ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠪᠡᠭᠡᠵᠢᠩ ᠬᠤᠲᠠ ᠵᠢᠨ ᠪᠠ ᠳ᠋ᠠ ᠯᠢᠩ ᠳᠠᠪᠠᠭ᠎ᠠ ᠵᠢᠨ ᠤᠷᠲᠤ ᠴᠠᠭ᠋ᠠᠨ ᠬᠡᠷᠡᠮ᠎ᠤᠨ ᠬᠤᠷᠮᠣᠢ᠎ᠳᠠᠬᠢ ᠨᠤᠲᠤᠭ᠎ᠤᠨ ᠠᠬ᠎ᠠ ᠳᠡᠭᠦᠦ ᠨᠠᠷ᠎ᠲᠤ ᠬᠠᠷᠢᠭᠤ ᠵᠠᠬᠢᠳᠠᠯ ᠢᠯᠡᠭᠡᠵᠦ ᠵᠣᠷᠢᠭᠵᠢᠭᠤᠯᠤᠭᠰᠠᠨ᠎ᠨᠢ ᠨᠡᠩ ᠣᠯᠠᠨ ᠬᠥᠮᠥᠰ᠎ᠢ ᠳᠠᠶ᠋ᠢᠴᠢᠯᠠᠨ ᠤᠷᠲᠤ ᠴᠠᠭ᠋ᠠᠨ ᠬᠡᠷᠡᠮ᠎ᠢ ᠣᠶ᠋ᠢᠯᠠᠭ᠋ᠠᠭᠤᠯᠤᠨ ᠤᠷᠲᠤ ᠴᠠᠭ᠋ᠠᠨ ᠬᠡᠷᠡᠮ᠎ᠢ ᠬᠠᠮᠠᠭ᠋ᠠᠯᠠᠵᠤ ᠡᠪᠦᠭᠡ ᠳᠡᠭᠡᠳᠦᠰ᠎ᠤᠨ ᠦᠯᠡᠳᠡᠭᠡᠭᠰᠡᠨ ᠡᠨᠡ ᠬᠦ᠌ ᠬᠤᠪᠣᠷ ᠨᠠᠨᠳᠢᠨ ᠥᠪ ᠬᠥᠷᠥᠩᠭᠡ ᠵᠢ ᠦᠶ᠎ᠡ ᠵᠢᠨ ᠦᠶ᠎ᠡ᠎ᠳᠤ ᠤᠯᠠᠮᠵᠢᠯᠠᠬᠤ ᠬᠡᠷᠡᠭᠲᠡᠢ
ᠨᠡᠶ᠋ᠢᠲᠡᠯᠡᠭᠰᠡᠨ ᠴᠠᠭ᠄ 2024-05-16

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 15᠎ᠤ ᠴᠠᠭᠢᠯᠭ᠋ᠠᠨ ᠮᠡᠳᠡᠭᠡ  ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 5 ᠰᠠᠷ᠎ᠠ ᠵᠢᠨ 14᠎ᠤ ᠡᠳᠦᠷ ᠪᠡᠭᠡᠵᠢᠩ ᠬᠤᠲᠠ ᠵᠢᠨ ᠶᠠᠨᠴᠢᠩ ᠲᠣᠭᠤᠷᠢᠭ᠎ᠤᠨ ᠪᠠ ᠳ᠋ᠠ ᠯᠢᠩ ᠪᠠᠯᠭ᠋ᠠᠰᠤᠨ᠎ᠤ ᠱ᠌ᠢ ᠰᠢᠶᠠ ᠲᠣᠰᠬᠤᠨ᠎ᠤ ᠨᠤᠲᠤᠭ᠎ᠤᠨ ᠠᠬ᠎ᠠ ᠳᠡᠭᠦᠦ ᠨᠠᠷ᠎ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠎ᠳᠤ ᠬᠠᠯᠠᠭᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠳᠤᠷᠠᠳᠪᠠ᠃
