4 ᠰᠠᠷ᠎ᠠ ᠵᠢᠨ 21᠎ᠤ ᠡᠳᠦᠷ᠂ ᠰᠤᠷᠭ᠋ᠠᠨ ᠬᠥᠮᠦᠵᠢᠯ᠎ᠤᠨ ᠶᠠᠮᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠲᠥᠰᠦᠯ ᠪᠠ ᠬᠢᠴᠢᠶᠡᠯ᠎ᠤᠨ ᠪᠠᠷᠢᠮᠵᠢᠶ᠎ᠠ᠎ᠳᠤ ᠵᠠᠰᠠᠪᠤᠷᠢ ᠣᠷᠣᠭᠤᠯᠤᠭᠰᠠᠨ ᠪᠠᠶ᠋ᠢᠳᠠᠯ᠎ᠢ ᠲᠠᠨᠢᠯᠴᠠᠭᠤᠯᠪᠠ᠃ ᠬᠠᠮᠲᠤ᠎ᠳᠤ᠎ᠪᠠᠨ ᠦᠵᠡᠵᠡᠭᠡᠶ᠎ᠡ!

ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠳᠤ ᠵᠠᠰᠠᠪᠤᠷᠢ ᠣᠷᠣᠭᠤᠯᠤᠭᠰᠠᠨ
ᠶᠡᠷᠦᠩᠬᠡᠶ ᠪᠠᠢ᠍ᠳᠠᠯ᠎ᠨᠢ ᠶᠠᠮᠠᠷ ᠵᠡᠷᠭᠡ ᠪᠤᠢ?
— ᠲᠣᠪᠴᠢᠶᠠᠨ ᠳᠠᠷᠤᠭ᠎ᠠ ᠲᠢᠶᠠᠨ ᠾᠦᠢ ᠱᠧᠩ᠎ᠠᠴᠠ ᠲᠠᠨᠢᠯᠴᠠᠭᠤᠯᠪᠠ
ᠨᠢᠭᠡ᠂ ᠵᠠᠰᠠᠪᠤᠷᠢ ᠣᠷᠣᠭᠤᠯᠤᠭᠰᠠᠨ ᠭᠣᠣᠯ ᠠᠬᠤᠢ ᠪᠠᠶ᠋ᠢᠳᠠᠯ
1 . ᠲᠥᠪ ᠬᠣᠷᠢᠶᠠᠨ᠎ᠠᠴᠠ ᠰᠢᠨ᠎ᠡ᠎ᠪᠠᠷ ᠪᠠᠢ᠌ᠷᠢᠯᠠᠭᠤᠯᠪᠠ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠎ᠠᠴᠠ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠬᠡᠪ ᠴᠢᠨᠠᠷ᠎ᠤᠨ ᠰᠤᠷᠭ᠋ᠠᠨ ᠬᠥᠮᠦᠵᠢᠯ᠎ᠢ ᠬᠥᠭᠵᠢᠭᠦᠯᠵᠦ᠂ ᠰᠤᠷᠭ᠋ᠠᠨ ᠬᠥᠮᠦᠵᠢᠯ᠎ᠤᠨ ᠡᠷᠬᠡ ᠲᠡᠭᠰᠢ ᠵᠢ ᠠᠬᠢᠭᠤᠯᠵᠤ᠂ ᠶᠣᠰᠣ ᠰᠤᠷᠲᠠᠬᠤᠨ᠂ ᠤᠶᠤᠨ ᠤᠬᠠᠭ᠋ᠠᠨ᠂ ᠪᠡᠶ᠎ᠡ ᠮᠠᠬᠠᠪᠣᠳ᠂ ᠭᠣᠸ᠎ᠠ ᠰᠠᠶ᠋ᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ᠎ᠪᠠᠷ ᠬᠥᠭᠵᠢᠭᠰᠡᠨ ᠨᠡᠶ᠋ᠢᠭᠡᠮ ᠵᠢᠷᠤᠮ᠎ᠤᠨ ᠪᠦᠳᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠦᠵᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃ ᠶᠡᠷᠦᠩᠬᠡᠶ ᠱᠦᠵᠢ ᠰᠢ ᠵᠢᠨ ᠫᠢᠩ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ᠎ᠳᠤ 《ᠶᠢᠰᠦ ᠵᠢ ᠪᠠᠷᠢᠮᠲᠠᠯᠠᠬᠤ》᠂ 《ᠵᠢᠷᠭᠤᠭ᠎ᠠ᠎ᠳᠤ ᠬᠦᠴᠦ ᠣᠷᠣᠭᠤᠯᠬᠤ》 ᠵᠢ ᠪᠡᠶᠡᠯᠡᠭᠦᠯᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠲᠥᠪ ᠬᠣᠷᠢᠶᠠᠨ᠎ᠠᠴᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠠ 《ᠬᠣᠶᠠᠷ᠎ᠢ ᠬᠥᠩᠭᠡᠷᠡᠭᠦᠯᠬᠦ》 ᠠᠵᠢᠯ᠎ᠤᠨ ᠲᠤᠬᠠᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠬᠢᠵᠦ᠂ ᠬᠢᠴᠢᠶᠡᠯ᠎ᠤᠨ ᠲᠠᠩᠬᠢᠮ ᠵᠢᠴᠢ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠭᠤᠤᠯ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠴᠢᠩᠭ᠋ᠠᠳᠬᠠᠵᠤ᠂ ᠵᠢᠭ᠋ᠠᠬᠤ ᠪᠠ ᠰᠤᠷᠬᠤ ᠠᠭᠤᠯᠭ᠎ᠠ᠂ ᠠᠷᠭ᠎ᠠ ᠮᠠᠶᠢᠭ᠎ᠢ ᠡᠷᠬᠡᠪᠰᠢ ᠥᠭᠡᠷᠡᠴᠢᠯᠡᠬᠦ ᠬᠡᠷᠡᠭᠲᠡᠶ ᠭᠡᠵᠦ ᠱᠠᠭ᠋ᠠᠷᠳᠠᠪᠠ᠃
2 . ᠰᠤᠷᠭ᠋ᠠᠨ ᠬᠥᠮᠦᠵᠢᠯ᠎ᠢ ᠬᠥᠭᠵᠢᠭᠦᠯᠬᠦ ᠰᠢᠨ᠎ᠡ ᠱᠠᠭ᠋ᠠᠷᠳᠠᠯᠭ᠎ᠠ ᠵᠢ ᠳᠤᠷᠠᠳᠪᠠ᠃ ᠣᠳᠣᠬᠠᠨ᠎ᠤ ᠳᠡᠯᠡᠬᠡᠶ ᠶᠢᠷᠲᠢᠨᠴᠦ ᠶᠠᠭ ᠰᠠᠢ᠌ᠬᠠᠨ ᠵᠠᠭᠤᠨ ᠵᠢᠯ᠎ᠳᠤ ᠲᠣᠬᠢᠶᠠᠯᠳᠤᠭ᠎ᠠ ᠥᠬᠡᠶ ᠶᠡᠬᠡ ᠬᠤᠪᠢᠰᠤᠯᠲᠠ᠎ᠳᠤ ᠣᠷᠣᠰᠢᠵᠤ᠂ ᠰᠦᠯᠵᠢᠶᠡᠨ᠎ᠤ ᠰᠢᠨ᠎ᠡ ᠵᠠᠭᠤᠴᠢᠯᠠᠭᠤᠷ ᠦᠳᠲᠡᠷ ᠲᠦᠷᠭᠡᠨ ᠲᠦᠭᠡᠮᠡᠯᠵᠢᠵᠦ᠂ ᠬᠢᠮᠡᠯ ᠣᠶᠤᠨ ᠥᠷᠨᠢᠨ ᠬᠥᠭᠵᠢᠵᠦ᠂ ᠬᠥᠮᠦᠰ᠎ᠤᠨ ᠠᠮᠢᠳᠤᠷᠠᠯ᠂ ᠰᠤᠷᠤᠯᠴᠠᠯᠭ᠎ᠠ᠂ ᠠᠵᠢᠯ᠎ᠤᠨ ᠠᠷᠭ᠎ᠠ ᠬᠡᠯᠪᠡᠷᠢ ᠲᠠᠰᠤᠷᠠᠯᠲᠠ ᠥᠬᠡᠶ ᠬᠤᠪᠢᠷᠠᠵᠤ᠂ ᠠᠳᠠᠯᠢ ᠪᠤᠰᠤ ᠥᠷᠲᠡᠭ᠎ᠤᠨ ᠦᠵᠡᠯᠲᠡ ᠬᠠᠷᠢᠯᠴᠠᠨ ᠮᠥᠷᠭᠥᠯᠳᠦᠵᠦ᠂ ᠬᠡᠦᠬᠡᠳ ᠵᠠᠯᠠᠭᠤᠴᠤᠳ ᠪᠠᠭ᠋ᠠᠴᠤᠳ᠎ᠤᠨ ᠦᠰᠦᠨ ᠪᠣᠶ᠋ᠢᠵᠢᠬᠤ ᠣᠷᠴᠢᠨ ᠲᠣᠭᠣᠷᠢᠨ᠎ᠳᠤ ᠭᠦᠨᠵᠡᠭᠡᠶ ᠬᠤᠪᠢᠷᠠᠯᠲᠠ ᠭᠠᠷᠴᠤ᠂ ᠴᠢᠳᠠᠪᠤᠷᠢᠲᠠᠨ᠎ᠢ ᠬᠥᠮᠦᠵᠢᠭᠦᠯᠬᠦ᠎ᠳᠤ ᠰᠢᠨ᠎ᠡ ᠥᠷᠢᠰᠥᠯᠳᠦᠭᠡᠨ ᠲᠠᠯᠪᠢᠭᠳᠠᠵᠤ ᠪᠠᠢ᠌ᠨ᠎ᠠ᠃ 2011 ᠣᠨ᠎ᠳᠤ ᠮᠠᠨ᠎ᠤ ᠤᠯᠤᠰ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠪᠦᠬᠦ ᠲᠠᠯ᠎ᠠ᠎ᠪᠠᠷ ᠲᠦᠭᠡᠮᠡᠯᠵᠢᠭᠦᠯᠵᠦ᠂ ᠰᠤᠷᠭ᠋ᠠᠨ ᠬᠥᠮᠦᠵᠢᠯ᠎ᠤᠨ ᠬᠡᠷᠡᠭᠴᠡᠭᠡ ᠵᠢ 《ᠰᠤᠷᠤᠯᠴᠠᠬᠤ ᠰᠤᠷᠭ᠋ᠠᠭᠤᠯᠢ᠎ᠲᠠᠢ》 ᠪᠠᠶ᠋ᠢᠭᠰᠠᠨ᠎ᠠᠴᠠ 《ᠰᠠᠶ᠋ᠢᠨ ᠰᠤᠷᠭ᠋ᠠᠭᠤᠯᠢ᠎ᠳᠤ ᠰᠤᠷᠤᠯᠴᠠᠬᠤ》 ᠪᠣᠯᠭ᠋ᠠᠨ ᠬᠤᠪᠢᠷᠠᠭᠤᠯᠵᠤ᠂ 《ᠶᠠᠮᠠᠷ ᠬᠥᠮᠦᠨ᠎ᠢ ᠬᠥᠮᠦᠵᠢᠭᠦᠯᠬᠦ᠂ ᠬᠥᠮᠦᠨ᠎ᠢ ᠶᠠᠭ᠋ᠠᠬᠢᠵᠤ ᠬᠥᠮᠦᠵᠢᠭᠦᠯᠬᠦ᠂ ᠬᠡᠨ᠎ᠤ ᠲᠥᠯᠥᠭᠡ ᠬᠥᠮᠦᠨ᠎ᠢ ᠬᠥᠮᠦᠵᠢᠭᠦᠯᠬᠦ》 ᠵᠢ ᠤᠯᠠᠮ ᠨᠢᠭᠡ ᠠᠯᠬᠤᠮ ᠲᠣᠳᠤᠷᠠᠭᠤᠯᠵᠤ᠂ ᠰᠤᠷᠭ᠋ᠠᠭᠤᠯᠢ ᠵᠢᠨ ᠬᠥᠮᠦᠨ᠎ᠢ ᠬᠥᠮᠦᠵᠢᠭᠦᠯᠬᠦ ᠲᠥᠯᠦᠪᠵᠢᠭᠦᠯᠭᠡ ᠵᠢ ᠰᠢᠯᠢᠳᠡᠭᠵᠢᠭᠦᠯᠬᠦ ᠴᠢᠬᠤᠯᠠᠲᠠᠶ᠃ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠨᠥᠯᠥᠭᠡ ᠵᠢ ᠠᠷᠭ᠋ᠠᠴᠠᠬᠤ᠎ᠳᠤ ᠰᠦᠯᠵᠢᠶᠡᠨ᠎ᠳᠠᠬᠢ ᠰᠤᠷᠤᠯᠴᠠᠯᠭ᠎ᠠ ᠵᠡᠷᠭᠡ ᠲᠠᠯ᠎ᠠ᠎ᠪᠠᠷ᠎ᠬᠢ ᠬᠢᠴᠢᠶᠡᠯ᠎ᠤᠨ ᠳᠡᠮᠵᠢᠯᠭᠡ ᠪᠠ ᠵᠢᠯᠣᠭᠣᠳᠣᠯᠭ᠎ᠠ ᠵᠢ ᠴᠢᠩᠭ᠋ᠠᠳᠬᠠᠬᠤ ᠴᠢᠬᠤᠯᠠᠲᠠᠶ᠃ ᠡᠳᠡᠭᠡᠷ᠎ᠨᠢ ᠬᠢᠴᠢᠶᠡᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢ ᠱᠠᠭ᠋ᠠᠷᠳᠠᠵᠤ ᠪᠠᠶ᠋ᠢᠨ᠎ᠠ᠃
3 . ᠬᠢᠴᠢᠶᠡᠯ᠎ᠢ ᠬᠡᠷᠡᠭᠵᠢᠭᠦᠯᠬᠦ ᠶᠠᠪᠤᠴᠠ᠎ᠳᠤ ᠰᠢᠨ᠎ᠡ ᠠᠰᠠᠭᠤᠳᠠᠯ᠎ᠢ ᠢᠯᠡᠷᠡᠭᠦᠯᠪᠡ᠃ ᠣᠳᠣ ᠵᠢᠨ ᠬᠡᠷᠡᠭᠵᠢᠭᠦᠯᠵᠦ ᠪᠠᠶ᠋ᠢᠭ᠎ᠠ 《ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠲᠣᠬᠢᠷᠠᠭᠤᠯᠬᠤ ᠲᠤᠷᠰᠢᠯᠲᠠ ᠵᠢᠨ ᠲᠥᠰᠦᠯ》 ᠪᠣᠯᠤᠨ ᠡᠯ᠎ᠡ ᠬᠢᠴᠢᠶᠡᠯ᠎ᠤᠨ ᠪᠠᠷᠢᠮᠵᠢᠶ᠎ᠠ᠎ᠨᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠬᠥᠲᠥᠯᠥᠨ ᠵᠢᠯᠣᠭᠣᠳᠬᠤ ᠪᠠ ᠲᠦᠯᠬᠢᠨ ᠠᠬᠢᠭᠤᠯᠬᠤ ᠲᠠᠯ᠎ᠠ᠎ᠪᠠᠷ ᠴᠢᠬᠤᠯᠠ ᠦᠢ᠍ᠯᠡᠳᠦᠯ ᠦᠵᠡᠭᠦᠯᠦᠭᠰᠡᠨ ᠪᠣᠯᠪᠠᠴᠤ ᠪᠠᠰᠠ ᠰᠢᠨ᠎ᠡ ᠪᠠᠶ᠋ᠢᠳᠠᠯ ᠰᠢᠨ᠎ᠡ ᠱᠠᠭ᠋ᠠᠷᠳᠠᠯᠭ᠎ᠠ᠎ᠲᠠᠢ ᠲᠣᠬᠢᠷᠠᠯᠴᠠᠬᠤ ᠦᠭᠡᠶ ᠵᠠᠷᠢᠮ ᠵᠦᠢ᠍ᠯ ᠣᠷᠣᠰᠢᠵᠤ ᠪᠠᠶ᠋ᠢᠨ᠎ᠠ᠃ ᠵᠢᠱ᠌ᠢᠶᠡᠯᠡᠪᠡᠯ᠂ ᠰᠤᠷᠤᠯᠭ᠎ᠠ ᠵᠢᠨ ᠱᠠᠲᠤ ᠵᠢ ᠭᠤᠯᠳᠤ᠎ᠪᠠᠷ ᠣᠷᠭ᠋ᠠᠨᠢᠭ ᠵᠶ᠋ᠠᠷ ᠵᠣᠯᠭ᠋ᠠᠭᠤᠯᠬᠤ ᠲᠠᠯ᠎ᠠ᠎ᠪᠠᠷ ᠬᠦᠷᠦᠯᠴᠡᠬᠦ ᠥᠬᠡᠶ᠂ ᠬᠢᠴᠢᠶᠡᠯ᠎ᠤᠨ ᠪᠠᠷᠢᠮᠵᠢᠶ᠎ᠠ᠎ᠳᠤ 《ᠶᠠᠮᠠᠷ ᠬᠢᠷᠢ ᠬᠡᠮᠵᠢᠶᠡᠨ᠎ᠳᠤ ᠬᠦᠷᠲᠡᠯ᠎ᠡ ᠰᠤᠷᠭ᠋ᠠᠬᠤ》 ᠲᠤᠬᠠᠶ ᠪᠣᠳᠠᠲᠠᠶ ᠲᠣᠭᠲᠠᠭ᠋ᠠᠯ ᠳᠤᠲᠠᠭᠳᠠᠵᠤ᠂ ᠪᠠᠭᠰᠢ ᠵᠢᠭ᠋ᠠᠨ ᠰᠤᠷᠭ᠋ᠠᠯᠲᠠ ᠵᠢᠨ ᠭᠦᠨᠴᠡ ᠪᠠ ᠥᠷᠭᠡᠴᠡ ᠵᠢ ᠡᠵᠡᠮᠰᠢᠬᠦ ᠲᠠᠯ᠎ᠠ᠎ᠪᠠᠷ ᠰᠢᠨᠵᠢᠯᠡᠬᠦ ᠤᠬᠠᠭ᠋ᠠᠨ᠎ᠤ ᠦᠨᠳᠦᠰᠦᠯᠡᠯ ᠳᠤᠲᠠᠭᠳᠠᠵᠤ᠂ ᠬᠢᠴᠢᠶᠡᠯ᠎ᠢ ᠬᠡᠷᠡᠭᠵᠢᠭᠦᠯᠬᠦ ᠱᠠᠭ᠋ᠠᠷᠳᠠᠯᠭ᠎ᠠ ᠲᠣᠳᠣᠷᠬᠠᠶ ᠥᠬᠡᠶ ᠪᠠᠶ᠋ᠢᠬᠤ ᠵᠡᠷᠭᠡ ᠠᠰᠠᠭᠤᠳᠠᠯ᠎ᠢ ᠡᠷᠬᠡᠪᠰᠢ ᠬᠠᠨᠳᠤᠯᠭ᠋ᠠᠲᠠᠢ ᠰᠢᠢ᠍ᠳᠪᠦᠷᠢᠯᠡᠬᠦ ᠬᠡᠷᠡᠭᠲᠡᠶ᠃ ᠡᠭᠦᠨ᠎ᠤ ᠬᠠᠮᠲᠤ ᠣᠲᠣ ᠵᠢᠨ ᠬᠡᠷᠡᠭᠵᠢᠭᠦᠯᠵᠦ ᠪᠠᠶ᠋ᠢᠭ᠎ᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠲᠥᠰᠦᠯ ᠪᠠ ᠬᠢᠴᠢᠶᠡᠯ᠎ᠤᠨ ᠪᠠᠷᠢᠮᠵᠢᠶ᠎ᠠ ᠵᠢ ᠲᠣᠰ ᠲᠣᠰ 20 ᠵᠢᠯ ᠪᠠ 10 ᠵᠢᠯ᠎ᠠᠴᠠ ᠳᠡᠭᠡᠭᠰᠢ ᠬᠡᠷᠡᠭᠵᠢᠭᠦᠯᠵᠦ᠂ ᠬᠢᠴᠢᠶᠡᠯ᠎ᠤᠨ ᠥᠭᠡᠷᠡᠴᠢᠯᠡᠯᠲᠡ ᠵᠢᠨ ᠲᠣᠰ ᠪᠡᠶ᠎ᠡ ᠵᠢᠨ ᠵᠢᠮ᠎ᠡ ᠶᠣᠰᠣᠴᠢ ᠴᠢᠨᠠᠷ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠵᠤ ᠲᠡᠭᠦᠯᠳᠡᠷᠵᠢᠭᠦᠯᠬᠦ ᠴᠢᠬᠤᠯᠠᠲᠠᠶ ᠪᠠᠶ᠋ᠢᠨ᠎ᠠ᠃
ᠬᠣᠶᠠᠷ᠂ ᠵᠠᠰᠠᠪᠤᠷᠢ ᠣᠷᠣᠭᠤᠯᠤᠭᠰᠠᠨ ᠭᠣᠣᠯ ᠰᠡᠳᠬᠢᠮᠵᠢ
