ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠳᠡᠯᠡᠬᠡᠢ᠎ᠵᠢᠨ ᠡᠮᠡᠭᠲᠡᠢᠴᠦᠳ᠎ᠦᠨ ᠲᠦᠷᠦᠭᠦᠴᠦᠳ᠎ᠦᠨ ᠬᠤᠷᠠᠯ᠎ᠤᠨ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠦᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2025-10-15

10 ᠰᠠᠷ᠎ᠠ᠎ᠶᠢᠨ 13 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠤᠯᠤᠰ᠎ᠤᠨ ᠬᠤᠷᠠᠯ᠎ᠤᠨ ᠲᠥᠪ᠎ᠲᠦ ᠳᠡᠯᠡᠬᠡᠢ᠎ᠵᠢᠨ ᠡᠮᠡᠭᠲᠡᠢᠴᠦᠳ᠎ᠦᠨ ᠲᠦᠷᠦᠭᠦᠴᠦᠳ᠎ᠦᠨ ᠬᠤᠷᠠᠯ᠎ᠤᠨ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠦᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠪᠠ᠃

 

 

10 ᠰᠠᠷ᠎ᠠ᠎ᠶᠢᠨ 13 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠤᠯᠤᠰ᠎ᠤᠨ ᠬᠤᠷᠠᠯ᠎ᠤᠨ ᠲᠥᠪ᠎ᠲᠦ ᠳᠡᠯᠡᠬᠡᠢ᠎ᠵᠢᠨ ᠡᠮᠡᠭᠲᠡᠢᠴᠦᠳ᠎ᠦᠨ ᠲᠦᠷᠦᠭᠦᠴᠦᠳ᠎ᠦᠨ ᠬᠤᠷᠠᠯ᠎ᠤᠨ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠦᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠪᠠ᠃ 

ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠱᠸᠨ ᠬᠤᠩ ᠰᠡᠭᠦᠳᠡᠷᠯᠡᠪᠡ

 

 

10 ᠰᠠᠷ᠎ᠠ᠎ᠶᠢᠨ 13 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠦᠨ ᠤᠯᠤᠰ᠎ᠤᠨ ᠬᠤᠷᠠᠯ᠎ᠤᠨ ᠲᠥᠪ᠎ᠲᠦ ᠳᠡᠯᠡᠬᠡᠢ᠎ᠵᠢᠨ ᠡᠮᠡᠭᠲᠡᠢᠴᠦᠳ᠎ᠦᠨ ᠲᠦᠷᠦᠭᠦᠴᠦᠳ᠎ᠦᠨ ᠬᠤᠷᠠᠯ᠎ᠤᠨ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠦᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠪᠠ᠃ ᠵᠢᠷᠤᠭ ᠪᠤᠯ᠂ ᠰᠢ ᠵᠢᠨ ᠫᠢᠩ ᠬᠠᠳᠤᠨ ᠫᠸᠩ ᠯᠢ ᠶᠤᠸᠠᠨ᠎ᠲᠠᠢ᠎ᠪᠠᠨ ᠬᠤᠷᠠᠯ᠎ᠳᠤ ᠣᠷᠣᠯᠴᠠᠭᠰᠠᠨ ᠡᠯ᠎ᠡ ᠤᠯᠤᠰ ᠪᠣᠯᠣᠨ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠳᠠᠷᠤᠭ᠎ᠠ ᠪᠠ ᠲᠡᠳᠡᠨ᠎ᠤ ᠬᠠᠨᠢ ᠨᠦᠬᠦᠷ᠎ᠲᠠᠢ ᠬᠠᠮᠲᠤ᠎ᠵᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠵᠤ ᠪᠠᠢᠭ᠎ᠠ ᠨᠢ᠃

ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠬᠤᠸᠠᠩ ᠵᠢᠩ ᠸᠸᠨ ᠰᠡᠭᠦᠳᠡᠷᠯᠡᠪᠡ

 

ᠠᠯᠲᠠᠨ ᠨᠠᠮᠤᠷ᠎ᠤᠨ ᠤᠯᠠᠷᠢᠯ ᠳ᠋ᠦ᠂ ᠲᠡᠭᠷᠢ ᠴᠡᠯᠮᠡᠭ ᠠᠭᠠᠷ ᠲᠤᠩᠭᠠᠯᠠᠭ᠃ ᠤᠯᠤᠰ᠎ᠤᠨ ᠬᠤᠷᠠᠯ᠎ᠤᠨ ᠲᠥᠪ᠎ᠦᠨ ᠬᠤᠷᠠᠯ᠎ᠤᠨ ᠲᠠᠯᠠᠪᠠᠢ᠎ᠳᠤ ᠡᠯ᠎ᠡ ᠤᠯᠤᠰ᠎ᠤᠨ ᠤᠯᠤᠰ᠎ᠤᠨ ᠲᠤᠭ ᠪᠣᠯᠣᠨ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠲᠤᠭ ᠰᠦᠷ ᠳᠠᠯᠠᠢᠴᠠᠲᠠᠢ ᠲᠤᠭ᠎ᠤᠨ ᠵᠢᠭ᠍ᠰᠠᠭᠠᠯ ᠪᠤᠯᠤᠨ ᠪᠦᠷᠢᠯᠳᠦᠵᠡᠢ᠃

ᠰᠢ ᠵᠢᠨ ᠫᠢᠩ ᠬᠠᠳᠤᠨ ᠫᠸᠩ ᠯᠢ ᠶᠤᠸᠠᠨ᠎ᠲᠠᠢ᠎ᠪᠠᠨ ᠬᠤᠷᠠᠯ᠎ᠳᠤ ᠣᠷᠣᠯᠴᠠᠭᠰᠠᠨ ᠡᠯ᠎ᠡ ᠤᠯᠤᠰ ᠪᠣᠯᠣᠨ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠳᠠᠷᠤᠭ᠎ᠠ ᠪᠤᠯᠤᠨ ᠲᠡᠳᠡᠨ᠎ᠤ ᠬᠠᠨᠢ ᠨᠦᠬᠦᠷ᠎ᠲᠠᠢ ᠳᠣᠲᠣᠨᠣ᠌᠎ᠪᠠᠷ ᠭᠠᠷ ᠠᠳᠬᠤᠵᠤ ᠬᠠᠮᠲᠤ᠎ᠵᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃

ᠬᠠᠯᠠᠭᠤᠨ ᠠᠯᠠᠭ᠎ᠠ ᠲᠡᠰᠢᠯᠲᠡ᠎ᠶᠢᠨ ᠳᠤᠮᠳᠠ᠂ ᠰᠢ ᠵᠢᠨ ᠫᠢᠩ 《ᠪᠡᠭᠡᠵᠢᠩ᠎ᠦᠨ ᠳᠡᠯᠡᠬᠡᠢ᠎ᠶᠢᠨ ᠡᠮᠡᠭᠲᠡᠢᠴᠦᠳ᠎ᠦᠨ ᠬᠤᠷᠠᠯ᠎ᠤᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ ᠡᠮᠡᠭᠲᠡᠢᠴᠦᠳ᠎ᠦᠨ ᠪᠦᠬᠦ ᠲᠠᠯ᠎ᠠ᠎ᠶᠢᠨ ᠬᠥᠭᠵᠢᠯᠲᠡ᠎ᠶᠢᠨ ᠰᠢᠨ᠎ᠡ ᠠᠬᠢᠴᠠ᠎ᠶᠢ ᠲᠦᠷᠭᠡᠳᠬᠡᠶ᠎ᠡ》 ᠭᠡᠬᠦ ᠰᠡᠳᠦᠪ᠎ᠢᠶᠡᠷ ᠭᠣᠣᠯ ᠵᠤᠷᠢᠯᠳᠠᠳᠤ ᠶᠠᠷᠢᠶ᠎ᠠ ᠲᠠᠯᠪᠢᠪᠠ᠃