      ᠰᠢ ᠵᠢᠨ ᠫᠢᠩ ᠬᠠᠷᠢᠭᠤ ᠵᠠᠬᠢᠳᠠᠯ᠎ᠳᠠᠭᠠᠨ᠂ ᠡᠳᠡᠭᠡᠷ ᠵᠢᠯ᠎ᠤᠳ᠎ᠲᠤ ᠲᠠ ᠨᠠᠷ ᠰᠠᠶ᠋ᠢᠨ ᠳᠤᠷ᠎ᠠ᠎ᠠᠴᠠ᠎ᠪᠠᠨ ᠤᠷᠳᠤ ᠴᠠᠭ᠋ᠠᠨ ᠬᠡᠷᠡᠮ᠎ᠢ ᠰᠠᠬᠢᠨ ᠬᠠᠮᠠᠭ᠋ᠠᠯᠠᠵᠤ᠂ ᠤᠷᠳᠤ ᠴᠠᠭ᠋ᠠᠨ ᠬᠡᠷᠡᠮ᠎ᠤᠨ ᠰᠣᠶᠣᠯ᠎ᠢ ᠤᠯᠠᠮᠵᠢᠯᠠᠨ ᠵᠠᠯᠭ᠋ᠠᠮᠵᠢᠯᠠᠭᠰᠠᠨ ᠪᠥᠭᠡᠳ ᠤᠷᠳᠤ ᠴᠠᠭ᠋ᠠᠨ ᠬᠡᠷᠡᠮ᠎ᠤᠨ ᠡᠬᠢ ᠪᠠᠶᠠᠯᠢᠭ᠎ᠲᠤ ᠲᠦᠰᠢᠭᠯᠡᠨ ᠪᠠᠶᠠᠵᠢᠯ᠎ᠤᠨ ᠵᠠᠮ ᠵᠶ᠋ᠠᠷ ᠵᠠᠮᠨᠠᠭᠰᠠᠨ᠎ᠳᠤ ᠪᠢ ᠮᠠᠰᠢ ᠪᠠᠶᠠᠷᠯᠠᠵᠤ ᠪᠠᠶ᠋ᠢᠨ᠎ᠠ ᠭᠡᠵᠡᠢ᠃
      ᠰᠢ ᠵᠢᠨ ᠫᠢᠩ᠂ ᠤᠷᠳᠤ ᠴᠠᠭ᠋ᠠᠨ ᠬᠡᠷᠡᠮ ᠪᠣᠯ ᠳᠤᠮᠳᠠᠳᠤ ᠵᠢᠨ ᠦᠨᠳᠦᠰᠦᠲᠡᠨ᠎ᠤ ᠲᠥᠯᠥᠭᠡᠯᠡᠬᠦ ᠴᠢᠨᠠᠷᠲᠠᠢ ᠲᠡᠮᠳᠡᠭ ᠪᠠ ᠳᠤᠮᠳᠠᠳᠤ ᠵᠢᠨ ᠪᠣᠯᠪᠠᠰᠤᠨ᠎ᠤ ᠴᠢᠬᠤᠯᠠ ᠪᠡᠯᠭᠡ ᠲᠡᠮᠳᠡᠭ ᠮᠥᠨ᠃ ᠲᠡᠭᠦᠨ᠎ᠳᠤ ᠳᠤᠮᠳᠠᠳᠤ ᠵᠢᠨ ᠦᠨᠳᠦᠰᠦᠲᠡᠨ᠎ᠤ ᠬᠦᠴᠦᠷᠬᠡᠭᠵᠢᠬᠦ᠎ᠪᠠᠷ ᠴᠢᠷᠮᠠᠶ᠋ᠢᠬᠤ ᠲᠡᠮᠡᠴᠡᠯ᠎ᠤᠨ ᠵᠣᠷᠢᠭ ᠰᠠᠨᠠᠭ᠎ᠠ ᠪᠠ ᠤᠯᠠᠨ ᠵᠶ᠋ᠠᠷ ᠵᠶ᠋ᠠᠨ ᠵᠣᠷᠢᠭ ᠨᠢᠭᠡᠳᠴᠦ᠂ ᠨᠤᠭᠤᠷᠠᠰᠢ ᠦᠭᠡᠢ ᠪᠠᠲᠤ ᠴᠢᠩᠭ᠎ᠠ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ ᠰᠢᠩᠭᠡᠵᠦ ᠪᠤᠢ᠃ ᠡᠨᠡ ᠬᠦ᠌ ᠲᠡᠦᠬᠡ ᠰᠣᠶᠣᠯ᠎ᠤᠨ ᠥᠪ᠎ᠢ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠤᠯᠠᠮᠵᠢᠯᠠᠬᠤ ᠪᠣᠯ ᠪᠢᠳᠡᠨ᠎ᠤ ᠬᠠᠮᠲᠤ ᠵᠢᠨ ᠬᠠᠷᠢᠭᠤᠴᠠᠯᠭ᠎ᠠ ᠮᠥᠨ᠃ ᠤᠯᠠᠨ ᠵᠶ᠋ᠠᠷ ᠵᠶ᠋ᠠᠨ ᠦᠷᠭᠦᠯᠵᠢᠯᠡᠨ ᠴᠢᠷᠮᠠᠶ᠋ᠢᠵᠤ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠵᠦ᠂ ᠭᠡᠷ ᠣᠷᠣᠨ ᠵᠶ᠋ᠠᠨ ᠰᠠᠬᠢᠨ ᠬᠠᠮᠠᠭ᠋ᠠᠯᠠᠬᠤ᠎ᠲᠠᠢ ᠠᠳᠠᠯᠢ᠎ᠪᠠᠷ ᠤᠷᠳᠤ ᠴᠠᠭ᠋ᠠᠨ ᠬᠡᠷᠡᠮ ᠵᠶ᠋ᠠᠨ ᠰᠠᠶ᠋ᠢᠲᠤᠷ ᠰᠠᠬᠢᠨ ᠬᠠᠮᠠᠭ᠋ᠠᠯᠠᠵᠤ᠂ ᠤᠷᠳᠤ ᠴᠠᠭ᠋ᠠᠨ ᠬᠡᠷᠡᠮ᠎ᠤᠨ ᠰᠣᠶᠣᠯ᠎ᠢ ᠪᠠᠳᠠᠷᠠᠭᠤᠯᠵᠤ᠂ ᠤᠷᠳᠤ ᠴᠠᠭ᠋ᠠᠨ ᠬᠡᠷᠡᠮ᠎ᠤᠨ ᠦᠯᠢᠭᠡᠷ᠎ᠢ ᠰᠠᠶ᠋ᠢᠲᠤᠷ ᠶᠠᠷᠢᠵᠤ᠂ ᠨᠡᠩ ᠤᠯᠠᠨ ᠬᠥᠮᠥᠨ᠎ᠢ ᠲᠠᠶ᠋ᠢᠴᠢᠯᠠᠨ ᠤᠷᠳᠤ ᠴᠠᠭ᠋ᠠᠨ ᠬᠡᠷᠡᠮ᠎ᠢ ᠣᠶ᠋ᠢᠯᠠᠭ᠋ᠠᠭᠤᠯᠵᠤ᠂ ᠤᠷᠳᠤ ᠴᠠᠭ᠋ᠠᠨ ᠬᠡᠷᠡᠮ᠎ᠢ ᠬᠠᠮᠠᠭ᠋ᠠᠯᠠᠵᠤ᠂ ᠡᠪᠦᠭᠡ ᠳᠡᠭᠡᠳᠦᠰ᠎ᠤᠨ ᠦᠯᠡᠳᠡᠭᠡᠭᠰᠡᠨ ᠡᠨᠡ ᠬᠦ᠌ ᠬᠤᠪᠣᠷ ᠨᠠᠨᠳᠢᠨ ᠥᠪ ᠬᠥᠷᠥᠩᠭᠡ ᠵᠢ ᠦᠶ᠎ᠡ ᠵᠢᠨ ᠦᠶ᠎ᠡ᠎ᠳᠤ ᠤᠯᠠᠮᠵᠢᠯᠠᠵᠤ᠂ ᠨᠡᠶ᠋ᠢᠭᠡᠮ ᠵᠢᠷᠤᠮᠲᠤ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠎ᠳᠤ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠶ᠋ᠢᠨ᠎ᠠ ᠭᠡᠵᠦ ᠴᠢᠬᠤᠯᠠᠴᠢᠯᠠᠪᠠ᠃
      ᠤᠷᠳᠤ ᠴᠠᠭ᠋ᠠᠨ ᠬᠡᠷᠡᠮ ᠪᠣᠯ ᠮᠠᠨ᠎ᠤ ᠤᠯᠤᠰ᠎ᠤᠨ ᠤᠳᠤ ᠪᠠᠶ᠋ᠢᠭ᠎ᠠ ᠬᠡᠪᠴᠢᠶ᠎ᠡ᠎ᠪᠠᠷ ᠬᠠᠮᠤᠭ᠎ᠤᠨ ᠶᠡᠭᠡ ᠰᠣᠶᠣᠯ᠎ᠤᠨ ᠥᠪ ᠮᠥᠨ᠃ 1984 ᠣᠨ᠎ᠳᠤ᠂ ᠳ᠋ᠧᠩ ᠰᠢᠶᠣᠣ ᠫᠢᠩ᠂ ᠰᠢ ᠵᠦᠩ ᠰᠢᠶᠦ᠋ᠨ ᠵᠡᠷᠭᠡ ᠤᠳᠤᠷᠢᠳᠬᠤ ᠨᠥᠬᠦᠳ ᠨᠡᠶ᠋ᠢᠰᠯᠡᠯ᠎ᠤᠨ ᠵᠠᠷᠢᠮ ᠨᠢᠭᠡᠴᠢ ᠵᠢᠨ ᠰᠠᠨᠠᠭ᠋ᠠᠴᠢᠯᠠᠭᠰᠠᠨ 《ᠳᠤᠮᠳᠠᠳᠤ ᠤᠯᠤᠰ ᠵᠶ᠋ᠠᠨ ᠬᠠᠶ᠋ᠢᠷᠠᠯᠠᠵᠤ ᠤᠷᠳᠤ ᠴᠠᠭ᠋ᠠᠨ ᠬᠡᠷᠡᠮ ᠵᠶ᠋ᠠᠨ ᠰᠡᠷᠭᠦᠭᠡᠨ ᠵᠠᠰᠠᠰᠤᠭ᠋ᠠᠢ》 ᠭᠡᠬᠦ ᠠᠵᠢᠯᠯᠠᠭ᠎ᠠ᠎ᠳᠤ ᠪᠢᠴᠢᠭᠡᠰᠦ ᠪᠢᠴᠢᠵᠦ ᠥᠭᠭᠦᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠳᠤᠮᠳᠠᠳᠤ ᠵᠢᠨ ᠬᠥᠪᠡᠭᠦᠳ ᠥᠬᠢᠳ᠎ᠤᠨ ᠤᠷᠳᠤ ᠴᠠᠭ᠋ᠠᠨ ᠬᠡᠷᠡᠮ᠎ᠢ ᠬᠠᠮᠠᠭ᠋ᠠᠯᠠᠬᠤ ᠬᠠᠯᠠᠭᠤᠨ ᠰᠡᠳᠬᠢᠯᠭᠡ ᠵᠢ ᠬᠥᠭᠵᠢᠭᠡᠪᠡ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠰᠢ ᠵᠢᠨ ᠫᠢᠩ ᠣᠷᠳᠣ ᠴᠠᠭ᠋ᠠᠨ ᠬᠡᠷᠡᠮ᠎ᠤᠨ ᠰᠣᠶᠣᠯ᠎ᠤᠨ ᠦᠨ᠎ᠡ ᠥᠷᠲᠡᠭ᠎ᠢ ᠠᠭᠤᠳᠠᠯᠬᠤ ᠪᠠ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠥᠪ᠎ᠢ ᠤᠯᠠᠮᠵᠢᠯᠠᠨ ᠬᠠᠮᠠᠭ᠋ᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠣᠯᠠᠨ ᠤᠳᠠᠭ᠎ᠠ ᠴᠢᠬᠤᠯᠠ ᠵᠢᠭ᠋ᠠᠪᠤᠷᠢ ᠥᠭᠴᠦ᠂ ᠣᠷᠳᠣ ᠴᠠᠭ᠋ᠠᠨ ᠬᠡᠷᠡᠮ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠵᠢᠯᠣᠭᠤᠳᠤᠨ ᠠᠬᠢᠭᠤᠯᠪᠠ᠃ ᠣᠶ᠋ᠢᠷ᠎ᠠ ᠵᠢᠨ ᠡᠳᠦᠷ᠂ ᠪᠡᠭᠡᠵᠢᠩ ᠬᠤᠳᠠ ᠵᠢᠨ ᠪᠠ ᠳ᠋ᠠ ᠯᠢᠩ ᠳᠠᠪᠠᠭ᠎ᠠ ᠵᠢᠨ ᠤᠷᠳᠤ ᠴᠠᠭ᠋ᠠᠨ ᠬᠡᠷᠡᠮ᠎ᠤᠨ ᠬᠤᠷᠮᠣᠢ᠎ᠳᠠᠬᠢ ᠱ᠌ᠢ ᠰᠢᠶᠠ ᠲᠣᠰᠬᠤᠨ᠎ᠤ ᠠᠷᠠᠳ ᠶᠡᠷᠦᠩᠬᠡᠢ ᠱᠦᠵᠢ ᠰᠢ ᠵᠢᠨ ᠫᠢᠩ᠎ᠳᠤ ᠵᠠᠬᠢᠳᠠᠯ ᠪᠢᠴᠢᠵᠦ᠂ ᠤᠷᠳᠤ ᠴᠠᠭ᠋ᠠᠨ ᠬᠡᠷᠡᠮ᠎ᠤᠨ ᠬᠠᠮᠠᠭ᠋ᠠᠯᠠᠯᠲᠠ ᠵᠢᠨ ᠠᠵᠢᠯ᠎ᠳᠤ ᠰᠠᠶ᠋ᠢᠨ ᠳᠤᠷ᠎ᠠ᠎ᠠᠴᠠ᠎ᠪᠠᠨ ᠤᠷᠤᠯᠴᠠᠬᠰᠠᠨ ᠪᠠ ᠲᠣᠰᠬᠤᠨ᠎ᠤ ᠬᠥᠭᠵᠢᠯᠲᠡ ᠬᠤᠪᠢᠷᠠᠯᠲᠠ ᠵᠡᠷᠭᠡ ᠪᠠᠶ᠋ᠢᠳᠠᠯ ᠵᠶ᠋ᠠᠨ ᠬᠠᠷᠢᠭᠤ ᠮᠡᠳᠡᠭᠦᠯᠵᠦ᠂ ᠦᠷᠭᠦᠯᠵᠢᠯᠡᠨ ᠤᠷᠳᠤ ᠴᠠᠭ᠋ᠠᠨ ᠬᠡᠷᠡᠮ᠎ᠢ ᠰᠠᠬᠢᠨ ᠬᠠᠮᠠᠭ᠋ᠠᠯᠠᠬᠤ᠂ ᠤᠷᠳᠤ ᠴᠠᠭ᠋ᠠᠨ ᠬᠡᠷᠡᠮ᠎ᠤᠨ ᠰᠣᠶᠣᠯ ᠎ᠢ ᠤᠯᠠᠮᠵᠢᠯᠠᠬᠤ ᠵᠣᠷᠢᠭ ᠵᠶ᠋ᠠᠨ ᠢᠯᠡᠳᠬᠡᠵᠡᠢ᠃


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠵᠦ ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ
ᠰᠢ ᠵᠢᠨ ᠫᠢᠩ ᠣᠷᠣᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠰᠤᠷᠪᠤᠯᠵᠢᠯᠠᠭᠴᠢᠳ᠎ᠲᠠᠢ ᠠᠭᠤᠯᠵᠠᠪᠠ
ᠰᠢ ᠵᠢᠨ ᠫᠢᠩ ᠵᠢᠭᠤᠯᠴᠢᠯᠠᠯ᠎ᠤᠨ ᠠᠵᠢᠯ᠎ᠳᠤ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠤᠳᠤ ᠦᠶ᠎ᠡ ᠵᠢᠨ ᠵᠢᠭᠤᠯᠴᠢᠯᠠᠯ᠎ᠤᠨ ᠦᠢ᠍ᠯᠡᠰ᠎ᠤᠨ ᠰᠢᠰᠲ᠋ᠧᠮ᠎ᠢ ᠬᠦᠴᠦᠯᠡᠨ ᠲᠡᠭᠦᠯᠳᠡᠷᠵᠢᠭᠦᠯᠵᠦ ᠵᠢᠭᠤᠯᠴᠢᠯᠠᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠵᠤ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠯᠠᠪᠳᠠᠭᠤᠨ ᠵᠶ᠋ᠠᠷ ᠬᠤᠯᠠ ᠠᠶᠠᠯᠠᠬᠤ ᠵᠢ ᠠᠬᠢᠭᠤᠯᠬᠤ ᠬᠡᠷᠡᠭᠲᠡᠢ
ᠮᠠᠨ᠎ᠤ ᠤᠯᠤᠰ ᠪᠠᠲᠤᠯᠠᠨ ᠲᠤᠰᠢᠶᠠᠬᠤ ᠠᠰᠠᠷ ᠵᠡᠷᠭᠡ ᠠᠵᠢᠯ᠎ᠢ ᠪᠦᠬᠦ ᠲᠠᠯ᠎ᠠ᠎ᠪᠠᠷ ᠪᠠᠶ᠋ᠢᠷᠢᠯᠠᠭᠤᠯᠪᠠ
ᠳᠥᠷᠪᠡᠨ ᠰᠠᠯᠠᠭ᠎ᠠ ᠮᠥᠴᠢᠷ 《ᠢᠨᠲ᠋ᠧᠷ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠬᠡᠷᠡᠭᠯᠡᠯᠲᠡ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ》᠎ᠢ ᠲᠣᠭᠲᠠᠭ᠋ᠠᠪᠠ
 
             蒙ICP备05000248号