1 . ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠪᠠ᠃ ᠶᠡᠷᠦᠩᠬᠡᠶ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠶ ᠴᠢᠬᠤᠯᠠ ᠥᠭᠦᠯᠡᠯᠲᠡ ᠵᠢ ᠨᠠᠷᠢᠨ ᠬᠢᠨᠠᠮᠠᠭ᠋ᠠᠶ ᠰᠤᠷᠤᠯᠴᠠᠨ ᠣᠶ᠋ᠢᠯᠠᠭ᠋ᠠᠵᠤ᠂ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠲᠤᠬᠠᠶ ᠲᠥᠪ᠎ᠤᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠨᠠᠷᠢᠯᠢᠭ ᠣᠨᠣᠴᠠᠲᠠᠢ ᠤᠶ᠋ᠢᠯᠠᠭ᠋ᠠᠨ ᠡᠵᠡᠮᠰᠢᠵᠦ᠂ ᠬᠢᠴᠢᠶᠡᠯ᠎ᠳᠤ ᠵᠠᠰᠠᠪᠤᠷᠢ ᠣᠷᠣᠭᠤᠯᠬᠤ ᠦᠨᠳᠦᠰᠦᠨ ᠵᠢᠷᠤᠮᠯᠠᠯ᠎ᠢ ᠳᠣᠭᠲᠠᠭ᠋ᠠᠪᠠ᠃ ᠴᠢᠬᠤᠯᠠ ᠶᠡᠬᠡ ᠭᠣᠣᠯ ᠰᠡᠳᠦᠪᠲᠦ ᠬᠥᠮᠦᠵᠢᠯ᠎ᠢ ᠪᠦᠬᠦᠯᠢ ᠴᠣᠭᠴᠠ᠎ᠪᠠᠷ ᠲᠥᠯᠦᠪᠵᠢᠭᠦᠯᠵᠦ᠂ ᠰᠢᠰᠲ᠋ᠧᠮᠲᠡᠢ ᠲᠣᠬᠢᠷᠠᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠢ᠍ᠴᠡᠳ ᠲᠤᠰᠬᠠᠵᠤ᠂ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ᠂ ᠬᠤᠪᠢᠰᠬᠠᠯᠲᠤ ᠰᠣᠶᠣᠯ ᠪᠣᠯᠤᠨ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠣᠷᠭ᠋ᠠᠨᠢᠭ ᠵᠶ᠋ᠠᠷ ᠠᠭᠤᠰᠠᠬᠠᠵᠤ᠂ ᠬᠦᠰᠡᠯᠡᠩ᠎ᠲᠠᠢ᠂ ᠴᠢᠳᠠᠪᠤᠷᠢ᠎ᠲᠠᠢ᠂ ᠡᠭᠦᠷᠭᠡᠯᠡᠯ᠎ᠲᠠᠢ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠢᠴᠢᠶᠡᠯ᠎ᠤᠨ ᠦᠵᠡᠯ ᠰᠠᠨᠠᠭ᠋ᠠᠴᠢ ᠴᠢᠨᠠᠷ᠎ᠢ ᠴᠢᠩᠭ᠋ᠠᠳᠬᠠᠪᠠ᠃
2 . ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠪᠠ᠃ ᠬᠢᠴᠢᠶᠡᠯ᠎ᠤᠨ ᠥᠭᠡᠷᠡᠴᠢᠯᠡᠯᠲᠡ ᠵᠢᠨ ᠬᠦᠴᠢᠷᠳᠡᠯ ᠪᠠ ᠠᠰᠠᠭᠤᠳᠠᠯ᠎ᠢ ᠪᠥᠬᠥ ᠲᠠᠯ᠎ᠠ᠎ᠪᠠᠷ ᠡᠮᠬᠢᠯᠡᠨ ᠵᠠᠳᠠᠯᠵᠤ᠂ ᠵᠠᠰᠠᠪᠤᠷᠢ ᠣᠷᠣᠭᠤᠯᠬᠤ ᠭᠤᠤᠯᠳᠠᠯᠭ᠎ᠠ ᠪᠠ ᠡᠭᠦᠷᠭᠡ ᠵᠢ ᠲᠣᠳᠤᠷᠠᠭᠤᠯᠵᠤ᠂ ᠪᠣᠳᠠᠲᠠᠶ ᠠᠰᠠᠭᠤᠳᠠᠯ᠎ᠳᠤ ᠪᠦᠲᠦᠮᠵᠢᠲᠡᠶ ᠬᠠᠷᠢᠭᠤ ᠥᠭᠬᠦ ᠵᠢ ᠴᠢᠬᠤᠯᠠᠴᠢᠯᠠᠪᠠ᠃ ᠰᠤᠷᠤᠭᠴᠢᠳ᠎ᠤᠨ ᠪᠡᠶ᠎ᠡ ᠰᠡᠳᠬᠢᠯ᠎ᠤᠨ ᠬᠥᠭᠵᠢᠯᠲᠡ ᠵᠢᠨ ᠵᠢᠮ᠎ᠡ ᠶᠣᠰᠣ ᠵᠢ ᠵᠢᠷᠤᠮᠯᠠᠨ᠂ ᠨᠢᠭᠡ ᠴᠣᠭᠴᠠᠵᠢᠭᠤᠯᠤᠨ ᠪᠠᠶ᠋ᠢᠷᠢᠯᠠᠭᠤᠯᠬᠤ ᠵᠢ ᠴᠢᠩᠭ᠋ᠠᠷᠠᠭᠤᠯᠵᠤ᠂ ᠰᠤᠷᠤᠯᠭ᠎ᠠ ᠵᠢᠨ ᠱᠠᠲᠤ ᠵᠢ ᠵᠣᠯᠭ᠋ᠠᠭᠤᠯᠬᠤ ᠵᠢ ᠠᠬᠢᠭᠤᠯᠵᠤ᠂ ᠬᠢᠴᠢᠶᠡᠯ᠎ᠤᠨ ᠰᠢᠨᠵᠢᠯᠡᠬᠦ ᠤᠬᠠᠭ᠋ᠠᠨᠴᠢ ᠴᠢᠨᠠᠷ᠂ ᠰᠢᠰᠲ᠋ᠧᠮᠴᠢ ᠴᠢᠨᠠᠷ᠎ᠢ ᠳᠡᠭᠡᠭᠰᠢᠯᠡᠭᠦᠯᠪᠡ; ᠬᠢᠴᠢᠶᠡᠯ᠎ᠤᠨ ᠪᠠᠶ᠋ᠢᠷᠢᠯᠠᠭᠤᠯᠤᠯᠲᠠ ᠵᠢ ᠰᠢᠯᠢᠳᠡᠭᠵᠢᠭᠦᠯᠵᠦ᠂ ᠬᠥᠮᠦᠨ᠎ᠢ ᠬᠥᠮᠦᠵᠢᠭᠦᠯᠬᠦ ᠬᠢᠴᠢᠶᠡᠯ ᠲᠥᠷᠥᠯ᠎ᠤᠨ ᠬᠠᠷᠠᠯᠲᠠ ᠵᠢ ᠨᠠᠷᠢᠯᠢᠭᠵᠢᠭᠤᠯᠵᠤ᠂ ᠬᠡᠷᠡᠭᠵᠢᠭᠦᠯᠬᠦ ᠱᠠᠭ᠋ᠠᠷᠳᠠᠯᠭ᠎ᠠ ᠵᠢ ᠲᠣᠳᠤᠷᠠᠭᠤᠯᠵᠤ᠂ ᠬᠢᠴᠢᠶᠡᠯ᠎ᠤᠨ ᠵᠢᠯᠣᠭᠣᠳᠬᠤ ᠴᠢᠨᠠᠷ᠂ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠢ ᠴᠢᠩᠭ᠋ᠠᠷᠠᠭᠤᠯᠪᠠ᠃
3 . ᠰᠢᠨ᠎ᠡ ᠵᠢ ᠡᠭᠦᠳᠬᠦ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠪᠠ᠃ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠮᠠᠨ᠎ᠤ ᠤᠯᠤᠰ᠎ᠤᠨ ᠬᠢᠴᠢᠶᠡᠯ᠎ᠤᠨ ᠪᠠᠶ᠋ᠢᠭᠤᠯᠤᠯᠲᠠ ᠵᠢᠨ ᠠᠮᠵᠢᠯᠲᠠ᠎ᠲᠠᠢ ᠲᠤᠷᠰᠢᠯᠭ᠎ᠠ ᠵᠢ ᠵᠠᠯᠭ᠋ᠠᠮᠵᠢᠯᠠᠬᠤ ᠵᠢ ᠴᠢᠬᠤᠯᠠᠴᠢᠯᠠᠭᠰᠠᠨ ᠮᠥᠷᠲᠡᠭᠡᠨ ᠪᠠᠰᠠ ᠣᠯᠠᠨ ᠤᠯᠤᠰ᠎ᠤᠨ ᠬᠢᠴᠢᠶᠡᠯ᠎ᠤᠨ ᠥᠭᠡᠷᠡᠴᠢᠯᠡᠯᠲᠡ ᠵᠢᠨ ᠰᠢᠨ᠎ᠡ ᠦᠷ᠎ᠡ ᠪᠦᠲᠦᠭᠡᠯ ᠵᠶ᠋ᠠᠷ ᠭᠦᠢ᠍ᠴᠡᠳ ᠲᠣᠯᠢᠯᠠᠭᠤᠯᠵᠤ᠂ ᠰᠤᠷᠭ᠋ᠠᠨ ᠬᠥᠮᠦᠵᠢᠯ᠎ᠤᠨ ᠣᠨᠣᠯᠵᠢᠬᠤᠨ᠎ᠢ ᠰᠢᠨᠡᠳᠭᠡᠵᠦ᠂ ᠳᠤᠮᠳᠠᠳᠤ ᠤᠯᠤᠰ᠎ᠤᠨ ᠣᠨᠴᠠᠯᠢᠭ᠎ᠢ ᠢᠯᠡᠷᠡᠭᠦᠯᠵᠦ᠂ ᠬᠢᠴᠢᠶᠡᠯ᠎ᠤᠨ ᠶᠡᠷᠦᠩᠬᠡᠢ᠌ᠯᠡᠯᠲᠦ ᠴᠢᠨᠠᠷ᠂ ᠦᠢ᠍ᠯᠡᠳᠦᠯᠭᠡ᠎ᠲᠦ ᠴᠢᠨᠠᠷ᠎ᠢ ᠴᠢᠩᠭ᠋ᠠᠷᠠᠭᠤᠯᠵᠤ᠂ ᠬᠥᠮᠦᠨ᠎ᠢ ᠬᠥᠮᠦᠵᠢᠭᠦᠯᠬᠦ ᠠᠷᠭ᠎ᠠ ᠮᠠᠶᠢᠭ᠎ᠤᠨ ᠬᠤᠪᠢᠰᠤᠯᠲᠠ ᠵᠢ ᠬᠥᠲᠥᠯᠦᠨ ᠵᠢᠯᠣᠭᠣᠳᠴᠤ᠂ ᠰᠤᠷᠤᠭᠴᠢᠳ᠎ᠤᠨ ᠭᠤᠤᠯᠯᠠᠬᠤ ᠬᠡᠪ ᠪᠣᠯᠪᠠᠰᠤᠷᠠᠯ᠎ᠢ ᠬᠦᠴᠦᠯᠡᠨ ᠬᠥᠭᠵᠢᠭᠦᠯᠦᠨ᠎ᠡ᠃ ᠴᠠᠭ ᠦᠶ᠎ᠡ᠎ᠲᠠᠢ ᠵᠡᠷᠭᠡᠴᠡᠨ ᠤᠷᠤᠭᠰᠢᠯᠠᠬᠤ ᠵᠢ ᠪᠠᠷᠢᠮᠲᠠᠯᠠᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠰᠢᠨ᠎ᠡ ᠬᠤᠪᠢᠷᠠᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠵᠢᠨ ᠰᠢᠨ᠎ᠡ ᠦᠷ᠎ᠡ ᠪᠦᠲᠦᠭᠡᠯ᠎ᠢ ᠲᠤᠰᠬᠠᠵᠤ᠂ ᠬᠢᠴᠢᠶᠡᠯ᠎ᠤᠨ ᠠᠭᠤᠯᠭ᠎ᠠ ᠵᠢ ᠰᠢᠨᠡᠳᠭᠡᠵᠦ᠂ ᠬᠢᠴᠢᠶᠡᠯ᠎ᠤᠨ ᠴᠠᠭ ᠦᠶᠡᠴᠢ ᠴᠢᠨᠠᠷ᠎ᠢ ᠢᠯᠡᠷᠡᠭᠦᠯᠪᠡ᠃
ᠭᠤᠷᠪᠠ᠂ ᠵᠠᠰᠠᠪᠤᠷᠢ ᠣᠷᠣᠭᠤᠯᠤᠭᠰᠠᠨ ᠭᠣᠣᠯ ᠶᠠᠪᠤᠴᠠ
ᠡᠩᠨᠡᠭᠡ ᠵᠢ ᠵᠣᠬᠢᠶᠠᠨ ᠪᠠᠶ᠋ᠢᠭᠤᠯᠬᠤ᠂ ᠶᠡᠷᠦᠩᠬᠡᠢ ᠵᠢᠷᠤᠭ ᠲᠥᠯᠥᠪᠯᠡᠭᠡ ᠬᠢᠬᠦ᠂ ᠪᠠᠶ᠋ᠢᠴᠠᠭ᠋ᠠᠨ ᠰᠤᠳᠤᠯᠵᠤ ᠨᠤᠲᠠᠯᠠᠬᠤ᠂ ᠵᠠᠰᠠᠪᠤᠷᠢ ᠣᠷᠣᠭᠤᠯᠬᠤ ᠵᠢ ᠵᠣᠬᠢᠶᠠᠨ ᠪᠠᠢ᠌ᠭᠤᠯᠬᠤ᠂ ᠰᠣᠷᠢᠯᠲᠠ ᠬᠢᠬᠦ᠂ ᠰᠠᠨᠠᠯ ᠬᠤᠷᠢᠶᠠᠬᠤ ᠵᠡᠷᠭᠡ ᠭᠣᠭᠴᠣᠭ᠎ᠠ ᠵᠢ ᠥᠩᠭᠡᠷᠡᠭᠡᠪᠡ᠃
ᠨᠢᠭᠡ᠎ᠳᠤ᠂ ᠡᠩᠨᠡᠭᠡ ᠵᠢ ᠵᠣᠬᠢᠶᠠᠨ ᠪᠠᠢ᠌ᠭᠤᠯᠪᠠ᠂ ᠬᠣᠶᠠᠷ ᠬᠦᠷᠢᠶᠡᠯᠡᠩ᠎ᠤᠨ ᠠᠺᠠᠳᠧᠮᠢᠴᠢ᠂ ᠰᠢᠨᠵᠢᠯᠡᠭᠡᠨ᠎ᠤ ᠰᠠᠯᠠᠭ᠋ᠠᠨ᠎ᠤ ᠲᠤᠰᠬᠠᠶ ᠮᠡᠷᠭᠡᠵᠢᠯᠲᠡᠨ᠂ ᠰᠢᠨᠵᠢᠯᠡᠭᠡᠨ᠎ᠤ ᠰᠠᠯᠠᠭ᠋ᠠᠨ᠎ᠤ ᠰᠤᠷᠭ᠋ᠠᠨ ᠬᠥᠮᠦᠵᠢᠯ᠎ᠤᠨ ᠲᠤᠰᠬᠠᠶ ᠮᠡᠷᠭᠡᠵᠢᠯᠲᠡᠨ᠂ ᠭᠤᠤᠯᠯᠠᠭᠴᠢ ᠪᠠᠭᠰᠢ᠂ ᠰᠤᠷᠭ᠋ᠠᠨ ᠬᠥᠮᠦᠵᠢᠯ᠎ᠤᠨ ᠬᠠᠮᠢᠶᠠᠷᠤᠭᠴᠢ ᠵᠡᠷᠭᠡ 300 ᠰᠢᠬᠠᠮ ᠬᠥᠮᠦᠨ ᠵᠶ᠋ᠠᠷ ᠪᠦᠷᠢᠯᠳᠦᠭᠰᠡᠨ ᠵᠠᠰᠠᠪᠤᠷᠢ ᠣᠷᠣᠭᠤᠯᠬᠤ ᠳᠤᠭᠤᠶ᠋ᠢᠯᠠᠩ᠎ᠢ ᠪᠠᠶ᠋ᠢᠭᠤᠯᠵᠤ᠂ ᠵᠠᠰᠠᠪᠤᠷᠢ ᠣᠷᠣᠭᠤᠯᠬᠤ ᠡᠭᠦᠷᠭᠡ ᠵᠢ ᠡᠭᠦᠷᠭᠡᠯᠡᠭᠦᠯᠪᠡ᠃
ᠬᠣᠶᠠᠷ᠎ᠲᠤ᠂ ᠶᠡᠷᠦᠩᠬᠡᠶ ᠵᠢᠷᠤᠭ ᠲᠥᠯᠥᠪᠯᠡᠭᠡ ᠬᠢᠪᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠥᠶ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢᠴᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠤᠯᠠᠮᠵᠢᠯᠠᠯ᠂ ᠬᠠᠤᠯᠢ᠎ᠪᠠᠷ ᠵᠠᠰᠠᠬᠤ᠂ ᠤᠯᠤᠰ᠎ᠤᠨ ᠠᠮᠤᠷ ᠲᠦᠪᠰᠢᠨ᠂ ᠠᠮᠢ ᠨᠠᠰᠤᠨ᠎ᠤ ᠠᠮᠤᠷ ᠲᠦᠪᠰᠢᠨ ᠬᠢᠭᠡᠳ ᠡᠷᠡᠭᠦᠯ ᠮᠡᠨᠳᠦ ᠵᠡᠷᠭᠡ ᠴᠢᠬᠤᠯᠠ ᠶᠡᠬᠡ ᠭᠤᠤᠯ ᠰᠡᠳᠦᠪᠲᠦ ᠬᠥᠮᠦᠵᠢᠯ᠎ᠢ ᠬᠢᠴᠢᠶᠡᠯ᠎ᠤᠨ ᠵᠢᠭ᠋ᠠᠬᠤ ᠮᠠᠲ᠋ᠧᠷᠢᠶᠠᠯ᠎ᠳᠤ ᠣᠷᠣᠭᠤᠯᠬᠤ ᠵᠢ ᠪᠦᠬᠦᠯᠢ ᠴᠣᠭᠴᠠ᠎ᠪᠠᠷ ᠲᠥᠯᠦᠪᠵᠢᠭᠦᠯᠦᠭᠰᠡᠨᠤ ᠬᠠᠮᠲᠤ ᠵᠢᠯᠣᠭᠣᠳᠤᠨ ᠨᠠᠢ᠌ᠳᠠᠪᠤᠷᠢᠵᠢᠭᠤᠯᠪᠠ᠃
ᠭᠤᠷᠪᠠ᠎ᠳᠤ᠂ ᠪᠠᠶ᠋ᠢᠴᠠᠭ᠋ᠠᠨ ᠰᠣᠳᠤᠯᠵᠤ ᠨᠣᠲᠠᠯᠠᠪᠠ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠬᠡᠷᠡᠭᠵᠢᠭᠦᠯᠵᠦ ᠪᠠᠢ᠌ᠭ᠎ᠠ ᠣᠳᠣᠬᠢ ᠪᠠᠶ᠋ᠢᠳᠠᠯ᠎ᠢ ᠪᠠᠢ᠌ᠴᠠᠭ᠋ᠠᠵᠤ᠂ ᠬᠢᠴᠢᠶᠡᠯ᠎ᠤᠨ ᠠᠭᠤᠯᠭ᠎ᠠ ᠵᠢᠨ ᠪᠥᠲᠦᠴᠡ ᠵᠡᠷᠭᠡ ᠬᠣᠯᠪᠤᠭᠳᠠᠬᠤ ᠰᠠᠭᠤᠷᠢ ᠰᠤᠳᠤᠯᠭ᠋ᠠᠨ ᠪᠠ ᠣᠯᠠᠨ ᠤᠯᠤᠰ᠎ᠤᠨ ᠬᠠᠷᠢᠴᠠᠭᠤᠯᠤᠭᠰᠠᠨ ᠰᠤᠳᠤᠯᠭ᠋ᠠᠨ᠎ᠢ ᠥᠷᠨᠢᠭᠦᠯᠵᠦ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠢᠴᠢᠶᠡᠯ᠎ᠤᠨ ᠥᠭᠡᠷᠡᠴᠢᠯᠡᠯᠲᠡ ᠵᠢᠨ ᠰᠢᠨ᠎ᠡ ᠬᠠᠨᠳᠤᠰᠢ ᠵᠢ ᠭᠦᠨᠵᠡᠭᠡᠶ ᠰᠤᠳᠤᠯᠤᠨ ᠡᠵᠡᠮᠰᠢᠪᠡ᠃
ᠳᠥᠷᠪᠡ᠎ᠳᠤ᠂ ᠵᠠᠰᠠᠪᠤᠷᠢ ᠣᠷᠣᠭᠤᠯᠬᠤ ᠵᠢ ᠵᠣᠬᠢᠶᠠᠨ ᠪᠠᠢ᠌ᠭᠤᠯᠪᠠ᠂ ᠲᠥᠪᠯᠡᠷᠡᠭᠦᠯᠬᠦ ᠪᠠ ᠲᠠᠷᠠᠬᠠᠶ ᠪᠠᠶ᠋ᠢᠯᠭ᠋ᠠᠬᠤ ᠵᠢ ᠬᠠᠷᠢᠯᠴᠠᠨ ᠤᠶᠠᠯᠳᠤᠭᠤᠯᠤᠭᠰᠠᠨ ᠠᠵᠢᠯ᠎ᠤᠨ ᠠᠷᠭ᠎ᠠ ᠮᠠᠶᠢᠭ᠎ᠢ ᠠᠪᠴᠤ᠂ ᠤᠷᠢᠳ ᠵᠶ᠋ᠠᠷ ᠬᠢᠴᠢᠶᠡᠯ᠎ᠤᠨ ᠲᠥᠰᠦᠯ᠎ᠳᠤ ᠵᠠᠰᠠᠪᠤᠷᠢ ᠣᠷᠣᠭᠤᠯᠵᠤ᠂ ᠳᠠᠬᠢᠨ ᠬᠢᠴᠢᠶᠡᠯ᠎ᠤᠨ ᠪᠠᠷᠢᠮᠵᠢᠶ᠎ᠠ᠎ᠳᠤ ᠵᠠᠰᠠᠪᠤᠷᠢ ᠣᠷᠣᠭᠤᠯᠬᠤ ᠳᠡᠰ ᠳᠠᠷᠠᠭ᠋ᠠᠯᠠᠯ ᠵᠶ᠋ᠠᠷ ᠶᠠᠪᠤᠭᠳᠠᠭᠤᠯᠵᠤ᠂ ᠵᠠᠰᠠᠪᠤᠷᠢ ᠣᠷᠣᠭᠤᠯᠬᠤ ᠠᠵᠢᠯ᠎ᠢ ᠲᠥᠷᠥᠯ ᠵᠦᠢ᠍ᠯ ᠬᠤᠪᠢᠶᠠᠨ᠂ ᠬᠡᠰᠡᠭ ᠬᠤᠪᠢᠶᠠᠨ ᠠᠬᠢᠭᠤᠯᠪᠠ᠃
ᠲᠠᠪᠤ᠎ᠳᠤ᠂ ᠰᠣᠷᠢᠯᠲᠠ ᠬᠢᠪᠡ᠂ ᠵᠧᠵᠢᠶᠠᠩ᠂ ᠾᠧᠨᠠᠨ ᠪᠣᠯᠤᠨ ᠭᠠᠨᠰᠦ ᠵᠡᠷᠭᠡ 15 ᠮᠤᠵᠢ ᠵᠢᠨ 6 ᠲᠦᠮᠡ ᠰᠢᠬᠠᠮ ᠰᠣᠷᠣᠭᠴᠢ ᠵᠢ ᠵᠣᠬᠢᠶᠠᠨ ᠪᠠᠶ᠋ᠢᠭᠤᠯᠵᠤ ᠬᠢᠴᠢᠶᠡᠯ᠎ᠤᠨ ᠪᠠᠷᠢᠮᠵᠢᠶᠠᠨ᠎ᠤ ᠰᠢᠯᠭ᠋ᠠᠯᠲᠠ ᠬᠢᠵᠦ᠂ ᠳ᠋ᠦᠩ᠎ᠢ᠎ᠨᠢ ᠦᠨᠳᠦᠰᠦᠯᠡᠨ ᠵᠠᠰᠠᠪᠤᠷᠢ ᠣᠷᠣᠭᠤᠯᠪᠠ᠃
ᠵᠢᠷᠭᠤᠭ᠎ᠠ᠎ᠳᠤ᠂ ᠰᠠᠨᠠᠯ ᠬᠤᠷᠢᠶᠠᠪᠠ᠂ ᠮᠤᠵᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠲᠤᠰᠬᠠᠶ ᠮᠡᠷᠭᠡᠵᠢᠯᠲᠡᠨ ᠡᠷᠳᠡᠮᠲᠡᠨ ᠪᠣᠯᠤᠨ ᠨᠢᠭᠡᠳᠦᠭᠡᠷ ᠹᠷᠣᠨᠲ᠎ᠤᠨ ᠰᠤᠷᠭ᠋ᠠᠭᠤᠯᠢ ᠵᠢᠨ ᠵᠠᠬᠢᠷᠤᠯ᠂ ᠪᠠᠭᠰᠢ᠂ ᠵᠢᠭ᠋ᠠᠬᠤ ᠵᠢ ᠰᠤᠳᠤᠯᠤᠭᠴᠢ ᠵᠡᠷᠭᠡ ᠡᠯ᠎ᠡ ᠲᠠᠯ᠎ᠠ ᠵᠢᠨ᠎ᠬᠢᠨ᠎ᠠᠴᠠ ᠰᠠᠨᠠᠯ ᠪᠠ ᠰᠠᠨᠠᠭᠤᠯᠭ᠎ᠠ ᠵᠢ ᠲᠣᠰ ᠲᠣᠰ ᠬᠤᠷᠢᠶᠠᠵᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃
2021 ᠣᠨ᠎ᠤ 4 - 12 ᠰᠠᠷ᠎ᠠ ᠪᠣᠯᠲᠠᠯ᠎ᠠ ᠤᠯᠤᠰ᠎ᠤᠨ ᠵᠢᠭ᠋ᠠᠬᠤ ᠮᠠᠲ᠋ᠧᠷᠢᠶᠠᠯ᠎ᠤᠨ ᠵᠥᠪᠯᠡᠯ ᠵᠢᠴᠢ ᠲᠡᠭᠦᠨ᠎ᠤ ᠲᠤᠰᠬᠠᠶ ᠮᠡᠷᠭᠡᠵᠢᠯᠲᠡᠨ᠎ᠤ ᠵᠥᠪᠯᠡᠯ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠲᠥᠰᠦᠯ ᠪᠠ ᠬᠡᠯᠡ ᠪᠢᠴᠢᠭ ᠵᠡᠷᠭᠡ 16 ᠬᠢᠴᠢᠶᠡᠯ᠎ᠤᠨ ᠪᠠᠷᠢᠮᠵᠢᠶ᠎ᠠ ᠵᠢ ᠬᠢᠨᠠᠨ ᠶᠠᠷᠢᠯᠴᠠᠵᠤ ᠪᠠᠲᠤᠯᠠᠪᠠ᠃
ᠳᠥᠷᠪᠡ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠭᠤᠤᠯ ᠬᠤᠪᠢᠷᠠᠯᠲᠠ
1 . ᠬᠢᠴᠢᠶᠡᠯ᠎ᠤᠨ ᠲᠥᠰᠦᠯ᠎ᠤᠨ ᠲᠤᠬᠠᠶ
ᠨᠢᠭᠡ᠎ᠳᠤ᠂ ᠬᠥᠮᠦᠵᠢᠭᠦᠯᠬᠦ ᠬᠠᠷᠠᠯᠲᠠ ᠵᠢ ᠲᠡᠭᠦᠯᠳᠡᠷᠵᠢᠭᠦᠯᠪᠡ᠃ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ ᠲᠤᠬᠠᠶ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠢᠨᠵᠢ ᠴᠢᠨᠠᠷ ᠵᠢᠴᠢ ᠬᠢᠴᠢᠶᠡᠯ᠎ᠤᠨ ᠪᠠᠶ᠋ᠢᠷᠢ ᠲᠣᠭᠲᠠᠭ᠋ᠠᠯᠲᠠ᠎ᠲᠠᠢ ᠤᠶᠠᠯᠳᠤᠭᠤᠯᠵᠤ᠂ ᠬᠦᠰᠡᠯᠡᠩ᠎ᠲᠠᠢ᠂ ᠴᠢᠳᠠᠪᠤᠷᠢ᠎ᠲᠠᠢ᠂ ᠡᠭᠦᠷᠭᠡᠯᠡᠯ᠎ᠲᠠᠢ ᠪᠠᠶ᠋ᠢᠬᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠢᠨ᠎ᠡ ᠬᠥᠮᠦᠨ᠎ᠢ ᠬᠥᠮᠦᠵᠢᠭᠦᠯᠬᠦ ᠪᠣᠳᠠᠲᠠᠶ ᠱᠠᠭ᠋ᠠᠷᠳᠠᠯᠭ᠎ᠠ ᠵᠢ ᠲᠣᠳᠤᠷᠠᠭᠤᠯᠪᠠ᠃
ᠬᠣᠶᠠᠷ᠎ᠲᠤ᠂ ᠬᠢᠴᠢᠶᠡᠯ᠎ᠤᠨ ᠪᠠᠶ᠋ᠢᠷᠢᠯᠠᠭᠤᠯᠤᠯᠲᠠ ᠵᠢ ᠰᠢᠯᠢᠳᠡᠭᠵᠢᠭᠦᠯᠪᠡ᠃ ᠪᠠᠭ᠎ᠠ ᠰᠤᠷᠭ᠋ᠠᠭᠤᠯᠢ ᠵᠢᠨ ᠤᠤᠯ᠎ᠤᠨ ᠶᠣᠰᠤ ᠮᠣᠷᠠᠯ ᠬᠢᠭᠡᠳ ᠠᠮᠢᠳᠤᠷᠠᠯ᠂ ᠶᠣᠰᠤ ᠮᠣᠷᠠᠯ ᠬᠢᠭᠡᠳ ᠨᠡᠶ᠋ᠢᠭᠡᠮ ᠪᠠ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠤᠤᠯ᠎ᠤᠨ ᠦᠵᠡᠯ ᠰᠠᠨᠠᠭ᠎ᠠ ᠶᠣᠰᠤ ᠮᠣᠷᠠᠯ᠎ᠢ 《ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ》 ᠪᠣᠯᠭ᠋ᠠᠵᠤ᠂ ᠶᠢᠰᠦᠨ ᠵᠢᠯ᠎ᠢ ᠨᠢᠭᠡ ᠴᠣᠭᠴᠠᠵᠢᠭᠤᠯᠬᠤ ᠵᠢᠷᠤᠭ ᠲᠥᠯᠥᠪᠯᠡᠭᠡ ᠬᠢᠪᠡ; ᠤᠷᠠᠯᠢᠭ᠎ᠤᠨ ᠬᠢᠴᠢᠶᠡᠯ᠎ᠤᠨ ᠪᠠᠶ᠋ᠢᠷᠢᠯᠠᠭᠤᠯᠤᠯᠲᠠ ᠵᠢ ᠥᠭᠡᠷᠡᠴᠢᠯᠡᠵᠦ᠂ ᠨᠢᠭᠡ᠎ᠠᠴᠠ ᠳᠣᠯᠣᠳᠤᠭ᠋ᠠᠷ ᠣᠨ᠎ᠳᠤ ᠳᠠᠭᠤᠤ ᠬᠥᠭᠵᠢᠮ᠂ ᠤᠷᠠᠨ ᠵᠢᠷᠤᠭ ᠵᠶ᠋ᠠᠷ ᠭᠣᠣᠯ ᠰᠢᠵᠢᠮ ᠪᠣᠯᠭ᠋ᠠᠵᠤ᠂ ᠪᠥᠵᠢᠭ᠂ ᠰᠢ ᠵᠦᠴᠦᠭᠡ᠂ ᠺᠢᠨᠣ᠋ ᠲᠧᠯᠸᠢᠰ ᠵᠡᠷᠭᠡ ᠠᠭᠤᠯᠭ᠎ᠠ ᠵᠢ ᠠᠭᠤᠰᠬᠠᠵᠤ᠂ ᠨᠠᠢ᠍ᠮᠠ᠎ᠠᠴᠠ ᠶᠢᠰᠦᠳᠦᠭᠡᠷ ᠣᠨ᠎ᠳᠤ ᠲᠦᠷᠦᠯ ᠬᠤᠪᠢᠶᠠᠨ ᠰᠣᠩᠭᠣᠨ ᠨᠡᠭᠡᠭᠡᠪᠡ; ᠰᠢᠨᠵᠢᠯᠡᠬᠦ ᠤᠬᠠᠭ᠋ᠠᠨ᠂ ᠶᠡᠷᠦᠩᠬᠡᠶ᠋ᠢᠯᠡᠭᠰᠡᠨ ᠦᠢ᠍ᠯᠡᠳᠦᠯᠭᠡ ᠵᠢᠨ ᠠᠵᠢᠯᠯᠠᠭ᠋ᠠᠨ᠎ᠤ ᠡᠬᠢᠯᠡᠯᠲᠡ ᠵᠢᠨ ᠣᠨ᠎ᠢ ᠨᠢᠭᠡᠳᠦᠭᠡᠷ ᠣᠨ ᠪᠣᠯᠭ᠋ᠠᠨ ᠤᠷᠢᠳᠴᠢᠯᠠᠭᠤᠯᠪᠠ; ᠲᠥᠪ ᠬᠣᠷᠢᠶᠠᠨ᠎ᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠬᠥᠳᠡᠯᠮᠦᠷᠢ᠂ ᠮᠡᠳᠡᠭᠡ ᠵᠠᠩᠭᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠢᠴᠢ ᠲᠡᠭᠦᠨ᠎ᠤ ᠡᠵᠡᠯᠡᠵᠦ ᠪᠠᠶ᠋ᠢᠭ᠎ᠠ ᠬᠢᠴᠢᠶᠡᠯ᠎ᠤᠨ ᠴᠠᠭ᠎ᠢ ᠶᠡᠷᠦᠩᠬᠡᠶ᠋ᠢᠯᠡᠭᠰᠡᠨ ᠦᠢ᠍ᠯᠡᠳᠦᠯᠭᠡ ᠵᠢᠨ ᠠᠵᠢᠯᠯᠠᠭ᠋ᠠᠨ᠎ᠤ ᠬᠢᠴᠢᠶᠡᠯ᠎ᠠᠴᠠ ᠲᠤᠰᠠᠭ᠋ᠠᠷ ᠭᠠᠷᠭ᠋ᠠᠪᠠ᠃
ᠭᠤᠷᠪᠠ᠎ᠳᠤ᠂ ᠬᠡᠷᠡᠭᠵᠢᠭᠦᠯᠬᠦ ᠱᠠᠭ᠋ᠠᠷᠳᠠᠯᠭ᠎ᠠ ᠵᠢ ᠨᠠᠷᠢᠯᠢᠬ᠍ᠵᠢᠭᠤᠯᠪᠠ᠃ ᠬᠢᠴᠢᠶᠡᠯ᠎ᠤᠨ ᠪᠠᠷᠢᠮᠵᠢᠶ᠎ᠠ ᠵᠢ ᠨᠠᠶ᠋ᠢᠷᠠᠭᠤᠯᠤᠨ ᠵᠣᠬᠢᠶᠠᠬᠤ ᠪᠠ ᠵᠢᠭ᠋ᠠᠬᠤ ᠮᠠᠲ᠋ᠧᠷᠢᠶᠠᠯ᠎ᠢ ᠨᠠᠶ᠋ᠢᠷᠠᠭᠤᠯᠤᠨ ᠪᠢᠴᠢᠬᠦ ᠦᠨᠳᠦᠰᠦᠨ ᠱᠠᠭ᠋ᠠᠷᠳᠠᠯᠭ᠎ᠠ ᠵᠢ ᠨᠡᠮᠡᠪᠡ; ᠮᠤᠵᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠰᠤᠷᠭ᠋ᠠᠭᠤᠯᠢ ᠵᠢᠨ ᠬᠢᠴᠢᠶᠡᠯ᠎ᠢ ᠬᠡᠷᠡᠭᠵᠢᠭᠦᠯᠬᠦ ᠲᠤᠰᠢᠶᠠᠯ ᠬᠠᠷᠢᠭᠤᠴᠠᠯᠭ᠎ᠠ᠂ ᠲᠦᠷᠢᠮ᠎ᠤᠨ ᠵᠢᠷᠤᠮᠵᠢᠯ ᠵᠢᠴᠢ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢᠨ ᠴᠢᠭᠯᠡᠯ ᠪᠠ ᠦᠨᠡᠯᠡᠯᠲᠡ ᠵᠢᠨ ᠥᠭᠡᠷᠡᠴᠢᠯᠡᠯᠲᠡ ᠵᠢᠨ ᠭᠣᠣᠯᠳᠠᠯᠭ᠎ᠠ ᠵᠢ ᠲᠣᠳᠤᠷᠠᠭᠤᠯᠵᠤ᠂ ᠪᠣᠯᠪᠠᠰᠤᠷᠠᠭᠤᠯᠤᠯ᠂ ᠵᠢᠭ᠋ᠠᠨ ᠰᠤᠷᠭ᠋ᠠᠯᠲᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠪᠣᠳᠠᠲᠠᠢ ᠱᠠᠭ᠋ᠠᠷᠳᠠᠯᠭ᠎ᠠ ᠵᠢ ᠳᠤᠷᠠᠳᠪᠠ; ᠬᠡᠷᠡᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠬᠢᠨᠠᠨ ᠰᠢᠯᠭ᠋ᠠᠬᠤ ᠪᠠ ᠬᠢᠨᠠᠨ ᠵᠢᠯᠣᠭᠣᠳᠬᠤ ᠱᠠᠭ᠋ᠠᠷᠳᠠᠯᠭ᠎ᠠ ᠵᠢ ᠴᠢᠩᠭ᠋ᠠᠷᠠᠭᠤᠯᠪᠠ᠃
2 . ᠬᠢᠴᠢᠶᠡᠯ᠎ᠤᠨ ᠪᠠᠷᠢᠮᠵᠢᠶᠠᠨ᠎ᠤ ᠲᠤᠬᠠᠢ
ᠨᠢᠭᠡ᠎ᠳᠤ᠂ ᠡᠯ᠎ᠡ ᠬᠢᠴᠢᠶᠡᠯ᠎ᠤᠨ ᠪᠠᠷᠢᠮᠵᠢᠶ᠎ᠠ᠎ᠨᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠥᠮᠦᠵᠢᠭᠦᠯᠬᠦ ᠬᠠᠷᠠᠯᠲᠠ᠎ᠳᠤ ᠰᠠᠭᠤᠷᠢᠯᠠᠨ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠲᠣᠰ ᠬᠢᠴᠢᠶᠡᠯ᠎ᠤᠨ ᠬᠦᠴᠦᠯᠡᠨ ᠬᠥᠮᠦᠵᠢᠭᠦᠯᠬᠦ ᠶᠣᠰᠣᠲᠠᠶ ᠰᠤᠷᠤᠭᠴᠢᠳ᠎ᠤᠨ ᠭᠤᠤᠯᠯᠠᠬᠤ ᠬᠡᠪ ᠪᠣᠯᠪᠠᠰᠤᠷᠠᠯ ᠪᠣᠯᠭ᠋ᠠᠨ ᠪᠣᠳᠠᠲᠠᠶ᠋ᠢᠵᠢᠭᠤᠯᠵᠤ᠂ ᠵᠥᠪ ᠥᠷᠲᠡᠭ᠎ᠤᠨ ᠦᠵᠡᠯᠲᠡ᠂ ᠡᠷᠬᠡᠪᠰᠢ ᠪᠦᠷᠢᠯᠳᠦᠭᠦᠯᠬᠦ ᠴᠢᠬᠤᠯᠠᠲᠠᠶ ᠬᠡᠪ ᠰᠤᠷᠲᠠᠯ ᠪᠠ ᠵᠠᠩᠭᠢᠯᠠᠭ᠎ᠠ ᠵᠢᠨ ᠴᠢᠳᠠᠪᠤᠷᠢ ᠵᠢ ᠬᠥᠮᠦᠵᠢᠭᠦᠯᠬᠦ ᠱᠠᠭ᠋ᠠᠷᠳᠠᠯᠭ᠎ᠠ ᠵᠢ ᠢᠯᠡᠷᠡᠭᠦᠯᠪᠡ᠃ ᠵᠢᠱ᠌ᠢᠶᠡᠯᠡᠪᠡᠯ᠂ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ ᠭᠡᠬᠦ ᠬᠢᠴᠢᠶᠡᠯ᠎ᠳᠤ ᠤᠯᠤᠰ ᠲᠦᠷᠦ ᠵᠢᠨ ᠬᠠᠮᠲᠤ ᠵᠢᠨ ᠲᠠᠨᠢᠯᠲᠠ᠂ ᠶᠣᠰᠣ ᠰᠤᠷᠲᠠᠬᠤᠨ᠎ᠤ ᠪᠣᠯᠪᠠᠰᠤᠷᠠᠯ᠂ ᠬᠠᠤᠯᠢ᠎ᠪᠠᠷ ᠵᠠᠰᠠᠬᠤ ᠦᠵᠡᠯᠲᠡ᠂ ᠪᠦᠷᠢᠨ ᠲᠡᠭᠦᠯᠳᠡᠷ ᠬᠥᠮᠦᠨ ᠮᠥᠰᠦ᠂ ᠬᠠᠷᠢᠭᠤᠴᠠᠯᠭ᠎ᠠ ᠵᠢᠨ ᠤᠬᠠᠮᠰᠠᠷ ᠵᠡᠷᠭᠡ ᠵᠢ ᠬᠥᠮᠦᠵᠢᠭᠦᠯᠬᠦ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃
ᠬᠣᠶᠠᠷ᠎ᠲᠤ᠂ ᠬᠢᠴᠢᠶᠡᠯ᠎ᠤᠨ ᠠᠭᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠪᠡ᠃ ᠭᠤᠤᠯᠯᠠᠬᠤ ᠬᠡᠪ ᠪᠣᠯᠪᠠᠰᠤᠷᠠᠯ᠎ᠤᠨ ᠱᠠᠭ᠋ᠠᠷᠳᠠᠯᠭ᠎ᠠ᠎ᠳᠤ ᠰᠠᠭᠤᠷᠢᠯᠠᠨ᠂ ᠴᠢᠬᠤᠯᠠ ᠦᠵᠡᠯᠲᠡ᠂ ᠭᠤᠤᠯ ᠰᠡᠳᠦᠪᠲᠦ ᠠᠭᠤᠯᠭ᠎ᠠ ᠪᠠ ᠰᠠᠭᠤᠷᠢ ᠮᠡᠳᠡᠯᠭᠡ ᠤᠷ᠎ᠠ ᠴᠢᠳᠠᠪᠤᠷᠢ ᠵᠢ ᠰᠢᠯᠢᠨ ᠰᠣᠩᠭᠣᠵᠤ᠂ ᠬᠢᠴᠢᠶᠡᠯ᠎ᠤᠨ ᠠᠭᠤᠯᠭ᠎ᠠ ᠵᠢ ᠨᠠᠷᠢᠨ ᠰᠣᠩᠭᠣᠬᠤ ᠪᠠ ᠲᠥᠯᠦᠪᠵᠢᠭᠦᠯᠵᠦ᠂ ᠵᠣᠬᠢᠶᠠᠨ ᠪᠠᠢ᠌ᠭᠤᠯᠬᠤ ᠬᠡᠯᠪᠡᠷᠢ ᠵᠢ ᠰᠢᠯᠢᠳᠡᠭᠵᠢᠭᠦᠯᠪᠡ᠃ ᠠᠳᠠᠯᠢ ᠨᠢᠭᠡᠨ ᠠᠭᠤᠯᠭ᠎ᠠ᠎ᠳᠤ ᠬᠣᠯᠪᠣᠭᠳᠠᠬᠤ ᠠᠳᠠᠯᠢ ᠪᠤᠰᠤ ᠬᠢᠴᠢᠶᠡᠯ ᠲᠥᠷᠦᠯ᠎ᠤᠨ ᠬᠣᠭᠣᠷᠣᠨᠳᠣ ᠲᠤᠰ ᠲᠤᠰ᠎ᠤᠨ ᠰᠢᠨᠵᠢ ᠴᠢᠨᠠᠷ ᠪᠣᠯᠤᠨ ᠬᠥᠮᠦᠨ᠎ᠢ ᠬᠥᠮᠦᠵᠢᠭᠦᠯᠬᠦ ᠥᠷᠳᠡᠭ᠎ᠢ ᠦᠨᠳᠦᠰᠦᠯᠡᠨ᠂ ᠪᠦᠬᠦᠯᠢ ᠴᠣᠭᠴᠠ᠎ᠪᠠᠷ ᠲᠥᠯᠦᠪᠵᠢᠭᠦᠯᠬᠦ ᠪᠠ ᠠᠵᠢᠯ᠎ᠤᠨ ᠬᠤᠪᠢᠶᠠᠷᠢᠯᠠᠯ ᠵᠶ᠋ᠠᠷ ᠵᠣᠬᠢᠴᠠᠭᠤᠯᠬᠤ ᠵᠢ ᠰᠠᠶ᠋ᠢᠲᠤᠷ ᠬᠢᠪᠡ᠃ ᠬᠢᠴᠢᠶᠡᠯ ᠲᠥᠷᠥᠯ ᠠᠯᠤᠰᠯᠠᠭᠰᠠᠨ ᠭᠤᠤᠯ ᠰᠡᠳᠦᠪᠲᠦ ᠰᠤᠷᠤᠯᠴᠠᠯᠭ᠎ᠠ ᠵᠢᠨ ᠠᠵᠢᠯᠯᠠᠭ᠎ᠠ ᠵᠢ ᠲᠣᠬᠢᠷᠠᠭᠤᠯᠵᠤ᠂ ᠬᠢᠴᠢᠶᠡᠯ ᠲᠥᠷᠥᠯ ᠬᠣᠭᠣᠷᠣᠨᠳᠣ᠎ᠪᠠᠨ ᠬᠣᠯᠪᠣᠯᠳᠤᠬᠤ ᠵᠢ ᠴᠢᠩᠭ᠋ᠠᠳᠬᠠᠵᠤ᠂ ᠬᠢᠴᠢᠶᠡᠯ᠎ᠢ ᠶᠡᠷᠦᠩᠬᠡᠶ᠋ᠢᠯᠡᠨ ᠬᠡᠷᠡᠭᠵᠢᠭᠦᠯᠬᠦ ᠵᠢ ᠳᠠᠶ᠋ᠢᠴᠢᠯᠠᠵᠤ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠴᠢᠩᠭ᠋ᠠᠷᠠᠭᠤᠯᠪᠠ᠃
ᠭᠤᠷᠪᠠ᠎ᠳᠤ᠂ ᠰᠤᠷᠤᠯᠭ᠎ᠠ ᠵᠢᠨ ᠴᠢᠨᠠᠷ ᠴᠢᠨᠰᠠᠭ᠎ᠠ ᠵᠢᠨ ᠪᠠᠷᠢᠮᠵᠢᠶ᠎ᠠ ᠵᠢ ᠰᠤᠳᠤᠯᠤᠨ ᠲᠣᠭᠲᠠᠭ᠋ᠠᠪᠠ᠃ ᠭᠣᠣᠯᠯᠠᠬᠤ ᠬᠡᠪ ᠪᠣᠯᠪᠠᠰᠤᠷᠠᠯ᠎ᠤᠨ ᠬᠥᠭᠵᠢᠯᠲᠡ ᠵᠢᠨ ᠬᠢᠷᠢ ᠲᠦᠪᠰᠢᠨ᠎ᠢ ᠦᠨᠳᠦᠰᠦᠯᠡᠨ᠂ ᠬᠢᠴᠢᠶᠡᠯ᠎ᠤᠨ ᠠᠭᠤᠯᠭ᠎ᠠ᠎ᠲᠠᠢ ᠤᠶᠠᠯᠳᠤᠭᠤᠯᠵᠤ᠂ ᠠᠳᠠᠯᠢ ᠪᠤᠰᠤ ᠱᠠᠲᠤᠨ᠎ᠤ ᠰᠤᠷᠤᠭᠴᠢᠳ᠎ᠤᠨ ᠰᠤᠷᠤᠯᠭ᠎ᠠ ᠵᠢᠨ ᠬᠢᠷᠢ ᠪᠦᠲᠦᠮᠵᠢ ᠵᠢᠨ ᠪᠣᠳᠠᠲᠠᠶ ᠢᠯᠡᠷᠡᠯ᠎ᠢ ᠪᠦᠬᠦᠯᠢ ᠴᠣᠭᠴᠠ᠎ᠪᠠᠷ ᠲᠥᠯᠦᠪᠵᠢᠭᠦᠯᠵᠦ᠂ ᠰᠤᠷᠤᠯᠭ᠎ᠠ ᠵᠢᠨ ᠴᠢᠨᠠᠷ ᠴᠢᠨᠰᠠᠭ᠎ᠠ ᠵᠢᠨ ᠪᠠᠷᠢᠮᠵᠢᠶ᠎ᠠ ᠵᠢ ᠪᠦᠷᠢᠯᠳᠦᠭᠦᠯᠵᠦ᠂ ᠪᠠᠭᠰᠢ ᠨᠠᠷ᠎ᠢ ᠬᠥᠲᠥᠯᠥᠨ ᠵᠢᠯᠣᠭᠣᠳᠬᠤ ᠪᠠ ᠬᠠᠪᠰᠤᠷᠴᠤ ᠵᠢᠭ᠋ᠠᠨ ᠰᠤᠷᠭ᠋ᠠᠬᠤ ᠭᠦᠨᠴᠡ ᠬᠢᠭᠡᠳ ᠥᠷᠭᠡᠴᠡ ᠵᠢ ᠡᠵᠡᠮᠰᠢᠭᠦᠯᠵᠦ᠂ ᠵᠢᠭ᠋ᠠᠬᠤ ᠮᠠᠲ᠋ᠧᠷᠢᠶᠠᠯ᠎ᠢ ᠨᠠᠶ᠋ᠢᠷᠠᠭᠤᠯᠤᠨ ᠪᠢᠴᠢᠬᠦ᠂ ᠵᠢᠭ᠋ᠠᠨ ᠰᠤᠷᠭ᠋ᠠᠯᠲᠠ ᠵᠢ ᠬᠡᠷᠡᠭᠵᠢᠭᠦᠯᠬᠦ᠂ ᠰᠢᠯᠭ᠋ᠠᠵᠤ ᠦᠨᠡᠯᠡᠬᠦ ᠵᠡᠷᠭᠡ᠎ᠳᠤ ᠦᠨᠳᠦᠰᠦᠯᠡᠯ ᠬᠠᠩᠭ᠋ᠠᠪᠠ᠃
