ᠲᠥᠪ᠎ᠤᠨ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠢᠨ ᠵᠥᠪᠯᠡᠯ ᠤᠨ ᠠᠯᠪᠠᠨ ᠭᠡᠷ᠂ ᠲᠥᠪ᠎ᠤᠨ ᠪᠠᠶ᠋ᠢᠭᠤᠯᠤᠮᠵᠢ ᠵᠢᠨ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠲᠣᠭᠲᠠᠭ᠋ᠠᠭᠰᠠᠨ 《ᠢᠨᠲ᠋ᠧᠷ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠬᠡᠷᠡᠭᠯᠡᠯᠲᠡ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ》᠎ᠢ ᠣᠶ᠋ᠢᠷ᠎ᠠ᠎ᠳᠤ ᠳᠠᠷᠤᠮᠠᠯᠯᠠᠨ ᠲᠠᠷᠬᠠᠭ᠋ᠠᠪᠠ᠃ ᠲᠣᠭᠲᠠᠭ᠋ᠠᠯ᠎ᠳᠤ ᠱᠠᠭ᠋ᠠᠷᠳᠠᠭᠰᠠᠨ᠎ᠨᠢ᠂ ᠢᠨᠲ᠋ᠧᠷ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠬᠡᠷᠡᠭᠯᠡᠯᠲᠡ ᠵᠢ ᠪᠠᠶ᠋ᠢᠭᠤᠯᠵᠤ ᠠᠵᠢᠯᠯᠠᠭᠤᠯᠬᠤ᠎ᠳᠤ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠵᠢᠴᠢ ᠤᠯᠤᠰ᠎ᠤᠨ ᠪᠠᠷᠢᠮᠵᠢᠶ᠎ᠠ ᠵᠢᠨ ᠠᠯᠪᠠᠳᠠᠯᠭ᠎ᠠ ᠵᠢᠨ ᠴᠢᠨᠠᠷᠲᠠᠢ ᠱᠠᠭ᠋ᠠᠷᠳᠠᠯᠭ᠎ᠠ ᠶᠣᠰᠣᠭ᠋ᠠᠷ᠂ ᠮᠡᠷᠭᠡᠵᠢᠯ᠎ᠤᠨ ᠠᠷᠭ᠎ᠠ ᠬᠡᠮᠵᠢᠶ᠎ᠡ ᠪᠠ ᠪᠤᠰᠤᠳ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠠᠭᠤᠯᠭ᠎ᠠ ᠵᠢ ᠥᠭᠡᠷᠡᠲᠦᠭᠦᠯᠬᠦ᠂ ᠳᠠᠭ᠋ᠠᠷᠢᠯᠲᠠ ᠬᠢᠵᠦ ᠲᠠᠮᠪᠠᠷᠠᠭᠤᠯᠬᠤ᠂ ᠳ᠋ᠠᠶ᠋ᠢᠲ᠋ᠠ ᠵᠢ ᠬᠤᠯᠠᠭ᠋ᠠᠶ᠋ᠢᠯᠠᠬᠤ ᠵᠡᠷᠭᠡ ᠲᠦᠭᠰᠢᠭᠦᠷᠢ᠎ᠠᠴᠠ ᠰᠡᠷᠭᠡᠶ᠋ᠢᠯᠡᠵᠦ᠂ ᠢᠨᠲ᠋ᠧᠷ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠬᠡᠷᠡᠭᠯᠡᠯᠲᠡ ᠵᠢᠨ ᠠᠮᠤᠷ ᠲᠣᠭᠲᠠᠭᠤᠨ ᠵᠶ᠋ᠠᠷ ᠠᠵᠢᠯᠯᠠᠬᠤ ᠪᠠ ᠳ᠋ᠠᠶ᠋ᠢᠲ᠋ᠠ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠵᠡᠢ᠃
