᠤ᠂ ᠳᠡᠯᠡᠬᠡᠢ ᠵᠢᠨ ᠡᠩᠬᠡ ᠲᠠᠶ᠋ᠢᠪᠤᠩ᠂ ᠲᠣᠭᠲᠠᠭᠤᠨ᠂ ᠬᠥᠭᠵᠢᠯᠲᠡ᠎ᠳᠤ ᠰᠢᠨ᠎ᠡ ᠬᠤᠪᠢ ᠨᠡᠮᠡᠷᠢ ᠦᠵᠡᠭᠦᠯᠭᠦ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
      ᠲᠡᠷᠢᠭᠦᠯᠡᠭᠴᠢ ᠰᠢ ᠵᠢᠨ ᠫᠢᠩ᠎ᠤᠨ ᠬᠠᠳᠤᠨ ᠫᠧᠩ ᠯᠢ ᠶᠤᠸᠠᠨ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠥᠪ ᠬᠤᠷᠢᠶ᠎ᠠ ᠵᠢᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ᠂ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠶ᠋ᠢᠳ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠵᠶ᠋ᠠᠷ ᠬᠠᠮᠲᠤ ᠬᠦᠷᠴᠡᠢ᠃
      ᠹᠷᠠᠨᠼᠢ᠎ᠳᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠶ᠋ᠢᠳ ᠯᠦ᠍ ᠱᠠ ᠶᠧ ᠪᠠᠰᠠ ᠨᠢᠰᠬᠡᠯ᠎ᠤᠨ ᠪᠠᠭᠤᠳᠠᠯ᠎ᠳᠤ ᠬᠦᠷᠴᠦ ᠤᠭᠲᠤᠪᠠ᠃
      ᠰᠢ ᠵᠢᠨ ᠫᠢᠩ ᠮᠠᠰᠢᠨ ᠲᠡᠷᠭᠡᠨ᠎ᠳᠤ ᠰᠠᠭᠤᠵᠤ ᠨᠢᠰᠬᠡᠯ᠎ᠤᠨ ᠪᠠᠭᠤᠳᠠᠯ᠎ᠠᠴᠠ ᠪᠠᠭᠤᠳᠠᠯᠯᠠᠭᠰᠠᠨ ᠵᠣᠴᠢᠳ᠎ᠤᠨ ᠪᠠᠭᠤᠳᠠᠯ ᠵᠦᠭ ᠶᠠᠪᠤᠬᠤ ᠵᠠᠮ ᠵᠠᠭᠤᠷ᠎ᠠ ᠳᠤᠮᠳᠠᠳᠤ ᠵᠢᠨ ᠬᠠᠷᠢᠶᠠᠲᠤ ᠪᠣᠯᠣᠨ ᠳᠤᠮᠳᠠᠳᠤ ᠤᠯᠤᠰ᠎ᠤᠨ ᠭᠠᠳᠠᠭ᠋ᠠᠳᠤ᠎ᠳᠤ ᠰᠤᠷᠤᠯᠴᠠᠵᠤ ᠪᠠᠶ᠋ᠢᠭ᠎ᠠ ᠰᠤᠷᠤᠬ᠍ᠴᠢᠳ ᠰᠠᠨᠠᠭ᠋ᠠᠴᠢᠯᠠᠭ᠎ᠠ᠎ᠠᠴᠠ᠎ᠪᠠᠨ ᠵᠠᠮ᠎ᠤᠨ ᠬᠤᠶᠠᠷ ᠬᠠᠵᠠᠭᠤ᠎ᠪᠠᠷ ᠵᠣᠭᠰᠣᠨ ᠬᠦᠯᠢᠶᠡᠵᠦ᠂ 《ᠳᠤᠮᠳᠠᠳᠤ ᠹᠷᠠᠨᠼᠢ ᠵᠢᠨ ᠨᠥᠬᠦᠷᠯᠡᠯ ᠮᠠᠨᠳᠤᠲᠤᠭ᠋ᠠᠢ!》