ᠳᠥᠷᠪᠡ᠎ᠳᠤ᠂ ᠵᠢᠯᠣᠭᠣᠳᠬᠤ ᠴᠢᠨᠠᠷ᠎ᠢ ᠴᠢᠩᠭ᠋ᠠᠳᠬᠠᠪᠠ᠃ ᠡᠯ᠎ᠡ ᠬᠢᠴᠢᠶᠡᠯ᠎ᠤᠨ ᠪᠠᠷᠢᠮᠵᠢᠶ᠎ᠠ᠎ᠨᠢ 《ᠠᠭᠤᠯᠭ᠎ᠠ ᠵᠢᠨ ᠱᠠᠭ᠋ᠠᠷᠳᠠᠯᠭ᠎ᠠ》᠎ᠳᠤ ᠴᠢᠭᠯᠡᠭᠦᠯᠦᠨ 《ᠰᠤᠷᠤᠯᠴᠠᠬᠤ ᠱᠠᠭ᠋ᠠᠷᠳᠠᠯᠭ᠎ᠠ》᠂ 《ᠵᠢᠭ᠋ᠠᠬᠤ ᠰᠠᠨᠠᠭᠤᠯᠤᠮᠵᠢ》 ᠵᠢ ᠳᠤᠷᠠᠳᠴᠤ᠂ ᠦᠨᠡᠯᠡᠬᠦ ᠪᠠ ᠰᠢᠯᠭ᠋ᠠᠯᠲᠠ ᠵᠢᠨ ᠰᠡᠳᠦᠪ ᠭᠠᠷᠭ᠋ᠠᠬᠤ ᠰᠠᠨᠠᠭᠤᠯᠭ᠎ᠠ ᠵᠢ ᠨᠠᠷᠢᠯᠢᠭᠵᠢᠭᠤᠯᠵᠤ᠂ ᠵᠢᠭ᠋ᠠᠬᠤ᠂ ᠰᠤᠷᠬᠤ᠂ ᠰᠢᠯᠭ᠋ᠠᠬᠤ ᠵᠢᠨ ᠨᠢᠭᠡᠳᠦᠯᠲᠦ ᠴᠢᠨᠠᠷ᠎ᠢ ᠴᠢᠬᠤᠯᠠᠴᠢᠯᠠᠨ ᠪᠡᠶᠡᠯᠡᠭᠦᠯᠵᠦ᠂ ᠵᠢᠭ᠋ᠠᠨ ᠰᠤᠷᠭ᠋ᠠᠯᠲᠠ᠂ ᠦᠨᠡᠯᠡᠯᠲᠡ ᠵᠢᠨ ᠬᠡᠷᠡᠭ᠎ᠤᠨ ᠵᠢᠱ᠌ᠢᠶ᠎ᠡ ᠵᠢ ᠨᠡᠮᠡᠭᠳᠡᠭᠦᠯᠵᠦ᠂ 《ᠶᠠᠭᠤᠨ᠎ᠳᠤ ᠵᠢᠭ᠋ᠠᠬᠤ》᠂ 《ᠶᠠᠭᠤ ᠵᠢ ᠵᠢᠭ᠋ᠠᠬᠤ》᠂ 《ᠶᠠᠮᠠᠷ ᠬᠡᠮᠵᠢᠶᠡᠨ᠎ᠳᠤ ᠬᠦᠷᠲᠡᠯ᠎ᠡ ᠵᠢᠭ᠋ᠠᠬᠤ》 ᠵᠢ ᠲᠣᠳᠣᠷᠬᠠᠶ᠋ᠢᠯᠠᠭᠰᠠᠨ ᠵᠶ᠋ᠠᠷ ᠪᠠᠷᠠᠬᠤ ᠥᠬᠡᠶ᠂ 《ᠶᠠᠭ᠋ᠠᠬᠢᠵᠤ ᠵᠢᠭ᠋ᠠᠬᠤ》 ᠪᠣᠳᠠᠲᠠᠶ ᠵᠢᠯᠣᠭᠣᠳᠣᠯᠭ᠎ᠠ ᠵᠢ ᠴᠢᠩᠭ᠋ᠠᠳᠬᠠᠵᠤ᠂ ᠬᠡᠷᠡᠭᠯᠡᠬᠦ᠎ᠳᠤ ᠰᠠᠶ᠋ᠢᠨ᠂ ᠲᠤᠰᠠᠲᠠᠶ ᠪᠠᠶ᠋ᠢᠬᠤ ᠵᠢ ᠪᠡᠶᠡᠯᠡᠭᠦᠯᠪᠡ᠃
ᠲᠠᠪᠤ᠎ᠳᠤ᠂ ᠰᠤᠷᠤᠯᠭ᠎ᠠ ᠵᠢᠨ ᠱᠠᠲᠤ ᠵᠢ ᠵᠣᠯᠭ᠋ᠠᠭᠤᠯᠬᠤ ᠵᠢ ᠴᠢᠩᠭ᠋ᠠᠳᠬᠠᠪᠠ᠃ 《ᠬᠡᠦᠬᠡᠳ᠎ᠤᠨ ᠴᠡᠴᠡᠷᠯᠢᠭ ᠪᠣᠯᠤᠨ ᠪᠠᠭ᠎ᠠ ᠰᠤᠷᠭ᠋ᠠᠭᠤᠯᠢ ᠵᠢ ᠵᠣᠯᠭ᠋ᠠᠭᠤᠯᠬᠤ》 ᠵᠢ ᠴᠢᠬᠤᠯᠠᠴᠢᠯᠠᠵᠤ᠂ ᠰᠤᠷᠤᠭᠴᠢᠳ᠎ᠤᠨ ᠡᠷᠡᠭᠦᠯ ᠴᠢᠭᠢᠷᠠᠭ᠂ ᠦᠭᠡ ᠬᠡᠯᠡ᠂ ᠨᠡᠶ᠋ᠢᠭᠡᠮ᠂ ᠰᠢᠨᠵᠢᠯᠡᠬᠦ ᠤᠬᠠᠭ᠋ᠠᠨ᠂ ᠤᠷᠠᠯᠢᠭ᠎ᠤᠨ ᠬᠦᠷᠢᠶᠡᠨ᠎ᠳᠠᠬᠢ ᠬᠥᠭᠵᠢᠯᠲᠡ ᠵᠢᠨ ᠬᠢᠷᠢ ᠬᠡᠮᠵᠢᠶ᠎ᠡ ᠵᠢ ᠦᠨᠡᠯᠡᠨ ᠮᠠᠭ᠋ᠠᠳᠯᠠᠬᠤ᠎ᠳᠤ ᠦᠨᠳᠦᠰᠦᠯᠡᠵᠦ᠂ ᠪᠠᠭ᠎ᠠ ᠰᠤᠷᠭ᠋ᠠᠭᠤᠯᠢ ᠵᠢᠨ 1 - 2 ᠳ᠋ᠤᠭ᠋ᠠᠷ ᠣᠨ᠎ᠤ ᠬᠢᠴᠢᠶᠡᠯ᠎ᠢ ᠵᠣᠬᠢᠰᠲᠠᠶ ᠵᠢᠷᠤᠭᠯᠠᠨ ᠲᠥᠯᠥᠪᠯᠡᠵᠦ᠂ ᠬᠥᠳᠡᠯᠭᠡᠭᠡᠨᠵᠢᠭᠰᠡᠨ᠂ ᠲᠣᠭᠯᠠᠭ᠋ᠠᠮᠴᠢᠯᠠᠭᠰᠠᠨ᠂ ᠠᠮᠢᠳᠤᠷᠠᠯᠴᠢᠯᠠᠭᠰᠠᠨ ᠰᠤᠷᠤᠯᠴᠠᠯᠭ᠎ᠠ ᠵᠢᠨ ᠵᠢᠷᠤᠭ ᠲᠥᠯᠥᠪᠯᠡᠭᠡ ᠵᠢ ᠴᠢᠬᠤᠯᠠᠴᠢᠯᠠᠪᠠ᠃ ᠪᠠᠭ᠎ᠠ ᠰᠤᠷᠭ᠋ᠠᠭᠤᠯᠢ᠎ᠠᠴᠠ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠬᠦᠷᠲᠡᠯᠡᠬᠢ ᠰᠤᠷᠤᠭᠴᠢᠳ᠎ᠤᠨ ᠲᠠᠨᠢᠨ ᠮᠡᠳᠡᠬᠦᠶ᠂ ᠰᠡᠳᠬᠢᠯᠭᠡ᠂ ᠨᠡᠶ᠋ᠢᠭᠡᠮᠴᠢ ᠴᠢᠨᠠᠷ ᠵᠡᠷᠭᠡ ᠲᠠᠯ᠎ᠠ ᠵᠢᠨ ᠬᠥᠭᠵᠢᠯᠲᠡ ᠬᠤᠪᠢᠷᠠᠯᠲᠠ ᠵᠢ ᠠᠩᠬᠠᠷᠴᠤ᠂ ᠬᠢᠴᠢᠶᠡᠯ᠎ᠤᠨ ᠭᠦᠨᠴᠡ᠂ ᠥᠷᠭᠡᠴᠡ ᠵᠢᠨ ᠬᠤᠪᠢᠷᠠᠯᠲᠠ ᠵᠢ ᠡᠵᠡᠮᠳᠡᠵᠦ᠂ ᠰᠤᠷᠤᠯᠴᠠᠬᠤ ᠬᠠᠷᠠᠯᠲᠠ ᠵᠢᠨ ᠦᠷᠭᠦᠯᠵᠢᠯᠡᠯ ᠴᠢᠨᠠᠷ ᠪᠠ ᠱᠠᠲᠤᠯᠢᠭ ᠴᠢᠨᠠᠷ᠎ᠢ ᠢᠯᠡᠷᠡᠭᠦᠯᠪᠡ᠃ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠤᠭᠴᠢᠳ᠎ᠤᠨ ᠣᠨᠴᠠᠯᠢᠭ ᠪᠣᠯᠤᠨ ᠬᠢᠴᠢᠶᠡᠯ ᠲᠥᠷᠥᠯ᠎ᠤᠨ ᠣᠨᠴᠠᠯᠢᠭ᠎ᠢ ᠣᠶ᠋ᠢᠯᠠᠭ᠋ᠠᠵᠤ᠂ ᠰᠤᠷᠤᠭᠴᠢᠳ᠎ᠤᠨ ᠤᠯᠠᠮ ᠨᠢᠭᠡ ᠠᠯᠬᠤᠮ ᠰᠤᠷᠤᠯᠴᠠᠬᠤ᠎ᠳᠤ ᠰᠠᠶ᠋ᠢᠲᠤᠷ ᠪᠡᠯᠡᠳᠬᠡᠯ ᠬᠢᠪᠡ᠃
ᠲᠠᠪᠤ᠂ ᠨᠡᠶ᠋ᠢᠲᠡᠯᠡᠭᠰᠡᠨ᠎ᠤ ᠳᠠᠷᠠᠭ᠋ᠠᠬᠢ ᠠᠵᠢᠯ᠎ᠤᠨ ᠭᠣᠣᠯ ᠪᠠᠶ᠋ᠢᠷᠢᠯᠠᠭᠤᠯᠤᠯᠲᠠ
ᠨᠢᠭᠡ᠎ᠳᠤ᠂ ᠤᠯᠤᠰ᠎ᠤᠨ ᠲᠠᠰ᠎ᠤᠨ ᠳᠠᠭᠤᠷᠢᠶᠠᠯ ᠦᠵᠡᠭᠦᠯᠬᠦ ᠪᠣᠯᠪᠠᠰᠤᠷᠠᠭᠤᠯᠤᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠣᠯᠪᠠᠰᠤᠷᠠᠭᠤᠯᠤᠯ᠎ᠤᠨ ᠡᠬᠢ ᠪᠠᠶᠠᠯᠢᠭ᠎ᠢ ᠬᠠᠩᠭ᠋ᠠᠵᠤ᠂ ᠥᠷᠭᠡᠨ ᠣᠯᠠᠨ ᠪᠠᠭᠰᠢ ᠵᠢ ᠬᠠᠪᠰᠤᠷᠤᠨ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠰᠢᠨ᠎ᠡ ᠣᠨᠣᠯᠵᠢᠬᠤᠨ᠂ ᠰᠢᠨ᠎ᠡ ᠱᠠᠭ᠋ᠠᠷᠳᠠᠯᠭ᠎ᠠ ᠵᠢ ᠨᠠᠷᠢᠯᠢᠭ ᠣᠨᠣᠴᠠᠲᠠᠢ ᠣᠶ᠋ᠢᠯᠠᠭ᠋ᠠᠭᠤᠯᠤᠨ ᠡᠵᠡᠮᠰᠢᠭᠦᠯᠦᠨ᠎ᠡ᠃
ᠬᠣᠶᠠᠷ᠎ᠲᠤ᠂ ᠬᠢᠴᠢᠶᠡᠯ᠎ᠢ ᠪᠣᠳᠠᠲᠠᠶ᠋ᠢᠵᠢᠭᠤᠯᠤᠨ ᠬᠡᠷᠡᠭᠵᠢᠭᠦᠯᠬᠦ ᠲᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠪᠠ᠃ ᠮᠤᠵᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠢ ᠵᠢᠯᠣᠭᠣᠳᠴᠤ ᠬᠢᠴᠢᠶᠡᠯ᠎ᠢ ᠬᠡᠷᠡᠭᠵᠢᠭᠦᠯᠬᠦ ᠠᠷᠭ᠎ᠠ ᠵᠢ ᠳᠣᠭᠲᠠᠭ᠋ᠠᠪᠠ᠃ ᠡᠯ᠎ᠡ ᠮᠤᠵᠢ ᠵᠢᠨ᠎ᠬᠢᠨ ᠰᠤᠷᠭ᠋ᠠᠭᠤᠯᠢ᠎ᠳᠤ ᠬᠢᠴᠢᠶᠡᠯ᠎ᠤᠨ ᠲᠥᠯᠦᠪᠵᠢᠭᠦᠯᠭᠡ ᠵᠢ ᠬᠡᠷᠡᠭᠵᠢᠭᠦᠯᠬᠦ ᠠᠵᠢᠯ᠎ᠤᠨ ᠱᠠᠭ᠋ᠠᠷᠳᠠᠯᠭ᠎ᠠ ᠳᠤᠷᠠᠳᠪᠠ᠃
ᠭᠤᠷᠪᠠ᠎ᠳᠤ᠂ ᠬᠣᠯᠪᠤᠭᠳᠠᠬᠤ ᠵᠢᠭ᠋ᠠᠬᠤ ᠮᠠᠲ᠋ᠧᠷᠢᠶᠠᠯ᠎ᠳᠤ ᠵᠠᠰᠠᠪᠤᠷᠢ ᠣᠷᠣᠭᠤᠯᠬᠤ ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠵᠦ᠂ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ᠎ᠳᠤ ᠪᠦᠲᠦᠮᠵᠢᠲᠡᠶ ᠳᠡᠮᠵᠢᠯᠭᠡ ᠬᠠᠩᠭ᠋ᠠᠨ᠎ᠠ᠃
ᠳᠥᠷᠪᠡ᠎ᠳᠤ᠂ ᠬᠢᠴᠢᠶᠡᠯ᠎ᠢ ᠬᠡᠷᠡᠭᠵᠢᠭᠦᠯᠬᠦ ᠭᠣᠣᠯᠳᠠᠯᠭ᠋ᠠᠲᠠᠢ ᠬᠦᠴᠢᠷ ᠠᠰᠠᠭᠤᠳᠠᠯ᠎ᠤᠨ ᠲᠣᠭᠣᠷᠢᠨ᠎ᠳᠤ ᠨᠢᠭᠡ ᠪᠦᠯᠦᠭ ᠬᠢᠴᠢᠶᠡᠯ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ᠎ᠢ ᠪᠠᠶ᠋ᠢᠭᠤᠯᠵᠤ᠂ ᠰᠢᠨ᠎ᠡ ᠵᠢ ᠡᠭᠦᠳᠬᠦ ᠦᠢ᠍ᠯᠡᠳᠦᠯᠭᠡ ᠵᠢ ᠠᠬᠢᠭᠤᠯᠤᠨ᠎ᠠ᠃

ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ
ᠲᠥᠰᠦᠯ ᠪᠠ ᠬᠢᠴᠢᠶᠡᠯ᠎ᠤᠨ ᠪᠠᠷᠢᠮᠵᠢᠶ᠎ᠠ ᠵᠢ ᠬᠢᠨᠠᠨ ᠵᠥᠪᠯᠡᠵᠦ ᠬᠢᠨᠠᠨ ᠪᠠᠢ᠌ᠴᠠᠭ᠋ᠠᠭᠰᠠᠨ ᠪᠠᠶ᠋ᠢᠳᠠᠯ ᠶᠠᠮᠠᠷ
ᠵᠡᠷᠭᠡ ᠪᠣᠶ?
— ᠭᠠᠵᠠᠷ᠎ᠤᠨ ᠳᠠᠷᠤᠭ᠎ᠠ ᠵᠠᠩ ᠭᠦᠸᠧ ᠬᠤᠸᠠ ᠵᠢᠨ ᠲᠠᠨᠢᠯᠴᠠᠭᠤᠯᠭ᠎ᠠ ᠵᠢ ᠬᠠᠮᠲᠤ᠎ᠳᠤ᠎ᠪᠠᠨ
ᠰᠣᠨᠣᠰᠴᠠᠭ᠋ᠠᠶ᠎ᠠ
ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠳᠤ ᠵᠠᠰᠠᠪᠤᠷᠢ ᠣᠷᠣᠭᠤᠯᠬᠤ ᠴᠢᠨᠠᠷ ᠴᠢᠨᠰᠠᠭ᠎ᠠ ᠪᠠ ᠬᠢᠷᠢ ᠲᠦᠪᠰᠢᠨ᠎ᠢ ᠦᠨᠡᠨ ᠬᠦ᠌ ᠪᠠᠲᠤᠯᠠᠵᠤ᠂ ᠬᠢᠴᠢᠶᠡᠯ ᠵᠶ᠋ᠠᠷ ᠬᠥᠮᠦᠨ᠎ᠢ ᠬᠥᠮᠦᠵᠢᠭᠦᠯᠬᠦ ᠦᠨ᠎ᠡ ᠥᠷᠲᠡᠭ᠎ᠢ ᠳᠡᠭᠡᠭᠰᠢᠯᠡᠭᠦᠯᠬᠦ ᠵᠢᠨ ᠲᠥᠯᠥᠭᠡ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠳᠤ ᠵᠠᠰᠠᠪᠤᠷᠢ ᠣᠷᠣᠭᠤᠯᠬᠤ ᠠᠵᠢᠯ᠎ᠤᠨ ᠲᠣᠬᠢᠷᠠᠭᠤᠯᠤᠯᠲᠠ ᠵᠢ ᠦᠨᠳᠦᠰᠦᠯᠡᠨ᠂ ᠤᠯᠤᠰ᠎ᠤᠨ ᠵᠢᠭ᠋ᠠᠬᠤ ᠮᠠᠲ᠋ᠧᠷᠢᠶᠠᠯ᠎ᠤᠨ ᠵᠥᠪᠯᠡᠯ ᠵᠢᠴᠢ ᠲᠡᠭᠦᠨ᠎ᠤ ᠲᠤᠰᠬᠠᠶ ᠮᠡᠷᠭᠡᠵᠢᠯᠲᠡᠨ᠎ᠤ ᠵᠥᠪᠯᠡᠯ᠎ᠠᠴᠠ 2021 ᠣᠨ᠎ᠤ 4 -12 ᠰᠠᠷ᠎ᠠ ᠪᠣᠯᠲᠠᠯ᠎ᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠲᠥᠰᠦᠯ ᠪᠠ ᠬᠡᠯᠡ ᠪᠢᠴᠢᠭ ᠵᠡᠷᠭᠡ 16 ᠬᠢᠴᠢᠶᠡᠯ᠎ᠤᠨ ᠪᠠᠷᠢᠮᠵᠢᠶ᠎ᠠ ᠵᠢ ᠬᠢᠨᠠᠨ ᠵᠦᠪᠯᠡᠵᠦ ᠬᠢᠨᠠᠨ ᠪᠠᠢ᠌ᠴᠠᠭ᠋ᠠᠬᠤ ᠰᠢᠷᠢᠰ ᠠᠵᠢᠯ᠎ᠢ ᠥᠷᠨᠢᠭᠦᠯᠵᠦ᠂ ᠪᠣᠭᠣᠮᠲᠠ ᠵᠢ ᠴᠢᠩᠭ᠎ᠠ ᠠᠳᠬᠤᠪᠠ᠃ ᠣᠲᠣ ᠬᠣᠯᠪᠤᠭᠳᠠᠬᠤ ᠪᠠᠶ᠋ᠢᠳᠠᠯ᠎ᠢ ᠮᠡᠳᠡᠭᠳᠡᠶ᠎ᠡ᠃
ᠨᠢᠭᠡ᠂ ᠬᠢᠨᠠᠨ ᠵᠥᠪᠯᠡᠵᠦ ᠬᠢᠨᠠᠨ ᠪᠠᠢ᠌ᠴᠠᠭ᠋ᠠᠬᠤ ᠵᠠᠷᠴᠢᠮ
ᠨᠢᠭᠡ᠎ᠳᠤ᠂ ᠦᠵᠡᠯ ᠰᠠᠨᠠᠭ᠎ᠠ ᠤᠯᠤᠰ ᠲᠥᠷᠥ ᠵᠢᠨ ᠪᠣᠭᠣᠮᠲᠠ ᠵᠢ ᠴᠢᠩᠭ᠎ᠠ ᠠᠳᠬᠤᠪᠠ᠃ ᠬᠢᠴᠢᠶᠡᠯ᠎ᠤᠨ ᠲᠥᠰᠦᠯ ᠪᠠ ᠬᠢᠴᠢᠶᠡᠯ᠎ᠤᠨ ᠪᠠᠷᠢᠮᠵᠢᠶ᠎ᠠ᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠬᠤ ᠵᠢ ᠬᠢᠨᠠᠨ ᠪᠠᠢ᠌ᠴᠠᠭ᠋ᠠᠬᠤ ᠵᠢ ᠴᠢᠩᠭ᠋ᠠᠳᠬᠠᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ᠂ ᠬᠤᠪᠢᠰᠬᠠᠯᠲᠤ ᠰᠣᠶᠣᠯ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠵᠢᠴᠢ ᠬᠠᠤᠯᠢ᠎ᠪᠠᠷ ᠵᠠᠰᠠᠬᠤ᠂ ᠤᠯᠤᠰ᠎ᠤᠨ ᠠᠮᠤᠷ ᠲᠦᠪᠰᠢᠨ᠂ ᠠᠮᠢ ᠨᠠᠰᠤᠨ᠎ᠤ ᠠᠮᠤᠷ ᠲᠦᠪᠰᠢᠨ ᠪᠠ ᠡᠷᠡᠭᠦᠯ ᠮᠡᠨᠳᠦ ᠵᠡᠷᠭᠡ ᠬᠥᠮᠦᠵᠢᠯ᠎ᠤᠨ ᠱᠠᠭ᠋ᠠᠷᠳᠠᠯᠭ᠎ᠠ᠎ᠲᠠᠢ ᠣᠷᠭ᠋ᠠᠨᠢᠭ ᠵᠶ᠋ᠠᠷ ᠠᠭᠤᠰᠬᠠᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠢ ᠪᠠᠲᠤᠯᠠᠬᠤ ᠵᠢ ᠴᠢᠬᠤᠯᠠᠴᠢᠯᠠᠪᠠ᠃