ᠲᠣᠭᠲᠠᠭ᠋ᠠᠯ᠎ᠨᠢ ᠨᠡᠶ᠋ᠢᠲᠡ 8 ᠪᠦᠯᠦᠭ᠎ᠲᠠᠢ᠂ ᠡᠭᠦᠨ᠎ᠳᠤ ᠶᠡᠷᠦᠩᠬᠡᠢ ᠳᠦᠷᠢᠮ᠂ ᠨᠡᠭᠡᠭᠡᠨ ᠡᠷᠭᠢᠯᠡᠬᠦ ᠪᠠ ᠪᠠᠶ᠋ᠢᠭᠤᠯᠬᠤ᠂ ᠮᠡᠳᠡᠭᠡ ᠵᠠᠩᠭᠢ ᠵᠢᠨ ᠠᠮᠤᠷ ᠲᠦᠪᠰᠢᠨ᠂ ᠰᠦᠯᠵᠢᠶ᠎ᠡ ᠪᠠ ᠳ᠋ᠠᠶ᠋ᠢᠲ᠋ᠠ ᠵᠢᠨ ᠠᠮᠤᠷ ᠲᠦᠪᠰᠢᠨ᠂ ᠢᠮᠧᠯ᠎ᠤᠨ ᠠᠮᠤᠷ ᠲᠦᠪᠰᠢᠨ᠂ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ᠂ ᠬᠢᠨᠠᠨ ᠬᠠᠮᠢᠶᠠᠷᠬᠤ ᠵᠢᠴᠢ ᠳᠠᠭ᠋ᠠᠯᠳᠤᠭᠤᠯᠤᠯ ᠳᠦᠷᠢᠮ ᠪᠠᠭᠲᠠᠨ᠎ᠠ᠃
ᠲᠣᠭᠲᠠᠭ᠋ᠠᠯ᠎ᠳᠤ᠂ ᠨᠢᠭᠡ ᠨᠠᠮ ᠵᠠᠰᠠᠭ᠎ᠤᠨ ᠪᠠᠶ᠋ᠢᠭᠤᠯᠭ᠎ᠠ ᠬᠠᠮᠤᠭ᠎ᠤᠨ ᠠᠷᠪᠢᠨ᠎ᠳᠤ᠎ᠪᠠᠨ ᠨᠢᠭᠡ ᠫᠣᠷᠲ᠋ᠧᠯ ᠰᠦᠯᠵᠢᠶ᠎ᠡ ᠪᠠᠶ᠋ᠢᠭᠤᠯᠤᠨ᠎ᠠ᠃ ᠢᠨᠲ᠋ᠧᠷ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠬᠡᠷᠡᠭᠯᠡᠯᠲᠡ ᠵᠢᠨ ᠨᠡᠷᠡᠶ᠋ᠢᠳᠦᠯ᠎ᠳᠤ ᠪᠣᠳᠠᠲᠤ ᠴᠣᠭᠴᠠ ᠵᠢᠨ ᠪᠠᠶ᠋ᠢᠭᠤᠯᠤᠮᠵᠢ ᠵᠢᠨ ᠨᠡᠷᠡᠶ᠋ᠢᠳᠦᠯ᠂ ᠵᠢᠷᠤᠮᠵᠢᠭᠰᠠᠨ ᠲᠣᠪᠴᠢ ᠨᠡᠷᠡᠶ᠋ᠢᠳᠦᠯ᠎ᠢ ᠤᠷᠢᠳ ᠵᠶ᠋ᠠᠷ ᠬᠡᠷᠡᠭᠯᠡᠵᠦ᠂ ᠪᠤᠰᠤᠳ ᠨᠡᠷᠡᠶ᠋ᠢᠳᠦᠯ᠎ᠢ ᠬᠡᠷᠡᠭᠯᠡᠪᠡᠯ᠂ ᠵᠠᠷᠴᠢᠮ ᠳᠡᠭᠡᠷ᠎ᠡ᠎ᠪᠠᠨ ᠣᠷᠣᠨ ᠪᠦᠰᠡ ᠵᠢᠨ ᠨᠡᠷ᠎ᠡ ᠳᠡᠭᠡᠷ᠎ᠡ ᠡᠭᠦᠷᠭᠡ ᠬᠠᠷᠢᠭᠤᠴᠠᠯᠭ᠎ᠠ ᠵᠢᠨ ᠨᠡᠷ᠎ᠡ ᠵᠢ ᠨᠡᠮᠡᠭᠰᠡᠨ ᠨᠡᠷᠡᠶ᠋ᠢᠳᠬᠦ ᠠᠷᠭ᠎ᠠ ᠮᠠᠶᠢᠭ᠎ᠢ ᠠᠪᠬᠤ ᠵᠢᠨ ᠬᠠᠮᠲᠤ᠂ ᠢᠯᠡᠷᠬᠡᠢ ᠣᠷᠣᠨ ᠪᠠᠶ᠋ᠢᠷᠢ᠎ᠳᠤ ᠪᠣᠳᠠᠲᠤ ᠴᠣᠭᠴᠠ ᠵᠢᠨ ᠪᠠᠶ᠋ᠢᠭᠤᠯᠤᠮᠵᠢ ᠵᠢᠨ ᠨᠡᠷᠡᠶ᠋ᠢᠳᠦᠯ᠎ᠢ ᠲᠣᠳᠣᠷᠬᠠᠶ᠋ᠢᠯᠠᠬᠤ ᠬᠡᠷᠡᠭᠲᠡᠢ ᠭᠡᠵᠦ ᠱᠠᠭ᠋ᠠᠷᠳᠠᠵᠠᠢ᠃
ᠲᠣᠭᠲᠠᠭ᠋ᠠᠯ᠎ᠳᠤ ᠵᠢᠭ᠋ᠠᠵᠤ ᠭᠠᠷᠭ᠋ᠠᠭᠰᠠᠨ᠎ᠨᠢ᠂ ᠪᠠᠶ᠋ᠢᠭᠤᠯᠭ᠎ᠠ ᠠᠵᠢᠯ ᠦᠢ᠍ᠯᠡᠰ᠎ᠤᠨ ᠨᠢᠭᠡᠴᠢ ᠠᠮᠤᠷ ᠲᠦᠪᠰᠢᠨ ᠨᠢᠭᠤᠴᠠ ᠵᠢ ᠬᠠᠮᠠᠭ᠋ᠠᠯᠠᠵᠤ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠤᠯᠤᠰ᠎ᠤᠨ ᠨᠢᠭᠤᠴᠠ᠂ ᠠᠵᠢᠯ᠎ᠤᠨ ᠨᠢᠭᠤᠴᠠ ᠵᠢ ᠨᠡᠶ᠋ᠢᠲᠡᠯᠡᠬᠦ ᠵᠢ ᠴᠢᠩᠭ᠎ᠠ ᠴᠠᠭ᠋ᠠᠵᠠᠯᠠᠨ᠂ ᠢᠨᠲ᠋ᠧᠷ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠬᠡᠷᠡᠭᠯᠡᠯᠲᠡ ᠵᠢᠨ ᠳ᠋ᠠᠶ᠋ᠢᠲ᠋ᠠ ᠵᠢᠨ ᠴᠤᠭᠯᠠᠷᠠᠯ᠂ ᠬᠤᠯᠪᠣᠭ᠎ᠠ᠎ᠠᠴᠠ ᠪᠣᠯᠤᠭᠰᠠᠨ ᠨᠢᠭᠤᠴᠠ ᠵᠢ ᠵᠠᠳᠠᠷᠠᠭᠤᠯᠬᠤ ᠲᠦᠭᠰᠢᠭᠦᠷᠢ ᠵᠢ ᠰᠡᠷᠭᠡᠶ᠋ᠢᠯᠡᠬᠦ ᠬᠡᠷᠡᠭᠲᠡᠢ᠃ ᠢᠨᠲ᠋ᠧᠷ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠬᠡᠷᠡᠭᠯᠡᠯᠲᠡ ᠵᠢᠨ ᠠᠵᠢᠯ᠎ᠤᠨ ᠨᠢᠭᠤᠴᠠ ᠵᠢ ᠬᠠᠳᠠᠭ᠋ᠠᠯᠠᠬᠤ᠂ ᠰᠢᠢ᠍ᠳᠪᠦᠷᠢᠯᠡᠬᠦ᠂ ᠳᠠᠮᠵᠢᠭᠤᠯᠬᠤ ᠶᠠᠪᠤᠴᠠ᠎ᠳᠠᠬᠢ ᠨᠢᠭᠤᠴᠠ ᠵᠢ ᠬᠠᠮᠠᠭ᠋ᠠᠯᠠᠬᠤ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ ᠭᠡᠵᠡᠢ᠃
ᠲᠣᠭᠲᠠᠭ᠋ᠠᠯ᠎ᠢ ᠦᠨᠳᠦᠰᠦᠯᠡᠪᠡᠯ᠂ ᠪᠠᠶ᠋ᠢᠭᠤᠯᠭ᠎ᠠ ᠠᠵᠢᠯ ᠦᠢ᠍ᠯᠡᠰ᠎ᠤᠨ ᠨᠢᠭᠡᠴᠢ᠎ᠨᠢ ᠢᠨᠲ᠋ᠧᠷ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠬᠡᠷᠡᠭᠯᠡᠯᠲᠡ ᠵᠢᠨ ᠠᠮᠤᠷ ᠲᠦᠪᠰᠢᠨ᠎ᠢ ᠬᠢᠨᠠᠨ ᠰᠢᠨᠵᠢᠬᠦ ᠴᠢᠳᠠᠪᠤᠷᠢ᠎ᠪᠠᠨ ᠪᠠᠶ᠋ᠢᠭᠤᠯᠤᠨ ᠲᠡᠭᠦᠯᠳᠡᠷᠵᠢᠭᠦᠯᠵᠦ᠂ ᠢᠨᠲ᠋ᠧᠷ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠬᠡᠷᠡᠭᠯᠡᠯᠲᠡ ᠵᠢᠨ ᠠᠵᠢᠯᠯᠠᠭ᠋ᠠᠨ᠎ᠤ ᠪᠠᠶ᠋ᠢᠳᠠᠯ ᠪᠠ ᠰᠦᠯᠵᠢᠶᠡᠨ᠎ᠤ ᠠᠮᠤᠷ ᠲᠦᠪᠰᠢᠨ᠎ᠤ ᠬᠡᠷᠡᠭ᠎ᠤᠨ ᠪᠠᠶ᠋ᠢᠳᠠᠯ᠎ᠢ ᠲᠤᠬᠠᠢ ᠵᠢᠨ ᠴᠠᠭᠲᠤᠨᠢ ᠬᠢᠨᠠᠨ ᠰᠢᠨᠵᠢᠬᠦ ᠬᠡᠷᠡᠭᠲᠡᠢ᠃
ᠲᠣᠭᠲᠠᠭ᠋ᠠᠯ᠎ᠢ 2024 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