ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠮᠠᠨ᠎ᠤ ᠤᠯᠤᠰ ᠪᠠᠲᠤᠯᠠᠨ ᠲᠤᠰᠢᠶᠠᠬᠤ ᠠᠰᠠᠷ ᠵᠡᠷᠭᠡ ᠠᠵᠢᠯ᠎ᠢ ᠪᠦᠬᠦ ᠲᠠᠯ᠎ᠠ᠎ᠪᠠᠷ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2024-05-23

      5 ᠳ᠋ᠤᠭ᠋ᠠᠷ ᠰᠠᠷ᠎ᠠ ᠵᠢᠨ 17᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠡᠷᠬᠢᠯᠡᠭᠰᠡᠨ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠥᠷᠥ ᠵᠢᠨ ᠪᠣᠳᠣᠯᠭ᠎ᠠ ᠵᠢᠨ ᠵᠤᠷᠰᠢᠯᠲᠤ ᠲᠣᠪᠴᠢ ᠮᠡᠳᠡᠭᠡᠯᠡᠯ᠎ᠤᠨ ᠬᠤᠷᠠᠯ ᠳᠡᠭᠡᠷ᠎ᠡ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ ᠎ᠤᠨ ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠳ ᠪᠠᠲᠤᠯᠠᠨ ᠲᠤᠰᠢᠶᠠᠬᠤ ᠠᠰᠠᠷ᠎ᠤᠨ ᠠᠵᠢᠯ᠎ᠢ ᠦᠨᠡᠨ ᠬᠦ᠌ ᠰᠠᠶ᠋ᠢᠲᠤᠷ ᠬᠢᠬᠦ ᠢᠵᠢ ᠲᠥᠬᠦᠷ ᠲᠥᠷᠥ ᠵᠢᠨ ᠪᠣᠳᠣᠯᠭ᠎ᠠ ᠵᠢᠨ ᠬᠤᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠪᠠ᠃
      ᠣᠳᠣᠬᠠᠨ᠎ᠳᠤ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ ᠶᠠᠭ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠬᠤᠲᠠ ᠵᠢᠨ ᠲᠠᠸᠠᠷ᠎ᠤᠨ ᠣᠷᠣᠨ ᠰᠠᠭᠤᠴᠠ ᠵᠢᠨ ᠲᠥᠰᠥᠯ᠎ᠤᠳ᠎ᠤᠨ ᠪᠠᠲᠤᠯᠠᠨ ᠲᠤᠰᠢᠶᠠᠬᠤ ᠠᠰᠠᠷ᠎ᠤᠨ ᠰᠢᠪᠲᠤᠯᠤᠯᠲᠠ ᠵᠢᠨ ᠠᠵᠢᠯ᠎ᠤᠨ ᠲᠥᠰᠥᠯ᠎ᠢ ᠨᠡᠶ᠋ᠢᠲᠡᠯᠡᠨ᠂ ᠲᠥᠰᠥᠯ᠎ᠤᠳ᠎ᠤᠨ ᠲᠣᠭᠲᠠᠭᠰᠠᠨ ᠴᠠᠭ᠎ᠲᠤ᠎ᠪᠠᠨ ᠲᠤᠭ᠎ᠠ ᠶᠣᠰᠣᠭ᠋ᠠᠷ ᠴᠢᠨᠠᠷ᠎ᠢ ᠪᠠᠲᠤᠯᠠᠨ ᠲᠤᠰᠢᠶᠠᠬᠤ ᠵᠢ᠎ᠨᠢ ᠠᠬᠢᠭᠤᠯᠵᠤ᠂ ᠰᠢᠯᠭ᠋ᠠᠭ᠋ᠠᠳ ᠬᠢᠷᠢ ᠲᠡᠩᠴᠡᠭᠰᠡᠨ ᠠᠰᠠᠷ᠎ᠢ ᠭᠡᠷ᠎ᠡ᠎ᠳᠤ ᠲᠣᠭᠲᠠᠭᠰᠠᠨ ᠬᠤᠭᠤᠴᠠᠭ᠋ᠠᠨ᠎ᠳᠤ᠎ᠨᠢ ᠠᠷᠠᠳ ᠣᠯᠠᠨ᠎ᠳᠤ ᠣᠯᠭᠤᠨ᠎ᠠ᠃ ᠳᠤᠮᠳᠠᠳᠤ ᠤᠯᠤᠰ᠎ᠤᠨ ᠠᠷᠠᠳ᠎ᠤᠨ ᠪᠠᠩᠬᠢ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠳᠠᠬᠢᠯᠲᠠ ᠵᠢᠭᠡᠯᠡᠯᠭᠡ 3000 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠣᠷᠣᠨ ᠨᠤᠲᠤᠭ᠎ᠤᠨ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠳ᠎ᠢ ᠳᠡᠮᠵᠢᠨ ᠵᠣᠬᠢᠰᠲᠠᠢ ᠦᠨ᠎ᠡ᠎ᠪᠠᠷ ᠪᠠᠷᠢᠵᠤ ᠳᠠᠭᠤᠰᠬᠠᠭᠰᠠᠨ ᠴᠤ᠌ ᠬᠤᠳᠠᠯᠳᠤᠵᠤ ᠭᠠᠷᠤᠭ᠎ᠠ ᠦᠭᠡᠢ ᠲᠠᠸᠠᠷ᠎ᠤᠨ ᠣᠷᠣᠨ ᠰᠠᠭᠤᠴᠠ᠎ᠨᠤᠭᠤᠳ᠎ᠢ ᠬᠤᠳᠠᠯᠳᠤᠨ ᠠᠪᠤᠭᠤᠯᠵᠤ᠂ ᠲᠦᠭᠡᠭᠡᠨ ᠬᠤᠳᠠᠯᠳᠤᠬᠤ ᠪᠤᠶᠤ ᠲᠦᠭᠡᠭᠡᠨ ᠲᠦᠷᠢᠶᠡᠰᠦᠯᠡᠭᠦᠯᠬᠦ ᠬᠡᠯᠪᠡᠷᠢ ᠵᠢᠨ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠪᠣᠯᠭ᠋ᠠᠨ᠎ᠠ᠃ ᠣᠳᠣᠬᠠᠨ᠎ᠳᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠴᠤ᠌ ᠰᠤᠯᠠ ᠪᠠᠶ᠋ᠢᠭ᠎ᠠ ᠭᠠᠵᠠᠷ ᠰᠢᠷᠣᠢ ᠵᠢ ᠵᠣᠬᠢᠰᠲᠠᠢ ᠰᠢᠢ᠍ᠳᠪᠦᠷᠢᠯᠡᠬᠦ᠂ ᠦᠯᠡᠳᠡᠭᠡᠯ ᠭᠠᠵᠠᠷ ᠰᠢᠷᠣᠢ ᠵᠢ ᠭᠦᠢ᠍ᠯᠭᠡᠭᠡᠨ᠎ᠲᠠᠢ ᠪᠣᠯᠭ᠋ᠠᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠨᠡᠶ᠋ᠢᠲᠡᠯᠡᠬᠦ᠎ᠪᠠᠷ ᠪᠡᠯᠡᠳᠬᠡᠵᠦ ᠪᠠᠶ᠋ᠢᠨ᠎ᠠ᠃ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠢᠯᠡᠷᠬᠡᠶ᠋ᠢᠯᠡᠬᠦ᠎ᠳᠤ᠎ᠪᠠᠨ᠂ ᠬᠤᠳᠠᠯᠳᠤᠭ᠋ᠠᠨ᠎ᠤ ᠪᠠᠩᠬᠢ ᠵᠢ ᠵᠢᠯᠤᠭᠤᠳᠬᠤ᠎ᠪᠠᠷ ᠳᠠᠮᠵᠢᠭᠤᠯᠤᠨ ᠬᠤᠲᠠ ᠵᠢᠨ ᠵᠣᠬᠢᠴᠠᠭᠤᠯᠬᠤ ᠲᠣᠭᠲᠠᠴᠠ᠎ᠲᠠᠢ ᠢᠳᠡᠪᠬᠢᠲᠡᠢ ᠵᠣᠯᠭ᠋ᠠᠭᠤᠯᠵᠤ᠂ ᠣᠳᠣᠬᠠᠨ᠎ᠳᠤ ᠬᠤᠳᠠᠯᠳᠤᠭ᠋ᠠᠨ᠎ᠤ ᠪᠠᠩᠬᠢ ᠨᠢᠭᠡᠨᠲᠡ ᠳᠣᠲᠣᠭ᠋ᠠᠳᠤ ᠵᠢᠨ ᠬᠢᠨᠠᠨ ᠵᠥᠪᠰᠢᠶᠡᠷᠡᠬᠦ ᠶᠠᠪᠤᠴᠠ᠎ᠪᠠᠷ 《ᠴᠠᠭ᠋ᠠᠨ ᠳᠠᠩᠰᠠ》᠎ᠳᠠᠬᠢ ᠲᠥᠰᠥᠯ᠎ᠤᠳ᠎ᠤᠨ 9350 ᠳ᠋ᠦᠩᠰᠢᠭᠤᠷ ᠲᠥᠭᠦᠷᠢᠭ᠎ᠤᠨ ᠵᠢᠭᠡᠯᠡᠯᠭᠡ ᠵᠢ ᠨᠢᠭᠡᠨᠲᠡ ᠬᠢᠨᠠᠨ ᠵᠥᠪᠰᠢᠶᠡᠷᠡᠪᠡ ᠭᠡᠵᠡᠢ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠳᠥᠷᠪᠡᠨ ᠰᠠᠯᠠᠭ᠎ᠠ ᠮᠥᠴᠢᠷ 《ᠢᠨᠲ᠋ᠧᠷ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠬᠡᠷᠡᠭᠯᠡᠯᠲᠡ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠭ᠋ᠠᠯ》᠎ᠢ ᠲᠣᠭᠲᠠᠭ᠋ᠠᠪᠠ