ᠬᠣᠶᠠᠷ᠎ᠲᠤ᠂ ᠰᠣᠷᠣᠭᠴᠢ᠎ᠪᠠᠷ ᠦᠨᠳᠦᠰᠦ ᠪᠣᠯᠭ᠋ᠠᠬᠤ ᠣᠨᠣᠯᠵᠢᠬᠤᠨ᠎ᠢ ᠨᠠᠢ᠌ᠳᠠᠪᠤᠷᠢᠵᠢᠭᠤᠯᠪᠠ᠃ ᠬᠢᠴᠢᠶᠡᠯ᠎ᠳᠤ ᠵᠠᠰᠠᠪᠤᠷᠢ ᠣᠷᠣᠭᠤᠯᠬᠤ᠎ᠳᠤ ᠢᠯᠡᠷᠡᠭᠦᠯᠦᠭᠰᠡᠨ ᠥᠭᠡᠷᠡᠴᠢᠯᠡᠯᠲᠡ ᠵᠢᠨ ᠴᠢᠭᠯᠡᠯ᠎ᠢ ᠪᠥᠬᠥ ᠲᠠᠯ᠎ᠠ᠎ᠪᠠᠷ ᠪᠠᠶ᠋ᠢᠴᠠᠭ᠋ᠠᠨ ᠦᠵᠡᠵᠦ᠂ ᠪᠥᠬᠥ ᠲᠠᠯ᠎ᠠ᠎ᠪᠠᠷ ᠬᠥᠮᠦᠨ᠎ᠢ ᠬᠥᠮᠦᠵᠢᠭᠦᠯᠬᠦ᠂ ᠪᠥᠬᠥ ᠲᠠᠯ᠎ᠠ᠎ᠳᠤ ᠬᠠᠨᠳᠤᠭᠤᠯᠬᠤ᠂ ᠬᠡᠪ ᠪᠣᠯᠪᠠᠰᠤᠷᠠᠯ ᠵᠶ᠋ᠠᠷ ᠤᠳᠤᠷᠢᠳᠤᠮᠵᠢ ᠪᠣᠯᠭ᠋ᠠᠬᠤ᠂ ᠶᠡᠷᠦᠩᠬᠡᠶ᠋ᠢᠯᠡᠭᠰᠡᠨ ᠴᠢᠨᠠᠷ᠎ᠢ ᠴᠢᠩᠭ᠋ᠠᠳᠬᠠᠬᠤ᠂ ᠦᠢ᠍ᠯᠡᠳᠦᠯᠭᠡ ᠵᠢ ᠳᠣᠪᠣᠶ᠋ᠢᠯᠭ᠋ᠠᠬᠤ᠂ ᠳᠠᠷᠤᠭ᠋ᠠᠰᠤ ᠵᠢ ᠬᠥᠩᠭᠡᠷᠡᠭᠦᠯᠵᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠵᠡᠷᠭᠡ ᠦᠨᠳᠦᠰᠦᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠰᠤᠷᠤᠭᠴᠢᠳ᠎ᠤᠨ ᠰᠤᠷᠤᠯᠴᠠᠯᠭ᠎ᠠ᠎ᠳᠠᠬᠢ ᠭᠤᠤᠯ ᠴᠣᠭᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃
ᠭᠤᠷᠪᠠ᠎ᠳᠤ᠂ ᠬᠢᠨᠠᠨ ᠵᠦᠪᠯᠡᠬᠦ᠎ᠪᠠᠷ ᠵᠠᠰᠠᠪᠤᠷᠢ ᠣᠷᠣᠭᠤᠯᠬᠤ ᠵᠢ ᠠᠬᠢᠭᠤᠯᠬᠤ ᠵᠢ ᠪᠠᠷᠢᠮᠲᠠᠯᠠᠪᠠ᠃ ᠬᠢᠴᠢᠶᠡᠯ᠎ᠤᠨ ᠲᠥᠰᠦᠯ ᠪᠠ ᠬᠢᠴᠢᠶᠡᠯ᠎ᠤᠨ ᠪᠠᠷᠢᠮᠵᠢᠶ᠎ᠠ᠎ᠳᠤ ᠵᠠᠰᠠᠪᠤᠷᠢ ᠣᠷᠣᠭᠤᠯᠬᠤ ᠶᠠᠪᠤᠴᠠ᠎ᠳᠠᠬᠢ ᠵᠢᠯᠣᠭᠣᠳᠣᠯᠭ᠎ᠠ ᠵᠢ ᠴᠢᠩᠭ᠋ᠠᠳᠬᠠᠵᠤ᠂ ᠴᠢᠬᠤᠯᠠ ᠠᠵᠢᠯ᠎ᠤᠨ ᠭᠣᠭᠴᠣᠭ᠎ᠠ ᠪᠠ ᠴᠠᠭ᠎ᠤᠨ ᠵᠠᠩᠭᠢᠶᠠᠰᠤ᠎ᠳᠤ ᠱᠠᠲᠤᠴᠢ ᠴᠢᠨᠠᠷᠲᠠᠶ ᠦᠷ᠎ᠡ ᠪᠦᠲᠦᠭᠡᠯ᠎ᠢ ᠬᠢᠨᠠᠨ ᠵᠥᠪᠯᠡᠬᠦ᠂ ᠴᠠᠭ ᠲᠤᠬᠠᠶ᠎ᠳᠤᠨᠢ ᠬᠠᠷᠢᠭᠤ ᠪᠤᠴᠠᠭ᠋ᠠᠬᠤ ᠵᠢ ᠥᠷᠨᠢᠭᠦᠯᠵᠦ᠂ ᠬᠢᠨᠠᠨ ᠵᠥᠪᠯᠡᠬᠦ ᠲᠤᠰᠬᠠᠶ ᠮᠡᠷᠭᠡᠵᠢᠯᠲᠡᠨ ᠪᠠ ᠵᠠᠰᠠᠪᠤᠷᠢ ᠣᠷᠣᠭᠤᠯᠬᠤ ᠲᠤᠰᠬᠠᠶ ᠮᠡᠷᠭᠡᠵᠢᠯᠲᠡᠨ᠎ᠤ ᠰᠣᠯᠢᠯᠴᠠᠵᠤ ᠰᠤᠳᠤᠯᠤᠨ ᠶᠠᠷᠢᠯᠴᠠᠬᠤ ᠵᠢ ᠴᠢᠩᠭ᠋ᠠᠷᠠᠭᠤᠯᠵᠤ᠂ ᠵᠠᠰᠠᠪᠤᠷᠢ ᠣᠷᠣᠭᠤᠯᠬᠤ ᠴᠢᠨᠠᠷ ᠴᠢᠨᠰᠠᠭ᠎ᠠ ᠵᠢ ᠬᠠᠮᠲᠤ᠎ᠪᠠᠷ ᠳᠡᠭᠡᠭᠰᠢᠯᠡᠭᠦᠯᠪᠡ᠃
ᠬᠣᠶᠠᠷ᠂ ᠬᠢᠨᠠᠨ ᠵᠦᠪᠯᠡᠵᠦ ᠬᠢᠨᠠᠨ ᠪᠠᠢ᠌ᠴᠠᠭ᠋ᠠᠭᠰᠠᠨ ᠶᠠᠪᠤᠴᠠ
ᠨᠢᠭᠡ᠎ᠳᠤ᠂ ᠤᠷᠢᠳᠴᠢᠯᠠᠨ ᠬᠢᠨᠠᠬᠤ ᠪᠠ ᠵᠢᠩᠬᠢᠨᠢ᠎ᠪᠠᠷ ᠬᠢᠨᠠᠨ ᠵᠦᠪᠯᠡᠬᠦ ᠠᠵᠢᠯ᠎ᠢ ᠥᠷᠨᠢᠭᠦᠯᠪᠡ᠃ ᠵᠠᠰᠠᠪᠤᠷᠢ ᠣᠷᠣᠭᠤᠯᠬᠤ ᠴᠢᠨᠠᠷ ᠴᠢᠨᠰᠠᠭ᠎ᠠ ᠵᠢ ᠪᠠᠲᠤᠯᠠᠵᠤ᠂ ᠲᠤᠰᠬᠠᠶ ᠮᠡᠷᠭᠡᠵᠢᠯ᠎ᠤᠨ ᠪᠣᠭᠣᠮᠲᠠ ᠵᠢ ᠴᠢᠩᠭ᠋ᠠᠳᠬᠠᠬᠤ ᠵᠢᠨ ᠲᠥᠯᠥᠭᠡ᠂ 2021 ᠣᠨ᠎ᠤ 4 - 8 ᠰᠠᠷ᠎ᠠ ᠪᠣᠯᠲᠠᠯ᠎ᠠ᠂ ᠤᠯᠤᠰ᠎ᠤᠨ ᠵᠢᠭ᠋ᠠᠬᠤ ᠮᠠᠲ᠋ᠧᠷᠢᠶᠠᠯ᠎ᠤᠨ ᠵᠥᠪᠯᠡᠯ᠎ᠤᠨ ᠲᠤᠰᠬᠠᠶ ᠮᠡᠷᠭᠡᠵᠢᠯᠲᠡᠨ᠎ᠤ ᠵᠥᠪᠯᠡᠯ᠎ᠢ ᠵᠣᠬᠢᠶᠠᠨ ᠪᠠᠶ᠋ᠢᠭᠤᠯᠵᠤ᠂ ᠬᠢᠴᠢᠶᠡᠯ᠎ᠤᠨ ᠲᠥᠰᠦᠯ ᠪᠠ ᠬᠡᠯᠡ ᠪᠢᠴᠢᠭ ᠵᠡᠷᠭᠡ 16 ᠬᠢᠴᠢᠶᠡᠯ᠎ᠤᠨ ᠪᠠᠷᠢᠮᠵᠢᠶ᠎ᠠ ᠵᠢ ᠤᠷᠢᠳ ᠬᠣᠵᠢᠳ ᠤᠷᠢᠳᠴᠢᠯᠠᠨ ᠬᠢᠨᠠᠵᠤ ᠵᠢᠩᠬᠢᠨᠢ᠎ᠪᠠᠷ ᠬᠢᠨᠠᠨ ᠵᠥᠪᠯᠡᠪᠡ᠃ ᠴᠢᠭᠯᠡᠯ ᠵᠶ᠋ᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠬᠤ ᠵᠢᠨ ᠬᠠᠮᠲᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢᠴᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠤᠯᠠᠮᠵᠢᠯᠠᠯ᠂ ᠬᠠᠤᠯᠢ᠎ᠪᠠᠷ ᠵᠠᠰᠠᠬᠤ᠂ ᠤᠯᠤᠰ᠎ᠤᠨ ᠠᠮᠤᠷ ᠲᠦᠪᠰᠢᠨ᠂ ᠠᠮᠢ ᠨᠠᠰᠤᠨ᠎ᠤ ᠠᠮᠤᠷ ᠲᠦᠪᠰᠢᠨ ᠬᠢᠭᠡᠳ ᠡᠷᠡᠭᠦᠯ ᠮᠡᠨᠳᠦ ᠵᠡᠷᠭᠡ ᠴᠢᠬᠤᠯᠠ ᠶᠡᠬᠡ ᠭᠤᠤᠯ ᠰᠡᠳᠦᠪᠲᠦ ᠬᠥᠮᠦᠵᠢᠯ᠎ᠢ ᠬᠢᠴᠢᠶᠡᠯ᠎ᠳᠤ ᠣᠷᠣᠭᠤᠯᠬᠤ ᠱᠠᠭ᠋ᠠᠷᠳᠠᠯᠭ᠎ᠠ ᠵᠢᠨ ᠲᠣᠭᠣᠷᠢᠨ᠎ᠳᠤ ᠲᠤᠰᠬᠠᠶ ᠬᠢᠨᠠᠨ ᠪᠠᠢ᠌ᠴᠠᠭ᠋ᠠᠪᠠ᠃
ᠬᠣᠶᠠᠷ᠎ᠲᠤ᠂ ᠲᠤᠰᠬᠠᠶ ᠬᠢᠨᠠᠨ ᠪᠠᠶ᠋ᠢᠴᠠᠭ᠋ᠠᠯᠲᠠ ᠵᠢ ᠥᠷᠨᠢᠭᠦᠯᠪᠡ᠃ 2021 ᠣᠨ᠎ᠤ 11 ᠰᠠᠷ᠎ᠠ᠎ᠳᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠳᠠᠷᠠᠭ᠎ᠠ ᠡᠯ᠎ᠡ ᠬᠢᠨᠠᠨ ᠵᠥᠪᠯᠡᠬᠦ ᠳᠤᠭᠤᠶ᠋ᠢᠯᠠᠩ᠎ᠢ ᠵᠣᠬᠢᠶᠠᠨ ᠪᠠᠶ᠋ᠢᠭᠤᠯᠵᠤ᠂ ᠵᠢᠷᠭᠤᠳᠤᠭ᠋ᠠᠷ ᠪᠥᠬᠥᠳᠡ ᠬᠤᠷᠠᠯ᠎ᠤᠨ ᠠᠯᠪᠠᠨ ᠮᠡᠳᠡᠭᠡ ᠪᠠ ᠰᠢᠢ᠍ᠳᠪᠦᠷᠢ ᠵᠢ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ ᠬᠢᠴᠢᠶᠡᠯ᠎ᠤᠨ ᠲᠥᠰᠦᠯ ᠪᠠ ᠬᠢᠴᠢᠶᠡᠯ᠎ᠤᠨ ᠪᠠᠷᠢᠮᠵᠢᠶ᠎ᠠ᠎ᠳᠤ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠭᠰᠠᠨ ᠬᠣᠯᠪᠤᠭᠳᠠᠬᠤ ᠵᠠᠰᠠᠪᠤᠷᠢ ᠣᠷᠣᠭᠤᠯᠤᠭᠰᠠᠨ ᠠᠭᠤᠯᠭ᠎ᠠ ᠵᠢ ᠲᠤᠰᠬᠠᠶ ᠬᠢᠨᠠᠨ ᠪᠠᠢ᠌ᠴᠠᠭ᠋ᠠᠪᠠ᠃
ᠭᠤᠷᠪᠠ᠎ᠳᠤ᠂ ᠬᠢᠨᠠᠨ ᠪᠠᠢ᠌ᠴᠠᠭ᠋ᠠᠵᠤ ᠪᠠᠲᠤᠯᠠᠪᠠ᠃ 2021 ᠣᠨ᠎ᠤ 12 ᠰᠠᠷ᠎ᠠ᠎ᠳᠤ᠂ ᠤᠯᠤᠰ᠎ᠤᠨ ᠵᠢᠭ᠋ᠠᠬᠤ ᠮᠠᠲ᠋ᠧᠷᠢᠶᠠᠯ᠎ᠤᠨ ᠵᠥᠪᠯᠡᠯ᠎ᠤᠨ ᠬᠡᠰᠢᠭᠦᠳ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠲᠥᠰᠦᠯ ᠪᠠ ᠬᠡᠯᠡ ᠪᠢᠴᠢᠭ ᠵᠡᠷᠭᠡ 16 ᠬᠢᠴᠢᠶᠡᠯ᠎ᠤᠨ ᠪᠠᠷᠢᠮᠵᠢᠶ᠎ᠠ ᠵᠢ ᠬᠢᠨᠠᠨ ᠪᠠᠲᠤᠯᠠᠪᠠ᠃
ᠭᠤᠷᠪᠠ᠂ ᠬᠢᠨᠠᠨ ᠵᠦᠪᠯᠡᠵᠦ ᠬᠢᠨᠠᠨ ᠪᠠᠢ᠌ᠴᠠᠭ᠋ᠠᠭᠰᠠᠨ ᠳ᠋ᠦᠩᠨᠡᠯᠲᠡ
ᠬᠢᠨᠠᠨ ᠵᠦᠪᠯᠡᠵᠦ ᠬᠢᠨᠠᠨ ᠪᠠᠢ᠌ᠴᠠᠭ᠋ᠠᠭ᠋ᠠᠳ᠂ ᠡᠨᠡ ᠤᠳᠠᠭ᠎ᠠ ᠵᠠᠰᠠᠪᠤᠷᠢ ᠣᠷᠣᠭᠤᠯᠬᠤ᠎ᠳᠤ᠎ᠪᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠬᠤ ᠵᠢ ᠪᠠᠷᠢᠮᠲᠠᠯᠠᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠪᠦᠬᠦᠯᠢ ᠴᠣᠭᠴᠠ᠎ᠪᠠᠷ ᠲᠥᠯᠦᠪᠵᠢᠭᠦᠯᠵᠦ ᠰᠢᠰᠲ᠋ᠧᠮᠲᠡᠢ ᠲᠡᠭᠦᠯᠳᠡᠷᠵᠢᠭᠦᠯᠪᠡ᠃ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠲᠥᠰᠦᠯ ᠪᠠ ᠬᠢᠴᠢᠶᠡᠯ᠎ᠤᠨ ᠪᠠᠷᠢᠮᠵᠢᠶ᠎ᠠ᠎ᠨᠢ ᠬᠢᠴᠢᠶᠡᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠢᠴᠢᠶᠡᠯ ᠵᠶ᠋ᠠᠷ ᠬᠥᠮᠦᠨ᠎ᠢ ᠬᠥᠮᠦᠵᠢᠭᠦᠯᠬᠦ ᠴᠢᠳᠠᠮᠵᠢ ᠵᠢ ᠴᠢᠩᠭ᠋ᠠᠷᠠᠭᠤᠯᠵᠤ᠂ ᠰᠡᠳᠬᠢᠮᠵᠢ᠎ᠨᠢ ᠲᠣᠳᠣᠷᠬᠠᠶ᠂ ᠯᠣᠭᠢᠭ᠎ᠨᠢ ᠴᠢᠩᠭ᠎ᠠ ᠨᠢᠮᠪᠠᠶ᠂ ᠪᠦᠲᠦᠴᠡ᠎ᠨᠢ ᠵᠦᠶ ᠵᠣᠬᠢᠰᠲᠠᠶ᠂ ᠭᠤᠤᠯᠳᠠᠯᠭ᠎ᠠ᠎ᠨᠢ ᠲᠣᠪᠣᠶ᠋ᠢᠮ᠎ᠠ ᠪᠠᠶ᠋ᠢᠵᠤ᠂ ᠳᠤᠤᠷᠠᠬᠢ ᠳᠥᠷᠪᠡᠨ ᠲᠠᠯ᠎ᠠ᠎ᠪᠠᠷ ᠪᠣᠳᠠᠲᠠᠶ ᠢᠯᠡᠷᠡᠵᠦ ᠪᠠᠶ᠋ᠢᠨ᠎ᠠ᠄
(ᠨᠢᠭᠡ) ᠬᠥᠮᠦᠨ᠎ᠢ ᠬᠥᠮᠦᠵᠢᠭᠦᠯᠬᠦ ᠬᠠᠷᠠᠯᠲᠠ ᠵᠢ ᠨᠡᠩ ᠰᠢᠰᠲ᠋ᠧᠮᠲᠡᠢ ᠲᠣᠳᠤᠷᠠᠭᠤᠯᠵᠤ᠂ ᠤᠯᠤᠰ᠎ᠤᠨ ᠵᠣᠷᠢᠭ ᠰᠠᠨᠠᠭ᠎ᠠ ᠵᠢ ᠢᠯᠡᠷᠡᠭᠦᠯᠪᠡ᠃ ᠶᠡᠷᠦᠩᠬᠡᠶ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠣᠶ᠋ᠢᠯᠠᠭ᠋ᠠᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢᠨ ᠲᠣᠭᠣᠷᠢᠨ᠎ᠳᠤ ᠬᠢᠴᠢᠶᠡᠯ᠎ᠤᠨ ᠥᠭᠡᠷᠡᠴᠢᠯᠡᠯᠲᠡ ᠵᠢᠨ ᠰᠢᠯᠢᠳᠡᠭ ᠤᠯᠠᠮᠵᠢᠯᠠᠯ᠎ᠢ ᠵᠠᠯᠭ᠋ᠠᠮᠵᠢᠯᠠᠵᠤ᠂ ᠬᠥᠮᠦᠨ᠎ᠢ ᠬᠥᠮᠦᠵᠢᠭᠦᠯᠬᠦ ᠬᠠᠷᠠᠯᠲᠠ ᠵᠢ ᠵᠢᠷᠤᠵᠤ ᠲᠥᠯᠥᠪᠯᠡᠬᠦ ᠲᠠᠯ᠎ᠠ᠎ᠪᠠᠷ ᠳᠤᠮᠳᠠᠳᠤ ᠤᠯᠤᠰ᠎ᠤᠨ ᠣᠨᠴᠠᠯᠢᠭ᠎ᠢ ᠭᠦᠢ᠍ᠴᠡᠳ ᠢᠯᠡᠷᠡᠭᠦᠯᠪᠡ᠃ ᠵᠢᠱ᠌ᠢᠶᠡᠯᠡᠪᠡᠯ᠂ ᠬᠢᠴᠢᠶᠡᠯ᠎ᠤᠨ ᠲᠥᠰᠦᠯ᠎ᠨᠢ ᠬᠥᠮᠦᠨ᠎ᠤ ᠪᠥᠬᠥ ᠲᠠᠯ᠎ᠠ ᠵᠢᠨ ᠬᠥᠭᠵᠢᠯᠲᠡ ᠵᠢ ᠪᠣᠳᠣᠯᠬᠢᠯᠠᠵᠤ᠂ ᠴᠠᠭ ᠦᠶ᠎ᠡ ᠵᠢᠨ ᠰᠢᠨ᠎ᠡ ᠬᠥᠮᠦᠨ᠎ᠤ ᠳᠥᠷᠢ ᠳᠥᠷᠬᠦ ᠵᠢ ᠵᠢᠷᠤᠭᠯᠠᠵᠤ᠂ ᠬᠦᠰᠡᠯᠡᠩ᠎ᠲᠠᠢ᠂ ᠴᠢᠳᠠᠪᠤᠷᠢ᠎ᠲᠠᠢ᠂ ᠡᠭᠦᠷᠭᠡᠯᠡᠯ᠎ᠲᠠᠢ ᠪᠠᠶ᠋ᠢᠬᠤ ᠭᠤᠷᠪᠠᠨ ᠲᠠᠯ᠎ᠠ᠎ᠠᠴᠠ 《ᠲᠠᠪᠤ ᠵᠢ ᠬᠥᠮᠦᠵᠢᠭᠦᠯᠬᠦ》 ᠵᠢ ᠵᠡᠷᠭᠡ᠎ᠪᠠᠷ ᠴᠢᠬᠤᠯᠠᠴᠢᠯᠠᠬᠤ ᠬᠠᠷᠠᠯᠲᠠ ᠵᠢᠨ ᠳᠣᠭᠲᠠᠯᠴᠠᠭ᠎ᠠ ᠵᠢ ᠰᠢᠰᠲ᠋ᠧᠮᠲᠡᠢ ᠪᠠᠶ᠋ᠢᠭᠤᠯᠪᠠ᠃ ᠬᠡᠯᠡ ᠪᠢᠴᠢᠭ᠎ᠤᠨ ᠬᠢᠴᠢᠶᠡᠯ᠎ᠢ 《ᠰᠣᠶᠣᠯ᠎ᠤᠨ ᠢᠲᠡᠭᠡᠯ》᠎ᠢ ᠭᠣᠣᠯᠳᠠᠯᠭ᠋ᠠᠲᠠᠢ ᠬᠥᠮᠦᠵᠢᠭᠦᠯᠬᠦ ᠰᠤᠷᠤᠭᠴᠢᠳ᠎ᠤᠨ ᠭᠣᠣᠯᠯᠠᠬᠤ ᠬᠡᠪ ᠪᠣᠯᠪᠠᠰᠤᠷᠠᠯ᠎ᠤᠨ ᠨᠢᠭᠡ ᠪᠣᠯᠭ᠋ᠠᠵᠤ᠂ ᠬᠡᠯᠡ ᠪᠢᠴᠢᠭ᠎ᠤᠨ ᠪᠠᠭ᠋ᠠᠵᠢᠴᠢ ᠴᠢᠨᠠᠷ ᠪᠠ ᠬᠥᠮᠦᠨ ᠰᠣᠶᠤᠯ᠎ᠤᠨ ᠴᠢᠨᠠᠷ᠎ᠢ ᠨᠢᠭᠡᠳᠬᠡᠭᠰᠡᠨ ᠣᠨᠴᠠᠯᠢᠭ᠎ᠢ ᠢᠯᠡᠷᠡᠭᠦᠯᠪᠡ᠃ ᠲᠡᠦᠬᠡ ᠵᠢᠨ ᠬᠢᠴᠢᠶᠡᠯ᠎ᠳᠤ ᠰᠤᠷᠤᠭᠴᠢᠳ᠎ᠤᠨ ᠲᠡᠦᠬᠡ ᠵᠢᠨ ᠪᠣᠳᠠᠰᠴᠢ ᠦᠵᠡᠯ᠎ᠢ ᠬᠥᠮᠦᠵᠢᠭᠦᠯᠬᠦ ᠵᠢ ᠴᠢᠬᠤᠯᠠᠴᠢᠯᠠᠵᠤ᠂ ᠰᠤᠷᠤᠭᠴᠢᠳ᠎ᠢ ᠬᠥᠲᠥᠯᠥᠨ ᠵᠢᠯᠣᠭᠣᠳᠴᠤ ᠠᠩᠬ᠎ᠠ ᠠᠯᠬᠤᠮ ᠵᠥᠪ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠤᠯᠤᠰ᠎ᠤᠨ ᠦᠵᠡᠯᠲᠡ ᠪᠠ ᠰᠣᠶᠣᠯ᠎ᠤᠨ ᠦᠵᠡᠯᠲᠡ᠎ᠲᠠᠢ ᠪᠣᠯᠭ᠋ᠠᠨ᠎ᠠ᠃
