ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠵᠦ ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ
ᠨᠡᠶ᠋ᠢᠲᠡᠯᠡᠭᠰᠡᠨ ᠴᠠᠭ᠄ 2024-05-17

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 15᠎ᠤ ᠴᠠᠭᠢᠯᠭ᠋ᠠᠨ ᠮᠡᠳᠡᠭᠡ 5 ᠰᠠᠷ᠎ᠠ ᠵᠢᠨ 16᠎ᠤ ᠡᠳᠦᠷ ᠬᠡᠪᠯᠡᠭᠳᠡᠭᠰᠡᠨ 10 ᠳ᠋ᠤᠭ᠋ᠠᠷ ᠬᠤᠭᠤᠴᠠᠭ᠋ᠠᠨ᠎ᠤ 《ᠦᠨᠡᠨ》 ᠰᠡᠳᠬᠦᠯ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂  ᠤᠯᠤᠰ᠎ᠤᠨ ᠲᠡᠷᠢᠭᠦᠯᠡᠭᠴᠢ᠂  ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ᠎ᠤᠨ 《ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ           ᠬᠡᠷᠡᠭᠲᠡᠢ》 ᠭᠡᠬᠦ ᠴᠢᠬᠤᠯᠠ ᠵᠣᠬᠢᠶᠠᠯ᠎ᠢ ᠨᠡᠶ᠋ᠢᠲᠡᠯᠡᠪᠡ᠃  ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠤᠨ 2012 ᠣᠨ᠎ᠤ 12 ᠰᠠᠷ᠎ᠠ᠎ᠠᠴᠠ 2024 ᠣᠨ᠎ᠤ 3 ᠰᠠᠷ᠎ᠠ ᠪᠤᠯᠲᠠᠯᠠᠭᠢ ᠬᠤᠭᠤᠴᠠᠭ᠋ᠠᠨ᠎ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠵᠢᠨ ᠲᠣᠪᠴᠢᠯᠠᠯ ᠪᠣᠯᠣᠨ᠎ᠠ᠃
      ᠵᠣᠬᠢᠶᠠᠯ᠎ᠳᠤ᠂  ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠵᠢᠨ ᠳᠤᠮᠳᠠᠳᠤ ᠤᠯᠤᠰ ᠎ᠤᠨ ᠲᠣᠮᠣ ᠠᠯᠬᠤᠮ ᠵᠶ᠋ᠠᠷ ᠴᠠᠭ ᠦᠶ᠎ᠡ ᠵᠢ ᠬᠥᠭᠡᠭᠡᠵᠦ ᠭᠦᠢ᠍ᠴᠡᠬᠦ ᠴᠢᠬᠤᠯᠠ ᠡᠷᠳᠡᠨᠢ ᠪᠣᠯᠣᠨ᠎ᠠ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠢᠯᠠᠵᠤ ᠢᠯᠠᠭᠳᠠᠬᠤ ᠵᠢ ᠲᠣᠭᠲᠠᠭ᠋ᠠᠬᠤ ᠵᠠᠩᠭᠢᠯᠠᠭ᠎ᠠ ᠵᠢᠨ ᠠᠷᠭ᠎ᠠ           ᠪᠣᠯᠣᠨ᠎ᠠ᠃  ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠠᠴᠠ ᠨᠠᠭ᠋ᠠᠰᠢ ᠥᠭᠡᠷᠡᠴᠢᠯᠡᠯᠲᠡ ᠵᠢ  ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠠᠵᠢᠯ ᠲᠡᠦᠬᠡᠲᠦ ᠴᠢᠨᠠᠷᠲᠠᠢ ᠠᠭᠤᠤ ᠶᠡᠭᠡ ᠠᠮᠵᠢᠯᠲᠠ ᠣᠯᠵᠠᠢ᠃  ᠡᠳᠡᠭᠡᠷ ᠵᠢᠯ᠎ᠤᠨ ᠥᠭᠡᠷᠡᠴᠢᠯᠡᠯᠲᠡ ᠵᠢᠨ ᠠᠵᠢᠯ᠎ᠢ ᠡᠷᠭᠢᠴᠡᠭᠦᠯᠪᠡᠯ ᠪᠢᠳᠡᠨ᠎ᠤ ᠳᠤᠷᠠᠳᠤᠭᠰᠠᠨ ᠠᠯᠢ ᠤᠯᠠᠨ ᠰᠢᠨ᠎ᠡ ᠡᠭᠦᠳᠦᠭᠰᠡᠨ ᠤᠨᠤᠯ᠂  ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ᠂  ᠠᠯᠢ ᠤᠯᠠᠨ ᠴᠢᠬᠤᠯᠠ ᠶᠡᠭᠡ ᠰᠢᠪᠲᠤᠯᠤᠯᠲᠠ᠎ᠨᠢ ᠴᠥᠮ ᠬᠤᠪᠢᠰᠬᠠᠯ᠎ᠤᠨ ᠴᠢᠨᠠᠷᠲᠠᠢ ᠪᠠᠶ᠋ᠢᠵᠤ᠂  ᠥᠭᠡᠷᠡᠴᠢᠯᠡᠯᠲᠡ ᠨᠡᠭᠡᠭᠡᠯᠲᠡ᠎ᠪᠠᠷ  ᠨᠠᠮ ᠪᠣᠯᠣᠨ ᠤᠯᠤᠰ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠂  ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠵᠢ ᠠᠬᠢᠭᠤᠯᠤᠭᠰᠠᠨ ᠰᠢᠨ᠎ᠡ ᠪᠠᠶ᠋ᠢᠳᠠᠯ᠎ᠢ ᠡᠭᠦᠳᠴᠡᠢ ᠭᠡᠵᠦ ᠴᠢᠬᠤᠯᠠᠴᠢᠯᠠᠪᠠ ᠃
      ᠵᠣᠬᠢᠶᠠᠯ᠎ᠳᠤ᠂  ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ᠎ᠳᠤ ᠡᠷᠬᠡᠪᠰᠢ ᠨᠡᠶ᠋ᠢᠭᠡᠮ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ᠎ᠳᠤ ᠲᠠᠰᠤᠷᠠᠯᠲᠠ ᠦᠭᠡᠢ ᠵᠣᠬᠢᠴᠠᠵᠤ ᠦᠢ᠍ᠯᠡᠳᠪᠦᠷᠢᠯᠡᠯ᠎ᠤᠨ ᠬᠠᠷᠢᠴᠠᠭ᠎ᠠ ᠵᠢ ᠲᠣᠬᠢᠷᠠᠭᠤᠯᠤᠨ᠂  ᠠᠵᠤ ᠠᠬᠤᠢ ᠵᠢᠨ ᠰᠠᠭᠤᠷᠢ᠎ᠳᠤ ᠲᠠᠰᠤᠷᠠᠯᠲᠠ ᠦᠭᠡᠢ ᠵᠣᠬᠢᠴᠠᠵᠤ ᠳᠡᠭᠡᠳᠦ ᠳᠠᠪᠬᠤᠷᠭ᠎ᠠ ᠵᠢ ᠬᠥᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ᠃  ᠪᠢᠳᠡ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠳᠤᠷᠠᠳᠤᠨ ᠭᠠᠷᠭ᠋ᠠᠭᠰᠠᠨ᠎ᠨᠢ ᠳᠠᠷᠤᠢ ᠮᠠᠨ᠎ᠤ ᠤᠯᠤᠰ᠎ᠤᠨ ᠨᠡᠶ᠋ᠢᠭᠡᠮ᠎ᠤᠨ ᠦᠨᠳᠦᠰᠦᠨ ᠵᠥᠷᠢᠴᠡᠯ᠎ᠤᠨ ᠬᠥᠳᠡᠯᠭᠡᠭᠡᠨ᠎ᠤ ᠬᠤᠪᠢᠷᠠᠯᠲᠠ᠎ᠳᠤ ᠵᠣᠬᠢᠴᠠᠭᠤᠯᠤᠨ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ ᠶᠠᠪᠤᠳᠠᠯ ᠪᠣᠯᠣᠨ᠎ᠠ᠃  ᠥᠭᠡᠷᠡᠴᠢᠯᠡᠯᠲᠡ ᠨᠡᠭᠡᠭᠡᠯᠲᠡ᠎ᠳᠤ ᠶᠠᠪᠤᠭᠳᠠᠬᠤ ᠴᠠᠭ ᠪᠠᠶ᠋ᠢᠬᠤ ᠎ᠠᠴᠠ ᠪᠢᠰᠢ ᠲᠡᠭᠦᠰᠬᠦ ᠴᠠᠭ ᠭᠡᠵᠦ ᠪᠠᠶ᠋ᠢᠬᠤ ᠦᠭᠡᠢ ᠶᠤᠮ᠃  ᠥᠭᠡᠷᠡᠴᠢᠯᠡᠯᠲᠡ ᠨᠡᠭᠡᠭᠡᠯᠲᠡ᠎ᠳᠤ ᠪᠠᠰᠠ ᠴᠢᠭᠯᠡᠯ᠎ᠲᠠᠢ᠂  ᠵᠣᠭᠰᠣᠯᠲᠠ᠎ᠲᠠᠢ᠂  ᠵᠠᠷᠴᠢᠮ᠎ᠲᠠᠢ ᠪᠠᠶ᠋ᠢᠳᠠᠭ᠃  ᠮᠠᠨ᠎ᠤ ᠴᠢᠭᠯᠡᠯ ᠪᠣᠯ ᠳᠠᠷᠤᠢ ᠨᠡᠶ᠋ᠢᠭᠡᠮ ᠵᠢᠷᠤᠮᠲᠤ ᠪᠠᠶ᠋ᠢᠭᠤᠯᠤᠯ᠎ᠤᠨ ᠥᠪᠡᠷ᠎ᠢ᠎ᠪᠠᠨ ᠲᠡᠭᠦᠯᠳᠡᠷᠵᠢᠭᠦᠯᠬᠦ ᠪᠠ ᠬᠥᠭᠵᠢᠭᠦᠯᠬᠦ ᠵᠢ ᠲᠠᠰᠤᠷᠠᠯᠳᠠ ᠦᠭᠡᠢ ᠠᠬᠢᠭᠤᠯᠬᠤ ᠶᠠᠪᠤᠳᠠᠯ ᠪᠣᠯᠣᠨ᠎ᠠ᠃  ᠰᠢᠨ᠎ᠡ ᠴᠠᠭ ᠦᠶ᠎ᠡ ᠰᠢᠨ᠎ᠡ ᠠᠶᠠᠨ ᠎ᠤ ᠬᠠᠷᠠᠯᠲᠠ ᠡᠭᠦᠷᠭᠡ ᠵᠢ ᠪᠡᠶᠡᠯᠡᠭᠦᠯᠬᠦ᠎ᠳᠤ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠦᠨᠳᠦᠰᠦᠨ ᠬᠥᠳᠡᠯᠭᠡᠬᠦ ᠬᠦᠴᠦᠨ ᠪᠤᠯᠭ᠋ᠠᠵᠤ᠂  ᠶᠡᠭᠡ ᠲᠠᠯ᠎ᠠ ᠵᠢ ᠲᠣᠭᠲᠠᠪᠤᠷᠢᠵᠢᠭᠤᠯᠬᠤ᠂  ᠬᠤᠪᠢᠷᠠᠯᠲᠠ ᠵᠢ ᠠᠷᠭ᠋ᠠᠴᠠᠭ᠋ᠠᠬᠤ᠂  ᠰᠢᠨ᠎ᠡ ᠪᠠᠶ᠋ᠢᠳᠠᠯ᠎ᠢ ᠡᠭᠦᠳᠬᠦ ᠴᠢᠬᠤᠯᠠ ᠭᠠᠷᠳᠠᠴᠠ ᠪᠤᠯᠭ᠋ᠠᠵᠤ ᠂  ᠴᠢᠭᠯᠡᠯ ᠵᠶ᠋ᠠᠨ ᠣᠨᠣᠪᠴᠢᠲᠠᠢ ᠡᠵᠡᠮᠳᠡᠵᠦ ᠂  ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ ᠂  ᠦᠨᠡᠨ ᠬᠦ᠌ ᠠᠳᠬᠤᠨ ᠪᠣᠳᠠᠲᠠᠢ ᠠᠵᠢᠯᠯᠠᠵᠤ ᠂  ᠰᠢᠨ᠎ᠡ ᠠᠶᠠᠨ᠎ᠳᠠᠭᠠᠨ ᠥᠭᠡᠷᠡᠴᠢᠯᠡᠯᠲᠡ ᠨᠡᠭᠡᠭᠡᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
      ᠵᠣᠬᠢᠶᠠᠯ᠎ᠳᠤ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠡᠷᠬᠡᠪᠰᠢ ᠥᠭᠡᠷᠡᠴᠢᠯᠡᠯᠲᠡ ᠨᠡᠭᠡᠭᠡᠯᠲᠡ ᠵᠢ ᠴᠢᠨᠠᠭᠰᠢᠳᠠ ᠭᠦᠨᠵᠡᠭᠡᠶ᠋ᠢᠷᠡᠭᠦᠯᠵᠦ ᠂  ᠨᠡᠶ᠋ᠢᠭᠡᠮ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ ᠂  ᠨᠡᠶ᠋ᠢᠭᠡᠮ᠎ᠤᠨ ᠠᠮᠢᠵᠢᠷᠠᠯ᠎ᠤᠨ ᠬᠦᠴᠦᠨ᠎ᠢ ᠴᠢᠯᠦᠭᠡᠯᠡᠨ ᠴᠢᠩᠭ᠋ᠠᠷᠠᠭᠤᠯᠬᠤ ᠬᠡᠷᠡᠭᠲᠡᠢ ᠃  ᠨᠠᠮ᠎ᠤᠨ ᠬᠤᠷᠢᠳᠤᠭ᠋ᠠᠷ ᠶᠡᠭᠡ ᠬᠤᠷᠠᠯ᠎ᠠᠴᠠ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠳᠤᠷᠠᠳᠴᠠᠢ ᠂  ᠡᠨᠡ ᠪᠣᠯ ᠨᠠᠮ᠎ᠤᠨ ᠲᠥᠪ ᠬᠤᠷᠢᠶ᠎ᠠ᠎ᠠᠴᠠ ᠰᠢᠨ᠎ᠡ ᠴᠠᠭ ᠦᠶ᠎ᠡ ᠰᠢᠨ᠎ᠡ ᠠᠶᠠᠨ᠎ᠳᠤ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠲᠤᠬᠠᠢ ᠲᠣᠭᠲᠠᠭ᠋ᠠᠭᠰᠠᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠣᠯᠣᠨ᠎ᠠ ᠃  ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠠᠷᠠᠯᠲᠠ᠎ᠲᠠᠢ ᠨᠢᠭᠲᠠ ᠤᠶᠠᠯᠳᠤᠭᠤᠯᠤᠨ ᠨᠢᠭᠡ ᠪᠦᠯᠦᠭ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠂  ᠪᠦᠲᠦᠭᠡᠯᠴᠢ ᠴᠢᠨᠠᠷᠲᠠᠢ᠂  ᠬᠥᠲᠥᠯᠥᠨ ᠳᠠᠭ᠋ᠠᠭᠤᠯᠬᠤ ᠴᠢᠨᠠᠷᠲᠠᠢ ᠥᠭᠡᠷᠡᠴᠢᠯᠡᠯᠲᠡ ᠵᠢ ᠬᠢᠵᠦ ᠂  ᠥᠭᠡᠷᠡᠴᠢᠯᠡᠯᠲᠡ ᠵᠢᠨ ᠰᠢᠰᠲ᠋ᠧᠮ᠎ᠤᠨ ᠬᠤᠷᠠᠮᠳᠤᠯ ᠂  ᠬᠠᠮᠵᠢᠯᠴᠠᠭ᠎ᠠ ᠥᠨᠳᠥᠷ ᠪᠦᠲᠦᠮᠵᠢᠲᠡᠢ ᠪᠠᠶ᠋ᠢᠬᠤ ᠵᠢ ᠴᠢᠩᠭ᠋ᠠᠳᠬᠠᠵᠤ᠂  ᠴᠢᠬᠤᠯᠠ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠵᠢᠨ ᠭᠤᠭᠴᠤᠭ᠎ᠠ᠎ᠳᠤ ᠰᠢᠨ᠎ᠡ ᠰᠢᠪᠲᠤᠯᠤᠯᠲᠠ ᠭᠠᠷᠭ᠋ᠠᠬᠤ ᠬᠡᠷᠡᠭᠲᠡᠢ ᠃  ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠵᠢ ᠲᠥᠯᠥᠪᠵᠢᠭᠦᠯᠵᠦ ᠂  ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠃  ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠳᠣᠪᠤᠶ᠋ᠢᠯᠭ᠋ᠠᠵᠤ ᠂  ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠪᠠ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢ  ᠬᠦᠯᠢᠶᠡᠰᠦᠯᠡᠵᠦ ᠪᠠᠶ᠋ᠢᠭ᠎ᠠ ᠰᠠᠭ᠋ᠠᠳ ᠲᠦᠭᠵᠢᠷᠡᠯ᠎ᠤᠨ ᠠᠰᠠᠭᠤᠳᠠᠯ ᠂  ᠬᠥᠭᠵᠢᠯᠲᠡ ᠵᠢᠨ ᠣᠷᠴᠢᠨ ᠨᠥᠬᠦᠴᠡᠯ ᠪᠠ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠬᠦᠴᠢᠷ ᠲᠦᠪᠡᠭᠲᠡᠢ ᠠᠰᠠᠭᠤᠳᠠᠯ ᠂  ᠨᠡᠶ᠋ᠢᠭᠡᠮ᠎ᠤᠨ ᠲᠥᠪ ᠭᠤᠤᠯᠴᠢ ᠰᠢᠳᠤᠷᠭᠤ ᠶᠣᠰᠣ᠎ᠠᠴᠠ ᠲᠡᠷᠰᠯᠡᠭᠰᠡᠨ ᠲᠥᠪᠯᠡᠷᠡᠩᠭᠦᠢ ᠬᠠᠯᠠᠮᠰᠢᠯ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ ᠂  ᠬᠦᠨᠳᠦ ᠶᠡᠭᠡ ᠠᠶᠤᠯ ᠲᠦᠭᠰᠢᠭᠦᠷᠢ ᠵᠢ ᠪᠦᠲᠦᠮᠵᠢᠲᠡᠶ ᠰᠡᠷᠭᠡᠶ᠋ᠢᠯᠡᠨ ᠠᠷᠢᠯᠭ᠋ᠠᠵᠤ ᠂  ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠣᠷᠣᠰ᠎ᠤᠨ ᠶᠡᠷᠦᠩᠬᠡᠶ᠋ᠢᠯᠡᠭᠴᠢ ᠫᠦᠲ᠋ᠢᠨ᠎ᠲᠠᠢ ᠬᠠᠮᠲᠤ᠎ᠪᠠᠷ ᠰᠤᠷᠪᠤᠯᠵᠢᠯᠠᠭᠴᠢᠳ᠎ᠲᠠᠢ ᠠᠭᠤᠯᠵᠠᠪᠠ
ᠰᠢ ᠵᠢᠨ ᠫᠢᠩ ᠵᠢᠭᠤᠯᠴᠢᠯᠠᠯ᠎ᠤᠨ ᠠᠵᠢᠯ᠎ᠳᠤ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠤᠳᠤ ᠦᠶ᠎ᠡ ᠵᠢᠨ ᠵᠢᠭᠤᠯᠴᠢᠯᠠᠯ᠎ᠤᠨ ᠦᠢ᠍ᠯᠡᠰ᠎ᠤᠨ ᠰᠢᠰᠲ᠋ᠧᠮ᠎ᠢ ᠬᠦᠴᠦᠯᠡᠨ ᠲᠡᠭᠦᠯᠳᠡᠷᠵᠢᠭᠦᠯᠵᠦ ᠵᠢᠭᠤᠯᠴᠢᠯᠠᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠵᠤ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠯᠠᠪᠳᠠᠭᠤᠨ ᠵᠶ᠋ᠠᠷ ᠬᠤᠯᠠ ᠠᠶᠠᠯᠠᠬᠤ ᠵᠢ ᠠᠬᠢᠭᠤᠯᠬᠤ ᠬᠡᠷᠡᠭᠲᠡᠢ
ᠮᠠᠨ᠎ᠤ ᠤᠯᠤᠰ ᠪᠠᠲᠤᠯᠠᠨ ᠲᠤᠰᠢᠶᠠᠬᠤ ᠠᠰᠠᠷ ᠵᠡᠷᠭᠡ ᠠᠵᠢᠯ᠎ᠢ ᠪᠦᠬᠦ ᠲᠠᠯ᠎ᠠ᠎ᠪᠠᠷ ᠪᠠᠶ᠋ᠢᠷᠢᠯᠠᠭᠤᠯᠪᠠ
ᠳᠥᠷᠪᠡᠨ ᠰᠠᠯᠠᠭ᠎ᠠ ᠮᠥᠴᠢᠷ 《ᠢᠨᠲ᠋ᠧᠷ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠬᠡᠷᠡᠭᠯᠡᠯᠲᠡ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ》᠎ᠢ ᠲᠣᠭᠲᠠᠭ᠋ᠠᠪᠠ
ᠰᠢ ᠵᠢᠨ ᠫᠢᠩ ᠠᠵᠤ ᠠᠬᠤᠶ᠋ᠢᠯᠠᠯ ᠪᠠ ᠲᠤᠰᠬᠠᠢ ᠮᠡᠷᠭᠡᠵᠢᠯᠲᠡᠳ᠎ᠤᠨ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠭᠤᠣᠯ ᠰᠡᠳᠦᠪ᠎ᠢ ᠴᠢᠩᠭ᠎ᠠ ᠡᠵᠡᠮᠳᠡᠵᠦ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠡᠷᠡᠭᠲᠡᠢ ᠸᠠᠩ ᠬᠤ᠌ ᠨᠢᠩ ᠼᠠᠢ ᠴᠢ ᠬᠤᠷᠠᠯ᠎ᠳᠤ ᠣᠷᠣᠯᠴᠠᠵᠠᠢ
 
             蒙ICP备05000248号