ᠰᠢ ᠵᠢᠨ ᠫᠢᠩ᠂ ᠡᠮᠡᠭᠲᠡᠢᠴᠦᠳ ᠪᠣᠯ ᠬᠥᠮᠥᠨ ᠲᠥᠷᠥᠯᠬᠢᠲᠡᠨ᠎ᠦ ᠪᠣᠯᠪᠠᠰᠤᠨ᠎ᠤ ᠴᠢᠬᠤᠯᠠ ᠡᠭᠦᠳᠦᠨ ᠪᠦᠲᠦᠭᠡᠭᠴᠢ᠂ ᠠᠬᠢᠭᠤᠯᠤᠭ᠍ᠴᠢ᠂ ᠤᠯᠠᠮᠵᠢᠯᠠᠭ᠍ᠴᠢ ᠮᠥᠨ᠂ ᠡᠮᠡᠭᠲᠡᠢᠴᠦᠳ᠎ᠦᠨ ᠦᠢᠯᠡᠰ᠎ᠦᠨ ᠬᠥᠭᠵᠢᠯᠲᠡ᠎ᠶᠢ ᠠᠬᠢᠭᠤᠯᠬᠤ ᠪᠣᠯ ᠳᠡᠯᠡᠬᠡᠢ ᠨᠡᠢᠭᠡᠮ᠎ᠦᠨ ᠬᠠᠮᠲᠤ᠎ᠶᠢᠨ ᠬᠠᠷᠢᠭᠤᠴᠠᠯᠭ᠎ᠠ ᠮᠥᠨ᠃ 30 ᠵᠢᠯ᠎ᠦᠨ ᠡᠮᠦᠨ᠎ᠡ᠂ ᠪᠡᠭᠡᠵᠢᠩ᠎ᠦᠨ ᠳᠡᠯᠡᠬᠡᠢ᠎ᠶᠢᠨ ᠡᠮᠡᠭᠲᠡᠢᠴᠦᠳ᠎ᠦᠨ ᠬᠤᠷᠠᠯ᠎ᠡᠴᠡ 《ᠡᠷᠬᠡ ᠲᠡᠭᠰᠢ᠂ ᠬᠥᠭᠵᠢᠯᠲᠡ ᠪᠣᠯᠣᠨ ᠡᠩᠬᠡ ᠲᠠᠢᠪᠤᠩ᠎ᠢ ᠦᠢᠯᠡ ᠠᠵᠢᠯᠯᠠᠭ᠎ᠠ᠎ᠪᠠᠷ᠎ᠢᠶᠠᠨ ᠡᠷᠢᠯᠬᠢᠯᠡᠬᠦ》 ᠡᠷᠬᠢᠮ ᠳᠡᠭᠡᠳᠦ ᠬᠠᠷᠠᠯᠲᠠ᠎ᠶᠢ ᠲᠣᠭᠲᠠᠭᠠᠵᠤ᠂ ᠬᠦᠰᠢᠶ᠎ᠠ ᠲᠤᠷᠠᠰᠬᠠᠯ᠎ᠤᠨ ᠠᠴᠢ ᠬᠣᠯᠪᠣᠭᠳᠠᠯ᠎ᠲᠠᠢ 《ᠪᠡᠭᠡᠵᠢᠩ᠎ᠦᠨ ᠲᠤᠩᠬᠠᠭ》 ᠪᠣᠯᠣᠨ 《ᠠᠵᠢᠯᠯᠠᠭᠠᠨ᠎ᠤ ᠬᠥᠲᠥᠯᠪᠦᠷᠢ》᠎ᠶᠢ ᠪᠠᠲᠤᠯᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠢᠬᠤ᠎ᠶᠢ ᠴᠠᠭ ᠦᠶ᠎ᠡ᠎ᠶᠢᠨ ᠵᠥᠪᠯᠡᠬᠦ ᠵᠦᠢᠯ᠎ᠳᠦ ᠰᠡᠶ᠋ᠢᠯᠵᠦ᠂ ᠪᠦᠬᠦ ᠳᠡᠯᠡᠬᠡᠢ᠎ᠶᠢᠨ ᠬᠥᠮᠥᠰ᠎ᠦᠨ ᠦᠷᠭᠦᠯᠵᠢᠯᠡᠨ ᠲᠡᠮᠡᠴᠡᠬᠦ᠎ᠶᠢ ᠵᠣᠷᠢᠭ᠍ᠵᠢᠭᠤᠯᠤᠭᠰᠠᠨ ᠪᠢᠯᠡ᠃ 30 ᠵᠢᠯ᠎ᠦᠨ ᠲᠤᠷᠰᠢ᠂ ᠪᠡᠭᠡᠵᠢᠩ᠎ᠦᠨ ᠳᠡᠯᠡᠬᠡᠢ᠎ᠶᠢᠨ ᠡᠮᠡᠭᠲᠡᠢᠴᠦᠳ᠎ᠦᠨ ᠬᠤᠷᠠᠯ᠎ᠤᠨ ᠵᠣᠷᠢᠭ᠋ ᠰᠠᠨᠠᠭᠠᠨ᠎ᠤ ᠵᠢᠯᠣᠭᠣᠳᠤᠯᠭ᠎ᠠ ᠳᠣᠣᠷ᠎ᠠ᠂ ᠳᠡᠯᠡᠬᠡᠢ᠎ᠵᠢᠨ ᠡᠮᠡᠭᠲᠡᠢᠴᠦᠳ᠎ᠦᠨ ᠦᠢᠯᠡᠰ ᠥᠷᠨᠢᠨ ᠬᠥᠭᠵᠢᠵᠦ᠂ ᠬᠥᠮᠥᠨ ᠲᠥᠷᠥᠯᠬᠢᠲᠡᠨ᠎ᠦ ᠪᠣᠯᠪᠠᠰᠤᠨ᠎ᠤ ᠲᠠᠪᠰᠢᠯᠳᠠ᠎ᠳᠤ ᠦᠵᠡᠰᠬᠦᠯᠡᠩᠲᠦ ᠰᠠᠢᠬᠠᠨ ᠥᠩᠭᠡ ᠪᠤᠳᠤᠭ ᠨᠡᠮᠡᠷᠢᠯᠡᠪᠡ᠃ ᠡᠷᠡᠭᠲᠡᠢ ᠡᠮᠡᠭᠲᠡᠢ ᠡᠷᠬᠡ ᠲᠡᠭᠰᠢ ᠪᠠᠢᠬᠤ᠎ᠶᠢ ᠬᠥᠭᠡᠭᠡᠴᠡᠯᠳᠦᠬᠦ ᠨᠢ ᠨᠢᠭᠡᠨᠲᠡ ᠳᠡᠯᠡᠬᠡᠢ ᠨᠡᠶ᠋ᠢᠲᠡ᠎ᠶᠢᠨ ᠬᠠᠮᠲᠤ᠎ᠶᠢᠨ ᠲᠠᠨᠢᠯᠲᠠ ᠪᠣᠯᠵᠤ᠂ ᠡᠮᠡᠭᠲᠡᠢᠴᠦᠳ᠎ᠲᠦ ᠡᠷᠬᠡ ᠣᠯᠭᠣᠬᠤ ᠠᠵᠢᠯ ᠢᠯᠡᠳᠲᠡ ᠳᠠᠪᠰᠢᠯᠲᠠ ᠲᠠᠢ ᠪᠤᠯᠵᠤ᠂ ᠡᠮᠡᠭᠲᠡᠢᠴᠦᠳ᠎ᠦᠨ ᠰᠤᠷᠭᠠᠨ ᠬᠥᠮᠦᠵᠢᠯ ᠬᠦᠷᠳᠡᠬᠦ ᠬᠢᠷᠢ ᠬᠡᠮᠵᠢᠶ᠎ᠡ ᠲᠡᠰᠦᠷᠡᠯᠳᠠ ᠦᠭᠡᠢ ᠳᠡᠭᠡᠭᠰᠢᠯᠡᠵᠦ᠂ ᠠᠵᠤ ᠠᠬᠤᠢ᠂ ᠤᠯᠤᠰ ᠲᠦᠷᠦ᠂ ᠰᠣᠶᠣᠯ᠂ ᠨᠡᠢᠭᠡᠮ᠎ᠦᠨ ᠠᠮᠢᠳᠤᠷᠠᠯ᠎ᠤᠨ ᠳᠤᠮᠳᠠ ᠨᠡᠡᠭ ᠴᠢᠬᠤᠯᠠ ᠦᠢᠯᠡᠳᠦᠯ ᠪᠠᠳᠠᠷᠠᠭᠤᠯᠵᠤ ᠪᠠᠢᠨ᠎ᠠ᠃ ᠦᠯᠡᠮᠵᠢ ᠣᠯᠠᠨ ᠭᠠᠷᠮᠠᠭᠠᠢ ᠡᠮᠡᠭᠲᠡᠢᠴᠦᠳ ᠣᠯᠠᠨ ᠤᠯᠤᠰ᠎ᠤᠨ ᠲᠠᠪᠴᠠᠩ᠎ᠳᠤ ᠭᠠᠷᠴᠤ᠂ ᠭᠣᠢᠳᠠ ᠰᠠᠢᠬᠠᠨ ᠬᠥᠮᠥᠨ᠎ᠦ ᠠᠮᠢᠳᠤᠷᠠᠯ᠎ᠢᠶᠠᠨ ᠳᠡᠯᠭᠡᠨ ᠦᠵᠡᠭᠦᠯᠵᠦ᠂ ᠣᠶᠤᠨ ᠤᠬᠠᠭᠠᠨ ᠬᠦᠴᠦᠨ ᠴᠢᠳᠠᠯ᠎ᠢᠶᠠᠨ ᠡᠷᠭᠦᠪᠡ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠣᠳᠣᠬᠠᠨ᠎ᠳᠤ ᠡᠮᠡᠭᠲᠡᠢᠴᠦᠳ᠎ᠦᠨ ᠪᠦᠬᠦ ᠲᠠᠯ᠎ᠠ᠎ᠶᠢᠨ ᠬᠥᠭᠵᠢᠯᠲᠡ ᠮᠥᠨ ᠬᠦ᠌ ᠨᠠᠷᠢᠨ ᠪᠤᠳᠤᠯᠢᠶᠠᠨᠲᠠᠢ ᠥᠷᠢᠰᠦᠯᠳᠦᠭᠡᠨ᠎ᠳᠦ ᠲᠤᠯᠭᠠᠷᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠢᠬᠤ᠎ᠶᠢ ᠪᠡᠶᠡᠯᠡᠭᠦᠯᠬᠦ ᠡᠭᠦᠷᠭᠡ ᠬᠦᠨᠳᠦ ᠵᠠᠮ ᠬᠤᠯᠠ ᠪᠠᠢᠨ᠎ᠠ᠃ ᠢᠷᠡᠭᠡᠳᠦᠢ᠎ᠳ᠋ᠤ ᠡᠯ᠎ᠡ ᠲᠠᠯ᠎ᠠ᠎ᠶᠢᠨ ᠬᠢᠨ ᠪᠡᠭᠡᠵᠢᠩ᠎ᠦᠨ ᠳᠡᠯᠡᠬᠡᠢ᠎ᠶᠢᠨ ᠡᠮᠡᠭᠲᠡᠢᠴᠦᠳ᠎ᠦᠨ ᠬᠤᠷᠠᠯ᠎ᠤᠨ ᠤᠭ ᠰᠠᠨᠠᠭ᠎ᠠ᠎ᠶᠢ ᠲᠠᠬᠢᠨ ᠡᠷᠭᠢᠴᠡᠭᠦᠯᠵᠦ᠂ ᠡᠮᠡᠭᠲᠡᠢᠴᠦᠳ᠎ᠦᠨ ᠪᠦᠬᠦ ᠲᠠᠯ᠎ᠠ᠎ᠶᠢᠨ ᠬᠥᠭᠵᠢᠯᠲᠡ᠎ᠶᠢᠨ ᠰᠢᠨ᠎ᠡ ᠠᠬᠢᠴᠠ᠎ᠶᠢ ᠲᠦᠷᠭᠡᠳᠬᠡᠬᠦ᠎ᠳᠦ ᠨᠡᠩ ᠥᠷᠭᠡᠨ ᠳᠡᠯᠭᠡᠷ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠨᠡᠩ ᠥᠷᠭᠡᠨ ᠠᠭᠤᠳᠠᠮ ᠵᠠᠮ᠎ᠢ ᠨᠡᠭᠡᠭᠡᠵᠦ᠂ ᠨᠡᠩ ᠪᠣᠳᠠᠲᠠᠢ᠎ᠶᠢ ᠡᠷᠬᠢᠮᠯᠡᠭᠰᠡᠨ ᠠᠵᠢᠯᠯᠠᠭ᠎ᠠ ᠠᠪᠤᠶ᠎ᠠ ᠭᠡᠵᠦ ᠴᠢᠬᠤᠯᠠᠴᠢᠯᠠᠪᠠ᠃ ᠰᠢ ᠵᠢᠨ ᠫᠢᠩ 4 ᠲᠠᠯ᠎ᠠ᠎ᠶᠢᠨ ᠰᠠᠨᠠᠭᠤᠯᠭ᠎ᠠ ᠳᠤᠷᠠᠳᠴᠠᠢ᠄

ᠨᠢᠭᠡᠳᠦᠭᠡᠷ᠎ᠲᠦ᠂ ᠡᠮᠡᠭ᠌ᠲᠡᠢᠴᠦᠳ᠎ᠦᠨ ᠦᠰᠦᠨ ᠪᠣᠢᠵᠢᠵᠤ ᠬᠥᠭ᠌ᠵᠢᠬᠦ᠌᠎ᠳᠦ ᠠᠱᠢᠭ᠍ᠲᠠᠢ ᠰᠠᠢ᠌ᠨ ᠰᠠᠢᠬᠠᠨ ᠣᠷᠴᠢᠨ ᠨᠥᠬᠥᠴᠡᠯ᠎ᠢ ᠬᠠᠮᠲᠤ ᠪᠠᠷ ᠪᠤᠢ ᠪᠤᠯᠭᠠᠶ᠎ᠠ᠃ ᠬᠠᠮᠲᠤ᠎ᠶ᠋ᠢᠨ᠂ ᠶᠡᠷᠦᠩᠬᠡᠢᠯᠡᠭ᠌ᠰᠡᠨ᠂ ᠬᠠᠮᠲᠤᠷᠠᠯᠴᠠᠭ᠍ᠰᠠᠨ᠂ ᠦᠷᠭᠦᠯᠵᠢᠯᠡᠬᠦ᠌ ᠠᠮᠤᠷ ᠲᠦᠪᠱᠢᠨ᠎ᠦ ᠦᠵᠡᠯᠲᠡ᠎ᠶ᠋ᠢ ᠪᠠᠷᠢᠮᠲᠠᠯᠠᠵᠤ᠂ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠶ᠎ᠠ᠃ ᠳᠠᠢ᠌ᠨ ᠳᠠᠵᠢᠨ᠎ᠤ ᠮᠥᠷᠭᠥᠯᠳᠦᠭᠡᠨ ᠶᠡᠬᠡᠳᠡᠢ᠂ ᠶᠠᠳᠠᠭᠤ ᠬᠦᠴᠢᠷᠳᠡᠯᠲᠡᠢ ᠭᠠᠮᠱᠢᠭ᠍ᠳᠠᠭ᠍ᠰᠠᠨ ᠭᠠᠵᠠᠷ ᠣᠷᠣᠨ᠎ᠤ ᠡᠮᠡᠭ᠌ᠲᠡᠢᠴᠦᠳ ᠪᠠ ᠥᠬᠢᠳ᠎ᠦᠨ ᠬᠠᠮᠠᠭᠠᠯᠠᠯᠲᠠ᠎ᠶ᠋ᠢ ᠴᠢᠩᠭᠠᠳᠭᠠᠶ᠎ᠠ᠃ ᠬᠦᠴᠦᠷᠬᠡᠭ᠌ᠯᠡᠯ᠎ᠢ ᠡᠰᠡᠷᠭᠦᠴᠡᠬᠦ᠌ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠡᠮᠡᠭ᠌ᠲᠡᠢᠴᠦᠳ᠎ᠲᠦ ᠴᠢᠭ᠌ᠯᠡᠭᠦᠯᠦᠭ᠌ᠰᠡᠨ ᠠᠯᠢᠪᠠ ᠬᠡᠯᠪᠡᠷᠢ᠎ᠶ᠋ᠢᠨ ᠬᠦᠴᠦᠷᠬᠡᠭ᠌ᠯᠡᠯ᠎ᠦᠨ ᠠᠵᠢᠯᠯᠠᠭ᠎ᠠ᠎ᠳᠤ ᠡᠷᠡᠰ ᠴᠣᠬᠢᠯᠲᠠ ᠥᠭ᠌ᠭᠦᠶ᠎ᠠ᠃