(ᠬᠣᠶᠠᠷ) ᠬᠢᠴᠢᠶᠡᠯ᠎ᠢ ᠨᠢᠭᠡ ᠴᠣᠭᠴᠠᠵᠢᠭᠤᠯᠤᠨ ᠲᠥᠯᠦᠪᠵᠢᠭᠦᠯᠬᠦ ᠣᠨᠣᠯᠵᠢᠬᠤᠨ᠎ᠢ ᠤᠯᠠᠮ ᠨᠢᠭᠡ ᠠᠯᠬᠤᠮ ᠴᠢᠩᠭ᠋ᠠᠳᠬᠠᠪᠠ᠃ ᠭᠤᠤᠯᠯᠠᠬᠤ ᠬᠡᠪ ᠪᠣᠯᠪᠠᠰᠤᠷᠠᠯ ᠵᠶ᠋ᠠᠷ ᠶᠡᠷᠦᠩᠬᠡᠶ᠋ᠢᠯᠡᠨ ᠵᠢᠯᠣᠭᠣᠳᠣᠭᠤᠯᠵᠤ᠂ ᠬᠢᠴᠢᠶᠡᠯ᠎ᠤᠨ ᠠᠭᠤᠯᠭ᠎ᠠ ᠵᠢᠨ ᠪᠥᠲᠦᠴᠡ ᠵᠢ ᠠᠬᠢᠭᠤᠯᠵᠤ᠂ ᠬᠢᠴᠢᠶᠡᠯ᠎ᠤᠨ ᠰᠢᠰᠲ᠋ᠧᠮᠴᠢ ᠴᠢᠨᠠᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ ᠭᠡᠬᠦ ᠬᠢᠴᠢᠶᠡᠯ᠎ᠨᠢ 《ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠤᠬ᠍ᠴᠠᠵᠢᠭᠤᠯᠬᠤ》 ᠣᠨᠣᠯᠵᠢᠬᠤᠨ᠎ᠢ ᠪᠠᠷᠢᠮᠲᠠᠯᠠᠵᠤ᠂ ᠨᠠᠮ ᠪᠠᠶ᠋ᠢᠭᠤᠯᠬᠤ ᠠᠭᠤᠤ ᠶᠡᠬᠡ ᠵᠣᠷᠢᠭ ᠰᠠᠨᠠᠭ᠎ᠠ᠂ ᠬᠢᠵᠢᠭ᠎ᠲᠠᠢ ᠲᠡᠮᠡᠴᠡᠬᠦ ᠠᠭᠤᠤ ᠶᠡᠬᠡ ᠵᠣᠷᠢᠭ ᠰᠠᠨᠠᠭ᠎ᠠ ᠵᠢᠴᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠵᠡᠷᠭᠡ ᠴᠢᠬᠤᠯᠠ ᠶᠡᠬᠡ ᠭᠤᠤᠯ ᠰᠡᠳᠦᠪᠲᠦ ᠬᠥᠮᠦᠵᠢᠯ᠎ᠢ ᠬᠢᠴᠢᠶᠡᠯ᠎ᠳᠤ ᠣᠷᠣᠭᠤᠯᠬᠤ ᠱᠠᠭ᠋ᠠᠷᠳᠠᠯᠭ᠎ᠠ ᠵᠢ ᠴᠢᠩᠭ᠋ᠠᠳᠬᠠᠪᠠ᠃ ᠭᠠᠵᠠᠷ ᠵᠦᠶ ᠵᠢᠨ ᠬᠢᠴᠢᠶᠡᠯ᠎ᠳᠤ ᠬᠥᠮᠦᠨ ᠲᠥᠷᠥᠯᠬᠢᠲᠡᠨ᠎ᠤ ᠳᠡᠯᠡᠬᠡᠶ ᠵᠢᠨ ᠪᠥᠮᠪᠥᠷᠴᠡᠭ ᠭᠡᠷ ᠣᠷᠣᠨ ᠵᠶ᠋ᠠᠷ ᠭᠤᠤᠯ ᠰᠢᠵᠢᠮ ᠪᠣᠯᠭ᠋ᠠᠵᠤ᠂ ᠪᠥᠬᠥ ᠪᠥᠮᠪᠥᠷᠴᠡᠭ ᠪᠠ ᠣᠷᠣᠨ ᠪᠦᠰᠡ ᠵᠢ ᠲᠠᠨᠢᠬᠤ᠎ᠪᠠᠷ ᠮᠡᠳᠡᠯᠭᠡ ᠵᠢᠨ ᠰᠠᠭᠤᠷᠢ ᠪᠣᠯᠭ᠋ᠠᠵᠤ᠂ ᠭᠠᠵᠠᠷ ᠵᠦᠶ ᠵᠢᠨ ᠦᠢ᠍ᠯᠡᠳᠦᠯᠭᠡ ᠪᠠ ᠭᠠᠵᠠᠷ ᠵᠦᠶ ᠵᠢᠨ ᠪᠠᠭ᠋ᠠᠵᠢ᠎ᠪᠠᠷ ᠲᠡᠭᠦᠨ᠎ᠤ ᠳᠣᠲᠣᠷᠠᠬᠢ ᠠᠭᠤᠯᠭ᠎ᠠ ᠵᠢᠨ ᠲᠥᠰᠦᠪ᠎ᠢ ᠲᠤᠭᠤᠰᠢᠯᠠᠭᠤᠯᠪᠠ᠃ ᠰᠢᠨᠵᠢᠯᠡᠬᠦ ᠤᠬᠠᠭ᠋ᠠᠨ᠂ ᠹᠢᠽᠢᠺ᠂ ᠬᠢᠮᠢ᠂ ᠠᠮᠢᠳᠤ ᠪᠣᠳᠠᠰ᠎ᠤᠨ ᠤᠬᠠᠭ᠋ᠠᠨ ᠵᠡᠷᠭᠡ ᠰᠢᠨᠵᠢᠯᠡᠬᠦ ᠤᠬᠠᠭ᠋ᠠᠨ᠎ᠤ ᠬᠦᠷᠢᠶᠡᠨ᠎ᠳᠠᠬᠢ ᠬᠢᠴᠢᠶᠡᠯ᠎ᠨᠢ ᠬᠠᠷᠠᠯᠲᠠ ᠬᠢᠭᠡᠳ ᠠᠭᠤᠯᠭ᠎ᠠ ᠵᠢᠨ ᠪᠦᠲᠦᠴᠡ ᠵᠢᠨ ᠲᠠᠯ᠎ᠠ᠎ᠪᠠᠷ ᠭᠤᠯᠳᠤ᠎ᠪᠠᠷ ᠵᠣᠯᠭ᠋ᠠᠯᠳᠤᠬᠤ ᠪᠠ ᠬᠥᠨᠳᠡᠯᠡᠨ ᠵᠶ᠋ᠠᠷ ᠬᠠᠮᠵᠢᠯᠴᠠᠬᠤ ᠵᠢ ᠴᠢᠬᠤᠯᠠᠴᠢᠯᠠᠵᠤ᠂ ᠨᠡᠶ᠋ᠢᠲᠡᠯᠢᠭ ᠴᠢᠨᠠᠷ᠎ᠤᠨ ᠬᠡᠪ ᠪᠣᠯᠪᠠᠰᠤᠷᠠᠯ᠎ᠢ ᠬᠥᠮᠥᠵᠢᠭᠦᠯᠬᠦ ᠵᠢ ᠴᠢᠩᠭ᠋ᠠᠳᠬᠠᠪᠠ᠃
(ᠭᠤᠷᠪᠠ) ᠰᠢᠨ᠎ᠡ ᠵᠢ ᠡᠭᠦᠳᠬᠦ ᠴᠢᠨᠠᠷ ᠪᠠ ᠦᠢ᠍ᠯᠡᠳᠦᠯᠭᠡ ᠵᠢᠨ ᠴᠢᠨᠠᠷ᠎ᠢ ᠤᠯᠠᠮ ᠨᠢᠭᠡ ᠠᠯᠬᠤᠮ ᠳᠣᠪᠣᠶ᠋ᠢᠯᠭ᠋ᠠᠪᠠ᠃ ᠤᠳᠠᠭ᠎ᠠ ᠪᠦᠷᠢ ᠵᠢᠨ ᠬᠢᠴᠢᠶᠡᠯ᠎ᠳᠤ ᠵᠠᠰᠠᠪᠤᠷᠢ ᠣᠷᠣᠭᠤᠯᠤᠭᠰᠠᠨ ᠲᠤᠷᠰᠢᠯᠭ᠎ᠠ ᠵᠢ ᠰᠢᠩᠭᠡᠭᠡᠨ ᠠᠪᠴᠤ᠂ ᠡᠯ᠎ᠡ ᠬᠢᠴᠢᠶᠡᠯ᠎ᠤᠨ ᠪᠠᠷᠢᠮᠵᠢᠶ᠎ᠠ᠎ᠨᠢ ᠭᠤᠤᠯ ᠬᠡᠪ ᠪᠣᠯᠪᠠᠰᠤᠷᠠᠯ ᠵᠶ᠋ᠠᠷ ᠬᠥᠲᠥᠯᠪᠦᠷᠢ ᠪᠣᠯᠭ᠋ᠠᠨ ᠬᠢᠴᠢᠶᠡᠯ᠎ᠤᠨ ᠬᠠᠷᠠᠯᠲᠠ ᠵᠢ ᠢᠯᠡᠷᠡᠭᠦᠯᠵᠦ᠂ ᠭᠤᠤᠯ ᠰᠡᠳᠦᠪ᠂ ᠲᠥᠷᠥᠯ ᠵᠦᠢ᠍ᠯ ᠪᠤᠶᠤ ᠠᠵᠢᠯᠯᠠᠭ᠎ᠠ᠎ᠪᠠᠷ ᠬᠢᠴᠢᠶᠡᠯ᠎ᠤᠨ ᠠᠭᠤᠯᠭ᠎ᠠ ᠵᠢ ᠵᠣᠬᠢᠶᠠᠨ ᠪᠠᠶ᠋ᠢᠭᠤᠯᠵᠤ᠂ ᠬᠢᠴᠢᠶᠡᠯ ᠲᠥᠷᠦᠯ᠎ᠤᠨ ᠦᠢ᠍ᠯᠡᠳᠦᠯᠭᠡ ᠪᠠ ᠬᠢᠴᠢᠶᠡᠯ ᠲᠥᠷᠦᠯ ᠠᠯᠤᠰᠯᠠᠭᠰᠠᠨ ᠦᠢ᠍ᠯᠡᠳᠦᠯᠭᠡ ᠵᠢ ᠴᠢᠩᠭ᠋ᠠᠳᠬᠠᠵᠤ᠂ ᠵᠢᠭ᠋ᠠᠨ ᠰᠤᠷᠭ᠋ᠠᠬᠤ ᠠᠭᠤᠯᠭ᠎ᠠ ᠪᠠ ᠠᠷᠭ᠎ᠠ ᠮᠠᠶᠢᠭ᠎ᠤᠨ ᠭᠦᠨ ᠳᠠᠪᠬᠤᠷᠭ᠎ᠠ ᠵᠢᠨ ᠬᠤᠪᠢᠷᠠᠯᠲᠠ ᠵᠢ ᠳᠠᠢ᠌ᠴᠢᠯᠠᠪᠠ᠃ ᠬᠥᠳᠡᠯᠮᠦᠷᠢ ᠵᠢᠨ ᠬᠢᠴᠢᠶᠡᠯ᠎ᠨᠢ ᠬᠥᠳᠡᠯᠮᠦᠷᠢ ᠵᠢᠨ ᠵᠣᠷᠢᠭ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠵᠥᠪ ᠬᠥᠳᠡᠯᠮᠦᠷᠢ ᠵᠢᠨ ᠥᠷᠲᠡᠭ᠎ᠤᠨ ᠦᠵᠡᠯᠲᠡ ᠪᠠ ᠰᠠᠶ᠋ᠢᠨ ᠰᠠᠶ᠋ᠢᠬᠠᠨ ᠬᠥᠳᠡᠯᠮᠦᠷᠢ ᠵᠢᠨ ᠵᠠᠩ ᠰᠤᠷᠳᠠᠯ᠎ᠤᠨ ᠲᠣᠭᠣᠷᠢᠨ᠎ᠳᠤ ᠰᠤᠷᠤᠭᠴᠢᠳ᠎ᠤᠨ ᠦᠢ᠍ᠯᠡᠳᠦᠯᠭᠡᠵᠢᠭᠦᠯᠬᠦ᠂ ᠬᠦᠴᠦ ᠬᠥᠳᠡᠯᠮᠦᠷᠢ ᠭᠠᠷᠭ᠋ᠠᠬᠤ᠂ ᠳᠠᠪᠲᠠᠨ ᠪᠣᠯᠪᠠᠰᠤᠷᠠᠬᠤ᠂ ᠡᠷᠴᠢ ᠵᠣᠷᠢᠭ᠎ᠢ ᠬᠥᠪᠴᠢᠯᠡᠬᠦ ᠵᠢ ᠤᠯᠠᠮ ᠨᠢᠭᠡ ᠠᠯᠬᠤᠮ ᠴᠢᠬᠤᠯᠠᠴᠢᠯᠠᠪᠠ᠃ ᠲᠣᠭ᠋ᠠᠨ᠎ᠤ ᠤᠬᠠᠭ᠋ᠠᠨ᠎ᠤ ᠬᠢᠴᠢᠶᠡᠯ᠎ᠳᠤ 《ᠲᠣᠭ᠋ᠠᠨ᠎ᠤ ᠤᠬᠠᠭ᠋ᠠᠨ᠎ᠤ ᠬᠠᠷᠠᠴᠠ᠎ᠪᠠᠷ ᠪᠣᠳᠠᠲᠤ ᠶᠢᠷᠲᠢᠨᠴᠦ ᠵᠢ ᠠᠵᠢᠭᠯᠠᠵᠤ ᠴᠢᠳᠠᠬᠤ᠂ ᠲᠣᠭ᠋ᠠᠨ᠎ᠤ ᠤᠬᠠᠭ᠋ᠠᠨ᠎ᠤ ᠰᠡᠳᠬᠢᠮᠵᠢ᠎ᠪᠠᠷ ᠪᠣᠳᠠᠲᠤ ᠶᠢᠷᠲᠢᠨᠴᠦ ᠵᠢ ᠰᠡᠳᠬᠢᠵᠦ ᠴᠢᠳᠠᠬᠤ᠂ ᠲᠣᠭ᠋ᠠᠨ᠎ᠤ ᠤᠬᠠᠭ᠋ᠠᠨ᠎ᠤ ᠬᠡᠯᠡ᠎ᠪᠠᠷ ᠪᠣᠳᠠᠲᠤ ᠶᠢᠷᠲᠢᠨᠴᠦ ᠵᠢ ᠢᠯᠡᠳᠬᠡᠵᠦ ᠴᠢᠳᠠᠬᠤ》 ᠵᠢ ᠳᠤᠷᠠᠳᠴᠤ᠂ ᠬᠢᠴᠢᠶᠡᠯ ᠲᠥᠷᠦᠯ᠎ᠤᠨ ᠦᠢ᠍ᠯᠡᠳᠦᠯᠭᠡ᠎ᠪᠠᠷ ᠳᠠᠮᠵᠢᠭᠤᠯᠤᠨ ᠬᠥᠮᠦᠨ᠎ᠢ ᠬᠥᠮᠦᠵᠢᠭᠦᠯᠬᠦ ᠥᠪᠡᠷᠮᠢᠴᠡ ᠦᠨ᠎ᠡ ᠦᠷᠲᠡᠭ᠎ᠢ ᠪᠡᠶᠡᠯᠡᠭᠦᠯᠪᠡ᠃
(ᠳᠥᠷᠪᠡ) ᠬᠢᠴᠢᠶᠡᠯ ᠵᠢ ᠬᠡᠷᠡᠭᠵᠢᠭᠦᠯᠬᠦ ᠵᠢᠯᠣᠭᠣᠳᠣᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠪᠠ᠃ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠢ ᠴᠢᠩᠭ᠋ᠠᠳᠬᠠᠬᠤ ᠵᠢᠨ ᠲᠥᠯᠥᠭᠡ᠂ ᠬᠢᠴᠢᠶᠡᠯ᠎ᠤᠨ ᠲᠥᠰᠦᠯ ᠪᠠ ᠬᠢᠴᠢᠶᠡᠯ᠎ᠤᠨ ᠪᠠᠷᠢᠮᠵᠢᠶ᠎ᠠ ᠵᠢ ᠬᠢᠴᠢᠶᠡᠯ᠎ᠤᠨ ᠠᠭᠤᠯᠭ᠎ᠠ ᠵᠢ ᠲᠥᠯᠦᠪᠵᠢᠭᠦᠯᠬᠦ᠂ ᠰᠤᠷᠤᠯᠭ᠎ᠠ ᠵᠢᠨ ᠴᠢᠨᠠᠷ ᠴᠢᠨᠰᠠᠭ᠎ᠠ ᠵᠢᠨ ᠪᠠᠷᠢᠮᠵᠢᠶ᠎ᠠ ᠵᠢ ᠰᠤᠳᠤᠯᠤᠨ ᠳᠣᠭᠲᠠᠭ᠋ᠠᠬᠤ᠂ ᠬᠡᠷᠡᠭ᠎ᠤᠨ ᠵᠢᠱ᠌ᠢᠶ᠎ᠡ ᠵᠢ ᠪᠠᠶᠠᠯᠢᠭᠵᠢᠭᠤᠯᠬᠤ᠂ ᠨᠥᠬᠥᠴᠡᠯ᠎ᠢ ᠪᠠᠲᠤᠯᠠᠬᠤ ᠵᠡᠷᠭᠡ ᠲᠠᠯ᠎ᠠ᠎ᠪᠠᠷ ᠨᠠᠷᠢᠯᠢᠬ᠍ᠵᠢᠭᠤᠯᠤᠨ ᠴᠢᠩᠭ᠋ᠠᠳᠬᠠᠵᠤ᠂ ᠬᠡᠷᠡᠭᠯᠡᠬᠦ᠎ᠳᠤ ᠰᠠᠢ᠍ᠢ᠍ᠨ᠂ ᠲᠤᠰᠠᠲᠠᠢ ᠪᠠᠶ᠋ᠢᠬᠤ ᠵᠢ ᠴᠢᠷᠮᠠᠶ᠋ᠢᠨ ᠪᠡᠶᠡᠯᠡᠭᠦᠯᠪᠡ᠃ ᠮᠡᠳᠡᠭᠡ ᠵᠠᠩᠭᠢᠴᠢᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠴᠢᠶᠡᠯ᠎ᠳᠤ ᠰᠤᠷᠭ᠋ᠠᠭᠤᠯᠢ ᠵᠢᠨ ᠮᠡᠳᠡᠭᠡ ᠵᠠᠩᠭᠢᠴᠢᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠷᠰᠢᠯᠲᠠ ᠵᠢᠨ ᠲᠠᠰᠤᠭ᠎ᠤᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠴᠢᠨᠠᠷ᠎ᠢ ᠴᠢᠬᠤᠯᠠᠴᠢᠯᠠᠵᠤ᠂ ᠰᠤᠷᠤᠭᠴᠢᠳ᠎ᠤᠨ ᠰᠤᠷᠤᠯᠴᠠᠬᠤ᠎ᠳᠤ ᠪᠠᠢ᠌ᠷᠢ ᠲᠠᠯᠠᠪᠤᠷ᠂ ᠬᠠᠲᠠᠭᠤ ᠲᠣᠨᠣᠭ᠂ ᠵᠥᠭᠡᠯᠡᠨ ᠲᠣᠨᠣᠭ᠂ ᠮᠠᠲ᠋ᠧᠷᠢᠶᠠᠯ ᠪᠠ ᠪᠠᠭ᠋ᠠᠵᠢ ᠵᠡᠷᠭᠡ ᠵᠢᠨ ᠳᠡᠮᠵᠢᠯᠭᠡ ᠪᠠ ᠪᠠᠲᠤᠯᠠᠭᠠᠢ ᠬᠠᠩᠭ᠋ᠠᠪᠠ᠃ ᠪᠡᠶ᠎ᠡ ᠵᠢᠨ ᠲᠠᠮᠢᠷ ᠬᠢᠭᠡᠳ ᠡᠷᠡᠭᠦᠯ ᠮᠡᠨᠳᠦ ᠵᠢᠨ ᠬᠢᠴᠢᠶᠡᠯ᠎ᠳᠤ ᠬᠡᠷᠡᠭᠯᠡᠭᠡᠨ᠎ᠤ ᠣᠷᠴᠢᠨ ᠪᠠᠶ᠋ᠢᠳᠠᠯ᠎ᠳᠤ ᠰᠤᠷᠤᠭᠴᠢᠳ᠎ᠤᠨ ᠰᠣᠷᠣᠭᠰᠠᠨ ᠮᠡᠳᠡᠯᠭᠡ ᠬᠢᠭᠡᠳ ᠤᠷ᠎ᠠ ᠴᠢᠳᠠᠪᠤᠷᠢ ᠵᠢ ᠦᠨᠡᠯᠡᠵᠦ᠂ ᠪᠠᠶᠠᠯᠢᠭ ᠰᠠᠶ᠋ᠢᠬᠠᠨ᠂ ᠠᠮᠢᠳᠤᠯᠢᠭ ᠰᠣᠨᠢᠷᠬᠠᠯᠲᠠᠶ ᠰᠤᠷᠤᠯᠴᠠᠵᠤ ᠪᠣᠯᠪᠠᠰᠤᠷᠠᠬᠤ ᠠᠵᠢᠯᠯᠠᠭ᠋ᠠᠨ᠎ᠤ ᠶᠠᠪᠤᠴᠠ᠎ᠳᠤ ᠬᠡᠪ ᠪᠣᠯᠪᠠᠰᠤᠷᠠᠯ ᠵᠶ᠋ᠠᠨ ᠳᠡᠭᠡᠭᠰᠢᠯᠡᠭᠦᠯᠬᠦ ᠵᠢ ᠰᠠᠨᠠᠭ᠋ᠠᠴᠢᠯᠠᠪᠠ᠃ ᠭᠠᠳᠠᠭ᠋ᠠᠳᠤ ᠬᠡᠯᠡᠨ᠎ᠤ ᠬᠢᠴᠢᠶᠡᠯ᠎ᠳᠤ ᠵᠢᠭ᠋ᠠᠨ ᠰᠤᠷᠭ᠋ᠠᠯᠲᠠ ᠵᠢᠨ ᠰᠠᠨᠠᠭᠤᠯᠤᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠢᠭᠡᠴᠢ ᠵᠢᠨ ᠬᠥᠮᠦᠵᠢᠭᠦᠯᠬᠦ ᠦᠨ᠎ᠡ ᠦᠷᠳᠡᠭ᠎ᠢ ᠠᠭᠤᠳᠠᠯᠵᠤ᠂ ᠬᠡᠯᠡ ᠰᠤᠷᠬᠤ ᠠᠵᠢᠯᠯᠠᠭ᠎ᠠ᠎ᠪᠠᠷ ᠳᠠᠮᠵᠢᠭᠤᠯᠤᠨ᠂ ᠰᠤᠷᠤᠭᠴᠢᠳ᠎ᠢ ᠬᠠᠪᠰᠤᠷᠤᠨ ᠪᠡᠶᠡᠴᠢᠯᠡᠨ ᠣᠶ᠋ᠢᠯᠠᠭ᠋ᠠᠬᠤ ᠶᠠᠪᠤᠴᠠ᠎ᠳᠤ ᠰᠤᠷᠤᠯᠴᠠᠭᠤᠯᠵᠤ᠂ ᠦᠢ᠍ᠯᠡᠳᠦᠯᠭᠡ ᠵᠢᠨ ᠶᠠᠪᠤᠴᠠ᠎ᠳᠤ ᠬᠡᠷᠡᠭᠯᠡᠭᠦᠯᠵᠦ᠂ ᠨᠡᠭᠦᠯᠭᠡᠨ ᠰᠢᠯᠵᠢᠭᠦᠯᠬᠦ ᠶᠠᠪᠤᠴᠠ᠎ᠳᠤ ᠰᠢᠨ᠎ᠡ ᠵᠢ ᠡᠭᠦᠳᠪᠡ᠃ ᠤᠷᠠᠯᠢᠭ᠎ᠤᠨ ᠬᠢᠴᠢᠶᠡᠯ᠎ᠳᠤ ᠭᠤᠤᠯᠯᠠᠬᠤ ᠬᠡᠪ ᠪᠣᠯᠪᠠᠰᠤᠷᠠᠯ᠎ᠳᠤ ᠰᠠᠭᠤᠷᠢᠯᠠᠭᠰᠠᠨ᠂ ᠪᠣᠳᠠᠲᠠᠶ ᠬᠡᠷᠡᠭᠵᠢᠭᠦᠯᠵᠦ ᠪᠣᠯᠬᠤᠶ᠋ᠢᠴᠠ ᠶᠠᠪᠤᠴᠠ ᠵᠢᠨ ᠴᠢᠨᠠᠷᠲᠠᠶ ᠦᠨᠡᠯᠡᠬᠦ ᠠᠷᠭ᠎ᠠ ᠮᠠᠶᠢᠭ᠎ᠢ ᠨᠡᠮᠡᠵᠦ᠂ ᠦᠨᠡᠯᠡᠬᠦ ᠭᠤᠤᠯ ᠴᠣᠭᠴᠠ ᠵᠢ ᠣᠯᠠᠨ ᠡᠰᠢᠵᠢᠭᠦᠯᠵᠦ᠂ ᠦᠨᠡᠯᠡᠬᠦ ᠶᠠᠪᠤᠴᠠ ᠵᠢᠨ ᠣᠯᠠᠨ ᠶᠠᠩᠵᠤᠴᠢᠯᠠᠬᠤ ᠵᠢ ᠴᠢᠬᠤᠯᠠᠴᠢᠯᠠᠨ᠂ ᠰᠤᠷᠭ᠋ᠠᠭᠤᠯᠢ ᠪᠠ ᠪᠠᠭᠰᠢ ᠵᠢ ᠬᠥᠲᠥᠯᠦᠨ ᠵᠢᠯᠣᠭᠣᠳᠴᠤ ᠰᠣᠷᠣᠭᠴᠢ᠎ᠳᠤ ᠪᠥᠬᠥ ᠲᠠᠯ᠎ᠠ ᠵᠢᠨ ᠦᠨᠡᠯᠡᠯᠲᠡ ᠬᠢᠯᠭᠡᠨ᠎ᠡ᠃
ᠣᠷᠣᠨ ᠨᠤᠲᠤᠭ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠂ ᠰᠤᠷᠭ᠋ᠠᠭᠤᠯᠢ ᠰᠢᠨ᠎ᠡ᠎ᠪᠠᠷ ᠵᠠᠰᠠᠪᠤᠷᠢ
ᠣᠷᠣᠭᠤᠯᠤᠭᠰᠠᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠲᠥᠰᠦᠯ ᠪᠠ ᠬᠢᠴᠢᠶᠡᠯ
ᠤᠨ ᠪᠠᠷᠢᠮᠵᠢᠶ᠎ᠠ ᠵᠢ ᠬᠡᠷᠬᠢᠨ ᠨᠠᠢ᠌ᠳᠠᠪᠤᠷᠢᠵᠢᠭᠤᠯᠬᠤ ᠪᠣᠶ?
— ᠬᠠᠮᠲᠤ᠎ᠳᠤ᠎ᠪᠠᠨ ᠦᠵᠡᠵᠡᠭᠡᠶ᠎ᠡ!
ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠵᠢ ᠠᠬᠢᠭᠤᠯᠤᠶ᠎ᠠ
(ᠪᠡᠭᠡᠵᠢᠩ ᠬᠣᠲᠠ ᠵᠢᠨ ᠰᠤᠷᠭ᠋ᠠᠨ ᠬᠥᠮᠦᠵᠢᠯ᠎ᠤᠨ ᠵᠥᠪᠯᠡᠯ)
ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠲᠥᠰᠦᠯ ᠪᠣᠯᠤᠨ ᠬᠢᠴᠢᠶᠡᠯ᠎ᠤᠨ ᠪᠠᠷᠢᠮᠵᠢᠶ᠎ᠠ᠎ᠳᠤ ᠰᠢᠨ᠎ᠡ ᠴᠠᠭ ᠦᠶ᠎ᠡ ᠵᠢᠨ ᠴᠢᠳᠠᠪᠤᠷᠢᠲᠠᠨ᠎ᠢ ᠬᠥᠮᠦᠵᠢᠭᠦᠯᠬᠦ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠢᠷᠡᠭᠡᠳᠦᠢ ᠵᠢᠨ ᠰᠤᠷᠭ᠋ᠠᠭᠤᠯᠢ ᠵᠢᠨ ᠬᠥᠮᠦᠨ᠎ᠢ ᠬᠥᠮᠦᠵᠢᠭᠦᠯᠬᠦ ᠵᠢᠷᠤᠭ ᠲᠥᠯᠥᠪᠯᠡᠭᠡ ᠵᠢ ᠵᠢᠷᠤᠭᠯᠠᠵᠤ᠂ ᠬᠢᠴᠢᠶᠡᠯ᠎ᠤᠨ ᠲᠤᠬᠢᠷᠠᠭᠤᠯᠤᠯᠳᠠ᠂ ᠬᠢᠴᠢᠶᠡᠯ᠎ᠤᠨ ᠪᠦᠲᠦᠴᠡ᠂ ᠰᠢᠯᠭ᠋ᠠᠯᠲᠠ ᠦᠨᠡᠯᠡᠯᠲᠡ᠂ ᠬᠢᠴᠢᠶᠡᠯ᠎ᠤᠨ ᠬᠡᠷᠡᠭᠵᠢᠭᠦᠯᠦᠯᠲᠡ ᠵᠡᠷᠭᠡ ᠲᠠᠯ᠎ᠠ ᠵᠢᠨ ᠱᠠᠭ᠋ᠠᠷᠳᠠᠯᠭ᠎ᠠ ᠵᠢ ᠲᠡᠭᠦᠯᠳᠡᠷᠵᠢᠭᠦᠯᠵᠦ᠂ ᠮᠠᠨ᠎ᠤ ᠤᠯᠤᠰ᠎ᠤᠨ ᠵᠡᠭᠦᠨ ᠳᠤᠮᠳᠠ ᠪᠠᠷᠠᠭᠤᠨ ᠣᠷᠣᠨ᠎ᠤ ᠠᠳᠠᠯᠢ ᠪᠤᠰᠤ ᠭᠠᠵᠠᠷ ᠣᠷᠣᠨ᠎ᠤ ᠵᠦᠷᠢᠶ᠎ᠡ ᠵᠢ ᠭᠦᠢ᠍ᠴᠡᠳ ᠪᠣᠳᠣᠯᠬᠢᠯᠠᠵᠤ᠂ ᠡᠯ᠎ᠡ ᠭᠠᠵᠠᠷ ᠣᠷᠣᠨ ᠪᠣᠯᠤᠨ ᠰᠤᠷᠭ᠋ᠠᠭᠤᠯᠢ ᠵᠢ ᠬᠦᠳᠦᠯᠦᠨ ᠵᠢᠯᠣᠭᠣᠳᠴᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠳᠤ ᠠᠰᠢᠭᠲᠠᠢ ᠶᠤᠮ᠃ ᠪᠡᠭᠡᠵᠢᠩ ᠬᠣᠲᠠ ᠳᠤᠤᠷᠠᠬᠢ ᠭᠤᠷᠪᠠᠨ ᠲᠠᠯ᠎ᠠ ᠵᠢᠨ ᠠᠵᠢᠯ᠎ᠢ ᠭᠣᠣᠯᠳᠠᠯᠭ᠋ᠠᠲᠠᠢ ᠰᠠᠶ᠋ᠢᠲᠤᠷ ᠠᠳᠬᠤᠨ᠎ᠠ᠃
ᠨᠢᠭᠡ᠎ᠳᠤ᠂ ᠪᠥᠬᠥ ᠠᠵᠢᠯᠲᠠᠨ᠎ᠤ ᠪᠣᠯᠪᠠᠰᠤᠷᠠᠭᠤᠯᠤᠯ᠎ᠢ ᠪᠣᠳᠠᠲᠠᠶ ᠠᠳᠬᠤᠵᠤ᠂ ᠰᠢᠨ᠎ᠡ ᠬᠢᠴᠢᠶᠡᠯ᠎ᠢ ᠪᠣᠳᠠᠲᠠᠢ᠌ᠵᠢᠭᠤᠯᠤᠨ ᠨᠠᠶ᠋ᠢᠳᠠᠪᠤᠷᠢᠵᠢᠭᠤᠯᠬᠤ ᠵᠢ ᠪᠠᠲᠤᠯᠠᠨ᠎ᠠ᠃ ᠬᠣᠲᠠ ᠵᠢᠨ ᠲᠠᠰ᠎ᠤᠨ ᠰᠢᠯᠭ᠋ᠠᠷᠠᠭᠰᠠᠨ ᠪᠠᠭᠰᠢ ᠵᠢᠨ ᠪᠣᠯᠪᠠᠰᠤᠷᠠᠭᠤᠯᠤᠯ᠂ ᠣᠷᠣᠨ᠎ᠤ ᠲᠠᠰ᠎ᠤᠨ ᠭᠣᠣᠯᠳᠠᠯᠭ᠋ᠠᠲᠠᠢ ᠪᠣᠯᠪᠠᠰᠤᠷᠠᠭᠤᠯᠤᠯ᠂ ᠰᠤᠷᠭ᠋ᠠᠭᠤᠯᠢ ᠵᠢᠨ ᠲᠠᠰ᠎ᠤᠨ ᠪᠥᠬᠥ ᠠᠵᠢᠯᠲᠠᠨ᠎ᠤ ᠪᠣᠯᠪᠠᠰᠤᠷᠠᠭᠤᠯᠤᠯ ᠵᠶ᠋ᠠᠷ ᠳᠠᠮᠵᠢᠭᠤᠯᠤᠨ᠂ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠎ᠠ᠂ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ ᠰᠣᠳᠤᠯᠭ᠋ᠠᠨ᠎ᠤ ᠰᠠᠯᠠᠭ᠎ᠠ ᠮᠥᠴᠢᠷ᠂ ᠰᠤᠷᠭ᠋ᠠᠭᠤᠯᠢ ᠵᠢᠨ ᠺᠠᠳ᠋ᠷ᠂ ᠪᠠᠭᠰᠢ ᠵᠢ ᠪᠦᠷᠢᠨ ᠪᠥᠷᠬᠥᠭᠦᠯᠬᠦ ᠵᠢ ᠪᠡᠶᠡᠯᠡᠭᠦᠯᠦᠨ᠎ᠡ᠃ ᠬᠢᠮᠡᠯ ᠣᠶᠤᠨᠴᠢ ᠵᠢᠭ᠋ᠠᠬᠤ ᠵᠢ ᠰᠤᠳᠤᠯᠬᠤ ᠲᠠᠪᠴᠠᠩ᠎ᠢ ᠪᠠᠶ᠋ᠢᠭᠤᠯᠵᠤ᠂ ᠸᠢᠳᠢᠤ᠋᠎ᠪᠠᠷ ᠰᠢᠭᠤᠳ ᠨᠡᠪᠲᠡᠷᠡᠭᠦᠯᠬᠦ᠂ ᠠᠯᠤᠰ ᠡᠵᠡᠮᠰᠢᠯ ᠵᠶ᠋ᠡᠷ ᠬᠠᠮᠵᠢᠯᠴᠠᠬᠤ᠂ ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ ᠬᠣᠯᠢᠮᠠᠭ ᠮᠠᠶᠢᠭ᠎ᠲᠤ ᠵᠢᠭ᠋ᠠᠬᠤ ᠵᠢ ᠰᠤᠳᠤᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠴᠢᠨᠠᠷᠯᠢᠭ ᠵᠢᠭ᠋ᠠᠬᠤ ᠵᠢ ᠰᠤᠳᠤᠯᠬᠤ ᠵᠢ ᠪᠦᠷᠢᠨ ᠪᠦᠷᠬᠦᠭᠦᠯᠬᠦ ᠵᠢ ᠪᠡᠶᠡᠯᠡᠭᠦᠯᠦᠨ᠎ᠡ᠃ ᠰᠦᠯᠵᠢᠶᠡᠨ᠎ᠳᠠᠬᠢ ᠬᠢᠴᠢᠶᠡᠯ᠎ᠤᠨ ᠲᠠᠩᠬᠢᠮ ᠵᠶ᠋ᠠᠷ ᠬᠣᠯᠪᠣᠭ᠋ᠠᠰᠤ ᠪᠣᠯᠭ᠋ᠠᠵᠤ᠂ ᠳᠡᠭᠡᠭᠰᠢ᠎ᠪᠠᠨ ᠤᠯᠤᠰ᠎ᠤᠨ ᠣᠶᠤᠨᠴᠢ ᠰᠤᠷᠭ᠋ᠠᠨ ᠬᠥᠮᠦᠵᠢᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠲᠠᠢ ᠬᠠᠷᠢᠯᠴᠠᠵᠤ᠂ ᠳᠣᠷᠣᠭᠰᠢ᠎ᠪᠠᠨ ᠲᠣᠭᠣᠷᠢᠭ ᠰᠤᠷᠭ᠋ᠠᠭᠤᠯᠢ ᠵᠢᠨ ᠡᠬᠢ ᠪᠠᠶᠠᠯᠢᠭ᠎ᠤᠨ ᠲᠠᠪᠴᠠᠩ᠎ᠲᠠᠢ ᠵᠣᠯᠭ᠋ᠠᠭᠤᠯᠵᠤ᠂ ᠣᠯᠠᠨ ᠠᠷᠭ᠎ᠠ ᠵᠠᠮ ᠵᠶ᠋ᠠᠷ ᠰᠢᠯᠢᠳᠡᠭ ᠬᠢᠴᠢᠶᠡᠯ᠎ᠢ ᠬᠤᠷᠠᠯᠳᠤᠭᠤᠯᠤᠨ᠎ᠠ᠃
ᠬᠣᠶᠠᠷ᠎ᠲᠤ᠂ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠬᠦ ᠵᠢ ᠴᠢᠩᠭ᠋ᠠᠳᠬᠠᠵᠤ᠂ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠵᠦ᠂ ᠰᠢᠨ᠎ᠡ ᠰᠢᠪᠲᠤᠯᠤᠯᠲᠠ ᠵᠢ ᠠᠬᠢᠭᠤᠯᠤᠨ᠎ᠠ᠃ ᠭᠤᠯᠳᠤ᠎ᠪᠠᠷ ᠰᠤᠷᠤᠯᠴᠠᠬᠤ ᠵᠢ ᠣᠷᠭ᠋ᠠᠨᠢᠭ ᠵᠶ᠋ᠠᠷ ᠵᠣᠯᠭ᠋ᠠᠭᠤᠯᠬᠤ ᠵᠢ ᠴᠢᠩᠭ᠋ᠠᠳᠬᠠᠵᠤ᠂ ᠨᠢᠭᠡᠳᠦᠭᠡᠷ ᠣᠨ᠎ᠤ 《ᠲᠡᠭ ᠡᠬᠢᠯᠡᠯᠲᠡ》 ᠵᠢᠨ ᠵᠢᠭ᠋ᠠᠨ ᠰᠤᠷᠭ᠋ᠠᠯᠲᠠ ᠵᠢ ᠪᠠᠷᠢᠮᠲᠠᠯᠠᠵᠤ᠂ ᠬᠢᠴᠢᠶᠡᠯ᠎ᠤᠨ ᠲᠥᠰᠦᠯ ᠪᠠ ᠬᠢᠴᠢᠶᠡᠯ᠎ᠤᠨ ᠪᠠᠷᠢᠮᠵᠢᠶ᠎ᠠ ᠵᠢ ᠴᠢᠩᠭ᠎ᠠ ᠪᠠᠷᠢᠮᠲᠠᠯᠠᠨ ᠵᠢᠭ᠋ᠠᠨ ᠰᠤᠷᠭ᠋ᠠᠯᠲᠠ ᠵᠢ ᠥᠷᠨᠢᠭᠦᠯᠵᠦ᠂ ᠪᠠᠭ᠎ᠠ ᠰᠤᠷᠭ᠋ᠠᠭᠤᠯᠢ ᠵᠢᠨ ᠨᠢᠭᠡ᠎ᠠᠴᠠ ᠬᠣᠶᠠᠳᠤᠭ᠋ᠠᠷ ᠣᠨ᠎ᠤ ᠬᠢᠴᠢᠶᠡᠯ᠎ᠢ ᠵᠦᠶ ᠵᠣᠬᠢᠰᠲᠠᠶ ᠲᠥᠯᠦᠪᠯᠡᠵᠦ᠂ ᠪᠠᠭ᠎ᠠ ᠰᠤᠷᠭ᠋ᠠᠭᠤᠯᠢ ᠪᠠ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠢᠴᠢᠶᠡᠯ᠎ᠢ ᠵᠣᠯᠭ᠋ᠠᠭᠤᠯᠬᠤ ᠵᠢ ᠠᠩᠬᠠᠷᠴᠤ᠂ ᠠᠳᠠᠯᠢ ᠪᠤᠰᠤ ᠱᠠᠲᠤᠨ᠎ᠤ ᠠᠭᠤᠯᠭ᠎ᠠ ᠵᠢ ᠵᠦᠶ ᠵᠣᠬᠢᠰᠲᠠᠶ ᠲᠣᠬᠢᠷᠠᠭᠤᠯᠵᠤ᠂ ᠦᠷᠭᠦᠯᠵᠢᠯᠡᠯ ᠴᠢᠨᠠᠷ ᠪᠠ ᠱᠠᠲᠤᠯᠢᠭ ᠴᠢᠨᠠᠷ᠎ᠢ ᠢᠯᠡᠷᠡᠭᠦᠯᠦᠨ᠎ᠡ᠃ ᠬᠢᠴᠢᠶᠡᠯ ᠲᠥᠷᠦᠯ᠎ᠤᠨ ᠬᠥᠨᠳᠡᠯᠡᠨ ᠵᠶ᠋ᠠᠷ ᠪᠦᠲᠦᠮᠵᠢᠲᠡᠶ ᠬᠠᠮᠵᠢᠯᠴᠠᠬᠤ ᠵᠢ ᠴᠢᠩᠭ᠋ᠠᠳᠬᠠᠨ᠂ ᠡᠯ᠎ᠡ ᠲᠥᠷᠥᠯ᠎ᠤᠨ ᠬᠢᠴᠢᠶᠡᠯ᠎ᠢ 10 %᠎ᠠᠴᠠ ᠳᠡᠭᠡᠭᠰᠢ ᠬᠢᠴᠢᠶᠡᠯ᠎ᠤᠨ ᠴᠠᠭ ᠵᠶ᠋ᠠᠷ ᠶᠡᠷᠦᠩᠬᠡᠶ᠋ᠢᠯᠡᠭᠰᠡᠨ ᠴᠢᠨᠠᠷᠲᠠᠶ ᠬᠢᠴᠢᠶᠡᠯ ᠠᠯᠤᠰᠯᠠᠭᠰᠠᠨ ᠭᠤᠤᠯ ᠰᠡᠳᠦᠪᠲᠦ ᠰᠤᠷᠤᠯᠴᠠᠯᠭ᠎ᠠ ᠵᠢ ᠥᠷᠨᠢᠭᠦᠯᠵᠦ᠂ ᠰᠤᠷᠤᠭᠴᠢᠳ᠎ᠤᠨ ᠮᠡᠳᠡᠯᠭᠡ᠎ᠪᠠᠨ ᠬᠡᠷᠡᠭᠯᠡᠨ ᠪᠣᠳᠠᠲᠠᠶ ᠠᠰᠠᠭᠤᠳᠠᠯ᠎ᠢ ᠰᠢᠢ᠍ᠳᠪᠦᠷᠢᠯᠡᠬᠦ ᠦᠵᠡᠯ ᠤᠬᠠᠮᠰᠠᠷ ᠪᠠ ᠴᠢᠳᠠᠪᠤᠷᠢ ᠵᠢ ᠬᠥᠮᠥᠵᠢᠭᠦᠯᠦᠨ᠎ᠡ᠃ ᠬᠢᠴᠢᠶᠡᠯ ᠳᠡᠭᠡᠷᠡᠬᠢ ᠪᠠ ᠬᠢᠴᠢᠶᠡᠯ᠎ᠤᠨ ᠭᠠᠳᠠᠨᠠᠬᠢ ᠰᠤᠷᠤᠯᠴᠠᠯᠭ᠎ᠠ ᠵᠢ ᠣᠷᠭ᠋ᠠᠨᠢᠭ ᠵᠶ᠋ᠠᠷ ᠠᠭᠤᠰᠬᠠᠬᠤ ᠵᠢ ᠴᠢᠩᠭ᠋ᠠᠳᠬᠠᠵᠤ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ ᠪᠠ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ ᠵᠢ ᠪᠦᠬᠦᠯᠢ ᠴᠣᠭᠴᠠ᠎ᠪᠠᠷ ᠲᠥᠯᠦᠪᠵᠢᠭᠦᠯᠦᠨ᠎ᠡ᠃
ᠭᠤᠷᠪᠠ᠎ᠳᠤ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠲᠡᠭᠦᠯᠳᠡᠷᠵᠢᠭᠦᠯᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠬᠥᠲᠥᠯᠥᠨ ᠳᠠᠭ᠋ᠠᠭᠤᠯᠤᠨ᠎ᠠ᠃ ᠬᠣᠲᠠ ᠵᠢᠨ ᠱᠠᠲᠤᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠬᠡᠷᠡᠭᠵᠢᠭᠦᠯᠬᠦ ᠠᠷᠭ᠎ᠠ ᠵᠢ ᠲᠣᠭᠲᠠᠭ᠋ᠠᠵᠤ᠂ ᠵᠢᠭ᠋ᠠᠨ ᠰᠤᠷᠭ᠋ᠠᠯᠲᠠ ᠵᠢᠨ ᠦᠨᠳᠦᠰᠦᠨ ᠱᠠᠭ᠋ᠠᠷᠳᠠᠯᠭ᠎ᠠ᠂ ᠦᠨᠳᠦᠰᠦᠨ ᠵᠢᠷᠤᠮᠵᠢᠯ᠂ ᠦᠨᠳᠦᠰᠦᠨ ᠳᠦᠷᠢᠮ᠎ᠢ ᠨᠠᠢ᠌ᠳᠠᠪᠤᠷᠢᠵᠢᠭᠤᠯᠤᠨ᠎ᠠ; ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠵᠠᠬᠢᠷᠤᠯ ᠪᠠ ᠪᠠᠭᠰᠢ ᠵᠢᠨ ᠠᠵᠢᠯ᠎ᠤᠨ ᠪᠠᠶ᠋ᠢᠷᠢ ᠡᠭᠡᠯᠵᠢᠯᠡᠬᠦ ᠵᠢ ᠪᠥᠬᠥ ᠲᠠᠯ᠎ᠠ᠎ᠪᠠᠷ ᠠᠬᠢᠭᠤᠯᠤᠨ᠎ᠠ; ᠰᠤᠷᠭ᠋ᠠᠨ ᠬᠥᠮᠦᠵᠢᠯ᠎ᠢ ᠬᠢᠨᠠᠨ ᠵᠢᠯᠣᠭᠣᠳᠬᠤ ᠵᠢ ᠴᠢᠩᠭ᠋ᠠᠳᠬᠠᠵᠤ᠂ ᠬᠢᠴᠢᠶᠡᠯ ᠲᠥᠷᠥᠯ᠎ᠤᠨ ᠦᠢ᠍ᠯᠡᠳᠦᠯᠭᠡ᠂ ᠬᠢᠴᠢᠶᠡᠯ ᠲᠥᠷᠥᠯ᠎ᠤᠨ ᠳᠠᠷᠤᠭ᠋ᠠᠰᠤ ᠵᠢ ᠬᠢᠨᠠᠨ ᠵᠢᠯᠣᠭᠣᠳᠬᠤ᠎ᠳᠤ ᠣᠷᠣᠭᠤᠯᠤᠨ᠎ᠠ; 《ᠬᠣᠶᠠᠷ᠎ᠢ ᠬᠥᠩᠭᠡᠷᠡᠭᠦᠯᠬᠦ》 ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠬᠢᠮᠡᠯ ᠣᠶᠤᠨ ᠵᠡᠷᠭᠡ ᠮᠡᠳᠡᠭᠡ ᠵᠠᠩᠭᠢᠴᠢᠯᠠᠯᠲᠠ ᠵᠢᠨ ᠠᠷᠭ᠎ᠠ ᠪᠠᠷᠢᠯ᠎ᠢ ᠢᠳᠡᠪᠬᠢᠲᠡᠶ ᠠᠰᠢᠭᠯᠠᠨ᠂ ᠪᠠᠭᠰᠢ᠎ᠳᠤ ᠰᠠᠭᠤᠷᠢ ᠮᠠᠲ᠋ᠧᠷᠢᠶᠠᠯ᠂ ᠰᠢᠯᠢᠳᠡᠭ ᠡᠬᠢ ᠪᠠᠶᠠᠯᠢᠭ ᠪᠠ ᠥᠪᠡᠷᠮᠢᠴᠡ ᠵᠢᠯᠣᠭᠣᠳᠣᠯᠭ᠎ᠠ ᠬᠠᠩᠭ᠋ᠠᠨ᠎ᠠ; ᠳᠠᠰᠬᠠᠯ᠎ᠤᠨ ᠦᠨᠡᠯᠡᠯᠲᠡ ᠵᠢ ᠦᠨᠡᠨ ᠬᠦ᠌ ᠴᠢᠩᠭ᠋ᠠᠳᠬᠠᠵᠤ᠂ ᠥᠪᠡᠷᠮᠢᠴᠡ ᠦᠨᠡᠯᠡᠯᠲᠡ ᠵᠢᠨ ᠦᠷ᠎ᠡ ᠳ᠋ᠦᠩ᠎ᠢ ᠪᠣᠶ ᠪᠣᠯᠭ᠋ᠠᠵᠤ᠂ ᠪᠠᠭᠰᠢ ᠵᠢ ᠬᠠᠪᠰᠤᠷᠤᠨ ᠰᠤᠷᠤᠯᠭ᠎ᠠ ᠵᠢᠨ ᠪᠠᠶ᠋ᠢᠳᠠᠯ᠎ᠢ ᠨᠠᠷᠢᠯᠢᠭ ᠣᠨᠣᠴᠠᠲᠠᠶ ᠣᠨᠣᠰᠢᠯᠠᠨ᠎ᠠ᠃
