ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠰᠤᠷᠤᠭᠴᠢ ᠵᠢ ᠳᠡᠳᠬᠦᠨ ᠲᠤᠰᠠᠯᠠᠬᠤ ᠠᠵᠢᠯ》᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2022-08-19



     8 ᠰᠠᠷ᠎ᠠ ᠵᠢᠨ 12᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠰᠤᠷᠤᠭᠴᠢ ᠵᠢ ᠳᠡᠳᠬᠦᠨ ᠲᠤᠰᠠᠯᠠᠬᠤ ᠠᠵᠢᠯ》᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶᠠᠨ᠎ᠤ ᠭᠡᠰᠢᠭᠦᠨ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠯᠢ ᠶᠢᠩ ᠭᠤᠤᠯᠯᠠᠨ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠡᠷᠭᠡ ᠬᠣᠯᠪᠤᠭᠳᠠᠬᠤ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠰᠤᠷᠤᠭᠴᠢ ᠵᠢ ᠳᠡᠳᠬᠦᠨ
      ᠲᠤᠰᠠᠯᠠᠬᠤ   ᠠᠵᠢᠯ᠎ᠤᠨ   ᠰᠣᠨᠢᠨ ᠮᠡᠳᠡᠭᠡ   ᠨᠡᠶ᠋ᠢᠲᠡᠯᠡᠬᠦ ᠬᠤᠷᠠᠯ   ᠳᠡᠭᠡᠷᠡᠬᠢ ᠨᠡᠢ᠌ᠲᠡᠯᠡᠯ᠎ᠤᠨ   ᠦᠭᠡ


          ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ

         ᠎ᠤᠨ ᠬᠣᠷᠢᠶᠠᠨ᠎ᠤ ᠭᠡᠰᠢᠭᠦᠨ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ
          ᠳᠤᠭᠤᠶ᠋ᠢᠯᠠᠩ᠎ᠤᠨ ᠬᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠯᠢ ᠶᠢᠩ                    

             (2022 ᠣᠨ᠎ᠤ 8 ᠰᠠᠷ᠎ᠠ ᠵᠢᠨ 12᠎ᠤᠨ ᠡᠳᠦᠷ᠎ᠤᠨ 10᠄ 00)


ᠬᠦᠨᠳᠦᠲᠦ ᠵᠣᠴᠢᠨ᠂ ᠰᠤᠷᠪᠤᠯᠵᠢᠯᠠᠭᠴᠢ ᠨᠠᠶ᠋ᠢᠵᠠ ᠨᠠᠷ ᠡ᠄
      ᠰᠠᠶ᠋ᠢᠨ ᠪᠠᠶ᠋ᠢᠵᠠᠭ᠋ᠠᠨ᠎ᠠ ᠦᠦ? ᠪᠢ ᠰᠤᠷᠭ᠋ᠠᠨ ᠬᠥᠮᠦᠵᠢᠯ᠎ᠤᠨ ᠲᠢᠩᠬᠢᠮ᠎ᠢ ᠲᠥᠯᠦᠭᠡᠯᠡᠵᠦ ᠭᠣᠣᠯᠯᠠᠨ ᠨᠡᠢ᠌ᠲᠡᠯᠡᠨ᠎ᠡ᠃ ᠶᠠᠭᠤᠨ᠎ᠤ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠢ ᠲᠥᠯᠥᠭᠡᠯᠡᠨ ᠣᠷᠳᠣ ᠬᠤᠭᠤᠴᠠᠭ᠋ᠠᠨ᠎ᠤ ᠲᠤᠷᠰᠢᠬᠢ ᠡᠯ᠎ᠡ ᠵᠠᠭᠤᠴᠢᠯᠠᠭᠤᠷ᠎ᠤᠨ ᠰᠤᠷᠪᠤᠯᠵᠢᠯᠠᠭᠴᠢ ᠨᠠᠶ᠋ᠢᠵᠠ ᠨᠠᠷ᠎ᠤᠨ ᠬᠠᠯᠠᠮᠵᠢᠯᠠᠯ᠂ ᠳᠡᠮᠵᠢᠯᠭᠡ ᠪᠣᠯᠤᠨ ᠬᠠᠪᠰᠤᠷᠤᠯᠭ᠎ᠠ᠎ᠳᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠶ᠋ᠢᠨ᠎ᠠ᠃ ᠳᠤᠤᠷ᠎ᠠ ᠥᠪᠡᠷᠲᠡᠭᠡᠨ ᠵᠠᠰᠠᠬᠤ ᠣᠷᠣᠨ᠎ᠤ ᠰᠤᠷᠤᠭᠴᠢ ᠵᠢ ᠳᠡᠳᠬᠦᠨ ᠲᠤᠰᠠᠯᠠᠬᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠪᠠ 2022 ᠣᠨ᠎ᠤ ᠰᠤᠷᠤᠭᠴᠢ ᠵᠢ ᠳᠡᠳᠬᠦᠨ ᠲᠤᠰᠠᠯᠠᠬᠤ ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠲᠥᠬᠥᠮ ᠵᠶ᠋ᠠᠷ ᠲᠠᠨᠢᠯᠴᠠᠭᠤᠯᠤᠶ᠎ᠠ᠃


      ᠨᠢᠭᠡ᠂ ᠥᠪᠡᠷᠲᠡᠭᠡᠨ ᠵᠠᠰᠠᠬᠤ ᠣᠷᠣᠨ᠎ᠤ ᠰᠤᠷᠤᠭᠴᠢ ᠵᠢ ᠳᠡᠳᠬᠦᠨ ᠲᠤᠰᠠᠯᠠᠬᠤ ᠲᠥᠷᠥ ᠵᠢᠨ ᠪᠣᠳᠣᠯᠭ᠎ᠠ
      ᠨᠠᠮ᠎ᠤᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢ ᠵᠢᠨ ᠰᠤᠷᠭ᠋ᠠᠭᠤᠯᠢ᠎ᠳᠤ ᠣᠷᠣᠬᠤ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠠᠩᠬᠠᠷᠴᠤ᠂ 《ᠨᠢᠭᠡ ᠰᠤᠷᠤᠭᠴᠢ ᠵᠢ ᠴᠤ᠌ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠢ᠎ᠠᠴᠠ ᠪᠣᠯᠵᠤ ᠰᠤᠷᠤᠯᠭ᠎ᠠ ᠠᠯᠳᠠᠭᠤᠯᠬᠤ ᠦᠭᠡᠶ》᠎ᠪᠠᠷ ᠬᠠᠷᠠᠯᠲᠠ ᠪᠣᠯᠭ᠋ᠠᠵᠤ᠂ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢ ᠵᠢ ᠳᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢᠨ ᠳᠣᠭᠲᠠᠯᠴᠠᠭ᠎ᠠ ᠵᠢ ᠲᠠᠰᠤᠷᠠᠯᠲᠠ ᠤᠢ᠍ᠭᠡᠢ ᠪᠥᠷᠢᠨ ᠭᠦᠢ᠍ᠴᠡᠳ ᠲᠡᠭᠦᠯᠳᠡᠷᠵᠢᠭᠦᠯᠪᠡ᠃ 《ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠢ ᠳᠡᠳᠬᠦᠨ ᠲᠤᠰᠠᠯᠠᠬᠤ ᠲᠦᠷᠢᠮ᠎ᠢ ᠪᠠᠶ᠋ᠢᠭᠤᠯᠬᠤ ᠲᠤᠬᠠᠶ ᠡᠳ᠋᠎ᠤᠨ ᠵᠠᠰᠠᠭ᠎ᠤᠨ ᠶᠠᠮᠤᠨ ᠰᠤᠷᠭ᠋ᠠᠨ ᠬᠥᠮᠦᠵᠢᠯ᠎ᠤᠨ ᠶᠠᠮᠤᠨ᠎ᠤ ᠰᠠᠨᠠᠯ》᠂ 《ᠬᠣᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠋ᠠᠨ᠎ᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠡᠳ᠋᠎ᠤᠨ ᠵᠠᠰᠠᠭ᠎ᠤᠨ ᠶᠠᠮᠤᠨ ᠰᠤᠷᠭ᠋ᠠᠨ ᠬᠥᠮᠦᠵᠢᠯ᠎ᠤᠨ ᠶᠠᠮᠤᠨ᠎ᠤ ᠮᠡᠳᠡᠭᠳᠡᠯ》᠂ 《ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠲᠠᠩᠰᠠ ᠪᠠᠢ᠌ᠭᠤᠯᠵᠤ ᠺᠠᠷᠲ ᠣᠯᠭᠤᠭᠰᠠᠨ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢᠳ᠎ᠤᠨ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠲᠤᠬᠠᠶ ᠡᠳ᠋᠎ᠤᠨ ᠵᠠᠰᠠᠭ᠎ᠤᠨ ᠶᠠᠮᠤᠨ ᠰᠤᠷᠭ᠋ᠠᠨ ᠬᠥᠮᠦᠵᠢᠯ᠎ᠤᠨ ᠶᠠᠮᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ   ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠶᠠᠮᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢ ᠳᠠᠢ᠌ᠴᠢᠯᠠᠬᠤ ᠬᠡᠯᠲᠡᠰ᠎ᠤᠨ 〈ᠰᠤᠷᠤᠭᠴᠢ ᠵᠢ ᠳᠡᠳᠬᠦᠨ ᠲᠤᠰᠠᠯᠠᠬᠤ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠳᠠᠷᠬᠠᠭ᠋ᠠᠬᠤ ᠲᠤᠬᠠᠶ ᠮᠡᠳᠡᠭᠳᠡᠯ》 ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠪᠠᠷ ᠥᠪᠡᠷᠲᠡᠭᠡᠨ ᠵᠠᠰᠠᠬᠤ ᠣᠷᠣᠨ ᠤᠷᠢᠳ ᠬᠣᠵᠢᠳ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠵᠡᠷᠭᠡ ᠡᠯ᠎ᠡ ᠵᠦᠢ᠍ᠯ᠎ᠤᠨ ᠳᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢ ᠨᠡᠢ᠌ᠲᠡᠯᠡᠵᠦ᠂ ᠵᠠᠰᠠᠭ᠎ᠤᠨ ᠣᠷᠳᠣᠨ ᠵᠶ᠋ᠠᠷ ᠤᠳᠤᠷᠢᠳᠤᠮᠵᠢ ᠪᠣᠯᠭ᠋ᠠᠭᠰᠠᠨ᠂ ᠰᠤᠷᠭ᠋ᠠᠭᠤᠯᠢ ᠪᠠ ᠨᠡᠶ᠋ᠢᠭᠡᠮ᠎ᠠᠴᠠ ᠢᠳᠡᠪᠬᠢᠲᠡᠶ ᠣᠷᠣᠯᠴᠠᠭᠰᠠᠨ ᠨᠡᠯᠢᠶᠡᠳ ᠪᠦᠷᠢᠨ ᠲᠡᠭᠦᠯᠳᠡᠷ ᠰᠤᠷᠤᠭᠴᠢ ᠵᠢ ᠳᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢᠨ ᠳᠣᠭᠲᠠᠯᠴᠠᠭ᠎ᠠ ᠪᠠᠢ᠌ᠭᠤᠯᠵᠤ᠂ ᠰᠤᠷᠤᠭᠴᠢ ᠵᠢ ᠲᠡᠳᠬᠦᠨ ᠲᠤᠰᠠᠯᠠᠬᠤ ᠠᠵᠢᠯ᠎ᠢ ᠪᠥᠬᠦ ᠰᠤᠷᠤᠯᠭ᠎ᠠ ᠵᠢᠨ ᠱᠠᠲᠤᠨ᠎ᠳᠤ ᠪᠥᠷᠬᠦᠭᠦᠯᠵᠦ᠂ ᠠᠯᠪᠠᠨ᠎ᠠᠴᠠ ᠡᠷᠬᠢᠯᠡᠭᠰᠡᠨ ᠪᠠ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠪᠦᠬᠦᠨ᠎ᠳᠤ ᠪᠥᠷᠬᠦᠭᠦᠯᠵᠦ᠂ ᠭᠡᠷ᠎ᠤᠨ ᠠᠮᠢᠳᠤᠷᠠᠯ᠎ᠨᠢ ᠬᠦᠴᠢᠷᠳᠡᠯᠲᠡᠶ ᠰᠤᠷᠤᠭᠴᠢ ᠪᠦᠬᠦᠨ᠎ᠳᠤ ᠪᠥᠷᠬᠦᠭᠦᠯᠬᠦ ᠵᠢ ᠪᠡᠶᠡᠯᠡᠭᠦᠯᠪᠡ᠃ ᠪᠣᠳᠠᠲᠠᠶ᠎ᠪᠠᠷ ᠬᠡᠯᠡᠪᠡᠯ᠄
      ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠱᠠᠲᠤ᠄ ᠠᠰᠠᠷᠠᠨ ᠬᠥᠮᠦᠵᠢᠭᠦᠯᠬᠦ ᠵᠠᠷᠤᠳᠠᠯ᠎ᠢ ᠬᠥᠩᠭᠡᠷᠡᠭᠦᠯᠵᠦ ᠬᠡᠯᠲᠦᠷᠢᠭᠦᠯᠵᠦ ᠳᠡᠳᠬᠦᠨ ᠳᠤᠰᠠᠯᠠᠬᠤ ᠵᠢ ᠬᠡᠷᠡᠭᠵᠢᠭᠦᠯᠦᠨ᠎ᠡ᠃ ᠳᠡᠳᠬᠦᠨ ᠲᠤᠰᠠᠯᠠᠬᠤ ᠡᠲᠡᠭᠡᠳ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠬᠢᠨᠠᠨ ᠵᠥᠪᠰᠢᠶᠡᠷᠡᠭᠦᠯᠵᠦ ᠪᠠᠶ᠋ᠢᠭᠤᠯᠤᠭᠰᠠᠨ ᠠᠯᠪᠠᠨ᠎ᠠᠴᠠ ᠡᠷᠭᠢᠯᠡᠭᠰᠡᠨ ᠬᠡᠦᠬᠡᠳ᠎ᠤᠨ ᠴᠡᠴᠡᠷᠯᠢᠭ ᠪᠠ ᠲᠦᠭᠡᠮᠡᠯ ᠬᠠᠷᠠᠭ᠋ᠠᠯᠵᠠᠯᠲᠤ ᠠᠷᠠᠳ᠎ᠠᠴᠠ ᠡᠷᠭᠢᠯᠡᠭᠰᠡᠨ ᠬᠡᠦᠬᠡᠳ᠎ᠤᠨ ᠴᠡᠴᠡᠷᠯᠢᠭ (ᠬᠡᠦᠬᠡᠳ ᠰᠠᠭ᠋ᠠᠲᠠᠭᠤᠯᠬᠤ ᠭᠠᠵᠠᠷ᠂ ᠭᠡᠷ ᠪᠥᠯᠢ ᠵᠢᠨ ᠴᠡᠴᠡᠷᠯᠢᠭ ᠵᠡᠷᠭᠡ ᠠᠩᠬᠠᠨ᠎ᠤ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ ᠵᠢ ᠪᠠᠭᠲᠠᠭ᠋ᠠᠬᠤ ᠥᠬᠡᠶ)᠎ᠲᠤ ᠰᠤᠷᠤᠯᠴᠠᠵᠤ ᠪᠠᠶ᠋ᠢᠭ᠎ᠠ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠬᠡᠦᠬᠡᠳ᠎ᠤᠨ ᠠᠰᠠᠷᠠᠨ ᠬᠥᠮᠦᠵᠢᠭᠦᠯᠬᠦ ᠵᠠᠷᠤᠳᠠᠯ᠎ᠢ ᠬᠥᠩᠭᠡᠷᠡᠭᠦᠯᠵᠦ ᠭᠡᠯᠳᠦᠷᠢᠭᠦᠯᠬᠦ ᠪᠠᠷᠢᠮᠵᠢᠶ᠎ᠠ᠄ ᠬᠡᠦᠬᠡᠳ᠎ᠤᠨ ᠴᠡᠴᠡᠷᠯᠢᠭ᠎ᠲᠤ ᠪᠠᠶ᠋ᠢᠭ᠎ᠠ A ᠲᠥᠷᠥᠯ᠎ᠤᠨ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠬᠡᠦᠬᠡᠳ ᠨᠢᠭᠡ ᠪᠦᠷᠢ᠎ᠳᠤ ᠵᠢᠯ᠎ᠳᠤ 2000 ᠲᠥᠭᠥᠷᠢᠭ; B᠂ C ᠲᠥᠷᠥᠯ᠎ᠤᠨ ᠬᠡᠦᠬᠡᠳ᠎ᠤᠨ ᠴᠡᠴᠡᠷᠯᠢᠭ᠎ᠲᠤ ᠪᠠᠶ᠋ᠢᠭ᠎ᠠ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠬᠡᠦᠬᠡᠳ ᠨᠢᠭᠡ ᠪᠦᠷᠢ᠎ᠳᠤ ᠵᠢᠯ᠎ᠳᠤ 1000 ᠲᠥᠭᠥᠷᠢᠭ᠃ ᠬᠡᠦᠬᠡᠳ᠎ᠤᠨ ᠬᠡᠷ ᠪᠦᠯᠢ ᠵᠢᠨ ᠠᠵᠤ ᠠᠬᠤᠶ᠎ᠤᠨ ᠬᠦᠴᠢᠷᠳᠡᠯ᠎ᠤᠨ ᠲᠠᠰ᠎ᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢ ᠵᠢ ᠮᠠᠭ᠋ᠠᠳᠯᠠᠨ ᠲᠣᠭᠲᠠᠭ᠋ᠠᠬᠤ ᠠᠵᠢᠯ᠎ᠤᠨ ᠬᠡᠷᠡᠭᠵᠢᠭᠦᠯᠬᠦ ᠠᠷᠭ᠎ᠠ (2021 ᠣᠨ᠎ᠳᠤ ᠵᠠᠰᠠᠪᠤᠷᠢ ᠣᠷᠣᠭᠤᠯᠤᠭᠰᠠᠨ)》 ᠵᠢ ᠦᠨᠳᠦᠰᠦᠯᠡᠨ ᠮᠠᠭ᠋ᠠᠳᠯᠠᠨ ᠲᠣᠭᠲᠠᠭ᠋ᠠᠵᠤ᠂A᠂ B᠂ C ᠭᠡᠵᠦ ᠭᠤᠷᠪᠠᠨ ᠲᠥᠷᠥᠯ ᠬᠤᠪᠢᠶᠠᠨ᠎ᠠ᠃ A ᠲᠥᠷᠥᠯ ᠪᠣᠯ ᠭᠤᠤᠯᠳᠠᠭᠤ ᠶᠠᠳᠠᠭᠤ᠎ᠠᠴᠠ ᠠᠩᠭᠢᠵᠢᠷᠠᠭᠰᠠᠨ᠎ᠨᠢ ᠲᠣᠭᠲᠠᠭᠤᠨ ᠪᠤᠰᠤ ᠬᠡᠷ ᠪᠦᠯᠢ ᠵᠢᠨ ᠰᠣᠷᠣᠭᠴᠢ᠂ ᠶᠠᠳᠠᠭᠤᠷᠠᠬᠤ ᠰᠢᠬᠠᠵᠤ ᠪᠠᠶ᠋ᠢᠭ᠎ᠠ ᠬᠡᠷ ᠪᠦᠯᠢ ᠵᠢᠨ ᠰᠣᠷᠣᠭᠴᠢ᠂ ᠭᠡᠨᠡᠳᠲᠡ ᠡᠭᠦᠰᠦᠭᠰᠡᠨ ᠲᠤᠢ᠌ᠯ᠎ᠤᠨ ᠶᠠᠳᠠᠭᠤ ᠬᠦᠴᠢᠷᠳᠡᠯᠲᠡᠶ ᠬᠡᠷ ᠪᠦᠯᠢ ᠵᠢᠨ ᠰᠣᠷᠣᠭᠴᠢ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠭᠥᠷᠳᠡᠵᠦ ᠪᠠᠶ᠋ᠢᠭ᠎ᠠ ᠬᠡᠷ ᠪᠦᠯᠢ ᠵᠢᠨ ᠰᠣᠷᠣᠭᠴᠢ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠰᠣᠷᠣᠭᠴᠢ᠂ ᠥᠨᠥᠴᠢᠨ (ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ) ᠰᠣᠷᠣᠭᠴᠢ᠂ ᠦᠷᠡᠭᠳᠡᠭᠰᠡᠨ ᠪᠠᠭ᠋ᠠᠲᠤᠷᠴᠤᠳ᠎ᠤᠨ ᠦᠷ᠎ᠡ ᠬᠡᠦᠬᠡᠳ᠂ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠵᠡᠮᠳᠡᠭ ᠰᠣᠷᠣᠭᠴᠢ᠂ ᠵᠡᠮᠳᠡᠭᠴᠦᠳ᠎ᠤᠨ ᠦᠷ᠎ᠡ ᠬᠡᠦᠬᠡᠳ᠂ ᠣᠨᠴᠠᠭ᠋ᠠᠢ᠂ ᠬᠠᠷᠢᠴᠠᠩᠭᠤᠶ᠂ ᠰᠠᠨᠠᠭ᠋ᠠᠨ᠎ᠳᠤ ᠥᠬᠡᠶ ᠬᠦᠴᠢᠷᠳᠡᠯᠲᠡᠶ ᠪᠣᠯᠤᠭᠰᠠᠨ ᠠᠵᠢᠯᠲᠠᠨ ᠠᠵᠢᠯᠴᠢᠨ᠎ᠤ ᠬᠡᠷ ᠪᠦᠯᠢ ᠵᠢᠨ ᠦᠷ᠎ᠡ ᠬᠡᠦᠬᠡᠳ ᠵᠡᠷᠭᠡ ᠪᠠᠶ᠋ᠢᠳᠠᠯ᠎ᠢ ᠵᠢᠭ᠋ᠠᠵᠤ ᠪᠣᠶ; B ᠲᠥᠷᠥᠯ ᠪᠣᠯ ᠭᠤᠤᠯᠳᠠᠭᠤ ᠰᠤᠷᠤᠭᠴᠢ ᠵᠢᠴᠢ ᠲᠡᠭᠦᠨ᠎ᠤ ᠭᠡᠷ ᠪᠦᠯᠢ᠎ᠨᠢ ᠵᠥᠪᠬᠡᠨ ᠬᠡᠰᠡᠭ ᠦᠨᠳᠦᠰᠦᠨ ᠰᠤᠷᠤᠯᠭ᠎ᠠ ᠵᠢᠨ ᠵᠠᠷᠤᠳᠠᠯ᠎ᠢ ᠬᠠᠩᠭ᠋ᠠᠵᠤ ᠳᠡᠢ᠌ᠯᠬᠦ ᠵᠢ ᠵᠢᠭ᠋ᠠᠵᠤ ᠪᠣᠢ; C ᠲᠥᠷᠥᠯ ᠪᠣᠯ ᠭᠤᠤᠯᠳᠠᠭᠤ ᠰᠣᠷᠣᠭᠴᠢ ᠵᠢᠴᠢ ᠬᠡᠷ ᠪᠦᠯᠢ᠎ᠨᠢ ᠶᠡᠬᠡᠩᠬᠢ ᠵᠠᠷᠤᠳᠠᠯ᠎ᠢ ᠬᠠᠩᠭ᠋ᠠᠵᠤ ᠳᠡᠶ᠋ᠢᠯᠬᠦ ᠪᠣᠯᠪᠠᠴᠤ ᠦᠨᠳᠦᠰᠦᠨ ᠰᠤᠷᠤᠯᠭ᠎ᠠ ᠵᠢᠨ ᠵᠠᠷᠤᠳᠠᠯ᠎ᠢ ᠪᠦᠷᠢᠮᠦᠰᠦᠨ ᠬᠠᠩᠭ᠋ᠠᠵᠤ ᠳᠡᠶ᠋ᠢᠯᠬᠦ ᠥᠬᠡᠶ ᠵᠢ ᠵᠢᠭ᠋ᠠᠵᠤ ᠪᠣᠢ᠃
      ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤ᠄ 《ᠬᠣᠶᠠᠷ᠎ᠢ ᠬᠡᠯᠲᠦᠷᠢᠭᠦᠯᠵᠦ ᠬᠣᠶᠠᠷ᠎ᠢ ᠨᠥᠬᠦᠪᠦᠷᠢᠯᠡᠵᠦ ᠨᠢᠭᠡ ᠵᠢ ᠲᠥᠯᠦᠪᠯᠡᠬᠦ》 ᠳᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠪᠡ᠃ ᠲᠤᠬᠠᠶ᠋ᠢᠯᠠᠪᠠᠯ᠂ ᠬᠣᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢ ᠵᠢᠨ ᠰᠤᠷᠤᠯᠭ᠎ᠠ ᠵᠢᠨ ᠰᠤᠯᠠ ᠵᠠᠷᠤᠳᠠᠯ᠎ᠢ ᠪᠦᠬᠦ ᠲᠠᠯ᠎ᠠ᠎ᠪᠠᠷ ᠬᠡᠯᠲᠦᠷᠢᠭᠦᠯᠬᠦ ᠵᠢᠨ ᠬᠠᠮᠲᠤ ᠬᠢᠴᠢᠶᠡᠯ᠎ᠤᠨ ᠪᠢᠴᠢᠭ᠎ᠢ ᠲᠥᠯᠦᠪᠦᠷᠢ ᠦᠭᠡᠶ᠎ᠪᠠᠷ ᠬᠠᠩᠭ᠋ᠠᠵᠤ᠂ ᠪᠠᠶ᠋ᠢᠷᠢ᠎ᠳᠤ ᠰᠠᠭᠤᠬᠤ ᠰᠤᠷᠤᠭᠴᠢ ᠵᠢᠨ ᠪᠠᠶ᠋ᠢᠷᠢ᠎ᠳᠤ ᠰᠠᠭᠤᠬᠤ ᠵᠠᠷᠤᠳᠠᠯ᠎ᠢ ᠳᠤᠰᠠᠯᠠᠵᠤ᠂ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢ ᠵᠢᠨ ᠠᠮᠢᠳᠤᠷᠠᠯ᠎ᠤᠨ   ᠵᠠᠷᠤᠳᠠᠯ᠎ᠢ ᠳᠤᠰᠠᠯᠠᠪᠠ᠃ ᠮᠠᠯᠵᠢᠬᠤ ᠲᠠᠷᠢᠶᠠᠯᠠᠬᠤ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠭᠴᠢᠳ᠎ᠤᠨ ᠰᠢᠮ᠎ᠡ ᠲᠡᠵᠢᠭᠡᠯ᠎ᠢ ᠰᠠᠶ᠋ᠢᠵᠢᠷᠠᠭᠤᠯᠬᠤ ᠲᠥᠯᠥᠪᠯᠡᠭᠡ ᠵᠢ ᠬᠡᠷᠡᠭᠵᠢᠭᠦᠯᠪᠡ᠃ ᠡᠭᠦᠨ᠎ᠳᠤ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢ ᠵᠢᠨ ᠠᠮᠢᠳᠤᠷᠠᠯ᠎ᠤᠨ ᠵᠠᠷᠤᠳᠠᠯ᠎ᠤᠨ   ᠳᠤᠰᠠᠯᠠᠮᠵᠢ ᠵᠢᠨ ᠪᠠᠷᠢᠮᠵᠢᠶ᠎ᠠ᠎ᠨᠢ ᠪᠠᠶ᠋ᠢᠷᠢ᠎ᠳᠤ ᠰᠠᠭᠤᠬᠤ ᠰᠤᠷᠤᠭᠴᠢ ᠨᠢᠭᠡ ᠪᠦᠷᠢ ᠵᠢᠯ᠎ᠳᠤ ᠪᠠᠭ᠎ᠠ ᠰᠤᠷᠭ᠋ᠠᠭᠤᠯᠢ 1000 ᠲᠥᠭᠥᠷᠢᠭ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ 1250 ᠲᠥᠭᠥᠷᠢᠭ ᠪᠣᠯᠤᠨ᠎ᠠ; ᠪᠠᠶ᠋ᠢᠷᠢ᠎ᠳᠤ ᠰᠠᠭᠤᠬᠤ ᠦᠭᠡᠢ ᠰᠤᠷᠤᠭᠴᠢ ᠨᠢᠭᠡ ᠪᠦᠷᠢ ᠵᠢᠯ᠎ᠳᠤ ᠪᠠᠭ᠎ᠠ ᠰᠤᠷᠭ᠋ᠠᠭᠤᠯᠢ 500 ᠲᠥᠭᠥᠷᠢᠭ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ 625 ᠲᠥᠭᠥᠷᠢᠭ ᠪᠣᠯᠤᠨ᠎ᠠ᠃
      ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠱᠠᠲᠤ᠄ 《ᠬᠣᠶᠠᠷ᠎ᠢ ᠬᠡᠯᠲᠦᠷᠢᠭᠦᠯᠵᠦ ᠨᠢᠭᠡ ᠵᠢ ᠲᠤᠰᠠᠯᠠᠬᠤ》 (ᠲᠤᠬᠠᠶ᠋ᠢᠯᠠᠪᠠᠯ᠂ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠵᠢᠴᠢ ᠬᠢᠴᠢᠶᠡᠯ᠎ᠤᠨ ᠪᠢᠴᠢᠭ᠎ᠢ ᠲᠥᠯᠦᠪᠦᠷᠢ ᠦᠭᠡᠶ᠎ᠪᠠᠷ ᠬᠠᠩᠭ᠋ᠠᠬᠤ᠂ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢ᠎ᠳᠤ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢ ᠲᠣᠬᠢᠷᠠᠭᠤᠯᠬᠤ)᠎ᠪᠠᠷ ᠭᠤᠤᠯ ᠴᠣᠭᠴᠠ ᠪᠣᠯᠭ᠋ᠠᠭᠰᠠᠨ᠂ ᠰᠤᠷᠭ᠋ᠠᠭᠤᠯᠢ ᠪᠣᠯᠤᠨ ᠨᠡᠶ᠋ᠢᠭᠡᠮ᠎ᠤᠨ ᠳᠡᠳᠬᠦᠨ ᠳᠤᠰᠠᠯᠠᠬᠤ᠎ᠪᠠᠷ ᠨᠡᠮᠡᠯᠲᠡ ᠪᠣᠯᠭ᠋ᠠᠭᠰᠠᠨ ᠳᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠪᠡ᠃ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠵᠠᠷᠤᠳᠠᠯ᠎ᠢ ᠬᠡᠯᠲᠦᠷᠢᠭᠦᠯᠬᠦ ᠪᠠᠷᠢᠮᠵᠢᠶ᠎ᠠ ᠪᠣᠯ ᠰᠤᠷᠤᠭᠴᠢ ᠨᠢᠭᠡ ᠪᠦᠷᠢ ᠵᠢᠯ᠎ᠳᠤ 2000 ᠲᠥᠭᠥᠷᠢᠭ ᠪᠣᠯᠬᠤ ᠪᠥᠭᠡᠳ ᠠᠯᠪᠠᠨ᠎ᠠᠴᠠ ᠡᠷᠬᠢᠯᠡᠭᠰᠡᠨ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢᠳ᠎ᠠᠴᠠ ᠰᠤᠷᠤᠯᠭ᠎ᠠ ᠵᠢᠨ ᠰᠤᠯᠠ ᠵᠠᠷᠤᠳᠠᠯ ᠬᠤᠷᠢᠶᠠᠬᠤ ᠦᠭᠡᠶ᠃ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠬᠠᠤᠯᠢ ᠶᠣᠰᠤ᠎ᠪᠠᠷ ᠵᠥᠪᠰᠢᠶᠡᠷᠡᠭᠦᠯᠦᠭᠰᠡᠨ ᠠᠷᠠᠳ᠎ᠠᠴᠠ ᠡᠷᠬᠢᠯᠡᠭᠰᠡᠨ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ᠎ᠳᠤ ᠥᠪᠡᠷᠲᠡᠭᠡᠨ ᠵᠠᠰᠠᠬᠤ ᠣᠷᠣᠨ᠎ᠠᠴᠠ ᠠᠳᠠᠯᠢ ᠪᠠᠷᠢᠮᠵᠢᠶ᠎ᠠ᠎ᠪᠠᠷ ᠲᠤᠰᠠᠯᠠᠮᠵᠢ ᠥᠭᠴᠦ᠂ ᠰᠤᠷᠤᠯᠭ᠎ᠠ ᠵᠢᠨ ᠰᠤᠯᠠ ᠵᠠᠷᠤᠳᠠᠯ᠎ᠤᠨ ᠵᠠᠷᠤᠳᠠᠯ ᠬᠤᠷᠢᠶᠠᠬᠤ᠎ᠨᠢ ᠳᠤᠰᠠᠯᠠᠬᠤ ᠪᠠᠷᠢᠮᠵᠢᠶ᠎ᠠ᠎ᠠᠴᠠ ᠥᠨᠳᠥᠷ ᠪᠠᠶ᠋ᠢᠪᠠᠯ᠂ ᠡᠯ᠎ᠡ ᠰᠤᠷᠭ᠋ᠠᠭᠤᠯᠢ ᠲᠣᠭᠲᠠᠭ᠋ᠠᠯ ᠶᠣᠰᠤ᠎ᠪᠠᠷ ᠰᠤᠷᠤᠭᠴᠢ᠎ᠠᠴᠠ ᠵᠥᠷᠢᠶ᠎ᠡ ᠭᠠᠷᠤᠭᠰᠠᠨ ᠭᠡᠰᠡᠭ᠎ᠢ ᠦᠷᠭᠦᠯᠵᠢᠯᠡᠨ ᠬᠤᠷᠢᠶᠠᠵᠤ ᠪᠣᠯᠤᠨ᠎ᠠ᠃ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢᠨ ᠳᠤᠮᠳᠠᠴᠢ ᠳᠡᠳᠬᠦᠨ ᠲᠤᠰᠠᠯᠠᠬᠤ ᠪᠠᠷᠢᠮᠵᠢᠶ᠎ᠠ ᠪᠣᠯ ᠰᠤᠷᠤᠭᠴᠢ ᠨᠢᠭᠡ ᠪᠦᠷᠢ ᠵᠢᠯ᠎ᠳᠤ 2000 ᠲᠥᠭᠥᠷᠢᠭ ᠪᠠᠶ᠋ᠢᠵᠤ᠂ ᠪᠣᠳᠠᠲᠠᠶ ᠪᠠᠷᠢᠮᠵᠢᠶ᠎ᠠ ᠵᠢ ᠡᠯ᠎ᠡ ᠠᠶ᠋ᠢᠮᠠᠭ ᠬᠣᠲᠠ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ 1000-3000 ᠲᠥᠭᠥᠷᠢᠭ᠎ᠤᠨ ᠬᠡᠪᠴᠢᠶᠡᠨ᠎ᠳᠤ ᠲᠣᠭᠲᠠᠭ᠋ᠠᠵᠤ᠂ 2 - 3 ᠳᠡᠰ ᠬᠤᠪᠢᠶᠠᠵᠤ ᠪᠣᠯᠤᠨ᠎ᠠ᠃
      ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠱᠠᠲᠤ᠄ 《ᠬᠣᠶᠠᠷ᠎ᠢ ᠬᠡᠯᠲᠦᠷᠢᠭᠦᠯᠵᠦ ᠨᠢᠭᠡ ᠵᠢ ᠨᠥᠬᠥᠪᠥᠷᠢᠯᠡᠵᠦ ᠨᠢᠭᠡ ᠵᠢ ᠲᠤᠰᠠᠯᠠᠵᠤ ᠨᠢᠭᠡ ᠵᠢ ᠱᠠᠩᠨᠠᠬᠤ》 (ᠲᠤᠬᠠᠶ᠋ᠢᠯᠠᠪᠠᠯ᠂ ᠰᠤᠷᠤᠯᠭ᠎ᠠ ᠵᠢᠨ ᠵᠠᠷᠤᠳᠠᠯ᠎ᠢ ᠬᠡᠯᠲᠦᠷᠢᠭᠦᠯᠬᠦ ᠵᠢᠨ ᠬᠠᠮᠲᠤ ᠬᠢᠴᠢᠶᠡᠯ᠎ᠤᠨ ᠪᠢᠴᠢᠭ᠎ᠢ ᠲᠥᠯᠦᠪᠦᠷᠢ ᠦᠭᠡᠢ᠎ᠪᠠᠷ ᠬᠠᠩᠭ᠋ᠠᠬᠤ᠂ ᠪᠠᠶ᠋ᠢᠷᠢ᠎ᠳᠤ ᠰᠠᠭᠤᠬᠤ ᠰᠤᠷᠦᠭ᠍ᠴᠢ ᠵᠢᠨ ᠪᠠᠶ᠋ᠢᠷᠢ᠎ᠳᠤ ᠰᠠᠭᠤᠬᠤ ᠵᠠᠷᠤᠳᠠᠯ᠎ᠢ ᠨᠥᠬᠥᠪᠥᠷᠢᠯᠡᠬᠦ᠂ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠦᠭ᠍ᠴᠢ᠎ᠳᠤ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢ ᠲᠣᠬᠢᠷᠠᠭᠤᠯᠬᠤ᠂ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ᠎ᠪᠠᠷ ᠱᠠᠩᠨᠠᠬᠤ)᠎ᠪᠠᠷ ᠭᠤᠤᠯ ᠪᠣᠯᠭ᠋ᠠᠵᠤ᠂ ᠰᠤᠷᠭ᠋ᠠᠭᠤᠯᠢ ᠪᠣᠯᠤᠨ ᠨᠡᠶ᠋ᠢᠭᠡᠮ᠎ᠠᠴᠠ ᠳᠡᠳᠬᠦᠨ ᠲᠤᠰᠠᠯᠠᠬᠤ᠂ ᠠᠵᠢᠯ᠎ᠤᠨ ᠪᠠᠶ᠋ᠢᠷᠢ ᠣᠷᠣᠯᠠᠨ ᠳᠠᠳᠤᠯᠭ᠎ᠠ ᠬᠢᠬᠦ᠎ᠪᠠᠷ ᠬᠠᠪᠰᠤᠷᠤᠮᠵᠢ ᠪᠣᠯᠭ᠋ᠠᠭᠰᠠᠨ ᠳᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠪᠡ᠃ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠯᠭ᠎ᠠ ᠵᠢᠨ ᠵᠠᠷᠤᠳᠠᠯ᠎ᠢ ᠬᠡᠯᠲᠦᠷᠢᠭᠦᠯᠬᠦ ᠪᠠᠷᠢᠮᠵᠢᠶ᠎ᠠ ᠪᠣᠯ ᠰᠤᠷᠤᠭᠴᠢ ᠨᠢᠭᠡ ᠪᠦᠷᠢ ᠵᠢᠯ᠎ᠳᠤ 2000 ᠲᠥᠭᠥᠷᠢᠭ ᠪᠠᠢ᠌ᠵᠤ᠂ ᠠᠯᠪᠠᠨ᠎ᠠᠴᠠ ᠡᠷᠬᠢᠯᠡᠭᠰᠡᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠵᠢ ᠪᠠᠭᠲᠠᠭ᠋ᠠᠨ᠎ᠠ) ᠵᠢᠨ ᠣᠨᠴᠠᠭ᠋ᠠᠢ ᠪᠤᠰᠤ ᠲᠥᠷᠥᠯ᠎ᠤᠨ ᠲᠤᠰᠬᠠᠶ ᠮᠡᠷᠭᠡᠵᠢᠯ᠎ᠤᠨ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ᠎ᠠᠴᠠ ᠰᠤᠷᠤᠯᠭ᠎ᠠ ᠵᠢᠨ ᠵᠠᠷᠤᠳᠠᠯ ᠬᠤᠷᠢᠶᠠᠬᠤ ᠦᠭᠡᠶ᠃ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠬᠠᠤᠯᠢ ᠶᠣᠰᠤ᠎ᠪᠠᠷ ᠵᠥᠪᠰᠢᠶᠡᠷᠡᠭᠦᠯᠦᠭᠰᠡᠨ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠪᠠ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠬᠠᠤᠯᠢ ᠶᠣᠰᠤ᠎ᠪᠠᠷ ᠵᠥᠪᠰᠢᠶᠡᠷᠡᠭᠦᠯᠦᠭᠰᠡᠨ ᠠᠷᠠᠳ᠎ᠠᠴᠠ ᠡᠷᠬᠢᠯᠡᠭᠰᠡᠨ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠵᠢᠨ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ᠎ᠳᠤ ᠥᠪᠡᠷᠲᠡᠭᠡᠨ ᠵᠠᠰᠠᠬᠤ ᠣᠷᠣᠨ᠎ᠠᠴᠠ ᠠᠳᠠᠯᠢ ᠪᠠᠷᠢᠮᠵᠢᠶ᠎ᠠ᠎ᠪᠠᠷ ᠲᠤᠰᠠᠯᠠᠮᠵᠢ ᠥᠭᠴᠦ᠂ ᠰᠤᠷᠤᠯᠭ᠎ᠠ ᠵᠢᠨ ᠵᠠᠷᠤᠳᠠᠯ ᠬᠤᠷᠢᠶᠠᠬᠤ᠎ᠨᠢ ᠳᠡᠳᠬᠦᠨ ᠳᠤᠰᠠᠯᠠᠬᠤ ᠪᠠᠷᠢᠮᠵᠢᠶ᠎ᠠ᠎ᠠᠴᠠ ᠥᠨᠳᠥᠷ ᠪᠠᠶ᠋ᠢᠪᠠᠯ ᠡᠯ᠎ᠡ ᠰᠤᠷᠭ᠋ᠠᠭᠤᠯᠢ ᠲᠣᠭᠲᠠᠭ᠋ᠠᠯ ᠶᠣᠰᠤ᠎ᠪᠠᠷ ᠰᠤᠷᠤᠭᠴᠢᠳ᠎ᠠᠴᠠ ᠢᠯᠡᠭᠦᠦ ᠭᠠᠷᠤᠭᠰᠠᠨ ᠬᠡᠰᠡᠭ᠎ᠢ ᠬᠤᠷᠢᠶᠠᠵᠤ ᠪᠣᠯᠤᠨ᠎ᠠ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠣᠨᠴᠠᠭ᠋ᠠᠢ ᠲᠥᠷᠥᠯ᠎ᠤᠨ ᠲᠤᠰᠬᠠᠶ ᠮᠡᠷᠭᠡᠵᠢᠯ᠎ᠤᠨ ᠰᠤᠷᠤᠯᠭ᠎ᠠ ᠵᠢᠨ ᠵᠠᠷᠤᠳᠠᠯ᠎ᠤᠨ ᠪᠠᠷᠢᠮᠵᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠰᠤᠷᠤᠯᠭ᠎ᠠ ᠵᠢᠨ ᠵᠠᠷᠤᠳᠠᠯ᠎ᠢ ᠬᠡᠯᠲᠦᠷᠢᠭᠦᠯᠬᠦ ᠪᠠᠷᠢᠮᠵᠢᠶ᠎ᠠ᠎ᠠᠴᠠ ᠥᠨᠳᠥᠷ ᠪᠣᠯ ᠢᠯᠡᠭᠦᠦ ᠭᠠᠷᠤᠭᠰᠠᠨ ᠬᠡᠰᠡᠭ᠎ᠢ ᠬᠤᠪᠢ ᠬᠥᠮᠦᠨ ᠡᠭᠦᠷᠭᠡᠯᠡᠨ᠎ᠡ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ᠎ᠪᠠᠷ ᠲᠤᠰᠠᠯᠠᠬᠤ ᠪᠠᠷᠢᠮᠵᠢᠶ᠎ᠠ᠎ᠨᠢ ᠰᠤᠷᠤᠭᠴᠢ ᠨᠢᠭᠡ ᠪᠦᠷᠢ ᠵᠢᠯ᠎ᠳᠤ 1500—2000 ᠲᠥᠭᠥᠷᠢᠭ᠂ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ᠎ᠪᠠᠷ ᠱᠠᠩᠨᠠᠬᠤ ᠪᠠᠷᠢᠮᠵᠢᠶ᠎ᠠ᠎ᠨᠢ ᠰᠤᠷᠤᠭᠴᠢ ᠨᠢᠭᠡ ᠪᠦᠷᠢ ᠵᠢᠯ᠎ᠳᠤ 6000 ᠲᠥᠭᠥᠷᠢᠭ ᠪᠣᠯᠤᠨ᠎ᠠ᠃
      ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠱᠠᠲᠤ᠄ ᠦᠨᠳᠦᠰᠦᠨ ᠠᠩᠭᠢ ᠪᠠ ᠲᠤᠰᠬᠠᠢ ᠮᠡᠷᠭᠡᠵᠢᠯ᠎ᠤᠨ ᠠᠩᠭᠢ ᠵᠢᠨ ᠰᠤᠷᠤᠭᠴᠢ᠎ᠳᠤ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ᠂ ᠤᠯᠤᠰ᠎ᠤᠨ ᠵᠣᠷᠢᠭᠵᠢᠭᠤᠯᠬᠤ ᠱᠠᠩᠨᠠᠯ᠎ᠤᠨ ᠮᠥᠩᠭᠥ᠂ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ᠂ ᠤᠯᠤᠰ᠎ᠤᠨ ᠰᠤᠷᠤᠭᠴᠢ ᠵᠢᠨ ᠢᠷᠡᠯᠲᠡ ᠵᠢᠨ ᠭᠠᠵᠠᠷ᠎ᠤᠨ ᠰᠤᠷᠤᠯᠭ᠎ᠠ ᠵᠢ ᠲᠡᠳᠬᠦᠬᠦ ᠢᠲᠡᠭᠡᠮᠵᠢᠲᠦ ᠵᠢᠭᠡᠯᠡᠯᠭᠡ᠂ ᠥᠪᠡᠷᠲᠡᠭᠡᠨ ᠵᠠᠰᠠᠬᠤ ᠣᠷᠣᠨ᠎ᠤ ᠰᠤᠷᠤᠯᠭ᠎ᠠ ᠵᠢᠨ ᠱᠠᠩᠨᠠᠯ᠎ᠤᠨ ᠮᠥᠩᠭᠥ᠂ ᠥᠪᠡᠷᠲᠡᠭᠡᠨ ᠵᠠᠰᠠᠬᠤ ᠣᠷᠣᠨ᠎ᠤ ᠵᠣᠷᠢᠭᠵᠢᠭᠤᠯᠬᠤ ᠱᠠᠩᠨᠠᠯ᠎ᠤᠨ ᠮᠥᠩᠭᠥ᠂ ᠥᠪᠡᠷᠲᠡᠭᠡᠨ ᠵᠠᠰᠠᠬᠤ ᠣᠷᠣᠨ᠎ᠤ ᠡᠩ᠎ᠤᠨ ᠳᠡᠭᠡᠳᠦ ᠰᠤᠷᠭ᠋ᠠᠭᠤᠯᠢ ᠵᠢᠨ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢ ᠵᠢᠨ ᠰᠤᠷᠭ᠋ᠠᠭᠤᠯᠢ᠎ᠳᠤ ᠣᠷᠣᠬᠤ ᠵᠢ ᠳᠡᠳᠬᠦᠨ ᠲᠤᠰᠠᠯᠠᠬᠤ᠂ ᠦᠨᠳᠦᠰᠦᠨ ᠱᠠᠲᠤᠨ᠎ᠳᠤ ᠠᠵᠢᠯ ᠣᠯᠪᠠᠯ ᠰᠤᠷᠤᠯᠭ᠎ᠠ ᠵᠢᠨ ᠵᠠᠷᠤᠳᠠᠯ᠎ᠢ ᠨᠥᠬᠦᠨ ᠲᠥᠯᠦᠵᠦ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢ ᠣᠷᠣᠯᠠᠨ ᠲᠥᠯᠦᠬᠦ᠂ ᠴᠡᠷᠢᠭ᠎ᠤᠨ ᠠᠯᠪᠠ ᠬᠠᠭ᠋ᠠᠬᠤ᠎ᠳᠤ ᠤᠯᠤᠰ᠎ᠤᠨ ᠰᠤᠷᠭ᠋ᠠᠨ ᠬᠥᠮᠦᠵᠢᠯ᠎ᠠᠴᠠ ᠳᠡᠳᠬᠦᠨ ᠳᠤᠰᠠᠯᠠᠬᠤ᠂ ᠠᠯᠪᠠᠨ᠎ᠤ ᠵᠠᠷᠤᠳᠠᠯ ᠵᠶ᠋ᠠᠷ ᠰᠤᠷᠤᠯᠴᠠᠬᠤ ᠪᠠᠭᠰᠢ ᠵᠢᠨ ᠰᠤᠷᠭ᠋ᠠᠭᠤᠯᠢ ᠵᠢᠨ ᠰᠤᠷᠤᠭᠴᠢ ᠵᠢᠨ ᠰᠤᠷᠭ᠋ᠠᠨ ᠬᠥᠮᠦᠵᠢᠯ᠂ ᠰᠢᠨ᠎ᠡ ᠰᠤᠷᠤᠭᠴᠢ ᠵᠢᠨ ᠰᠤᠷᠭ᠋ᠠᠭᠤᠯᠢ᠎ᠳᠤ ᠣᠷᠣᠬᠤ ᠵᠢ ᠳᠡᠣᠬᠦᠨ ᠲᠤᠰᠠᠯᠠᠬᠤ᠂ ᠳᠥᠷ ᠴᠠᠭ᠎ᠤᠨ ᠠᠮᠢᠳᠤᠷᠠᠯ᠎ᠤᠨ ᠨᠥᠬᠥᠪᠥᠷᠢ᠂ ᠠᠵᠢᠯ ᠵᠶ᠋ᠠᠷ ᠰᠤᠷᠤᠯᠭ᠎ᠠ᠎ᠪᠠᠨ ᠲᠤᠰᠠᠯᠠᠬᠤ᠂ ᠰᠤᠷᠤᠯᠭ᠎ᠠ ᠵᠢᠨ ᠵᠠᠷᠤᠳᠠᠯ᠎ᠢ ᠬᠥᠩᠭᠡᠷᠡᠭᠦᠯᠵᠦ ᠬᠡᠯᠲᠦᠷᠢᠭᠦᠯᠬᠦ᠂ ᠰᠤᠷᠭ᠋ᠠᠭᠤᠯᠢ ᠵᠢᠨ ᠰᠤᠷᠤᠯᠭ᠎ᠠ ᠵᠢᠨ ᠱᠠᠩᠨᠠᠯ᠎ᠤᠨ ᠮᠥᠩᠭᠦ ᠪᠠ ᠲᠡᠳᠬᠦᠮᠵᠢ ᠵᠢᠨ ᠮᠥᠩᠭᠥ᠂ ᠬᠦᠴᠢᠷᠳᠡᠯ᠎ᠤᠨ ᠨᠥᠬᠥᠪᠥᠷᠢ ᠵᠢᠴᠢ ᠰᠢᠨ᠎ᠡ ᠰᠣᠷᠣᠭᠴᠢ ᠵᠢᠨ ᠰᠤᠷᠭ᠋ᠠᠭᠤᠯᠢ᠎ᠳᠤ ᠣᠷᠣᠬᠤ 《ᠰᠠᠭ᠋ᠠᠳ ᠥᠬᠡᠶ ᠨᠡᠪᠲᠡᠷᠡᠬᠦ ᠵᠠᠮ》 ᠵᠡᠷᠭᠡ ᠣᠯᠠᠨ ᠡᠰᠢᠲᠦ ᠬᠣᠯᠢᠮᠠᠭ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠪᠡ; ᠰᠣᠳᠤᠯᠬᠤ ᠰᠤᠷᠤᠭᠴᠢ᠎ᠳᠤ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ᠂ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ᠂ ᠤᠯᠤᠰ᠎ᠤᠨ ᠰᠤᠷᠤᠭᠴᠢ ᠵᠢᠨ ᠢᠷᠡᠯᠲᠡ ᠵᠢᠨ ᠭᠠᠵᠠᠷ᠎ᠤᠨ ᠰᠤᠷᠤᠯᠭ᠎ᠠ ᠵᠢᠨ ᠲᠡᠳᠬᠦᠮᠵᠢ ᠵᠢᠨ ᠢᠲᠡᠭᠡᠮᠵᠢᠲᠦ ᠵᠢᠭᠡᠯᠡᠯᠭᠡ᠂ ᠥᠪᠡᠷᠲᠡᠭᠡᠨ ᠵᠠᠰᠠᠬᠤ ᠣᠷᠣᠨ᠎ᠤ ᠱᠠᠩᠨᠠᠯ᠎ᠤᠨ ᠮᠥᠩᠭᠥ᠂ ᠥᠪᠡᠷᠲᠡᠭᠡᠨ ᠵᠠᠰᠠᠬᠤ ᠣᠷᠣᠨ᠎ᠤ ᠰᠤᠷᠤᠯᠭ᠎ᠠ ᠵᠢᠨ ᠱᠠᠩᠨᠠᠯ᠎ᠤᠨ ᠮᠥᠩᠭᠥ᠂ ᠦᠨᠳᠦᠰᠦᠨ ᠱᠠᠲᠤᠨ᠎ᠳᠤ ᠠᠵᠢᠯ ᠣᠯᠪᠠᠯ ᠰᠤᠷᠤᠯᠭ᠎ᠠ ᠵᠢᠨ ᠵᠠᠷᠤᠳᠠᠯ᠎ᠢ ᠨᠥᠬᠦᠨ ᠲᠥᠯᠦᠵᠦ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠣᠷᠣᠯᠠᠨ ᠲᠥᠯᠥᠬᠦ᠂ ᠴᠡᠷᠢᠭ᠎ᠤᠨ ᠠᠯᠪᠠ ᠬᠠᠭ᠋ᠠᠬᠤ᠎ᠳᠤ ᠤᠯᠤᠰ᠎ᠤᠨ ᠰᠤᠷᠭ᠋ᠠᠨ ᠬᠥᠮᠦᠵᠢᠯ᠎ᠠᠴᠠ ᠳᠡᠳᠬᠦᠨ ᠳᠤᠰᠠᠯᠠᠬᠤ᠂ 《ᠭᠤᠷᠪᠠ ᠵᠢ ᠲᠤᠰᠠᠯᠠᠬᠤ》 ᠠᠵᠢᠯ᠎ᠤᠨ ᠪᠠᠶ᠋ᠢᠷᠢ ᠵᠢᠨ ᠨᠡᠮᠡᠭᠦᠷᠢ᠂ ᠰᠤᠷᠤᠯᠭ᠎ᠠ ᠵᠢᠨ ᠵᠠᠷᠤᠳᠠᠯ᠎ᠢ ᠬᠥᠩᠭᠡᠷᠡᠭᠦᠯᠵᠦ ᠬᠡᠯᠲᠦᠷᠢᠭᠦᠯᠬᠦ᠂ ᠰᠤᠷᠭ᠋ᠠᠭᠤᠯᠢ ᠵᠢᠨ ᠰᠤᠷᠤᠯᠭ᠎ᠠ ᠵᠢᠨ ᠱᠠᠩᠨᠠᠯ᠎ᠤᠨ ᠮᠥᠩᠭᠦ ᠰᠤᠷᠤᠯᠭ᠎ᠠ ᠵᠢᠨ ᠳᠡᠳᠭᠦᠮᠵᠢ ᠵᠢᠨ ᠮᠥᠩᠭᠥ᠂ ᠬᠦᠴᠢᠷᠳᠡᠯ᠎ᠤᠨ ᠨᠥᠬᠦᠪᠦᠷᠢ ᠵᠢᠴᠢ ᠰᠢᠨ᠎ᠡ ᠰᠤᠷᠤᠭᠴᠢ ᠵᠢᠨ ᠰᠤᠷᠭ᠋ᠠᠭᠤᠯᠢ᠎ᠳᠤ ᠣᠷᠣᠬᠤ 《ᠰᠠᠭ᠋ᠠᠳ ᠦᠭᠡᠶ ᠨᠡᠪᠲᠡᠷᠡᠬᠦ ᠵᠠᠮ》 ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ᠎ᠢ ᠪᠠᠭᠲᠠᠭ᠋ᠠᠭᠰᠠᠨ ᠳᠡᠳᠬᠦᠨ ᠳᠤᠰᠠᠯᠠᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠪᠡ᠃
      ᠶᠠᠮᠠᠷ ᠭᠠᠵᠠᠷ ᠪᠠᠢ᠌ᠭᠰᠠᠨ ᠴᠤ᠌᠂ ᠶᠠᠮᠠᠷ ᠰᠤᠷᠤᠯᠭ᠎ᠠ ᠵᠢᠨ ᠱᠠᠲᠤᠨ᠎ᠳᠤ ᠪᠠᠢ᠌ᠭᠰᠠᠨ ᠴᠤ᠌᠂ ᠶᠠᠮᠠᠷ ᠰᠤᠷᠭ᠋ᠠᠭᠤᠯᠢ᠎ᠳᠤ ᠪᠠᠢ᠌ᠭᠰᠠᠨ ᠴᠤ᠌᠂ ᠭᠡᠷ᠎ᠤᠨ ᠠᠮᠢᠳᠤᠷᠠᠯ᠎ᠨᠢ ᠬᠦᠴᠢᠷᠳᠡᠯᠲᠡᠢ ᠪᠣᠯ ᠴᠥᠮ ᠵᠣᠬᠢᠴᠠᠩᠭᠤᠢ᠎ᠪᠠᠷ ᠳᠡᠳᠬᠦᠨ ᠳᠤᠰᠠᠯᠠᠨ᠎ᠠ᠃

      ᠬᠣᠶᠠᠷ᠂ 2022 ᠣᠨ᠎ᠳᠤ ᠰᠤᠷᠤᠭᠴᠢ ᠵᠢ ᠳᠡᠳᠬᠦᠨ ᠲᠤᠰᠠᠯᠠᠬᠤ ᠠᠵᠢᠯ᠎ᠢ ᠥᠷᠨᠢᠭᠦᠯᠦᠭᠰᠡᠨ ᠪᠠᠶ᠋ᠢᠳᠠᠯ
      ᠡᠨᠡ ᠵᠢᠯ᠎ᠤᠨ 7 ᠰᠠᠷ᠎ᠠ ᠵᠢᠨ ᠡᠴᠦᠰ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠠᠴᠠ ᠨᠢᠭᠡᠨᠲᠡ 2022 ᠣᠨ᠎ᠤ ᠰᠤᠷᠤᠭᠴᠢ ᠵᠢ ᠳᠡᠳᠬᠦᠨ ᠲᠤᠰᠠᠯᠠᠬᠤ ᠪᠠᠯᠠ ᠮᠥᠩᠭᠥ ᠵᠢ 39 . 5 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠡᠯ᠎ᠡ ᠲᠥᠷᠥᠯ᠎ᠤᠨ ᠰᠣᠷᠣᠭᠴᠢ ᠵᠢ 461 ᠲᠦᠮᠡᠨ ᠬᠥᠮᠦᠨ ᠤᠳᠠᠭ᠎ᠠ ᠳᠤᠰᠠᠯᠠᠪᠠ᠃
      ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠲᠠᠯ᠎ᠠ᠎ᠪᠠᠷ᠄ ᠥᠪᠡᠷᠲᠡᠭᠡᠨ ᠵᠠᠰᠠᠬᠤ ᠣᠷᠣᠨ᠎ᠠᠴᠠ ᠨᠢᠭᠡᠨᠲᠡ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠰᠤᠷᠤᠭᠴᠢ ᠵᠢ ᠳᠡᠳᠬᠦᠨ ᠲᠤᠰᠠᠯᠠᠬᠤ ᠪᠡᠯᠡ ᠮᠥᠩᠭᠥ ᠵᠢ 0.7 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠬᠡᠦᠬᠡᠳ᠎ᠤᠨ ᠠᠰᠠᠷᠠᠨ ᠬᠥᠮᠦᠵᠢᠭᠦᠯᠬᠦ ᠵᠠᠷᠤᠳᠠᠯ᠎ᠢ ᠬᠥᠩᠭᠡᠷᠡᠭᠦᠯᠦᠨ ᠬᠡᠯᠲᠦᠷᠢᠭᠦᠯᠵᠦ᠂    10.6 ᠲᠦᠮᠡᠨ ᠬᠥᠮᠦᠨ ᠤᠳᠠᠭ᠎ᠠ ᠳᠤᠰᠠᠯᠠᠪᠠ᠃
      ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ᠄ ᠥᠪᠡᠷᠲᠡᠭᠡᠨ ᠵᠠᠰᠠᠬᠤ ᠣᠷᠣᠨ᠎ᠠᠴᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢ ᠵᠢ ᠳᠡᠳᠬᠦᠨ ᠲᠤᠰᠠᠯᠠᠬᠤ ᠪᠡᠯᠡ ᠮᠥᠩᠭᠥ ᠵᠢ 12.2 ᠳ᠋ᠦᠩᠰᠢᠭᠤᠷ ᠲᠥᠭᠥᠷᠢᠭ ᠪᠠᠭᠤᠯᠭ᠋ᠠᠵᠤ᠂ 317.4 ᠲᠦᠮᠡᠨ ᠬᠥᠮᠦᠨ ᠤᠳᠠᠭ᠎ᠠ ᠳᠤᠰᠠᠯᠠᠪᠠ᠃ ᠡᠭᠦᠨ᠎ᠳᠤ᠂ 207.4 ᠲᠦᠮᠡᠨ ᠰᠤᠷᠤᠭᠴᠢ᠎ᠳᠤ ᠲᠥᠯᠦᠪᠦᠷᠢ ᠦᠭᠡᠶ᠎ᠪᠠᠷ ᠬᠢᠴᠢᠶᠡᠯ᠎ᠤᠨ ᠪᠢᠴᠢᠭ ᠬᠠᠩᠭ᠋ᠠᠪᠠ; ᠬᠡᠷ ᠪᠦᠯᠢ ᠵᠢᠨ ᠠᠮᠢᠳᠤᠷᠠᠯ᠎ᠨᠢ ᠬᠦᠴᠢᠷᠳᠡᠯᠲᠡᠶ ᠰᠤᠷᠤᠭᠴᠢ᠎ᠳᠤ 87 . 1 ᠲᠦᠮᠡᠨ ᠬᠥᠮᠦᠨ ᠤᠳᠠᠭ᠎ᠠ ᠠᠮᠢᠳᠤᠷᠠᠯ᠎ᠤᠨ ᠵᠠᠷᠤᠳᠠᠯ᠎ᠤᠨ ᠨᠥᠬᠥᠪᠥᠷᠢ ᠥᠭᠴᠦ᠂ 22 . 9 ᠲᠦᠮᠡᠨ ᠬᠥᠮᠦᠨ ᠤᠳᠠᠭ᠎ᠠ ᠰᠢᠮ᠎ᠡ ᠲᠡᠵᠢᠭᠡᠯᠲᠦ ᠬᠣᠭᠣᠯᠠ ᠬᠠᠩᠭ᠋ᠠᠪᠠ᠃
      ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ᠄ ᠥᠪᠡᠷᠲᠡᠭᠡᠨ ᠵᠠᠰᠠᠬᠤ ᠣᠷᠣᠨ᠎ᠠᠴᠠ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠵᠢ ᠳᠡᠳᠬᠦᠨ ᠲᠤᠰᠠᠯᠠᠬᠤ ᠪᠠᠯᠠ ᠮᠥᠩᠭᠥ ᠵᠢ 8 . 8 ᠳ᠋ᠦᠩᠰᠢᠭᠤᠷ ᠲᠥᠭᠥᠷᠢᠭ ᠪᠠᠭᠤᠯᠭ᠋ᠠᠵᠤ᠂ 53 . 4 ᠲᠦᠮᠡᠨ ᠬᠥᠮᠦᠨ ᠤᠳᠠᠭ᠎ᠠ ᠳᠤᠰᠠᠯᠠᠪᠠ᠃ ᠡᠭᠦᠨ᠎ᠳᠤ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢ 2 . 3 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠰᠤᠷᠤᠭᠴᠢᠳ᠎ᠲᠤ 12 . 3 ᠲᠦᠮᠡᠨ ᠬᠥᠮᠦᠨ ᠤᠳᠠᠭ᠎ᠠ ᠳᠤᠰᠠᠯᠠᠪᠠ; ᠥᠪᠡᠷᠲᠡᠭᠡᠨ ᠵᠠᠰᠠᠬᠤ ᠣᠷᠣᠨ᠎ᠤ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ 《ᠬᠣᠶᠠᠷ᠎ᠢ ᠬᠡᠯᠲᠦᠷᠢᠭᠦᠯᠬᠦ》 (ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ᠂ ᠬᠢᠴᠢᠶᠡᠯ᠎ᠤᠨ ᠪᠢᠴᠢᠭ᠎ᠢ ᠲᠥᠯᠦᠪᠦᠷᠢ ᠦᠭᠡᠶ᠎ᠪᠠᠷ ᠬᠠᠩᠭ᠋ᠠᠬᠤ) ᠪᠡᠯᠡ ᠮᠥᠩᠭᠥ ᠵᠢ 6 . 5 ᠳ᠋ᠦᠩᠰᠢᠭᠤᠷ ᠲᠥᠭᠥᠷᠢᠭ ᠪᠠᠭᠤᠯᠭ᠋ᠠᠵᠤ᠂ 41 . 1 ᠲᠦᠮᠡᠨ ᠬᠥᠮᠦᠨ ᠤᠳᠠᠭ᠎ᠠ ᠳᠤᠰᠠᠯᠠᠪᠠ᠃
      ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ᠄ ᠥᠪᠡᠷᠲᠡᠭᠡᠨ ᠵᠠᠰᠠᠬᠤ ᠣᠷᠣᠨ᠎ᠠᠴᠠ ᠨᠢᠭᠡᠨᠲᠡ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠤᠭᠴᠢ ᠵᠢ ᠳᠡᠳᠬᠦᠨ ᠲᠤᠰᠠᠯᠠᠬᠤ ᠪᠡᠯᠡ ᠮᠥᠩᠭᠥ ᠵᠢ 6.2 ᠳ᠋ᠦᠩᠰᠢᠭᠤᠷ ᠲᠥᠭᠥᠷᠢᠭ ᠪᠠᠭᠤᠯᠭ᠋ᠠᠵᠤ᠂ 43.5 ᠲᠦᠮᠡᠨ ᠬᠥᠮᠦᠨ ᠤᠳᠠᠭ᠎ᠠ ᠳᠤᠰᠠᠯᠠᠪᠠ᠃ ᠡᠭᠦᠨ᠎ᠳᠤ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢ 1.6 ᠳ᠋ᠦᠩᠰᠢᠭᠤᠷ ᠲᠥᠭᠥᠷᠢᠭ ᠪᠠᠭᠤᠯᠭ᠋ᠠᠵᠤ᠂ 12.6 ᠲᠦᠮᠡᠨ ᠬᠥᠮᠦᠨ ᠤᠳᠠᠭ᠎ᠠ ᠳᠤᠰᠠᠯᠠᠪᠠ; ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ ᠵᠢ 0.01 ᠳ᠋ᠦᠩᠰᠢᠭᠤᠷ ᠲᠥᠭᠥᠷᠢᠭ ᠪᠠᠭᠤᠯᠭ᠋ᠠᠵᠤ᠂ 232 ᠬᠥᠮᠦᠨ ᠤᠳᠠᠭ᠎ᠠ ᠱᠠᠩᠨᠠᠪᠠ; ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ 《ᠬᠣᠶᠠᠷ᠎ᠢ ᠭᠡᠯᠳᠦᠷᠢᠭᠦᠯᠬᠦ》 (ᠰᠤᠷᠤᠯᠭ᠎ᠠ ᠵᠢᠨ ᠵᠠᠷᠤᠳᠠᠯ᠎ᠢ ᠭᠡᠯᠳᠦᠷᠢᠭᠦᠯᠬᠦ᠂ ᠬᠢᠴᠢᠶᠡᠯ᠎ᠤᠨ ᠪᠢᠴᠢᠭ᠎ᠢ ᠲᠥᠯᠥᠪᠦᠷᠢ ᠥᠬᠡᠶ᠎ᠪᠠᠷ ᠬᠠᠩᠭ᠋ᠠᠬᠤ) ᠪᠠᠯᠠ ᠮᠥᠩᠭᠥ ᠵᠢ 3 . 9 ᠳ᠋ᠦᠩᠰᠢᠭᠤᠷ ᠲᠥᠭᠥᠷᠢᠭ ᠪᠠᠭᠤᠯᠭ᠋ᠠᠵᠤ᠂ 18 . 3 ᠲᠦᠮᠡᠨ ᠬᠥᠮᠦᠨ ᠤᠳᠠᠭ᠎ᠠ ᠳᠤᠰᠠᠯᠠᠪᠠ; ᠪᠠᠶ᠋ᠢᠷᠢ᠎ᠳᠤ ᠰᠠᠭᠤᠬᠤ ᠰᠣᠷᠣᠭᠴᠢ ᠵᠢᠨ ᠪᠠᠶ᠋ᠢᠷᠢ᠎ᠳᠤ ᠰᠠᠭᠤᠬᠤ   ᠵᠠᠷᠤᠳᠠᠯ᠎ᠤᠨ ᠨᠥᠬᠥᠪᠥᠷᠢ ᠵᠢ 0.7 ᠳ᠋ᠦᠩᠰᠢᠭᠤᠷ ᠲᠥᠭᠥᠷᠢᠭ ᠪᠠᠭᠤᠯᠭ᠋ᠠᠵᠤ᠂ 12.6 ᠲᠦᠮᠡᠨ ᠬᠥᠮᠦᠨ ᠤᠳᠠᠭ᠎ᠠ ᠳᠤᠰᠠᠯᠠᠪᠠ᠃
      ᠡᠩ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ᠄ ᠥᠪᠡᠷᠲᠡᠭᠡᠨ ᠵᠠᠰᠠᠬᠤ ᠣᠷᠣᠨ᠎ᠠᠴᠠ ᠡᠩ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠤᠷᠤᠭᠴᠢ ᠵᠢ ᠳᠡᠳᠬᠦᠨ ᠲᠤᠰᠠᠯᠠᠬᠤ ᠪᠠᠯᠠ ᠮᠥᠩᠭᠥ ᠵᠢ 11 . 6 ᠳ᠋ᠦᠩᠰᠢᠭᠤᠷ ᠲᠥᠭᠥᠷᠢᠭ ᠪᠠᠭᠤᠯᠭ᠋ᠠᠵᠤ᠂ 36 . 1 ᠲᠦᠮᠡᠨ ᠬᠥᠮᠦᠨ ᠤᠳᠠᠭ᠎ᠠ ᠳᠤᠰᠠᠯᠠᠪᠠ᠃ ᠡᠭᠦᠨ᠎ᠳᠤ᠂ ᠡᠩ᠎ᠤᠨ ᠦᠨᠳᠦᠰᠦᠨ ᠠᠩᠭᠢ ᠪᠠ ᠲᠤᠰᠬᠠᠢ ᠮᠡᠷᠭᠡᠵᠢᠯ᠎ᠤᠨ ᠠᠩᠭᠢ ᠵᠢᠨ ᠰᠤᠷᠭ᠋ᠠᠨ ᠬᠥᠮᠦᠵᠢᠯ᠎ᠤᠨ ᠰᠤᠷᠤᠭᠴᠢ ᠵᠢ ᠳᠡᠳᠬᠦᠨ ᠲᠤᠰᠠᠯᠠᠬᠤ ᠪᠠᠯᠠ ᠮᠥᠩᠭᠥ ᠵᠢ 8 . 1 ᠳ᠋ᠦᠩᠰᠢᠭᠤᠷ ᠪᠠᠭᠤᠯᠭ᠋ᠠᠵᠤ᠂ 32 . 7 ᠲᠦᠮᠡᠨ ᠬᠥᠮᠦᠨ ᠤᠳᠠᠭ᠎ᠠ ᠳᠤᠰᠠᠯᠠᠪᠠ᠃ ᠰᠣᠳᠤᠯᠬᠤ ᠰᠤᠷᠤᠭᠴᠢ ᠵᠢᠨ ᠰᠤᠷᠭ᠋ᠠᠨ ᠬᠥᠮᠦᠵᠢᠯ᠎ᠤᠨ ᠰᠤᠷᠤᠭᠴᠢ ᠵᠢ ᠳᠡᠳᠬᠦᠨ ᠲᠤᠰᠠᠯᠠᠬᠤ ᠪᠠᠯᠠ ᠮᠥᠩᠭᠥ ᠵᠢ 3 . 5 ᠳ᠋ᠦᠩᠰᠢᠭᠤᠷ   ᠪᠠᠭᠤᠯᠭ᠋ᠠᠵᠤ᠂ 3 . 4 ᠲᠦᠮᠡᠨ ᠰᠣᠷᠣᠭᠴᠢ ᠵᠢ ᠳᠤᠰᠠᠯᠠᠪᠠ᠃
      ᠲᠤᠰᠠᠯᠠᠬᠤ ᠪᠣᠯ ᠠᠷᠭ᠎ᠠ ᠪᠠᠷᠢᠯ᠂ ᠬᠥᠮᠦᠨ᠎ᠢ ᠬᠥᠮᠦᠵᠢᠭᠦᠯᠬᠦ ᠪᠣᠯ ᠵᠣᠷᠢᠯᠭ᠎ᠠ ᠪᠣᠯᠤᠨ᠎ᠠ᠃ ᠡᠯ᠎ᠡ ᠵᠦᠢ᠍ᠯ᠎ᠤᠨ ᠳᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠶᠠᠪᠤᠴᠠ᠎ᠳᠤ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ》 ᠡᠨᠡ ᠬᠦ᠌ ᠦᠨᠳᠦᠰᠦᠨ ᠡᠭᠦᠷᠭᠡ ᠵᠢᠨ ᠲᠣᠭᠣᠷᠢᠨ᠎ᠳᠤ ᠨᠡᠶ᠋ᠢᠭᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠲᠡ ᠵᠢᠨ ᠬᠥᠮᠦᠵᠢᠯ᠎ᠢ ᠡᠯ᠎ᠡ ᠭᠤᠭᠴᠤᠭ᠋ᠠᠨ᠎ᠳᠤ ᠠᠭᠤᠰᠬᠠᠵᠤ᠂ ᠰᠤᠷᠤᠭᠴᠢᠳ᠎ᠤᠨ ᠰᠢᠨ᠎ᠡ ᠵᠢ ᠡᠭᠦᠳᠬᠦ ᠵᠣᠷᠢᠭ ᠰᠠᠨᠠᠭ᠎ᠠ ᠪᠠ ᠦᠢ᠍ᠯᠡᠳᠦᠯᠭᠡ ᠵᠢᠨ ᠴᠢᠳᠠᠪᠤᠷᠢ ᠵᠢ ᠬᠥᠮᠦᠵᠢᠭᠦᠯᠬᠦ ᠵᠢ ᠴᠢᠬᠤᠯᠠᠴᠢᠯᠠᠵᠤ᠂ ᠤᠷᠮᠠᠰᠢᠭᠤᠯᠤᠨ ᠵᠣᠷᠢᠭᠵᠢᠭᠤᠯᠬᠤ ᠬᠥᠮᠦᠵᠢᠯ᠂ ᠦᠨᠡᠨᠴᠢ ᠢᠲᠡᠭᠡᠮᠵᠢ ᠵᠢᠨ ᠬᠥᠮᠦᠵᠢᠯ ᠪᠠ ᠨᠡᠶ᠋ᠢᠭᠡᠮ᠎ᠤᠨ ᠬᠠᠷᠢᠭᠤᠴᠠᠯᠭ᠋ᠠᠲᠤ ᠰᠡᠳᠬᠢᠯᠭᠡ ᠵᠢᠨ ᠬᠥᠮᠦᠵᠢᠯ᠎ᠢ ᠴᠢᠩᠭ᠋ᠠᠳᠬᠠᠪᠠ᠃ 2019 ᠣᠨ᠎ᠠᠴᠠ ᠣᠲᠣ ᠪᠣᠯᠲᠠᠯ᠎ᠠ ᠪᠥᠬᠥ ᠣᠷᠣᠨ᠎ᠤ ᠡᠯ᠎ᠡ ᠡᠩ᠎ᠤᠨ ᠳᠡᠭᠡᠳᠦ ᠰᠤᠷᠭ᠋ᠠᠭᠤᠯᠢ 《ᠲᠠᠪᠤᠨ ᠨᠢᠭᠡ》 ᠵᠢᠨ ᠳᠡᠳᠬᠦᠨ ᠲᠤᠰᠠᠯᠠᠵᠤ ᠬᠥᠮᠦᠨ᠎ᠢ ᠬᠥᠮᠦᠵᠢᠭᠦᠯᠬᠦ ᠠᠵᠢᠯᠯᠠᠭ᠎ᠠ ᠵᠢ ᠪᠥᠬᠥ ᠲᠠᠯ᠎ᠠ᠎ᠪᠠᠷ ᠬᠡᠷᠡᠭᠵᠢᠭᠦᠯᠪᠡ᠂ ᠲᠤᠬᠠᠶ᠋ᠢᠯᠠᠪᠠᠯ᠂ ᠨᠢᠭᠡ ᠤᠳᠠᠭ᠋ᠠᠨ᠎ᠤ ᠦᠨᠡᠨᠴᠢ ᠢᠲᠡᠭᠡᠮᠵᠢ ᠵᠢᠨ ᠬᠥᠮᠦᠵᠢᠯ᠂ ᠨᠢᠭᠡ ᠤᠳᠠᠭ᠋ᠠᠨ᠎ᠤ ᠠᠴᠢ ᠬᠠᠷᠢᠭᠤᠯᠬᠤ ᠬᠥᠮᠦᠵᠢᠯ᠂ ᠨᠢᠭᠡ ᠤᠳᠠᠭ᠋ᠠᠨ᠎ᠤ ᠲᠡᠷᠢᠭᠦᠨ᠎ᠤ ᠦᠢ᠍ᠯᠡ ᠠᠵᠢᠯᠯᠠᠭ᠋ᠠᠨ᠎ᠤ ᠮᠡᠳᠡᠭᠦᠯᠦᠯᠲᠡ ᠵᠢᠨ ᠬᠤᠷᠠᠯ᠂ ᠨᠢᠭᠡ ᠤᠳᠠᠭ᠋ᠠᠨ᠎ᠤ ᠨᠡᠶ᠋ᠢᠲᠡ ᠵᠢᠨ ᠠᠰᠠᠷᠠᠮᠵᠢ ᠵᠢᠨ ᠬᠢᠴᠢᠶᠡᠯ᠂ ᠨᠢᠭᠡ ᠤᠳᠠᠭ᠋ᠠᠨ᠎ᠤ ᠮᠥᠩᠭᠥᠨ ᠭᠦᠢ᠍ᠯᠭᠡᠭᠡᠨ᠎ᠤ ᠲᠠᠶ᠋ᠢᠯᠤᠮᠵᠢ (ᠭᠤᠤᠯᠳᠠᠭᠤ 《ᠰᠤᠷᠭ᠋ᠠᠭᠤᠯᠢ ᠵᠢᠨ ᠬᠦᠷᠢᠶᠡᠨ᠎ᠤ ᠵᠢᠭᠡᠯᠡᠯᠭᠡ》 ᠵᠢᠨ ᠮᠡᠬᠡᠯᠡᠯ᠎ᠢ ᠰᠡᠷᠭᠡᠶ᠋ᠢᠯᠡᠬᠦ ᠲᠣᠭᠣᠷᠢᠨ᠎ᠳᠤ) ᠪᠣᠯᠤᠨ᠎ᠠ᠃ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢ ᠵᠢ ᠰᠤᠷᠭ᠋ᠠᠨ ᠬᠥᠮᠦᠵᠢᠭᠦᠯᠬᠦ ᠪᠠ ᠬᠥᠲᠥᠯᠦᠨ ᠵᠢᠯᠣᠭᠣᠳᠴᠤ ᠬᠦᠴᠢᠷᠳᠡᠯ᠎ᠳᠤ ᠵᠥᠪ ᠵᠶ᠋ᠠᠷ ᠬᠠᠨᠳᠤᠭᠤᠯᠤᠨ᠂ ᠰᠤᠷᠤᠭᠴᠢᠳ᠎ᠤᠨ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠳᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢᠨ ᠬᠠᠯᠠᠮᠵᠢᠯᠠᠯ ᠳᠤᠤᠷ᠎ᠠ ᠰᠤᠷᠤᠭᠴᠢᠳ᠎ᠤᠨ ᠡᠷᠡᠭᠦᠯ ᠵᠶ᠋ᠠᠷ ᠦᠰᠦᠨ ᠪᠣᠶ᠋ᠢᠵᠢᠬᠤ ᠵᠢ ᠠᠬᠢᠭᠤᠯᠵᠤ᠂ ᠡᠴᠦᠰ᠎ᠲᠤ 《ᠦᠶ᠎ᠡ ᠵᠢᠨ ᠦᠶ᠎ᠡ ᠶᠠᠳᠠᠭᠤᠷᠠᠬᠤ ᠵᠢ ᠬᠣᠷᠢᠭᠯᠠᠨ ᠵᠣᠭᠰᠣᠭ᠋ᠠᠬᠤ》 ᠬᠠᠷᠠᠯᠲᠠ ᠵᠢ ᠪᠡᠶᠡᠯᠡᠭᠦᠯᠦᠨ᠎ᠡ᠃
      ᠤᠳᠠᠯ ᠥᠬᠡᠶ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ ᠭᠡᠵᠦ ᠪᠠᠶ᠋ᠢᠭ᠎ᠠ ᠲᠠᠰᠢᠷᠠᠮ᠎ᠳᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ᠎ᠬᠢᠨ ᠰᠤᠷᠤᠯᠭ᠎ᠠ ᠵᠢᠨ ᠱᠠᠩᠨᠠᠯ᠎ᠤᠨ ᠮᠥᠩᠭᠦ ᠪᠠ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢ ᠭᠤᠶᠤᠴᠢᠯᠠᠬᠤ ᠪᠠ ᠮᠠᠭ᠋ᠠᠳᠯᠠᠨ ᠲᠣᠭᠲᠠᠭ᠋ᠠᠬᠤ ᠠᠵᠢᠯ᠎ᠢ ᠲᠥᠪᠯᠡᠷᠡᠭᠦᠯᠦᠨ ᠵᠣᠬᠢᠶᠠᠨ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠨᠢᠭᠡᠨᠲᠡ 《ᠥᠪᠥᠷ ᠮᠣᠩᠭᠣᠯ᠎ᠤᠨ ᠰᠤᠷᠭ᠋ᠠᠨ ᠬᠥᠮᠦᠵᠢᠯ ᠨᠡᠢ᠌ᠲᠡᠯᠡᠯ》᠎ᠤᠨ ᠠᠯᠪᠠᠨ ᠸᠢᠴᠠᠲ ᠵᠶ᠋ᠠᠷ ᠳᠠᠮᠵᠢᠭᠤᠯᠤᠨ ᠪᠥᠬᠥ ᠣᠷᠣᠨ᠎ᠤ ᠡᠯ᠎ᠡ ᠳᠡᠭᠡᠳᠦ ᠰᠤᠷᠭ᠋ᠠᠭᠤᠯᠢ᠂ ᠡᠯ᠎ᠡ ᠠᠶ᠋ᠢᠮᠠᠭ ᠬᠣᠲᠠ ᠪᠠ ᠬᠣᠰᠢᠭᠤ ᠰᠢᠶᠠᠨ ᠲᠣᠭᠣᠷᠢᠭ᠎ᠤᠨ ᠳᠡᠳᠬᠦᠨ ᠲᠤᠰᠠᠯᠠᠬᠤ ᠬᠠᠯᠠᠮᠰᠢᠯ ᠤᠲᠠᠰᠤ ᠪᠠ ᠡᠯ᠎ᠡ ᠵᠦᠢ᠍ᠯ᠎ᠤᠨ ᠰᠣᠷᠣᠭᠴᠢ ᠵᠢ ᠳᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢ ᠨᠡᠶ᠋ᠢᠲᠡᠯᠡᠵᠦ᠂ ᠬᠡᠷᠡᠭᠴᠡᠭᠡ᠎ᠲᠠᠢ ᠰᠣᠷᠣᠭᠴᠢ ᠪᠣᠯ ᠤᠲᠠᠰᠤᠳᠠᠵᠤ ᠠᠰᠠᠭᠤᠨ ᠯᠠᠪᠯᠠᠵᠤ ᠪᠣᠯᠤᠨ᠎ᠠ᠃ ᠡᠭᠦᠨ᠎ᠤ ᠬᠠᠮᠲᠤ᠂ ᠥᠷᠭᠡᠨ ᠣᠯᠠᠨ ᠬᠡᠷ᠎ᠤᠨ ᠠᠬᠠᠮᠠᠳ ᠪᠠ ᠰᠣᠷᠣᠭᠴᠢ᠎ᠳᠤ ᠮᠡᠬᠡᠯᠡᠭᠴᠢ ᠳᠡᠳᠬᠦᠨ ᠲᠤᠰᠠᠯᠠᠬᠤ ᠠᠵᠢᠯᠲᠠᠨ ᠵᠶ᠋ᠠᠷ ᠣᠪᠯᠠᠵᠤ᠂ ᠰᠤᠷᠤᠯᠭ᠎ᠠ ᠵᠢᠨ ᠱᠠᠩᠨᠠᠯ᠎ᠤᠨ ᠮᠥᠩᠭᠥ ᠪᠠ ᠠᠮᠢᠳᠤᠷᠠᠯ᠎ᠤᠨ ᠳᠤᠰᠠᠯᠠᠮᠵᠢ ᠥᠭᠬᠦ ᠵᠡᠷᠭᠡ ᠨᠡᠷ᠎ᠡ᠎ᠪᠠᠷ ᠰᠣᠷᠣᠭᠴᠢ ᠪᠠ ᠬᠡᠷ᠎ᠤᠨ ᠠᠬᠠᠮᠠᠳ᠎ᠢ ᠥᠳᠥᠭᠡᠨ ᠮᠡᠬᠡᠯᠡᠬᠦ ᠵᠢ ᠰᠡᠷᠡᠮᠵᠢᠯᠡᠵᠦ᠂ ᠪᠠᠰᠠ ᠵᠠᠷᠢᠮ ᠬᠠᠤᠯᠢ ᠪᠤᠰᠤ ᠪᠠᠶ᠋ᠢᠭᠤᠯᠤᠮᠵᠢ ᠵᠢᠨ ᠡᠯ᠎ᠡ   ᠵᠦᠢ᠍ᠯ᠎ᠤᠨ ᠠᠷᠭ᠎ᠠ ᠪᠠᠷᠢᠯ ᠵᠶ᠋ᠠᠷ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ ᠵᠢ ᠬᠠᠭᠤᠷᠤᠨ ᠮᠡᠬᠡᠯᠡᠵᠦ ᠡᠷᠡᠭᠦᠯ ᠪᠤᠰᠤ 《ᠰᠤᠷᠭ᠋ᠠᠭᠤᠯᠢ ᠵᠢᠨ ᠬᠦᠷᠢᠶᠡᠨ᠎ᠤ ᠵᠢᠭᠡᠯᠡᠯᠭᠡ》 ᠭᠤᠶᠤᠴᠢᠯᠠᠭᠤᠯᠬᠤ ᠵᠢ ᠰᠡᠷᠡᠮᠵᠢᠯᠡᠬᠦ ᠬᠡᠷᠡᠭᠲᠡᠶ ᠭᠡᠵᠦ ᠰᠠᠨᠠᠭᠤᠯᠤᠶ᠎ᠠ᠃ ᠪᠢᠳᠡ ᠵᠠᠪᠠᠯ ᠲᠠᠷᠢᠬᠢ ᠲᠣᠯᠣᠭ᠋ᠠᠢ᠎ᠪᠠᠨ ᠰᠡᠷᠭᠡᠭ ᠪᠠᠶ᠋ᠢᠯᠭ᠋ᠠᠵᠤ᠂ ᠤᠶᠤᠨᠴᠢ᠎ᠪᠠᠷ ᠬᠡᠷᠡᠭᠯᠡᠬᠦ ᠵᠢ ᠡᠷᠬᠢᠮᠯᠡᠵᠦ᠂ ᠴᠠᠭ ᠪᠠ ᠤᠶᠤᠨ ᠴᠢᠳᠠᠯ ᠵᠶ᠋ᠠᠨ ᠮᠡᠳᠡᠯᠭᠡ ᠰᠤᠷᠬᠤ ᠪᠠ ᠴᠢᠳᠠᠪᠤᠷᠢ᠎ᠪᠠᠨ ᠳᠡᠭᠡᠭᠰᠢᠯᠡᠭᠦᠯᠬᠦ ᠳᠡᠭᠡᠷ᠎ᠡ ᠵᠠᠷᠤᠴᠠᠭᠤᠯᠬᠤ ᠬᠡᠷᠡᠭᠲᠡᠢ᠃