᠂ 《ᠲᠡᠷᠢᠭᠦᠯᠡᠭᠴᠢ ᠰᠢ ᠵᠢᠨ ᠫᠢᠩ᠎ᠤᠨ ᠹᠷᠠᠨᠼᠢ᠎ᠳᠤ ᠠᠶ᠋ᠢᠯᠴᠢᠯᠠᠵᠤ ᠲᠡᠭᠦᠰ ᠠᠮᠵᠢᠯᠲᠠ ᠣᠯᠬᠤ ᠵᠢ ᠬᠦᠰᠡᠨ ᠵᠥᠩᠨᠡᠶ᠎ᠡ!》 ᠵᠡᠷᠭᠡ ᠤᠯᠠᠭ᠋ᠠᠨ ᠬᠥᠨᠳᠡᠯᠡᠨ ᠪᠢᠴᠢᠭᠡᠰᠦ ᠵᠢ ᠥᠨᠳᠥᠷ ᠡᠷᠭᠦᠵᠦ᠂ ᠳᠤᠮᠳᠠᠳᠤ ᠹᠷᠠᠨᠼᠢ ᠬᠤᠶᠠᠷ ᠤᠯᠤᠰ᠎ᠤᠨ ᠤᠯᠤᠰ᠎ᠤᠨ ᠲᠤᠭ᠎ᠢ ᠬᠤᠷᠤᠶ᠋ᠢᠯᠠᠵᠤ᠂ ᠬᠠᠷᠠᠩᠭ᠎ᠠ ᠬᠡᠩᠭᠡᠷᠭᠡ ᠳᠡᠯᠡᠳᠴᠦ᠂ ᠯᠣᠣ ᠠᠷᠰᠯᠠᠨ ᠲᠣᠭᠯᠠᠭᠤᠯᠵᠤ᠂ ᠲᠡᠷᠢᠭᠦᠯᠡᠭᠴᠢ ᠰᠢ ᠵᠢᠨ ᠫᠢᠩ᠎ᠤᠨ ᠠᠶ᠋ᠢᠯᠴᠢᠯᠠᠷ᠎ᠠ ᠢᠷᠡᠭᠰᠡᠨ᠎ᠢ ᠬᠠᠯᠠᠭᠤᠨ ᠵᠶ᠋ᠠᠷ ᠤᠭᠲᠤᠪᠠ᠃

 

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠰᠧᠷᠪᠢᠶ᠎ᠠ ᠵᠢᠨ ᠶᠡᠷᠦᠩᠬᠡᠶ᠋ᠢᠯᠡᠭᠴᠢ ᠥᠴᠢᠴᠢ᠎ᠲᠠᠢ ᠬᠡᠯᠡᠯᠴᠡᠭᠡ ᠬᠢᠪᠡ
ᠰᠢ ᠵᠢᠨ ᠫᠢᠩ ᠪᠦᠳᠠᠫᠧᠰᠲ᠎ᠲᠤ ᠬᠦᠷᠴᠦ ᠬᠠᠩᠭ᠋ᠠᠷᠢ᠎ᠳᠠᠬᠢ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ᠎ᠪᠠᠨ ᠡᠬᠢᠯᠡᠭᠦᠯᠪᠡ
ᠰᠢ ᠵᠢᠨ ᠫᠢᠩ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠶ᠋ᠢᠭᠤᠯᠤᠯᠲᠠ᠎ᠳᠤ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠰᠢᠨ᠎ᠡ ᠴᠠᠭ ᠦᠶ᠎ᠡ ᠵᠢᠨ ᠦᠵᠡᠯ ᠰᠠᠨᠠᠭ᠎ᠠ ᠤᠯᠤᠰ ᠲᠥᠷᠥ ᠵᠢᠨ ᠰᠤᠷᠭ᠋ᠠᠨ ᠬᠥᠮᠦᠵᠢᠯ᠎ᠤᠨ ᠰᠢᠨ᠎ᠡ ᠪᠠᠶ᠋ᠢᠳᠠᠯ᠎ᠢ ᠲᠠᠰᠤᠷᠠᠯᠲᠠ ᠦᠭᠡᠢ ᠡᠭᠦᠳᠴᠦ ᠨᠠᠮ᠎ᠢ ᠰᠠᠨᠠᠭ᠎ᠠ ᠠᠮᠤᠷ ᠪᠠᠶ᠋ᠢᠯᠭ᠋ᠠᠬᠤ ᠤᠯᠤᠰ ᠵᠶ᠋ᠠᠨ ᠬᠠᠶ᠋ᠢᠷᠠᠯᠠᠵᠤ ᠬᠤᠪᠢ ᠨᠡᠮᠡᠷᠢ ᠦᠵᠡᠭᠦᠯᠭᠦ ᠦᠨᠳᠦᠰᠦᠲᠡᠨ ᠵᠶ᠋ᠠᠨ ᠰᠡᠷᠭᠦᠭᠡᠨ ᠮᠠᠨᠳᠤᠭᠤᠯᠬᠤ ᠬᠦᠨᠳᠦ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠥᠨ᠎ᠢ ᠨᠠᠩ ᠣᠯᠠᠨ ᠴᠢᠷᠮᠠᠶ᠋ᠢᠨ ᠬᠥᠮᠥᠵᠢᠭᠦᠯᠬᠦ ᠬᠡᠷᠡᠭᠲᠡᠢ ᠳ᠋ᠢᠩ ᠰᠢᠤᠸᠠᠢ ᠰᠢᠶᠠᠩ ᠰᠢᠨ᠎ᠡ ᠴᠠᠭ ᠦᠶ᠎ᠡ ᠵᠢᠨ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠶ᠋ᠢᠭᠤᠯᠤᠯᠲᠠ ᠵᠢ ᠠᠬᠢᠭᠤᠯᠬᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ
ᠰᠢ ᠵᠢᠨ ᠫᠢᠩ ᠪᠡᠭᠡᠵᠢᠩ ᠬᠤᠲᠠ ᠵᠢᠨ ᠪᠠ ᠳ᠋ᠠ ᠯᠢᠩ ᠳᠠᠪᠠᠭ᠎ᠠ ᠵᠢᠨ ᠤᠷᠲᠤ ᠴᠠᠭ᠋ᠠᠨ ᠬᠡᠷᠡᠮ᠎ᠤᠨ ᠬᠤᠷᠮᠣᠢ᠎ᠳᠠᠬᠢ ᠨᠤᠲᠤᠭ᠎ᠤᠨ ᠠᠬ᠎ᠠ ᠳᠡᠭᠦᠦ ᠨᠠᠷ᠎ᠲᠤ ᠬᠠᠷᠢᠭᠤ ᠵᠠᠬᠢᠳᠠᠯ ᠢᠯᠡᠭᠡᠵᠦ ᠵᠣᠷᠢᠭᠵᠢᠭᠤᠯᠤᠭᠰᠠᠨ᠎ᠨᠢ ᠨᠡᠩ ᠣᠯᠠᠨ ᠬᠥᠮᠥᠰ᠎ᠢ ᠳᠠᠶ᠋ᠢᠴᠢᠯᠠᠨ ᠤᠷᠲᠤ ᠴᠠᠭ᠋ᠠᠨ ᠬᠡᠷᠡᠮ᠎ᠢ ᠣᠶ᠋ᠢᠯᠠᠭ᠋ᠠᠭᠤᠯᠤᠨ ᠤᠷᠲᠤ ᠴᠠᠭ᠋ᠠᠨ ᠬᠡᠷᠡᠮ᠎ᠢ ᠬᠠᠮᠠᠭ᠋ᠠᠯᠠᠵᠤ ᠡᠪᠦᠭᠡ ᠳᠡᠭᠡᠳᠦᠰ᠎ᠤᠨ ᠦᠯᠡᠳᠡᠭᠡᠭᠰᠡᠨ ᠡᠨᠡ ᠬᠦ᠌ ᠬᠤᠪᠣᠷ ᠨᠠᠨᠳᠢᠨ ᠥᠪ ᠬᠥᠷᠥᠩᠭᠡ ᠵᠢ ᠦᠶ᠎ᠡ ᠵᠢᠨ ᠦᠶ᠎ᠡ᠎ᠳᠤ ᠤᠯᠠᠮᠵᠢᠯᠠᠬᠤ ᠬᠡᠷᠡᠭᠲᠡᠢ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠵᠦ ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ
 
             蒙ICP备05000248号