ᠰᠢᠨᠬᠤᠸᠠ ᠬᠤᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 31᠎ᠤ ᠴᠠᠭᠢᠯᠭ᠋ᠠᠨ ᠮᠡᠳᠡᠭᠡ 6 ᠰᠠᠷ᠎ᠠ ᠵᠢᠨ 1᠎ᠤ ᠡᠳᠦᠷ ᠬᠡᠪᠯᠡᠭᠳᠡᠬᠦ 11 ᠳ᠋ᠦ᠍ᠭᠡᠷ ᠬᠤᠭᠤᠴᠠᠭ᠋ᠠᠨ᠎ᠤ 《 ᠦᠨᠡᠨ 》 ᠰᠡᠳᠬᠦᠯ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠂ ᠤᠯᠤᠰ᠎ᠤᠨ ᠲᠡᠷᠢᠭᠦᠯᠡᠭᠴᠢ ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ᠎ᠤᠨ 《 ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠪᠣᠯ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠳᠣᠲᠣᠭ᠋ᠠᠳᠤ ᠱᠠᠭ᠋ᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ 》 ᠭᠡᠬᠦ ᠴᠢᠬᠤᠯᠠ ᠵᠣᠬᠢᠶᠠᠯ᠎ᠢ ᠨᠡᠶ᠋ᠢᠲᠡᠯᠡᠪᠡ ᠃
ᠵᠣᠬᠢᠶᠠᠯ᠎ᠳᠤ ᠂ ᠰᠢᠨ᠎ᠡ ᠴᠠᠭ ᠦᠶ᠎ᠡ᠎ᠳᠤ ᠣᠷᠣᠭᠰᠠᠨ᠎ᠠᠴᠠ ᠨᠠᠭ᠋ᠠᠰᠢ ᠂ ᠨᠠᠮ᠎ᠤᠨ ᠲᠥᠪ ᠬᠤᠷᠢᠶ᠎ᠠ ᠠᠯᠢ ᠤᠯᠠᠨ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠬᠢᠵᠦ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠨᠢ ᠪᠦᠭᠦ ᠨᠠᠮ ᠪᠦᠭᠦ ᠨᠡᠶ᠋ᠢᠭᠡᠮ᠎ᠤᠨ ᠬᠠᠮᠲᠤ ᠵᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠵᠤ ᠂ ᠴᠢᠨᠠᠷ ᠰᠠᠶ᠋ᠢᠲᠠᠢ ᠬᠥᠭᠵᠢᠯᠲᠡ᠎ᠨᠢ ᠭᠤᠣᠯ ᠭᠦᠭ ᠠᠶᠠᠰ ᠪᠣᠯᠪᠠ ᠃ ᠡᠭᠦᠨ᠎ᠤ ᠵᠡᠷᠭᠡ᠎ᠪᠠᠷ ᠂ ᠴᠢᠨᠠᠷ ᠰᠠᠶ᠋ᠢᠲᠠᠢ ᠬᠥᠭᠵᠢᠯᠲᠡ ᠵᠢ ᠬᠦᠯᠢᠶᠡᠰᠦᠯᠡᠬᠦ ᠡᠯᠧᠮᠧᠨ᠋ᠲ ᠪᠠᠰᠠ ᠶᠡᠭᠡ ᠬᠡᠮᠵᠢᠶ᠎ᠡ᠎ᠪᠠᠷ ᠣᠷᠣᠰᠢᠵᠤ ᠪᠠᠶ᠋ᠢᠨ᠎ᠠ ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂ ᠦᠨᠡᠨ ᠬᠦ᠌ ᠰᠢᠢ᠍ᠳᠪᠦᠷᠢᠯᠡᠬᠦ ᠬᠡᠷᠡᠭᠲᠡᠢ ᠃ ᠪᠢᠳᠡ ᠡᠷᠬᠡᠪᠰᠢ ᠴᠢᠨᠠᠷ ᠰᠠᠶ᠋ᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠵᠢᠨ ᠬᠠᠲᠠᠭᠤ ᠶᠣᠰᠣ ᠮᠥᠨ ᠭᠡᠳᠡᠭ᠎ᠢ ᠪᠠᠲᠤ ᠴᠡᠭᠡᠵᠢᠯᠡᠵᠦ ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ ᠂ ᠵᠥᠪ ᠣᠨᠣᠪᠴᠢᠲᠠᠶ ᠂ ᠪᠦᠭᠦ ᠲᠠᠯ᠎ᠠ᠎ᠪᠠᠷ ᠲᠤᠭᠤᠰᠢᠯᠠᠭᠤᠯᠵᠤ ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮ᠎ᠢ ᠲᠦᠷᠭᠡᠳᠬᠡᠨ ᠪᠠᠶ᠋ᠢᠭᠤᠯᠬᠤ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠬᠦ ᠵᠢ ᠠᠬᠢᠭᠤᠯᠬᠤ ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠬᠤ ᠂ ᠭᠦᠨ ᠳᠠᠪᠬᠤᠷᠭ᠎ᠠ ᠵᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠂ ᠴᠢᠨᠠᠷ ᠰᠠᠶ᠋ᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ ᠵᠡᠷᠭᠡ ᠪᠠᠶ᠋ᠢᠯᠳᠤᠬᠤ ᠪᠣᠳᠣᠯᠭ᠎ᠠ ᠵᠢᠨ ᠡᠭᠦᠷᠭᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠰᠢᠯᠭ᠋ᠠᠨ ᠦᠨᠡᠯᠡᠬᠦ ᠰᠢᠰᠲ᠋ᠧᠮ᠎ᠢ ᠲᠡᠭᠦᠯᠳᠡᠷᠵᠢᠭᠦᠯᠵᠦ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠪᠠᠲᠤ ᠪᠠᠬᠢ ᠰᠠᠭᠤᠷᠢ ᠵᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃
ᠵᠣᠬᠢᠶᠠᠯ᠎ᠳᠤ ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠪᠣᠯ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠳᠣᠲᠣᠭ᠋ᠠᠳᠤ ᠱᠠᠭ᠋ᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ ᠃ ᠪᠢ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ ᠭᠡᠬᠦ ᠡᠨᠡ ᠬᠦ᠌ ᠤᠬᠠᠭᠳᠠᠬᠤᠨ ᠪᠠ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠡᠨᠡ ᠬᠦ᠌ ᠴᠢᠬᠤᠯᠠ ᠶᠡᠭᠡ ᠡᠭᠦᠷᠭᠡ ᠵᠢ ᠳᠤᠷᠠᠳᠤᠨ ᠭᠠᠷᠭ᠋ᠠᠭᠰᠠᠨ᠎ᠤ ᠭᠤᠣᠯ ᠪᠣᠳᠣᠯᠬᠢᠯᠠᠯ ᠪᠣᠯ ᠄ ᠦᠢ᠍ᠯᠡᠳᠪᠦᠷᠢᠯᠡᠯ᠎ᠤᠨ ᠬᠦᠴᠦᠨ ᠪᠣᠯ ᠬᠥᠮᠥᠨ ᠲᠥᠷᠥᠯᠬᠢᠲᠡᠨ᠎ᠤ ᠨᠡᠶ᠋ᠢᠭᠡᠮ᠎ᠤᠨ ᠬᠥᠭᠵᠢᠯᠲᠡ ᠵᠢᠨ ᠦᠨᠳᠦᠰᠦᠨ ᠬᠥᠳᠡᠯᠭᠡᠬᠦ ᠬᠦᠴᠦᠨ ᠮᠥᠨ ᠂ ᠪᠠᠰᠠ ᠴᠤ᠌ ᠠᠯᠢᠪᠠ ᠨᠡᠶ᠋ᠢᠭᠡᠮ᠎ᠤᠨ ᠬᠤᠪᠢᠰᠤᠯᠲᠠ ᠪᠠ ᠤᠯᠤᠰ ᠲᠦᠷᠦ ᠵᠢᠨ ᠬᠤᠪᠢᠰᠤᠯᠲᠠ ᠵᠢᠨ ᠡᠴᠦᠰ᠎ᠤᠨ ᠰᠢᠯᠲᠠᠭ᠋ᠠᠨ ᠮᠥᠨ ᠃ ᠴᠢᠨᠠᠷ ᠰᠠᠶ᠋ᠢᠲᠠᠢ ᠬᠥᠭᠵᠢᠯᠲᠡ᠎ᠨᠢ ᠰᠢᠨ᠎ᠡ ᠦᠢ᠍ᠯᠡᠳᠪᠦᠷᠢᠯᠡᠯ᠎ᠤᠨ ᠬᠦᠴᠦᠨ᠎ᠤ ᠤᠨᠤᠯ ᠵᠶ᠋ᠠᠷ ᠵᠢᠯᠣᠭᠤᠳᠤᠭᠤᠯᠬᠤ ᠵᠢ ᠱᠠᠭ᠋ᠠᠷᠳᠠᠵᠤ ᠂ ᠬᠠᠷᠢᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠨᠢ ᠦᠢ᠍ᠯᠡᠳᠦᠯᠭᠡ ᠵᠢᠨ ᠳᠤᠮᠳᠠ ᠨᠢᠭᠡᠨᠲᠡ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠲᠡᠢ ᠠᠬᠢᠭᠤᠯᠬᠤ ᠬᠦᠴᠦᠨ᠂ ᠲᠤᠯᠭ᠋ᠠᠭᠤᠷᠢᠯᠠᠬᠤ ᠬᠦᠴᠦᠨ᠎ᠢ ᠪᠦᠷᠢᠯᠳᠦᠭᠦᠯᠵᠦ ᠥᠭᠭᠦᠭᠰᠡᠨ ᠪᠥᠭᠡᠳ ᠢᠯᠡᠷᠡᠭᠦᠯᠦᠭᠰᠡᠨ ᠪᠠᠶ᠋ᠢᠨ᠎ᠠ ᠂ ᠪᠢᠳᠡ ᠤᠨᠤᠯ᠎ᠤᠨ ᠲᠠᠯ᠎ᠠ᠎ᠪᠠᠷ ᠳ᠋ᠦᠩᠨᠡᠵᠦ ᠬᠤᠷᠢᠶᠠᠩᠭᠤᠶ᠋ᠢᠯᠠᠵᠤ ᠪᠠᠶ᠋ᠢᠭ᠋ᠠᠳ ᠰᠢᠨ᠎ᠡ ᠬᠥᠭᠵᠢᠯᠲᠡ ᠵᠢᠨ ᠦᠢ᠍ᠯᠡᠳᠦᠯᠭᠡ ᠵᠢ ᠵᠢᠯᠣᠭᠤᠳᠤᠭᠤᠯᠬᠤ ᠴᠢᠬᠤᠯᠠᠲᠠᠢ ᠶᠤᠮ ᠃ ᠬᠤᠷᠢᠶᠠᠩᠭᠤᠶ᠋ᠢᠯᠠᠭ᠋ᠠᠳ ᠬᠡᠯᠡᠪᠡᠯ ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ ᠪᠣᠯ ᠰᠢᠨ᠎ᠡ ᠵᠢ ᠡᠭᠦᠳᠬᠦ᠎ᠳᠤ ᠭᠤᠣᠯᠯᠠᠬᠤ ᠦᠢ᠍ᠯᠡᠳᠦᠯ ᠦᠵᠡᠭᠦᠯᠵᠦ ᠂ ᠤᠯᠠᠮᠵᠢᠯᠠᠯᠲᠤ ᠠᠵᠤ ᠠᠬᠤᠢ ᠵᠢᠨ ᠨᠡᠮᠡᠭᠳᠡᠯ᠎ᠤᠨ ᠠᠷᠭ᠎ᠠ ᠮᠠᠶᠢᠭ ᠂ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢᠨ ᠠᠷᠭ᠎ᠠ ᠵᠠᠮ᠎ᠠᠴᠠ ᠠᠩᠭᠢᠵᠢᠷᠠᠵᠤ ᠂ ᠳᠡᠭᠡᠳᠦ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ᠂ ᠥᠨᠳᠥᠷ ᠪᠦᠲᠦᠮᠵᠢᠲᠡᠢ᠂ ᠴᠢᠨᠠᠷ ᠰᠠᠶ᠋ᠢᠲᠠᠢ ᠣᠨᠴᠠᠯᠢᠭ᠎ᠲᠠᠢ ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠳᠤ ᠨᠡᠶ᠋ᠢᠴᠡᠭᠰᠡᠨ ᠲᠡᠷᠢᠭᠦᠨ᠎ᠤ ᠦᠢ᠍ᠯᠡᠳᠪᠦᠷᠢᠯᠡᠯ᠎ᠤᠨ ᠬᠦᠴᠦᠨ᠎ᠤ ᠶᠠᠰᠤ ᠴᠢᠨᠠᠷᠲᠠᠢ ᠪᠠᠶ᠋ᠢᠳᠠᠯ ᠪᠣᠯᠣᠨ᠎ᠠ᠃ ᠲᠡᠷᠡ᠎ᠨᠢ ᠮᠡᠷᠭᠡᠵᠢᠯ᠎ᠤᠨ ᠬᠤᠪᠢᠰᠬᠠᠯᠲᠤ ᠴᠢᠨᠠᠷᠲᠠᠢ ᠰᠢᠪᠲᠤᠯᠤᠯᠲᠠ ᠂ ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠰᠢᠨ᠎ᠡ ᠵᠢ ᠡᠭᠦᠳᠬᠦ ᠴᠢᠨᠠᠷᠲᠠᠢ ᠲᠣᠬᠢᠷᠠᠭᠤᠯᠤᠯᠲᠠ ᠂ ᠠᠵᠤ ᠦᠢ᠍ᠯᠡᠰ᠎ᠤᠨ ᠭᠦᠨᠵᠡᠭᠡᠢ ᠭᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ᠎ᠠᠴᠠ ᠪᠣᠯᠵᠤ ᠪᠤᠶ ᠪᠣᠯᠵᠤ ᠂ ᠬᠥᠳᠡᠯᠮᠦᠷᠢᠴᠢᠨ ᠂ ᠭᠦᠳᠡᠯᠮᠦᠷᠢ ᠵᠢᠨ ᠬᠡᠷᠡᠭᠰᠡᠯ ᠂ ᠭᠦᠳᠡᠯᠮᠦᠷᠢ ᠵᠢᠨ ᠡᠲᠡᠭᠡᠳ ᠵᠢᠴᠢ ᠲᠡᠭᠦᠨ᠎ᠢ ᠰᠢᠯᠢᠳᠡᠭᠵᠢᠭᠦᠯᠦᠨ ᠨᠡᠶ᠋ᠢᠳᠬᠡᠬᠦ ᠵᠢᠨ ᠦᠰᠦᠷᠦᠯᠲᠡ᠎ᠪᠠᠷ ᠦᠨᠳᠦᠰᠦᠨ ᠠᠭᠤᠯᠤᠭᠳᠠᠬᠤᠨ ᠪᠤᠯᠭ᠋ᠠᠵᠤ ᠂ ᠪᠦᠭᠦ ᠡᠯᠧᠮᠧᠨ᠋ᠲ ᠤᠨ ᠦᠢ᠍ᠯᠡᠳᠪᠦᠷᠢᠯᠡᠯ᠎ᠤᠨ ᠨᠣᠷᠮ᠎ᠠ ᠵᠢ ᠶᠡᠭᠡ᠎ᠪᠠᠷ ᠳᠡᠭᠡᠭᠰᠢᠯᠡᠭᠦᠯᠭᠦ᠎ᠪᠠᠷ ᠭᠤᠣᠯ ᠪᠡᠯᠭᠡ ᠲᠡᠮᠳᠡᠭ ᠪᠤᠯᠭ᠋ᠠᠵᠤ᠂ ᠣᠨᠴᠠᠯᠢᠭ᠎ᠨᠢ ᠰᠢᠨ᠎ᠡ ᠵᠢ ᠡᠭᠦᠳᠬᠦ᠎ᠳᠤ ᠪᠠᠶ᠋ᠢᠵᠤ᠂ ᠵᠠᠩᠭᠢᠯᠠᠭ᠎ᠠ᠎ᠨᠢ ᠴᠢᠨᠠᠷ ᠰᠠᠶ᠋ᠢᠲᠠᠢ᠎ᠳᠤ ᠪᠠᠶ᠋ᠢᠵᠤ᠂ ᠮᠥᠨ ᠴᠢᠨᠠᠷ᠎ᠨᠢ ᠲᠡᠷᠢᠭᠦᠨ᠎ᠤ ᠦᠢ᠍ᠯᠡᠳᠪᠦᠷᠢᠯᠡᠯ᠎ᠤᠨ ᠬᠦᠴᠦᠨ᠎ᠳᠤ ᠪᠤᠶ ᠭᠡᠵᠦ ᠵᠢᠭ᠋ᠠᠵᠤ ᠭᠠᠷᠭ᠋ᠠᠪᠠ ᠃