      ᠰᠤᠷᠤᠭᠴᠢ ᠵᠢ ᠲᠡᠳᠬᠦᠨ ᠲᠤᠰᠠᠯᠠᠬᠤ ᠶᠠᠪᠤᠳᠠᠯ᠎ᠨᠢ ᠠᠷᠠᠳ᠎ᠤᠨ ᠠᠮᠢᠳᠤᠷᠠᠯ᠎ᠳᠤ ᠬᠣᠯᠪᠣᠭᠳᠠᠵᠤ᠂ ᠠᠷᠠᠳ᠎ᠤᠨ ᠰᠡᠳᠬᠢᠯ᠎ᠳᠤ ᠬᠣᠯᠪᠣᠭᠳᠠᠵᠤ᠂ ᠠᠷᠠᠳ ᠣᠯᠠᠨ ᠳᠡᠭᠡᠳᠦ ᠬᠡᠮᠵᠢᠶ᠎ᠡ᠎ᠪᠠᠷ ᠬᠠᠯᠠᠮᠵᠢᠯᠠᠵᠤ᠂ ᠰᠣᠨᠢᠨ ᠮᠡᠳᠡᠭᠡᠨ᠎ᠤ ᠵᠠᠭᠤᠴᠢᠯᠠᠭᠤᠷ ᠳᠡᠭᠡᠳᠦ ᠬᠡᠮᠵᠢᠶ᠎ᠡ᠎ᠪᠠᠷ ᠠᠩᠬᠠᠷᠴᠤ ᠪᠠᠶ᠋ᠢᠨ᠎ᠠ᠃ ᠰᠤᠷᠪᠤᠯᠵᠢᠯᠠᠭᠴᠢ ᠨᠠᠶ᠋ᠢᠵᠠ ᠨᠠᠷ᠎ᠤᠨ ᠣᠷᠳᠣ ᠬᠤᠭᠤᠴᠠᠭ᠋ᠠᠨ᠎ᠤ ᠲᠤᠷᠰᠢ ᠰᠤᠷᠤᠭᠴᠢ ᠵᠢ ᠲᠡᠳᠬᠦᠨ ᠲᠤᠰᠠᠯᠠᠬᠤ ᠠᠵᠢᠯ᠎ᠢ ᠬᠠᠯᠠᠮᠵᠢᠯᠠᠨ ᠬᠠᠪᠰᠤᠷᠤᠭᠰᠠᠭ᠋ᠠᠷ ᠢᠷᠡᠭᠰᠡᠨ᠎ᠳᠤ ᠣᠨᠴᠠᠭ᠋ᠠᠶ᠋ᠢᠯᠠᠨ ᠲᠠᠯᠠᠷᠬᠠᠵᠤ ᠪᠠᠶ᠋ᠢᠨ᠎ᠠ᠃ ᠰᠤᠷᠪᠤᠯᠵᠢᠯᠠᠭᠴᠢ ᠨᠠᠶ᠋ᠢᠵᠠ ᠨᠠᠷ ᠥᠩᠭᠡᠷᠡᠭᠰᠡᠨ᠎ᠲᠠᠢ᠎ᠪᠠᠨ ᠠᠳᠠᠯᠢ᠎ᠪᠠᠷ ᠭᠡᠷ ᠪᠦᠯᠢ ᠵᠢᠨ ᠠᠮᠢᠳᠤᠷᠠᠯ᠎ᠨᠢ ᠬᠦᠴᠢᠷᠳᠡᠯᠲᠡᠢ ᠰᠤᠷᠤᠭᠴᠢ ᠵᠢ ᠬᠠᠶ᠋ᠢᠷᠠᠯᠠᠨ ᠬᠠᠯᠠᠮᠵᠢᠯᠠᠵᠤ᠂ ᠰᠤᠷᠤᠭᠴᠢ ᠵᠢ ᠲᠡᠳᠬᠦᠨ ᠲᠤᠰᠠᠯᠠᠬᠤ ᠦᠢ᠍ᠯᠡᠰ᠎ᠤᠨ ᠬᠥᠭᠵᠢᠯᠲᠡ ᠵᠢ ᠬᠠᠯᠠᠮᠵᠢᠯᠠᠵᠤ᠂ ᠶᠠᠳᠠᠭᠤ ᠬᠦᠴᠢᠷᠳᠡᠯᠲᠡᠢ ᠭᠡᠷ ᠪᠦᠯᠢ ᠵᠢᠨ ᠰᠤᠷᠤᠭᠴᠢ ᠨᠢᠭᠡ ᠪᠦᠷᠢ᠎ᠳᠤ ᠠᠷᠤ᠎ᠳᠤ   ᠴᠢᠨᠢ ᠨᠢᠭᠡᠨ ᠬᠦᠴᠦᠷᠬᠡᠭ ᠶᠡᠬᠡ ᠡᠬᠡ ᠤᠯᠤᠰ ᠪᠠᠶ᠋ᠢᠬᠤ ᠵᠢ ᠮᠡᠳᠡᠭᠦᠯᠬᠦ ᠵᠢ ᠬᠦᠰᠡᠵᠦ ᠪᠠᠶ᠋ᠢᠨ᠎ᠠ! ᠪᠢᠳᠡ ᠬᠠᠮᠲᠤ᠎ᠪᠠᠷ ᠴᠢᠷᠮᠠᠶ᠋ᠢᠵᠤ ᠨᠡᠩ ᠰᠠᠢ᠍ᠢ᠍ᠨ ᠬᠢᠷᠢ ᠪᠦᠲᠦᠮᠵᠢ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠵᠠᠭ᠋ᠠᠶ᠎ᠠ!
      ᠣᠯᠠᠨ᠎ᠳᠤ ᠪᠠᠶᠠᠷᠯᠠᠯ᠎ᠠ!


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ

      ᠰᠤᠷᠤᠭᠴᠢ ᠵᠢ ᠳᠡᠳᠬᠦᠨ ᠲᠤᠰᠠᠯᠠᠬᠤ ᠠᠵᠢᠯ ᠰᠣᠨᠢᠨ ᠮᠡᠳᠡᠭᠡ ᠨᠡᠶ᠋ᠢᠲᠡᠯᠡᠬᠦ ᠬᠤᠷᠠᠯ

      ᠳᠡᠭᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ


      ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ ᠶᠡᠷᠦᠩᠬᠡᠢ ᠱᠦᠵᠢ ᠰᠢ ᠵᠢᠨ ᠫᠢᠩ᠂ ᠶᠠᠳᠠᠭᠤ᠎ᠠᠴᠠ ᠠᠩᠭᠢᠵᠢᠷᠠᠭᠤᠯᠤᠨ ᠪᠣᠭᠣᠮᠲᠠ   ᠰᠢᠪᠲᠤᠯᠤᠭᠰᠠᠨ ᠦᠷ᠎ᠡ ᠪᠥᠲᠦᠮᠵᠢ ᠵᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠡᠯ᠎ᠡ ᠵᠦᠢ᠍ᠯ᠎ᠤᠨ ᠠᠵᠢᠯ᠎ᠢ ᠦᠨᠡᠨ ᠬᠦ᠌ ᠰᠠᠶ᠋ᠢᠲᠤᠷ ᠬᠢᠵᠦ᠂ ᠶᠠᠳᠠᠭᠤ᠎ᠠᠴᠠ ᠠᠩᠭᠢᠵᠢᠷᠠᠭᠤᠯᠤᠭᠰᠠᠨ ᠰᠠᠭᠤᠷᠢ ᠵᠢ ᠨᠡᠩ ᠪᠠᠲᠤ ᠪᠡᠬᠢ᠂ ᠦᠷ᠎ᠡ ᠪᠦᠲᠦᠮᠵᠢ ᠵᠢ ᠨᠡᠩ ᠦᠷᠭᠦᠯᠵᠢᠯᠡᠬᠦ ᠴᠢᠨᠠᠷᠲᠠᠢ ᠪᠣᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠰᠤᠷᠤᠭᠴᠢ ᠵᠢ ᠳᠡᠳᠬᠦᠨ ᠲᠤᠰᠠᠯᠠᠬᠤ ᠠᠵᠢᠯ᠎ᠤᠨ ᠶᠠᠪᠤᠴᠠ᠎ᠳᠤ ᠶᠠᠳᠠᠭᠤ᠎ᠠᠴᠠ ᠠᠩᠭᠢᠵᠢᠷᠠᠭᠤᠯᠤᠨ ᠪᠣᠭᠣᠮᠲᠠ ᠰᠢᠪᠲᠤᠯᠤᠭᠰᠠᠨ ᠦᠷ᠎ᠡ ᠪᠥᠲᠦᠮᠵᠢ ᠵᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠵᠢ ᠶᠠᠭ᠋ᠠᠬᠢᠵᠤ   ᠨᠠᠢ᠌ᠳᠠᠪᠤᠷᠢᠵᠢᠭᠤᠯᠤᠭᠰᠠᠨ ᠪᠣᠶ?
      ᠯᠢ ᠶᠢᠩ᠄ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠶᠠᠳᠠᠭᠤ᠎ᠠᠴᠠ ᠠᠩᠭᠢᠵᠢᠷᠠᠭᠤᠯᠤᠨ ᠪᠣᠭᠣᠮᠲᠠ ᠰᠢᠪᠲᠤᠯᠬᠤ ᠵᠢ ᠲᠦᠷᠦ ᠵᠢ ᠵᠠᠰᠠᠵᠤ ᠵᠠᠰᠠᠭ᠎ᠢ   ᠴᠡᠭᠴᠡᠯᠡᠬᠦ ᠲᠤᠪᠤᠢ᠍ᠢ᠍ᠮ᠎ᠠ ᠪᠠᠶ᠋ᠢᠷᠢᠨ᠎ᠳᠤ ᠲᠠᠯᠪᠢᠵᠤ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠭᠣᠣᠯᠳᠠᠯᠭ᠋ᠠᠲᠠᠢ ᠡᠭᠦᠷᠭᠡ ᠪᠣᠯᠭ᠋ᠠᠵᠤ᠂ ᠶᠠᠳᠠᠭᠤ᠎ᠠᠴᠠ ᠠᠩᠭᠢᠵᠢᠷᠠᠭᠤᠯᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠦᠬᠦ ᠲᠠᠯ᠎ᠠ᠎ᠪᠠᠷ ᠡᠬᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠢ ᠬᠡᠳᠦᠨ ᠮᠢᠩᠭ᠋ᠠᠨ ᠵᠢᠯ ᠭᠠᠴᠢᠭᠳᠠᠭᠤᠯᠤᠭᠰᠠᠨ ᠬᠠᠷᠢᠴᠠᠯᠠᠰᠢᠭᠦᠢ ᠶᠠᠳᠠᠭᠤ ᠭᠦᠴᠢᠷᠳᠡᠯᠲᠡᠢ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠰᠢᠢ᠍ᠳᠪᠦᠷᠢᠯᠡᠵᠦ᠂ ᠶᠠᠳᠠᠭᠤ᠎ᠠᠴᠠ ᠠᠩᠭᠢᠵᠢᠷᠠᠭᠤᠯᠤᠨ ᠪᠣᠭᠣᠮᠲᠠ ᠰᠢᠪᠲᠤᠯᠤᠭᠰᠠᠨ ᠦᠷ᠎ᠡ ᠪᠥᠲᠦᠮᠵᠢ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠪᠠ᠃ ᠶᠡᠷᠦᠩᠬᠡᠶ ᠱᠦᠵᠢ ᠰᠢ ᠵᠢᠨ ᠫᠢᠩ᠎ᠤᠨ ᠶᠠᠳᠠᠭᠤ᠎ᠠᠴᠠ ᠠᠩᠭᠢᠵᠢᠷᠠᠭᠤᠯᠤᠨ ᠪᠣᠭᠣᠮᠲᠠ ᠰᠢᠪᠲᠤᠯᠤᠭᠰᠠᠨ ᠦᠷ᠎ᠡ ᠪᠥᠲᠦᠮᠵᠢ ᠵᠢ ᠪᠡᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠶ ᠴᠢᠬᠤᠯᠠ ᠶᠠᠷᠢᠶ᠎ᠠ ᠪᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠰᠤᠷᠭ᠋ᠠᠨ ᠬᠥᠮᠦᠵᠢᠯ᠎ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ᠎ᠤᠨ ᠳᠠᠷᠤᠮᠠᠯᠯᠠᠨ ᠲᠠᠷᠬᠠᠭ᠋ᠠᠭᠰᠠᠨ 《ᠰᠤᠷᠭ᠋ᠠᠨ ᠬᠥᠮᠦᠵᠢᠯ᠎ᠤᠨ ᠶᠠᠳᠠᠭᠤ᠎ᠠᠴᠠ ᠠᠩᠭᠢᠵᠢᠷᠠᠭᠤᠯᠤᠨ ᠪᠣᠭᠣᠮᠲᠠ ᠰᠢᠪᠲᠤᠯᠤᠭᠰᠠᠨ ᠦᠷ᠎ᠡ ᠪᠥᠲᠦᠮᠵᠢ ᠵᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠵᠢ ᠪᠡᠶᠡᠯᠡᠭᠦᠯᠬᠦ ᠲᠤᠬᠠᠶ ᠰᠠᠨᠠᠯ》᠎ᠤᠨ ᠱᠠᠭ᠋ᠠᠷᠳᠠᠯᠭ᠎ᠠ ᠶᠣᠰᠤ᠎ᠪᠠᠷ ᠥᠪᠡᠷᠲᠡᠭᠡᠨ ᠵᠠᠰᠠᠬᠤ ᠣᠷᠣᠨ᠎ᠠᠴᠠ ᠮᠠᠯᠵᠢᠬᠤ ᠲᠠᠷᠢᠶᠠᠯᠠᠬᠤ ᠣᠷᠣᠨ᠂ ᠬᠥᠳᠡᠭᠡ ᠠᠵᠤ ᠠᠬᠤᠶ᠎ᠳᠤ ᠬᠣᠯᠪᠣᠭᠳᠠᠬᠤ ᠳᠡᠭᠡᠳᠦ ᠰᠤᠷᠭ᠋ᠠᠭᠤᠯᠢ᠂ ᠬᠥᠳᠡᠭᠡ ᠠᠵᠤ ᠠᠬᠤᠶ᠎ᠳᠤ ᠬᠣᠯᠪᠣᠭᠳᠠᠬᠤ ᠲᠤᠰᠬᠠᠶ ᠮᠡᠷᠭᠡᠵᠢᠯ᠎ᠤᠨ ᠰᠤᠷᠤᠭᠴᠢ ᠵᠢ ᠳᠡᠳᠬᠦᠨ ᠲᠤᠰᠠᠯᠠᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠰᠢᠨ᠎ᠡ ᠵᠢ ᠡᠭᠦᠳᠬᠦ ᠬᠡᠯᠪᠡᠷᠢ ᠵᠢᠨ᠂ ᠬᠠᠮ ᠬᠡᠷᠡᠭᠯᠡᠭᠡᠨ᠎ᠤ ᠬᠡᠯᠪᠡᠷᠢ ᠵᠢᠨ᠂ ᠬᠡᠷᠡᠭᠯᠡᠭᠡᠨ᠎ᠤ ᠤᠷ᠎ᠠ ᠴᠢᠳᠠᠪᠤᠷᠢ ᠵᠢᠨ ᠬᠡᠯᠪᠡᠷᠢ ᠵᠢᠨ ᠲᠠᠷᠢᠶᠠᠯᠠᠩ ᠣᠶ ᠰᠢᠭᠤᠶ ᠵᠢᠨ ᠴᠢᠳᠠᠪᠤᠷᠢᠲᠠᠨ᠎ᠢ ᠥᠳᠲᠡᠷ ᠲᠦᠷᠭᠡᠨ ᠬᠥᠮᠦᠵᠢᠭᠦᠯᠵᠦ᠂ ᠰᠤᠷᠭ᠋ᠠᠨ ᠬᠥᠮᠦᠵᠢᠯ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠴᠢᠳᠠᠪᠤᠷᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠪᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ᠂ ᠮᠠᠯᠵᠢᠬᠤ ᠲᠠᠷᠢᠶᠠᠯᠠᠬᠤ ᠣᠷᠣᠨ᠎ᠤ ᠰᠤᠷᠤᠭᠴᠢᠳ᠎ᠤᠨ ᠰᠢᠮ᠎ᠡ ᠲᠡᠵᠢᠭᠡᠯ᠎ᠢ ᠰᠠᠶ᠋ᠢᠵᠢᠷᠠᠭᠤᠯᠬᠤ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢ ᠵᠢᠨ ᠰᠢᠮ᠎ᠡ ᠲᠡᠵᠢᠭᠡᠯ᠎ᠤᠨ ᠪᠠᠶ᠋ᠢᠳᠠᠯ ᠪᠠ ᠪᠡᠶ᠎ᠡ ᠮᠠᠬᠠᠪᠣᠳ᠎ᠤᠨ ᠬᠡᠪ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠪᠠ; ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠠᠴᠠ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠦᠬᠦᠯᠢ ᠡᠳᠦᠷ᠎ᠤᠨ ᠳᠦᠷᠢᠮᠲᠦ ᠰᠤᠷᠭ᠋ᠠᠨ ᠬᠥᠮᠦᠵᠢᠯ᠎ᠤᠨ ᠵᠢᠩᠬᠢᠨᠢ ᠰᠤᠷᠭ᠋ᠠᠭᠤᠯᠢ ᠵᠢᠨ ᠬᠠᠷᠢᠶ᠎ᠠ᠎ᠲᠠᠢ ᠨᠢᠭᠡ᠂ ᠬᠣᠶᠠᠳᠤᠭ᠋ᠠᠷ ᠣᠨ᠎ᠤ ᠪᠥᠬᠦ ᠲᠠᠷᠢᠶᠠᠯᠠᠬᠤ ᠮᠠᠯᠵᠢᠬᠤ ᠣᠷᠣᠨ (ᠰᠢᠶᠠᠨ ᠪᠠᠯᠭ᠋ᠠᠰᠤ ᠵᠢ ᠪᠠᠭᠲᠠᠭ᠋ᠠᠨ᠎ᠠ)᠎ᠤ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ᠂ ᠬᠣᠲᠠ ᠵᠢᠨ ᠲᠠᠷᠢᠶᠠᠯᠠᠩ᠎ᠳᠤ ᠬᠣᠯᠪᠣᠭᠳᠠᠬᠤ ᠲᠤᠰᠬᠠᠶ ᠮᠡᠷᠭᠡᠵᠢᠯ᠎ᠤᠨ ᠰᠤᠷᠤᠭᠴᠢ᠎ᠳᠤ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢᠨ ᠳᠦᠷᠢᠮ᠎ᠢ ᠪᠠᠶ᠋ᠢᠭᠤᠯᠵᠤ᠂ ᠰᠤᠷᠤᠭᠴᠢ ᠨᠢᠭᠡ ᠪᠦᠷᠢ᠎ᠳᠤ ᠵᠢᠯ ᠪᠦᠷᠢ 1500—2000 ᠲᠥᠭᠥᠷᠢᠭ᠎ᠤᠨ ᠪᠠᠷᠢᠮᠵᠢᠶ᠎ᠠ᠎ᠪᠠᠷ ᠲᠤᠰᠠᠯᠠᠮᠵᠢ ᠥᠭᠭᠦᠨ᠎ᠡ; ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠰᠤᠷᠤᠯᠭ᠎ᠠ ᠵᠢᠨ ᠱᠠᠩᠨᠠᠯ᠎ᠤᠨ ᠮᠥᠩᠭᠥ᠂ ᠵᠣᠷᠢᠭᠵᠢᠭᠤᠯᠬᠤ ᠱᠠᠩᠨᠠᠯ᠎ᠤᠨ ᠮᠥᠩᠭᠥ᠂ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢᠨ ᠣᠷᠣᠨ ᠲᠣᠭ᠎ᠠ ᠵᠢ ᠬᠤᠪᠢᠶᠠᠷᠢᠯᠠᠬᠤ ᠲᠠᠯ᠎ᠠ᠎ᠪᠠᠷ᠂ ᠲᠠᠷᠢᠶᠠᠯᠠᠩ ᠣᠶ ᠰᠢᠭᠤᠶ ᠵᠡᠷᠭᠡ ᠬᠢᠴᠢᠶᠡᠯ ᠲᠥᠷᠥᠯ᠎ᠤᠨ ᠲᠤᠰᠬᠠᠶ ᠮᠡᠷᠭᠡᠵᠢᠯ ᠵᠶ᠋ᠠᠷ ᠭᠤᠤᠯ ᠪᠣᠯᠭ᠋ᠠᠭᠰᠠᠨ ᠳᠡᠭᠡᠳᠦ ᠰᠤᠷᠭ᠋ᠠᠭᠤᠯᠢ ᠲᠡᠢ᠌ᠰᠢ ᠵᠣᠬᠢᠰᠲᠠᠶ ᠬᠡᠯᠪᠡᠢ᠌ᠯᠭᠡᠪᠡ᠃ 2021 ᠣᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠦᠨᠳᠦᠰᠦᠨ ᠱᠠᠲᠤᠨ᠎ᠳᠤ ᠠᠵᠢᠯ ᠣᠯᠪᠠᠯ ᠰᠤᠷᠤᠯᠭ᠎ᠠ ᠵᠢᠨ ᠵᠠᠷᠤᠳᠠᠯ᠎ᠢ ᠨᠥᠬᠦᠨ ᠲᠥᠯᠦᠵᠦ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢ ᠣᠷᠣᠯᠠᠨ ᠳᠥᠯᠥᠬᠦ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠮᠠᠨ᠎ᠤ ᠣᠷᠣᠨ᠎ᠤ ᠬᠠᠲᠠᠭᠤ ᠪᠡᠷᠬᠡᠰᠢᠶᠡᠯᠲᠡᠶ ᠪᠣᠶ᠋ᠢᠳᠠ ᠪᠦᠭᠯᠡᠭᠦᠦ ᠭᠠᠵᠠᠷ ᠣᠷᠣᠨ᠎ᠤ ᠦᠨᠳᠦᠰᠦᠨ ᠱᠠᠲᠤᠨ᠎ᠤ ᠨᠢᠭᠡᠴᠢ᠎ᠳᠤ ᠠᠵᠢᠯ ᠣᠯᠬᠤ ᠵᠢ ᠬᠥᠲᠥᠯᠦᠨ ᠵᠢᠯᠣᠭᠣᠳᠬᠤ ᠪᠠ ᠵᠣᠷᠢᠭᠵᠢᠭᠤᠯᠵᠤ᠂ ᠦᠨᠳᠦᠰᠦᠨ ᠱᠠᠲᠤᠨ᠎ᠤ ᠴᠢᠳᠠᠪᠤᠷᠢᠲᠠᠨ᠎ᠤ ᠡᠩᠨᠡᠭᠡᠨ᠎ᠤ ᠪᠦᠲᠦᠴᠡ ᠵᠢ ᠰᠠᠢ᠌ᠵᠢᠷᠠᠭᠤᠯᠵᠤ᠂ ᠬᠣᠲᠠ ᠬᠥᠳᠡᠭᠡ ᠪᠣᠯᠤᠨ ᠣᠷᠣᠨ ᠪᠦᠰᠡ ᠵᠢᠨ ᠠᠵᠤ ᠠᠬᠤᠶ ᠵᠢᠨ ᠵᠣᠬᠢᠴᠠᠩᠭᠤᠶ ᠬᠥᠭᠵᠢᠯᠲᠡ ᠵᠢ ᠠᠬᠢᠭᠤᠯᠪᠠ᠃
      ᠣᠳᠣᠬᠠᠨ᠎ᠳᠤ᠂ ᠶᠠᠭ ᠤᠯᠤᠰ᠎ᠤᠨ ᠰᠤᠷᠤᠭᠴᠢ ᠵᠢᠨ ᠢᠷᠡᠯᠲᠡ ᠵᠢᠨ ᠭᠠᠵᠠᠷ᠎ᠤᠨ ᠰᠤᠷᠤᠯᠭ᠎ᠠ ᠵᠢᠨ ᠲᠡᠳᠬᠦᠮᠵᠢ ᠵᠢᠨ ᠢᠲᠡᠭᠡᠮᠵᠢᠲᠦ ᠵᠢᠭᠡᠯᠡᠯᠭᠡ ᠵᠢ ᠬᠦᠯᠢᠶᠡᠨ ᠠᠪᠬᠤ ᠣᠷᠭᠢᠯ᠎ᠤᠨ ᠦᠶ᠎ᠡ ᠪᠣᠯᠤᠨ᠎ᠠ᠃ 2022 ᠣᠨ᠎ᠳᠤ᠂ ᠤᠯᠤᠰ᠎ᠤᠨ ᠰᠣᠷᠣᠭᠴᠢ ᠵᠢᠨ ᠢᠷᠡᠯᠲᠡ ᠵᠢᠨ ᠭᠠᠵᠠᠷ᠎ᠤᠨ ᠰᠤᠷᠤᠯᠭ᠎ᠠ ᠵᠢ ᠲᠡᠳᠬᠦᠬᠦ ᠢᠲᠡᠭᠡᠮᠵᠢᠲᠦ ᠵᠢᠭᠡᠯᠡᠯᠭᠡ ᠵᠢᠨ ᠭᠤᠶᠤᠴᠢᠯᠠᠬᠤ ᠲᠣᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦᠯᠢ ᠡᠳᠦᠷ᠎ᠤᠨ ᠳᠦᠷᠢᠮᠲᠦ ᠦᠨᠳᠦᠰᠦᠨ ᠠᠩᠭᠢ ᠪᠠ ᠲᠤᠰᠬᠠᠶ ᠮᠡᠷᠭᠡᠵᠢᠯ᠎ᠤᠨ ᠠᠩᠭᠢ ᠵᠢᠨ ᠰᠣᠷᠣᠭᠴᠢ ᠵᠢ ᠬᠥᠮᠦᠨ ᠪᠦᠷᠢ ᠵᠢᠯ᠎ᠳᠤ 8000 ᠲᠥᠭᠥᠷᠢᠭ᠎ᠠᠴᠠ ᠬᠡᠲᠦᠷᠡᠭᠦᠯᠬᠦ ᠥᠬᠡᠶ ᠪᠠᠶ᠋ᠢᠭᠰᠠᠨ᠎ᠢ 12000 ᠲᠥᠭᠥᠷᠢᠭ᠎ᠠᠴᠠ ᠬᠡᠲᠦᠷᠡᠭᠦᠯᠬᠦ ᠥᠬᠡᠶ ᠪᠣᠯᠭ᠋ᠠᠨ ᠳᠡᠭᠡᠭᠰᠢᠯᠡᠭᠦᠯᠵᠦ᠂ ᠪᠦᠬᠦᠯᠢ ᠡᠳᠦᠷ᠎ᠤᠨ ᠳᠦᠷᠢᠮᠲᠦ ᠰᠣᠳᠤᠯᠬᠤ ᠰᠤᠷᠤᠭᠴᠢ ᠵᠢ ᠬᠥᠮᠦᠨ ᠪᠦᠷᠢ ᠵᠢᠯ᠎ᠳᠤ 12000 ᠲᠥᠭᠥᠷᠢᠭ᠎ᠠᠴᠠ ᠬᠡᠲᠦᠷᠡᠭᠦᠯᠬᠦ ᠥᠬᠡᠶ ᠪᠠᠶ᠋ᠢᠭᠰᠠᠨ᠎ᠢ 16000 ᠲᠥᠭᠥᠷᠢᠭ᠎ᠠᠴᠠ ᠬᠡᠲᠦᠷᠡᠭᠦᠯᠬᠦ ᠥᠬᠡᠶ ᠪᠣᠯᠭ᠋ᠠᠨ ᠳᠡᠭᠡᠭᠰᠢᠯᠡᠭᠦᠯᠪᠡ᠃ ᠡᠨᠡ ᠵᠢᠯ ᠤᠯᠤᠰ᠎ᠠᠴᠠ 2022 ᠣᠨ ᠵᠢᠴᠢ ᠲᠡᠭᠦᠨ᠎ᠠᠴᠠ ᠡᠮᠦᠨ᠎ᠡ ᠲᠡᠭᠦᠰᠦᠭᠰᠡᠨ ᠵᠢᠭᠡᠯᠡᠯᠭᠡ ᠠᠪᠤᠭᠰᠠᠨ ᠰᠤᠷᠤᠭᠴᠢᠳ᠎ᠤᠨ 2022 ᠣᠨ᠎ᠳᠤ ᠳᠥᠯᠥᠬᠦ ᠶᠣᠰᠣᠲᠠᠶ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠬᠦᠦ ᠮᠥᠩᠭᠥ ᠵᠢ ᠬᠡᠯᠲᠦᠷᠢᠭᠦᠯᠵᠦ᠂ 2022 ᠣᠨ᠎ᠳᠤ ᠳᠥᠯᠥᠬᠦ ᠶᠣᠰᠣᠲᠠᠶ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠡᠬᠡ ᠮᠥᠩᠭᠥ ᠵᠢ ᠵᠢᠭᠡᠯᠡᠯᠭᠡ ᠠᠪᠤᠭᠰᠠᠨ ᠰᠤᠷᠤᠭᠴᠢ ᠪᠡᠶ᠎ᠡ᠎ᠪᠠᠨ ᠳᠠᠭ᠋ᠠᠭ᠋ᠠᠵᠤ ᠭᠤᠶᠤᠴᠢᠯᠠᠪᠠᠯ᠂ 1 ᠵᠢᠯ ᠬᠣᠶ᠋ᠢᠰᠢᠯᠠᠭᠤᠯᠤᠨ ᠳᠥᠯᠥᠵᠦ ᠪᠣᠯᠤᠨ᠎ᠠ᠂ ᠬᠤᠭᠤᠴᠠᠭ᠎ᠠ ᠤᠷᠲᠤᠳᠬᠠᠭᠰᠠᠨ ᠵᠢᠭᠡᠯᠡᠯᠭᠡ᠎ᠠᠴᠠ ᠬᠦᠦ ᠮᠥᠩᠭᠥ ᠪᠠ ᠳᠠᠪᠬᠤᠷ ᠬᠦᠦ ᠮᠥᠩᠭᠥ ᠠᠪᠬᠤ ᠥᠬᠡᠶ᠂ ᠡᠲᠡᠭᠡᠷ ᠠᠯᠢ ᠣᠯᠠᠨ ᠲᠥᠷᠥ ᠵᠢᠨ ᠪᠣᠳᠣᠯᠭ᠎ᠠ᠎ᠨᠢ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠲᠡᠭᠦᠰᠦᠭᠰᠡᠳ᠎ᠢ ᠲᠤᠶ᠋ᠢᠯ᠎ᠤᠨ ᠶᠡᠬᠡ᠎ᠪᠠᠷ ᠬᠠᠪᠰᠤᠷᠤᠨ ᠠᠵᠢᠯ ᠣᠯᠬᠤ ᠳᠠᠷᠤᠯᠲᠠ ᠵᠢ ᠬᠥᠩᠭᠡᠷᠡᠭᠦᠯᠵᠦ᠂ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠦᠢ᠍ᠯᠡᠴᠢᠯᠡᠭᠡᠨ᠎ᠤ ᠠᠵᠢᠯ᠎ᠢ ᠰᠠᠶ᠋ᠢᠲᠤᠷ ᠬᠢᠬᠦ ᠵᠢ ᠳᠡᠮᠵᠢᠪᠡ᠃
      ᠪᠠᠶᠠᠷᠯᠠᠯ᠎ᠠ!