ᠬᠣᠶᠠᠳᠤᠭᠠᠷ᠎ᠲᠤ᠂ ᠡᠮᠡᠭ᠌ᠲᠡᠢᠴᠦᠳ᠎ᠦᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠴᠢᠳᠠᠪᠤᠷᠢ᠎ᠶ᠋ᠢ ᠬᠠᠮᠲᠤ᠎ᠪᠠᠷ ᠪᠣᠢᠵᠢᠭᠤᠯᠤᠶ᠎ᠠ᠃ ᠪᠦᠬᠦ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠪᠦᠬᠦ᠌ ᠡᠮᠡᠭ᠌ᠲᠡᠢᠴᠦᠳ᠎ᠲᠦ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠦᠶ᠎ᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠳᠡ᠎ᠪᠡᠷ ᠡᠮᠡᠭ᠌ᠲᠡᠢᠴᠦᠳ᠎ᠦᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠴᠢᠳᠠᠯ ᠤᠯᠭᠤᠵᠤ᠂ ᠴᠢᠷᠮᠠᠢᠵᠤ ᠪᠠᠢᠭᠠᠳ ᠥᠷᠭᠡᠨ ᠤᠯᠠᠨ ᠡᠮᠡᠭᠲᠡᠢᠴᠦᠳ᠎ᠢ ᠳᠡᠯᠡᠬᠡᠢ᠎ᠶᠢᠨ ᠣᠳᠣᠬᠢᠴᠢᠯᠠᠯᠲᠠ᠎ᠶᠢᠨ ᠶᠡᠬᠡ ᠤᠷᠤᠰᠬᠠᠯ ᠳᠤᠮᠳᠠ ᠠᠮᠢᠳᠤᠷᠠᠬᠤᠢ᠎ᠶᠢᠨ ᠭᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠬᠦᠰᠡᠯ ᠵᠡᠭᠦᠳᠦ᠎ᠪᠡᠨ ᠲᠡᠷᠭᠡᠯᠰᠢᠭᠦᠯᠬᠦ ᠪᠤᠯᠭᠠᠶ᠎ᠠ᠃

ᠭᠤᠷᠪᠠᠳᠤᠭᠠᠷ᠎ᠲᠤ᠂ ᠡᠮᠡᠭ᠌ᠲᠡᠢᠴᠦᠳ᠎ᠦᠨ ᠡᠷᠬᠡ ᠠᠱᠢᠭ᠎ᠢ ᠪᠠᠲᠤᠯᠠᠬᠤ ᠵᠠᠰᠠᠯᠲᠠ᠎ᠶ᠋ᠢᠨ ᠪᠠᠢᠷᠢᠱᠢᠯ᠎ᠢ ᠬᠠᠮᠲᠤ᠎ᠪᠠᠷ ᠪᠠᠢᠭᠤᠯᠤᠶ᠎ᠠ᠃ ᠲᠦᠷᠢᠮ ᠪᠠ ᠬᠠᠤᠯᠢ ᠴᠠᠭᠠᠵᠠ᠎ᠶ᠋ᠢ ᠲᠡᠭᠦᠯᠳᠡᠷᠵᠢᠭᠦᠯᠵᠦ᠍᠂ ᠨᠡᠩ ᠤᠯᠠᠨ ᠴᠢᠨᠠᠷ ᠰᠠᠢᠲᠠᠢ ᠡᠷᠡᠭᠦᠯ ᠮᠡᠨᠳᠦ ᠪᠠ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠪᠤᠢ ᠪᠦᠬᠦᠢ ᠡᠮᠡᠭ᠌ᠲᠡᠢᠴᠦᠳ᠎ᠲᠦ ᠬᠦᠷᠲᠡᠭᠡᠵᠦ᠍᠂ ᠥᠷᠭᠡᠨ ᠤᠯᠠᠨ ᠡᠮᠡᠭ᠌ᠲᠡᠢᠴᠦᠳ᠎ᠲᠦ ᠡᠯ᠎ᠡ ᠵᠦᠢᠯ᠎ᠦᠨ ᠡᠷᠬᠡ᠎ᠶ᠋ᠢ ᠨᠡᠩ ᠪᠦᠬᠦ᠌ ᠲᠠᠯ᠎ᠠ᠎ᠪᠠᠷ ᠡᠷᠬᠡ ᠲᠡᠭ᠌ᠰᠢ᠎ᠡᠳ᠋ᠯᠡᠭᠦᠯᠬᠦ᠌᠎ᠪᠡᠷ ᠴᠢᠷᠮᠠᠢᠶ᠎ᠠ᠃ ᠪᠠᠭ᠍ᠲᠠᠭᠠᠮᠵᠢᠲᠠᠢ ᠪᠥᠭᠡᠳ ᠡᠶ᠎ᠡ ᠵᠤᠬᠢᠴᠠᠩᠭᠤᠢ ᠨᠡᠢᠭᠡᠮ᠎ᠦᠨ ᠣᠷᠴᠢᠨ ᠨᠥᠬᠥᠴᠡᠯ᠎ᠢ ᠪᠤᠢ ᠪᠣᠯᠭᠠᠵᠤ᠂ ᠡᠮᠡᠭ᠌ᠲᠡᠢᠴᠦᠳ᠎ᠦᠨ ᠲᠦᠷᠦ ᠵᠢᠨ ᠶᠠᠪᠤᠳᠠᠯ᠎ᠳᠤ ᠣᠷᠣᠯᠴᠠᠵᠤ ᠲᠦᠷᠦ᠍᠎ᠶ᠋ᠢᠨ ᠶᠠᠪᠤᠳᠠᠯ᠎ᠢ ᠵᠥᠪᠯᠡᠬᠦ᠌ ᠠᠷᠭ᠎ᠠ ᠵᠠᠮ᠎ᠢ ᠥᠷᠭᠡᠳᠭᠡᠨ᠂ ᠡᠮᠡᠭ᠌ᠲᠡᠢᠴᠦᠳ᠎ᠦᠨ ᠤᠯᠤᠰ ᠣᠷᠣᠨ ᠪᠠ ᠨᠡᠢᠭᠡᠮ᠎ᠦᠨ ᠵᠠᠰᠠᠯᠲᠠ᠎ᠳᠤ ᠥᠷᠭᠡᠨ᠎ᠢᠶᠡᠷ ᠣᠷᠣᠯᠴᠠᠬᠤ᠎ᠶ᠋ᠢ ᠳᠡᠮᠵᠢᠵᠦ᠍᠂ ᠡᠷᠡᠭ᠌ᠲᠡᠢ ᠡᠮᠡᠭ᠌ᠲᠡᠢ ᠡᠷᠬᠡ ᠲᠡᠭ᠌ᠰᠢ ᠪᠠᠢᠬᠤ᠎ᠶ᠋ᠢ ᠦᠨᠡᠨ ᠬᠦ᠌ ᠨᠡᠢᠭᠡᠮ ᠳᠠᠶᠠᠭᠠᠷ᠎ᠤᠨ ᠪᠣᠯᠪᠠᠰᠤᠨ᠎ᠤ ᠬᠠᠮᠲᠤ᠎ᠶ᠋ᠢᠨ ᠲᠠᠨᠢᠯᠲᠠ ᠪᠠ ᠦᠢᠯᠡ ᠠᠵᠢᠯᠯᠠᠭᠠᠨ᠎ᠤ ᠪᠠᠷᠢᠮᠵᠢᠶ᠎ᠠ ᠪᠤᠯᠭᠠᠨ ᠳᠤᠳᠤᠭᠠᠳᠤᠴᠢᠯᠠᠶ᠎ᠠ᠃