ᠵᠣᠬᠢᠶᠠᠯ᠎ᠳᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠤ ᠢᠯᠡᠷᠬᠡᠢ ᠣᠨᠴᠠᠯᠢᠭ ᠪᠣᠯ ᠰᠢᠨ᠎ᠡ ᠵᠢ ᠡᠭᠦᠳᠬᠦ ᠶᠠᠪᠤᠳᠠᠯ ᠪᠣᠯᠣᠨ᠎ᠠ᠂ ᠡᠭᠦᠨ᠎ᠳᠤ ᠮᠡᠷᠭᠡᠵᠢᠯ ᠪᠣᠯᠣᠨ ᠡᠵᠡᠩᠨᠡᠯᠲᠡ ᠵᠢᠨ ᠭᠡᠯᠪᠡᠷᠢ ᠵᠢᠨ ᠵᠠᠭᠪᠤᠷ᠎ᠤᠨ ᠲᠠᠯ᠎ᠠ ᠵᠢᠨ ᠰᠢᠨ᠎ᠡ ᠵᠢ ᠡᠭᠦᠳᠬᠦ ᠵᠢ ᠪᠠᠭᠲᠠᠭ᠋ᠠᠬᠤ ᠪᠥᠭᠡᠳ ᠪᠠᠰᠠ ᠬᠠᠮᠢᠶᠠᠷᠤᠯᠲᠠ ᠪᠣᠯᠣᠨ ᠳᠦᠷᠢᠮ᠎ᠤᠨ ᠲᠠᠯ᠎ᠠ ᠵᠢᠨ ᠰᠢᠨ᠎ᠡ ᠵᠢ ᠡᠭᠦᠳᠬᠦ ᠵᠢ ᠪᠠᠭᠲᠠᠭ᠋ᠠᠨ᠎ᠠ᠃ ᠡᠷᠬᠡᠪᠰᠢ ᠰᠢᠨ᠎ᠡ ᠵᠢ ᠡᠭᠦᠳᠬᠦ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠤ ᠲᠦᠷᠭᠡᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠨᠢᠭᠡᠳᠦᠭᠡᠷ᠎ᠲᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠶᠡᠭᠡ᠎ᠪᠠᠷ ᠠᠬᠢᠭᠤᠯᠬᠤ ᠬᠡᠷᠡᠭᠲᠡᠢ᠃ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠨᠢ ᠭᠤᠣᠯᠳᠠᠭᠤ ᠮᠡᠷᠭᠡᠵᠢᠯ᠎ᠤᠨ ᠬᠤᠪᠢᠰᠬᠠᠯᠲᠤ ᠴᠢᠨᠠᠷᠲᠠᠢ ᠰᠢᠪᠲᠤᠯᠤᠯᠲᠠ᠎ᠠᠴᠠ ᠪᠤᠢ ᠪᠣᠯᠤᠭᠰᠠᠨ ᠶᠤᠮ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠨᠢ ᠰᠢᠨ᠎ᠡ ᠠᠵᠤ ᠦᠢ᠍ᠯᠡᠰ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠵᠢ ᠪᠤᠢ ᠪᠤᠯᠭ᠋ᠠᠵᠤ ᠴᠢᠳᠠᠬᠤ ᠪᠥᠭᠡᠳ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠭᠤᠣᠯᠯᠠᠬᠤ ᠬᠦᠴᠦᠨ ᠵᠦᠢ᠍ᠯ ᠮᠥᠨ᠃ ᠡᠨᠡ ᠨᠢ ᠪᠢᠳᠡᠨ᠎ᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠢᠯᠠᠩᠭᠤᠶ᠎ᠠ ᠠᠩᠬᠠᠨ᠎ᠤ ᠡᠭᠦᠳᠦᠯᠲᠡ ᠵᠢᠨ ᠴᠢᠨᠠᠷᠲᠠᠢ᠂ ᠴᠢᠨᠠᠷ᠎ᠤᠨ ᠬᠤᠪᠢᠰᠤᠯᠲᠠ ᠵᠢᠨ ᠴᠢᠨᠠᠷᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠳᠬᠡᠨ ᠪᠡᠶᠡᠯᠡᠭᠦᠯᠬᠦ ᠵᠢ ᠱᠠᠭ᠋ᠠᠷᠳᠠᠵᠤ ᠪᠠᠶ᠋ᠢᠨ᠎ᠠ᠃ ᠬᠤᠶᠠᠳᠤᠭ᠋ᠠᠷ᠎ᠲᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠠᠬᠢᠭᠤᠯᠬᠤ ᠬᠡᠷᠡᠭᠲᠡᠢ ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ ᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠣᠨᠳᠣᠣᠰᠢᠭᠤᠯᠬᠤ ᠵᠢᠨ ᠢᠯᠡᠷᠡᠬᠦ ᠭᠡᠯᠪᠡᠷᠢ᠎ᠨᠢ ᠰᠢᠨ᠎ᠡ ᠠᠵᠤ ᠦᠢ᠍ᠯᠡᠰ᠎ᠢ ᠪᠤᠢ ᠪᠤᠯᠭ᠋ᠠᠵᠤ ᠂ ᠠᠵᠤ ᠦᠢ᠍ᠯᠡᠰ᠎ᠤᠨ ᠭᠦᠨᠵᠡᠭᠡᠢ ᠭᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠠᠬᠢᠭᠤᠯᠬᠤ ᠶᠠᠪᠤᠳᠠᠯ ᠪᠣᠯᠣᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠪᠣᠳᠠᠲᠠᠢ ᠠᠵᠤ ᠦᠢ᠍ᠯᠡᠰ ᠪᠠ ᠠᠵᠤ ᠦᠢ᠍ᠯᠡᠰ᠎ᠤᠨ ᠬᠡᠯᠬᠢᠶ᠎ᠡ᠎ᠳᠤ ᠴᠠᠭ ᠲᠤᠬᠠᠢᠳᠤᠨᠢ ᠬᠡᠷᠡᠭᠯᠡᠵᠦ᠂ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠢᠷᠡᠭᠡᠳᠦᠢ ᠵᠢᠨ ᠠᠵᠤ ᠦᠢ᠍ᠯᠡᠰ᠎ᠢ ᠪᠠᠶ᠋ᠢᠷᠢᠰᠢᠭᠤᠯᠤᠨ ᠪᠠᠶ᠋ᠢᠭᠤᠯᠵᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠢ᠃ ᠭᠤᠷᠪᠠᠳᠤᠭ᠋ᠠᠷ᠎ᠲᠤ᠂ ᠬᠥᠭᠵᠢᠯᠲᠡ ᠵᠢᠨ ᠠᠷᠭ᠎ᠠ ᠮᠠᠶᠢᠭ᠎ᠤᠨ ᠰᠢᠨ᠎ᠡ ᠵᠢ ᠡᠭᠦᠳᠬᠦ ᠵᠢ ᠬᠦᠴᠦᠯᠡᠨ ᠠᠬᠢᠭᠤᠯᠬᠤ ᠬᠡᠷᠡᠭᠲᠡᠢ᠃ ᠪᠣᠬᠢᠷᠳᠤᠯ ᠦᠭᠡᠢ ᠬᠥᠭᠵᠢᠯᠲᠡ ᠪᠣᠯ ᠴᠢᠨᠠᠷ ᠰᠠᠶ᠋ᠢᠲᠠᠢ ᠬᠥᠭᠵᠢᠯᠲᠡ ᠵᠢᠨ ᠳᠡᠪᠢᠰᠬᠡᠷ ᠥᠩᠭᠡ ᠮᠥᠨ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠤ ᠲᠤᠰ ᠪᠡᠶ᠎ᠡ᠎ᠨᠢ ᠳᠠᠷᠤᠢ ᠪᠣᠬᠢᠷᠳᠤᠯ ᠦᠭᠡᠢ ᠦᠢ᠍ᠯᠡᠳᠪᠦᠷᠢᠯᠡᠯ᠎ᠤᠨ ᠬᠦᠴᠦᠨ ᠮᠥᠨ᠃ ᠡᠷᠬᠡᠪᠰᠢ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠬᠥᠭᠵᠢᠭᠦᠯᠵᠦ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ᠎ᠳᠤ ᠬᠦᠴᠦᠨ ᠨᠡᠮᠡᠷᠢᠯᠡᠬᠦ ᠬᠡᠷᠡᠭᠲᠡᠢ᠃ ᠳᠥᠷᠪᠡᠳᠦᠭᠡᠷ᠎ᠲᠤ᠂ ᠪᠠᠶ᠋ᠢᠭᠤᠯᠤᠮᠵᠢ ᠲᠣᠭᠲᠠᠴᠠ ᠵᠢᠨ ᠰᠢᠨ᠎ᠡ ᠵᠢ ᠡᠭᠦᠳᠬᠦ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠦᠢ᠍ᠯᠡᠳᠪᠦᠷᠢᠯᠡᠯ᠎ᠤᠨ ᠬᠠᠷᠢᠴᠠᠭ᠎ᠠ ᠵᠢ ᠡᠷᠬᠡᠪᠰᠢ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢᠨ ᠱᠠᠭ᠋ᠠᠷᠳᠠᠯᠭ᠎ᠠ᠎ᠲᠠᠢ ᠵᠣᠬᠢᠴᠠᠭᠤᠯᠬᠤ ᠬᠡᠷᠡᠭᠲᠡᠢ ᠃ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠳᠤ ᠡᠷᠬᠡᠪᠰᠢ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ ᠂ ᠲᠡᠭᠦᠨ᠎ᠲᠠᠢ ᠵᠣᠬᠢᠴᠠᠭᠰᠠᠨ ᠰᠢᠨ᠎ᠡ ᠮᠠᠶᠢᠭ᠎ᠤᠨ ᠦᠢ᠍ᠯᠡᠳᠪᠦᠷᠢᠯᠡᠯ᠎ᠤᠨ ᠬᠠᠷᠢᠴᠠᠭ᠎ᠠ ᠵᠢ ᠪᠤᠢ ᠪᠤᠯᠭ᠋ᠠᠬᠤ ᠬᠡᠷᠡᠭᠲᠡᠢ ᠃ ᠲᠠᠪᠤᠳᠤᠭ᠋ᠠᠷ᠎ᠲᠤ ᠂ ᠴᠢᠳᠠᠪᠤᠷᠢᠲᠠᠨ᠎ᠤ ᠠᠵᠢᠯ᠎ᠤᠨ ᠲᠣᠭᠲᠠᠴᠠ ᠵᠢᠨ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠬᠦ ᠬᠡᠷᠡᠭᠲᠡᠢ ᠃ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠱᠠᠭ᠋ᠠᠷᠳᠠᠯᠭ᠎ᠠ ᠶᠣᠰᠣᠭ᠋ᠠᠷ᠂ ᠰᠤᠷᠭ᠋ᠠᠨ ᠬᠥᠮᠦᠵᠢᠯ ᠂ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ ᠂ ᠴᠢᠳᠠᠪᠤᠷᠢᠲᠠᠨ᠎ᠤ ᠰᠠᠶ᠋ᠢᠨ ᠰᠠᠶ᠋ᠢᠬᠠᠨ ᠣᠷᠴᠢᠯ᠎ᠢ ᠰᠢᠯᠤᠭᠤᠳᠬᠠᠵᠤ᠂ ᠴᠢᠳᠠᠪᠤᠷᠢᠲᠠᠨ᠎ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ ᠂ ᠵᠦᠢ ᠵᠣᠬᠢᠰᠲᠠᠢ ᠰᠢᠯᠵᠢᠭᠦᠯᠬᠦ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