ᠰᠤᠷᠭ᠋ᠠᠭᠤᠯᠢ ᠵᠢᠨ ᠦᠢ᠍ᠯᠡᠳᠦᠯᠭᠡ ᠵᠢ ᠤᠯᠠᠷᠢᠭᠤᠯᠬᠤ ᠬᠦᠴᠦᠨ᠎ᠢ ᠳᠡᠭᠡᠭᠰᠢᠯᠡᠭᠦᠯᠬᠦ᠎ᠪᠠᠷ ᠭᠤᠤᠯᠳᠠᠯᠭ᠎ᠠ
ᠪᠣᠯᠭ᠋ᠠᠬᠤ ᠬᠡᠷᠡᠭᠲᠡᠢ
— (ᠤᠯᠤᠰ᠎ᠤᠨ ᠰᠤᠷᠭ᠋ᠠᠭᠤᠯᠢ ᠪᠠᠶ᠋ᠢᠴᠠᠭ᠋ᠠᠭᠴᠢ᠂ ᠪᠡᠭᠡᠵᠢᠩ ᠬᠤᠳᠠ ᠵᠢᠨ ᠵᠦᠩ ᠭᠤᠸᠠᠨ
ᠼᠦᠨ᠎ᠤ ᠭᠤᠷᠪᠠᠳᠤᠭ᠋ᠠᠷ ᠪᠠᠭ᠎ᠠ ᠰᠤᠷᠭ᠋ᠠᠭᠤᠯᠢ ᠵᠢᠨ ᠤᠤᠯ᠎ᠤᠨ ᠵᠠᠬᠢᠷᠤᠯ ᠯᠢᠦ ᠺᠸ ᠴᠢᠨ)
ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠲᠥᠰᠦᠯ ᠪᠣᠯᠤᠨ ᠬᠢᠴᠢᠶᠡᠯ᠎ᠤᠨ ᠪᠠᠷᠢᠮᠵᠢᠶ᠎ᠠ᠎ᠨᠢ ᠤᠯᠤᠰ᠎ᠤᠨ ᠲᠠᠰ᠎ᠤᠨ ᠬᠥᠮᠦᠨ᠎ᠢ ᠬᠥᠮᠦᠵᠢᠭᠦᠯᠬᠦ ᠬᠠᠷᠠᠯᠲᠠ ᠵᠢ ᠲᠣᠳᠤᠷᠠᠭᠤᠯᠵᠤ᠂ ᠥᠭᠡᠷᠡᠴᠢᠯᠡᠯᠲᠡ ᠵᠢᠨ ᠴᠢᠭᠯᠡᠯ᠎ᠢ ᠨᠠᠷᠢᠯᠢᠭ ᠣᠨᠣᠴᠠᠲᠠᠢ ᠵᠢᠭ᠋ᠠᠵᠤ᠂ ᠬᠢᠴᠢᠶᠡᠯ᠎ᠤᠨ ᠠᠭᠤᠯᠭ᠎ᠠ ᠵᠢᠴᠢ ᠵᠣᠬᠢᠶᠠᠨ ᠪᠠᠶ᠋ᠢᠭᠤᠯᠤᠯᠲᠠ ᠵᠢᠨ ᠢᠯᠡᠷᠡᠬᠦ ᠬᠡᠯᠪᠡᠷᠢ ᠵᠢ ᠰᠢᠯᠢᠳᠡᠭᠵᠢᠭᠦᠯᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠪᠡᠶᠡᠯᠡᠭᠦᠯᠬᠦ ᠵᠢ ᠳᠠᠬᠢᠨ ᠳᠠᠶ᠋ᠢᠴᠢᠯᠠᠨ ᠪᠠᠶ᠋ᠢᠷᠢᠯᠠᠭᠤᠯᠬᠤ ᠬᠥᠲᠥᠯᠪᠦᠷᠢ ᠵᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃ ᠡᠯ᠎ᠡ ᠰᠤᠷᠭ᠋ᠠᠭᠤᠯᠢ ᠵᠢᠨ᠎ᠬᠢᠨ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠬᠡᠷᠡᠭᠵᠢᠭᠦᠯᠬᠦ᠎ᠳᠤ᠎ᠪᠠᠨ ᠬᠢᠴᠢᠶᠡᠯ᠎ᠤᠨ ᠠᠭᠤᠯᠭ᠎ᠠ᠂ ᠵᠢᠭ᠋ᠠᠨ ᠰᠤᠷᠭ᠋ᠠᠬᠤ ᠪᠠ ᠵᠢᠭ᠋ᠠᠨ ᠰᠤᠷᠭ᠋ᠠᠬᠤ ᠠᠷᠭ᠎ᠠ ᠮᠠᠶᠢᠭ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠡᠷᠭᠡ ᠬᠦᠷᠢᠶᠡᠨ᠎ᠳᠤ ᠭᠣᠣᠯᠳᠠᠯᠭ᠋ᠠᠲᠠᠢ ᠥᠭᠡᠷᠡᠴᠢᠯᠡᠯᠲᠡ ᠬᠢᠵᠦ᠂ ᠰᠤᠷᠭ᠋ᠠᠭᠤᠯᠢ ᠵᠢᠨ ᠦᠢ᠍ᠯᠡᠳᠦᠯᠭᠡ ᠵᠢ ᠬᠤᠪᠢᠷᠠᠭᠤᠯᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃
ᠨᠢᠭᠡ᠎ᠳᠤ᠂ ᠤᠯᠤᠰ᠎ᠤᠨ ᠬᠢᠴᠢᠶᠡᠯ᠎ᠤᠨ ᠰᠤᠷᠭ᠋ᠠᠭᠤᠯᠢ᠎ᠳᠠᠬᠢ ᠠᠵᠢᠯᠯᠠᠭ᠋ᠠᠨ᠎ᠤ ᠴᠢᠳᠠᠪᠤᠷᠢ ᠵᠢ ᠴᠢᠩᠭ᠋ᠠᠷᠠᠭᠤᠯᠪᠠ᠃ ᠡᠯ᠎ᠡ ᠰᠤᠷᠭ᠋ᠠᠭᠤᠯᠢ ᠵᠢᠨ᠎ᠬᠢᠨ ᠤᠯᠤᠰ᠎ᠤᠨ ᠬᠢᠴᠢᠶᠡᠯ᠎ᠤᠨ ᠲᠥᠰᠦᠯ ᠪᠣᠯᠤᠨ ᠬᠢᠴᠢᠶᠡᠯ᠎ᠤᠨ ᠪᠠᠷᠢᠮᠵᠢᠶ᠎ᠠ ᠵᠢᠴᠢ ᠮᠤᠵᠢ ᠵᠢᠨ ᠱᠠᠲᠤᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠬᠡᠷᠡᠭᠵᠢᠭᠦᠯᠬᠦ ᠠᠷᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠣᠶ᠋ᠢᠯᠠᠭ᠋ᠠᠵᠤ᠂ ᠬᠢᠴᠢᠶᠡᠯ᠎ᠤᠨ ᠥᠭᠡᠷᠡᠴᠢᠯᠡᠯᠲᠡ ᠵᠢ ᠬᠡᠷᠡᠭᠵᠢᠭᠦᠯᠬᠦ ᠶᠠᠪᠤᠴᠠ᠎ᠳᠤ ᠲᠤᠰ ᠰᠤᠷᠭ᠋ᠠᠭᠤᠯᠢ ᠵᠢᠨ ᠵᠶ᠋ᠠᠨ ᠲᠤᠷᠰᠢᠯᠭ᠎ᠠ ᠪᠣᠯᠤᠨ ᠠᠰᠠᠭᠤᠳᠠᠯ᠎ᠢ ᠪᠦᠬᠦ ᠲᠠᠯ᠎ᠠ᠎ᠪᠠᠷ ᠡᠮᠬᠢᠯᠡᠨ ᠵᠠᠳᠠᠯᠵᠤ᠂ ᠰᠤᠷᠭ᠋ᠠᠭᠤᠯᠢ ᠵᠢᠨ ᠵᠶ᠋ᠠᠨ ᠣᠨᠴᠠ ᠪᠠᠶ᠋ᠢᠭ᠎ᠠ ᠡᠬᠢ ᠪᠠᠶᠠᠯᠢᠭ ᠪᠣᠯᠤᠨ ᠨᠥᠬᠥᠴᠡᠯ᠎ᠢ ᠵᠠᠳᠠᠯᠵᠤ᠂ ᠤᠯᠤᠰ᠎ᠤᠨ ᠬᠢᠴᠢᠶᠡᠯ᠎ᠢ ᠨᠠᠶ᠋ᠢᠳᠠᠪᠤᠷᠢᠵᠢᠭᠤᠯᠬᠤ ᠰᠤᠷᠭ᠋ᠠᠭᠤᠯᠢ ᠵᠢᠨ ᠥᠪᠡᠷ᠎ᠤᠨ ᠦᠢ᠍ᠯᠡᠳᠦᠯᠭᠡ ᠵᠢᠨ ᠳᠣᠭᠲᠠᠯᠴᠠᠭ᠎ᠠ ᠵᠢ ᠰᠤᠳᠤᠯᠤᠨ ᠲᠣᠭᠲᠠᠭ᠋ᠠᠵᠤ᠂ ᠬᠢᠴᠢᠶᠡᠯ ᠲᠥᠷᠦᠯ᠎ᠤᠨ ᠪᠠᠶ᠋ᠢᠷᠢᠯᠠᠭᠤᠯᠤᠯᠲᠠ ᠪᠣᠯᠤᠨ ᠬᠥᠮᠦᠨ᠎ᠢ ᠬᠥᠮᠦᠵᠢᠭᠦᠯᠬᠦ ᠬᠢᠴᠢᠶᠡᠯ ᠲᠥᠷᠥᠯ᠎ᠤᠨ ᠬᠠᠷᠠᠯᠲᠠ᠎ᠪᠠᠨ ᠤᠯᠠᠮ ᠨᠢᠭᠡ ᠠᠯᠬᠤᠮ ᠨᠠᠷᠢᠯᠢᠭᠵᠢᠭᠤᠯᠬᠤ ᠬᠡᠷᠡᠭᠲᠡᠢ᠃
ᠬᠣᠶᠠᠷ᠎ᠲᠤ᠂ ᠬᠥᠮᠦᠨ᠎ᠢ ᠬᠥᠮᠦᠵᠢᠭᠦᠯᠬᠦ ᠠᠷᠭ᠎ᠠ ᠬᠡᠯᠪᠡᠷᠢ ᠵᠢᠨ ᠥᠭᠡᠷᠡᠴᠢᠯᠡᠯᠲᠡ ᠵᠢ ᠯᠠᠪᠳᠠᠭᠤᠨ ᠪᠠᠲᠤᠲᠠᠢ ᠠᠬᠢᠭᠤᠯᠪᠠ᠃ ᠵᠢᠱ᠌ᠢᠶᠡᠯᠡᠪᠡᠯ᠂ ᠬᠢᠴᠢᠶᠡᠯ ᠲᠥᠷᠦᠯ ᠨᠢ ᠲᠤᠰ ᠲᠤᠰ ᠵᠶ᠋ᠠᠷ ᠵᠶ᠋ᠠᠨ ᠲᠤᠭ ᠪᠣᠰᠬᠠᠵᠤ᠂ ᠬᠥᠮᠦᠨ᠎ᠢ ᠬᠥᠮᠦᠵᠢᠭᠦᠯᠬᠦ ᠬᠠᠮ ᠬᠦᠴᠦᠨ᠎ᠢ ᠪᠦᠷᠢᠯᠳᠦᠭᠦᠯᠵᠦ ᠴᠢᠳᠠᠬᠤ ᠥᠬᠡᠶ ᠪᠠᠶ᠋ᠢᠬᠤ ᠠᠰᠠᠭᠤᠳᠠᠯ᠎ᠳᠤ ᠴᠢᠭᠯᠡᠭᠦᠯᠦᠨ᠂ ᠰᠤᠷᠭ᠋ᠠᠭᠤᠯᠢ᠎ᠠᠴᠠ ᠣᠨᠴᠠᠭ᠋ᠠᠶ᠋ᠢᠯᠠᠨ ᠡᠨᠡ ᠤᠳᠠᠭ᠋ᠠᠨ᠎ᠤ ᠨᠡᠮᠡᠭᠰᠡᠨ ᠬᠢᠴᠢᠶᠡᠯ ᠲᠥᠷᠦᠯ ᠠᠯᠤᠰᠯᠠᠭᠰᠠᠨ ᠭᠤᠤᠯ ᠰᠡᠳᠦᠪᠲᠦ ᠰᠤᠷᠤᠯᠴᠠᠯᠭ᠎ᠠ ᠵᠢᠨ ᠠᠵᠢᠯᠯᠠᠭ᠎ᠠ᠎ᠲᠠᠢ ᠤᠶᠠᠯᠳᠤᠭᠤᠯᠵᠤ᠂ ᠵᠣᠬᠢᠴᠠᠩᠭᠤᠶ ᠬᠢᠴᠢᠶᠡᠯ᠎ᠢ ᠰᠤᠳᠤᠯᠤᠨ ᠨᠡᠭᠡᠭᠡᠬᠦ ᠲᠣᠭᠲᠠᠴᠠ ᠵᠢ ᠪᠠᠶ᠋ᠢᠭᠤᠯᠵᠤ᠂ ᠪᠠᠭᠰᠢ ᠵᠢ ᠬᠥᠲᠥᠯᠥᠨ ᠵᠢᠯᠣᠭᠣᠳᠴᠤ ᠬᠢᠴᠢᠶᠡᠯ ᠲᠥᠷᠦᠯ᠎ᠤᠨ ᠵᠠᠭ᠋ᠠᠭ᠎ᠢ ᠰᠢᠪᠲᠤᠯᠵᠤ᠂ ᠪᠠᠭᠰᠢ ᠵᠢᠨ ᠬᠢᠴᠢᠶᠡᠯ ᠲᠥᠷᠦᠯ ᠠᠯᠤᠰᠯᠠᠭᠰᠠᠨ ᠵᠢᠭ᠋ᠠᠬᠤ ᠵᠢ ᠰᠤᠳᠤᠯᠬᠤ ᠠᠵᠢᠯ᠎ᠢ ᠥᠷᠨᠢᠭᠦᠯᠬᠦ ᠵᠢ ᠵᠣᠷᠢᠭᠵᠢᠭᠤᠯᠵᠤ᠂ ᠰᠤᠷᠤᠭᠴᠢᠳ᠎ᠤᠨ ᠰᠤᠷᠤᠯᠴᠠᠬᠤ ᠶᠠᠪᠤᠴᠠ᠎ᠳᠠᠬᠢ ᠥᠷᠲᠡᠭ᠎ᠤᠨ ᠤᠳᠬ᠎ᠠ ᠠᠭᠤᠯᠭ᠎ᠠ ᠪᠠ ᠰᠣᠨᠢᠷᠬᠠᠯᠲᠤ ᠴᠢᠨᠠᠷ᠎ᠢ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠢ᠃
ᠭᠤᠷᠪᠠ᠎ᠳᠤ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢᠨ ᠰᠢᠨ᠎ᠡ ᠠᠷᠭ᠎ᠠ ᠵᠠᠮ᠎ᠢ ᠨᠡᠭᠡᠭᠡᠪᠡ᠃ ᠬᠢᠴᠢᠶᠡᠯ᠎ᠤᠨ ᠥᠭᠡᠷᠡᠴᠢᠯᠡᠯᠲᠡ ᠵᠢ ᠬᠠᠮᠢᠭ᠎ᠠ ᠬᠦᠷᠲᠡᠯ᠎ᠡ ᠬᠢᠪᠠᠯ ᠰᠤᠷᠭ᠋ᠠᠭᠤᠯᠢ ᠵᠢᠨ ᠬᠠᠮᠢᠶᠠᠷᠤᠯᠲᠠ ᠵᠢ ᠲᠡᠨᠳᠡ ᠬᠦᠷᠲᠡᠯ᠎ᠡ ᠳᠡᠮᠵᠢᠵᠦ᠂ ᠰᠠᠶ᠋ᠢᠨ ᠰᠠᠶ᠋ᠢᠬᠠᠨ ᠲᠦᠷᠢᠮ᠎ᠤᠨ ᠣᠷᠴᠢᠨ ᠨᠥᠬᠥᠴᠡᠯ᠎ᠢ ᠪᠣᠶ ᠪᠣᠯᠭ᠋ᠠᠵᠤ᠂ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ᠎ᠳᠤ ᠣᠷᠣᠨ ᠵᠠᠶ ᠡᠭᠦᠳᠴᠦ ᠥᠭᠪᠡ᠃ ᠡᠳᠦᠷ ᠲᠤᠲᠤᠮ᠎ᠤᠨ ᠴᠢᠨᠠᠷᠯᠢᠭ ᠵᠢᠭ᠋ᠠᠨ ᠰᠤᠷᠭ᠋ᠠᠯᠲᠠ ᠵᠢᠨ ᠰᠤᠳᠤᠯᠭ᠋ᠠᠨ᠎ᠢ ᠥᠷᠨᠢᠭᠦᠯᠬᠦ᠎ᠪᠠᠷ ᠳᠠᠮᠵᠢᠭᠤᠯᠤᠨ᠂ ᠪᠠᠭᠰᠢ ᠵᠢᠨ ᠲᠤᠰᠬᠠᠶ ᠮᠡᠷᠭᠡᠵᠢᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠪᠡ᠃ ᠤᠯᠠᠮᠵᠢᠯᠠᠯᠲᠤ 《ᠶᠡᠬᠡ ᠲᠣᠯᠬᠢᠶᠠᠨ᠎ᠲᠤ》 ᠮᠡᠳᠡᠭᠦᠯᠦᠯᠲᠡ ᠰᠣᠨᠣᠰᠬᠤ ᠪᠣᠯᠪᠠᠰᠤᠷᠠᠭᠤᠯᠤᠯ ᠪᠠ 《ᠺᠠᠷᠲ ᠴᠣᠬᠢᠬᠤ ᠮᠠᠶᠢᠭ》᠎ᠤᠨ ᠵᠢᠭ᠋ᠠᠬᠤ ᠵᠢ ᠰᠤᠳᠤᠯᠬᠤ ᠠᠷᠭ᠎ᠠ ᠵᠠᠮ᠎ᠳᠤ ᠲᠦᠰᠢᠭᠯᠡᠬᠦ ᠵᠢ ᠲᠠᠶᠠᠭᠳᠠᠬᠤ ᠬᠡᠷᠡᠭᠲᠡᠢ᠃ ᠪᠠᠭᠰᠢ ᠵᠢᠨ ᠲᠤᠰᠬᠠᠶ ᠮᠡᠷᠭᠡᠵᠢᠯ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠢᠴᠢᠶᠡᠯ᠎ᠤᠨ ᠪᠠᠷᠢᠮᠵᠢᠶ᠎ᠠ ᠵᠢ ᠱᠠᠲᠤ ᠬᠤᠪᠢᠶᠠᠨ ᠰᠤᠷᠤᠯᠴᠠᠬᠤ ᠪᠠ ᠲᠤᠰᠬᠠᠶ ᠰᠡᠳᠦᠪ ᠵᠶ᠋ᠠᠷ ᠦᠢ᠍ᠯᠡᠳᠦᠯᠭᠡᠵᠢᠭᠦᠯᠬᠦ ᠵᠢ ᠰᠤᠳᠤᠯᠤᠨ ᠳᠣᠭᠲᠠᠭ᠋ᠠᠬᠤ ᠬᠡᠷᠡᠭᠲᠡᠢ᠃ ᠵᠢᠭ᠋ᠠᠨ ᠰᠤᠷᠭ᠋ᠠᠯᠲᠠ ᠵᠢ ᠦᠨᠡᠯᠡᠬᠦ ᠢᠳᠡᠪᠬᠢᠲᠡᠶ ᠤᠳᠤᠷᠢᠳᠤᠮᠵᠢ ᠵᠢᠨ ᠦᠢ᠍ᠯᠡᠳᠦᠯ᠎ᠢ ᠪᠠᠳᠠᠷᠠᠭᠤᠯᠵᠤ᠂ ᠪᠠᠭᠰᠢ ᠵᠢ 《ᠵᠢᠭ᠋ᠠᠬᠤ ᠮᠠᠲ᠋ᠧᠷᠢᠶᠠᠯ᠂ ᠰᠢᠯᠭ᠋ᠠᠯᠲᠠ᠂ ᠬᠤᠪᠢ》 ᠭᠡᠬᠦ ᠵᠢᠵᠢᠭ ᠶᠢᠷᠲᠢᠨᠴᠦ᠎ᠠᠴᠠ ᠭᠠᠷᠭ᠋ᠠᠬᠤ᠎ᠪᠠᠷ ᠬᠥᠲᠥᠯᠥᠨ ᠵᠢᠯᠣᠭᠣᠳᠴᠤ᠂ ᠨᠠᠩ ᠥᠷᠭᠡᠨ ᠳᠡᠯᠭᠡᠷ ᠬᠠᠷᠠᠭ᠋ᠠᠰᠤ᠎ᠠᠴᠠ ᠰᠢᠨ᠎ᠡ ᠵᠢᠭ᠋ᠠᠨ ᠰᠤᠷᠭ᠋ᠠᠯᠲᠠ ᠪᠠ ᠵᠢᠭ᠋ᠠᠨ ᠰᠤᠷᠭ᠋ᠠᠯᠲᠠ ᠵᠢᠨ ᠠᠷᠭ᠎ᠠ ᠬᠡᠯᠪᠡᠷᠢ ᠵᠢ ᠰᠤᠳᠤᠯᠵᠤ᠂ ᠤᠯᠤᠰ᠎ᠤᠨ ᠬᠢᠴᠢᠶᠡᠯ᠎ᠤᠨ ᠪᠠᠷᠢᠮᠵᠢᠶᠠᠨ᠎ᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠬᠢᠴᠢᠶᠡᠯ᠎ᠤᠨ ᠲᠠᠩᠬᠢᠮ᠎ᠤᠨ ᠦᠢ᠍ᠯᠡᠳᠦᠯᠭᠡ ᠵᠢ ᠪᠠᠶ᠋ᠢᠭᠤᠯᠵᠤ᠂ ᠳᠤᠮᠳᠠᠳᠤ ᠤᠯᠤᠰ᠎ᠤᠨ ᠡᠬᠡ ᠭᠠᠵᠠᠷ᠎ᠲᠤ ᠦᠨᠳᠦᠰᠦᠯᠡᠭᠰᠡᠨ᠂ ᠢᠷᠡᠭᠡᠳᠦᠶ᠎ᠳᠤ ᠬᠠᠨᠳᠤᠭᠰᠠᠨ ᠰᠤᠷᠭ᠋ᠠᠭᠤᠯᠢ ᠵᠢᠨ ᠴᠢᠨᠠᠷᠯᠢᠭ ᠬᠥᠭᠵᠢᠯᠲᠡ ᠵᠢᠨ ᠵᠠᠮ ᠵᠶ᠋ᠠᠷ ᠵᠠᠮᠨᠠᠬᠤ ᠬᠡᠷᠡᠭᠲᠡᠶ᠃