ᠳᠥᠷᠪᠡᠳᠦᠭᠡᠷ᠎ᠲᠦ᠂ ᠪᠦᠬᠦ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠬᠠᠮᠲᠤᠷᠠᠯᠴᠠᠭ᠎ᠠ᠎ᠶ᠋ᠢ ᠠᠬᠢᠭᠤᠯᠬᠤ ᠴᠣ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠶ᠎ᠡ᠃ ᠡᠮᠡᠭ᠌ᠲᠡᠢᠴᠦᠳ᠎ᠦᠨ ᠴᠠᠭ ᠦᠶ᠎ᠡ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠪᠦᠬᠦ᠌ ᠪᠥᠮᠪᠥᠷᠴᠡᠭ᠎ᠦᠨ ᠵᠠᠰᠠᠯᠲᠠ᠎ᠳᠤ ᠭᠦᠨᠵᠡᠭᠡᠢ ᠣᠷᠣᠯᠴᠠᠵᠤ᠂ ᠵᠠᠰᠠᠯᠲᠠ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠌᠎ᠶ᠋ᠢ ᠳᠡᠮᠵᠢᠶ᠎ᠡ᠃ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠭᠣᠣᠯᠯᠠᠬᠤ ᠦᠢᠯᠡᠳᠦᠯ᠎ᠢᠶᠡᠨ ᠪᠠᠳᠠᠷᠠᠭᠤᠯᠬᠤ᠎ᠶ᠋ᠢ ᠲᠡᠮᠵᠢᠵᠤ᠂ ᠬᠥᠭ᠌ᠵᠢᠵᠦ᠍ ᠪᠠᠢᠭ᠎ᠠ ᠤᠯᠤᠰ᠎ᠤᠳ᠎ᠤᠨ ᠡᠮᠡᠭ᠌ᠲᠡᠢᠴᠦᠳ᠎ᠦᠨ ᠬᠡᠷᠡᠭ᠌ᠴᠡᠭᠡ᠎ᠶ᠋ᠢ ᠨᠡᠩ ᠢᠯᠡᠭᠦᠦ ᠠᠩᠬᠠᠷᠴᠤ᠌᠂ ᠡᠯ᠎ᠡ ᠤᠯᠤᠰ᠎ᠤᠨ ᠡᠮᠡᠭ᠌ᠲᠡᠢᠴᠦᠳ᠎ᠲᠦ ᠥᠷᠭᠡᠨ ᠠᠭᠤᠳᠠᠮ ᠬᠠᠮᠲᠤᠷᠠᠯᠴᠠᠭᠠᠨ᠎ᠤ ᠲᠠᠪᠴᠠᠩ ᠪᠠᠢᠭᠤᠯᠤᠨ ᠥᠭ᠌ᠴᠦ᠂ ᠰᠣᠯᠢᠯᠴᠠᠭ᠎ᠠ ᠲᠤᠯᠢᠳᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠭᠤᠤ᠎ᠠ ᠰᠠᠢᠬᠠᠨ᠎ᠢ ᠬᠠᠮᠲᠤ᠎ᠪᠠᠷ ᠡᠳ᠋ᠯᠡᠬᠦ᠌ ᠠᠮᠢᠳᠤᠯᠢᠭ ᠪᠠᠢᠳᠠᠯ᠎ᠢ ᠪᠤᠢ ᠪᠣᠯᠭᠠᠬᠤ᠎ᠶ᠋ᠢ ᠠᠬᠢᠭᠤᠯᠤᠶ᠎ᠠ᠃

