ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠪᠠ 《ᠰᠢᠨ᠎ᠡ ᠴᠠᠭ ᠦᠶ᠎ᠡ᠎ᠳᠤ ᠳᠤᠮᠳᠠ ᠣᠷᠣᠨ᠎ᠤ ᠲᠦᠷᠭᠡᠨ ᠬᠥᠭᠵᠢᠨ ᠮᠠᠨᠳᠤᠬᠤ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ》 《ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠬᠠᠷᠢᠭᠤᠴᠠᠯᠭ᠎ᠠ ᠲᠤᠯᠭ᠋ᠠᠬᠤ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠢ ᠬᠢᠨᠠᠨ ᠵᠥᠪᠯᠡᠪᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ
ᠨᠡᠶ᠋ᠢᠲᠡᠯᠡᠭᠰᠡᠨ ᠴᠠᠭ᠄ 2024-05-29

      ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 27᠎ᠤ ᠴᠠᠭᠢᠯᠭ᠋ᠠᠨ ᠮᠡᠳᠡᠭᠡ  ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ 5 ᠰᠠᠷ᠎ᠠ ᠵᠢᠨ 27᠎ᠤ ᠡᠳᠦᠷ ᠬᠤᠷᠠᠯ ᠬᠤᠷᠠᠯᠳᠤᠭᠤᠯᠵᠤ᠂ 《ᠰᠢᠨ᠎ᠡ ᠴᠠᠭ ᠦᠶ᠎ᠡ᠎ᠳᠤ ᠳᠤᠮᠳᠠ ᠣᠷᠣᠨ᠎ᠤ ᠲᠦᠷᠭᠡᠨ ᠬᠥᠭᠵᠢᠨ ᠮᠠᠨᠳᠤᠬᠤ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ》᠂ 《ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠬᠠᠷᠢᠭᠤᠴᠠᠯᠭ᠎ᠠ ᠲᠤᠯᠭ᠋ᠠᠬᠤ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠢ ᠬᠢᠨᠠᠨ ᠵᠥᠪᠯᠡᠪᠡ᠃ ᠨᠠᠮ᠎ᠤᠨ ᠲᠥᠪ ᠬᠤᠷᠢᠶ᠎ᠠ  ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠠᠢ᠃
      ᠬᠤᠷᠠᠯ᠎ᠠᠴᠠ᠂ ᠳᠤᠮᠳᠠ ᠣᠷᠣᠨ᠎ᠤ ᠬᠥᠭᠵᠢᠨ ᠮᠠᠨᠳᠤᠬᠤ ᠵᠢ ᠠᠬᠢᠭᠤᠯᠬᠤ ᠪᠣᠯ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ᠎ᠠᠴᠠ ᠭᠠᠷᠭ᠋ᠠᠭᠰᠠᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢᠨ ᠰᠢᠢ᠍ᠳᠪᠦᠷᠢ ᠮᠥᠨ᠃ ᠨᠠᠮ᠎ᠤᠨ ᠲᠥᠪ ᠬᠤᠷᠢᠶ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠵᠣᠷᠢᠯᠲᠠ ᠵᠢ ᠭᠦᠨᠵᠡᠭᠡᠢ ᠣᠶ᠋ᠢᠯᠠᠭ᠋ᠠᠵᠤ᠂ ᠳᠤᠮᠳᠠ ᠣᠷᠣᠨ ᠪᠣᠯ ᠮᠠᠨ᠎ᠤ ᠤᠯᠤᠰ᠎ᠤᠨ ᠴᠢᠬᠤᠯᠠ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠰᠠᠭᠤᠷᠢᠨ᠂ ᠡᠨᠧᠷᠭᠢ ᠲᠦᠭᠦᠬᠡᠢ ᠮᠠᠲ᠋ᠧᠷᠢᠶᠠᠯ᠎ᠤᠨ ᠰᠠᠭᠤᠷᠢᠨ᠂ ᠤᠳᠤ ᠦᠶ᠎ᠡ ᠵᠢᠨ ᠲᠣᠨᠣᠭᠯᠠᠯ ᠦᠢ᠍ᠯᠡᠳᠬᠦ ᠵᠢᠴᠢ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠰᠠᠭᠤᠷᠢᠨ ᠪᠣᠯᠣᠨ ᠶᠡᠷᠦᠩᠬᠡᠶ᠋ᠢᠯᠡᠭᠰᠡᠨ ᠵᠠᠮ ᠲᠡᠭᠡᠭᠡᠪᠦᠷᠢ ᠵᠢᠨ ᠬᠦᠢ᠍ᠰᠦ ᠪᠤᠯᠬᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠢᠮᠠᠭᠲᠠ ᠴᠢᠩᠭ᠎ᠠ ᠡᠵᠡᠮᠳᠡᠵᠦ᠂ ᠡᠯ᠎ᠡ ᠵᠦᠢ᠍ᠯ᠎ᠤᠨ ᠭᠤᠣᠯᠳᠠᠯᠭ᠎ᠠ᠎ᠲᠠᠢ ᠡᠭᠦᠷᠭᠡ ᠵᠢ ᠬᠦᠴᠦᠯᠡᠨ ᠠᠬᠢᠭᠤᠯᠵᠤ᠂ ᠳᠤᠮᠳᠠ ᠣᠷᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠳᠤ ᠴᠢᠬᠤᠯᠠ ᠶᠡᠭᠡ ᠰᠢᠨ᠎ᠡ ᠰᠢᠪᠲᠤᠯᠤᠯᠲᠠ ᠭᠠᠷᠭ᠋ᠠᠬᠤ  ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
      ᠬᠤᠷᠠᠯ᠎ᠠᠴᠠ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ ᠲᠥᠪᠯᠡᠷᠡᠭᠰᠡᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠬᠤ ᠬᠥᠭᠵᠢᠯᠲᠡ ᠵᠢ ᠪᠠᠷᠢᠮᠲᠠᠯᠠᠵᠤ᠂ ᠤᠤᠭ᠋ᠠᠯ ᠡᠭᠦᠳᠦᠯᠲᠡ ᠵᠢᠨ ᠴᠢᠨᠠᠷᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠤᠮᠲᠠ ᠰᠢᠪᠲᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠪᠣᠳᠠᠲᠤ ᠴᠣᠭᠴᠠ ᠵᠢᠨ ᠠᠵᠤ ᠠᠬᠤᠢ ᠵᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠤᠯᠠᠮᠵᠢᠯᠠᠯᠲᠤ ᠠᠵᠤ ᠦᠢ᠍ᠯᠡᠰ᠎ᠤᠨ ᠭᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠢᠷᠡᠭᠡᠳᠦᠢ ᠵᠢᠨ ᠠᠵᠤ ᠦᠢ᠍ᠯᠡᠰ᠎ᠢ ᠲᠥᠯᠥᠪᠵᠢᠭᠦᠯᠦᠨ ᠪᠠᠶ᠋ᠢᠷᠢᠰᠢᠭᠤᠯᠬᠤ ᠬᠡᠷᠡᠭᠲᠡᠢ᠃ ᠣᠷᠣᠨ ᠪᠠᠶ᠋ᠢᠷᠢ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠣᠳᠣᠬᠢᠴᠢᠯᠠᠭᠰᠠᠨ ᠵᠠᠮ ᠬᠠᠷᠢᠯᠴᠠᠭ᠋ᠠᠨ᠎ᠤ ᠰᠠᠭᠤᠷᠢ ᠲᠥᠬᠦᠭᠡᠷᠦᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠢᠬᠤᠯᠠ ᠡᠯᠧᠮᠧᠨ᠋ᠲ᠎ᠤᠨ ᠥᠨᠳᠥᠷ ᠪᠦᠲᠦᠮᠵᠢᠲᠡᠢ ᠴᠢᠯᠦᠭᠡᠲᠡᠢ ᠳᠥᠭᠦᠮ ᠳᠥᠲᠡ ᠭᠦᠢ᠍ᠯᠭᠡᠭᠡ ᠵᠢ ᠠᠬᠢᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ᠎ᠳᠤ ᠨᠡᠩ ᠰᠠᠶ᠋ᠢᠲᠤᠷ ᠠᠭᠤᠰᠤᠯᠴᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠵᠣᠬᠢᠴᠠᠭᠤᠯᠤᠨ ᠠᠬᠢᠭᠤᠯᠵᠤ᠂ ᠦᠵᠡᠰᠬᠦᠯᠡᠩᠲᠦ ᠰᠠᠶ᠋ᠢᠬᠠᠨ ᠳᠤᠮᠳᠠ ᠣᠷᠣᠨ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠬᠡᠷᠡᠭᠲᠡᠢ᠃ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠵᠤ᠂ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠮᠤ ᠪᠤᠳᠠᠭ᠎ᠠ ᠡᠨᠧᠷᠭᠢ ᠵᠢᠨ ᠡᠬᠢ ᠪᠠᠶᠠᠯᠢᠭ᠎ᠤᠨ ᠪᠠᠲᠤᠯᠠᠭ᠎ᠠ ᠵᠢᠨ ᠴᠢᠳᠠᠪᠤᠷᠢ ᠵᠢ ᠶᠡᠭᠡ᠎ᠪᠠᠷ ᠳᠡᠭᠡᠭᠰᠢᠯᠡᠭᠦᠯᠵᠦ᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠤ ᠬᠠᠷᠢᠯᠴᠠᠨ ᠠᠬᠢᠭᠤᠯᠬᠤ ᠵᠢ ᠪᠡᠶᠡᠯᠡᠭᠦᠯᠬᠦ ᠬᠡᠷᠡᠭᠲᠡᠢ᠃ ᠲᠥᠪ᠎ᠤᠨ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠤᠳᠤᠷᠢᠳᠬᠤ ᠳᠤᠭᠤᠶ᠋ᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠡᠯ᠎ᠡ ᠵᠦᠢ᠍ᠯ᠎ᠤᠨ ᠡᠭᠦᠷᠭᠡ ᠵᠢ ᠨᠠᠷᠢᠯᠢᠭᠵᠢᠭᠤᠯᠤᠨ ᠪᠣᠳᠠᠲᠠᠶ᠋ᠢᠵᠢᠭᠤᠯᠵᠤ᠂ ᠨᠠᠷᠢᠨ ᠲᠠᠩᠰᠠ ᠵᠢᠨ ᠭᠡᠯᠪᠡᠷᠢ᠎ᠪᠠᠷ ᠨᠠᠶ᠋ᠢᠳᠠᠪᠤᠷᠢᠵᠢᠭᠤᠯᠤᠯᠲᠠ  ᠵᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠳᠡᠮᠵᠢᠯᠭᠡ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠱᠠᠨ ᠰᠢ᠂ ᠠᠨᠾᠦ᠋ᠢ᠂ ᠵᠢᠶᠠᠩᠰᠢ᠂ ᠾᠧᠨᠠᠨ᠂ ᠬᠤᠪᠧᠢ᠂ ᠬᠤᠨᠠᠨ ᠵᠡᠷᠭᠡ ᠳᠤᠮᠳᠠ ᠣᠷᠣᠨ᠎ᠤ ᠵᠢᠷᠭᠤᠭ᠋ᠠᠨ ᠮᠤᠵᠢ ᠵᠢᠨ᠎ᠬᠢᠨ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠬᠦᠴᠦᠷᠬᠡᠭ ᠶᠡᠭᠡ ᠠᠵᠢᠯ᠎ᠤᠨ ᠬᠠᠮᠲᠤᠷᠠᠯ ᠬᠦᠴᠦᠨ ᠎ᠢ ᠨᠢᠭᠲᠠᠷᠠᠭᠤᠯᠵᠤ᠂ ᠳᠤᠮᠳᠠ ᠣᠷᠣᠨ᠎ᠤ ᠬᠥᠭᠵᠢᠨ ᠮᠠᠨᠳᠤᠭᠰᠠᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠎ᠨᠢ ᠤᠯᠤᠰ᠎ᠤᠨ ᠠᠮᠤᠷ ᠲᠦᠪᠰᠢᠨ᠂ ᠬᠥᠭᠵᠢᠯᠲᠡ ᠵᠢᠨ ᠪᠦᠭᠦ ᠲᠠᠯ᠎ᠠ᠂ ᠠᠷᠠᠳ ᠲᠦᠮᠡᠨ᠎ᠤ ᠡᠳ᠋ ᠬᠥᠷᠥᠩᠭᠡ ᠵᠢᠨ ᠠᠮᠤᠷ ᠲᠦᠪᠰᠢᠨ᠎ᠲᠠᠢ ᠬᠤᠯᠪᠣᠭᠳᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ᠎ᠳᠤ ᠡᠷᠬᠡᠪᠰᠢ ᠳᠠᠪᠠᠭ᠍ᠤ ᠴᠢᠬᠤᠯᠠ ᠶᠡᠭᠡ ᠪᠣᠭᠤᠮᠲᠠ ᠪᠣᠯᠣᠨ᠎ᠠ᠃ 《ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠬᠠᠷᠢᠭᠤᠴᠠᠯᠭ᠎ᠠ ᠲᠤᠯᠭ᠋ᠠᠬᠤ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠢ ᠲᠣᠭᠲᠠᠭ᠋ᠠᠨ ᠨᠡᠶ᠋ᠢᠲᠡᠯᠡᠭᠰᠡᠨ᠎ᠨᠢ ᠮᠥᠩᠭᠦᠨ ᠭᠦᠢ᠍ᠯᠭᠡᠭᠡᠨ᠎ᠤ ᠬᠦᠷᠢᠶᠡᠨ᠎ᠳᠤ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠵᠢ ᠴᠢᠨᠠᠭᠰᠢᠳᠠ ᠠᠬᠢᠭᠤᠯᠵᠤ᠂ ᠮᠥᠩᠭᠦᠨ ᠭᠦᠢ᠍ᠯᠭᠡᠭᠡᠨ᠎ᠤ ᠠᠵᠢᠯ᠎ᠳᠠᠬᠢ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠦᠨᠡᠨ ᠬᠦ᠌ ᠴᠢᠩᠭ᠋ᠠᠳᠬᠠᠵᠤ᠂ ᠮᠥᠩᠭᠦᠨ ᠭᠦᠢ᠍ᠯᠭᠡᠭᠡᠨ᠎ᠤ ᠬᠦᠷᠢᠶᠡᠨ᠎ᠳᠠᠬᠢ ᠬᠠᠮᠢᠶ᠎ᠠ ᠪᠦᠬᠦᠢ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠠᠵᠢᠯ ᠲᠥᠷᠥᠯ᠎ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠣᠷᠣᠨ ᠨᠤᠲᠤᠭ᠎ᠤᠨ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠬᠠᠷᠢᠭᠤᠴᠠᠯᠭ᠎ᠠ ᠵᠢ ᠴᠢᠨᠠᠭᠰᠢᠳᠠ ᠪᠣᠳᠠᠲᠠᠶ᠋ᠢᠵᠢᠭᠤᠯᠵᠤ᠂ ᠡᠯ᠎ᠡ ᠱᠠᠲᠤᠨ᠎ᠤ ᠤᠳᠤᠷᠢᠳᠬᠤ ᠺᠠᠳ᠋ᠷ᠎ᠤᠨ ᠵᠥᠪ ᠠᠵᠢᠯ᠎ᠤᠨ ᠠᠮᠵᠢᠯᠲᠠ ᠵᠢᠨ ᠦᠵᠡᠯᠲᠡ᠎ᠲᠠᠢ ᠪᠤᠯᠬᠤ ᠵᠢ ᠱᠠᠯᠠᠪᠳᠠᠭᠤᠯᠵᠤ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢ ᠪᠦᠭᠦ ᠲᠠᠯ᠎ᠠ᠎ᠪᠠᠷ ᠴᠢᠩᠭ᠋ᠠᠳᠬᠠᠬᠤ᠂ ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠂ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠡᠯ᠎ᠡ ᠵᠦᠢ᠍ᠯ᠎ᠤᠨ ᠡᠭᠦᠷᠭᠡ ᠵᠢ ᠰᠠᠶ᠋ᠢᠲᠤᠷ ᠨᠠᠶ᠋ᠢᠳᠠᠪᠤᠷᠢᠵᠢᠭᠤᠯᠵᠤ ᠪᠠᠶ᠋ᠢᠭ᠎ᠠ ᠶᠠᠪᠤᠳᠠᠯ ᠪᠣᠯᠣᠨ᠎ᠠ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ 《ᠲᠣᠭᠲᠠᠭ᠋ᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠰᠠᠶ᠋ᠢᠲᠤᠷ ᠠᠳᠬᠤᠵᠤ᠂ ᠴᠢᠩᠭ᠎ᠠ ᠪᠠᠶ᠋ᠢᠬᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠵᠣᠷᠢᠭᠲᠠᠢ᠎ᠪᠠᠷ ᠨᠠᠷᠢᠨ ᠬᠢᠨᠠᠮᠠᠭ᠋ᠠᠢ ᠬᠠᠲᠠᠭᠤ᠎ᠲᠠᠢ᠎ᠨᠢ ᠬᠠᠯᠳᠠᠵᠤ᠂ ᠵᠣᠷᠢᠭᠲᠠᠢ ᠬᠠᠮᠢᠶᠠᠷᠴᠤ ᠵᠣᠷᠢᠭᠲᠠᠢ ᠴᠢᠩᠳᠠᠯᠠᠵᠤ᠂ ᠦᠨᠡᠨ ᠬᠠᠮᠢᠶᠠᠷᠴᠤ ᠦᠨᠡᠨ ᠴᠢᠩᠭ᠎ᠠ ᠪᠠᠶ᠋ᠢᠯᠭ᠋ᠠᠵᠤ᠂ ᠬᠠᠷᠢᠭᠤᠴᠠᠯᠭ᠎ᠠ ᠠᠯᠳᠠᠪᠠᠯ ᠵᠠᠪᠠᠯ ᠲᠤᠯᠭ᠋ᠠᠬᠤ᠂ ᠬᠠᠷᠢᠭᠤᠴᠠᠯᠭ᠎ᠠ ᠲᠤᠯᠭ᠋ᠠᠬᠤ᠎ᠳᠤ ᠵᠠᠪᠠᠯ ᠴᠢᠩᠭ᠎ᠠ ᠪᠠᠶ᠋ᠢᠬᠤ ᠴᠢᠩᠭ᠎ᠠ ᠳᠣᠬᠢᠶ᠎ᠠ ᠵᠢ ᠳᠠᠮᠵᠢᠭᠤᠯᠵᠤ᠂ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢ ᠦᠨᠡᠨ ᠬᠦ᠌ 《ᠬᠤᠷᠴᠠ ᠰᠢᠳᠤ》᠎ᠲᠠᠢ ᠪᠠᠶ᠋ᠢᠯᠭ᠋ᠠᠬᠤ᠂ ᠥᠨᠴᠥᠭ ᠢᠷᠮᠡᠭ᠎ᠲᠠᠢ ᠪᠠᠶ᠋ᠢᠬᠤ ᠵᠢ ᠪᠡᠶᠡᠯᠡᠭᠦᠯᠵᠦ᠂ ᠴᠢᠩᠭ᠎ᠠ ᠪᠠᠶ᠋ᠢᠬᠤ ᠦᠨᠳᠦᠰᠦᠨ ᠭᠦᠭ ᠠᠶᠠᠰ᠂ ᠴᠢᠩᠭ᠎ᠠ ᠪᠠᠶ᠋ᠢᠬᠤ ᠠᠷᠭ᠎ᠠ ᠬᠡᠮᠵᠢᠶ᠎ᠡ᠂ ᠴᠢᠩᠭ᠎ᠠ ᠪᠠᠶ᠋ᠢᠬᠤ ᠠᠭᠤᠷ ᠠᠮᠢᠰᠬᠤᠯ᠎ᠢ ᠮᠥᠩᠭᠦᠨ ᠭᠦᠢ᠍ᠯᠭᠡᠭᠡᠨ᠎ᠤ ᠬᠦᠷᠢᠶᠡᠨ᠎ᠳᠤ ᠪᠤᠶ ᠪᠤᠯᠭ᠋ᠠᠬᠤ ᠵᠢᠨ ᠬᠠᠮᠲᠤ ᠣᠷᠳᠣ ᠬᠤᠭᠤᠴᠠᠭ᠎ᠠ᠎ᠪᠠᠷ ᠪᠠᠷᠢᠮᠲᠠᠯᠠᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃


 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠠᠷᠪᠠᠨ ᠳᠥᠷᠪᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ — ᠴᠢᠨᠠᠷ ᠰᠠᠶ᠋ᠢᠲᠠᠢ ᠭᠦᠢ᠍ᠴᠡᠳ ᠠᠵᠢᠯ ᠣᠯᠭᠤᠯᠲᠠ ᠵᠢ ᠠᠬᠢᠭᠤᠯᠵᠤ ᠥᠷᠭᠡᠨ ᠣᠯᠠᠨ ᠬᠥᠳᠡᠯᠮᠦᠷᠢᠴᠢᠳ᠎ᠤᠨ ᠬᠦᠷᠲᠡᠮᠵᠢ ᠵᠢᠨ ᠲᠥᠷᠥᠭᠳᠡᠯ ᠵᠢᠷᠭ᠋ᠠᠯᠲᠤ ᠲᠥᠷᠥᠭᠳᠡᠯ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ 《ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠪᠣᠯ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠳᠣᠲᠣᠭ᠋ᠠᠳᠤ ᠱᠠᠭ᠋ᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ》
ᠯᠢ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠨᠠᠢ᠍ᠮᠠᠳᠤᠭ᠋ᠠᠷ ᠤᠳᠠᠭ᠋ᠠᠨ᠎ᠤ ᠲᠤᠰᠬᠠᠢ ᠰᠡᠳᠦᠪᠲᠦ ᠰᠤᠷᠤᠯᠴᠠᠯᠭ᠎ᠠ ᠵᠢ ᠡᠷᠬᠢᠯᠡᠪᠡ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶ᠎ᠠ ᠵᠢᠨ ᠲᠠᠪᠤᠳᠤᠭ᠋ᠠᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠤᠳᠤ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠲᠡᠭᠦᠯᠳᠡᠷᠵᠢᠭᠦᠯᠵᠦ ᠪᠦᠭᠦ ᠪᠥᠮᠪᠥᠷᠴᠡᠭ᠎ᠤᠨ ᠥᠷᠢᠰᠦᠯᠳᠦᠬᠦ ᠬᠦᠴᠦᠨ᠎ᠲᠠᠢ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠰᠢᠨ᠎ᠡ ᠵᠢ ᠡᠭᠦᠳᠬᠦ ᠨᠡᠭᠡᠭᠡᠯᠲᠡᠲᠤ ᠣᠷᠴᠢᠨ᠎ᠢ ᠪᠠᠶ᠋ᠢᠭᠤᠯᠬᠤ ᠬᠡᠷᠡᠭᠲᠡᠢ  ᠯᠢ ᠴᠢᠶᠠᠩ  ᠸᠠᠩ ᠬᠤ᠌ ᠨᠢᠩ  ᠼᠠᠢ ᠴᠢ ᠣᠷᠣᠯᠴᠠᠪᠠ
《ᠦᠨᠡᠨ》 ᠰᠡᠳᠭᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠮᠠᠨ᠎ᠤ ᠤᠯᠤᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠦᠶ᠎ᠡ
 
             蒙ICP备05000248号