ᠰᠢ ᠵᠢᠨ ᠫᠢᠩ ᠠᠵᠤ ᠠᠬᠤᠶ᠋ᠢᠯᠠᠯ ᠪᠠ ᠲᠤᠰᠬᠠᠢ ᠮᠡᠷᠭᠡᠵᠢᠯᠲᠡᠳ᠎ᠤᠨ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠭᠤᠣᠯ ᠰᠡᠳᠦᠪ᠎ᠢ ᠴᠢᠩᠭ᠎ᠠ ᠡᠵᠡᠮᠳᠡᠵᠦ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠡᠷᠡᠭᠲᠡᠢ ᠸᠠᠩ ᠬᠤ᠌ ᠨᠢᠩ ᠼᠠᠢ ᠴᠢ ᠬᠤᠷᠠᠯ᠎ᠳᠤ ᠣᠷᠣᠯᠴᠠᠵᠠᠢ
ᠰᠢ ᠵᠢᠨ ᠫᠢᠩ ᠱᠠᠨᠳᠦ᠋ᠩ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ — ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠪᠠᠷ ᠬᠥᠳᠡᠯᠭᠡᠬᠦ ᠬᠦᠴᠦᠨ ᠪᠤᠯᠭ᠋ᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠱᠠᠨᠳᠦ᠋ᠩ᠎ᠤᠨ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠼᠠᠢ ᠴᠢ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠪᠠ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠠᠵᠢᠯ᠎ᠤᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠪᠠ 《ᠰᠢᠨ᠎ᠡ ᠴᠠᠭ ᠦᠶ᠎ᠡ᠎ᠳᠤ ᠳᠤᠮᠳᠠ ᠣᠷᠣᠨ᠎ᠤ ᠲᠦᠷᠭᠡᠨ ᠬᠥᠭᠵᠢᠨ ᠮᠠᠨᠳᠤᠬᠤ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ》 《ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠬᠠᠷᠢᠭᠤᠴᠠᠯᠭ᠎ᠠ ᠲᠤᠯᠭ᠋ᠠᠬᠤ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠢ ᠬᠢᠨᠠᠨ ᠵᠥᠪᠯᠡᠪᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ
 
             蒙ICP备05000248号