ᠰᠢ ᠵᠢᠨ ᠫᠢᠩ᠂ ᠳᠤᠮᠳᠠᠳᠤ ᠤᠯᠤᠰ ᠡᠮᠡᠭ᠌ᠲᠡᠢᠴᠦᠳ᠎ᠦᠨ ᠦᠢᠯᠡᠰ᠎ᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠤᠭ᠎ᠠ ᠶᠡᠬᠡ ᠦᠢᠯᠡᠳᠦᠯᠭᠡ᠎ᠳᠦ ᠠᠭᠤᠰᠤᠯᠴᠠᠭᠤᠯᠬᠤ᠎ᠶ᠋ᠢ ᠪᠠᠷᠢᠮᠲᠠᠯᠠᠵᠤ᠂ ᠡᠮᠡᠭ᠌ᠲᠡᠢᠴᠦᠳ᠎ᠦᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠌᠂ ᠳᠤᠮᠳᠠᠳᠤ ᠤᠯᠤᠰ᠎ᠤᠨ ᠡᠮᠡᠭ᠌ᠲᠡᠢᠴᠦᠳ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ 《ᠲᠦᠷᠦ᠍᠎ᠶ᠋ᠢᠨ ᠬᠠᠭᠠᠰ ᠲᠤᠯᠭᠠᠭᠤᠷᠢ》᠎ᠶᠢᠨ ᠦᠢᠯᠡᠳᠦᠯ᠎ᠢᠶᠡᠨ ᠦᠨᠡᠨ ᠬᠦ᠌ ᠪᠠᠳᠠᠷᠠᠭᠤᠯᠵᠤ ᠪᠠᠢᠨ᠎ᠠ᠃ ᠳᠤᠮᠳᠠᠳᠤ ᠤᠯᠤᠰ ᠥᠪᠡᠷ᠎ᠦᠨ ᠬᠥᠭ᠌ᠵᠢᠯᠲᠡ᠎ᠪᠡᠷ᠎ᠢᠶᠡᠨ ᠢᠳᠡᠪᠬᠢᠲᠡᠢ ᠪᠡᠷ ᠪᠦᠬᠦ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠦᠢᠯᠡᠰ᠎ᠲᠦ ᠠᠵᠠ ᠲᠣᠬᠢᠶᠠᠯ ᠪᠠ ᠪᠠᠲᠤᠯᠠᠭ᠎ᠠ ᠬᠠᠩᠭᠠᠵᠤ᠂ ᠤᠯᠠᠨ ᠤᠯᠤᠰ᠎ᠤᠨ ᠡᠮᠡᠭ᠌ᠲᠡᠢᠴᠦᠳ᠎ᠦᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠠᠬᠢᠭᠤᠯᠪᠠ᠃ ᠢᠷᠡᠬᠦ᠌ 5 ᠵᠢᠯ᠎ᠳᠦ ᠳᠤᠮᠳᠠᠳᠤ ᠤᠯᠤᠰ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠡᠮᠡᠭ᠌ᠲᠡᠢᠴᠦᠳ᠎ᠦᠨ ᠵᠠᠬᠢᠷᠭ᠎ᠠ᠎ᠳᠤ ᠳᠠᠬᠢᠨ 1000 ᠲᠦᠮᠡᠨ ᠳ᠋ᠣᠯᠯᠠᠷ ᠬᠠᠨᠳᠢᠪᠯᠠᠨ᠎ᠠ; ᠳ᠋ᠦᠩᠱᠢᠭᠤᠷ ᠳ᠋ᠣᠯᠯᠠᠷ᠎ᠤᠨ ᠪᠦᠬᠦ᠌ ᠪᠥᠮᠪᠥᠷᠴᠡᠭ᠎ᠦᠨ ᠬᠥᠭ᠌ᠵᠢᠯᠲᠡ ᠪᠠ ᠬᠦᠭᠵᠢᠵᠦ ᠪᠠᠢᠭ᠎ᠠ ᠤᠯᠤᠰ᠎ᠤᠨ ᠬᠠᠮᠲᠤᠷᠠᠯᠴᠠᠭ᠎ᠠ᠎ᠶᠢᠨ ᠰᠠᠭᠤᠷᠢ ᠮᠥᠩᠭᠥ ᠬᠠᠩᠭᠠᠵᠤ᠂ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠯᠤᠭ᠎ᠠ ᠡᠮᠡᠭ᠌ᠲᠡᠢᠴᠦᠳ ᠪᠠ ᠥᠬᠢᠳ᠎ᠦᠨ ᠬᠥᠭ᠌ᠵᠢᠯᠲᠡ᠎ᠶ᠋ᠢ ᠠᠬᠢᠭᠤᠯᠬᠤ ᠬᠠᠮᠲᠤᠷᠠᠯᠴᠠᠭᠠᠨ᠎ᠤ ᠵᠦᠢᠯᠡᠰ᠎ᠢ ᠬᠠᠮᠲᠤᠷᠠᠨ ᠬᠡᠷᠡᠭ᠌ᠵᠢᠭᠦᠯᠦᠨ᠎ᠡ; ᠠᠷᠠᠳ᠎ᠤᠨ ᠠᠮᠢᠳᠤᠷᠠᠯ᠎ᠤᠨ ᠬᠥᠭ᠌ᠵᠢᠯᠲᠡ᠎ᠶ᠋ᠢᠨ ᠬᠦᠷᠢᠶᠡᠨ᠎ᠳᠦ 1000 《ᠪᠠᠭ᠎ᠠ ᠮᠥᠷᠲᠡᠭᠡᠨ ᠭᠤᠢᠳᠠ》 ᠲᠥᠷᠥᠯ ᠵᠦᠶ᠋ᠯ᠎ᠢᠶᠡᠷ ᠲᠤᠰᠠᠯᠠᠨ᠎ᠠ; 5 ᠲᠦᠮᠡᠨ ᠡᠮᠡᠭ᠌ᠲᠡᠢᠴᠦᠳ᠎ᠢ ᠳᠤᠮᠳᠠᠳᠤ ᠤᠯᠤᠰ᠎ᠲᠤ ᠤᠷᠢᠵᠤ ᠰᠣᠯᠢᠯᠴᠠᠭ᠎ᠠ ᠬᠢᠵᠦ᠍ ᠰᠤᠳᠤᠯᠤᠨ ᠰᠤᠷᠤᠯᠴᠠᠭᠤᠯᠤᠨ᠎ᠠ; 《ᠪᠦᠬᠦ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢᠨ ᠲᠥᠪ》 ᠢ᠋ ᠪᠠᠢᠭᠤᠯᠵᠤ᠂ ᠬᠠᠮᠲᠤᠷᠠᠯᠴᠠᠵᠤ ᠪᠠᠢᠭᠠᠳ ᠨᠡᠩ ᠤᠯᠠᠨ ᠡᠮᠡᠭ᠌ᠲᠡᠢ ᠭᠠᠷᠮᠠᠭᠠᠢ ᠴᠢᠳᠠᠪᠤᠷᠢᠲᠠᠨ᠎ᠢ ᠬᠥᠮᠦᠵᠢᠭᠦᠯᠦᠨ᠎ᠡ ᠭᠡᠵᠦ ᠵᠢᠭᠠᠵᠤ ᠭᠠᠷᠭᠠᠪᠠ᠃

ᠰᠢ᠎ᠶᠢᠨ ᠫᠢᠩ ᠬᠠᠮᠤᠭ᠎ᠤᠨ ᠰᠡᠭᠦᠯ᠎ᠳᠦ᠂ ᠰᠢᠨ᠎ᠡ ᠲᠡᠦᠬᠡ᠎ᠶᠢᠨ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ᠎ᠶᠢᠨ ᠲᠠᠯ᠎ᠠ᠎ᠶᠢᠨ ᠬᠢᠨ ᠳᠤᠷᠠᠲᠠᠶ᠎ᠠ ᠡᠯ᠎ᠡ ᠲᠠᠯ᠎ᠠ᠎ᠶᠢᠨ ᠬᠢᠨ᠎ᠲᠠᠢ ᠬᠠᠮᠲᠤ ᠪᠠᠷ ᠪᠡᠭᠡᠵᠢᠩ᠎ᠦᠨ ᠳᠡᠯᠡᠬᠡᠢ᠎ᠶᠢᠨ ᠡᠮᠡᠭᠲᠡᠢᠴᠦᠳ᠎ᠦᠨ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠪᠠᠳᠠᠷᠠᠭᠤᠯᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠬᠠᠷᠠᠯᠲᠠ ᠵᠢ ᠵᠤᠷᠢᠵᠤ᠂ ᠡᠮᠡᠭᠲᠡᠢᠴᠦᠳ᠎ᠦᠨ ᠪᠦᠬᠦ ᠲᠠᠯ᠎ᠠ᠎ᠶᠢᠨ ᠬᠥᠭᠵᠢᠯᠲᠡ᠎ᠶᠢᠨ ᠰᠢᠨ᠎ᠡ ᠠᠬᠢᠴᠠ᠎ᠶᠢ ᠲᠦᠷᠭᠡᠳᠬᠡᠵᠦ᠂ ᠬᠥᠮᠥᠨ ᠲᠥᠷᠥᠯᠬᠢᠲᠡᠨ᠎ᠦ ᠨᠡᠩ ᠰᠠᠢᠨ ᠰᠠᠢᠬᠠᠨ ᠢᠷᠡᠭᠡᠳᠦᠢ᠎ᠶᠢ ᠬᠠᠮᠲᠤ ᠪᠠᠷ ᠴᠣᠭᠴᠠᠯᠠᠨ᠎ᠠ ᠭᠡᠵᠦ ᠴᠢᠬᠤᠯᠠᠴᠢᠯᠠᠪᠠ (ᠪᠦᠬᠦ ᠠᠭᠤᠯᠭ᠎ᠠ᠎ᠶᠢ ᠠᠰ ᠲᠤᠨᠢ ᠨᠡᠢᠲᠡᠯᠡᠪᠠ)᠃