      ᠰᠢᠨᠬᠤᠸᠠ ᠬᠣᠷᠢᠶᠠᠨ᠎ᠤ ᠰᠤᠷᠪᠤᠯᠵᠢᠯᠠᠭᠴᠢ᠄ ᠣᠳᠣᠬᠠᠨ᠎ᠳᠤ ᠥᠪᠡᠷᠲᠡᠭᠡᠨ ᠵᠠᠰᠠᠬᠤ ᠣᠷᠣᠨ ᠨᠢᠭᠡᠨᠲᠡ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠠᠴᠠ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠬᠦᠷᠲᠡᠯ᠎ᠡ ᠪᠦᠬᠦᠨ᠎ᠢ ᠪᠥᠷᠬᠦᠭᠦᠯᠦᠭᠰᠡᠨ ᠰᠣᠷᠣᠭᠴᠢ ᠵᠢ ᠲᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢᠨ ᠳᠣᠭᠲᠠᠯᠴᠠᠭ᠎ᠠ ᠵᠢ ᠪᠠᠶ᠋ᠢᠭᠤᠯᠪᠠ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠠᠯᠠ ᠮᠥᠩᠭᠥ ᠵᠢ ᠪᠠᠲᠤᠯᠠᠬᠤ ᠲᠠᠯ᠎ᠠ᠎ᠪᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ?
      ᠸᠠᠩ ᠺᠦᠨ᠄ ᠰᠤᠷᠤᠭᠴᠢᠳ᠎ᠢ ᠲᠡᠳᠬᠦᠨ ᠲᠤᠰᠠᠯᠠᠬᠤ ᠵᠠᠷᠤᠳᠠᠯ᠎ᠢ ᠰᠤᠷᠭ᠋ᠠᠨ ᠬᠥᠮᠦᠵᠢᠯ᠎ᠤᠨ ᠠᠷᠠᠳ᠎ᠤᠨ ᠠᠮᠢᠳᠤᠷᠠᠯ᠎ᠤᠨ ᠵᠠᠷᠤᠯᠭ᠎ᠠ ᠪᠣᠯᠭ᠋ᠠᠵᠤ᠂ ᠲᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢᠨ ᠳᠣᠭᠲᠠᠯᠴᠠᠭ᠋ᠠᠨ᠎ᠤ ᠲᠠᠰᠤᠷᠠᠯᠲᠠ ᠥᠬᠡᠶ ᠲᠡᠭᠦᠯᠳᠡᠷᠵᠢᠬᠦ ᠵᠢ ᠳᠠᠭ᠋ᠠᠯᠳᠤᠨ᠂ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ᠎ᠬᠢᠨ ᠰᠤᠷᠤᠭᠴᠢ ᠵᠢ ᠲᠡᠳᠬᠦᠨ ᠲᠤᠰᠠᠯᠠᠬᠤ ᠲᠠᠯ᠎ᠠ᠎ᠪᠠᠷ᠎ᠬᠢ ᠪᠡᠯᠡ ᠣᠷᠣᠭᠤᠯᠤᠯᠲᠠ ᠵᠢ ᠵᠢᠯ ᠳᠠᠷᠠᠭ᠋ᠠᠯᠠᠨ ᠨᠡᠮᠡᠭᠳᠡᠭᠦᠯᠵᠦ ᠪᠠᠶ᠋ᠢᠨ᠎ᠠ᠃ ᠪᠦᠷᠢᠳᠬᠡᠯ᠎ᠢ ᠦᠨᠳᠦᠰᠦᠯᠡᠪᠡᠯ᠂ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠥᠬᠥ ᠣᠷᠣᠨ᠎ᠳᠤ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠤᠭᠴᠢ ᠵᠢ ᠳᠡᠳᠬᠦᠨ ᠲᠤᠰᠠᠯᠠᠬᠤ ᠪᠠᠯᠠ ᠮᠥᠩᠭᠥ ᠵᠢ ᠨᠡᠶ᠋ᠢᠲᠡ 418 . 1 ᠳ᠋ᠦᠩᠰᠢᠭᠤᠷ ᠲᠥᠭᠥᠷᠢᠭ ᠨᠠᠶ᠋ᠢᠳᠠᠪᠤᠷᠢᠵᠢᠭᠤᠯᠵᠤ᠂ 4579 ᠲᠦᠮᠡᠨ ᠬᠥᠮᠦᠨ ᠤᠳᠠᠭ᠎ᠠ ᠳᠤᠰᠠᠯᠠᠪᠠ᠃ ᠡᠭᠦᠨ᠎ᠳᠤ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ 16 . 2 ᠳ᠋ᠦᠩᠰᠢᠭᠤᠷ ᠲᠥᠭᠥᠷᠢᠭ᠎ᠲᠤ ᠬᠦᠷᠴᠦ᠂ 105 ᠲᠦᠮᠡᠨ ᠰᠤᠷᠤᠭᠴᠢ ᠵᠢ ᠳᠤᠰᠠᠯᠠᠪᠠ; ᠠᠯᠪᠠᠨ ᠵᠢᠷᠤᠮ᠎ᠤᠨ ᠰᠤᠷᠭ᠋ᠠᠨ ᠬᠥᠮᠦᠵᠢᠯ 108 . 7 ᠳ᠋ᠦᠩᠰᠢᠭᠤᠷ ᠲᠥᠭᠥᠷᠢᠭ᠎ᠲᠤ ᠬᠦᠷᠴᠦ᠂ 3113 . 6 ᠲᠦᠮᠡᠨ ᠬᠥᠮᠦᠨ ᠤᠳᠠᠭ᠎ᠠ ᠳᠤᠰᠠᠯᠠᠪᠠ; ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ 109 . 23 ᠳ᠋ᠦᠩᠰᠢᠭᠤᠷ ᠲᠥᠭᠥᠷᠢᠭ᠎ᠲᠤ ᠬᠦᠷᠴᠦ᠂ 643 ᠲᠦᠮᠡᠨ ᠰᠤᠷᠤᠭᠴᠢ ᠵᠢ ᠳᠤᠰᠠᠯᠠᠪᠠ; ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ 73 . 4 ᠳ᠋ᠦᠩᠰᠢᠭᠤᠷ ᠲᠥᠭᠥᠷᠢᠭ᠎ᠲᠤ ᠬᠦᠷᠴᠦ᠂ 444 . 35 ᠲᠦᠮᠡᠨ ᠬᠥᠮᠦᠨ ᠤᠳᠠᠭ᠎ᠠ ᠳᠤᠰᠠᠯᠠᠪᠠ; ᠡᠩ᠎ᠤᠨ ᠦᠨᠳᠦᠰᠦᠨ ᠠᠩᠭᠢ ᠪᠠ ᠲᠤᠰᠬᠠᠢ ᠠᠩᠭᠢ ᠵᠢᠨ ᠰᠤᠷᠭ᠋ᠠᠨ ᠬᠥᠮᠦᠵᠢᠯ 93 . 4 ᠳ᠋ᠦᠩᠰᠢᠭᠤᠷ ᠲᠥᠭᠥᠷᠢᠭ᠎ᠲᠤ ᠬᠦᠷᠴᠦ᠂ 252 . 5 ᠲᠦᠮᠡᠨ ᠬᠥᠮᠦᠨ ᠤᠳᠠᠭ᠎ᠠ ᠳᠤᠰᠠᠯᠠᠪᠠ; ᠰᠣᠳᠤᠯᠬᠤ ᠰᠤᠷᠤᠭᠴᠢ ᠵᠢᠨ ᠰᠤᠷᠭ᠋ᠠᠨ ᠬᠥᠮᠦᠵᠢᠯ 17 . 2 ᠳ᠋ᠦᠩᠰᠢᠭᠤᠷ ᠲᠥᠭᠥᠷᠢᠭ᠎ᠲᠤ ᠬᠦᠷᠴᠦ᠂ 20 . 6 ᠲᠦᠮᠡᠨ ᠬᠥᠮᠦᠨ ᠤᠳᠠᠭ᠎ᠠ ᠳᠤᠰᠠᠯᠠᠪᠠ᠃
      ᠰᠤᠷᠤᠭᠴᠢ ᠵᠢ ᠳᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠵᠢᠨ ᠲᠥᠯᠥᠭᠡ᠂ ᠣᠶ᠋ᠢᠷ᠎ᠠ ᠵᠢᠨ ᠵᠢᠯ᠂ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ᠎ᠬᠢᠨ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠠᠶ᠂ ᠡᠭᠦᠨ᠎ᠳᠤ᠄
      ᠨᠢᠭᠡ᠎ᠳᠤ᠂ ᠪᠡᠯᠡ ᠮᠥᠩᠭᠥ ᠵᠢ ᠨᠠᠶ᠋ᠢᠳᠠᠪᠤᠷᠢᠵᠢᠭᠤᠯᠬᠤ ᠲᠠᠯ᠎ᠠ᠎ᠪᠠᠷ᠂ 2020 ᠣᠨ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ 《ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠬᠦᠷᠢᠶ᠎ᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶ᠎ᠡ᠂ ᠰᠤᠷᠭ᠋ᠠᠨ ᠬᠥᠮᠦᠵᠢᠯ᠎ᠤᠨ ᠬᠦᠷᠢᠶᠡᠨ᠎ᠤ ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ》᠎ᠢ ᠳᠠᠷᠤᠮᠠᠯᠯᠠᠨ ᠲᠠᠷᠬᠠᠭ᠋ᠠᠪᠠ᠃ 《ᠲᠥᠰᠦᠯ》᠎ᠳᠤ᠂ ᠰᠤᠷᠤᠭᠴᠢ ᠵᠢ ᠳᠡᠳᠬᠦᠨ ᠲᠤᠰᠠᠯᠠᠬᠤ ᠲᠥᠷᠥ ᠵᠢᠨ ᠪᠣᠳᠣᠯᠭ᠎ᠠ᠎ᠨᠢ ᠬᠠᠷᠢᠴᠠᠩᠭᠤᠶ᠎ᠪᠠᠷ ᠪᠡᠶ᠎ᠡ᠎ᠪᠠᠨ ᠳᠠᠭ᠋ᠠᠭ᠋ᠠᠭᠰᠠᠨ ᠪᠦᠷᠢᠨ ᠪᠦᠲᠦᠨ ᠲᠥᠷᠥ ᠵᠢᠨ ᠪᠣᠳᠣᠯᠭ᠎ᠠ ᠵᠢᠨ ᠳᠣᠭᠲᠠᠯᠴᠠᠭ᠎ᠠ ᠪᠣᠯᠤᠭᠰᠠᠨ᠎ᠤ ᠬᠤᠪᠢ᠎ᠳᠤ   ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠵᠡᠷᠭᠡ ᠵᠢ ᠬᠠᠮᠤᠷᠴᠤ᠂ ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠣᠲᠠ ᠵᠢᠨ ᠬᠠᠮᠲᠤ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ᠎ᠪᠠᠷ ᠨᠤᠲᠠᠯᠠᠨ   ᠳᠣᠭᠲᠠᠭ᠋ᠠᠭᠰᠠᠨ᠎ᠤ ᠬᠠᠮᠲᠤ ᠪᠣᠳᠠᠲᠠᠢ ᠵᠦᠢ᠍ᠯ᠎ᠢ ᠦᠨᠳᠦᠰᠦᠯᠡᠨ ᠨᠠᠷᠢᠯᠢᠬ᠍ᠵᠢᠭᠤᠯᠵᠤ᠂ ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠣᠲᠠ ᠵᠢᠨ ᠡᠳ᠋᠎ᠤᠨ ᠵᠠᠰᠠᠭ᠎ᠤᠨ ᠬᠠᠷᠢᠭᠤᠴᠠᠯᠭ᠎ᠠ ᠵᠢ ᠲᠣᠳᠣᠷᠬᠠᠶ᠋ᠢᠯᠠᠪᠠ᠃ ᠡᠯ᠎ᠡ ᠱᠠᠲᠤᠨ᠎ᠤ ᠡᠳ᠋᠎ᠤᠨ ᠵᠠᠰᠠᠭ᠎ᠨᠢ 《ᠲᠥᠰᠦᠯ》᠎ᠳᠤ ᠲᠣᠭᠲᠠᠭ᠋ᠠᠭᠰᠠᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠦᠨᠳᠦᠰᠦᠯᠡᠨ᠂ ᠵᠠᠷᠤᠯᠭ᠎ᠠ ᠵᠢᠨ ᠬᠠᠷᠢᠭᠤᠴᠠᠯᠭ᠎ᠠ ᠵᠢ ᠦᠨᠡᠨ ᠬᠦ᠌ ᠨᠠᠶ᠋ᠢᠳᠠᠪᠤᠷᠢᠵᠢᠭᠤᠯᠵᠤ᠂ ᠰᠤᠷᠤᠭᠴᠢ ᠵᠢ ᠳᠡᠳᠬᠦᠨ ᠲᠤᠰᠠᠯᠠᠬᠤ ᠡᠯ᠎ᠡ ᠵᠦᠢ᠍ᠯ᠎ᠤᠨ ᠵᠠᠷᠤᠳᠠᠯ᠎ᠢ ᠲᠣᠭ᠎ᠠ ᠶᠣᠰᠤ᠎ᠪᠠᠷ ᠭᠦᠢ᠍ᠴᠡᠳ   ᠲᠣᠬᠢᠷᠠᠭᠤᠯᠪᠠ᠃
      ᠬᠣᠶᠠᠷ᠎ᠲᠤ᠂ ᠪᠡᠯᠡ ᠮᠥᠩᠭᠥ ᠵᠢ ᠬᠤᠪᠢᠶᠠᠷᠢᠯᠠᠬᠤ ᠲᠠᠯ᠎ᠠ᠎ᠪᠠᠷ᠂ ᠳᠡᠳᠬᠦᠨ ᠲᠤᠰᠠᠯᠠᠬᠤ ᠪᠠᠯᠠ ᠮᠥᠩᠭᠥ ᠵᠢ ᠬᠤᠪᠢᠶᠠᠷᠢᠯᠠᠬᠤ ᠠᠷᠭ᠎ᠠ ᠮᠠᠶᠢᠭ᠎ᠤᠨ ᠲᠠᠯ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ ᠪᠣᠳᠠᠲᠤ ᠪᠠᠶ᠋ᠢᠳᠠᠯ᠎ᠲᠠᠢ ᠨᠢᠭᠲᠠ ᠤᠶᠠᠯᠳᠤᠭᠤᠯᠵᠤ᠂ ᠬᠤᠪᠢᠶᠠᠷᠢᠯᠠᠬᠤ ᠬᠦᠴᠦᠨ ᠵᠦᠢ᠍ᠯ ᠵᠢᠴᠢ ᠡᠵᠡᠯᠡᠬᠦ ᠬᠠᠷᠢᠴᠠᠯ᠎ᠢ ᠵᠦᠶ ᠵᠣᠬᠢᠰᠲᠠᠶ ᠲᠣᠭᠲᠠᠭ᠋ᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠭᠰᠠᠨ ᠠᠩᠬᠠᠨ᠎ᠤ ᠬᠦᠰᠡᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠢᠯᠡᠷᠡᠭᠦᠯᠵᠦ᠂ ᠲᠥᠪ ᠪᠠ ᠥᠪᠡᠷᠲᠡᠭᠡᠨ ᠵᠠᠰᠠᠬᠤ ᠣᠷᠣᠨ᠎ᠤ ᠨᠠᠷᠢᠯᠢᠭ ᠣᠨᠣᠴᠠᠲᠠᠢ ᠬᠤᠪᠢᠶᠠᠷᠢᠯᠠᠬᠤ ᠬᠣᠯᠪᠤᠭᠳᠠᠬᠤ ᠱᠠᠭ᠋ᠠᠷᠳᠠᠯᠭ᠎ᠠ ᠵᠢ ᠢᠯᠡᠷᠡᠭᠦᠯᠪᠡ᠃ ᠵᠢᠱ᠌ᠢᠶᠡᠯᠡᠪᠡᠯ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠢ ᠳᠡᠳᠬᠦᠨ ᠲᠤᠰᠠᠯᠠᠬᠤ ᠲᠤᠰᠬᠠᠶ ᠪᠠᠯᠠ ᠮᠥᠩᠭᠥ ᠵᠢ ᠥᠪᠡᠷᠲᠡᠭᠡᠨ ᠵᠠᠰᠠᠬᠤ ᠣᠷᠣᠨ᠎ᠠᠴᠠ ᠲᠣᠭᠲᠠᠭ᠋ᠠᠭᠰᠠᠨ ᠵᠠᠷᠴᠢᠮ ᠪᠣᠯ 《ᠣᠷᠣᠨ ᠨᠤᠲᠤᠭ ᠤᠷᠢᠳ ᠵᠶ᠋ᠠᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠱᠠᠩᠨᠠᠵᠤ ᠳᠤᠰᠠᠯᠠᠬᠤ》 ᠪᠣᠯᠤᠨ᠎ᠠ᠂ ᠱᠠᠩᠨᠠᠯ ᠪᠠ ᠳᠤᠰᠠᠯᠠᠮᠵᠢ ᠵᠢᠨ ᠪᠠᠯᠠ ᠮᠥᠩᠭᠥ ᠵᠢ ᠬᠤᠪᠢᠶᠠᠷᠢᠯᠠᠬᠤ ᠲᠠᠯ᠎ᠠ᠎ᠪᠠᠷ᠂ ᠪᠢᠳᠡ ᠰᠣᠷᠣᠭᠴᠢ ᠵᠢᠨ ᠲᠣᠭ᠎ᠠ ᠵᠢ ᠪᠣᠳᠣᠯᠬᠢᠯᠠᠭᠰᠠᠨ ᠰᠠᠭᠤᠷᠢᠨ ᠳᠡᠭᠡᠷ᠎ᠡ ᠪᠠᠰᠠ ᠡᠯ᠎ᠡ ᠭᠠᠵᠠᠷ᠎ᠤᠨ ᠨᠡᠶ᠋ᠢᠲᠡᠯᠡᠭᠰᠡᠨ ᠲᠥᠷᠥ ᠵᠢᠨ ᠪᠣᠳᠣᠯᠭ᠎ᠠ᠂ ᠪᠠᠯᠠ ᠮᠥᠩᠭᠥ ᠵᠢᠨ ᠣᠷᠣᠭᠤᠯᠤᠯᠲᠠ ᠵᠢᠨ ᠪᠠᠶ᠋ᠢᠳᠠᠯ᠎ᠢ ᠪᠣᠳᠣᠯᠬᠢᠯᠠᠭᠰᠠᠨ ᠪᠠᠶ᠋ᠢᠨ᠎ᠠ; ᠵᠢᠱ᠌ᠢᠶᠡᠯᠡᠪᠡᠯ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠤᠷᠤᠭᠴᠢᠳ᠎ᠤᠨ ᠠᠮᠢᠳᠤᠷᠠᠯ᠎ᠤᠨ ᠵᠠᠷᠤᠳᠠᠯ᠎ᠤᠨ ᠳᠤᠰᠠᠯᠠᠮᠵᠢ᠂ ᠳᠡᠭᠡᠲᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠱᠠᠲᠤᠨ᠎ᠳᠠᠬᠢ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢ ᠬᠤᠪᠢᠶᠠᠷᠢᠯᠠᠬᠤ᠎ᠳᠤ᠎ᠪᠠᠨ ᠳᠡᠳᠬᠦᠨ ᠲᠤᠰᠠᠯᠠᠬᠤ ᠬᠡᠪᠴᠢᠶ᠎ᠡ ᠵᠢ ᠬᠥᠳᠡᠭᠡ ᠲᠣᠰᠬᠣᠨ᠎ᠤ ᠭᠠᠵᠠᠷ ᠣᠷᠣᠨ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ ᠪᠠ ᠦᠨᠳᠦᠰᠦᠲᠡᠨ᠎ᠤ ᠭᠠᠵᠠᠷ ᠣᠷᠣᠨ ᠲᠡᠢ᠌ᠰᠢ ᠬᠡᠯᠪᠡᠢ᠌ᠯᠭᠡᠪᠡ; ᠵᠢᠱ᠌ᠢᠶᠡᠯᠡᠪᠡᠯ᠂ ᠦᠨᠳᠦᠰᠦᠨ ᠠᠩᠭᠢ ᠪᠠ ᠲᠤᠰᠬᠠᠶ ᠮᠡᠷᠭᠡᠵᠢᠯ᠎ᠤᠨ ᠠᠩᠭᠢ ᠵᠢᠨ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ ᠵᠢᠨ ᠣᠷᠣᠨ ᠲᠣᠭ᠎ᠠ ᠵᠢ ᠬᠤᠪᠢᠶᠠᠷᠢᠯᠠᠬᠤ᠎ᠳᠤ᠎ᠪᠠᠨ ᠳᠡᠭᠡᠳᠦ ᠰᠤᠷᠭ᠋ᠠᠭᠤᠯᠢ ᠵᠢᠨ ᠦᠨᠳᠦᠰᠦᠨ ᠠᠩᠭᠢ ᠪᠠ ᠲᠤᠰᠬᠠᠶ ᠮᠡᠷᠭᠡᠵᠢᠯ᠎ᠤᠨ ᠠᠩᠭᠢ ᠵᠢᠨ ᠬᠥᠮᠦᠨ᠎ᠤ ᠲᠣᠭ᠎ᠠ ᠵᠢ ᠪᠣᠳᠣᠯᠬᠢᠯᠠᠬᠤ᠎ᠠᠴᠠ ᠭᠠᠳᠠᠨ᠎ᠠ ᠪᠠᠰᠠ ᠳᠡᠭᠡᠳᠦ ᠰᠤᠷᠭ᠋ᠠᠭᠤᠯᠢ ᠵᠢᠨ ᠲᠥᠷᠥᠯ ᠢᠯᠭ᠋ᠠᠯ᠂ ᠰᠤᠷᠭ᠋ᠠᠭᠤᠯᠢ ᠡᠷᠭᠢᠯᠡᠬᠦ ᠲᠠᠰ ᠳᠠᠪᠬᠤᠷᠭ᠎ᠠ᠂ ᠰᠤᠷᠭ᠋ᠠᠭᠤᠯᠢ ᠡᠷᠭᠢᠯᠡᠬᠦ ᠴᠢᠨᠠᠷ ᠴᠢᠨᠰᠠᠭ᠎ᠠ ᠵᠡᠷᠭᠡ ᠬᠦᠴᠦᠨ ᠵᠦᠢ᠍ᠯ᠎ᠢ   ᠪᠣᠳᠣᠯᠬᠢᠯᠠᠭᠰᠠᠨ ᠪᠥᠭᠡᠳ ᠰᠤᠷᠭ᠋ᠠᠭᠤᠯᠢ ᠡᠷᠭᠢᠯᠡᠬᠦ ᠬᠢᠷᠢ ᠲᠦᠪᠰᠢᠨ ᠵᠶ᠋ᠡᠷ ᠨᠡᠯᠢᠶᠡᠳ ᠥᠨᠳᠥᠷ ᠳᠡᠭᠡᠳᠦ ᠰᠤᠷᠭ᠋ᠠᠭᠤᠯᠢ ᠲᠡᠢ᠌ᠰᠢ ᠬᠡᠯᠪᠡᠢ᠌ᠯᠭᠡᠪᠡ᠃
      ᠭᠤᠷᠪᠠ᠎ᠳᠤ᠂ ᠪᠡᠯᠡ ᠮᠥᠩᠭᠥ ᠰᠠᠯᠭ᠋ᠠᠨ ᠥᠭᠬᠦ ᠲᠠᠯ᠎ᠠ᠎ᠪᠠᠷ᠂ 2021 ᠣᠨ᠎ᠠᠴᠠ ᠡᠬᠢᠯᠡᠨ᠂ ᠡᠳ᠋᠎ᠤᠨ ᠵᠠᠰᠠᠭ᠎ᠤᠨ ᠶᠠᠮᠤᠨ ᠰᠤᠷᠤᠭᠴᠢ ᠵᠢ ᠳᠡᠳᠬᠦᠨ ᠲᠤᠰᠠᠯᠠᠬᠤ ᠪᠠᠯᠠ ᠮᠥᠩᠭᠥ ᠵᠢ ᠰᠢᠭᠤᠳ ᠬᠦᠷᠭᠡᠬᠦ ᠪᠠᠯᠠ ᠮᠥᠩᠭᠥ ᠵᠢᠨ ᠬᠠᠮᠢᠶᠠᠷᠤᠯᠲᠠ᠎ᠳᠤ ᠣᠷᠣᠭᠤᠯᠤᠨ᠎ᠠ᠃ ᠲᠥᠪ ᠪᠣᠯᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢ᠍ᠯ᠎ᠤᠨ ᠪᠡᠯᠡ ᠮᠥᠩᠭᠥ ᠵᠢ ᠰᠢᠭᠤᠳ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠬᠣᠰᠢᠭᠤ ᠰᠢᠶᠠᠨ᠎ᠤ ᠱᠠᠲᠤᠨ᠎ᠤ ᠡᠳ᠋᠎ᠤᠨ ᠵᠠᠰᠠᠭ᠎ᠲᠤ ᠪᠠᠭᠤᠯᠭ᠋ᠠᠪᠠ᠃ ᠡᠭᠦᠨ᠎ᠤ ᠬᠠᠮᠲᠤ ᠡᠯ᠎ᠡ ᠭᠠᠵᠠᠷ᠎ᠤᠨ᠎ᠬᠢᠨ ᠪᠠᠯᠠ ᠮᠥᠩᠭᠥ ᠵᠢ ᠬᠡᠷᠡᠭᠯᠡᠭᠰᠡᠨ᠎ᠤ ᠳᠠᠷᠠᠭ᠎ᠠ ᠲᠣᠭ᠎ᠠ ᠪᠠᠷᠢᠮᠲᠠ᠎ᠪᠠᠨ ᠰᠢᠭᠤᠳ ᠪᠠᠯᠠ ᠮᠥᠩᠭᠥ ᠵᠢ ᠬᠢᠨᠠᠨ ᠡᠵᠡᠮᠳᠡᠬᠦ ᠰᠢᠰᠲ᠋ᠧᠮ᠎ᠳᠤ ᠮᠡᠳᠡᠭᠦᠯᠵᠦ᠂ ᠰᠢᠭᠤᠳ ᠬᠥᠷᠬᠥ ᠪᠠᠯᠠ ᠮᠥᠩᠭᠥ ᠵᠢ ᠬᠢᠨᠠᠨ ᠡᠵᠡᠮᠳᠡᠬᠦ ᠲᠠᠪᠴᠠᠩ᠎ᠳᠤ ᠲᠦᠰᠢᠭᠯᠡᠨ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ᠎ᠤ ᠪᠠᠯᠠ ᠮᠥᠩᠭᠥ ᠵᠢ ᠬᠤᠪᠢᠶᠠᠷᠢᠯᠠᠵᠤ ᠬᠡᠷᠡᠭᠯᠡᠭᠰᠡᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠵᠢᠭᠦᠯᠦᠨ ᠠᠪᠴᠤ᠂ ᠡᠳᠦᠷ ᠲᠤᠲᠤᠮ᠎ᠤᠨ ᠬᠢᠨᠠᠯᠲᠠ   ᠲᠠᠯᠪᠢᠪᠠ᠃ ᠡᠳ᠋᠎ᠤᠨ ᠵᠠᠰᠠᠭ᠎ᠤᠨ ᠪᠠᠯᠠ ᠮᠥᠩᠭᠥ ᠵᠢ ᠰᠢᠭᠤᠳ ᠬᠦᠷᠭᠡᠬᠦ ᠲᠣᠭᠲᠠᠴᠠ᠎ᠨᠢ ᠪᠠᠯᠠ ᠮᠥᠩᠭᠥ ᠵᠢ ᠨᠠᠩ ᠲᠦᠷᠭᠡᠨ ᠪᠠᠭᠤᠯᠭ᠋ᠠᠵᠤ᠂ ᠪᠡᠯᠡ ᠣᠷᠣᠭᠤᠯᠤᠯᠲᠠ ᠵᠢᠨ ᠬᠠᠨᠳᠤᠰᠢ ᠵᠢ ᠨᠠᠩ ᠣᠨᠣᠪᠴᠢᠲᠠᠶ ᠪᠣᠯᠭ᠋ᠠᠵᠤ᠂ ᠬᠢᠨᠠᠯᠲᠠ ᠬᠠᠮᠢᠶᠠᠷᠤᠯᠲᠠ ᠵᠢ ᠨᠠᠩ ᠪᠦᠲᠦᠮᠵᠢᠲᠡᠶ ᠪᠣᠯᠭ᠋ᠠᠵᠤ᠂ ᠳᠡᠳᠬᠦᠨ ᠳᠤᠰᠠᠯᠠᠬᠤ ᠪᠠᠯᠠ ᠮᠥᠩᠭᠦᠨ᠎ᠤ ᠭᠦᠢ᠍ᠯᠭᠡᠭᠡᠨ᠎ᠤ ᠬᠠᠨᠳᠤᠰᠢ ᠵᠢ   ᠲᠣᠳᠤᠷᠬᠠᠢ᠌ᠯᠠᠵᠤ᠂ ᠪᠠᠶ᠋ᠢᠴᠠᠭ᠋ᠠᠵᠤ ᠮᠥᠷᠳᠡᠵᠦ ᠪᠣᠯᠬᠤ ᠵᠢ ᠦᠨᠡᠨ ᠬᠦ᠌ ᠪᠠᠲᠤᠯᠠᠪᠠ᠃