ᠠᠶ᠋ᠢᠰᠯᠠᠨᠳ᠋᠎ᠤᠨ ᠶᠡᠷᠦᠩᠬᠡᠢᠯᠡᠭᠴᠢ ᠲᠤᠮᠠᠰ ᠳ᠋ᠤᠲ᠂ ᠳ᠋ᠣᠮᠢᠨᠢᠺᠡ᠎ᠶᠢᠨ ᠶᠡᠷᠦᠩᠬᠡᠢᠯᠡᠭᠴᠢ ᠪᠦᠸᠸᠳᠦ᠍ᠢ᠍ᠨ᠂ ᠭᠠᠨᠠ᠎ᠶᠢᠨ ᠶᠡᠷᠦᠩᠬᠡᠢᠯᠡᠭᠴᠢ ᠮᠠᠬᠠᠮᠠ᠂ ᠮᠣᠽᠠᠮᠪᠢᠺ᠎ᠤᠨ ᠶᠡᠷᠦᠩᠬᠡᠢ ᠰᠠᠢᠳ ᠯᠸᠸᠢ᠂ ᠰᠷᠢ ᠯᠠᠨᠺᠠ᠎ᠶᠢᠨ ᠶᠡᠷᠦᠩᠬᠡᠢ ᠰᠠᠢᠳ ᠠᠮᠠᠷᠠᠰᠦ᠍ᠢ᠍ᠷᠢᠶᠠ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠪᠠᠢᠩᠭᠤ᠎ᠶᠢᠨ ᠳᠡᠳ᠋ ᠨᠠᠷᠢᠨ ᠪᠢᠴᠢᠭ᠎ᠦᠨ ᠳᠠᠷᠤᠭ᠎ᠠ ᠠᠮᠢᠨᠠ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠳᠡᠳ᠋ ᠨᠠᠷᠢᠨ ᠪᠢᠴᠢᠭ᠎ᠦᠨ ᠳᠠᠷᠤᠭ᠎ᠠ ᠪᠥᠭᠡᠳ ᠡᠮᠡᠭᠲᠡᠢᠴᠦᠳ᠎ᠦᠨ ᠵᠠᠬᠢᠷᠭ᠎ᠠ᠎ᠶᠢᠨ ᠭᠦᠢᠴᠡᠳᠬᠡᠬᠦ ᠡᠷᠬᠢᠯᠡᠭᠴᠢ ᠪᠠᠾᠦᠢ᠍ᠰ ᠲᠤᠰ ᠲᠤᠰ ᠪᠠᠶᠠᠷ᠎ᠤᠨ ᠦᠭᠡ ᠬᠡᠯᠡᠪᠡ᠃ ᠲᠡᠳᠡ ᠲᠡᠷᠢᠭᠦᠯᠡᠭᠴᠢ ᠰᠢ᠎ᠶᠢᠨ ᠫᠢᠩ᠎ᠤᠨ ᠴᠢᠬᠤᠯᠠ ᠶᠠᠷᠢᠶ᠎ᠠ᠎ᠶᠢ ᠳᠡᠭᠡᠳᠦ ᠬᠡᠮᠵᠢᠶ᠎ᠡ᠎ᠪᠡᠷ ᠦᠨᠡᠯᠡᠵᠦ᠂ ᠳᠤᠮᠳᠠᠳᠤ᠎ᠶᠢᠨ ᠲᠠᠯ᠎ᠠ᠎ᠶᠢᠨ ᠬᠢᠨ᠎ᠤ ᠲᠤᠰ ᠤᠳᠠᠭ᠎ᠠ᠎ᠶᠢᠨ ᠲᠦᠷᠦᠭᠦᠴᠦᠳ᠎ᠦᠨ ᠬᠤᠷᠠᠯ᠎ᠢ ᠭᠣᠣᠯᠯᠠᠨ ᠡᠷᠬᠢᠯᠡᠭᠰᠡᠨ᠎ᠳᠦ ᠲᠠᠯᠠᠷᠬᠠᠵᠤ᠂ ᠳᠤᠮᠳᠠᠳᠤ᠎ᠶᠢᠨ ᠲᠠᠯ᠎ᠠ᠎ᠶᠢᠨ ᠳᠤᠷᠠᠳᠤᠭᠰᠠᠨ ᠰᠠᠨᠠᠭᠠᠴᠢᠯᠠᠭ᠎ᠠ ᠪᠠ ᠠᠷᠭ᠎ᠠ ᠬᠡᠮᠵᠢᠶ᠎ᠡ᠎ᠶᠢ ᠪᠠᠶᠠᠷᠯᠠᠨ ᠤᠭᠲᠤᠪᠠ᠃ ᠡᠯ᠎ᠡ ᠲᠠᠯ᠎ᠠ᠎ᠶᠢᠨ ᠬᠢᠨ᠂ 30 ᠵᠢᠯ᠎ᠦᠨ ᠡᠮᠦᠨ᠎ᠡ ᠪᠡᠭᠡᠵᠢᠩ᠎ᠦᠨ ᠳᠡᠯᠡᠬᠡᠢ᠎ᠶᠢᠨ ᠡᠮᠡᠭᠲᠡᠢᠴᠦᠳ᠎ᠦᠨ ᠬᠤᠷᠠᠯ ᠡᠴᠡ ᠪᠠᠲᠤᠯᠠᠭᠰᠠᠨ 《ᠪᠡᠭᠡᠵᠢᠩ᠎ᠦᠨ ᠲᠤᠩᠬᠠᠭ》 ᠪᠣᠯᠣᠨ 《ᠠᠵᠢᠯᠯᠠᠭᠠᠨ᠎ᠤ ᠬᠥᠲᠥᠯᠪᠦᠷᠢ》 ᠨᠢ ᠴᠢᠬᠤᠯᠠ ᠠᠴᠢ ᠬᠣᠯᠪᠣᠭᠳᠠᠯ᠎ᠲᠠᠢ ᠪᠠᠢᠵᠤ᠂ ᠳᠡᠯᠡᠬᠡᠢ ᠨᠡᠢᠭᠡᠮ᠎ᠳᠦ ᠥᠷᠭᠡᠨ᠎ᠢᠶᠡᠷ ᠮᠡᠳᠡᠷᠡᠭᠳᠡᠵᠦ᠂ ᠡᠮᠡᠭᠲᠡᠢᠴᠦᠳ᠎ᠦᠨ ᠦᠢᠯᠡᠰ᠎ᠦᠨ ᠤᠷᠤᠭᠰᠢᠯᠠᠯᠲᠠ᠎ᠶᠢ ᠠᠬᠢᠭᠤᠯᠬᠤ ᠵᠠᠮ᠎ᠤᠨ ᠵᠢᠷᠤᠭ ᠪᠣᠯᠪᠠ᠃ ᠳᠤᠮᠳᠠᠳᠤ ᠤᠯᠤᠰ ᠶᠠᠳᠠᠭᠤ᠎ᠠᠴᠠ ᠠᠩᠭᠢᠵᠢᠷᠠᠭᠤᠯᠬᠤ᠂ ᠬᠦᠢᠰᠦ᠎ᠶᠢᠨ ᠢᠯᠭᠠᠯ᠎ᠤᠨ ᠡᠷᠬᠡ ᠲᠡᠭᠰᠢ ᠪᠠᠢᠬᠤ᠎ᠶᠢ ᠠᠬᠢᠭᠤᠯᠬᠤ᠂ ᠡᠮᠡᠭᠲᠡᠢᠴᠦᠳ᠎ᠦᠨ ᠡᠷᠬᠡ ᠠᠰᠢᠭ᠋᠎ᠢ ᠠᠬᠢᠭᠤᠯᠬᠤ ᠵᠡᠷᠭᠡ ᠲᠠᠯ᠎ᠠ᠎ᠪᠠᠷ ᠶᠡᠷᠦ ᠪᠤᠰᠤ᠎ᠶᠢᠨ ᠠᠮᠵᠢᠯᠲᠠ ᠣᠯᠵᠤ᠂ ᠡᠯᠪᠡᠭ ᠪᠠᠶᠠᠯᠢᠭ᠋ ᠲᠤᠷᠰᠢᠯᠭ᠎ᠠ ᠬᠤᠷᠠᠮᠳᠤᠭᠤᠯᠵᠤ᠂ ᠲᠤᠰ ᠪᠡᠶ᠎ᠡ᠎ᠶᠢᠨ ᠡᠮᠡᠭᠲᠡᠢᠴᠦᠳ᠎ᠦᠨ ᠦᠢᠯᠡᠰ᠎ᠦᠨ ᠬᠥᠭᠵᠢᠯᠲᠡ᠎ᠪᠡᠨ ᠠᠮᠵᠢᠯᠲᠠ᠎ᠲᠠᠢ ᠪᠡᠶᠡᠯᠡᠭᠦᠯᠬᠦ᠎ᠶᠢᠨ ᠬᠠᠮᠲᠤ᠂ ᠢᠯᠡ ᠲᠣᠳᠣ᠌ ᠬᠠᠷᠢᠭᠤᠴᠠᠯᠭ᠎ᠠ ᠡᠭᠦᠷᠭᠡᠯᠡᠯ ᠪᠠ ᠬᠦᠴᠦᠷᠬᠡᠭ ᠶᠡᠬᠡ ᠤᠳᠤᠷᠢᠳᠬᠤ ᠬᠦᠴᠦᠨ᠎ᠢᠶᠡᠷ ᠳᠡᠯᠡᠬᠡᠢ᠎ᠶᠢᠨ ᠡᠮᠡᠭᠲᠡᠢᠴᠦᠳ᠎ᠦᠨ ᠦᠢᠯᠡᠰ᠎ᠲᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃ ᠡᠮᠡᠭᠲᠡᠢᠴᠦᠳ ᠬᠥᠮᠥᠨ ᠲᠥᠷᠥᠯᠬᠢᠲᠡᠨ᠎ᠦ ᠪᠣᠯᠪᠠᠰᠤᠨ ᠪᠠ ᠨᠡᠢᠭᠡᠮ᠎ᠦᠨ ᠲᠠᠪᠰᠢᠯᠳᠠ᠎ᠶᠢᠨ ᠳᠤᠮᠳᠠ ᠣᠷᠣᠯᠠᠭᠤᠯᠵᠤ ᠪᠣᠯᠣᠰᠢ ᠦᠭᠡᠢ ᠦᠢᠯᠡᠳᠦᠯ᠎ᠢᠶᠡᠨ ᠪᠠᠳᠠᠷᠠᠭᠤᠯᠵᠤ ᠪᠠᠢᠳᠠᠭ᠂ ᠬᠦᠢᠰᠦ᠎ᠶᠢᠨ ᠢᠯᠭᠠᠯ ᠡᠷᠬᠡ ᠲᠡᠭᠰᠢ ᠪᠠᠢᠬᠤ ᠪᠠ ᠡᠮᠡᠭᠲᠡᠢᠴᠦᠳ᠎ᠦᠨ ᠬᠥᠭᠵᠢᠯᠲᠡ ᠪᠣᠯ ᠬᠥᠮᠥᠨ ᠲᠥᠷᠥᠯᠬᠢᠲᠡᠨ᠎ᠦ ᠨᠡᠢᠭᠡᠮ᠎ᠦᠨ ᠦᠷᠭᠦᠯᠵᠢᠯᠡᠬᠦ ᠬᠥᠭᠵᠢᠯᠲᠡ᠎ᠶᠢᠨ ᠵᠠᠩᠭᠢᠯᠠᠭ᠎ᠠ᠎ᠶᠢᠨ ᠬᠦᠴᠦᠨ ᠵᠦᠢᠯ ᠮᠥᠨ᠃ ᠳᠡᠯᠡᠬᠡᠢ ᠨᠡᠢᠭᠡᠮ᠎ᠢᠶᠡᠷ᠎ᠢᠶᠡᠨ ᠲᠤᠰ ᠤᠳᠠᠭ᠎ᠠ᠎ᠶᠢᠨ ᠲᠦᠷᠦᠭᠦᠴᠦᠳ᠎ᠦᠨ ᠬᠤᠷᠠᠯ᠎ᠢᠶᠠᠷ ᠰᠢᠨ᠎ᠡ ᠭᠠᠷᠤᠭ᠎ᠠ ᠪᠣᠯᠭᠠᠵᠤ᠂ ᠪᠡᠭᠡᠵᠢᠩ᠎ᠦᠨ ᠳᠡᠯᠡᠬᠡᠢ᠎ᠶᠢᠨ ᠡᠮᠡᠭᠲᠡᠢᠴᠦᠳ᠎ᠦᠨ ᠬᠤᠷᠠᠯ᠎ᠤᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠪᠦᠯᠬᠦᠮᠳᠡᠯ᠎ᠢᠶᠡᠨ ᠴᠢᠩᠭᠠᠳᠬᠠᠵᠤ᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ 2030 ᠣᠨ᠎ᠤ ᠦᠷᠭᠦᠯᠵᠢᠯᠡᠬᠦ ᠬᠥᠭᠵᠢᠯᠲᠡ᠎ᠶᠢᠨ ᠵᠥᠪᠯᠡᠬᠦ ᠵᠦᠢᠯ᠎ᠦᠨ ᠪᠡᠶᠡᠯᠡᠭᠳᠡᠬᠦ᠎ᠶᠢ ᠠᠬᠢᠭᠤᠯᠵᠤ᠂ ᠪᠦᠬᠦ ᠪᠥᠮᠪᠥᠷᠴᠡᠭ᠎ᠦᠨ ᠡᠮᠡᠭᠲᠡᠢᠴᠦᠳ᠎ᠦᠨ ᠦᠢᠯᠡᠰ ᠰᠢᠨ᠎ᠡ ᠬᠥᠭᠵᠢᠯᠲᠡ᠎ᠲᠠᠢ ᠪᠣᠯᠬᠤ᠎ᠶᠢ ᠠᠬᠢᠭᠤᠯᠪᠠᠯ ᠵᠤᠬᠢᠨ᠎ᠠ ᠭᠡᠵᠦ ᠴᠢᠬᠤᠯᠠᠴᠢᠯᠠᠪᠠ᠃

ᠲᠤᠰ ᠡᠳᠦᠷ᠎ᠦᠨ ᠦᠳᠡ᠎ᠳᠦ᠂ ᠰᠢ᠎ᠶᠢᠨ ᠫᠢᠩ ᠪᠣᠯᠣᠨ ᠫᠸᠩ ᠯᠢ ᠶᠤᠸᠠᠨ ᠬᠤᠷᠠᠯ᠎ᠳᠤ ᠣᠷᠣᠯᠴᠠᠭᠰᠠᠨ ᠤᠯᠠᠨ ᠤᠯᠤᠰ᠎ᠤᠨ ᠬᠦᠨᠳᠦᠲᠦ ᠵᠣᠴᠢᠳ᠎ᠢ ᠤᠭᠲᠤᠬᠤ ᠳᠠᠶ᠋ᠢᠯᠠᠯᠭ᠎ᠠ ᠬᠢᠪᠡ᠃

ᠼᠠᠢ ᠴᠢ᠂ ᠸᠠᠩ ᠢ᠂ ᠶᠢᠨ ᠯᠢ᠂ ᠲᠢᠶᠸ ᠨᠢᠩ᠂ ᠱᠧᠨ ᠶᠤᠸᠠᠢ ᠶᠤᠸᠠᠢ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃

ᠱᠸᠨ ᠢ ᠴᠢᠨ ᠡᠬᠢᠯᠡᠯᠲᠡ᠎ᠶᠢᠨ ᠶᠣᠰᠣᠯᠠᠯ᠎ᠢ ᠡᠷᠭᠢᠯᠡᠵᠡᠢ᠃

ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 10 ᠰᠠᠷ᠎ᠠ᠎ᠶᠢᠨ 13 ᠤ᠋ ᠴᠠᠬᠢᠯᠭᠠᠨ ᠮᠡᠳᠡᠭᠡ

 

ᠢᠷᠡᠯᠲᠡ᠄        
          
ᠬᠠᠮᠢᠶ᠎ᠡ ᠪᠦᠬᠦᠢ ᠰᠣᠨᠢᠨ
 
             蒙ICP备05000248号