      ᠠᠷᠠᠳ ᠰᠦᠯᠵᠢᠶᠡᠨ᠎ᠤ ᠰᠤᠷᠪᠤᠯᠵᠢᠯᠠᠭᠴᠢ᠄ ᠰᠤᠷᠤᠭᠴᠢ ᠵᠢ ᠲᠡᠳᠬᠦᠨ ᠲᠤᠰᠠᠯᠠᠬᠤ ᠠᠵᠢᠯ᠎ᠤᠨ ᠶᠠᠪᠤᠴᠠ᠎ᠳᠤ ᠨᠠᠷᠢᠯᠢᠭ ᠣᠨᠣᠴᠠᠲᠠᠶ᠎ᠪᠠᠷ ᠲᠡᠳᠬᠦᠨ ᠲᠤᠰᠠᠯᠠᠬᠤ ᠪᠣᠯ ᠡᠯ᠎ᠡ ᠵᠦᠢ᠍ᠯ᠎ᠤᠨ ᠲᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠵᠠᠶ᠋ᠢᠯᠠᠰᠢ ᠥᠬᠡᠶ ᠱᠠᠭ᠋ᠠᠷᠳᠠᠯᠭ᠎ᠠ ᠮᠥᠨ ᠭᠡᠪᠡ᠂ ᠰᠤᠷᠤᠭᠴᠢ ᠵᠢ ᠲᠡᠳᠬᠦᠨ ᠲᠤᠰᠠᠯᠠᠬᠤ ᠠᠵᠢᠯ᠎ᠢ ᠶᠠᠭ᠋ᠠᠬᠢᠵᠤ 《ᠨᠠᠷᠢᠯᠢᠭ ᠣᠨᠣᠴᠠᠲᠠᠶ》 ᠥᠷᠨᠢᠭᠦᠯᠦᠭᠰᠡᠨ ᠪᠣᠶ?
      ᠵᠠᠩ ᠵᠢᠶᠠ ᠯᠢ᠄ ᠣᠶ᠋ᠢᠷ᠎ᠠ ᠵᠢᠨ ᠵᠢᠯ᠂ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠪᠠ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ᠎ᠬᠢᠨ ᠨᠠᠷᠢᠯᠢᠭ ᠣᠨᠣᠴᠠᠲᠠᠢ᠎ᠪᠠᠷ ᠳᠡᠳᠬᠦᠨ ᠲᠤᠰᠠᠯᠠᠬᠤ ᠵᠢ ᠴᠢᠩᠭ᠋ᠠᠳᠬᠠᠬᠤ ᠵᠢ ᠰᠤᠷᠤᠭᠴᠢ ᠵᠢ ᠳᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢ ᠪᠦᠲᠦᠮᠵᠢᠲᠡᠶ ᠨᠠᠶ᠋ᠢᠳᠠᠪᠤᠷᠢᠵᠢᠭᠤᠯᠬᠤ᠂ ᠪᠠᠯᠠ ᠮᠥᠩᠭᠦᠨ᠎ᠤ ᠬᠠᠮᠢᠶᠠᠷᠤᠯᠲᠠ ᠵᠢ ᠵᠢᠷᠤᠮᠵᠢᠭᠤᠯᠬᠤ ᠵᠢᠨ ᠴᠢᠬᠤᠯᠠ ᠡᠭᠦᠷᠭᠡ ᠪᠣᠯᠭ᠋ᠠᠵᠤ᠂ ᠨᠠᠷᠢᠯᠢᠭ ᠣᠨᠣᠴᠠᠲᠠᠢ᠎ᠪᠠᠷ ᠳᠡᠳᠬᠦᠨ ᠲᠤᠰᠠᠯᠠᠬᠤ ᠲᠠᠯ᠎ᠠ᠎ᠪᠠᠷ ᠲᠠᠰᠤᠷᠠᠯᠲᠠ ᠥᠬᠡᠶ ᠰᠦᠪᠡᠭᠴᠢᠯᠡᠨ ᠦᠢ᠍ᠯᠡᠳᠦᠯᠭᠡᠵᠢᠭᠦᠯᠪᠡ᠂ ᠭᠤᠤᠯᠳᠠᠭᠤ ᠳᠤᠤᠷᠠᠬᠢ ᠭᠤᠷᠪᠠᠨ ᠲᠠᠯ᠎ᠠ᠎ᠳᠤ ᠬᠦᠴᠦ ᠲᠠᠯᠪᠢᠪᠠ᠄
      ᠨᠢᠭᠡ᠎ᠳᠤ᠂ ᠲᠤᠰᠠᠯᠠᠬᠤ ᠡᠲᠡᠭᠡᠳ᠎ᠢ ᠨᠠᠷᠢᠯᠢᠭ ᠣᠨᠣᠴᠠᠲᠠᠢ ᠮᠠᠭ᠋ᠠᠳᠯᠠᠨ ᠳᠣᠭᠲᠠᠭ᠋ᠠᠪᠠ᠃ 2021 ᠣᠨ᠎ᠤ 12 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠡᠷᠭᠡ 8 ᠰᠠᠯᠠᠭ᠎ᠠ ᠮᠥᠴᠢᠷ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠣᠷᠣᠭᠴᠢ ᠵᠢ ᠮᠠᠭ᠋ᠠᠳᠯᠠᠨ ᠲᠣᠭᠲᠠᠭ᠋ᠠᠬᠤ ᠠᠵᠢᠯ᠎ᠤᠨ ᠬᠡᠷᠡᠭᠵᠢᠭᠦᠯᠬᠦ ᠠᠷᠭ᠎ᠠ (2021 ᠣᠨ᠎ᠳᠤ ᠵᠠᠰᠠᠪᠤᠷᠢ ᠣᠷᠣᠭᠤᠯᠤᠭᠰᠠᠨ)》 ᠵᠢ ᠳᠠᠷᠤᠮᠠᠯᠯᠠᠨ ᠲᠠᠷᠬᠠᠭ᠋ᠠᠵᠤ᠂ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠣᠷᠣᠭᠴᠢ ᠵᠢ ᠮᠠᠭ᠋ᠠᠳᠯᠠᠨ ᠲᠣᠭᠲᠠᠭ᠋ᠠᠬᠤ ᠠᠵᠢᠯ᠎ᠢ ᠤᠯᠠᠮ ᠨᠢᠭᠡ ᠠᠯᠬᠤᠮ ᠳᠦᠷᠢᠮᠵᠢᠭᠦᠯᠵᠦ᠂ ᠰᠣᠷᠣᠭᠴᠢ ᠵᠢ ᠲᠡᠳᠬᠦᠨ ᠲᠤᠰᠠᠯᠠᠬᠤ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠪᠡ᠃ 《ᠠᠷᠭ᠎ᠠ》᠎ᠳᠤ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢᠳ᠎ᠢ ᠮᠠᠭ᠋ᠠᠳᠯᠠᠨ ᠲᠣᠭᠲᠠᠭ᠋ᠠᠬᠤ ᠦᠨᠳᠦᠰᠦᠯᠡᠯ᠂ ᠲᠠᠰ ᠵᠡᠷᠭᠡ᠂ ᠠᠵᠢᠯ᠎ᠤᠨ ᠲᠠᠰ ᠳᠠᠷᠠᠭ᠋ᠠᠯᠠᠯ᠎ᠢ ᠤᠯᠠᠮ ᠨᠢᠭᠡ ᠠᠯᠬᠤᠮ ᠲᠣᠳᠣᠷᠬᠠᠶ᠋ᠢᠯᠠᠪᠠ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠂ ᠠᠷᠠᠳ᠎ᠤᠨ ᠶᠠᠪᠤᠳᠠᠯ᠂ ᠡᠳ᠋᠎ᠤᠨ ᠵᠠᠰᠠᠭ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠠᠵᠢᠯᠴᠢᠨ᠎ᠤ ᠡᠪᠯᠡᠯ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠵᠤ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠰᠤᠷᠤᠭᠴᠢ ᠵᠢ ᠳᠡᠣᠬᠦᠨ ᠲᠤᠰᠠᠯᠠᠬᠤ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ ᠪᠠ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠠᠷᠠᠳ᠎ᠤᠨ ᠶᠠᠪᠤᠳᠠᠯ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠠᠵᠢᠯᠴᠢᠨ᠎ᠤ ᠡᠪᠯᠡᠯ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ ᠬᠣᠯᠪᠤᠭᠳᠠᠬᠤ ᠮᠡᠳᠡᠭᠡ ᠵᠠᠩᠭᠢ ᠵᠢᠨ ᠰᠢᠰᠲ᠋ᠧᠮ᠎ᠢ ᠵᠣᠯᠭ᠋ᠠᠭᠤᠯᠵᠤ᠂ ᠮᠡᠳᠡᠭᠡ ᠵᠠᠩᠭᠢ ᠵᠢ ᠬᠠᠷᠢᠯᠴᠠᠨ ᠬᠣᠯᠪᠣᠭ᠋ᠠᠯᠠᠵᠤ ᠬᠠᠮᠲᠤ᠎ᠪᠠᠷ ᠭᠥᠷᠳᠡᠬᠦ ᠵᠢ ᠠᠬᠢᠭᠤᠯᠵᠤ᠂ ᠡᠯ᠎ᠡ ᠲᠥᠷᠥᠯ᠎ᠤᠨ ᠬᠦᠴᠢᠷᠳᠡᠯᠲᠡᠶ ᠰᠤᠷᠤᠭᠴᠢ ᠵᠢᠨ ᠮᠡᠳᠡᠭᠡ ᠵᠠᠩᠭᠢ ᠵᠢ ᠪᠦᠬᠦᠨ᠎ᠢ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢ ᠵᠢᠨ ᠰᠠᠭᠤᠷᠢ ᠮᠡᠳᠡᠭᠡ ᠵᠠᠩᠭᠢ ᠵᠢᠨ ᠬᠥᠮᠥᠷᠭᠡ᠎ᠳᠤ ᠣᠷᠣᠭᠤᠯᠬᠤ ᠵᠢ ᠦᠨᠡᠨ ᠬᠦ᠌ ᠪᠠᠲᠤᠯᠠᠵᠤ᠂ ᠡᠭᠦᠨ᠎ᠤ ᠤᠯᠠᠮ ᠵᠶ᠋ᠠᠷ 《ᠲᠤᠰᠠᠯᠠᠪᠠᠰᠤ ᠵᠣᠬᠢᠬᠤ ᠵᠢ᠎ᠨᠢ ᠪᠦᠬᠦᠨ᠎ᠢ ᠲᠤᠰᠠᠯᠠᠵᠤ᠂ ᠨᠢᠭᠡ ᠵᠢ ᠴᠤ᠌ ᠬᠣᠴᠤᠷᠭ᠋ᠠᠬᠤ ᠦᠭᠡᠢ》 ᠵᠢ ᠪᠡᠶᠡᠯᠡᠭᠦᠯᠪᠡ᠃
      ᠬᠣᠶᠠᠷ᠎ᠲᠤ᠂ ᠲᠤᠰᠠᠯᠠᠬᠤ ᠪᠠᠷᠢᠮᠵᠢᠶ᠎ᠠ ᠵᠢ ᠨᠠᠷᠢᠯᠢᠭ ᠣᠨᠣᠴᠠᠲᠠᠢ ᠳᠣᠭᠲᠠᠭ᠋ᠠᠪᠠ᠃ 2021 ᠣᠨ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠣᠷᠣᠭᠴᠢ ᠵᠢ ᠮᠠᠭ᠋ᠠᠳᠯᠠᠨ ᠲᠣᠭᠲᠠᠭ᠋ᠠᠬᠤ ᠠᠵᠢᠯ᠎ᠤᠨ ᠬᠡᠷᠡᠭᠵᠢᠭᠦᠯᠬᠦ ᠠᠷᠭ᠎ᠠ (2021 ᠣᠨ᠎ᠳᠤ ᠵᠠᠰᠠᠪᠤᠷᠢ ᠣᠷᠣᠭᠤᠯᠤᠭᠰᠠᠨ)》 ᠵᠢ ᠳᠠᠷᠤᠮᠠᠯᠯᠠᠨ ᠲᠠᠷᠬᠠᠭ᠋ᠠᠵᠤ᠂ ᠰᠣᠷᠣᠭᠴᠢ ᠵᠢᠨ ᠬᠡᠷ ᠪᠦᠯᠢ ᠵᠢᠨ ᠠᠵᠤ ᠠᠬᠤᠶ ᠵᠢᠨ ᠬᠦᠴᠢᠷᠳᠡᠯ᠎ᠤᠨ ᠬᠡᠮᠵᠢᠶ᠎ᠡ ᠵᠢ ᠦᠨᠳᠦᠰᠦᠯᠡᠨ᠂ A᠂ B᠂ C ᠭᠤᠷᠪᠠᠨ ᠲᠠᠰ (A᠂ B᠂ C᠎ᠨᠢ ᠲᠣᠰ ᠲᠣᠰ ᠶᠠᠮᠠᠷ ᠲᠥᠷᠥᠯ᠎ᠤᠨ ᠬᠦᠴᠢᠷᠳᠡᠯᠲᠡᠶ ᠰᠣᠷᠣᠭᠴᠢ ᠵᠢ ᠵᠢᠭ᠋ᠠᠵᠤ ᠪᠠᠶ᠋ᠢᠬᠤ ᠵᠢ ᠲᠢᠩᠬᠢᠮ᠎ᠤᠨ ᠳᠠᠷᠤᠭ᠎ᠠ ᠯᠢ ᠶᠢᠩ ᠨᠡᠶ᠋ᠢᠲᠡᠯᠡᠬᠦ᠎ᠳᠤ᠎ᠪᠠᠨ ᠨᠢᠭᠡᠨᠲᠡ ᠲᠣᠳᠤᠷᠬᠠᠢ᠌ᠯᠠᠪᠠ) ᠬᠤᠪᠢᠶᠠᠪᠠ᠃ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠰᠤᠷᠤᠭᠴᠢᠳ᠎ᠤᠨ ᠭᠡᠷ ᠪᠦᠯᠢ ᠵᠢᠨ ᠠᠵᠤ ᠠᠬᠤᠶ ᠵᠢᠨ ᠬᠦᠴᠢᠷᠳᠡᠯ᠎ᠤᠨ ᠬᠡᠮᠵᠢᠶ᠎ᠡ ᠵᠢ ᠦᠨᠳᠦᠰᠦᠯᠡᠨ᠂ ᠬᠦᠴᠢᠷᠳᠡᠯ᠎ᠤᠨ ᠳᠡᠰ᠎ᠪᠠᠷ ᠵᠣᠬᠢᠴᠠᠩᠭᠤᠶ ᠳᠡᠳᠬᠦᠨ ᠲᠤᠰᠠᠯᠠᠬᠤ ᠪᠠᠷᠢᠮᠵᠢᠶ᠎ᠠ ᠵᠢ ᠬᠡᠷᠡᠭᠵᠢᠭᠦᠯᠵᠦ᠂ ᠳᠡᠳᠬᠦᠨ ᠲᠤᠰᠠᠯᠠᠬᠤ ᠪᠠᠷᠢᠮᠵᠢᠶ᠎ᠠ ᠵᠢ ᠰᠤᠷᠤᠭᠴᠢᠳ᠎ᠤᠨ ᠬᠡᠷᠡᠭᠴᠡᠭᠡ ᠱᠠᠭ᠋ᠠᠷᠳᠠᠯᠭ᠎ᠠ᠎ᠯᠤᠭ᠎ᠠ ᠲᠣᠬᠢᠷᠠᠭᠤᠯᠵᠤ᠂ ᠬᠠᠮᠤᠭ᠎ᠤᠨ ᠬᠦᠴᠢᠷᠳᠡᠯᠲᠡᠶ ᠰᠤᠷᠤᠭᠴᠢᠳ᠎ᠲᠤ ᠬᠠᠮᠤᠭ᠎ᠤᠨ ᠥᠨᠳᠥᠷ ᠲᠤᠰᠠᠯᠠᠮᠵᠢ ᠬᠦᠷᠲᠡᠭᠡᠬᠦ ᠵᠢ ᠦᠨᠡᠨ ᠬᠦ᠌ ᠪᠠᠲᠤᠯᠠᠪᠠ᠃ ᠵᠢᠱ᠌ᠢᠶᠡᠯᠡᠪᠡᠯ᠄ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠬᠡᠦᠬᠡᠳ᠎ᠤᠨ ᠠᠰᠠᠷᠠᠨ ᠬᠥᠮᠦᠵᠢᠭᠦᠯᠬᠦ   ᠵᠠᠷᠤᠳᠠᠯ᠎ᠢ ᠬᠥᠩᠭᠡᠷᠡᠭᠦᠯᠵᠦ ᠬᠡᠯᠲᠦᠷᠢᠭᠦᠯᠬᠦ ᠪᠠᠷᠢᠮᠵᠢᠶ᠎ᠠ᠎ᠨᠢ A ᠲᠥᠷᠥᠯ᠎ᠤᠨ ᠬᠡᠦᠬᠡᠳ 2000 ᠲᠥᠭᠥᠷᠢᠭ᠂ B᠂ C ᠲᠥᠷᠥᠯ᠎ᠤᠨ ᠬᠡᠦᠬᠡᠳ 1000 ᠲᠥᠭᠥᠷᠢᠭ ᠪᠣᠯᠤᠨ᠎ᠠ; ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢᠨ ᠪᠣᠳᠠᠲᠠᠶ ᠪᠠᠷᠢᠮᠵᠢᠶ᠎ᠠ ᠵᠢ ᠡᠯ᠎ᠡ ᠠᠶ᠋ᠢᠮᠠᠭ ᠬᠣᠲᠠ ᠪᠣᠳᠠᠲᠠᠶ᠎ᠲᠠᠢ᠎ᠪᠠᠨ ᠤᠶᠠᠯᠳᠤᠭᠤᠯᠤᠨ 1000 ᠲᠥᠭᠥᠷᠢᠭ᠎ᠠᠴᠠ 3000 ᠲᠥᠭᠥᠷᠢᠭ᠎ᠤᠨ ᠬᠡᠪᠴᠢᠶᠡᠨ᠎ᠳᠤ ᠲᠣᠭᠲᠠᠭ᠋ᠠᠵᠤ᠂ 2 - 3 ᠲᠠᠰ ᠬᠤᠪᠢᠶᠠᠪᠠ᠂ A ᠲᠥᠷᠥᠯ᠎ᠤᠨ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠣᠷᠣᠭᠴᠢ᠎ᠤᠨ ᠬᠠᠮᠤᠭ᠎ᠤᠨ ᠥᠨᠳᠥᠷ ᠲᠠᠰ᠎ᠨᠢ ᠵᠢᠯ ᠪᠦᠷᠢ 3000 ᠲᠥᠭᠥᠷᠢᠭ᠎ᠤᠨ ᠲᠤᠰᠠᠯᠠᠮᠵᠢ ᠭᠥᠷᠳᠡᠵᠦ᠂ B᠂ C ᠲᠥᠷᠥᠯ᠎ᠤᠨ ᠰᠣᠷᠣᠭᠴᠢ ᠪᠣᠯ ᠲᠣᠰ ᠲᠣᠰ 2000 ᠲᠥᠭᠥᠷᠢᠭ / ᠰᠣᠷᠣᠭᠴᠢ / ᠵᠢᠯ ᠪᠠ 1000 ᠲᠥᠭᠥᠷᠢᠭ / ᠰᠣᠷᠣᠭᠴᠢ / ᠵᠢᠯ ᠪᠣᠯᠤᠨ᠎ᠠ᠃
      ᠭᠤᠷᠪᠠ᠎ᠳᠤ᠂ ᠳᠤᠰᠠᠯᠠᠬᠤ ᠪᠡᠯᠡ ᠮᠥᠩᠭᠥ ᠵᠢ ᠨᠠᠷᠢᠯᠢᠭ ᠣᠨᠣᠴᠠᠲᠠᠢ ᠲᠠᠷᠬᠠᠭ᠋ᠠᠪᠠ᠃ ᠨᠢᠭᠡ ᠲᠠᠯ᠎ᠠ᠎ᠪᠠᠷ᠂ ᠣᠶ᠋ᠢᠷ᠎ᠠ ᠵᠢᠨ ᠵᠢᠯ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠵᠢᠨ᠎ᠬᠢᠨ ᠳᠤᠰᠠᠯᠠᠬᠤ ᠪᠠᠯᠠ ᠮᠥᠩᠭᠥ ᠵᠢ ᠥᠭᠬᠦ ᠠᠷᠭ᠎ᠠ ᠮᠠᠶᠢᠭ ᠵᠶ᠋ᠠᠨ ᠲᠠᠰᠤᠷᠠᠯᠲᠠ ᠥᠬᠡᠶ ᠳᠦᠷᠢᠮᠵᠢᠭᠦᠯᠪᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢ ᠵᠢᠨ ᠠᠮᠢᠳᠤᠷᠠᠯ᠎ᠤᠨ ᠵᠠᠷᠤᠳᠠᠯ᠎ᠤᠨ ᠲᠤᠰᠠᠯᠠᠮᠵᠢ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠱᠠᠲᠤᠨ᠎ᠤ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠡᠯ᠎ᠡ ᠵᠦᠢ᠍ᠯ᠎ᠤᠨ ᠰᠤᠷᠤᠭᠴᠢ ᠵᠢ ᠳᠤᠰᠠᠯᠠᠬᠤ ᠮᠥᠩᠭᠥ ᠵᠢ ᠴᠥᠮ ᠪᠠᠩᠬᠢ ᠵᠢᠨ ᠺᠠᠷᠲ᠂ ᠲᠤᠰᠠᠯᠠᠮᠵᠢ ᠵᠢᠨ ᠺᠠᠷᠲ ᠪᠤᠶᠤ ᠨᠡᠶ᠋ᠢᠭᠡᠮ᠎ᠤᠨ ᠪᠠᠲᠤᠯᠠᠭ᠋ᠠᠨ᠎ᠤ ᠺᠠᠷᠲ ᠵᠶ᠋ᠠᠷ ᠳᠠᠮᠵᠢᠭᠤᠯᠤᠨ ᠰᠤᠷᠤᠭᠴᠢ ᠪᠤᠶᠤ ᠭᠡᠷ᠎ᠤᠨ ᠠᠬᠠᠮᠠᠳ᠎ᠲᠤ ᠰᠢᠭᠤᠳ ᠥᠭᠭᠦᠨ᠎ᠡ᠃ ᠨᠥᠭᠥᠭᠡ ᠲᠠᠯ᠎ᠠ᠎ᠪᠠᠷ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠴᠠᠭ ᠲᠤᠬᠠᠶ᠎ᠳᠤ᠎ᠨᠢ ᠲᠤᠰᠠᠯᠠᠮᠵᠢ ᠵᠢᠨ ᠮᠥᠩᠭᠥ ᠵᠢ ᠲᠠᠷᠬᠠᠭ᠋ᠠᠨ᠎ᠠ᠃ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠱᠠᠲᠤᠨ᠎ᠤ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢ ᠬᠠᠪᠤᠷ ᠨᠠᠮᠤᠷ ᠬᠣᠶᠠᠷ ᠤᠯᠠᠷᠢᠯ ᠵᠶ᠋ᠠᠷ ᠰᠤᠷᠤᠯᠭ᠎ᠠ ᠵᠢᠨ ᠬᠤᠭᠤᠴᠠᠭ᠎ᠠ᠎ᠪᠠᠷ ᠥᠭᠴᠦ᠂ ᠦᠨᠳᠦᠰᠦᠨ ᠠᠩᠭᠢ ᠵᠢᠨ ᠰᠤᠷᠤᠭᠴᠢ ᠪᠠ   ᠰᠤᠳᠤᠯᠬᠤ ᠰᠤᠷᠤᠭᠴᠢ ᠵᠢᠨ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠵᠢ ᠰᠠᠷ᠎ᠠ᠎ᠪᠠᠷ ᠥᠭᠭᠦᠨ᠎ᠡ᠃ ᠰᠤᠷᠤᠭᠴᠢ ᠵᠢ ᠬᠠᠮᠤᠭ᠎ᠤᠨ ᠳᠡᠳᠬᠦᠨ ᠲᠤᠰᠠᠯᠠᠬᠤ ᠴᠢᠬᠤᠯᠠ᠎ᠲᠠᠢ ᠦᠶ᠎ᠡ᠎ᠳᠤ ᠳᠡᠳᠬᠦᠨ ᠲᠤᠰᠠᠯᠠᠬᠤ ᠪᠡᠯᠡ ᠮᠥᠩᠭᠥ ᠵᠢ ᠰᠤᠷᠤᠭᠴᠢ ᠵᠢᠨ ᠭᠠᠷ᠎ᠲᠤ ᠴᠠᠭ ᠲᠤᠬᠠᠶ᠎ᠳᠤ᠎ᠨᠢ᠂ ᠭᠦᠢ᠍ᠴᠡᠳ ᠲᠣᠭ᠎ᠠ᠎ᠪᠠᠷ ᠥᠭᠴᠦ᠂ ᠪᠡᠯᠡ ᠮᠥᠩᠭᠥ ᠵᠢ ᠬᠡᠷᠡᠭᠯᠡᠬᠦ ᠦᠷ᠎ᠡ ᠠᠰᠢᠭ᠎ᠢ ᠭᠦᠢ᠍ᠴᠡᠳ ᠪᠠᠳᠠᠷᠠᠭᠤᠯᠵᠤ᠂ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢ ᠵᠢᠴᠢ ᠭᠡᠷ ᠪᠦᠯᠢ ᠵᠢᠨ᠎ᠬᠢᠨ᠎ᠤ ᠭᠦᠷᠳᠡᠭᠡᠮᠵᠢ ᠵᠢᠨ ᠲᠥᠷᠥᠭᠳᠡᠯ᠎ᠢ ᠨᠡᠮᠡᠭᠳᠡᠭᠦᠯᠪᠡ᠃ ᠡᠨᠡᠬᠦ ᠵᠣᠷᠢᠯᠭ᠎ᠠ᠎ᠳᠤ ᠬᠦᠷᠬᠦ ᠵᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠵᠢᠯ ᠪᠦᠷᠢ ᠵᠢᠨ ᠵᠢᠯ᠎ᠤᠨ ᠡᠴᠦᠰ᠎ᠠᠴᠠ ᠡᠮᠦᠨ᠎ᠡ ᠳᠠᠷᠠᠭ᠎ᠠ ᠨᠢᠭᠡ ᠵᠢᠯ᠎ᠤᠨ ᠶᠡᠬᠡᠩᠬᠢ ᠬᠡᠰᠡᠭ ᠪᠡᠯᠡ ᠮᠥᠩᠭᠥ ᠵᠢ ᠡᠯ᠎ᠡ ᠭᠠᠵᠠᠷ᠂ ᠡᠯ᠎ᠡ ᠰᠤᠷᠭ᠋ᠠᠭᠤᠯᠢ᠎ᠳᠤ ᠪᠠᠭᠤᠯᠭ᠋ᠠᠵᠤ᠂ ᠪᠡᠯᠡ ᠮᠥᠩᠭᠥ ᠵᠢ ᠪᠣᠳᠠᠲᠠᠶ᠋ᠢᠵᠢᠭᠤᠯᠤᠭᠰᠠᠨ᠎ᠤ ᠳᠠᠷᠠᠭ᠎ᠠ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠬᠣᠯᠪᠤᠭᠳᠠᠬᠤ ᠠᠵᠢᠯ᠎ᠢ ᠳᠠᠷᠤᠶ᠋ᠢᠬᠠᠨ ᠡᠬᠢᠯᠡᠭᠦᠯᠵᠦ᠂ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠡᠭ᠎ᠢ ᠤᠷᠤᠭᠰᠢ ᠰᠢᠯᠵᠢᠭᠦᠯᠵᠦ᠂ ᠰᠤᠷᠤᠭᠴᠢ ᠵᠢᠨ ᠬᠠᠮᠤᠭ᠎ᠤᠨ ᠬᠡᠷᠡᠭᠴᠡᠭᠡ᠎ᠲᠠᠢ᠂ ᠬᠠᠮᠤᠭ᠎ᠤᠨ ᠬᠦᠴᠢᠷᠳᠡᠯᠲᠡᠶ ᠦᠶ᠎ᠡ᠎ᠳᠤ ᠲᠤᠰᠠᠯᠠᠮᠵᠢ ᠥᠭᠬᠦ ᠵᠢ ᠦᠨᠡᠨ ᠬᠦ᠌ ᠪᠠᠲᠤᠯᠠᠪᠠ᠃
      ᠪᠠᠶᠠᠷᠯᠠᠯ᠎ᠠ!


      ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠳᠡᠭᠡᠳᠦ ᠰᠤᠷᠭ᠋ᠠᠭᠤᠯᠢ ᠵᠢᠨ ᠰᠣᠷᠣᠭᠴᠢ ᠵᠢ ᠳᠡᠳᠬᠦᠨ ᠲᠤᠰᠠᠯᠠᠬᠤ ᠪᠣᠯ ᠰᠣᠷᠣᠭᠴᠢ ᠵᠢᠨ ᠰᠤᠷᠤᠯᠭ᠎ᠠ᠎ᠪᠠᠨ ᠤᠷᠤᠭᠰᠢᠲᠠᠶ ᠪᠡᠶᠡᠯᠡᠭᠦᠯᠬᠦ ᠵᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ᠌ ᠤᠶᠤᠲᠠᠳ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠠᠵᠢᠯ᠎ᠤᠨ ᠴᠢᠬᠤᠯᠠ ᠠᠭᠤᠯᠭ᠎ᠠ ᠪᠣᠯᠤᠨ᠎ᠠ᠂ ᠭᠦᠨ ᠵᠤᠵᠠᠭ᠋ᠠᠨ ᠬᠥᠮᠦᠨ᠎ᠢ ᠬᠥᠮᠦᠵᠢᠭᠦᠯᠬᠦ ᠦᠨ᠎ᠡ ᠥᠷᠲᠡᠭ᠎ᠲᠠᠢ ᠶᠤᠮ ᠭᠡᠵᠡᠢ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠰᠣᠷᠣᠭᠴᠢ ᠵᠢ ᠨᠠᠷᠢᠯᠢᠭ ᠣᠨᠣᠴᠠᠲᠠᠶ᠎ᠪᠠᠷ ᠳᠡᠳᠬᠦᠨ ᠲᠤᠰᠠᠯᠠᠬᠤ ᠪᠠ ᠳᠡᠳᠬᠦᠨ ᠲᠤᠰᠠᠯᠠᠵᠤ ᠬᠥᠮᠦᠨ᠎ᠢ ᠬᠥᠮᠦᠵᠢᠭᠦᠯᠬᠦ ᠲᠠᠯ᠎ᠠ᠎ᠪᠠᠷ ᠶᠠᠮᠠᠷ ᠠᠷᠭ᠎ᠠ ᠬᠡᠮᠵᠢᠶ᠎ᠡ ᠠᠪᠤᠭᠰᠠᠨ     ᠪᠣᠶ?
      ᠭᠥᠩ ᠵᠢᠶᠠᠨ᠄ ᠶᠡᠷᠦᠩᠬᠡᠢ ᠱᠦᠵᠢ ᠰᠢ ᠵᠢᠨ ᠫᠢᠩ᠂ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠪᠦᠬᠦ ᠠᠵᠢᠯᠳᠠᠨ᠂ ᠪᠦᠬᠦ ᠶᠠᠪᠤᠴᠠ᠎ᠳᠤ᠂ ᠪᠦᠬᠦ ᠲᠠᠯ᠎ᠠ᠎ᠪᠠᠷ ᠬᠥᠮᠦᠨ᠎ᠢ ᠬᠥᠮᠦᠵᠢᠭᠦᠯᠬᠦ ᠵᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 2017 ᠣᠨ᠎ᠳᠤ᠂ ᠰᠤᠷᠭ᠋ᠠᠨ ᠬᠥᠮᠦᠵᠢᠯ᠎ᠤᠨ ᠶᠠᠮᠤᠨ᠎ᠤ 《ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠠᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠢᠨᠵᠧᠨᠧᠷᠢᠩ᠎ᠤᠨ ᠬᠡᠷᠡᠭᠵᠢᠭᠦᠯᠬᠦ ᠬᠥᠲᠥᠯᠪᠦᠷᠢ》᠎ᠳᠤ 《ᠠᠷᠪᠠᠨ ᠶᠡᠬᠡ》 ᠬᠥᠮᠦᠨ᠎ᠢ ᠬᠥᠮᠦᠵᠢᠭᠦᠯᠬᠦ   ᠳᠣᠭᠲᠠᠯᠴᠠᠭ᠎ᠠ ᠵᠢ ᠳᠤᠷᠠᠳᠴᠤ᠂ ᠤᠯᠤᠰ᠎ᠠᠴᠠ ᠠᠩᠬ᠎ᠠ ᠤᠳᠠᠭ᠎ᠠ ᠳᠡᠳᠬᠦᠨ ᠲᠤᠰᠠᠯᠠᠵᠤ ᠬᠥᠮᠦᠨ᠎ᠢ ᠬᠥᠮᠦᠵᠢᠭᠦᠯᠬᠦ ᠵᠢ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠤᠨ ᠲᠥᠰᠦᠪ᠎ᠲᠤ ᠠᠭᠤᠰᠬᠠᠪᠠ᠃ ᠥᠪᠡᠷᠲᠡᠭᠡᠨ ᠵᠠᠰᠠᠬᠤ ᠣᠷᠣᠨ᠎ᠤ 《ᠪᠦᠬᠦ ᠠᠵᠢᠯᠳᠠᠨ᠂ ᠪᠦᠬᠦ ᠶᠠᠪᠤᠴᠠ᠎ᠳᠤ᠂ ᠪᠦᠬᠦ ᠲᠠᠯ᠎ᠠ᠎ᠪᠠᠷ   ᠬᠥᠮᠦᠨ᠎ᠢ ᠬᠥᠮᠦᠵᠢᠭᠦᠯᠬᠦ》 ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠳᠡᠭᠡᠳᠦ ᠰᠤᠷᠭ᠋ᠠᠭᠤᠯᠢ ᠪᠣᠯᠤᠭᠰᠠᠨ᠎ᠤ ᠬᠤᠪᠢ᠎ᠳᠤ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠪᠠᠷᠢᠮᠲᠠᠯᠠᠵᠤ᠂ ᠣᠳᠣᠬᠠᠨ᠎ᠤ ᠳᠡᠭᠡᠳᠦ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠰᠢᠨ᠎ᠡ ᠪᠠᠶ᠋ᠢᠳᠠᠯ᠎ᠢ ᠦᠨᠳᠦᠰᠦᠯᠡᠵᠦ᠂ ᠰᠢᠨ᠎ᠡ ᠡᠭᠦᠷᠭᠡ᠂ ᠰᠢᠨ᠎ᠡ ᠱᠠᠭ᠋ᠠᠷᠳᠠᠯᠭ᠎ᠠ᠂ ᠬᠥᠮᠦᠨ᠎ᠢ ᠬᠥᠮᠦᠵᠢᠭᠦᠯᠬᠦ᠎ᠪᠠᠷ ᠳᠡᠳᠬᠦᠨ ᠲᠤᠰᠠᠯᠠᠬᠤ ᠠᠵᠢᠯ᠎ᠤᠨ ᠡᠭᠦᠰᠭᠡᠯ ᠪᠠ ᠲᠡᠭᠦᠰᠬᠡᠯ ᠪᠣᠯᠭ᠋ᠠᠵᠤ᠂ ᠳᠡᠭᠡᠳᠦ ᠳᠡᠰ᠎ᠤᠨ ᠲᠥᠯᠥᠪᠯᠡᠭᠡ ᠵᠢ ᠴᠢᠩᠭ᠋ᠠᠳᠬᠠᠵᠤ᠂ ᠳᠡᠳᠬᠦᠨ ᠲᠤᠰᠠᠯᠠᠬᠤ ᠬᠡᠯᠪᠡᠷᠢ ᠵᠢᠨ ᠰᠢᠨ᠎ᠡ ᠵᠢ ᠡᠭᠦᠳᠴᠦ᠂ ᠳᠡᠳᠬᠦᠨ ᠲᠤᠰᠠᠯᠠᠵᠤ ᠬᠥᠮᠦᠨ᠎ᠢ ᠬᠥᠮᠦᠵᠢᠭᠦᠯᠬᠦ ᠳᠣᠭᠲᠠᠯᠴᠠᠭ᠎ᠠ ᠵᠢ ᠲᠡᠭᠦᠯᠳᠡᠷᠵᠢᠭᠦᠯᠵᠦ᠂ ᠪᠣᠳᠠᠰ᠎ᠤᠨ   ᠬᠠᠪᠰᠤᠷᠤᠮᠵᠢ᠂ ᠶᠣᠰᠣ ᠰᠤᠷᠲᠠᠬᠤᠨ᠎ᠤ ᠰᠢᠮᠡᠳᠦᠯ᠂ ᠴᠢᠳᠠᠪᠤᠷᠢ ᠵᠢᠨ ᠥᠷᠭᠡᠵᠢᠯ᠂ ᠣᠶᠤᠨ ᠰᠠᠨᠠᠭ᠋ᠠᠨ᠎ᠤ ᠤᠷᠮᠠᠰᠢᠭᠤᠯᠤᠯ᠎ᠢ ᠪᠦᠲᠦᠮᠵᠢᠲᠡᠶ ᠠᠭᠤᠰᠬᠠᠬᠰᠠᠨ ᠳᠡᠳᠬᠦᠨ ᠲᠤᠰᠠᠯᠠᠵᠤ ᠬᠥᠮᠦᠨ᠎ᠢ ᠬᠥᠮᠦᠵᠢᠭᠦᠯᠬᠦ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠬᠦᠴᠦᠯᠡᠨ ᠪᠠᠢ᠌ᠭᠤᠯᠵᠤ᠂ ᠳᠡᠳᠬᠦᠨ ᠳᠤᠰᠠᠯᠠᠵᠤ ᠬᠥᠮᠦᠨ᠎ᠢ ᠬᠥᠮᠦᠵᠢᠭᠦᠯᠬᠦ ᠪᠠ ᠴᠢᠳᠠᠪᠤᠷᠢᠲᠠᠨ᠎ᠢ ᠬᠥᠮᠦᠵᠢᠭᠦᠯᠬᠦ ᠵᠢ ᠣᠷᠭ᠋ᠠᠨᠢᠭ ᠵᠶ᠋ᠠᠷ ᠠᠭᠤᠰᠬᠠᠵᠤ᠂ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢᠳ᠎ᠤᠨ ᠰᠤᠷᠭ᠋ᠠᠭᠤᠯᠢ᠎ᠳᠤ ᠣᠷᠣᠬᠤ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠭᠰᠡᠨ ᠰᠠᠭᠤᠷᠢᠨ ᠳᠡᠭᠡᠷ᠎ᠡ ᠬᠥᠮᠦᠨ᠎ᠢ ᠬᠥᠮᠦᠵᠢᠭᠦᠯᠬᠦ ᠰᠠᠶ᠋ᠢᠨ ᠦᠷ᠎ᠡ ᠪᠦᠲᠦᠮᠵᠢ ᠵᠢ ᠣᠯᠪᠠ᠃
      ᠳᠡᠭᠡᠳᠦ ᠳᠡᠰ᠎ᠤᠨ ᠲᠥᠯᠥᠪᠯᠡᠭᠡ ᠵᠢ ᠴᠢᠩᠭ᠋ᠠᠳᠬᠠᠵᠤ᠂ ᠳᠡᠳᠬᠦᠨ ᠳᠤᠰᠠᠯᠠᠵᠤ ᠬᠥᠮᠦᠨ᠎ᠢ ᠬᠥᠮᠦᠵᠢᠭᠦᠯᠬᠦ ᠠᠵᠢᠯ᠎ᠤᠨ ᠳᠣᠭᠲᠠᠯᠴᠠᠭ᠎ᠠ ᠵᠢ ᠲᠡᠭᠦᠯᠳᠡᠷᠵᠢᠭᠦᠯᠪᠡ᠃ ᠲᠦᠷᠢᠮ᠎ᠤᠨ ᠪᠠᠲᠤᠯᠠᠭ᠎ᠠ ᠵᠢ ᠲᠡᠭᠦᠯᠳᠡᠷᠵᠢᠭᠦᠯᠵᠦ᠂ ᠡᠯ᠎ᠡ ᠲᠥᠷᠥᠯ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠦ ᠪᠠ ᠲᠡᠳᠬᠦᠮᠵᠢ ᠵᠢᠨ ᠮᠥᠩᠭᠥ ᠵᠢᠨ ᠬᠠᠮᠢᠶᠠᠷᠤᠯᠲᠠ ᠵᠢᠨ ᠠᠷᠭ᠎ᠠ᠎ᠳᠤ ᠴᠠᠭ ᠲᠤᠬᠠᠶ᠎ᠳᠤ᠎ᠨᠢ ᠵᠠᠰᠠᠪᠤᠷᠢ ᠣᠷᠣᠭᠤᠯᠵᠤ᠂ 《ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠲᠦᠷ ᠴᠠᠭ᠎ᠤᠨ ᠬᠦᠴᠢᠷᠳᠡᠯ᠎ᠳᠤ ᠨᠥᠬᠥᠪᠥᠷᠢ ᠥᠭᠬᠦ ᠬᠠᠮᠢᠶᠠᠷᠤᠯᠲᠠ ᠵᠢᠨ ᠠᠷᠭ᠎ᠠ》 ᠵᠡᠷᠭᠡ ᠪᠢᠴᠢᠭ ᠮᠠᠲ᠋ᠧᠷᠢᠶᠠᠯ᠎ᠢ ᠲᠣᠭᠲᠠᠭ᠋ᠠᠵᠤ᠂ ᠳᠡᠳᠬᠦᠨ ᠲᠤᠰᠠᠯᠠᠬᠤ ᠠᠵᠢᠯ᠎ᠤᠨ ᠦᠨᠳᠦᠰᠦ ᠪᠠᠷᠢᠮᠲᠠ᠎ᠲᠠᠢ ᠪᠠᠶ᠋ᠢᠬᠤ ᠵᠢ ᠦᠨᠡᠨ ᠬᠦ᠌ ᠪᠠᠲᠤᠯᠠᠪᠠ᠃ 《ᠰᠤᠷᠭ᠋ᠠᠭᠤᠯᠢ — ᠳᠡᠭᠡᠳᠦ ᠰᠤᠷᠭ᠋ᠠᠭᠤᠯᠢ — ᠠᠩᠭᠢ》 ᠵᠢᠨ ᠭᠤᠷᠪᠠᠨ ᠱᠠᠲᠤᠨ᠎ᠤ ᠳᠡᠳᠬᠦᠨ ᠲᠤᠰᠠᠯᠠᠬᠤ ᠬᠠᠮᠢᠶᠠᠷᠤᠯᠲᠠ ᠵᠢᠨ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ 《ᠭᠤᠷᠪᠠᠨ ᠱᠠᠲᠤᠨ᠎ᠤ ᠬᠢᠨᠠᠨ ᠲᠣᠭᠲᠠᠭ᠋ᠠᠬᠤ᠂ ᠬᠣᠶᠠᠷ ᠱᠠᠲᠤᠨ᠎ᠤ ᠢᠯᠡ ᠨᠡᠶ᠋ᠢᠲᠡᠯᠡᠬᠦ》 ᠳᠦᠷᠢᠮ᠎ᠢ ᠴᠢᠩᠭ᠎ᠠ ᠬᠡᠷᠡᠭᠵᠢᠭᠦᠯᠵᠦ᠂ ᠰᠤᠷᠤᠭᠴᠢ ᠵᠢ ᠳᠡᠳᠬᠦᠨ ᠲᠤᠰᠠᠯᠠᠬᠤ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠪᠠ᠃ ᠱᠠᠭ᠋ᠠᠷᠳᠠᠯᠭ᠎ᠠ ᠶᠣᠰᠤ᠎ᠪᠠᠷ ᠳᠡᠳᠬᠦᠨ ᠲᠤᠰᠠᠯᠠᠬᠤ ᠠᠵᠢᠯ᠎ᠤᠨ ᠲᠤᠰᠬᠠᠶ ᠡᠩᠨᠡᠭᠡ ᠵᠢ ᠪᠦᠷᠢᠨ ᠭᠦᠢ᠍ᠴᠡᠳ ᠪᠠᠶ᠋ᠢᠭᠤᠯᠤᠨ ᠬᠦᠴᠦᠷᠬᠡᠭᠵᠢᠭᠦᠯᠵᠦ᠂ ᠳᠡᠳᠬᠦᠨ ᠲᠤᠰᠠᠯᠠᠬᠤ ᠬᠠᠮᠢᠶᠠᠷᠤᠯᠲᠠ ᠵᠢᠨ ᠺᠠᠳ᠋ᠷ ᠪᠠ ᠠᠵᠢᠯ᠎ᠤᠨ ᠭᠤᠤᠯᠯᠠᠭᠴᠢ ᠵᠢᠨ ᠪᠣᠯᠪᠠᠰᠤᠷᠠᠭᠤᠯᠤᠯ᠎ᠢ ᠲᠣᠭᠲᠠᠮᠠᠯ ᠬᠤᠭᠤᠴᠠᠭ᠎ᠠ᠎ᠲᠠᠢ ᠥᠷᠨᠢᠭᠦᠯᠪᠡ᠃ 《ᠱᠠᠩᠨᠠᠬᠤ᠂ ᠵᠢᠭᠡᠯᠡᠯᠭᠡ ᠲᠠᠯᠪᠢᠬᠤ᠂ ᠲᠤᠰᠠᠯᠠᠬᠤ᠂ ᠨᠥᠬᠥᠪᠥᠷᠢᠯᠡᠬᠦ᠂ ᠬᠥᠩᠭᠡᠷᠡᠭᠦᠯᠬᠦ᠂ ᠠᠵᠢᠯ ᠵᠶ᠋ᠠᠷ ᠰᠤᠷᠤᠯᠭ᠎ᠠ᠎ᠪᠠᠨ ᠲᠤᠰᠠᠯᠠᠬᠤ》 ᠵᠢᠷᠭᠤᠭ᠎ᠠ ᠵᠢ ᠨᠢᠭᠡ ᠴᠣᠭᠴᠠᠵᠢᠭᠤᠯᠤᠭᠰᠠᠨ ᠳᠤᠰᠠᠯᠠᠬᠤ ᠳᠣᠭᠲᠠᠯᠴᠠᠭ᠎ᠠ ᠵᠢ ᠪᠠᠶ᠋ᠢᠭᠤᠯᠵᠤ᠂ ᠰᠤᠷᠭ᠋ᠠᠭᠤᠯᠢ᠎ᠠᠴᠠ ᠵᠢᠯ ᠪᠦᠷᠢ ᠠᠵᠢᠯ ᠦᠢ᠍ᠯᠡᠰ᠎ᠤᠨ ᠣᠷᠣᠯᠭ᠎ᠠ ᠵᠢᠨ 12 %᠎ᠢ ᠭᠠᠷᠭ᠋ᠠᠵᠤ ᠰᠤᠷᠤᠭᠴᠢ ᠵᠢ ᠳᠡᠳᠬᠦᠨ ᠲᠤᠰᠠᠯᠠᠬᠤ ᠠᠵᠢᠯ᠎ᠳᠤ ᠬᠡᠷᠡᠭᠯᠡᠨ᠂ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢ ᠵᠢ ᠳᠡᠳᠬᠦᠨ ᠲᠤᠰᠠᠯᠠᠬᠤ ᠪᠦᠷᠬᠦᠴᠡ ᠵᠢ ᠲᠠᠰᠤᠷᠠᠯᠲᠠ ᠥᠬᠡᠶ ᠥᠷᠭᠡᠳᠭᠡᠵᠦ᠂ ᠵᠥᠪᠬᠡᠨ 2021 ᠣᠨ᠎ᠳᠤ᠂ ᠪᠥᠬᠥ ᠰᠤᠷᠭ᠋ᠠᠭᠤᠯᠢ ᠵᠢᠨ ᠦᠨᠳᠦᠰᠦᠨ ᠠᠩᠭᠢ ᠵᠢᠨ ᠰᠣᠷᠣᠭᠴᠢ ᠵᠢ 41747 ᠬᠥᠮᠦᠨ ᠤᠳᠠᠭ᠎ᠠ ᠳᠤᠰᠠᠯᠠᠵᠤ᠂ ᠳᠡᠳᠬᠦᠨ ᠲᠤᠰᠠᠯᠠᠭᠰᠠᠨ ᠮᠥᠩᠭᠦ 5242.92 ᠲᠦᠮᠡᠨ ᠲᠥᠭᠥᠷᠢᠭ᠎ᠲᠤ ᠬᠦᠷᠴᠡᠶ; ᠰᠣᠳᠤᠯᠬᠤ ᠰᠤᠷᠤᠭᠴᠢ` ᠵᠢᠨ ᠲᠤᠰᠠᠯᠠᠮᠵᠢ ᠭᠦᠷᠲᠡᠭᠰᠡᠳ 36945 ᠬᠥᠮᠦᠨ ᠤᠳᠠᠭ᠎ᠠ᠎ᠳᠤ ᠬᠦᠷᠴᠦ᠂ ᠲᠤᠰᠠᠯᠠᠮᠵᠢ ᠵᠢᠨ ᠮᠥᠩᠭᠦ 4697.67 ᠲᠦᠮᠡᠨ ᠲᠥᠭᠥᠷᠢᠭ᠎ᠲᠤ ᠬᠦᠷᠴᠡᠶ; 5870 ᠰᠤᠷᠤᠭᠴᠢ ᠵᠢ ᠬᠠᠪᠰᠤᠷᠤᠨ ᠡᠯ᠎ᠡ ᠲᠥᠷᠥᠯ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢ 4728.5 ᠲᠦᠮᠡᠨ ᠲᠥᠭᠥᠷᠢᠭ   ᠰᠢᠢ᠍ᠳᠪᠦᠷᠢᠯᠡᠪᠡ᠃
      ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠶ ᠪᠠᠶ᠋ᠢᠬᠤ ᠵᠢ ᠴᠢᠬᠤᠯᠠᠴᠢᠯᠠᠵᠤ᠂ ᠲᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢ ᠨᠠᠷᠢᠯᠢᠭ ᠪᠥᠭᠡᠳ ᠪᠣᠳᠠᠲᠠᠶ ᠨᠠᠶ᠋ᠢᠳᠠᠪᠤᠷᠢᠵᠢᠭᠤᠯᠬᠤ ᠵᠢ ᠪᠠᠲᠤᠯᠠᠪᠠ᠃ ᠰᠤᠷᠤᠭᠴᠢ ᠵᠢ ᠨᠠᠷᠢᠯᠢᠭ ᠣᠨᠣᠴᠠᠲᠠᠢ᠎ᠪᠠᠷ ᠳᠡᠳᠬᠦᠨ ᠲᠤᠰᠠᠯᠠᠬᠤ ᠳᠣᠭᠲᠠᠯᠴᠠᠭ᠎ᠠ ᠵᠢ ᠪᠠᠶ᠋ᠢᠭᠤᠯᠵᠤ᠂ ᠰᠤᠷᠤᠭᠴᠢ ᠵᠢ ᠳᠡᠳᠬᠦᠨ ᠲᠤᠰᠠᠯᠠᠬᠤ ᠪᠥᠬᠥ ᠶᠠᠪᠤᠴᠠ ᠵᠢ ᠰᠦᠯᠵᠢᠶ᠎ᠡ᠎ᠪᠠᠷ ᠬᠠᠮᠢᠶᠠᠷᠬᠤ ᠵᠢ ᠪᠡᠶᠡᠯᠡᠭᠦᠯᠵᠦ᠂ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢ ᠵᠢᠨ ᠡᠯᠧᠺᠲᠷᠣᠨ ᠲᠠᠩᠰᠠ ᠡᠪᠬᠡᠮᠡᠯ᠎ᠢ ᠪᠠᠶ᠋ᠢᠭᠤᠯᠵᠤ᠂ ᠳᠡᠳᠬᠦᠨ ᠲᠤᠰᠠᠯᠠᠬᠤ ᠡᠲᠡᠭᠡᠳ᠂ ᠳᠡᠳᠬᠦᠨ ᠲᠤᠰᠠᠯᠠᠬᠤ ᠪᠠᠷᠢᠮᠵᠢᠶ᠎ᠠ᠂ ᠪᠠᠯᠠ ᠮᠥᠩᠭᠥ ᠵᠢᠨ ᠬᠤᠪᠢᠶᠠᠷᠢᠯᠠᠯᠲᠠ᠎ᠳᠤ ᠴᠠᠭ ᠲᠤᠬᠠᠶ᠎ᠳᠤ᠎ᠨᠢ ᠬᠥᠳᠡᠯᠦᠩᠭᠦᠶ ᠲᠣᠬᠢᠷᠠᠭᠤᠯᠵᠤ᠂ ᠰᠤᠷᠤᠭᠴᠢ ᠵᠢ ᠳᠡᠳᠬᠦᠨ ᠲᠤᠰᠠᠯᠠᠬᠤ ᠠᠵᠢᠯ᠎ᠤᠨ ᠴᠤᠪᠤᠷᠠᠯ᠎ᠢ ᠤᠯᠠᠮ ᠨᠢᠭᠡ ᠠᠯᠬᠤᠮ ᠳᠦᠷᠢᠮᠵᠢᠭᠦᠯᠵᠦ᠂ ᠪᠠᠯᠠ ᠮᠥᠩᠭᠦᠨ᠎ᠤ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠵᠦ᠂ ᠪᠠᠯᠠ ᠮᠥᠩᠭᠥ ᠥᠭᠬᠦ ᠵᠢ ᠳᠠᠷᠤᠢ᠎ᠳᠤ᠎ᠨᠢ ᠨᠠᠷᠢᠯᠢᠭ ᠣᠨᠣᠴᠠᠲᠠᠢ ᠪᠠᠶ᠋ᠢᠯᠭ᠋ᠠᠬᠤ ᠵᠢ ᠦᠨᠡᠨ ᠬᠦ᠌   ᠪᠠᠲᠤᠯᠠᠪᠠ᠃ ᠣᠳᠣᠬᠠᠨ᠎ᠳᠤ᠂ ᠮᠠᠨ᠎ᠤ ᠰᠤᠷᠭ᠋ᠠᠭᠤᠯᠢ ᠵᠢᠨ ᠰᠣᠷᠣᠭᠴᠢ ᠵᠢ ᠨᠠᠷᠢᠯᠢᠭ ᠣᠨᠣᠴᠠᠲᠠᠶ᠎ᠪᠠᠷ ᠲᠡᠳᠬᠦᠨ ᠲᠤᠰᠠᠯᠠᠬᠤ ᠰᠢᠰᠲ᠋ᠧᠮ 36 ᠭᠠᠷ ᠤᠲᠠᠰᠤᠨ᠎ᠤ ᠰᠢᠯᠵᠢᠮᠡᠯ ᠦᠵᠦᠭᠦᠷ᠎ᠤᠨ ᠬᠡᠷᠡᠭᠯᠡᠯᠲᠡ᠂ 16 ᠭᠤᠶᠤᠴᠢᠯᠠᠵᠤ ᠬᠢᠨᠠᠨ ᠵᠥᠪᠰᠢᠶᠡᠷᠡᠭᠦᠯᠬᠦ ᠶᠠᠪᠤᠴᠠ ᠵᠢ ᠨᠢᠭᠡᠨᠲᠡ ᠪᠥᠬᠥ ᠲᠠᠯ᠎ᠠ᠎ᠪᠠᠷ ᠠᠰᠢᠭᠯᠠᠯᠲᠠ᠎ᠳᠤ ᠣᠷᠣᠭᠤᠯᠵᠤ᠂ ᠰᠣᠷᠣᠭᠴᠢ ᠵᠢᠨ ᠬᠡᠪ ᠴᠢᠨᠠᠷ᠎ᠤᠨ ᠦᠨᠡᠯᠡᠯᠲᠡ᠂ ᠬᠡᠷ᠎ᠤᠨ ᠠᠮᠢᠳᠤᠷᠠᠯ᠎ᠨᠢ ᠬᠦᠴᠢᠷᠳᠡᠯᠲᠡᠶ ᠰᠣᠷᠣᠭᠴᠢ ᠵᠢ ᠮᠠᠭ᠋ᠠᠳᠯᠠᠨ ᠲᠣᠭᠲᠠᠭ᠋ᠠᠬᠤ᠂ ᠲᠡᠳᠬᠦᠨ ᠲᠤᠰᠠᠯᠠᠬᠤ ᠲᠥᠰᠦᠯ᠎ᠤᠨ ᠭᠤᠶᠤᠴᠢᠯᠠᠯ᠎ᠢ ᠬᠢᠨᠠᠨ ᠵᠥᠪᠰᠢᠶᠡᠷᠡᠬᠦ᠂ ᠰᠢᠨ᠎ᠡ ᠰᠣᠷᠣᠭᠴᠢ ᠵᠢᠨ ᠰᠠᠭ᠋ᠠᠳ ᠥᠬᠡᠶ ᠨᠡᠪᠲᠡᠷᠡᠬᠦ ᠵᠠᠮ᠂ ᠰᠣᠷᠣᠭᠴᠢ ᠵᠢᠨ ᠦᠢ᠍ᠯᠡ ᠠᠵᠢᠯᠯᠠᠭ᠋ᠠᠨ᠎ᠤ ᠵᠠᠳᠠᠯᠤᠯᠲᠠ ᠵᠡᠷᠭᠡ ᠲᠡᠳᠬᠦᠨ ᠲᠤᠰᠠᠯᠠᠵᠤ ᠬᠥᠮᠦᠨ᠎ᠢ ᠬᠥᠮᠦᠵᠢᠭᠦᠯᠬᠦ ᠪᠥᠬᠥ ᠶᠠᠪᠤᠴᠠ ᠵᠢ ᠬᠠᠮᠤᠷᠤᠭᠰᠠᠨ ᠪᠠᠶ᠋ᠢᠨ᠎ᠠ᠃ ᠳᠡᠳᠬᠦᠨ ᠲᠤᠰᠠᠯᠠᠬᠤ ᠡᠲᠡᠭᠡᠳ᠎ᠢ ᠦᠨᠡᠯᠡᠨ ᠲᠣᠭᠲᠠᠭ᠋ᠠᠬᠤ ᠶᠠᠪᠤᠴᠠ᠎ᠳᠤ ᠭᠤᠤᠯᠳᠠᠯᠭ᠎ᠠ᠎ᠪᠠᠨ ᠠᠩᠭᠢ᠎ᠳᠤ ᠪᠠᠭᠤᠯᠭ᠋ᠠᠬᠤ ᠵᠢ ᠠᠬᠢᠭᠤᠯᠵᠤ᠂ ᠬᠤᠪᠢ ᠬᠥᠮᠦᠨ᠎ᠤ ᠮᠡᠳᠡᠭᠡ ᠵᠠᠩᠭᠢ ᠵᠢ ᠪᠦᠷᠢᠳᠬᠡᠬᠦ᠂ ᠳᠤᠭᠤᠶ᠋ᠢᠯᠠᠩ᠎ᠢ ᠠᠷᠠᠳᠴᠢᠯᠠᠯ ᠵᠶ᠋ᠠᠷ ᠦᠨᠡᠯᠡᠬᠦ᠂ ᠠᠩᠭᠢ ᠵᠢ ᠬᠡᠮᠵᠢᠶᠡᠯᠡᠵᠦ ᠰᠢᠯᠭ᠋ᠠᠨ ᠲᠣᠭᠲᠠᠭ᠋ᠠᠬᠤ᠂ ᠳᠡᠭᠡᠳᠦ ᠰᠤᠷᠭ᠋ᠠᠭᠤᠯᠢ ᠰᠢᠯᠭ᠋ᠠᠨ ᠭᠡᠷᠡᠴᠢᠯᠡᠵᠦ ᠬᠢᠨᠠᠨ ᠬᠠᠷᠭᠤᠭᠤᠯᠬᠤ ᠵᠡᠷᠭᠡ ᠠᠷᠭ᠎ᠠ ᠮᠠᠶᠢᠭ ᠵᠶ᠋ᠠᠷ ᠳᠡᠳᠬᠦᠨ ᠲᠤᠰᠠᠯᠠᠬᠤ ᠡᠲᠡᠭᠡᠳ᠎ᠢ ᠨᠠᠷᠢᠯᠢᠭ ᠣᠨᠣᠴᠠᠲᠠᠢ ᠬᠢᠨᠠᠨ ᠳᠣᠭᠲᠠᠭ᠋ᠠᠪᠠ᠃ ᠭᠤᠤᠯᠳᠠᠯᠭ᠎ᠠ᠎ᠲᠠᠢ ᠬᠦᠴᠢᠷᠳᠡᠯᠲᠡᠶ ᠬᠥᠮᠦᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠲᠠᠰ ᠪᠠ ᠲᠥᠷᠥᠯ ᠬᠤᠪᠢᠶᠠᠨ ᠨᠠᠷᠢᠯᠢᠭ ᠣᠨᠣᠴᠠᠲᠠᠢ᠎ᠪᠠᠷ ᠳᠡᠳᠬᠦᠨ ᠲᠤᠰᠠᠯᠠᠬᠤ ᠵᠢ ᠰᠠᠶ᠋ᠢᠲᠤᠷ ᠪᠡᠶᠡᠯᠡᠭᠦᠯᠵᠦ᠂ 2020 ᠣᠨ᠎ᠠᠴᠠ ᠨᠠᠭ᠋ᠠᠰᠢ᠂ ᠰᠤᠷᠭ᠋ᠠᠭᠤᠯᠢ᠎ᠨᠢ ᠦᠶᠡᠷ᠎ᠤᠨ ᠭᠠᠮᠰᠢᠭ᠎ᠠᠴᠠ ᠪᠣᠯᠵᠣ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ 222 ᠰᠣᠷᠣᠭᠴᠢ᠎ᠳᠤ 22.2 ᠲᠦᠮᠡᠨ ᠲᠥᠭᠥᠷᠢᠭ᠎ᠤᠨ ᠲᠦᠷ ᠴᠠᠭ᠎ᠤᠨ ᠨᠥᠬᠥᠪᠥᠷᠢ ᠥᠭᠪᠡ; ᠬᠢᠵᠢᠭ᠎ᠤᠨ ᠪᠠᠶ᠋ᠢᠳᠠᠯ᠎ᠠᠴᠠ ᠪᠣᠯᠵᠣ ᠬᠡᠷ ᠪᠦᠯᠢ ᠵᠢᠨ ᠠᠮᠢᠳᠤᠷᠠᠯ᠎ᠨᠢ ᠬᠦᠴᠢᠷᠳᠡᠯᠲᠡᠶ 638 ᠰᠣᠷᠣᠭᠴᠢ᠎ᠳᠤ 48.8 ᠲᠦᠮᠡᠨ ᠲᠥᠭᠥᠷᠢᠭ᠎ᠤᠨ ᠲᠦᠷ ᠴᠠᠭ᠎ᠤᠨ ᠨᠥᠬᠥᠪᠥᠷᠢ ᠥᠭᠪᠡ; ᠴᠡᠷᠢᠭ᠎ᠲᠤ ᠡᠯᠰᠡᠭᠳᠡᠭᠰᠡᠨ250 ᠰᠤᠷᠤᠭᠴᠢ ᠵᠢᠨ ᠰᠤᠷᠤᠯᠭ᠎ᠠ ᠵᠢᠨ ᠵᠠᠷᠤᠳᠠᠯ ᠪᠠ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢ 361.1 ᠲᠦᠮᠡᠨ ᠲᠥᠭᠥᠷᠢᠭ ᠣᠷᠣᠯᠠᠨ ᠲᠥᠯᠥᠵᠡᠢ; 597 ᠨᠡᠷ᠎ᠡ ᠴᠡᠷᠢᠭ᠎ᠠᠴᠠ ᠬᠠᠯᠠᠭᠳᠠᠭᠰᠠᠨ ᠰᠤᠷᠤᠭᠴᠢᠳ᠎ᠲᠤ 98 . 5 ᠲᠦᠮᠡᠨ ᠲᠥᠭᠥᠷᠢᠭ᠎ᠤᠨ ᠲᠤᠰᠬᠠᠢ ᠲᠥᠷᠥᠯ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠲᠠᠷᠬᠠᠭ᠋ᠠᠪᠠ᠃
      ᠦᠵᠡᠯ ᠰᠠᠨᠠᠭ᠋ᠠᠨ᠎ᠤ ᠵᠢᠯᠣᠭᠣᠳᠤᠮᠵᠢ ᠵᠢ ᠴᠢᠩᠭ᠋ᠠᠳᠬᠠᠵᠤ᠂ ᠳᠡᠳᠬᠦᠨ ᠲᠤᠰᠠᠯᠠᠬᠤ ᠠᠵᠢᠯ᠎ᠤᠨ ᠬᠥᠮᠦᠨ᠎ᠢ ᠬᠥᠮᠦᠵᠢᠭᠦᠯᠬᠦ ᠴᠢᠳᠠᠮᠵᠢ ᠵᠢ ᠢᠯᠡᠷᠡᠭᠦᠯᠪᠡ᠃ ᠵᠥᠪ ᠥᠷᠲᠡᠭ᠎ᠤᠨ ᠦᠵᠡᠯᠲᠡ ᠵᠢᠨ ᠤᠳᠤᠷᠢᠳᠤᠮᠵᠢ ᠵᠢ ᠪᠠᠷᠢᠮᠲᠠᠯᠠᠵᠤ᠂ ᠰᠤᠷᠭ᠋ᠠᠭᠤᠯᠢ ᠵᠢᠨ ᠬᠦᠷᠢᠶᠡᠨ᠎ᠤ ᠰᠢᠨ᠎ᠡ ᠵᠠᠭᠤᠴᠢᠯᠠᠭᠤᠷ᠎ᠢ ᠠᠰᠢᠭᠯᠠᠨ ᠡᠯ᠎ᠡ ᠲᠥᠷᠥᠯ᠎ᠤᠨ ᠳᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠡᠯ᠎ᠡ ᠲᠥᠷᠥᠯ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ ᠪᠠ ᠰᠤᠷᠤᠯᠭ᠎ᠠ ᠵᠢᠨ ᠲᠡᠳᠬᠦᠮᠵᠢ ᠮᠥᠩᠭᠥ ᠭᠥᠷᠳᠡᠭᠰᠡᠳ᠎ᠤᠨ ᠦᠢ᠍ᠯᠡ ᠶᠠᠪᠤᠳᠠᠯ᠎ᠤᠨ ᠮᠡᠳᠡᠭᠦᠯᠦᠯᠲᠡ ᠵᠢᠨ ᠬᠤᠷᠠᠯ᠎ᠢ ᠡᠷᠬᠢᠯᠡᠵᠦ᠂ ᠪᠠᠭᠰᠢ ᠵᠢᠨ ᠶᠡᠬᠡ ᠰᠤᠷᠭ᠋ᠠᠭᠤᠯᠢ ᠵᠢᠨ ᠳᠡᠳᠬᠦᠨ ᠲᠤᠰᠠᠯᠠᠵᠤ ᠬᠥᠮᠦᠨ᠎ᠢ ᠬᠥᠮᠦᠵᠢᠭᠦᠯᠦᠭᠰᠡᠨ ᠥᠯᠢᠭᠡᠷ᠎ᠢ ᠰᠠᠶ᠋ᠢᠲᠤᠷ ᠶᠠᠷᠢᠭᠤᠯᠵᠤ᠂ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢᠨ ᠰᠠᠶ᠋ᠢᠨ ᠰᠠᠶ᠋ᠢᠬᠠᠨ ᠳᠠᠭᠤᠷᠢᠶᠠᠯ ᠦᠵᠡᠭᠦᠯᠬᠦ ᠦᠢ᠍ᠯᠡᠳᠦᠯ᠎ᠢ ᠪᠠᠳᠠᠷᠠᠭᠤᠯᠪᠠ᠃ ᠡᠬᠡ ᠪᠢᠴᠢᠭ ᠡᠯᠰᠡᠬᠦ᠂ ᠲᠠᠶ᠋ᠢᠯᠤᠮᠵᠢ ᠬᠢᠬᠦ᠂ ᠺᠢᠨᠣ᠋ ᠦᠵᠡᠬᠦ᠂ ᠭᠤᠤᠯ ᠰᠡᠳᠦᠪᠲᠦ ᠠᠩᠭᠢ ᠵᠢᠨ ᠬᠤᠷᠠᠯ ᠬᠢᠬᠦ ᠵᠡᠷᠭᠡ 《ᠦᠨᠡᠨᠴᠢ ᠢᠲᠡᠭᠡᠮᠵᠢᠲᠡᠶ᠂ ᠠᠴᠢ ᠡᠨᠡᠷᠢᠯ᠎ᠳᠤ ᠲᠠᠯᠠᠷᠬᠠᠬᠤ᠂ ᠡᠷᠴᠢ ᠵᠣᠷᠢᠭ ᠵᠶ᠋ᠠᠨ ᠬᠥᠪᠴᠢᠯᠡᠬᠦ᠂ ᠥᠪᠡᠷ᠎ᠢ᠎ᠪᠠᠨ ᠬᠦᠴᠦᠷᠬᠡᠭᠵᠢᠭᠦᠯᠬᠦ》 ᠭᠤᠤᠯ ᠰᠡᠳᠦᠪᠲᠦ ᠬᠥᠮᠦᠵᠢᠯ᠎ᠤᠨ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠠᠵᠢᠯᠯᠠᠭ᠎ᠠ ᠵᠢ 80 ᠭᠠᠷᠤᠶ ᠲᠠᠯᠠᠪᠤᠷ ᠡᠷᠭᠢᠯᠡᠵᠦ᠂ ᠰᠤᠷᠤᠭᠴᠢᠳ᠎ᠢ ᠬᠥᠲᠥᠯᠥᠨ ᠵᠢᠯᠣᠭᠣᠳᠴᠤ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠨᠠᠮ ᠵᠶ᠋ᠠᠨ ᠬᠠᠶ᠋ᠢᠷᠠᠯᠠᠵᠤ ᠤᠯᠤᠰ ᠵᠶ᠋ᠠᠨ ᠬᠠᠶ᠋ᠢᠷᠠᠯᠠᠵᠤ ᠰᠤᠷᠭ᠋ᠠᠭᠤᠯᠢ᠎ᠪᠠᠨ ᠬᠠᠶ᠋ᠢᠷᠠᠯᠠᠬᠤ ᠪᠣᠯᠭ᠋ᠠᠪᠠ᠃ ᠳᠡᠳᠬᠦᠨ ᠲᠤᠰᠠᠯᠠᠵᠤ ᠬᠥᠮᠦᠨ᠎ᠢ ᠬᠥᠮᠦᠵᠢᠭᠦᠯᠬᠦ ᠤᠳᠤᠷᠢᠳᠤᠮᠵᠢ ᠵᠢ ᠳᠣᠪᠣᠶ᠋ᠢᠯᠭ᠋ᠠᠨ᠂ ᠡᠯ᠎ᠡ ᠲᠥᠷᠥᠯ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ ᠵᠢ ᠰᠢᠯᠭ᠋ᠠᠷᠠᠭᠤᠯᠤᠨ ᠥᠭᠬᠦ ᠭᠣᠭᠴᠣᠭ᠎ᠠ᠎ᠳᠤ ᠰᠤᠷᠤᠭᠴᠢᠳ᠎ᠤᠨ ᠰᠤᠷᠤᠯᠭ᠎ᠠ ᠵᠢᠨ ᠬᠢᠷᠢ ᠪᠦᠲᠦᠮᠵᠢ᠂ ᠰᠢᠨ᠎ᠡ ᠵᠢ ᠡᠭᠦᠳᠦᠨ ᠬᠥᠭᠵᠢᠬᠦ᠂ ᠨᠡᠶ᠋ᠢᠭᠡᠮ᠎ᠤᠨ ᠦᠢ᠍ᠯᠡᠳᠦᠯᠭᠡ ᠵᠢᠴᠢ ᠶᠣᠰᠣ ᠮᠣᠷᠠᠯ ᠵᠠᠩ ᠴᠢᠨᠠᠷ ᠵᠡᠷᠭᠡ ᠲᠠᠯ᠎ᠠ ᠵᠢᠨ ᠶᠡᠷᠦᠩᠬᠡᠶ᠋ᠢᠯᠡᠭᠰᠡᠨ ᠢᠯᠡᠷᠡᠯ᠎ᠢ ᠪᠥᠬᠥ ᠲᠠᠯ᠎ᠠ᠎ᠪᠠᠷ ᠪᠠᠢ᠌ᠴᠠᠭ᠋ᠠᠪᠠ᠃ ᠨᠡᠶ᠋ᠢᠭᠡᠮ᠎ᠤᠨ ᠪᠡᠯᠡ ᠮᠥᠩᠭᠥ ᠵᠢ ᠣᠷᠣᠭᠤᠯᠤᠨ ᠠᠪᠴᠢᠷᠠᠵᠤ ᠰᠤᠷᠭ᠋ᠠᠭᠤᠯᠢ ᠵᠢᠨ ᠰᠤᠷᠤᠯᠭ᠎ᠠ᠎ᠢ ᠲᠡᠳᠬᠦᠬᠦ ᠠᠵᠢᠯ᠎ᠤᠨ ᠪᠠᠶ᠋ᠢᠷᠢ ᠵᠢ 480 ᠭᠠᠷᠭ᠋ᠠᠵᠤ᠂ ᠰᠤᠷᠤᠭᠴᠢᠳ᠎ᠤᠨ ᠵᠦᠢ ᠵᠣᠬᠢᠰᠲᠠᠢ ᠬᠥᠳᠡᠯᠮᠦᠷᠢ᠎ᠪᠠᠷ ᠳᠠᠮᠵᠢᠨ ᠬᠠᠤᠯᠢ ᠶᠣᠰᠣᠨ᠎ᠤ ᠬᠥᠯᠥᠰᠥ ᠣᠯᠭᠣᠮᠵᠢ ᠤᠯᠬᠤ ᠵᠢ ᠵᠣᠷᠢᠭᠵᠢᠭᠤᠯᠪᠠ᠃ ᠬᠣᠶᠠᠷ ᠰᠤᠷᠭ᠋ᠠᠭᠤᠯᠢ ᠵᠢᠨ ᠲᠣᠭᠣᠷᠢᠭ᠎ᠲᠤ ᠳᠡᠳᠬᠦᠨ ᠲᠤᠰᠠᠯᠠᠬᠤ ᠠᠵᠢᠯ᠎ᠤᠨ ᠭᠠᠵᠠᠷ᠂ ᠰᠤᠷᠤᠭᠴᠢᠳ᠎ᠤᠨ ᠠᠵᠢᠯ ᠬᠢᠵᠦ ᠰᠤᠷᠤᠯᠭ᠎ᠠ᠎ᠪᠠᠨ ᠲᠤᠰᠠᠯᠠᠬᠤ ᠵᠠᠬ᠎ᠠ ᠳᠡᠯᠭᠡᠭᠦᠷ᠎ᠢ ᠪᠠᠶ᠋ᠢᠭᠤᠯᠵᠤ᠂ ᠶᠡᠷᠦᠩᠬᠡᠶ᠋ᠢᠯᠡᠭᠰᠡᠨ ᠬᠡᠪ ᠴᠢᠨᠠᠷ᠎ᠢ ᠳᠡᠭᠡᠭᠰᠢᠯᠡᠭᠦᠯᠬᠦ᠎ᠪᠠᠷ ᠭᠤᠤᠯᠳᠠᠯᠭ᠎ᠠ ᠪᠣᠯᠭ᠋ᠠᠵᠤ᠂ ᠰᠤᠷᠤᠭᠴᠢᠳ᠎ᠤᠨ ᠦᠢ᠍ᠯᠡᠳᠦᠯᠭᠡ ᠬᠢᠬᠦ ᠴᠢᠳᠠᠪᠤᠷᠢ ᠪᠠ ᠰᠢᠨᠲᠠᠷᠠᠰᠢ ᠥᠬᠡᠶ ᠴᠢᠷᠮᠠᠶ᠋ᠢᠬᠤ ᠵᠣᠷᠢᠭ ᠰᠠᠨᠠᠭ᠎ᠠ ᠵᠢ ᠬᠦᠴᠦᠯᠡᠨ ᠬᠥᠮᠥᠵᠢᠭᠦᠯᠪᠡ᠃ ᠰᠤᠷᠤᠭᠴᠢᠳ᠎ᠤᠨ ᠨᠡᠶ᠋ᠢᠲᠡ ᠵᠢᠨ ᠪᠠᠶ᠋ᠢᠷᠢ ᠵᠢᠨ ᠬᠥᠳᠡᠯᠮᠦᠷᠢ ᠵᠢᠨ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ 2022 ᠣᠨ᠎ᠳᠤ ᠨᠢᠭᠡᠨᠲᠡ 5425 ᠬᠥᠮᠦᠨ ᠤᠳᠠᠭ᠎ᠠ ᠲᠤᠰᠠᠯᠠᠮᠵᠢ ᠬᠦᠷᠲᠡᠭᠰᠡᠨ ᠰᠤᠷᠤᠭᠴᠢᠳ 265 ᠵᠦᠢ᠍ᠯ᠎ᠤᠨ ᠬᠥᠳᠡᠯᠮᠦᠷᠢ ᠵᠢᠨ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ᠎ᠳᠤ ᠣᠷᠣᠯᠴᠠᠪᠠ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号